ᠬᠥᠬᠡᠬᠣᠲᠠ ᠶ᠋ᠢᠨ ᠤᠷᠠᠨ ᠵᠢᠷᠤᠭ ᠤᠷᠠᠨ ᠪᠢᠴᠢᠯᠭᠡ ᠶ᠋ᠢᠨ ᠪᠦᠲᠦᠭᠡᠯ ᠤ᠋ᠨ ᠦᠵᠡᠬᠦᠯᠬᠡ ᠪᠡᠭᠡᠵᠢᠩ ᠳ᠋ᠤ ᠶᠡᠪᠤᠭᠳᠠᠵᠤ ᠪᠠᠢᠨ᠎ᠠ
2025-06-14 11:47:59
ᠵᠣᠬᠢᠶᠠᠭ᠍ᠴᠢ᠄
ᠬᠦᠭᠵᠢᠯᠳᠦ
ᠣᠩᠱᠢᠭ᠍ᠰᠠᠨ ᠣᠳᠠᠭ᠎ᠠ᠄
★★★☆☆

ᠦᠪᠡᠷᠳᠡᠭᠡᠨ ᠵᠠᠰᠠᠬᠤ ᠤᠷᠤᠨ ᠤ᠋ ᠰᠤᠶᠤᠯ ᠪᠠ ᠵᠢᠭᠤᠯᠴᠢᠯᠠᠯ ᠤ᠋ᠨ ᠲᠢᠩᠬᠢᠮ ᠡᠴᠡ ᠤᠢᠯᠠᠭᠠᠭᠰᠠᠨ ᠵᠢᠡᠷ᠂ ᠬᠦᠬᠡᠬᠤᠳᠠ ᠵᠢᠨ ᠰᠤᠶᠤᠯ ᠵᠢᠭᠤᠯᠴᠢᠯᠠᠯ ᠷᠠᠳᠢᠣ᠋ ᠲᠧᠯᠸᠢᠰ ᠲᠤᠪᠴᠢᠶ᠎ᠠ ᠪᠤᠯᠤᠨ ᠲᠤᠮᠳᠠᠳᠦ ᠤᠯᠤᠰ ᠤ᠋ᠨ ᠰᠤᠶᠤᠯ ᠤᠷᠠᠯᠢᠭ ᠤ᠋ᠨ ᠬᠦᠭᠵᠢᠯᠳᠡ ᠵᠢ ᠠᠬᠢᠭᠤᠯᠬᠤ ᠨᠡᠢᠬᠡᠮᠯᠢᠭ ᠡᠴᠡ ᠭᠤᠤᠯᠯᠠᠨ ᠡᠷᠬᠢᠯᠡᠬᠰᠡᠨ《ᠬᠥᠬᠡᠬᠣᠲᠠ ᠶ᠋ᠢᠨ ᠤᠷᠠᠨ ᠵᠢᠷᠤᠭ᠂ ᠤᠷᠠᠨ ᠪᠢᠴᠢᠯᠭᠡ ᠶ᠋ᠢᠨ ᠪᠦᠲᠦᠭᠡᠯ ᠤ᠋ᠨ ᠪᠡᠭᠡᠵᠢᠩ ᠳ᠋ᠡᠬᠢ ᠦᠵᠡᠬᠦᠯᠬᠡ》 ᠵᠢᠴᠢ 《ᠵᠠᠭᠤᠨ ᠵᠢᠷᠤᠭ᠍ᠴᠢᠨ ᠤ᠋ ᠬᠦᠬᠡᠬᠤᠳᠠ ᠵᠢ ᠵᠢᠷᠤᠭᠯᠠᠭᠰᠠᠨ ᠪᠦᠲᠦᠭᠡᠯ ᠤ᠋ᠨ ᠪᠡᠭᠡᠵᠢᠩ ᠳ᠋ᠡᠬᠢ ᠦᠵᠡᠬᠦᠯᠬᠡ》 ᠤᠷᠴᠢᠮᠬᠠᠨ ᠪᠡᠭᠡᠵᠢᠩ ᠬᠤᠳᠠ ᠵᠢᠨ ᠬᠠᠢ ᠳ᠋ᠢᠶᠠᠨ ᠤᠷᠠᠨ ᠵᠢᠷᠤᠭ ᠤ᠋ᠨ ᠤᠷᠳᠤᠨ ᠳ᠋ᠦ ᠡᠬᠢᠯᠡᠪᠡ᠃

ᠲᠤᠰ ᠤᠳᠠᠭ᠎ᠠ ᠵᠢᠨ ᠳᠡᠯᠭᠡᠨ ᠦᠵᠡᠭᠦᠯᠦᠭ᠌ᠰᠡᠨ ᠪᠦᠲᠦᠭᠡᠯ ᠤ᠋ᠨ ᠰᠡᠳᠦᠪᠯᠡᠬᠦᠨ ᠪᠠᠶᠠᠯᠢᠭ᠂ ᠤᠳᠭ᠎ᠠ ᠰᠠᠨᠠᠭ᠎ᠠ ᠭᠦᠨᠵᠡᠭᠡᠶ ᠪᠠᠢᠵᠦ᠂ ᠦᠵᠡᠰᠬᠦᠯᠡᠩᠳᠦ ᠰᠠᠢᠬᠠᠨ ᠤᠮᠠᠷᠠᠳᠦ ᠬᠢᠯᠢ ᠵᠢᠨ ᠳᠡᠭᠦᠯᠢᠨ ᠳᠠᠪᠬᠢᠭ᠎ᠠ ᠣᠮᠣᠭ ᠰᠦᠷ᠂ ᠲᠠᠯ᠎ᠠ ᠨᠤᠲᠤᠭ ᠤ᠋ᠨ ᠠᠮᠢᠵᠢᠷᠠᠯ ᠤ᠋ᠨ ᠬᠦᠴᠦᠨ ᠪᠠ ᠠᠭᠤᠳᠠᠮ ᠪᠠᠭ᠍ᠲᠠᠭᠠᠮᠵᠢ᠂ ᠤᠮᠠᠷᠠᠲᠤ ᠬᠢᠯᠢ ᠶ᠋ᠢᠨ ᠰᠦᠷᠯᠢᠭ ᠰᠠᠢᠬᠠᠨ ᠥᠩᠭᠡ ᠦᠵᠡᠮᠵᠢ ᠪᠠ ᠥᠪᠡᠷᠮᠢᠴᠡ ᠰᠤᠶᠤᠯ ᠢᠷᠭᠡᠨᠰᠢᠯ ᠢ᠋ ᠤᠷᠠᠨ ᠨᠠᠷᠢᠨ ᠦᠵᠡᠬᠦᠯᠵᠡᠢ᠃ ᠤᠷᠠᠯᠢᠭ᠍ᠴᠢᠳ ᠤᠯᠠᠮᠵᠢᠯᠠᠯ ᠳ᠋ᠤ ᠦᠨᠳᠦᠰᠦᠯᠡᠵᠦ᠍᠂ ᠴᠠᠭ ᠦᠶ᠎ᠡ ᠶ᠋ᠢᠨ ᠵᠣᠷᠢᠭ ᠰᠠᠨᠠᠭ᠎ᠠ ᠪᠣᠯᠤᠨ ᠣᠷᠣᠨ ᠪᠦᠰᠡ ᠶ᠋ᠢᠨ ᠳᠦᠷᠰᠦ ᠪᠠᠢᠳᠠᠯ ᠢ᠋ ᠠᠭᠤᠰᠤᠯᠴᠠᠭᠤᠯᠤᠨ᠂ ᠤᠮᠠᠷᠠᠲᠤ ᠬᠢᠯᠢ ᠶ᠋ᠢᠨ ᠰᠣᠶᠣᠯ ᠤ᠋ᠨ ᠭᠦᠨ ᠵᠤᠵᠠᠭᠠᠨ ᠤᠳᠬ᠎ᠠ ᠰᠠᠨᠠᠭ᠎ᠠ ᠪᠠ ᠥᠷᠨᠢᠭᠦᠨ ᠪᠠᠳᠠᠷᠠᠩᠭᠤᠢ ᠠᠮᠢᠵᠢᠷᠠᠯ ᠤ᠋ᠨ ᠬᠦᠴᠦᠨ ᠢ᠋ ᠢᠯᠡᠷᠡᠬᠦᠯᠦᠭᠰᠡᠨ ᠵᠢᠡᠷ ᠦᠵᠡᠭᠴᠢᠳ ᠤ᠋ᠨ ᠪᠠᠬ᠎ᠠ ᠵᠢ ᠳᠠᠳᠠᠬᠰᠠᠨ ᠪᠠᠢᠨ᠎ᠠ᠃ ᠲᠣᠰ ᠤᠳᠠᠭᠠᠨ ᠤ᠋ ᠦᠵᠡᠭᠦᠯᠭᠡ 7 ᠰᠠᠷ᠎ᠠ ᠵᠢᠨ 9 ᠤ᠋ ᠡᠳᠤᠷ ᠪᠤᠯᠳᠠᠯ᠎ᠠ ᠶᠠᠪᠤᠭᠳᠠᠵᠤ᠂ ᠨᠡᠢᠰᠯᠡᠯ ᠤ᠋ᠨ ᠦᠵᠡᠭ᠌ᠴᠢᠳ ᠲᠦ᠍ ᠤᠮᠠᠷᠠᠲᠤ ᠬᠢᠯᠢ ᠶ᠋ᠢᠨ ᠡᠬᠡ ᠭᠠᠵᠠᠷ ᠤ᠋ᠨ ᠰᠦᠷᠯᠢᠭ ᠰᠠᠢᠬᠠᠨ ᠦᠵᠡᠮᠵᠢ ᠪᠠ ᠬᠠᠢᠷ᠎ᠠ ᠰᠡᠳᠭᠢᠯᠭᠡ ᠵᠢ ᠭᠦᠨᠵᠡᠭᠡᠶ ᠣᠢᠯᠠᠭᠠᠭᠤᠯᠵᠤ᠂ ᠦᠨᠳᠦᠰᠦᠲᠡᠨ ᠨᠤᠭᠦᠳ ᠤ᠋ᠨ ᠰᠣᠶᠣᠯ ᠤ᠋ᠨ ᠠᠭᠤᠰᠤᠯᠴᠠᠯ ᠢ᠋ ᠣᠢᠯᠠᠭᠠᠭᠤᠯᠤᠨ᠂ ᠪᠡᠭᠡᠵᠢᠩ ᠥᠪᠥᠷ ᠮᠣᠩᠭᠣᠯ ᠬᠣᠶᠠᠷ ᠭᠠᠵᠠᠷ ᠤ᠋ᠨ ᠬᠢᠨ ᠦᠷᠭᠦᠯᠵᠢᠯᠡᠨ ᠰᠣᠶᠣᠯ ᠵᠢᠡᠷ ᠬᠣᠯᠪᠣᠭᠠᠰᠤ ᠪᠣᠯᠭᠠᠨ ᠰᠣᠯᠢᠯᠴᠠᠭ᠎ᠠ ᠬᠠᠮᠲᠤᠷᠠᠯᠴᠠᠭ᠎ᠠ ᠪᠠᠨ ᠭᠦᠨᠵᠡᠭᠡᠢᠷᠡᠭᠦᠯᠵᠦ᠍᠂ ᠳᠤᠮᠳᠠᠳᠤ ᠶ᠋ᠢᠨ ᠦᠨᠳᠦᠰᠦᠲᠡᠨ ᠤ᠋ ᠰᠣᠶᠣᠯ ᠤ᠋ᠨ ᠬᠥᠭ᠌ᠵᠢᠯ ᠴᠡᠴᠡᠭ᠌ᠯᠡᠯ ᠤ᠋ᠨ ᠴᠠᠭ ᠦᠶ᠎ᠡ ᠶ᠋ᠢᠨ ᠱᠢᠨ᠎ᠡ ᠬᠠᠭᠤᠳᠠᠰᠤ ᠵᠢ ᠬᠠᠮᠲᠤ ᠪᠠᠷ ᠵᠢᠷᠤᠭ᠍ᠯᠠᠬᠤ ᠵᠢ ᠵᠤᠷᠢᠵᠠᠢ᠃

ᠤᠮᠠᠷᠠᠲᠤ ᠬᠢᠯᠢ ᠶ᠋ᠢᠨ ᠡᠬᠡ ᠭᠠᠵᠠᠷ ᠪᠣᠯ ᠡᠷᠲᠡᠨ ᠡᠴᠡ ᠠᠪᠤᠭᠠᠳ ᠣᠯᠠᠨ ᠡᠱᠢᠲᠦ ᠪᠣᠯᠪᠠᠰᠤᠨ ᠤ᠋ ᠠᠭᠤᠰᠤᠯᠴᠠᠭ᠍ᠰᠠᠨ ᠱᠢᠮᠡᠳᠦ ᠬᠥᠷᠥᠰᠥ᠍ ᠪᠠᠢᠵᠦ᠂ ᠲᠡᠨᠢᠭᠡᠷ ᠠᠭᠤᠳᠠᠮ ᠲᠠᠯ᠎ᠠ ᠨᠤᠲᠤᠭ᠂ ᠦᠨᠳᠦᠰᠦᠲᠡᠨ ᠤ᠋ ᠣᠮᠣᠭ ᠵᠣᠷᠢᠭ᠂ ᠲᠡᠦᠬᠡ ᠶ᠋ᠢᠨ ᠲᠤᠨᠳᠠᠰᠤ ᠨᠢ ᠥᠪᠡᠷᠮᠢᠴᠡ ᠭᠦᠨ ᠵᠤᠵᠠᠭᠠᠨ ᠰᠣᠶᠣᠯ ᠤ᠋ᠨ ᠠᠭᠤᠯᠤᠭ᠍ᠳᠠᠬᠤᠨ᠎ᠢ ᠪᠦᠷᠢᠯᠳᠦᠬᠦᠯᠵᠦ᠂ ᠰᠦᠷᠯᠢᠭ ᠰᠠᠢᠬᠠᠨ ᠤᠮᠠᠷᠠᠲᠤ ᠬᠢᠯᠢ ᠶ᠋ᠢᠨ ᠰᠣᠶᠣᠯ ᠨᠢ ᠨᠡᠭᠡᠭᠡᠯᠲᠡᠲᠡᠢ ᠪᠠᠭ᠍ᠲᠠᠭᠠᠮᠵᠢᠲᠠᠢ ᠳᠦᠷᠰᠦ ᠪᠠᠢᠳᠠᠯ ᠵᠢᠡᠷ ᠳᠤᠮᠳᠠᠳᠤ ᠶ᠋ᠢᠨ ᠦᠨᠳᠦᠰᠦᠲᠡᠨ ᠤ᠋ ᠬᠠᠮᠲᠤ ᠶ᠋ᠢᠨ ᠴᠣᠭ᠍ᠴᠠ ᠶ᠋ᠢᠨ ᠭᠡᠷᠡᠯ ᠰᠠᠴᠤᠷᠠᠩᠭᠤᠢ ᠬᠠᠭᠤᠳᠠᠰᠤ ᠵᠢ ᠪᠢᠴᠢᠭ᠌ᠯᠡᠵᠠᠢ᠃ ᠬᠥᠬᠡᠬᠣᠲᠠ ᠠᠮᠢ ᠠᠬᠤᠢ ᠵᠢ ᠤᠷᠢᠳ ᠵᠢᠡᠷ ᠪᠣᠳᠣᠯᠬᠢᠯᠠᠬᠤ ᠪᠣᠬᠢᠷᠲᠤᠯ ᠦᠭᠡᠢ ᠬᠥᠭ᠌ᠵᠢᠭᠦᠯᠬᠦ᠌ ᠪᠡᠷ ᠤᠳᠤᠷᠢᠳᠤᠮᠵᠢ ᠪᠤᠯᠭᠠᠬᠤ ᠵᠢ ᠪᠠᠷᠢᠮᠲᠠᠯᠠᠨ᠂ ᠠᠵᠤ ᠦᠢᠯᠡᠰ ᠤ᠋ᠨ ᠲᠡᠰ ᠳᠡᠪᠱᠢᠬᠦ᠌ ᠵᠢ ᠠᠬᠢᠭᠤᠯᠵᠤ᠂ ᠣᠳᠣᠬᠢᠴᠢᠯᠠᠭ᠍ᠰᠠᠨ ᠣᠷᠣᠨ ᠪᠦᠰᠡ ᠶ᠋ᠢᠨ ᠲᠥᠪ ᠬᠤᠳᠠ ᠵᠢ ᠪᠦᠳᠦᠭᠡᠨ ᠪᠠᠢᠭᠤᠯᠬᠤ ᠠᠬᠢᠴᠠ ᠳᠤᠮᠳᠠ ᠰᠣᠶᠣᠯ ᠤᠷᠠᠯᠢᠭ ᠤ᠋ᠨ ᠦᠢᠯᠡᠰ ᠤ᠋ᠨ ᠥᠷᠨᠢᠭᠦᠨ ᠪᠠᠳᠠᠷᠠᠩᠭᠤᠢ ᠠᠮᠢᠵᠢᠷᠠᠯ ᠤ᠋ᠨ ᠬᠦᠴᠦᠨ ᠢ᠋ ᠤᠯᠠᠮ ᠰᠠᠢᠨ ᠪᠠᠳᠠᠷᠠᠭᠤᠯᠵᠤ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号