ᠱᠢᠨ᠎ᠡ ᠴᠠᠭ ᠦᠶ᠎ᠡ ᠶ᠋ᠢᠨ ᠵᠡᠭᠡᠯᠢ ᠭᠤᠳᠤᠮᠵᠢ ᠶ᠋ᠢᠨ ᠶᠡᠬᠡ ᠬᠠᠮᠢᠶᠠᠷᠤᠭ᠍ᠴᠢ
2025-06-16 10:09:04
ᠵᠣᠬᠢᠶᠠᠭ᠍ᠴᠢ᠄
ᠰᠦᠩ ᠠ ᠨᠠᠨ᠂ ᠯᠸᠢ ᠶᠤᠸᠠᠨ ᠶᠤᠸᠠᠨ
ᠣᠩᠱᠢᠭ᠍ᠰᠠᠨ ᠣᠳᠠᠭ᠎ᠠ᠄
★★★☆☆

— ᠥᠪᠡᠷᠲᠡᠭᠡᠨ ᠵᠠᠰᠠᠬᠤ ᠣᠷᠣᠨ ᠤ᠋ ᠲᠡᠷᠢᠭᠦᠨ ᠤ᠋ ᠠᠵᠢᠯᠲᠠᠨ᠂ ᠪᠤᠭᠤᠲᠤ ᠬᠣᠲᠠ ᠶ᠋ᠢᠨ ᠬᠥᠨᠳᠡᠯᠡᠨ ᠲᠣᠭᠣᠷᠢᠭ ᠤ᠋ᠨ ᠱᠢ ᠹᠦ ᠵᠡᠭᠦᠨ ᠵᠠᠮ ᠤ᠋ᠨ ᠵᠡᠭᠡᠯᠢ ᠭᠤᠳᠤᠮᠵᠢ ᠶ᠋ᠢᠨ ᠨᠠᠮ ᠤ᠋ᠨ ᠠᠵᠢᠯᠯᠠᠬᠤ ᠬᠤᠷᠢᠶ᠎ᠠ ᠵᠢᠨ ᠱᠦᠵᠢ ᠭᠤᠤ ᠳ᠋ᠠᠨ ᠢ᠋ ᠲᠡᠮᠳᠡᠭᠯᠡᠪᠡ

              

4 ᠰᠠᠷ᠎ᠠ ᠶ᠋ᠢᠨ 24 ᠤ᠋ ᠡᠳᠦᠷ᠂ ᠪᠤᠭᠤᠲᠤ ᠬᠣᠲᠠ ᠶ᠋ᠢᠨ ᠬᠥᠨᠳᠡᠯᠡᠨ ᠲᠣᠭᠣᠷᠢᠭ ᠤ᠋ᠨ ᠱᠢ ᠹᠦ ᠵᠡᠭᠦᠨ ᠵᠠᠮ ᠤ᠋ᠨ ᠵᠡᠭᠡᠯᠢ ᠭᠤᠳᠤᠮᠵᠢ ᠶ᠋ᠢᠨ ᠨᠠᠮ ᠤ᠋ᠨ ᠠᠵᠢᠯᠯᠠᠬᠤ ᠬᠣᠷᠢᠶ᠎ᠠ ᠶ᠋ᠢᠨ ᠱᠦᠵᠢ ᠭᠤᠤ ᠳ᠋ᠠᠨ ᠥᠪᠡᠷᠲᠡᠭᠡᠨ ᠵᠠᠰᠠᠬᠤ ᠣᠷᠣᠨ ᠤ᠋ ᠲᠡᠷᠢᠭᠦᠨ ᠤ᠋ ᠠᠵᠢᠯᠲᠠᠨ ᠤ᠋ ᠢᠷᠠᠭᠤ ᠠᠯᠳᠠᠷ ᠤ᠋ᠨ ᠦᠨᠡᠮᠯᠡᠯ ᠢ᠋ᠶ᠋ᠡᠨ ᠲᠣᠰᠤᠭᠠᠳ᠂ ᠬᠤᠷᠠᠯ ᠤ᠋ᠨ ᠲᠠᠯᠠᠪᠠᠶ ᠡᠴᠡ ᠭᠠᠷᠤᠮᠠᠭ᠍ᠴᠠ ᠭᠠᠷ ᠤᠲᠠᠰᠤ ᠨᠢ ᠲᠤᠤᠭᠠᠷᠴᠤ ᠡᠬᠢᠯᠡᠪᠡ᠃

《ᠭᠤᠤ ᠱᠦᠵᠢ᠂ ᠪᠠᠶᠠᠷ ᠳᠡᠭᠡᠷ᠎ᠡ ᠪᠠᠶᠠᠷ ᠪᠤᠯᠤᠯ᠎ᠠ᠂ ᠮᠠᠨ ᠤ᠋ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠦᠢᠯᠡᠳᠬᠡᠯ ᠤ᠋ᠨ ᠭᠠᠵᠠᠷ 4 ᠰᠠᠷ᠎ᠠ ᠳ᠋ᠦ ᠠᠩᠬ᠎ᠠ ᠤᠳᠠᠭ᠎ᠠ ᠪᠡᠯᠡ ᠪᠠᠨ ᠪᠠᠳᠤᠯᠠᠪᠠ᠃ ᠤᠳᠤ ᠶ᠋ᠢᠨ ᠵᠠᠬᠢᠶᠠᠯᠠᠭ᠎ᠠ ᠬᠦᠯᠢᠶᠡᠨ ᠠᠪᠤᠭ᠍ᠰᠠᠨ ᠬᠡᠮᠵᠢᠶ᠎ᠡ ᠡᠴᠡ ᠦᠵᠡᠪᠡᠯ 5 ᠰᠠᠷ᠎ᠠ ᠳ᠋ᠦ ᠠᠱᠢᠭ ᠣᠯᠵᠠᠪᠤᠷᠢ ᠤᠯᠬᠤ ᠪᠤᠯᠤᠨ᠎ᠠ》 ᠭᠡᠵᠦ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠦᠢᠯᠡᠳᠬᠡᠯ ᠤ᠋ᠨ ᠭᠠᠵᠠᠷ ᠤ᠋ᠨ ᠬᠠᠷᠢᠭᠤᠴᠠᠯᠭᠠᠲᠠᠨ ᠵᠤᠤ ᠯᠢ ᠯᠢ ᠭᠤᠤ ᠳ᠋ᠠᠨ ᠳ᠋ᠦ ᠪᠠᠶᠠᠷ ᠤ᠋ᠨ ᠴᠢᠮᠡᠭᠡ ᠢᠷᠡᠬᠦᠯᠤᠯ᠎ᠠ᠃

2020 ᠣᠨ ᠳ᠋ᠦ᠂ ᠲᠤᠬᠠᠢ ᠶ᠋ᠢᠨ ᠦᠶ᠎ᠡ ᠳ᠋ᠦ ᠱᠢ ᠹᠦ ᠵᠡᠭᠦᠨ ᠵᠠᠮ ᠤ᠋ᠨ ᠵᠡᠭᠡᠯᠢ ᠭᠤᠳᠤᠮᠵᠢ ᠶ᠋ᠢᠨ ᠨᠠᠮ ᠤ᠋ᠨ ᠠᠵᠢᠯᠯᠠᠬᠤ ᠬᠣᠷᠢᠶ᠎ᠠ ᠶ᠋ᠢᠨ ᠳᠡᠳ᠋ ᠱᠦᠵᠢ᠂ ᠳᠡᠳ᠋ ᠡᠷᠬᠢᠯᠡᠭ᠌ᠴᠢ (ᠵᠠᠰᠠᠭ ᠵᠠᠬᠢᠷᠭᠠᠨ ᠤ᠋ ᠪᠦᠬᠦ᠌ ᠲᠠᠯ᠎ᠠ ᠶ᠋ᠢᠨ ᠠᠵᠢᠯ ᠢ᠋ ᠬᠠᠷᠢᠭᠤᠴᠠᠵᠤ ᠪᠠᠢᠪᠠ) ᠪᠠᠢᠭ᠍ᠰᠠᠨ ᠭᠤᠤ ᠳ᠋ᠠᠨ ᠬᠠᠷᠢᠶ᠎ᠠ ᠲᠣᠭᠣᠷᠢᠭ ᠤ᠋ᠨ ᠵᠡᠭᠡᠯᠢ ᠭᠤᠳᠤᠮᠵᠢ ᠶ᠋ᠢᠨ ᠣᠨᠴᠠᠯᠢᠭ ᠲᠠᠭᠠᠨ ᠨᠡᠢᠴᠡᠭ᠌ᠰᠡᠨ ᠨᠠᠮ ᠤ᠋ᠨ ᠪᠠᠢᠭᠤᠯᠤᠯᠲᠠ ᠪᠡᠷ ᠦᠨᠳᠦᠰᠦᠨ ᠱᠠᠲᠤᠨ ᠤ᠋ ᠵᠠᠰᠠᠯᠲᠠ ᠶ᠋ᠢᠨ ᠲᠦᠷᠦᠯ ᠲᠡᠮᠳᠡᠭ ᠢ᠋ ᠬᠦᠳᠦᠯᠥᠨ ᠳᠠᠭᠠᠭᠤᠯᠬᠤ ᠵᠢ ᠬᠦᠰᠡᠭ᠌ᠰᠡᠭᠡᠷ ᠢᠷᠡᠵᠠᠢ᠃ ᠡᠭᠦᠨ ᠤ᠋ ᠲᠦᠯᠦᠬᠡ ᠲᠡᠷᠡ ᠪᠤᠭᠤᠲᠤ ᠶ᠋ᠢᠨ ᠪᠣᠯᠣᠳ ᠲᠡᠮᠦᠷ ᠤ᠋ᠨ ᠺᠣᠮᠫᠠᠨᠢ ᠶ᠋ᠢᠨ ᠬᠡᠷ ᠭᠠᠵᠠᠷ ᠬᠥᠷᠥᠩᠭᠡ ᠶ᠋ᠢᠨ ᠭᠠᠵᠠᠷ ᠲᠦ᠍ ᠬᠦᠷᠴᠦ᠂ ᠬᠡᠳᠦᠨᠲᠡ ᠵᠥᠪᠳᠡᠯᠴᠡᠬᠦ᠌ ᠪᠡᠷ ᠳᠡᠮᠵᠢᠨ 2023 ᠣᠨ ᠳ᠋ᠦ 200 ᠭᠠᠷᠤᠶ ᠲᠡᠭ᠌ᠰᠢ ᠳᠥᠷᠪᠡᠯᠵᠢᠨ ᠮᠧᠲ᠋ᠷ᠎ᠳᠠᠯᠠᠪᠠᠢ ᠪᠦᠬᠦᠢ ᠰᠤᠯᠠ ᠲᠠᠯᠪᠢᠭᠳᠠᠵᠤ ᠪᠠᠢᠭ᠎ᠠ ᠬᠡᠷ ᠪᠠᠢᠱᠢᠩ ᠢ᠋ ᠰᠠᠭᠤᠭᠠᠯᠢ ᠠᠷᠠᠳ ᠤ᠋ᠨ ᠵᠢᠡᠨ ᠫᠢᠩᠫᠠᠩ ᠪᠥᠮᠪᠥᠭᠡ ᠶ᠋ᠢᠨ ᠦᠷᠦᠬᠡ ᠪᠠ ᠨᠡᠢᠭᠡᠮ ᠲᠣᠭᠣᠷᠢᠭ ᠤ᠋ᠨ ᠵᠢᠡᠨ ᠪᠢᠴᠢᠯ ᠦᠶ᠋ᠯᠡᠳᠪᠦᠷᠢ ᠶ᠋ᠢᠨ ᠬᠡᠷ ᠪᠠᠢᠱᠢᠩ ᠪᠣᠯᠭᠠᠨ ᠬᠡᠷᠡᠭ᠌ᠯᠡᠬᠦ᠌ ᠪᠡᠷ ᠡᠷᠡᠮᠡᠯᠵᠡᠵᠦ ᠣᠯᠤᠭ᠍ᠰᠠᠨ ᠪᠥᠭᠡᠳ ᠲᠣᠰ ᠵᠢᠯ ᠤ᠋ᠨ ᠵᠣᠨ ᠨᠢ ᠮᠠᠨᠵᠤ ᠲᠡᠷᠯᠢᠭ ᠦᠶ᠋ᠯᠡᠳᠬᠦ᠌ ᠤᠷ᠎ᠠ ᠮᠡᠷᠭᠡᠵᠢᠯ ᠤ᠋ᠨ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠲᠥᠯᠥᠭᠡᠯᠡᠬᠦ᠌ ᠴᠢᠨᠠᠷᠲᠠᠶ ᠦᠪᠯᠡᠨ ᠤᠯᠠᠮᠵᠢᠯᠠᠭᠴᠢ ᠵᠣᠣ ᠯᠢ ᠯᠢ ᠲᠡᠶ ᠬᠠᠮᠳᠤᠷᠠᠨ ᠠᠵᠢᠯᠯᠠᠬᠤ ᠰᠠᠨᠠᠯ ᠨᠢᠭᠡᠳᠴᠡᠢ᠃

《ᠦᠢᠯᠡᠳᠪᠦᠷᠢ ᠶ᠋ᠢᠨ ᠪᠠᠢᠱᠢᠩ ᠢ᠋ ᠲᠠᠨ ᠳ᠋ᠦ ᠲᠦᠯᠦᠪᠦᠷᠢ ᠦᠭᠡᠢ ᠪᠡᠷ ᠬᠡᠷᠡᠭ᠌ᠯᠡᠭᠦᠯᠦᠨ᠎ᠡ᠂ ᠪᠢᠳᠡ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠤᠷ᠎ᠠ ᠮᠡᠷᠭᠡᠵᠢᠯ ᠢ᠋ ᠤᠯᠠᠮᠵᠢᠯᠠᠬᠤ ᠶ᠋ᠢᠨ ᠳᠠᠭᠠᠤ ᠠᠵᠢᠯ ᠣᠯᠭᠣᠯᠲᠠ ᠶ᠋ᠢᠨ ᠤᠷ᠎ᠠ ᠴᠢᠳᠠᠪᠤᠷᠢ ᠶ᠋ᠢᠨ ᠪᠣᠯᠪᠠᠰᠤᠷᠠᠯ ᠬᠦᠷᠲᠡᠭᠡᠨ᠎ᠡ᠃ ᠲᠠ ᠲᠦᠯᠦᠪᠦᠷᠢ ᠠᠪᠬᠤ ᠦᠭᠡᠢ ᠪᠡᠷ ᠲᠡᠳᠡᠨ ᠳ᠋ᠦ ᠮᠡᠷᠭᠡᠵᠢᠯ ᠵᠢᠭᠠᠵᠤ᠂ ᠰᠤᠷᠤᠯᠭᠠᠲᠠᠳ ᠰᠤᠷᠴᠢᠬᠠᠭᠠᠳ ᠦᠯᠡᠳᠡᠬᠦ᠌ ᠳᠤᠷᠠᠲᠠᠶ ᠪᠣᠯ ᠲᠠ ᠴᠠᠯᠢᠩ ᠢ᠋ ᠨᠢ ᠦᠭᠭᠦᠭᠡᠷᠡᠢ》 ᠬᠡᠵᠦ ᠭᠤᠤ ᠳ᠋ᠠᠨ ᠲᠤᠬᠠᠢ᠎ᠶᠢᠨ ᠦᠶ᠎ᠠ ᠳ᠋ᠦ᠎ᠵᠤᠤ ᠯᠢ ᠯᠢ ᠳ᠋ᠦ ᠬᠡᠯᠡᠵᠡᠢ᠃

2023 ᠣᠨ ᠳ᠋ᠦ ᠱᠢ ᠹᠦ ᠵᠡᠭᠦᠨ ᠵᠠᠮ ᠤ᠋ᠨ ᠵᠡᠭᠡᠯᠢ ᠭᠤᠳᠤᠮᠵᠢ ᠶ᠋ᠢᠨ ᠬᠡᠷᠡᠭ ᠡᠷᠬᠢᠯᠡᠬᠦ᠌ ᠭᠠᠵᠠᠷ ᠤ᠋ᠨ 《ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠨᠠᠶ᠋ᠮᠠᠨ ᠢᠵᠢ》 ᠶ᠋ᠢᠨ ᠨᠢᠭᠡ ᠪᠣᠯᠬᠤ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠦᠶ᠋ᠯᠡᠳᠭᠡᠯ ᠤ᠋ᠨ ᠭᠠᠵᠠᠷ ᠡᠬᠦᠳᠡ ᠪᠠᠨ ᠰᠡᠬᠦᠪᠡ᠃ ᠰᠤᠷᠤᠯᠭᠠᠳᠠᠳ ᠠᠩᠬ᠎ᠠ ᠡᠬᠢᠨ ᠳ᠋ᠡᠭᠡᠨ ᠣᠶᠣᠳᠠᠯ ᠤ᠋ᠨ ᠮᠠᠱᠢᠨ ᠴᠤ᠌ ᠬᠡᠷᠡᠭᠯᠡᠵᠦ ᠴᠢᠳᠠᠬᠤ ᠦᠭᠡᠢ ᠪᠠᠢᠭ᠍ᠰᠠᠨ ᠡᠴᠡ ᠪᠠᠨ ᠤᠳᠤ ᠡᠮᠵᠢᠶᠡᠷᠢ᠂ ᠲᠣᠪᠴᠢ ᠰᠢᠯᠪᠢ᠂ ᠬᠡᠪᠱᠢᠭᠦᠯᠭᠡ ᠵᠡᠷᠭᠡ ᠮᠡᠷᠭᠡᠵᠢᠯ ᠤ᠋ᠨ ᠪᠦᠬᠦ ᠶᠠᠪᠤᠴᠠ ᠵᠢ ᠪᠡᠶ᠎ᠡ ᠪᠡᠨ ᠳᠠᠭᠠᠭᠠᠨ ᠬᠢᠵᠦ᠍ ᠴᠢᠳᠠᠬᠤ ᠪᠣᠯᠵᠠᠢ᠃ ᠡᠬᠢᠯᠡᠬᠡᠳ ᠳᠤᠮᠳᠠᠴᠢ ᠨᠠᠰᠤ ᠨᠢ 45 ᠬᠦᠷᠦᠭᠰᠡᠨ ᠠᠵᠢᠯ ᠠᠯᠳᠠᠭ᠍ᠰᠠᠳ ᠪᠠ  ᠨᠢᠯᠬ᠎ᠠ ᠲᠠᠢ ᠪᠦᠰᠡᠬᠦᠢᠴᠦᠤᠯ ᠢᠷᠡᠵᠦ ᠰᠤᠷᠤᠯᠴᠠᠵᠦ ᠪᠠᠢᠬᠰᠠᠨ ᠪᠤᠯ ᠤᠳᠤ 18 ᠨᠠᠰᠤ ᠲᠠᠢ ᠵᠠᠯᠠᠭᠤ ᠰᠤᠷᠤᠯᠭᠠᠳᠠᠨ ᠢᠷᠡᠳᠡᠭ ᠪᠤᠯᠪᠠ᠃

ᠭᠤᠤ ᠳ᠋ᠠᠨ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠦᠢᠯᠡᠳᠭᠡᠯ ᠤ᠋ᠨ ᠭᠠᠵᠠᠷ ᠢ᠋ᠶ᠋ᠠᠷ ᠰᠠᠭᠤᠷᠢ ᠪᠣᠯᠭᠠᠨ ᠬᠠᠷᠢᠶ᠎ᠠ ᠣᠷᠣᠨ ᠳ᠋ᠦ ᠶᠦᠨ ᠴᠢ ᠪᠣᠳᠠᠰ ᠤ᠋ᠨ ᠪᠤᠰᠤ ᠰᠣᠶᠣᠯ ᠤ᠋ᠨ ᠥᠪ ᠢ᠋ ᠦᠪᠯᠡᠨ ᠤᠯᠠᠮᠵᠢᠯᠠᠬᠤ ᠦᠢᠯᠡᠳᠦᠯᠭᠡ ᠶ᠋ᠢᠨ ᠰᠠᠭᠤᠷᠢᠨ ᠢ᠋ ᠪᠠᠢᠭᠤᠯᠵᠤ ᠂ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠨᠡᠷᠡᠳᠤ ᠬᠥᠮᠦᠰ᠂ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠬᠢᠴᠢᠶᠡᠯ ᠤ᠋ᠨ ᠲᠠᠩᠬᠢᠮ᠂ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠦᠵᠡᠭᠦᠯᠭᠡ ᠶ᠋ᠢᠨ ᠣᠷᠳᠣᠨ᠂ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠴᠤᠭᠯᠠᠭ᠎ᠠ ᠮᠠᠢᠮᠠᠢ᠂ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠪᠦᠯᠬᠦᠮ᠂ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠰᠣᠯᠢᠯᠴᠠᠭ᠎ᠠ᠂ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠦᠢᠯᠡᠳᠭᠡᠯ ᠤ᠋ᠨ ᠭᠠᠵᠠᠷ᠂ ᠪᠣᠳᠠᠰ ᠤ᠋ᠨ ᠪᠤᠰᠤ ᠰᠣᠶᠣᠯ ᠤ᠋ᠨ ᠡᠭᠦᠳᠦᠯᠲᠡ ᠬᠡᠬᠦ 《ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠨᠠᠢ᠍ᠮᠠᠨ ᠢᠵᠢ》 ᠵᠢᠨ ᠤᠯᠠᠮᠵᠢᠯᠠᠯ ᠪᠠ ᠨᠡᠭᠡᠭᠡᠨ ᠬᠥᠭ᠌ᠵᠢᠭᠦᠯᠦᠯᠲᠡ ᠶ᠋ᠢᠨ ᠬᠡᠯᠬᠢᠶ᠎ᠡ ᠵᠢ ᠪᠠᠢᠭᠤᠯᠪᠠ᠃ ᠴᠢᠩᠬᠤᠸᠠ ᠶᠡᠬᠡ ᠰᠤᠷᠭᠠᠭᠤᠯᠢ ᠶ᠋ᠢᠨ ᠪᠠᠭ᠍ᠰᠢ ᠰᠣᠷᠣᠭ᠍ᠴᠢ᠂ ᠲᠠᠢᠸᠠᠨ ᠤ᠋ ᠵᠠᠯᠠᠭᠤᠴᠤᠳ ᠤ᠋ᠨ ᠵᠤᠰᠠᠯᠠᠩ ᠵᠡᠷᠭᠡ ᠡᠯ᠎ᠡ ᠲᠥᠷᠥᠯ ᠤ᠋ᠨ ᠰᠤᠳᠤᠯᠤᠨ ᠰᠤᠷᠤᠯᠴᠠᠬᠤ ᠪᠦᠯᠬᠦᠮ ᠤᠷᠢᠳ ᠬᠣᠵᠢᠳ ᠡᠨᠳᠡ 150 ᠭᠠᠷᠤᠶ ᠲᠠᠯᠠᠪᠤᠷ ᠠᠵᠢᠯᠯᠠᠭ᠎ᠠ ᠥᠷᠨᠢᠭᠦᠯᠵᠦ᠍᠂ ᠳᠤᠮᠳᠠᠳᠤ ᠪᠠᠭ᠎ᠠ ᠰᠤᠷᠭᠠᠭᠤᠯᠢ ᠶ᠋ᠢᠨ 2 ᠲᠦᠮᠡ ᠭᠠᠷᠤᠶ ᠰᠣᠷᠣᠭ᠍ᠴᠢ ᠪᠠ ᠨᠠᠮ ᠤ᠋ᠨ ᠭᠡᠱᠢᠭᠦᠨ ᠺᠠᠳ᠋ᠷ ᠣᠯᠠᠨ ᠲᠦᠮᠡᠨ ᠳ᠋ᠦ ᠠᠱᠢᠭ ᠬᠦᠷᠲᠡᠭᠡᠵᠠᠢ᠃ ᠡᠭᠦᠨ ᠤ᠋ ᠬᠠᠮᠲᠤ ᠪᠠᠰᠠ 《ᠬᠠᠪᠤᠷ ᠤ᠋ᠨ ᠬᠤᠷ᠎ᠠ ᠶ᠋ᠢᠨ ᠢᠨᠵᠧᠨᠧᠷᠢᠩ》 ᠢ᠋ ᠬᠡᠷᠡᠭ᠌ᠵᠢᠭᠦᠯᠤᠨ ᠣᠯᠠᠨ ᠲᠠᠯ᠎ᠠ ᠶ᠋ᠢᠨ ᠡᠬᠢ ᠪᠠᠶᠠᠯᠢᠭ ᠢ᠋ ᠡᠮᠬᠢᠯᠡᠨ ᠨᠡᠢᠯᠡᠭᠦᠯᠵᠦ᠍᠂ 145 ᠰᠠᠭᠤᠭᠠᠯᠢ ᠠᠷᠠᠳ ᠢ᠋ ᠬᠠᠪᠰᠤᠷᠤᠨ ᠠᠵᠢᠯ ᠣᠯᠭᠣᠪᠠ᠃

《ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠨᠠᠶ᠋ᠮᠠᠨ ᠢᠵᠢ》 ᠵᠠᠯᠭᠠᠭ᠎ᠠ ᠪᠡᠷ ᠰᠦᠯᠵᠢᠶᠡᠨ ᠳ᠋ᠦ ᠭᠠᠷᠬᠤ ᠶ᠋ᠢᠨ ᠬᠠᠮᠲᠤ᠂ 2024 ᠣᠨ ᠤ᠋ ᠵᠣᠨ ᠭᠤᠤ ᠳ᠋ᠠᠨ ᠨᠢᠭᠡ ᠰᠡᠳᠭᠢᠯ ᠢ᠋ᠶ᠋ᠡᠷ ᠰᠢᠮᠳᠠᠨ ᠪᠠᠢᠭᠤᠯᠤᠭ᠍ᠰᠠᠨ ᠤᠮᠠᠷᠠᠲᠤ ᠬᠢᠯᠢ ᠶ᠋ᠢᠨ ᠠᠨᠠᠷ ᠤ᠋ᠨ ᠬᠠᠢᠷ᠎ᠠ ᠨᠡᠢᠭᠡᠮ ᠲᠣᠭᠣᠷᠢᠭ ᠤ᠋ᠨ ᠮᠦᠽᠧᠶ ᠴᠦ᠍ ᠡᠬᠦᠳᠡ ᠪᠠᠨ ᠰᠡᠬᠦᠪᠡ᠃ ᠲᠡᠬᠦᠨ ᠡᠴᠡ ᠰᠦᠷ ᠳᠠᠯᠠᠢᠴᠠᠲᠠᠢ ᠳᠤᠮᠳᠠᠳᠤ ᠤᠯᠤᠰ ᠤ᠋ᠨ ᠡᠪ ᠬᠠᠮᠲᠤᠴᠤᠳ ᠤ᠋ᠨ ᠠᠷᠢᠭᠤᠨ ᠴᠢᠬᠡᠴᠢ ᠭᠡᠷ ᠤ᠋ᠨ ᠰᠤᠷᠲᠠᠯ ᠤ᠋ᠨ ᠣᠷᠳᠣᠨ᠂ ᠭᠦᠨ ᠵᠤᠵᠠᠭᠠᠨ ᠦᠨᠳᠦᠰᠦᠲᠡᠨ ᠤ᠋ ᠪᠦᠯᠬᠦᠮᠳᠡᠯ ᠲᠠᠪᠱᠢᠯᠳᠠ ᠶ᠋ᠢᠨ ᠤᠬᠠᠭᠤᠯᠭ᠎ᠠ ᠶ᠋ᠢᠨ ᠬᠢᠴᠢᠶᠡᠯ ᠤ᠋ᠨ ᠭᠡᠷ ᠪᠣᠯᠤᠨ ᠱᠢᠨ᠎ᠡ ᠪᠡᠷ ᠪᠠᠢᠭᠤᠯᠤᠭ᠍ᠰᠠᠨ ᠨᠡᠢᠭᠡᠮ ᠲᠣᠭᠣᠷᠢᠭ ᠤ᠋ᠨ ᠮᠦᠽᠧᠢ ᠨᠢ ᠳᠤᠮᠳᠠᠳᠤ ᠶ᠋ᠢᠨ ᠦᠨᠳᠦᠰᠦᠲᠡᠨ ᠤ᠋ ᠬᠠᠮᠲᠤ ᠶ᠋ᠢᠨ ᠴᠣᠭ᠍ᠴᠠ ᠶ᠋ᠢᠨ ᠤᠬᠠᠮᠰᠠᠷ ᠤ᠋ᠨ ᠬᠥᠮᠦᠵᠢᠯ ᠤ᠋ᠨ ᠵᠢᠭ᠍ᠰᠠᠭᠠᠯ ᠤ᠋ᠨ ᠭᠠᠵᠠᠷ ᠢ᠋ ᠪᠠᠲᠤ ᠴᠣᠭ᠍ᠴᠠᠯᠠᠵᠤ᠂ ᠭᠦᠨ ᠵᠤᠵᠠᠭᠠᠨ ᠰᠣᠶᠣᠯ ᠤ᠋ᠨ ᠠᠭᠤᠷ ᠠᠮᠢᠰᠭᠤᠯ ᠢ᠋ᠶ᠋ᠠᠷ ᠪᠢᠯᠬᠠᠨ᠎ᠠ᠃

ᠳᠤᠮᠳᠠᠳᠤ ᠶ᠋ᠢᠨ ᠦᠨᠳᠦᠰᠦᠲᠡᠨ ᠤ᠋ ᠬᠠᠮᠲᠤ ᠶ᠋ᠢᠨ ᠴᠣᠭ᠍ᠴᠠ ᠶ᠋ᠢᠨ ᠤᠬᠠᠮᠰᠠᠷ ᠢ᠋ ᠪᠠᠲᠤ ᠴᠣᠭ᠍ᠴᠠᠯᠠᠬᠤ ᠤᠬᠠᠭᠤᠯᠤᠨ ᠲᠠᠨᠢᠯᠴᠠᠭᠤᠯᠬᠤ ᠬᠡᠯᠪᠡᠷᠢ ᠶ᠋ᠢᠨ ᠱᠢᠨ᠎ᠡ ᠵᠢ ᠡᠭᠦᠳᠬᠦ᠌ ᠶ᠋ᠢᠨ ᠲᠥᠯᠥᠭᠡ᠂ ᠭᠤᠤ ᠳ᠋ᠠᠨ ᠤᠢ᠍ᠢᠷ᠎ᠠ ᠶ᠋ᠢᠨ ᠵᠢᠯ ᠳ᠋ᠦ ᠶᠡᠬᠡ ᠬᠡᠮᠵᠢᠶᠡᠨ ᠤ᠋ ᠲᠡᠦᠬᠡ ᠰᠣᠶᠣᠯ ᠤ᠋ᠨ ᠨᠣᠮ ᠪᠢᠴᠢᠭ ᠢ᠋ ᠤᠷᠪᠠᠭᠤᠯᠤᠨ ᠦᠵᠡᠵᠦ᠍᠂ 5 ᠲᠦᠮᠡ ᠭᠠᠷᠤᠢ ᠦᠰᠦᠭ ᠲᠠᠢ ᠪᠤᠭᠤᠲᠤ ᠶ᠋ᠢᠨ ᠲᠡᠦᠬᠡᠨ ᠳᠡᠭᠡᠷᠡᠬᠢ ᠦᠨᠳᠦᠰᠦᠲᠡᠨ ᠨᠤᠭᠦᠳ ᠤ᠋ᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤ᠋ᠨ ᠦᠯᠢᠭᠡᠷ ᠢ᠋ ᠡᠮᠬᠢᠳᠭᠡᠨ ᠭᠠᠷᠭᠠᠵᠤ᠂ ᠬᠥᠨᠳᠡᠯᠡᠨ ᠲᠣᠭᠣᠷᠢᠭ ᠤ᠋ᠨ ᠨᠠᠮ ᠤ᠋ᠨ ᠬᠣᠷᠢᠶ᠎ᠠ᠂  ᠵᠠᠰᠠᠭ ᠤ᠋ᠨ ᠣᠷᠳᠣᠨ ᠵᠢᠴᠢ ᠪᠤᠭᠤᠲᠤ ᠬᠤᠳᠠ ᠶ᠋ᠢᠨ ᠦᠨᠳᠦᠰᠦᠳᠡᠨ ᠤ᠋ ᠬᠡᠷᠡᠭ ᠡᠷᠬᠢᠯᠡᠬᠦ ᠵᠥᠪᠯᠡᠯ ᠤ᠋ᠨ ᠬᠦᠴᠦᠲᠡᠢ ᠳᠡᠮᠵᠢᠯᠭᠡ ᠵᠢ ᠣᠯᠵᠦ᠂ ᠠᠷᠠᠳ ᠤ᠋ᠨ ᠳᠤᠮᠳᠠ ᠡᠴᠡ ᠡᠯᠰᠡᠬᠦ᠌ ᠵᠡᠷᠭᠡ ᠠᠷᠭ᠎ᠠ ᠬᠡᠯᠪᠡᠷᠢ ᠪᠡᠷ ᠳᠠᠮᠵᠢᠨ 100 ᠭᠠᠷᠤᠢ ᠬᠣᠯᠪᠣᠭ᠍ᠳᠠᠯ ᠪᠦᠬᠦᠢ ᠲᠡᠦᠬᠡ ᠶ᠋ᠢᠨ ᠳᠤᠷᠠᠰᠭᠠᠯᠲᠤ ᠵᠦᠢᠯᠡᠰ ᠢ᠋ ᠴᠤᠭ᠍ᠯᠠᠭᠤᠯᠵᠤ ᠂ ᠡᠴᠦᠰ ᠲᠡᠬᠡᠨ ᠨᠡᠢᠭᠡᠮ ᠲᠣᠭᠣᠷᠢᠭ ᠤ᠋ᠨ ᠮᠦᠽᠧᠢ ᠵᠢ ᠪᠠᠢᠭᠤᠯᠪᠠ᠃

《ᠮᠦᠽᠧᠢ ᠪᠠᠢᠭᠤᠯᠬᠤ ᠵᠢ ᠣᠯᠠᠨ ᠲᠦᠮᠡᠨ ᠪᠦᠷ ᠣᠨᠴᠠᠭᠠᠶ ᠳᠡᠮᠵᠢᠵᠦ᠍᠂ ᠵᠠᠷᠢᠮ ᠰᠠᠭᠤᠭᠠᠯᠢ ᠠᠷᠠᠳ ᠥᠪᠡᠷ ᠤ᠋ᠨ ᠬᠠᠳᠠᠭᠠᠯᠠᠬᠰᠠᠨ ᠬᠠᠨ ᠤᠯᠤᠰ᠎ᠤᠨ ᠦᠶ᠎ᠠ᠎ᠵᠢᠨ ᠸᠠᠭᠠᠷ᠂ ᠴᠢᠩ ᠤᠯᠤᠰ ᠤ᠋ᠨ ᠰᠡᠭᠦᠯᠴᠢ ᠢᠷᠭᠡᠨ ᠤᠯᠤᠰ ᠤ᠋ᠨ ᠡᠬᠢᠨ ᠤ᠋ ᠦᠶ᠎ᠡ ᠶ᠋ᠢᠨ ᠫᠢᠯᠠ ᠵᠡᠷᠭᠡ ᠦᠨ᠎ᠠ ᠪᠡᠨ᠎ᠠ ᠲᠠᠢ ᠲᠤᠷᠠᠰᠬᠠᠯᠳᠦ ᠵᠦᠢᠯᠡᠰ ᠢ᠋ᠶ᠋ᠡᠨ ᠬᠦᠷᠳᠡᠯ᠎ᠠ ᠬᠠᠨᠳᠢᠪᠯᠠᠭᠰᠠᠨ ᠰᠢᠤ !》 ᠭᠡᠵᠦ ᠭᠤᠤ ᠳ᠋ᠠᠨ ᠬᠡᠯᠡᠨ᠎ᠠ᠃ ᠤᠮᠠᠷᠠᠲᠤ ᠬᠢᠯᠢ ᠶ᠋ᠢᠨ ᠠᠨᠠᠷ ᠤ᠋ᠨ ᠬᠠᠢᠷ᠎ᠠ ᠨᠡᠢᠭᠡᠮ ᠲᠣᠭᠣᠷᠢᠭ ᠤ᠋ᠨ ᠮᠦᠽᠧᠢ ᠪᠠᠢᠭᠤᠯᠤᠭ᠍ᠳᠠᠭ᠍ᠰᠠᠨ ᠡᠴᠡ ᠨᠠᠭᠠᠰᠢ ᠱᠢᠨᠵᠢᠶᠠᠩ᠂ ᠲᠥᠪᠡᠳ᠂ ᠭᠤᠸᠠᠩᠰᠢ᠂ ᠬᠥᠬᠡᠨᠠᠭᠤᠷ ᠵᠡᠷᠭᠡ ᠭᠠᠵᠠᠷ ᠤ᠋ᠨ 126 ᠪᠦᠯᠦᠭ ᠰᠣᠯᠢᠯᠴᠠᠭᠠᠨ ᠤ᠋ ᠪᠦᠯᠬᠦᠮ ᠢ᠋ ᠬᠦᠯᠢᠶᠠᠨ ᠠᠪᠴᠠᠢ᠃

ᠤᠢ᠍ᠢᠷ᠎ᠠ ᠶ᠋ᠢᠨ ᠵᠢᠯ ᠡᠴᠡ ᠭᠤᠤ ᠳ᠋ᠠᠨ ᠤᠯᠠᠨ ᠲᠠᠯ᠎ᠠ ᠶ᠋ᠢᠨ ᠬᠢᠨ ᠲᠠᠢ ᠬᠠᠷᠢᠯᠴᠠᠵᠦ᠂ ᠠᠷᠠᠳ ᠤ᠋ᠨ 1 ᠳ᠋ᠤᠭᠡᠷ ᠨᠡᠢᠭᠡᠮ ᠲᠣᠭᠣᠷᠢᠭ ᠤ᠋ᠨ 35 ᠲᠦᠮᠡᠨ ᠲᠡᠭ᠌ᠰᠢ ᠳᠥᠷᠪᠡᠯᠵᠢᠨ ᠮᠸᠲᠷ ᠳᠠᠯᠠᠪᠠᠢ ᠪᠦᠬᠦᠢ 《ᠤᠰᠤ᠂ ᠴᠠᠬᠢᠯᠭᠠᠨ᠂ ᠲᠤᠯᠠᠭᠠᠯᠠᠭ᠎ᠠ ᠬᠠᠩᠭᠠᠬᠤ ᠦᠢᠯᠡᠴᠢᠯᠡᠬᠡ ᠪᠠ ᠠᠳᠠᠯ ᠦᠢᠯᠡᠰ ᠤ᠋ᠨ ᠬᠠᠮᠢᠶᠠᠷᠤᠯᠳᠠ》 ᠶ᠋ᠢᠨ ᠥᠭᠡᠷᠡᠴᠢᠯᠡᠯᠲᠡ ᠵᠢ ᠵᠣᠬᠢᠴᠠᠭᠤᠯᠤᠨ ᠠᠬᠢᠭᠤᠯᠵᠤ᠂ ᠦᠨᠳᠦᠰᠦᠲᠡᠨ ᠤ᠋ ᠪᠦᠯᠬᠦᠮᠳᠡᠯ ᠤ᠋ᠨ ᠰᠣᠶᠣᠯ ᠤ᠋ᠨ ᠪᠡᠶ᠎ᠡ ᠴᠢᠭᠢᠷᠠᠭ᠍ᠵᠢᠭᠤᠯᠬᠤ ᠠᠭᠤᠳᠠᠮ ᠲᠠᠯᠠᠪᠠᠢ᠂ ᠰᠣᠶᠣᠯ ᠤ᠋ᠨ ᠬᠤᠩᠬᠢᠯ ᠪᠣᠯᠤᠨ ᠨᠢᠭᠡ ᠮᠥᠴᠡ ᠶ᠋ᠢᠨ ᠠᠷᠠᠳ ᠲᠦ᠍ ᠲᠦᠬᠦᠮ ᠦᠵᠡᠭᠦᠯᠬᠦ᠌ ᠦᠢᠯᠡᠴᠢᠯᠡᠭᠡᠨ ᠤ᠋ ᠲᠣᠭᠣᠷᠢᠭ ᠢ᠋ ᠪᠠᠢᠭᠤᠯᠵᠤ᠂ ᠦᠨᠳᠦᠰᠦᠲᠡᠨ ᠨᠤᠭᠦᠳ ᠤ᠋ᠨ ᠤᠯᠠᠨ ᠲᠦᠮᠡᠨ ᠤ᠋ ᠠᠮᠤᠷ ᠠᠮᠤᠭᠤᠯᠠᠩ ᠵᠢᠨᠷ ᠣᠷᠣᠱᠢᠨ ᠰᠠᠭᠤᠷᠢᠰᠢᠬᠤ ᠳ᠋ᠦ ᠨᠥᠬᠥᠴᠡᠯ ᠪᠦᠷᠢᠯᠳᠦᠭᠦᠯᠵᠦ᠍ ᠥᠭ᠌ᠴᠡᠢ᠃ ᠲᠡᠬᠦᠨᠴᠢᠯᠡᠨ ᠰᠠᠭᠤᠭᠠᠯᠢ ᠲᠣᠭᠣᠷᠢᠭ ᠤ᠋ᠨ ᠨᠠᠰᠤᠵᠢᠯ ᠤ᠋ᠨ ᠦᠶ᠋ᠯᠡᠴᠢᠯᠡᠭᠡᠨ ᠤ᠋ ᠲᠥᠪ᠂ ᠡᠷᠡᠬᠦᠯᠵᠢᠯ ᠰᠤᠪᠢᠯᠠᠯᠲᠠ ᠶ᠋ᠢᠨ ᠥᠷᠲᠡᠭᠡ ᠂ ᠬᠡᠦᠬᠡᠳ᠎ᠰᠠᠭᠠᠳᠠᠭᠤᠯᠬᠤ ᠲᠦᠪ᠂ ᠨᠡᠢᠭᠡᠮ ᠲᠣᠭᠣᠷᠢᠭ ᠤ᠋ᠨ ᠬᠣᠭᠣᠯᠠᠨ ᠬᠡᠷ᠂ ᠨᠠᠰᠤᠲᠠᠢᠴᠤᠳ ᠤ᠋ᠨ ᠶᠡᠬᠡ ᠰᠤᠷᠭᠠᠭᠤᠯᠢ ᠵᠡᠷᠭᠡ ᠣᠯᠠᠨ ᠡᠱᠢᠲᠦ ᠦᠶ᠋ᠯᠡᠴᠢᠯᠡᠭᠡ ᠵᠢ ᠨᠢᠭᠡ ᠴᠣᠭ᠍ᠴᠠᠵᠢᠭᠤᠯᠵᠤ᠂ ᠬᠠᠮᠲᠤ ᠠᠵᠢᠯᠯᠠᠵᠤ ᠬᠠᠮᠲᠤ ᠪᠠᠶᠠᠰᠤᠭ᠍ᠰᠠᠨ ᠨᠡᠢᠭᠡᠮ ᠲᠣᠭᠣᠷᠢᠭ ᠢ᠋ ᠪᠠᠢᠭᠤᠯᠪᠠ᠃

ᠦᠨᠳᠦᠰᠦᠨ ᠱᠠᠲᠤᠨ ᠳ᠋ᠦ ᠣᠯᠠᠨ ᠵᠢᠯ ᠠᠵᠢᠯᠯᠠᠬᠰᠠᠨ ᠭᠤᠤ ᠳ᠋ᠠᠨ ᠤᠯᠠᠨ ᠲᠦᠮᠡᠨ ᠤ᠋ ᠠᠮᠢᠳᠤᠷᠠᠯ ᠢ᠋ ᠢᠮᠠᠭ᠍ᠲᠠ ᠰᠡᠳᠭᠢᠯ ᠳ᠋ᠡᠭᠡᠨ ᠪᠤᠳᠤᠵᠤ᠂ ᠠᠷᠠᠳ ᠤ᠋ᠨ ᠲᠤᠮᠳᠠ ᠬᠦᠨᠵᠡᠭᠡᠢᠷᠡᠵᠤ᠂ ᠪᠣᠳᠠᠲᠠᠢ ᠠᠵᠢᠯᠯᠠᠨ ᠤᠯᠠᠨ ᠤ᠋ ᠬᠦᠰᠡᠯ ᠢ᠋ ᠪᠡᠶᠡᠯᠡᠬᠦᠯᠵᠤ ᠶᠠᠪᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号