︱ᠪᠦᠬᠦ᠌ ᠤᠯᠤᠰ ᠤᠨ ᠶᠣᠰᠣ ᠰᠤᠷᠲᠠᠬᠤᠨ ᠤ ᠵᠢᠱ᠌ᠢᠶᠡᠴᠢ᠎ᠶ᠋ᠢᠨ ᠨᠡᠷ᠎ᠡ ᠳᠤᠷᠠᠳᠤᠭ᠍ᠳᠠᠭ᠍ᠰᠠᠳ ᠤ᠋ᠨ ᠱᠠᠩᠨᠠᠯ ᠬᠦᠷᠳᠡᠭ᠌ᠴᠢ ᠭᠤᠸᠠᠨ ᠬᠤᠢ ᠮᠢᠩ ᠢ᠋ ᠲᠡᠮᠳᠡᠭᠯᠡᠪᠠ
《ᠮᠠᠯᠴᠢᠨ ᠲᠠᠷᠢᠶᠠᠴᠢᠨ ᠲᠠᠷᠢᠶᠠᠯᠠᠬᠤ ᠲᠠᠯ᠎ᠠ᠎ᠪᠠᠷ ᠠᠰᠠᠭᠤᠳᠠᠯ ᠲᠤᠯᠭᠠᠷᠠᠬᠤ ᠪᠦᠷᠢ ᠪᠢ ᠠᠷᠭ᠎ᠠ ᠪᠦᠬᠦᠨ᠎ᠢ ᠰᠦᠪᠡᠭ᠌ᠴᠢᠯᠡᠨ ᠲᠡᠳᠡᠨ᠎ᠳᠦ ᠱᠢᠶ᠋ᠳᠪᠦᠷᠢᠯᠡᠨ ᠦᠭᠳᠡᠭ᠃ ᠮᠠᠯᠴᠢᠨ ᠲᠠᠷᠢᠶᠠᠴᠢᠨ ᠤ᠋ ᠬᠡᠷᠡᠭ᠌ᠴᠡᠭᠡ ᠪᠣᠯ ᠳᠠᠷᠤᠢ ᠮᠢᠨᠦ᠍ ᠠᠵᠢᠯ᠎ᠤᠨ ᠬᠥᠳᠡᠯᠭᠡᠬᠦ᠌ ᠬᠦᠴᠦᠨ ᠮᠥᠨ︾᠃ 5 ᠰᠠᠷ᠎ᠠ᠎ᠶ᠋ᠢᠨ 24 ᠤ᠋ ᠡᠳᠦᠷ᠂ ᠰᠠᠶᠢᠬᠠᠨ ᠪᠥᠬᠥ᠌ ᠤᠯᠤᠰ᠎ᠤᠨ ᠶᠣᠰᠣ ᠰᠤᠷᠲᠠᠬᠤᠨ᠎ᠤ ᠵᠢᠱ᠌ᠢᠶᠡᠴᠢ᠎ᠶ᠋ᠢᠨ ᠨᠡᠷ᠎ᠠ ᠲᠤᠷᠠᠳᠤᠭᠳᠠᠭᠰᠡᠳ ᠤ᠋ᠨ ᠱᠠᠩᠨᠠᠯ ᠭᠥᠷᠳᠡᠭ᠌ᠴᠢ᠂ ᠤᠯᠠᠭᠠᠨᠴᠠᠪ ᠬᠣᠲᠠ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠦᠶ᠋ᠯᠡᠰ᠎ᠦᠨ ᠬᠥᠭ᠌ᠵᠢᠯᠲᠡ᠎ᠶ᠋ᠢᠨ ᠲᠥᠪ᠎ᠦᠨ ᠬᠣᠶᠠᠳᠤᠭᠠᠷ ᠳᠡᠰ᠎ᠤᠨ ᠳᠡᠯᠭᠡᠷᠡᠭᠦᠯᠬᠦ᠌ ᠰᠤᠳᠤᠯᠤᠭ᠍ᠴᠢ᠂ ᠤᠯᠠᠭᠠᠨᠴᠠᠪ᠎ᠤᠨ ᠬᠦᠢᠲᠡᠨ ᠰᠡᠷᠢᠬᠦᠨ ᠢᠳᠡᠱᠢᠨ ᠨᠣᠭᠣᠭ᠎ᠠ᠎ᠶ᠋ᠢᠨ ᠠᠺᠠᠳᠧᠮᠢᠴᠢ᠎ᠶ᠋ᠢᠨ ᠠᠵᠢᠯ᠎ᠤᠨ ᠥᠷᠲᠡᠭᠡ᠎ᠶ᠋ᠢᠨ ᠬᠠᠷᠢᠭᠤᠴᠠᠯᠭᠠᠲᠠᠨ ᠭᠤᠸᠠᠨ ᠬᠣᠶ ᠮᠢᠩ ᠰᠤᠷᠪᠤᠯᠵᠢᠯᠠᠭ᠍ᠴᠢ ᠳᠤ ᠰᠡᠳᠭᠢᠯ ᠳᠣᠭ᠍ᠳᠣᠯᠤᠨ ᠶᠠᠷᠢᠨ᠎ᠠ᠃
ᠡᠨᠡ ᠵᠢᠯ 64 ᠨᠠᠰᠤᠲᠠᠢ ᠭᠤᠸᠠᠨ ᠬᠤᠢ ᠮᠢᠩ ᠬᠢᠡᠭᠭᠠᠨ ᠠᠢᠮᠠᠭ ᠤ᠋ᠨ ᠷᠠᠱᠢᠶᠠᠨ ᠬᠤᠳᠠ᠎ᠳᠤ ᠲᠦᠷᠦᠵᠦ᠍᠂ 1980 ᠣᠨ᠎ᠳᠤ ᠥᠪᠥᠷ ᠮᠣᠩᠭᠣᠯ᠎ᠤᠨ ᠲᠠᠷᠢᠶᠠᠯᠠᠩ ᠮᠠᠯ ᠠᠵᠤ ᠠᠬᠤᠢ᠎ᠶ᠋ᠢᠨ ᠳᠡᠭᠡᠳᠦ ᠰᠤᠷᠭᠠᠭᠤᠯᠢ᠎ᠶ᠋ᠢᠨ ᠲᠠᠷᠢᠶᠠᠯᠠᠩ᠎ᠤᠨ ᠤᠬᠠᠭᠠᠨ᠎ᠤ ᠰᠠᠯᠪᠤᠷᠢ᠎ᠶ᠋ᠢᠨ ᠢᠳᠡᠱᠢᠨ ᠨᠣᠭᠣᠭ᠎ᠠ᠎ᠶ᠋ᠢᠨ ᠲᠤᠰᠭᠠᠢ ᠮᠡᠷᠭᠡᠵᠢᠯ᠎ᠳᠦ ᠱᠢᠯᠭᠠᠨ ᠣᠷᠣᠵᠤ ᠰᠤᠷᠤᠯᠴᠠᠪᠠ᠃ 1985 ᠣᠨ᠎ᠳᠤ ᠶᠡᠬᠡ ᠰᠤᠷᠭᠠᠭᠤᠯᠢ᠎ᠠᠴᠠ ᠲᠡᠭᠦᠰᠦᠭ᠌ᠰᠡᠨ ᠭᠤᠸᠠᠨ ᠬᠤᠢ ᠮᠢᠩ ᠤᠯᠠᠭᠠᠨᠴᠠᠪ᠎ᠲᠤ ᠬᠤᠪᠢᠶᠠᠭ᠍ᠳᠠᠵᠤ᠂ ᠲᠠᠷᠢᠶᠠᠯᠠᠩ᠎ᠤᠨ ᠮᠡᠷᠭᠡᠵᠢᠯ᠎ᠦᠨ ᠦᠢᠯᠡᠴᠢᠯᠡᠭᠡᠨ᠎ᠦ ᠠᠵᠢᠯ ᠬᠢᠬᠦ ᠪᠤᠯᠵᠠᠢ᠃
ᠲᠤᠬᠠᠶ᠎ᠶ᠋ᠢᠨ ᠦᠶ᠎ᠡ᠎ᠶ᠋ᠢᠨ ᠤᠯᠠᠭᠠᠨᠴᠠᠪ ᠬᠣᠲᠠ ᠵᠢᠨ ᠬᠠᠬᠢᠷ ᠬᠦᠶ᠋ᠲᠡᠨ᠂ ᠬᠥᠷᠥᠰᠥ᠍ ᠱᠢᠷᠣᠶ ᠲᠠᠴᠢᠷ ᠨᠢᠮᠭᠡᠨ᠂ ᠭᠠᠩ ᠬᠠᠭᠤᠷᠠᠶ ᠪᠠᠢᠭᠠᠯᠢ᠎ᠶ᠋ᠢᠨ ᠠᠭᠤᠷ ᠠᠮᠢᠰᠭᠤᠯ᠎ᠤᠨ ᠨᠥᠬᠥᠴᠡᠯ ᠪᠣᠯᠤᠨ ᠬᠡᠪᠡᠷᠡᠭ ᠠᠮᠢ ᠠᠬᠤᠶ ᠣᠷᠴᠢᠨ ᠲᠣᠭᠣᠷᠢᠨ᠎ᠨᠢ ᠮᠠᠯ ᠠᠵᠤ ᠠᠬᠤᠶ ᠲᠠᠷᠢᠶᠠᠯᠡᠡᠭ ᠤ᠋ᠨ ᠬᠥᠭ᠌ᠵᠢᠯᠲᠡ᠎ᠶ᠋ᠢ ᠬᠢᠵᠠᠭᠠᠷᠯᠠᠵᠤ᠂ ᠡᠨᠳᠡ ᠤᠨᠴᠠ ᠶᠠᠳᠠᠭᠤ ᠬᠦᠴᠢᠷᠳᠡᠯᠳᠡᠢ ᠪᠠᠢᠯ᠎ᠠ᠃ ᠠᠵᠢᠯ᠎ᠤᠨ ᠪᠠᠢᠷᠢ᠎ᠳᠤ ᠭᠠᠷᠤᠮᠠᠭ᠍ᠴᠠᠪᠠᠨ ᠭᠤᠸᠠᠨ ᠬᠤᠢ ᠮᠢᠩ ᠰᠠᠨᠠᠭᠠᠴᠢᠯᠠᠭ᠎ᠠ᠎ᠠᠴᠠ᠎ᠪᠠᠨ ᠬᠥᠳᠡᠭᠡ ᠪᠠᠭᠤᠵᠤ᠂ ᠰᠤᠷᠤᠭ᠍ᠰᠠᠨ ᠮᠡᠳᠡᠯᠭᠡ᠎ᠪᠡᠷ᠎ᠢᠶᠡᠨ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠳᠦ ᠦᠢᠯᠡᠴᠢᠯᠡᠵᠦ᠍᠂ ᠬᠥᠳᠡᠭᠡ ᠲᠣᠰᠭᠣᠨ᠎ᠤ ᠬᠥᠭ᠌ᠵᠢᠯᠲᠡ᠎ᠳᠦ ᠬᠦᠴᠦᠨ ᠨᠡᠮᠡᠷᠢᠯᠡᠬᠦ᠌ ᠪᠡᠷ ᠵᠤᠷᠢᠭ ᠰᠢᠭᠤᠳᠴᠠᠢ᠃ ᠲᠡᠷᠡ ᠦᠶ᠎ᠡ᠎ᠳᠦ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠠᠵᠢᠯᠲᠠᠳ ᠬᠥᠳᠡᠭᠡ ᠪᠠᠭᠤᠬᠤ ᠵᠠᠷᠤᠳᠠᠯ ᠬᠦᠷᠦᠯᠴᠡᠬᠦ᠌ ᠦᠭᠡᠢ ᠪᠠᠢᠵᠤ᠂ ᠱᠢᠨᠵᠢᠯᠡᠬᠦ᠌ ᠤᠬᠠᠭᠠᠨ᠎ᠤ ᠰᠤᠳᠤᠯᠭᠠᠨ ᠪᠣᠯᠤᠨ ᠦᠢᠯᠡᠳᠪᠦᠷᠢᠯᠡᠯ ᠰᠠᠯᠤᠩᠭᠢᠷᠠᠬᠤ᠎ᠠᠴᠠ ᠵᠠᠢᠯᠠᠰᠭᠢᠬᠦ᠌᠎ᠶ᠋ᠢᠨ ᠲᠥᠯᠥᠭᠡ᠂ ᠭᠤᠸᠠᠨ ᠬᠤᠢ ᠮᠢᠩ ᠦᠷᠭᠦᠯᠵᠢ ᠥᠪᠡᠷ᠎ᠦᠨ ᠰᠦᠢᠳᠭᠡᠯᠢᠶᠡᠷᠢᠶᠡᠨ ᠬᠥᠳᠡᠭᠡ ᠪᠠᠭᠤᠵᠤ ᠡᠷᠬᠢᠨ ᠲᠣᠭᠣᠷᠢᠨ᠎ᠤ ᠬᠣᠱᠢᠭᠤ ᠱᠢᠶᠠᠨ ᠬᠤᠲᠠ ᠲᠣᠭᠣᠷᠢᠭ᠎ᠤᠨ ᠲᠠᠷᠢᠶᠠᠴᠢᠳ᠎ᠲᠤ ᠦᠢᠯᠡᠴᠢᠯᠡᠵᠦ᠍᠂ ᠳᠥᠷᠪᠡᠳ ᠬᠣᠱᠢᠭᠤᠨ᠎ᠳᠤ ᠡᠷᠳᠡᠨᠢ ᠱᠢᠰᠢ ᠲᠠᠷᠢᠬᠤ ᠮᠡᠷᠭᠡᠵᠢᠯ᠎ᠢ ᠳᠡᠯᠭᠡᠷᠡᠭᠦᠯᠵᠦ᠍᠂ ᠱᠢᠩ ᠡᡁᠸ ᠱᠢᠶᠠᠨ᠎ᠳᠤ ᠬᠦᠷᠴᠦ᠍ ᠰᠠᠷᠢᠮᠰᠠᠭ ᠲᠠᠷᠢᠬᠤ ᠠᠵᠢᠯ᠎ᠢ ᠵᠢᠯᠣᠭᠣᠳᠴᠤ᠌᠂ ᠲᠠᠬᠢᠨ ᠵᠢᠨᠢᠩ ᠲᠣᠭᠣᠷᠢᠭ᠎ᠲᠤ ᠬᠦᠷᠴᠦ᠍ ᠲᠠᠷᠢᠶᠠᠴᠢᠳ᠎ᠢ ᠬᠠᠪᠰᠤᠷᠤᠨ ᠲᠤᠮᠤ ᠬᠦᠯᠡᠮᠵᠢ ᠪᠠᠢᠭᠤᠯᠵᠤ ᠶᠠᠭᠠᠷᠠᠨ᠎ᠠ ᠁
2012 ᠣᠨ᠎ᠳᠤ᠂ ᠤᠯᠠᠭᠠᠨᠴᠠᠪ᠎ᠤᠨ ᠬᠦᠢᠲᠡᠨ ᠰᠡᠷᠢᠬᠦᠨ ᠢᠳᠡᠱᠢᠨ ᠨᠣᠭᠣᠭ᠎ᠠ ᠵᠢᠨ ᠠᠺᠠᠳᠧᠮᠢᠴᠢ᠎ᠶ᠋ᠢᠨ ᠠᠵᠢᠯ᠎ᠤᠨ ᠥᠷᠲᠡᠭᠡ ᠪᠠᠢᠭᠤᠯᠤᠭ᠍ᠳᠠᠭ᠍ᠰᠠᠨ᠎ᠤ ᠳᠠᠷᠠᠭ᠎ᠠ᠂ ᠬᠠᠷᠢᠭᠤᠴᠠᠯᠭᠠᠲᠠᠨ ᠪᠤᠯᠤᠭᠰᠠᠨ ᠭᠤᠸᠠᠨ ᠬᠣᠶ ᠮᠢᠩ ᠵᠢᠴᠢ ᠠᠵᠢᠯ᠎ᠤᠨ ᠥᠷᠲᠡᠭᠡ᠎ᠶ᠋ᠢᠨ ᠪᠦᠯᠬᠦᠮ ᠤ᠋ᠨ ᠤᠯᠠᠨ ᠮᠠᠯᠴᠢᠨ ᠲᠠᠷᠢᠶᠠᠴᠢᠨ ᠳ᠋ᠤ ᠤᠢᠯᠠᠴᠢᠯᠡᠬᠦ ᠵᠢᠨ ᠲᠦᠯᠦᠭᠡ ᠶᠠᠪᠤᠵᠤ ᠦᠡᠭᠭᠡᠷᠡᠭᠰᠡᠨ ᠤᠯᠠ ᠮᠦᠷ ᠪᠥᠬᠥ᠌ ᠤᠯᠤᠰ᠎ᠤᠨ ᠡᠯ᠎ᠡ ᠭᠠᠵᠠᠷ᠎ᠲᠤ ᠲᠦᠭᠡᠵᠠᠢ᠃ ᠪᠦᠷᠢᠳᠭᠡᠯ᠎ᠢ ᠦᠨᠳᠦᠰᠦᠯᠡᠪᠡᠯ᠂ ᠣᠳᠣᠬᠠᠨ᠎ᠳᠤ ᠨᠢᠭᠡᠨᠲᠡ 13 ᠮᠤᠵᠢ᠎ᠶ᠋ᠢᠨ 20 ᠭᠠᠷᠤᠶ ᠬᠣᠲᠠ᠎ᠳᠤ ᠲᠦᠭᠡᠭᠰᠡᠨ ᠪᠠᠢᠨ᠎ᠠ᠃ ᠭᠤᠸᠠᠨ ᠬᠣᠶ ᠮᠢᠩ᠄《ᠪᠢ ᠬᠥᠳᠡᠭᠡ ᠲᠣᠰᠭᠣᠨ᠎ᠠᠴᠠ ᠥᠪᠡᠷ᠎ᠦᠨ ᠰᠤᠷᠤᠭᠰᠠᠨ ᠮᠡᠳᠡᠯᠭᠡ ᠪᠠᠨ ᠬᠡᠷᠡᠭ᠌ᠯᠡᠬᠦ᠌ ᠭᠠᠵᠠᠷ᠎ᠢᠶᠠᠨ ᠣᠯᠳᠠᠭ᠂ ᠮᠠᠯᠴᠢᠨ ᠲᠠᠷᠢᠶᠠᠴᠢᠨ ᠶᠠᠮᠠᠷ ᠬᠡᠷᠡᠭ᠌ᠴᠡᠭᠡ᠎ᠲᠡᠶ ᠪᠣᠯ ᠪᠢ ᠲᠡᠷᠡ ᠲᠠᠯ᠎ᠠ ᠪᠡᠷ ᠦᠢᠯᠡᠴᠢᠯᠡᠭᠡ ᠬᠠᠡᠭᠭᠠᠨᠠ》 ᠬᠡᠵᠤ ᠶᠠᠷᠢᠨ᠎ᠠ᠃
ᠡᠬᠡ ᠤᠯᠤᠰ ᠤ᠋ᠨ ᠠᠮᠤᠷ ᠲᠦᠪᠱᠢᠨ᠎ᠦ ᠬᠠᠯᠬᠠᠪᠴᠢ᠎ᠶ᠋ᠢ ᠪᠦᠲᠦᠭᠡᠨ ᠪᠠᠢᠭᠤᠯᠵᠤ ᠂ ᠬᠢᠯᠢ ᠵᠢᠨ ᠮᠠᠯᠴᠢᠳ ᠰᠡᠳᠭᠢᠯ ᠠᠮᠤᠷ ᠬᠢᠯᠢ ᠬᠢᠵᠠᠭᠠᠷ᠎ᠢᠶᠠᠨ ᠰᠠᠬᠢᠬᠤ ᠪᠣᠯ ᠲᠣᠮᠣ ᠶᠠᠪᠤᠳᠠᠯ ᠮᠥᠨ᠃ ᠬᠢᠯᠢ ᠬᠢᠵᠠᠭᠠᠷ᠎ᠤᠨ ᠮᠠᠯᠴᠢᠳ᠎ᠢ ᠱᠢᠨ᠎ᠡ ᠰᠣᠷᠭᠣᠭ ᠢᠳᠡᠱᠢᠨ ᠨᠣᠭᠣᠭ᠎ᠠ ᠢᠳᠡᠭᠦᠯᠬᠦ᠌ ᠨᠢ ᠭᠤᠸᠠᠨ ᠬᠣᠶ ᠮᠢᠩ᠎ᠦᠨ ᠦᠷᠭᠦᠯᠵᠢ ᠪᠤᠳᠤᠳᠠᠭ ᠰᠡᠳᠬᠢᠯ ᠤ᠋ᠨ︽ᠠᠷᠬᠠᠭ︾ᠪᠤᠯᠵᠠᠢ᠃
ᠤᠯᠠᠭᠠᠨᠴᠠᠪ ᠬᠣᠲᠠ᠎ᠶ᠋ᠢᠨ ᠳᠥᠷᠪᠡᠳ ᠬᠣᠱᠢᠭᠤᠨ᠎ᠤ 104 ᠺᠢᠯᠣᠮᠧᠲ᠋ᠷ᠎ᠦᠨ ᠬᠢᠯᠢ᠎ᠶ᠋ᠢᠨ ᠱᠤᠭᠤᠮ ᠳᠡᠭᠡᠷ᠎ᠡ᠂ ᠭᠣᠪᠢ ᠴᠥᠯ ᠦᠷᠭᠦᠯᠵᠢᠯᠠᠵᠤ ᠭᠠᠩ ᠬᠠᠭᠤᠷᠠᠶ ᠤᠰᠤ ᠳᠤᠲᠠᠮᠠᠭ᠂ ᠰᠠᠯᠬᠢ ᠱᠢᠭᠤᠷᠭ᠎ᠠ ᠶᠡᠬᠡ᠎ᠡᠴᠡ ᠪᠣᠯᠵᠣ᠂ ᠬᠢᠯᠢ ᠬᠢᠵᠠᠭᠠᠷ᠎ᠤᠨ ᠮᠠᠯᠴᠢᠳ ᠵᠢᠯ ᠲᠤᠵᠢ ᠱᠢᠨ᠎ᠡ ᠰᠣᠷᠭᠣᠭ ᠢᠳᠡᠱᠢᠨ ᠨᠣᠭᠣᠭ᠎ᠠ ᠣᠯᠵᠤ ᠢᠳᠡᠬᠦ᠌ ᠳ᠋ᠤ ᠬᠦᠴᠢᠷ᠎ᠲᠠᠢ ᠪᠠᠢᠪᠠ᠃ ᠡᠨᠡ ᠨᠢ ᠪᠠᠰᠠ ᠲᠡᠳᠡᠨ᠎ᠦ ᠠᠮᠢᠳᠤᠷᠠᠯ᠎ᠤᠨ ᠶᠠᠰᠤ ᠴᠢᠨᠠᠷ᠎ᠢ ᠨᠥᠯᠥᠭᠡᠯᠡᠬᠦ᠌ ᠠᠰᠠᠭᠤᠳᠠᠯ ᠪᠣᠯᠵᠤ ᠪᠠᠢᠵᠠᠢ᠃
2023 ᠣᠨ᠎ᠳᠤ᠂ ᠭᠤᠸᠠᠨ ᠬᠤᠢ ᠮᠢᠩ ᠪᠦᠯᠬᠦᠮ᠎ᠢᠶᠡᠨ ᠳᠠᠭᠠᠭᠤᠯᠤᠨ ᠮᠠᠰᠢᠨ ᠲᠡᠷᠭᠡ ᠪᠡᠷ ᠮᠢᠩᠭ᠎ᠠ ᠭᠠᠷᠤᠢ ᠭᠠᠵᠠᠷ ᠠᠶᠠᠯᠠᠵᠤ᠂ ᠲᠦᠷᠪᠡᠳ ᠬᠤᠰᠢᠭᠤᠨ ᠤ᠋ ᠬᠢᠯᠢ ᠪᠡᠷ ᠭᠦᠨᠵᠡᠭᠡᠢᠷᠡᠵᠦ᠍᠂ ᠬᠢᠯᠢ ᠬᠢᠵᠠᠭᠠᠷ᠎ᠤᠨ ᠮᠠᠯᠴᠢᠳ᠎ᠢ ᠵᠢᠯᠣᠭᠣᠳᠤᠨ ᠳᠤᠯᠠᠭᠠᠨ ᠬᠦᠯᠡᠮᠵᠢ ᠪᠠᠢᠭᠤᠯᠵᠤ᠂ ᠢᠳᠡᠱᠢᠨ ᠨᠣᠭᠣᠭ᠎ᠠ ᠲᠠᠷᠢᠪᠠ᠃ ᠢᠢᠨ ᠬᠦ᠌ 1 ᠵᠢᠯ᠎ᠤᠨ ᠬᠤᠭᠤᠴᠠᠭᠠᠨ ᠳ᠋ᠤ 30 ᠬᠦᠯᠡᠮᠵᠢ ᠪᠠᠢᠭᠤᠯᠪᠠ᠃ ᠡᠪᠦᠯ᠎ᠦᠨ ᠤᠯᠠᠷᠢᠯ ᠭᠣᠪᠢ ᠨᠤᠲᠤᠭ᠎ᠲᠤ ᠰᠠᠯᠬᠢ ᠶᠡᠬᠡ ᠪᠣᠯᠬᠣᠷ ᠨᠣᠭᠣᠭ᠎ᠠ᠎ᠶ᠋ᠢᠨ ᠬᠦᠯᠡᠮᠵᠢ ᠠᠮᠠᠷᠬᠠᠨ ᠬᠡᠢᠰᠳᠡᠭᠢ ᠪᠣᠳᠣᠯᠬᠢᠯᠠᠭᠠᠳ᠂ ᠭᠤᠸᠠᠨ ᠬᠣᠶ ᠮᠢᠩ ᠪᠦᠯᠬᠦᠮ᠎ᠢᠶᠡᠨ ᠳᠠᠭᠠᠭᠤᠯᠤᠨ10 ᠭᠠᠷᠤᠶ ᠤᠳᠠᠭ᠎ᠠ ᠮᠡᠷᠭᠡᠵᠢᠯ᠎ᠢᠶᠡᠨ ᠥᠭᠡᠷᠡᠴᠢᠯᠡᠨ ᠰᠠᠢᠵᠢᠷᠠᠭᠤᠯᠵᠤ᠂ ᠬᠣᠶᠠᠳᠤᠭᠠᠷ ᠦᠶ᠎ᠡ᠎ᠶ᠋ᠢᠨ ᠤᠶᠤᠨᠲᠤ ᠬᠦᠯᠡᠮᠵᠢ᠎ᠶ᠋ᠢ ᠰᠤᠳᠤᠯᠤᠨ ᠨᠡᠭᠡᠭᠡᠵᠦ᠍᠂ ᠬᠢᠯᠢ ᠬᠢᠵᠠᠭᠠᠷ᠎ᠢ ᠰᠠᠬᠢᠨ ᠬᠠᠮᠠᠭᠠᠯᠠᠬᠤ ᠮᠠᠯᠴᠢᠳ᠎ᠢ ᠡᠪᠦᠯ᠎ᠳᠡᠭᠡᠨ ᠥᠪᠡᠰᠦᠪᠡᠨ ᠳᠠᠷᠢᠭ᠍ᠰᠠᠨ ᠱᠢᠨ᠎ᠡ ᠰᠣᠷᠭᠣᠭ ᠢᠳᠡᠱᠢᠨ ᠨᠣᠭᠣᠭ᠎ᠠ ᠣᠯᠵᠤ ᠢᠳᠡᠬᠦ᠌ ᠪᠣᠯᠭᠠᠪᠠ᠃
《ᠮᠠᠯᠴᠢᠳ ᠤ᠋ᠨ ᠬᠡᠷᠡᠭ᠌ᠴᠡᠭᠡ᠂ ᠬᠢᠯᠢ ᠬᠢᠵᠠᠭᠠᠷ᠎ᠢ ᠰᠠᠬᠢᠵᠤ ᠰᠠᠭᠤᠭ᠎ᠠ ᠡᠷᠦᠬᠡ ᠵᠢᠨ ᠬᠦᠰᠡᠯ ᠱᠠᠭᠠᠷᠳᠠᠯᠭ᠎ᠠ ᠪᠤᠯ ᠪᠢᠳᠡᠨ ᠤ᠋ ᠬᠥᠳᠡᠯᠭᠡᠬᠦ᠌ ᠬᠦᠴᠦᠨ ᠪᠣᠯᠤᠨ᠎ᠠ᠃ ᠪᠢᠳᠠ 3 ᠵᠢᠯ᠎ᠡᠴᠡ 5 ᠵᠢᠯ᠎ᠦᠨ ᠬᠤᠭᠤᠴᠠᠭ᠎ᠠ ᠬᠡᠷᠡᠭ᠌ᠰᠡᠵᠦ᠍᠂ ᠬᠢᠯᠢ᠎ᠶ᠋ᠢᠨ ᠱᠤᠭᠤᠮ ᠳᠡᠭᠡᠷᠡᠬᠢ ᠬᠢᠯᠢ ᠰᠠᠬᠢᠭ᠍ᠰᠠᠨ ᠮᠠᠯᠴᠢᠳ ᠪᠦᠬᠦᠨ᠎ᠳᠦ ᠥᠪᠡᠷ᠎ᠦᠨ ᠲᠠᠷᠢᠭ᠍ᠰᠠᠨ ᠱᠢᠨ᠎ᠡ ᠰᠣᠷᠭᠣᠭ ᠢᠳᠡᠱᠢᠨ ᠨᠣᠭᠣᠭ᠎ᠠ ᠢᠳᠡᠭᠦᠯᠬᠦ ᠪᠡᠷ ᠴᠢᠷᠮᠠᠢᠨ᠎ᠠ》 ᠭᠡᠵᠦ᠍ ᠭᠤᠸᠠᠨ ᠬᠣᠶ ᠮᠢᠩ ᠶᠠᠷᠢᠨ᠎ᠠ᠃
ᠳᠥᠷᠪᠡᠳ ᠬᠣᠱᠢᠭᠤᠨ᠎ᠤ ᠵᠠᠡᠭᠭᠠᠨ ᠰᠤᠮᠤ᠎ᠶ᠋ᠢᠨ ᠡᠷᠳᠡᠨᠢ ᠭᠠᠴᠠᠭᠠᠨ᠎ᠤ ᠬᠢᠯᠢ᠎ᠶ᠋ᠢᠨ ᠮᠠᠯᠴᠢᠨ ᠰᠡᠴᠡᠨᠪᠢᠯᠢᠭ ᠭᠤᠸᠠᠨ ᠬᠤᠢ ᠮᠢᠩ ᠵᠡᠷᠭᠡ ᠬᠥᠮᠦᠰ᠎ᠦᠨ ᠵᠢᠯᠤᠭᠤᠳᠤᠯᠭ᠎ᠠ ᠪᠠ ᠬᠠᠪᠰᠤᠷᠤᠯᠭ᠎ᠠ ᠳᠣᠣᠷ᠎ᠠ 2024 ᠣᠨ᠎ᠳᠤ ᠥᠪᠡᠷ᠎ᠦᠨ ᠲᠠᠷᠢᠭ᠍ᠰᠠᠨ ᠢᠳᠡᠱᠢᠨ ᠨᠣᠭᠣᠭ᠎ᠠ᠎ᠪᠠᠨ ᠢᠳᠡᠬᠦ ᠪᠤᠯᠵᠠᠢ᠃ ᠲᠡᠷᠡ᠄《ᠥᠪᠡᠷ᠎ᠦᠨ ᠲᠠᠷᠢᠭ᠍ᠰᠠᠨ ᠢᠳᠡᠱᠢᠨ ᠨᠣᠭᠣᠭ᠎ᠠ᠎ᠪᠠᠨ ᠢᠳᠡᠬᠦ᠌ ᠬᠡᠵᠤ ᠰᠠᠨᠠᠭ᠎ᠠ ᠵᠡᠭᠦᠳᠡᠨ ᠳ᠋ᠤ ᠦᠭᠡᠢ ᠪᠠᠢᠵᠠᠢ᠃ ᠵᠤᠬᠢᠬᠤ ᠬᠤᠭᠤᠴᠠᠭ᠎ᠠ ᠲᠤᠷᠱᠢᠨ ᠳᠠᠷᠢᠬᠤ᠎ᠪᠠᠷ ᠳᠡᠮᠵᠢᠨ᠂ ᠥᠷᠭᠡᠰᠦᠲᠦ ᠬᠡᠮᠬᠡ᠂ ᠴᠢᠨᠵᠦᠸ᠋᠂ ᠬᠠᠰᠢ᠂ ᠯᠤᠤᠪᠠᠩ ᠵᠡᠷᠭᠡ ᠠᠷᠪᠠᠨ ᠬᠡᠳᠦᠨ ᠵᠦᠶ᠋ᠯ᠎ᠦᠨ ᠱᠢᠨ᠎ᠡ ᠰᠣᠷᠭᠣᠭ ᠢᠳᠡᠱᠢᠨ ᠨᠣᠭᠣᠭ᠎ᠠ᠎ᠶ᠋ᠢ ᠥᠪᠡᠰᠦᠪᠡᠨ ᠲᠠᠷᠢᠵᠤ ᠤᠷᠭᠤᠭᠤᠯᠵᠤ᠂ ᠦᠪᠡᠷ ᠤ᠋ᠨ ᠲᠠᠷᠢᠭᠰᠠᠨ ᠢᠳᠡᠱᠢᠨ ᠨᠣᠭᠣᠭ᠎ᠠ ᠪᠠᠨ ᠢᠳᠡᠵᠤ ᠲᠡᠢᠯᠬᠦ ᠪᠤᠯᠵᠠᠢ》ᠬᠡᠵᠤ ᠶᠠᠷᠢᠵᠠᠢ᠃
ᠬᠢᠯᠢ ᠬᠢᠵᠠᠭᠠᠷ᠎ᠢ ᠰᠠᠬᠢᠨ ᠬᠠᠮᠠᠭᠠᠯᠠᠬᠤ ᠡᠷᠦᠬᠡ᠎ᠶ᠋ᠢᠨ ᠱᠢᠨ᠎ᠡ ᠰᠣᠷᠭᠣᠭ ᠢᠳᠡᠱᠢᠨ ᠨᠣᠭᠣᠭ᠎ᠠ ᠢᠳᠡᠬᠦ᠌ ᠠᠰᠠᠭᠤᠳᠠᠯ᠎ᠢ ᠬᠠᠪᠰᠤᠷᠤᠨ ᠱᠢᠶ᠋ᠳᠪᠦᠷᠢᠯᠡᠭᠰᠡᠨ ᠨᠢ ᠭᠤᠸᠠᠨ ᠬᠣᠶ ᠮᠢᠩ᠎ᠦᠨ ᠣᠯᠠᠨ ᠵᠢᠯ᠎ᠦᠨ ᠲᠤᠷᠰᠢ ᠰᠣᠷᠣᠭ᠍ᠰᠠᠨ ᠮᠡᠳᠡᠯᠭᠡ᠎ᠪᠡᠷ᠎ᠢᠶᠡᠨ ᠮᠠᠯᠴᠢᠨ ᠲᠠᠷᠢᠶᠠᠴᠢᠨ᠎ᠤ ᠲᠠᠷᠢᠶᠠᠯᠠᠬᠤ ᠶᠠᠪᠤᠴᠠ᠎ᠳᠤ ᠲᠤᠯᠭᠠᠷᠠᠭ᠍ᠰᠠᠨ ᠡᠯ᠎ᠡ ᠵᠦᠶ᠋ᠯ᠎ᠦᠨ ᠠᠰᠠᠭᠤᠳᠠᠯ᠎ᠢ ᠬᠠᠪᠰᠤᠷᠤᠨ ᠱᠢᠶ᠋ᠳᠪᠦᠷᠢᠯᠡᠵᠤ ᠶᠠᠪᠤᠭ᠎ᠠ ᠵᠢᠨ ᠨᠢᠭᠡᠨ ᠬᠤᠷᠢᠶᠠᠩᠭᠤᠶ ᠳᠦᠷᠰᠦ ᠮᠥᠨ᠂ ᠪᠠᠰᠠ ᠴᠤ᠌ ᠲᠡᠭᠦᠨ᠎ᠦ ᠣᠭ ᠰᠠᠨᠠᠭ᠎ᠠ᠎ᠪᠠᠨ ᠦᠶ᠋ᠯᠡᠳᠦᠯᠭᠡᠵᠢᠭᠦᠯᠦᠭ᠌ᠰᠡᠨ ᠪᠣᠳᠠᠲᠠᠶ ᠢᠯᠡᠷᠡᠯ ᠮᠥᠨ᠃
40 ᠵᠢᠯ᠎ᠦᠨ ᠲᠤᠷᠰᠢ ᠂ ᠭᠤᠸᠠᠨ ᠬᠤᠢ ᠮᠢᠩ ᠲᠠᠷᠢᠶᠠᠨ ᠭᠠᠵᠠᠷ ᠵᠢᠡᠷ ᠠᠵᠢᠯ ᠤ᠋ᠨ ᠲᠠᠯᠠᠪᠤᠷ ᠪᠤᠯᠭᠠᠵᠤ᠂ ᠤᠷᠢ ᠵᠠᠯᠠᠭᠤ ᠨᠠᠰᠤᠨ ᠡᠴᠡ ᠪᠠᠨ ᠦᠳᠡᠯᠦᠭᠡ ᠪᠤᠭᠤᠷᠤᠯ ᠪᠤᠯᠳᠠᠯ᠎ᠠ᠂ ᠤᠬ ᠰᠠᠨᠠᠭ᠎ᠠ᠎ᠪᠠᠨ ᠦᠯᠦ᠍ ᠮᠠᠷᠲᠠᠵᠤ᠂《ᠬᠥᠳᠡᠭᠡ ᠠᠵᠤ ᠠᠬᠤᠢ ᠬᠥᠳᠡᠭᠡ ᠲᠣᠰᠭᠣᠨ ᠲᠠᠷᠢᠶᠠᠴᠢᠨ》 ᠤ᠋ ᠤᠢᠯᠡᠰ ᠤ᠋ᠨ ᠲᠦᠯᠦᠭᠡ ᠵᠢᠳᠭᠦᠵᠤ᠂ ᠬᠥᠳᠡᠭᠡ ᠠᠵᠤ ᠠᠬᠤᠢ ᠬᠥᠳᠡᠭᠡ ᠲᠣᠰᠭᠣᠨ ᠮᠠᠯᠴᠢᠨ ᠲᠠᠷᠢᠶᠠᠴᠢᠨ ᠳ᠋ᠤ ᠬᠠᠢᠷᠠᠲᠠᠢ ᠪᠠᠢᠵᠤ᠂ ᠤᠳᠤ ᠬᠡᠳᠦᠢᠪᠡᠷ ᠵᠢᠷᠠ ᠭᠠᠷᠴᠤ᠌ ᠪᠠᠶ᠎ᠠ ᠨᠢ ᠤᠯᠠᠨ ᠠᠷᠬᠠᠭ ᠡᠪᠡᠳᠴᠢᠨ ᠲᠠᠢ ᠪᠤᠯᠤᠭᠰᠠᠨ ᠪᠣᠯᠪᠠᠴᠤ᠌ ᠂ ᠮᠥᠨ ᠯᠡ ᠥᠩᠭᠡᠷᠡᠭ᠌ᠰᠡᠨ᠎ᠲᠡᠶ᠎ᠪᠡᠨ ᠠᠳᠠᠯᠢ᠎ᠪᠠᠷ ᠮᠠᠯᠴᠢᠨ ᠲᠠᠷᠢᠶᠠᠴᠢᠨ᠎ᠤ ᠲᠠᠷᠢᠮᠠᠯ ᠲᠠᠷᠢᠬᠤ ᠲᠠᠯ᠎ᠠ᠎ᠪᠠᠷ ᠲᠤᠯᠭᠠᠷᠠᠭ᠍ᠰᠠᠨ ᠬᠦᠴᠢᠷ ᠠᠰᠠᠭᠤᠳᠠᠯ᠎ᠢ ᠱᠢᠢᠳᠪᠦᠷᠢᠯᠡᠬᠦ᠌᠎ᠶ᠋ᠢᠨ ᠲᠥᠯᠥᠭᠡ ᠡᠳᠦᠷᠵᠢᠨ ᠰᠥᠨᠢᠵᠢᠨ ᠵᠢᠳᠬᠦᠨ ᠴᠢᠷᠮᠠᠢᠵᠤ ᠯᠠ ᠪᠠᠢᠨ᠎ᠠ᠃
ᠭᠤᠸᠠᠨ ᠬᠤᠢ ᠮᠢᠩ ᠤ᠋ᠨ ᠬᠦᠴᠢᠷ ᠡᠴᠡ ᠠᠶᠤᠬᠤ ᠦᠭᠡᠢ᠂ ᠤᠯᠠᠨ ᠤ᠋ ᠲᠦᠯᠦᠭᠡ ᠭᠤᠶᠠᠴᠢ ᠦᠭᠡᠢ ᠵᠢᠳᠭᠦᠨ ᠴᠢᠷᠮᠠᠢᠬᠤ ᠵᠤᠷᠢᠭ ᠰᠠᠨᠠᠭ᠎ᠠ ᠨᠢ ᠤᠯᠠᠨ ᠬᠦᠮᠦᠨ ᠤ᠋ ᠰᠡᠳᠬᠢᠯ ᠢ᠋ ᠬᠦᠳᠡᠯᠭᠡᠭᠰᠡᠨ ᠵᠢᠡᠷ ᠪᠠᠷᠠᠬᠤ ᠦᠭᠡᠢ ᠪᠠᠰᠠ ᠲᠡᠳᠡᠨ ᠤ᠋ ᠤᠢᠯᠡᠰ ᠤ᠋ᠨ ᠵᠢᠡᠨ ᠲᠦᠯᠦᠭᠡ ᠰᠢᠨᠳᠠᠷᠠᠰᠢ ᠦᠭᠡᠢ ᠡᠷᠡᠯᠭᠡᠭᠯᠡᠨ ᠲᠡᠮᠡᠴᠡᠬᠦ ᠳ᠋ᠤᠨᠢ ᠵᠤᠷᠢᠭᠵᠢᠭᠤᠯᠤᠯ ᠪᠤᠯᠵᠤ ᠪᠤᠢ᠃ ᠭᠤᠸᠠᠨ ᠬᠤᠢ ᠮᠢᠩ ᠤ᠋ᠨ ᠬᠠᠮᠲᠤ ᠠᠵᠢᠯᠯᠠᠭᠰᠡᠳ ᠵᠠᠡᠭ ᠹᠸᠡᠭ ᠯᠢᠡᠭ ᠪᠤᠯ ᠲᠠᠳᠡᠨ ᠤ᠋ ᠲᠤᠮᠳᠠᠬᠢ ᠨᠢᠭᠡ ᠨᠢ ᠪᠤᠯᠤᠨ᠎ᠠ᠃
ᠵᠠᠩ ᠹᠸᠡᠭ ᠯᠢᠩ ᠄ 《ᠪᠢ ᠭᠤᠸᠠᠨ ᠪᠠᠭ᠍ᠰᠢ᠎ᠲᠠᠶ 1985 ᠣᠨ᠎ᠳᠤ ᠲᠠᠨᠢᠯᠴᠠᠭ᠍ᠰᠠᠨ ᠶᠤᠮ᠂ 2023 ᠣᠨ᠎ᠳᠤ ᠭᠤᠸᠠᠨ ᠪᠠᠭ᠍ᠰᠢ᠎ᠶ᠋ᠢᠨ ᠬᠡᠦᠬᠡᠳ ᠨᠢ ᠡᠪᠡᠳᠴᠢᠯᠡᠭ᠌ᠰᠡᠨ ᠪᠣᠯᠬᠣᠷ ᠨᠠᠮᠠᠶ᠋ᠢ ᠡᠷᠢᠵᠦ᠍ ᠬᠠᠪᠰᠤᠷᠤᠭᠤᠯᠤᠭ᠍ᠰᠠᠨ ᠪᠢᠯᠡ᠂ ᠲᠡᠷᠡ ᠦᠶ᠎ᠡ᠎ᠡᠴᠡ ᠪᠢ ᠭᠤᠸᠠᠨ ᠪᠠᠭ᠍ᠰᠢ᠎ᠶ᠋ᠢᠨ ᠠᠵᠢᠯ᠎ᠳᠤ ᠬᠠᠮᠵᠢᠬᠤ ᠪᠤᠯᠤᠭᠰᠠᠨ᠃ ᠥᠭᠡᠷ᠎ᠡ᠎ᠶ᠋ᠢ ᠬᠡᠯᠡᠬᠦ᠌ ᠦᠭᠡᠢ᠂ ᠵᠥᠪᠬᠡᠨ ᠲᠤᠰᠭᠠᠢ ᠠᠱᠢᠭ᠎ᠤᠨ ᠡᠷᠬᠡ ᠵᠢ ᠶᠠᠷᠢᠬᠤ ᠳ᠋ᠤ᠂ ᠭᠤᠸᠠᠨ ᠪᠠᠭ᠍ᠰᠢ 20 ᠭᠠᠷᠤᠢ ᠵᠦᠢᠯ ᠤ᠋ᠨ ᠲᠤᠰᠬᠠᠢ ᠠᠰᠢᠭ ᠤ᠋ᠨ ᠡᠷᠬᠡ᠎ᠲᠡᠶ᠂ ᠭᠡᠪᠡᠴᠦ᠍ ᠲᠡᠷᠡ ᠲᠤᠰᠭᠠᠢ ᠠᠱᠢᠭ ᠤ᠋ᠨ ᠡᠷᠬᠡ ᠵᠢ ᠵᠣᠭᠣᠰ ᠣᠯᠬᠤ ᠪᠠᠭᠠᠵᠢ ᠪᠣᠯᠭᠠᠭ᠍ᠰᠠᠨ ᠦᠭᠡᠢ᠂ ᠬᠠᠷᠢᠨ ᠬᠡᠨ ᠡᠷᠢᠵᠦ᠍ ᠢᠷᠡᠭ᠌ᠰᠡᠨ ᠴᠦ᠍ ᠦᠨ᠎ᠡ ᠲᠥᠯᠥᠪᠦᠷᠢ ᠦᠭᠡᠢ᠎ᠪᠡᠷ ᠦᠭᠴᠤ ᠬᠡᠷᠡᠭᠯᠡᠭᠦᠯᠳᠡᠭ᠃ ᠤᠢᠷ᠎ᠠ᠎ᠳᠦ ᠡᠭᠦᠳᠦᠭ᠌ᠰᠡᠨ ᠬᠣᠶᠠᠳᠤᠭᠠᠷ ᠦᠶ᠎ᠡ᠎ᠶ᠋ᠢᠨ ᠬᠢᠯᠢ᠎ᠶ᠋ᠢᠨ ᠬᠠᠮᠠᠭᠠᠯᠠᠯᠲᠠ᠎ᠶ᠋ᠢᠨ ᠮᠠᠯᠴᠢᠳ᠎ᠤᠨ ᠤᠶᠤᠨᠲᠤ ᠬᠦᠯᠡᠮᠵᠢ᠎ᠪᠡᠷ ᠠᠪᠴᠤ᠌ ᠬᠡᠯᠡᠬᠦ ᠳ᠋ᠤ᠂ ᠬᠡᠷᠡᠭ᠌ᠴᠡᠭᠡ᠎ᠲᠡᠶ ᠭᠠᠵᠠᠷ ᠣᠷᠣᠨ ᠤ᠋ ᠬᠦᠮᠦᠰ ᠢᠷᠡᠵᠦ᠍ ᠦᠪᠡᠷ ᠤ᠋ᠨ ᠪᠠᠢᠳᠠᠯ ᠵᠢᠡᠨ ᠲᠠᠨᠢᠯᠴᠠᠭᠤᠯᠤᠭᠰᠠᠨᠤ ᠳᠠᠷᠠᠭ᠎ᠠ᠂ ᠲᠡᠷᠡ ᠵᠢᠷᠤᠭ ᠲᠥᠯᠥᠪᠯᠡᠭᠡ᠎ᠪᠡᠨ ᠪᠦᠬᠦᠨ᠎ᠢ ᠪᠤᠰᠤᠳ᠎ᠲᠤ ᠬᠠᠷᠠᠮ ᠦᠭᠡᠢ ᠬᠦᠷᠭᠡᠳᠡᠭ᠃ ᠭᠤᠸᠠᠨ ᠪᠠᠭ᠍ᠰᠢ ᠨᠢᠭᠡ ᠨᠠᠰᠤᠨ᠎ᠤ ᠰᠣᠷᠣᠭ᠍ᠰᠠᠨ ᠮᠡᠳᠡᠯᠭᠡ᠎ᠪᠡᠨ ᠪᠦᠷ ᠨᠡᠢᠭᠡᠮ᠎ᠳᠤ ᠵᠣᠷᠢᠭᠤᠯᠬᠤ ᠪᠡᠷ ᠵᠢᠳᠭᠦᠳᠡᠭ᠂ ᠡᠬᠦᠨ ᠳ᠋ᠤ ᠪᠢ ᠮᠠᠰᠢ ᠵᠣᠷᠢᠭ᠍ᠵᠢᠯᠠ᠃ ᠲᠡᠭᠦᠨ᠎ᠢ ᠳᠠᠭᠠᠵᠤ ᠠᠵᠢᠯᠯᠠᠪᠠᠯ ᠠᠮᠠᠷᠠᠯᠳᠠ ᠭᠡᠵᠤ ᠦᠭᠡᠢ᠂ ᠲᠤᠩ ᠶᠠᠳᠠᠷᠠᠯᠲᠠᠢ᠂ ᠭᠡᠪᠡᠴᠦ᠍ ᠲᠡᠭᠦᠨ᠎ᠦ ᠨᠥᠯᠥᠭᠡ᠎ᠪᠡᠷ᠂ ᠪᠢ ᠬᠠᠷᠢᠭᠤ ᠬᠦᠰᠡᠬᠦ᠌ ᠦᠭᠡᠢ᠎ᠪᠡᠷ ᠦᠷᠭᠦᠯᠵᠢᠯᠡᠨ ᠠᠵᠢᠯᠯᠠᠨ᠎ᠠ ᠬᠡᠵᠤ ᠵᠤᠷᠢᠭ ᠰᠢᠭᠤᠳᠴᠤ ᠢᠷᠡᠯ᠎ᠡ !》 ᠬᠡᠵᠤ ᠰᠡᠳᠬᠢᠯ ᠲᠤᠭᠳᠤᠯᠤᠨ ᠶᠠᠷᠢᠨ᠎ᠠ᠃
40 ᠵᠢᠯ᠎ᠦᠨ ᠢᠳᠡᠱᠢᠨ ᠨᠣᠭᠣᠭ᠎ᠠ᠎ᠶ᠋ᠢᠨ ᠮᠡᠷᠭᠡᠵᠢᠯ᠎ᠦᠨ ᠦᠢᠯᠡᠴᠢᠯᠡᠭᠡᠨ ᠤ᠋ ᠠᠵᠢᠯ ᠬᠢᠬᠦ ᠶᠠᠪᠤᠴᠠ ᠳ᠋ᠤ᠂ ᠭᠤᠸᠠᠨ ᠬᠤᠢ ᠮᠢᠩ ᠵᠢᠯ ᠪᠦᠷᠢ 300 ᠭᠠᠷᠤᠢ ᠡᠳᠦᠷ ᠬᠥᠳᠡᠭᠡ ᠲᠣᠰᠭᠣᠨ᠎ᠤ ᠡᠮᠦᠨ᠎ᠡ ᠹᠷᠣᠨᠲ᠎ᠲᠤ ᠭᠦᠨᠵᠡᠭᠡᠢᠷᠡᠵᠦ᠍᠂ ᠮᠠᠯᠴᠢᠨ ᠲᠠᠷᠢᠶᠠᠴᠢᠨ ᠳ᠋ᠤ ᠠᠯᠪᠠᠨ ᠵᠢᠷᠤᠮ᠎ᠤᠨ ᠦᠢᠯᠡᠴᠢᠯᠡᠭᠡ ᠬᠠᠩᠭᠠᠬᠤ᠎ᠶ᠋ᠢ ᠪᠠᠷᠢᠮᠲᠠᠯᠠᠵᠤ᠂ ᠵᠢᠯ ᠪᠦᠷᠢ ᠮᠠᠯᠴᠢᠨ ᠲᠠᠷᠢᠶᠠᠴᠢᠨ᠎ᠢ ᠬᠠᠪᠰᠤᠷᠤᠨ ᠠᠵᠤ ᠠᠬᠤᠢ᠎ᠶ᠋ᠢᠨ ᠦᠷ᠎ᠡ ᠠᠱᠢᠭ᠎ᠢ ᠨᠢ 4000 ᠲᠦᠮᠡᠨ ᠲᠥᠭᠥᠷᠢᠭ ᠳᠡᠭᠡᠭ᠌ᠰᠢᠯᠡᠭᠦᠯᠪᠡ᠃ 40 ᠵᠢᠯ᠎ᠦᠨ ᠲᠤᠷᠰᠢ᠂ ᠲᠡᠷᠡ ᠨᠡᠢ᠌ᠳᠡ 10 ᠲᠦᠮᠡ ᠭᠠᠷᠤᠢ ᠬᠥᠮᠦᠨ ᠤᠳᠠᠭ᠎ᠠ ᠢᠳᠡᠰᠢᠨ ᠨᠤᠭᠤᠭ᠎ᠠ ᠲᠠᠷᠢᠭᠴᠢ ᠳ᠋ᠤ ᠪᠤᠯᠪᠠᠰᠤᠷᠠᠯ ᠬᠦᠷᠳᠡᠭᠡᠵᠤ᠂ ᠠᠯᠪᠠᠨ ᠵᠢᠷᠤᠮ᠎ᠤᠨ ᠲᠤᠬᠠᠢ᠎ᠶ᠋ᠢᠨ ᠲᠠᠯᠠᠪᠠᠢ ᠵᠢᠨ ᠵᠢᠯᠤᠭᠤᠳᠤᠯᠭ᠎ᠠ ᠵᠢ 20 ᠲᠦᠮᠡ ᠱᠢᠬᠠᠮ ᠬᠥᠮᠦᠨ ᠤᠳᠠᠭ᠎ᠠ ᠦᠷᠨᠢᠭᠦᠯᠵᠤ᠂ ᠤᠯᠠᠭᠠᠨᠴᠠᠪ᠎ᠤᠨ ᠬᠦᠢᠳᠡᠨ ᠰᠡᠷᠢᠭᠦᠨ ᠢᠳᠡᠱᠢᠨ ᠨᠣᠭᠣᠭ᠎ᠠ᠎ᠶ᠋ᠢ 2 ᠲᠦᠮᠡᠨ ᠮᠦ᠍᠎ᠡᠴᠡ 70 ᠲᠦᠮᠡᠨ ᠮᠦ᠍ ᠬᠦᠷᠲᠡᠯ᠎ᠡ ᠬᠥᠭ᠌ᠵᠢᠭᠦᠯᠵᠦ᠍᠂ ᠠᠵᠤ ᠠᠬᠤᠢ᠎ᠶ᠋ᠢᠨ ᠦᠷ᠎ᠡ ᠠᠱᠢᠭ᠎ᠢ 20 ᠭᠠᠷᠤᠢ ᠳ᠋ᠦᠩᠱᠢᠭᠤᠷ ᠲᠥᠭᠥᠷᠢᠭ ᠨᠡᠮᠡᠭ᠌ᠳᠡᠭᠦᠯᠵᠦ᠍᠂ ᠲᠠᠷᠢᠶᠠᠴᠢᠳ᠎ᠢ ᠳᠠᠭᠠᠭᠤᠯᠤᠨ ᠬᠦᠢᠳᠡᠨ ᠬᠡᠯᠬᠢᠶᠡᠲᠤ ᠢᠳᠡᠱᠢᠨ ᠨᠣᠭᠣᠭ᠎ᠠ᠎ᠶ᠋ᠢᠨ ᠠᠵᠤ ᠦᠢᠯᠡᠰ᠎ᠦᠨ ᠬᠥᠭ᠌ᠵᠢᠯᠲᠡ᠎ᠶ᠋ᠢᠨ ᠳᠠᠷᠳᠠᠩ ᠵᠠᠮ᠎ᠢᠶᠠᠷ ᠵᠠᠮᠨᠠᠭᠤᠯᠪᠠ᠃ ᠬᠦᠶ᠋ᠲᠡᠨ ᠰᠡᠷᠢᠭᠦᠨ ᠢᠳᠡᠱᠢᠨ ᠨᠣᠭᠣᠭ᠎ᠠ ᠣᠲᠣ ᠨᠢᠭᠡᠨᠲᠡ ᠮᠠᠨ᠎ᠤ ᠤᠯᠤᠰ᠎ᠤᠨ ᠵᠡᠭᠦᠨ ᠬᠣᠢᠲᠤ ᠣᠷᠣᠨ᠂ ᠪᠠᠷᠠᠭᠤᠨ ᠡᠮᠦᠨᠡᠲᠦ ᠣᠷᠣᠨ ᠵᠡᠷᠭᠡ ᠬᠦᠶ᠋ᠲᠡᠨ ᠰᠡᠷᠢᠬᠥᠨ ᠭᠠᠵᠠᠷ ᠣᠷᠣᠨ᠎ᠳᠤ ᠬᠦᠷᠲᠡᠯ᠎ᠡ ᠥᠷᠭᠡᠵᠢᠨ ᠳᠡᠯᠭᠡᠷᠡᠵᠦ᠍᠂ ᠴᠥᠮ ᠰᠠᠢᠨ ᠰᠠᠢᠬᠠᠨ ᠬᠥᠭ᠌ᠵᠢᠯᠲᠡ᠎ᠶ᠋ᠢᠨ ᠢᠷᠡᠭᠡᠳᠦᠶ᠎ᠲᠡᠶ ᠪᠤᠯᠵᠠᠢ᠃
《ᠤᠯᠤᠰ᠎ᠠᠴᠠ ᠤᠯᠠᠨ ᠢᠷᠠᠭᠤ ᠠᠯᠳᠠᠷ ᠣᠯᠭᠣᠭ᠍ᠰᠠᠨ ᠨᠢ ᠨᠠᠳᠠ᠎ᠳᠤ ᠠᠪᠴᠤ᠌ ᠬᠡᠯᠡᠪᠡᠯ ᠲᠠᠷᠤᠭᠠᠰᠤ ᠪᠤᠯᠬᠤ ᠪᠦᠭᠡᠳ ᠪᠠᠰᠠ ᠬᠥᠳᠡᠯᠭᠡᠬᠦ᠌ ᠬᠦᠴᠦᠨ ᠪᠣᠯᠤᠨ᠎ᠠ᠃ ᠪᠢ ᠲᠠᠷᠠᠭᠠᠴᠢ ᠪᠡᠷ ᠪᠠᠰᠠ ᠲᠤᠤᠷᠠᠬᠢ ᠭᠤᠷᠪᠠᠨ ᠠᠵᠢᠯ ᠢ᠋ ᠰᠠᠢᠳᠤᠷ ᠬᠢᠬᠦ ᠪᠡᠷ ᠲᠦᠯᠦᠪᠯᠠᠵᠤ ᠪᠠᠢᠨ᠎ᠠ᠃ ᠨᠢᠭᠡ ᠨᠢ᠂ ᠬᠢᠯᠢ᠎ᠶ᠋ᠢᠨ ᠱᠤᠭᠤᠮ ᠳᠡᠭᠡᠷᠡᠬᠢ ᠪᠣᠶ ᠪᠥᠬᠥᠶ ᠬᠢᠯᠢ ᠵᠢᠨ ᠬᠠᠮᠠᠭᠠᠯᠠᠯᠲᠠ᠎ᠶ᠋ᠢᠨ ᠮᠠᠯᠴᠢᠳ᠎ᠲᠤ ᠥᠪᠡᠷ᠎ᠦᠨ ᠳᠠᠷᠢᠭ᠍ᠰᠠᠨ ᠱᠢᠨ᠎ᠡ ᠰᠣᠷᠭᠣᠭ ᠢᠳᠡᠱᠢᠨ ᠨᠣᠭᠣᠭ᠎ᠠ ᠪᠠᠨ ᠢᠳᠡᠭᠦᠯᠤᠨᠠ;ᠬᠣᠶᠠᠳᠤᠭᠠᠷ᠎ᠲᠤ᠂ ᠮᠠᠨ᠎ᠤ ᠤᠯᠤᠰ᠎ᠤᠨ ᠪᠠᠷᠠᠭᠤᠨ ᠬᠣᠢᠲᠤ ᠣᠷᠣᠨ᠎ᠳᠤ ᠢᠳᠡᠱᠢᠨ ᠨᠣᠭᠣᠭ᠎ᠠ ᠲᠠᠷᠢᠬᠤ ᠱᠢᠨ᠎ᠡ ᠮᠡᠷᠭᠡᠵᠢᠯ᠎ᠢ ᠳᠡᠯᠭᠡᠷᠡᠭᠦᠯᠵᠦ᠍᠂ ᠨᠡᠩ ᠤᠯᠠᠨ ᠮᠠᠯᠴᠢᠨ ᠲᠠᠷᠢᠶᠠᠴᠢᠨ᠎ᠳᠤ ᠠᠱᠢᠭ ᠬᠦᠷᠲᠡᠭᠡᠨ᠎ᠡ; ᠪᠠᠰᠠ ᠨᠢᠭᠡ ᠨᠢ᠂ ᠰᠠᠢ᠌ᠨ ᠡᠭᠦᠯᠳᠡᠷ᠎ᠢ ᠤᠯᠤᠰ᠎ᠲᠠᠭᠠᠨ ᠦᠢᠯᠡᠳᠪᠦᠷᠢᠯᠡᠬᠦ᠌ ᠲᠠᠯ᠎ᠠ᠎ᠪᠠᠷ ᠥᠷᠭᠡᠰᠦᠲᠦ ᠨᠣᠭᠣᠭ᠎ᠠ ᠪᠠ ᠨᠣᠭᠣᠭᠠᠨ ᠴᠡᠴᠡᠭ᠌ᠲᠦ ᠨᠣᠭᠣᠭ᠎ᠠ᠎ᠶ᠋ᠢᠨ ᠰᠠᠢ᠌ᠨ ᠡᠭᠦᠯᠳᠡᠷ᠎ᠢ ᠪᠣᠢᠵᠢᠭᠤᠯᠬᠤ᠂ ᠳᠡᠯᠭᠡᠷᠡᠭᠦᠯᠬᠦ᠌ ᠠᠵᠢᠯ᠎ᠢ ᠰᠠᠢᠲᠤᠷ ᠪᠡᠶᠡᠯᠡᠭᠦᠯᠦᠨ᠎ᠡ》 ᠬᠡᠵᠤ ᠭᠤᠸᠠᠨ ᠬᠣᠶ ᠮᠢᠩ ᠰᠤᠷᠪᠤᠯᠵᠢᠯᠠᠭ᠍ᠴᠢ᠎ᠳᠤ ᠶᠠᠷᠢᠨ᠎ᠠ᠃
ᠣᠯᠠᠨ ᠵᠢᠯ᠎ᠦᠨ ᠲᠤᠷᠰᠢ ᠂ ᠭᠤᠸᠠᠨ ᠬᠣᠶ ᠮᠢᠩ ᠤᠷᠢᠳ ᠬᠣᠵᠢᠳ ᠥᠪᠡᠷᠲᠡᠭᠡᠨ ᠵᠠᠰᠠᠬᠤ ᠣᠷᠣᠨ᠎ᠤ ᠲᠣᠪᠣᠢᠮ᠎ᠠ ᠬᠤᠪᠢ ᠨᠡᠮᠡᠷᠢ ᠦᠵᠡᠭᠦᠯᠦᠭ᠌ᠰᠡᠨ ᠢᠳᠡᠷ ᠵᠠᠯᠠᠭᠤ ᠲᠤᠰᠭᠠᠶ ᠮᠡᠷᠭᠡᠵᠢᠯᠲᠡᠨ᠂ ᠥᠪᠡᠷᠲᠡᠭᠡᠨ ᠵᠠᠰᠠᠬᠤ ᠣᠷᠣᠨ᠎ᠤ ᠬᠥᠳᠡᠯᠮᠦᠷᠢ᠎ᠶ᠋ᠢᠨ ᠵᠢᠱ᠌ᠢᠶᠡᠴᠢ᠂ ᠪᠥᠬᠥ᠌ ᠤᠯᠤᠰ᠎ᠤᠨ ᠱᠢᠯᠢᠳᠡᠭ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠣᠨᠴᠠ ᠲᠣᠮᠢᠯᠠᠭ᠍ᠳᠠᠭᠴᠢ᠂ ᠣᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ UNDP ᠲᠥᠷᠥᠯ ᠵᠦᠶ᠋ᠯ᠎ᠦᠨ ᠱᠢᠯᠢᠳᠡᠭ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠣᠨᠴᠠ ᠲᠣᠮᠢᠯᠠᠭ᠍ᠳᠠᠭ᠍ᠴᠢ᠂ ᠪᠥᠬᠥ᠌ ᠤᠯᠤᠰ᠎ᠤᠨ ᠠᠷᠪᠠᠨ ᠱᠢᠯᠢᠳᠡᠭ ᠬᠠᠤᠯᠢ᠎ᠶ᠋ᠢᠨ ᠡᠷᠬᠡᠲᠡᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠣᠨᠴᠠ ᠲᠣᠮᠢᠯᠠᠭ᠍ᠳᠠᠭ᠍ᠴᠢ᠂ ᠠᠩᠬᠠᠳᠤᠭᠠᠷ ᠬᠤᠭᠤᠴᠠᠭᠠᠨ᠎ᠤ ᠳᠤᠮᠳᠠᠳᠤ ᠤᠯᠤᠰ᠎ᠤᠨ ᠢᠳᠡᠱᠢᠨ ᠨᠣᠭᠣᠭ᠎ᠠ᠎ᠶ᠋ᠢᠨ ᠠᠵᠤ ᠦᠶ᠋ᠯᠡᠰ᠎ᠦᠨ ᠭᠠᠷᠮᠠᠭᠠᠶ ᠬᠥᠮᠦᠨ᠂ ᠪᠥᠬᠥ᠌ ᠤᠯᠤᠰ᠎ᠤᠨ ᠲᠡᠷᠢᠭᠦᠨ᠎ᠦ ᠠᠵᠢᠯᠲᠠᠨ᠂ ᠪᠥᠬᠥ᠌ ᠤᠯᠤᠰ᠎ᠤᠨ ᠶᠣᠰᠣ ᠰᠤᠷᠲᠠᠬᠤᠨ᠎ᠤ ᠵᠢᠱ᠌ᠢᠶᠡᠴᠢ᠎ᠶ᠋ᠢᠨ ᠨᠡᠷ᠎ᠡ ᠳᠤᠷᠠᠳᠤᠭ᠍ᠳᠠᠭ᠍ᠰᠠᠨ ᠱᠠᠩᠨᠠᠯ ᠬᠦᠷᠲᠡᠭ᠌ᠴᠢ ᠵᠡᠷᠭᠡ ᠦᠶ ᠣᠯᠠᠨ ᠢᠷᠠᠭᠤ ᠠᠯᠳᠠᠷ ᠢ᠋ ᠭᠥᠷᠳᠡᠪᠡ᠃