ᠰᠢᠯᠢ ᠵᠢᠨ ᠭᠤᠤᠯ ᠠᠢᠮᠠᠭ᠄ ᠡᠭᠦᠷᠭᠡ ᠬᠠᠷᠢᠭᠤᠴᠠᠯᠭ᠎ᠠ ᠪᠡᠨ ᠪᠠᠲᠤ ᠴᠡᠭᠡᠵᠢᠯᠡᠵᠦ ᠦᠨᠳᠦᠰᠦᠳᠡᠨ᠎ᠤ ᠪᠦᠯᠬᠦᠮᠳᠡᠯ ᠲᠠᠪᠰᠢᠯᠳᠠ ᠵᠢᠨ ᠴᠡᠴᠡᠭᠡᠰ᠎ᠢ ᠤᠮᠠᠷᠠᠳᠤ ᠬᠢᠯᠢ᠎ᠳᠤ ᠲᠡᠯᠭᠡᠷᠡᠭᠦᠯᠦᠨ᠎ᠡ
2025-06-11 11:15:40
ᠵᠣᠬᠢᠶᠠᠭ᠍ᠴᠢ᠄
ᠪᠢᠯᠢᠭᠪᠡᠭᠠᠳᠤᠷ
ᠣᠩᠱᠢᠭ᠍ᠰᠠᠨ ᠣᠳᠠᠭ᠎ᠠ᠄
★★★☆☆

ᠤᠢᠷ᠎ᠠ᠎ᠳᠤ᠂ 《ᠨᠠᠮ᠎ᠤᠨ ᠬᠡᠷᠡᠯ ᠭᠢᠯᠪᠠᠭ᠎ᠠ ᠤᠮᠠᠷᠠᠲᠤ ᠬᠢᠯᠢ᠎ᠶ᠋ᠢ ᠭᠡᠢᠭᠦᠯᠵᠦ᠍᠂ ᠪᠡᠭᠡᠵᠢᠩ ᠥᠪᠥᠷ ᠮᠣᠩᠭᠣᠯ ᠬᠠᠮᠳᠤ ᠪᠡᠷ ᠢᠷᠠᠭᠤ ᠬᠠᠭᠤᠳᠠᠰᠤ᠎ᠶ᠋ᠢ ᠵᠢᠷᠤᠭ᠍ᠯᠠᠶ᠎ᠠ》 ᠰᠡᠳᠦᠪᠲᠦ 2025 ᠪᠡᠭᠡᠵᠢᠩ • ᠥᠪᠥᠷ ᠮᠣᠩᠭᠣᠯ᠎ᠤᠨ ᠱᠢᠯᠢ᠎ᠶ᠋ᠢᠨ ᠭᠤᠤᠯ ᠠᠢᠮᠠᠭ᠎ᠤᠨ ᠡᠷᠢᠶᠡᠨ ᠬᠣᠲᠠ᠂ ᠰᠥᠨᠢᠳ ᠵᠡᠭᠦᠨ ᠬᠣᠱᠢᠭᠤ᠂ ᠰᠥᠨᠢᠳ ᠪᠠᠷᠠᠭᠤᠨ ᠬᠣᠱᠢᠭᠤᠨ᠎ᠤ 《ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠠᠵᠢᠯ᠎ᠤᠨ ᠦᠷ᠎ᠡ ᠪᠦᠲᠦᠭᠡᠯ᠎ᠦᠨ ᠬᠠᠷᠢᠭᠤ ᠮᠡᠳᠡᠭᠦᠯᠦᠯᠲᠡ᠎ᠶ᠋ᠢᠨ ᠦᠵᠡᠰᠭᠦᠯᠡᠩ》 ᠤ᠋ᠨ ᠰᠢᠷᠢᠰ ᠠᠵᠢᠯᠯᠠᠭ᠎ᠠ ᠪᠡᠭᠡᠵᠢᠩ᠎ᠦᠨ ᠦᠨᠳᠦᠰᠦᠲᠡᠨ᠎ᠦ ᠰᠣᠶᠣᠯ᠎ᠤᠨ ᠣᠷᠳᠣᠨ᠎ᠳᠤ ᠦᠷᠭᠡᠨ ᠲᠡᠯᠭᠡᠷ ᠪᠤᠯᠵᠦ ᠦᠡᠭᠭᠡᠷᠡᠭᠰᠡᠨ ᠶᠤᠮ᠃

ᠡᠨᠡᠬᠦ ᠠᠵᠢᠯᠯᠠᠭ᠎ᠠ᠎ᠶ᠋ᠢᠨ ᠬᠤᠭᠤᠴᠠᠭᠠᠨ᠎ᠳᠤ ᠲᠣᠰ ᠠᠢᠮᠠᠭ᠎ᠤᠨ ᠬᠣᠶᠠᠷ ᠬᠣᠱᠢᠭᠤ ᠨᠢᠭᠡ ᠬᠣᠲᠠ 《ᠠᠷᠠᠳ᠎ᠠᠴᠠ ᠡᠵᠡᠩᠨᠡᠭ᠌ᠰᠡᠨ ᠠᠵᠤ ᠠᠬᠤᠢᠯᠠᠯ ᠬᠢᠯᠢ ᠬᠢᠵᠠᠭᠠᠷ ᠣᠷᠣᠨ᠎ᠳᠤ ᠣᠷᠣᠬᠤ》 ᠠᠷᠠᠯᠵᠢᠶᠠᠴᠢᠨ ᠤᠷᠢᠬᠤ ᠨᠡᠢᠭᠡᠮᠯᠢᠭ᠂ ᠵᠢᠭᠤᠯᠴᠢᠯᠠᠯ᠎ᠤᠨ ᠲᠠᠨᠢᠯᠴᠠᠭᠤᠯᠭ᠎ᠠ᠎ᠶ᠋ᠢᠨ ᠬᠤᠷᠠᠯ᠂ ᠤᠯᠠᠭᠠᠨᠮᠥ᠋ᠴᠢᠷ᠎ᠦᠨ ᠲᠣᠭ᠍ᠯᠠᠯᠲᠠ᠂ ᠭᠠᠵᠠᠷ ᠣᠷᠣᠨ᠎ᠤ ᠠᠮᠲᠠᠲᠤ ᠢᠳᠡᠭᠡᠨ᠎ᠦ ᠨᠠᠢᠷ ᠵᠡᠷᠭᠡ ᠠᠵᠢᠯᠯᠠᠭ᠎ᠠ ᠶᠠᠪᠤᠭᠳᠠᠭᠤᠯᠵᠦ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ᠂ ᠠᠷᠠᠳ᠎ᠤᠨ ᠵᠠᠩ ᠦᠶ᠋ᠯᠡ ᠰᠣᠶᠣᠯ᠎ᠤᠨ ᠤᠯᠠᠮᠵᠢᠯᠠᠯ᠂ ᠰᠣᠶᠣᠯ ᠵᠢᠭᠤᠯᠴᠢᠯᠠᠯ᠎ᠤᠨ ᠬᠥᠭ᠌ᠵᠢᠯᠲᠡ ᠵᠡᠷᠭᠡ ᠲᠠᠯ᠎ᠠ᠎ᠶ᠋ᠢᠨ ᠲᠤᠪᠤᠢᠮ᠎ᠠ ᠦᠷ᠎ᠡ ᠪᠦᠲᠦᠭᠡᠯ ᠪᠠ ᠵᠢᠱ᠌ᠢᠶᠡᠴᠢ ᠦᠶ᠋ᠯᠡᠳᠦᠯᠭᠡ᠎ᠶ᠋ᠢ ᠲᠥᠪᠯᠡᠷᠡᠭᠦᠯᠦᠨ ᠳᠡᠯᠭᠡᠨ ᠦᠵᠡᠭᠦᠯᠵᠡᠶ᠃

《ᠠᠵᠢᠯᠯᠠᠭ᠎ᠠ ᠵᠢᠨ ᠲᠤᠮᠳᠠ ᠪᠢᠳᠡ ᠱᠢᠯᠢ᠎ᠶ᠋ᠢᠨ ᠭᠤᠤᠯ ᠠᠢᠮᠠᠭ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ ᠠᠵᠢᠯ᠎ᠤᠨ ᠦᠷ᠎ᠡ ᠪᠦᠲᠦᠭᠡᠯ᠎ᠢ ᠪᠦᠲᠦᠮᠵᠢᠲᠡᠶ ᠤᠬᠠᠭᠤᠯᠵᠤ᠂ ᠬᠠᠨᠤᠮᠵᠢᠲᠠᠢ ᠰᠠᠢᠨ ᠦᠷ᠎ᠡ ᠪᠦᠲᠦᠮᠵᠢ ᠣᠯᠵᠠᠶ》᠃ ᠱᠢᠯᠢ᠎ᠶ᠋ᠢᠨ ᠭᠤᠤᠯ ᠠᠢᠮᠠᠭ᠎ᠤᠨ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ᠎ᠦᠨ ᠳᠡᠳ᠋ ᠡᠷᠬᠢᠯᠡᠭ᠌ᠴᠢ ᠰᠦ᠍ ᠶᠤᠸᠠᠢ ᠰᠥᠩ ᠰᠤᠷᠪᠤᠯᠵᠢᠯᠠᠭ᠍ᠴᠢ᠎ᠳᠤ ᠬᠡᠯᠡᠬᠦ᠌᠎ᠳᠡᠭᠡᠨ᠂ ᠲᠣᠰ ᠠᠢᠮᠠᠭ ᠨᠢ ᠨᠢᠭᠡᠨᠲᠡ ᠦᠨᠳᠦᠰᠦᠲᠡᠨ᠎ᠦ ᠰᠣᠶᠣᠯ᠎ᠤᠨ ᠣᠷᠳᠣᠨ᠎ᠯᠤᠭ᠎ᠠ ᠬᠠᠮᠲᠤᠷᠠᠨ ᠠᠵᠢᠯᠯᠠᠵᠤ ᠬᠠᠮᠲᠤ᠎ᠪᠠᠷ ᠪᠠᠢᠭᠤᠯᠬᠤ ᠬᠡᠯᠡᠯᠴᠡᠭᠡᠷ ᠲᠣᠭ᠍ᠲᠠᠵᠤ᠂ 6 ᠰᠠᠷ᠎ᠠ ᠪᠠ 7 ᠰᠠᠷ᠎ᠠ᠎ᠳᠤ ᠪᠤᠰᠤᠳ ᠬᠣᠱᠢᠭᠤ ᠱᠢᠶᠠᠨ ᠬᠣᠲᠠ ᠲᠣᠭᠣᠷᠢᠭ᠎ᠢ ᠵᠣᠬᠢᠶᠠᠨ ᠪᠠᠢᠭᠤᠯᠤᠨ ᠵᠠᠯᠭᠠᠭ᠎ᠠ᠎ᠪᠠᠷ ᠪᠡᠭᠡᠵᠢᠩ᠎ᠳᠦ ᠬᠦᠷᠴᠦ᠍ ᠦᠷ᠎ᠡ ᠪᠦᠲᠦᠭᠡᠯ᠎ᠦᠨ ᠦᠵᠡᠭᠦᠯᠭᠡ ᠡᠷᠭᠢᠯᠡᠵᠦ᠍᠂ ᠱᠢᠯᠢ᠎ᠶ᠋ᠢᠨ ᠭᠤᠤᠯ ᠠᠢᠮᠠᠭ᠎ᠤᠨ ᠲᠦᠷᠦᠯ ᠲᠡᠮᠳᠡᠭ᠎ᠢ ᠨᠡᠢᠭᠡᠮ ᠨᠡᠢᠲᠡ᠎ᠳᠤ ᠲᠠᠨᠢᠭᠤᠯᠵᠦ᠂ ᠱᠢᠯᠢ᠎ᠶ᠋ᠢᠨ ᠭᠤᠤᠯ ᠠᠢᠮᠠᠭ᠎ᠤᠨ ᠳᠦᠷᠢ ᠲᠥᠷᠬᠦ᠌᠎ᠶ᠋ᠢ ᠤᠬᠠᠭᠤᠯᠤᠨ᠎ᠠ ᠭᠡᠵᠤ ᠪᠠᠢᠯ᠎ᠠ᠃

2022 ᠣᠨ᠎ᠤ 5 ᠰᠠᠷ᠎ᠠ᠂ ᠰᠢᠯᠢ ᠵᠢᠨ ᠭᠤᠤᠯ ᠠᠢᠮᠠᠭ ᠪᠦᠬᠦ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠵᠢᠱ᠌ᠢᠢ᠎ᠡ ᠦᠵᠡᠭᠦᠯᠬᠦ᠌ ᠠᠢᠮᠠᠭ᠎ᠢ ᠡᠭᠦᠳᠦᠨ ᠪᠠᠢᠭᠤᠯᠬᠤ ᠠᠵᠢᠯ᠎ᠢ ᠪᠦᠬᠦ᠌ ᠲᠠᠯ᠎ᠠ᠎ᠪᠠᠷ ᠡᠬᠢᠯᠡᠭᠦᠯᠦᠭ᠌ᠰᠡᠨ᠎ᠡᠴᠡ ᠨᠠᠭᠠᠰᠢ᠂ ᠵᠢᠱ᠌ᠢᠢ᠎ᠡ ᠦᠵᠡᠭᠦᠯᠬᠦ᠌᠂ ᠪᠣᠳᠠᠲᠤ ᠦᠷ᠎ᠡ ᠪᠦᠲᠦᠮᠵᠢ᠎ᠪᠡᠷ ᠭᠣᠣᠯᠳᠠᠭᠤᠯᠵᠤ᠂ ᠡᠭᠦᠳᠦᠨ ᠪᠠᠢᠭᠤᠯᠬᠤ ᠭᠣᠣᠯ ᠰᠡᠳᠦᠪ᠎ᠢ ᠬᠦᠴᠦᠯᠡᠨ ᠲᠤᠪᠤᠢ᠌ᠯᠭᠠᠵᠤ᠂ 《ᠨᠢᠭᠡ ᠬᠤᠩᠬᠢᠯ ᠨᠢᠭᠡ ᠪᠦᠰᠡ ᠲᠦᠷᠪᠡᠨ ᠰᠠᠭᠤᠷᠢᠨ》᠎ᠤ ᠪᠦᠳᠦᠭᠡᠨ ᠪᠠᠢᠭᠤᠯᠤᠯᠲᠠ᠎ᠪᠠᠷ ᠵᠢᠯᠣᠭᠣᠳᠤᠮᠵᠢ ᠪᠣᠯᠭᠠᠵᠤ᠂ ᠪᠦᠬᠦ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠵᠢᠱ᠌ᠢᠢ᠎ᠡ ᠦᠵᠡᠭᠦᠯᠬᠦ᠌ ᠠᠢᠮᠠᠭ᠎ᠢ ᠡᠭᠦᠳᠦᠨ ᠪᠠᠢᠭᠤᠯᠬᠤ ᠠᠵᠢᠯ᠎ᠢ ᠬᠦᠴᠦᠯᠡᠨ᠎ᠠᠬᠢᠭᠤᠯᠵᠠᠢ᠃

ᠱᠢᠯᠢ᠎ᠶ᠋ᠢᠨ ᠭᠣᠣᠯ ᠠᠢᠮᠠᠭ ᠢᠮᠠᠭ᠍ᠲᠠ ᠨᠠᠮ᠎ᠤᠨ ᠤᠳᠤᠷᠢᠳᠤᠯᠭ᠎ᠠ᠎ᠶ᠋ᠢ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌ ᠪᠦᠬᠦ᠌ ᠶᠠᠪᠤᠴᠠ᠎ᠳᠤ ᠲᠤᠭᠤᠱᠢᠯᠠᠭᠤᠯᠵᠤ᠂ ᠦᠨᠳᠦᠰᠦᠲᠡᠨ᠎ᠦ ᠪᠦᠯᠬᠦᠮᠳᠡᠯ᠎ᠢ ᠴᠢᠩᠭᠠᠳᠭᠠᠬᠤ ᠡᠯ᠎ᠡ ᠲᠠᠯ᠎ᠠ᠎ᠳᠤ ᠢᠯᠡᠷᠡᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠭᠣᠣᠯ ᠱᠢᠵᠢᠮ᠎ᠢ ᠡᠭᠦᠳᠦᠨ ᠪᠠᠢᠭᠤᠯᠬᠤ ᠠᠵᠢᠯ᠎ᠤᠨ ᠪᠦᠬᠦ᠌ ᠶᠠᠪᠤᠴᠠ ᠡᠯ᠎ᠡ ᠲᠠᠯ᠎ᠠ᠎ᠳᠤ ᠲᠤᠭᠤᠱᠢᠯᠠᠭᠤᠯᠬᠤ᠎ᠶ᠋ᠢ ᠪᠠᠷᠢᠮᠲᠠᠯᠠᠨ᠂ 79 ᠰᠤᠮᠤ ᠱᠢᠶᠠᠩ ᠪᠠᠯᠭᠠᠰᠤ᠂ 1024 ᠭᠠᠴᠠᠭ᠎ᠠ ᠲᠣᠰᠭᠣᠨ (ᠨᠡᠢᠭᠡᠮ ᠲᠤᠭᠤᠷᠢᠭ)᠎ᠤ ᠦᠨᠳᠦᠰᠦᠲᠡᠨ᠎ᠦ ᠠᠵᠢᠯ᠎ᠤᠨ ᠬᠤᠯᠪᠤᠭᠠᠴᠢᠨ᠎ᠤ ᠦᠢᠯᠡᠳᠦᠯ᠎ᠢ ᠰᠠᠢᠲᠤᠷ ᠪᠠᠳᠠᠷᠠᠭᠤᠯᠵᠤ᠂ 《ᠬᠠᠷᠢᠭᠤᠴᠠᠯᠭ᠎ᠠ᠎ᠶ᠋ᠢ ᠬᠠᠷᠢᠯᠴᠠᠨ ᠬᠣᠯᠪᠣᠬᠤ᠂ ᠴᠢᠳᠠᠮᠵᠢ᠎ᠶ᠋ᠢ ᠬᠠᠷᠢᠯᠴᠠᠨ ᠨᠥᠬᠥᠪᠥᠷᠢᠯᠡᠬᠦ᠌᠂ ᠵᠣᠬᠢᠴᠠᠭᠤᠯᠤᠨ ᠬᠤᠷᠱᠢᠯᠴᠠᠬᠤ》 ᠡᠭᠦᠳᠦᠨ ᠪᠠᠢᠭᠤᠯᠬᠤ ᠠᠵᠢᠯ᠎ᠤᠨ ᠲᠣᠣᠷ᠎ᠢ ᠪᠠᠢᠭᠤᠯᠪᠠ᠃

ᠢᠡᠭᠭᠢᠭᠰᠡᠨ ᠰᠠᠭᠤᠷᠢᠨ ᠳᠡᠭᠡᠷ᠎ᠡ᠂ ᠲᠣᠰ ᠠᠢᠮᠠᠭ 1103 ᠺᠢᠯᠣᠮᠧᠲ᠋ᠷ ᠬᠢᠯᠢ᠎ᠶ᠋ᠢᠨ ᠱᠤᠭᠤᠮ᠎ᠤᠨ ᠪᠣᠳᠠᠲᠤ ᠪᠠᠢᠳᠠᠯ᠎ᠳᠤ ᠰᠠᠭᠤᠷᠢᠯᠠᠨ᠂ 5 ᠬᠢᠯᠢ᠎ᠶ᠋ᠢᠨ ᠬᠣᠱᠢᠭᠤ ᠬᠣᠲᠠ᠎ᠳᠤ 《ᠨᠠᠮ᠎ᠤᠨ ᠠᠴᠢ᠎ᠶ᠋ᠢ ᠬᠠᠷᠢᠭᠤᠯᠠᠬᠤ᠂ ᠨᠠᠮ᠎ᠤᠨ ᠦᠭᠡ᠎ᠶ᠋ᠢ ᠰᠣᠨᠣᠰᠭᠤ᠂ ᠨᠠᠮ᠎ᠢᠶᠠᠨ ᠳᠠᠭᠠᠨ ᠤᠷᠤᠭᠰᠢᠯᠠᠬᠤ》 ᠣᠯᠠᠨ ᠲᠦᠮᠡᠨ᠎ᠦ ᠬᠥᠮᠦᠵᠢᠯ ᠦᠶ᠋ᠯᠡᠳᠦᠯᠭᠡ᠎ᠶ᠋ᠢᠨ ᠠᠵᠢᠯᠯᠠᠭ᠎ᠠ᠂ 《ᠤᠯᠤᠰ᠎ᠤᠨ ᠲᠣᠭ ᠬᠢᠯᠢ᠎ᠶ᠋ᠢᠨ ᠪᠣᠭᠣᠮᠲᠠ᠎ᠶ᠋ᠢ ᠭᠡᠢᠭᠦᠯᠬᠦ᠌》 ᠰᠦᠭ ᠰᠦᠨᠡᠰᠦ᠎ᠶ᠋ᠢ ᠴᠣᠭ᠍ᠴᠠᠯᠠᠬᠤ ᠢᠨᠵᠧᠨᠧᠷᠢᠩ᠎ᠢ ᠭᠦᠨᠵᠡᠭᠡᠶ ᠥᠷᠨᠢᠭᠦᠯᠵᠦ᠍᠂ ᠬᠢᠯᠢ᠎ᠶ᠋ᠢ ᠰᠠᠬᠢᠵᠤ ᠬᠢᠯᠢ᠎ᠶ᠋ᠢ ᠪᠡᠬᠢᠵᠢᠭᠦᠯᠦᠨ ᠬᠢᠯᠢ᠎ᠶ᠋ᠢ ᠬᠥᠭ᠌ᠵᠢᠭᠦᠯᠬᠦ᠌ ᠣᠯᠠᠨ ᠬᠡᠯᠪᠡᠷᠢ ᠮᠠᠶᠢᠭ᠎ᠤᠨ ᠭᠤᠤᠯ ᠰᠡᠳᠦᠪᠲᠦ ᠠᠵᠢᠯᠯᠠᠭ᠎ᠠ᠎ᠶ᠋ᠢ 1000 ᠭᠠᠷᠤᠶ ᠤᠳᠠᠭ᠎ᠠ ᠡᠷᠭᠢᠯᠡᠵᠠᠢ᠃ ᠡᠭᠦᠨ᠎ᠦ ᠬᠠᠮᠲᠤ᠂ ᠬᠢᠯᠢ᠎ᠶ᠋ᠢᠨ ᠪᠤᠰᠤ ᠬᠣᠱᠢᠭᠤ ᠬᠣᠲᠠ᠎ᠶ᠋ᠢ ᠵᠢᠯᠣᠭᠣᠳᠴᠤ᠌  ᠠᠮᠢ ᠠᠬᠤᠶ᠎ᠶ᠋ᠢᠨ ᠣᠷᠴᠢᠨ ᠲᠣᠭᠣᠷᠢᠨ᠎ᠤ ᠬᠠᠮᠠᠭᠠᠯᠠᠯᠲᠠ᠂ ᠰᠣᠶᠣᠯ ᠵᠢᠭᠤᠯᠴᠢᠯᠠᠯ᠂ ᠠᠵᠤ ᠦᠶ᠋ᠯᠡᠰ᠎ᠦᠨ ᠬᠥᠭ᠌ᠵᠢᠯᠲᠡ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠵᠡᠷᠭᠡ᠎ᠪᠡᠷ ᠭᠠᠷᠳᠠᠴᠠ ᠪᠣᠯᠭᠠᠵᠤ᠂ ᠡᠯ᠎ᠡ ᠦᠨᠳᠦᠰᠦᠲᠡᠨ᠎ᠦ ᠪᠦᠯᠬᠦᠮᠳᠡᠯ᠂ ᠬᠠᠷᠢᠯᠴᠠᠨ ᠠᠬᠢᠭᠤᠯᠵᠤ ᠬᠠᠮᠲᠤ᠎ᠪᠠᠷ ᠠᠭᠤᠰᠤᠯᠴᠠᠭ᠍ᠰᠠᠨ ᠲᠡᠦᠬᠡ᠎ᠶ᠋ᠢᠨ ᠪᠣᠳᠠᠲᠤ ᠬᠡᠷᠡᠭ ᠪᠠ ᠪᠣᠳᠠᠲᠤ ᠵᠢᠱ᠌ᠢᠶ᠎ᠡ᠎ᠶ᠋ᠢ ᠭᠦᠨᠵᠡᠭᠡᠶ ᠠᠭᠤᠳᠠᠯᠵᠤ᠂ 《ᠦᠨᠳᠦᠰᠦᠲᠡᠨ᠎ᠦ ᠪᠦᠯᠬᠦᠮᠳᠡᠯ +》 ᠠᠵᠢᠯ᠎ᠤᠨ ᠲᠥᠷᠥᠯ ᠲᠡᠮᠳᠡᠭ᠎ᠢ ᠢᠳᠡᠪᠬᠢᠲᠡᠶ ᠪᠣᠶ ᠪᠣᠯᠭᠠᠵᠤ᠂ ᠥᠩᠭᠡ ᠢᠯᠭᠠᠷᠠᠭ᠍ᠰᠠᠨ ᠲᠣᠰ ᠲᠣᠰ᠎ᠤᠨ ᠣᠨᠴᠠᠯᠢᠭ᠎ᠲᠠᠶ ᠡᠭᠦᠳᠦᠨ ᠪᠠᠢᠭᠤᠯᠬᠤ ᠪᠠᠢᠳᠠᠯ᠎ᠢ ᠲᠠᠰᠤᠷᠠᠯᠲᠠ ᠥᠬᠡᠶ ᠪᠣᠶ ᠪᠣᠯᠭᠠᠵᠠᠢ᠃

ᠪᠦᠬᠦ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠠᠢᠮᠠᠭ᠎ᠢ ᠡᠭᠦᠳᠦᠨ ᠪᠠᠢᠭᠤᠯᠬᠤ ᠠᠵᠢᠯ᠎ᠤᠨ ᠳᠤᠮᠳᠠ᠂ ᠱᠢᠯᠢ᠎ᠶ᠋ᠢᠨ ᠭᠤᠤᠯ ᠠᠢᠮᠠᠭ 《ᠰᠠᠬᠢᠨ ᠪᠡᠷᠡᠯᠡᠵᠦ᠍ ᠬᠠᠷᠢᠯᠴᠠᠨ ᠬᠠᠪᠰᠤᠷᠤᠯᠴᠠᠬᠤ》 ᠵᠢ ᠦᠷᠭᠦᠯᠵᠢᠯᠡᠨ ᠠᠬᠢᠭᠤᠯᠵᠦ᠂ 《ᠬᠤᠪᠢᠰᠭᠠᠯᠲᠤ ᠤᠳᠭ᠎ᠠ ᠤᠷᠠᠯᠢᠭ᠎ᠤᠨ ᠬᠥᠩᠭᠡᠨ ᠮᠣᠷᠢᠲᠤ ᠴᠡᠷᠢᠭ》 ᠤ᠋ᠨ ᠤᠯᠠᠭᠠᠨᠮᠥ᠋ᠴᠢᠷ᠂ ᠲᠢᠩ ᠪᠠᠭᠠᠲᠤᠷ᠎ᠤᠨ ᠲᠡᠷᠢᠭᠦᠨ᠎ᠦ ᠦᠶ᠋ᠯᠡ ᠠᠵᠢᠯᠯᠠᠭ᠎ᠠ᠂ 《ᠭᠤᠷᠪᠠᠨ ᠮᠢᠩᠭᠠᠨ ᠥᠨᠥᠴᠢᠨ ᠬᠡᠦᠬᠡᠳ ᠥᠪᠥᠷ ᠮᠣᠩᠭᠣᠯ᠎ᠳᠤ ᠢᠷᠡᠭᠰᠡᠨ》 ᠵᠡᠷᠭᠡ ᠪᠡᠷ ᠭᠤᠤᠯ ᠰᠡᠳᠦᠪ ᠪᠣᠯᠭᠠᠪᠠ᠃ ᠠᠢᠮᠠᠭ᠎ᠤᠨ ᠱᠠᠲᠤᠨ᠎ᠤ 4 ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠬᠥᠮᠦᠵᠢᠯ᠎ᠦᠨ ᠰᠠᠭᠤᠷᠢᠨ ᠭᠠᠵᠠᠷ᠎ᠢ ᠪᠠᠢᠭᠤᠯᠵᠦ᠂ ᠤᠷᠢᠳ ᠬᠣᠵᠢᠳ ᠰᠣᠶᠣᠯ᠎ᠤᠨ ᠲᠠᠯᠠᠪᠠᠢ᠂ ᠦᠵᠡᠮᠵᠢ᠎ᠶ᠋ᠢᠨ ᠣᠷᠣᠨ ᠵᠢᠭᠤᠯᠴᠢᠯᠠᠯ᠎ᠤᠨ ᠴᠡᠭ᠂ ᠵᠡᠭᠡᠯᠢ ᠭᠤᠳᠤᠮᠵᠢ᠂ ᠭᠤᠤᠯ ᠰᠡᠳᠦᠪᠲᠦ ᠦᠵᠡᠭᠦᠯᠭᠡ᠎ᠶ᠋ᠢᠨ ᠣᠷᠳᠣᠨ᠎ᠢ ᠪᠠᠢᠭᠤᠯᠵᠦ᠂ ᠭᠤᠤᠯ ᠰᠡᠳᠦᠪ ᠢᠯᠡ ᠲᠣᠳᠣ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠣᠨᠴᠠᠯᠢᠭ᠎ᠢᠶᠠᠷ ᠲᠣᠪᠣᠢᠮ᠎ᠠ ᠵᠢᠱ᠌ᠢᠶ᠎ᠡ ᠦᠵᠡᠭᠦᠯᠬᠦ᠌ ᠴᠡᠭ 160 ᠭᠠᠷᠤᠢ ᠪᠤᠯᠪᠠ᠃

ᠱᠢᠯᠢ᠎ᠶ᠋ᠢᠨ ᠭᠤᠤᠯ ᠠᠢᠮᠠᠭ ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠠᠢᠮᠠᠭ᠎ᠢ ᠡᠭᠦᠳᠦᠨ ᠪᠠᠢᠭᠤᠯᠬᠤ ᠠᠵᠢᠯ᠎ᠢᠶᠠᠨ ᠡᠬᠢᠯᠡᠭᠦᠯᠦᠭ᠌ᠰᠡᠨ᠎ᠡᠴᠡ ᠨᠠᠭᠠᠰᠢ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶ᠋ᠢ ᠨᠢᠭᠡ ᠴᠤᠭ᠍ᠴᠠᠵᠢᠭᠤᠯᠤᠨ ᠬᠠᠮᠠᠭᠠᠯᠠᠬᠤ ᠪᠠ ᠱᠢᠰᠲ᠋ᠧᠮ᠎ᠲᠡᠶ ᠵᠠᠰᠠᠬᠤ᠎ᠶ᠋ᠢ ᠲᠥᠯᠥᠪᠵᠢᠭᠦᠯᠦᠨ ᠠᠬᠢᠭᠤᠯᠵᠤ᠂ ᠬᠤᠯᠠᠨ ᠱᠢᠷᠭ᠎ᠠ ᠲᠠᠭ᠎ᠠ᠎ᠶ᠋ᠢᠨ ᠡᠯᠡᠰᠦᠷᠬᠡᠭ ᠭᠠᠵᠠᠷ᠎ᠢ ᠵᠠᠰᠠᠬᠤ ᠡᠭᠦᠷᠭᠡ᠎ᠶ᠋ᠢ 1000 ᠲᠦᠮᠡᠨ ᠮᠥ᠍ ᠪᠡᠶᠡᠯᠡᠭᠦᠯᠵᠦ᠍᠂ 3 ᠭᠠᠵᠠᠷ ᠣᠷᠣᠨ ᠨᠢ ᠤᠯᠤᠰ᠎ᠤᠨ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠵᠢᠱ᠌ᠢᠶ᠎ᠡ ᠦᠵᠡᠭᠦᠯᠬᠦ᠌ ᠣᠷᠣᠨ᠎ᠢᠶᠠᠷ ᠦᠨᠡᠯᠡᠭ᠌ᠳᠡᠵᠦ᠍᠂ 1 ᠭᠠᠵᠠᠷ ᠣᠷᠣᠨ᠎ᠨᠢ 《ᠨᠤᠮᠢᠨ ᠤᠰᠤ ᠬᠥᠬᠡᠮᠳᠦᠭ ᠠᠭᠤᠯᠠ ᠪᠣᠯ ᠠᠯᠲᠠᠠ ᠠᠭᠤᠯᠠ ᠮᠦᠨᠭᠭᠦᠨ ᠬᠠᠢᠷᠬᠠᠨ ᠮᠦᠨ》 ᠭᠡᠬᠦ᠌ ᠦᠶ᠋ᠯᠡᠳᠦᠯᠭᠡ᠎ᠶ᠋ᠢᠨ ᠱᠢᠨ᠎ᠡ᠎ᠶ᠋ᠢ ᠡᠭᠦᠳᠬᠦ᠌ ᠰᠠᠭᠤᠷᠢᠨ ᠭᠠᠵᠠᠷ᠎ᠢᠶᠠᠷ ᠦᠨᠡᠯᠡᠭ᠌ᠳᠡᠪᠡ᠃ ᠱᠢᠯᠢ᠎ᠶ᠋ᠢᠨ ᠭᠤᠤᠯ ᠬᠣᠨᠢ 《2024 ᠲᠠᠷᠢᠶᠠᠯᠠᠩ᠎ᠤᠨ ᠪᠦᠲᠦᠭᠡᠭ᠌ᠳᠡᠬᠦᠨ᠎ᠦ ᠣᠷᠣᠨ ᠪᠦᠰᠡ᠎ᠶ᠋ᠢᠨ ᠨᠡᠢᠲᠡ᠎ᠶ᠋ᠢᠨ ᠬᠡᠷᠡᠭ᠌ᠯᠡᠭᠡᠨ᠎ᠦ ᠨᠠᠷᠠᠲᠤ ᠲᠡᠮᠳᠡᠭ᠌ᠲᠦ᠍᠎ᠶ᠋ᠢᠨ ᠨᠡᠷᠡᠰ》᠎ᠲᠤ᠌ ᠰᠣᠩᠭᠣᠭ᠍ᠳᠠᠵᠤ᠂ ᠱᠢᠯᠢ᠎ᠶ᠋ᠢᠨ ᠭᠤᠤᠯ ᠴᠠᠭᠠᠨ ᠢᠳᠡᠭᠡᠨ ᠨᠢ 《ᠲᠦᠷᠦᠯ ᠲᠡᠮᠳᠡᠭ᠌ᠲᠦ ᠲᠠᠷᠢᠶᠠᠯᠠᠩ᠎ᠢ ᠬᠥᠭ᠌ᠵᠢᠭᠦᠯᠦᠭ᠌ᠰᠡᠨ ᠨᠡᠢᠲᠡᠯᠢᠭ ᠬᠡᠷᠡᠭ᠎ᠦᠨ ᠵᠢᠱ᠌ᠢᠶ᠎ᠡ》 ᠳ᠋ᠥ᠍ ᠰᠣᠩᠭᠣᠭ᠍ᠳᠠᠪᠠ᠃ ᠪᠦᠬᠦ᠌ ᠤᠯᠤᠰ᠎ᠲᠤ ᠬᠠᠮᠤᠭ᠎ᠤᠨ ᠲᠡᠷᠢᠭᠦᠨ᠎ᠳᠦ ᠮᠤᠵᠢ ᠣᠷᠣᠨ ᠠᠯᠤᠰᠯᠠᠭ᠍ᠰᠠᠨ ᠣᠨᠴᠠ ᠥᠨᠳᠥᠷ ᠬᠦᠴᠦᠳᠡᠯᠲᠦ ᠪᠤᠬᠢᠷᠳᠤᠯ ᠦᠭᠡᠢ ᠴᠠᠬᠢᠯᠭᠠᠨ᠎ᠤ ᠠᠷᠠᠯᠵᠢᠶ᠎ᠠ᠎ᠶ᠋ᠢ ᠥᠷᠨᠢᠭᠦᠯᠵᠦ᠍᠂ ᠱᠢᠨ᠎ᠡ ᠡᠨᠧᠷᠭᠢ᠎ᠶ᠋ᠢᠨ ᠮᠠᠱᠢᠨ ᠴᠣᠭ᠍ᠴᠠᠯᠠᠪᠤᠷᠢ 2288 ᠲᠦᠮᠡᠨ ᠺᠢᠯᠦᠸᠠᠲ᠂ ᠡᠨᠧᠷᠭᠢ ᠬᠠᠳᠠᠭᠠᠯᠠᠬᠤ ᠮᠠᠱᠢᠨ ᠴᠣᠭ᠍ᠴᠠᠯᠠᠪᠤᠷᠢ 195 ᠲᠦᠮᠡᠨ ᠺᠢᠯᠦᠸᠠᠲ ᠪᠠᠢᠵᠤ᠂ ᠴᠥᠮ ᠪᠦᠬᠦ᠌ ᠣᠷᠣᠨ᠎ᠤ ᠲᠡᠷᠢᠭᠦᠨ᠎ᠳᠦ ᠣᠷᠣᠪᠠ᠃

ᠱᠢᠯᠢ᠎ᠶ᠋ᠢᠨ ᠭᠤᠤᠯ ᠠᠢᠮᠠᠭ᠎ᠤᠨ ᠨᠠᠮ᠎ᠤᠨ ᠬᠣᠷᠢᠶᠠᠨ᠎ᠤ ᠨᠢᠭᠡᠳᠦᠮᠡᠯ ᠹᠷᠣᠨᠲ᠎ᠤᠨ ᠬᠡᠯᠲᠡᠰ᠎ᠦᠨ ᠳᠡᠳ᠋ ᠳᠠᠷᠤᠭ᠎ᠠ᠂ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ᠎ᠦᠨ ᠡᠷᠬᠢᠯᠡᠭ᠌ᠴᠢ ᠰᠦᠨ ᡁᠢ ᠵᠢᠶᠠᠨ᠄ 《ᠰᠢᠯᠢ ᠵᠢᠨ ᠭᠤᠤᠯ ᠠᠢᠮᠠᠭ᠎ᠨᠢ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠭᠤᠤᠯ ᠱᠢᠵᠢᠮ ᠯᠤᠭᠡ ᠨᠢᠭ᠍ᠲᠠ ᠤᠶᠠᠯᠳᠤᠭᠤᠯᠤᠨ᠂ ᠭᠤᠤᠯ ᠱᠢᠵᠢᠮ᠎ᠳᠦ ᠠᠩᠬᠠᠷᠤᠯ᠎ᠢᠶᠠᠨ ᠲᠥᠪᠯᠡᠷᠡᠭᠦᠯᠦᠨ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠵᠢᠱ᠌ᠢᠶ᠎ᠡ ᠦᠵᠡᠭᠦᠯᠬᠦ᠌ ᠭᠠᠵᠠᠷ ᠣᠷᠣᠨ᠎ᠢ ᠴᠢᠨᠠᠷ ᠰᠠᠢᠲᠠᠶ ᠠᠬᠢᠭᠤᠯᠬᠤ ᠲᠠᠯ᠎ᠠ᠎ᠪᠠᠷ ᠱᠢᠯᠢ᠎ᠶ᠋ᠢᠨ ᠭᠤᠤᠯ᠎ᠤᠨ ᠬᠦᠴᠦᠨ ᠴᠢᠳᠠᠯ ᠵᠢᠠᠨ ᠡᠷᠭᠦᠨ᠎ᠡ》 ᠭᠡᠯ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号