ᠡᠨᠡ ᠵᠢᠯ ᠡᠴᠡ ᠨᠠᠭᠠᠰᠢ᠂ ᠦᠬᠠᠶ ᠬᠣᠲᠠ ᠠᠵᠤ ᠠᠬᠤᠢᠯᠠᠯ ᠢ᠋ ᠲᠤᠰᠠᠯᠠᠬᠤ ᠠᠵᠢᠯᠯᠠᠭ᠎ᠠ ᠶ᠋ᠢ ᠭᠦᠨᠵᠡᠭᠡᠶ ᠥᠷᠨᠢᠭᠦᠯᠵᠦ᠍᠂ 《ᠨᠢᠭᠡ ᠠᠵᠤ ᠠᠬᠤᠢᠯᠠᠯ ᠳ᠋ᠤ ᠨᠢᠭᠡ ᠦᠶ᠋ᠯᠡᠴᠢᠯᠡᠭ᠌ᠴᠢ ᠬᠠᠮᠢᠶᠠᠷᠤᠭ᠍ᠴᠢ》 ᠶ᠋ᠢᠨ ᠠᠵᠢᠯ ᠤ᠋ᠨ ᠲᠣᠭ᠍ᠲᠠᠴᠠ ᠶ᠋ᠢ ᠪᠠᠢᠭᠤᠯᠤᠨ᠂ 《ᠨᠢᠭᠡ ᠶ᠋ᠢ ᠨᠢᠭᠡ ᠳ᠋ᠤ ᠬᠠᠷᠠᠭᠠᠯᠵᠠᠭᠤᠯᠬᠤ》᠂ ᠲᠣᠭ᠍ᠲᠠᠮᠠᠯ ᠦᠶ᠋ᠯᠡᠴᠢᠯᠡᠭᠡᠨ ᠤ᠋ ᠵᠠᠭ᠍ᠪᠤᠷ ᠵᠢᠡᠷ ᠳᠠᠮᠵᠢᠭᠤᠯᠵᠤ᠂ ᠠᠵᠤ ᠠᠬᠤᠢᠯᠠᠯ ᠤ᠋ᠨ ᠦᠶ᠋ᠯᠡᠳᠪᠦᠷᠢᠯᠡᠯ ᠡᠵᠡᠩᠨᠡᠯᠲᠡ ᠵᠢᠨ ᠶᠠᠪᠤᠴᠠ ᠳ᠋ᠤ ᠲᠤᠯᠭᠠᠷᠠᠭ᠍ᠰᠠᠨ ᠬᠦᠴᠢᠷᠳᠡᠯ ᠪᠠ ᠠᠰᠠᠭᠤᠳᠠᠯ ᠢ᠋ ᠣᠨᠣᠪᠴᠢᠲᠠᠶ ᠱᠢᠶ᠋ᠳᠪᠦᠷᠢᠯᠡᠨ᠂ ᠠᠵᠤ ᠠᠬᠤᠢᠯᠠᠯ ᠢ᠋ ᠲᠤᠰᠠᠯᠠᠬᠤ ᠦᠶ᠋ᠯᠡᠴᠢᠯᠡᠭᠡᠨ ᠤ᠋ ᠬᠢᠷᠢ ᠲᠦᠪᠱᠢᠨ ᠢ᠋ ᠬᠦᠴᠦᠯᠡᠨ ᠳᠡᠭᠡᠭ᠌ᠰᠢᠯᠡᠭᠦᠯᠪᠡ᠃
ᠦᠬᠠᠶ ᠵᠢᠨ ᠳᠡᠭᠡᠳᠦ ᠱᠢᠨ᠎ᠡ ᠮᠡᠷᠭᠡᠵᠢᠯ ᠤ᠋ᠨ ᠠᠵᠤ ᠦᠶ᠋ᠯᠡᠰ ᠤ᠋ᠨ ᠨᠡᠭᠡᠭᠡᠯᠲᠡ ᠵᠢᠨ ᠲᠣᠭᠣᠷᠢᠭ ᠲᠤ᠌ ᠪᠠᠢᠭ᠎ᠠ ᠥᠪᠥᠷ ᠮᠣᠩᠭᠣᠯ ᠤ᠋ᠨ ᠶᠦᠩ ᠲᠠᠢ ᠬᠢᠮᠢ ᠵᠢᠨ ᠬᠢᠵᠠᠭᠠᠷᠲᠤ ᠺᠣᠮᠫᠠᠨᠢ ᠣᠢᠷ᠎ᠠ ᠳ᠋ᠤ ᠶᠠᠭ ᠦᠶ᠋ᠯᠡᠳᠪᠦᠷᠢᠯᠡᠯ ᠤ᠋ᠨ ᠬᠡᠪᠴᠢᠶ᠎ᠡ ᠪᠡᠨ ᠥᠷᠭᠡᠳᠭᠡᠵᠦ᠍᠂ ᠵᠠᠬ᠎ᠠ ᠳᠡᠯᠭᠡᠭᠦᠷ ᠵᠢᠡᠨ ᠥᠷᠭᠡᠳᠭᠡᠬᠦ᠌ ᠶᠠᠪᠤᠴᠠ ᠳᠤᠮᠳᠠ ᠪᠠᠯᠠ ᠬᠤᠷᠠᠮᠳᠤᠭᠤᠯᠬᠤ ᠳ᠋ᠤ ᠬᠦᠴᠢᠷ ᠠᠰᠠᠭᠤᠳᠠᠯ ᠳ᠋ᠤ ᠲᠤᠯᠭᠠᠷᠠᠪᠠ᠃ ᠠᠵᠤ ᠠᠬᠤᠢᠯᠠᠯ ᠤ᠋ᠨ ᠦᠶ᠋ᠯᠡᠴᠢᠯᠡᠭᠡᠨ ᠤ᠋ ᠬᠠᠮᠢᠶᠠᠷᠤᠭ᠍ᠴᠢ᠂ ᠤᠳᠠ ᠵᠢᠨ ᠲᠤᠬᠤᠢ ᠲᠣᠭᠣᠷᠢᠭ ᠤ᠋ᠨ ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠲᠣᠪᠴᠢᠶ᠎ᠠ ᠵᠢᠨ ᠳᠠᠷᠤᠭ᠎ᠠ ᠯᠦᠸᠧ ᠪᠥᠸᠧ ᠬᠡᠷᠲᠦᠨᠢ ᠬᠦᠷᠴᠦ᠍ ᠰᠤᠷᠪᠤᠯᠵᠢᠯᠠᠬᠤ ᠳᠤᠮᠳᠠᠪᠠᠨ ᠡᠨᠡ ᠬᠦ᠌ ᠪᠠᠢᠳᠠᠯ ᠢ᠋ ᠣᠢᠯᠠᠭᠠᠭ᠍ᠰᠠᠨᠤ ᠳᠠᠷᠠᠭ᠎ᠠ᠂ ᠢᠳᠡᠪᠬᠢᠲᠡᠶᠪᠡᠷ ᠨᠡᠪᠲᠡᠷᠡᠯᠴᠡᠨ ᠵᠣᠬᠢᠴᠠᠭᠤᠯᠵᠤ᠂ ᠲᠣᠰ ᠠᠵᠤ ᠠᠬᠤᠢᠯᠠᠯ ᠢ᠋ ᠬᠠᠪᠰᠤᠷᠤᠨ ᠦᠬᠠᠶ ᠬᠣᠲᠠ ᠵᠢᠨ ᠨᠢᠭᠡᠨ ᠮᠥᠩᠭᠥᠨ ᠭᠦᠶ᠋ᠯᠭᠡᠭᠡᠨ ᠤ᠋ ᠪᠠᠢᠭᠤᠯᠤᠮᠵᠢᠲᠠᠶ 1.5 ᠳ᠋ᠦᠩᠱᠢᠭᠤᠷ ᠲᠥᠭᠥᠷᠢᠭ ᠤ᠋ᠨ ᠵᠢᠭᠡᠯᠡᠯᠭᠡ ᠵᠢᠨ ᠰᠠᠨᠠᠮᠵᠢ ᠲᠤᠭᠳᠠᠪᠠ᠃
《ᠡᠨᠡ ᠵᠢᠭᠡᠯᠡᠯᠭᠡ ᠵᠢ ᠨᠠᠢᠳᠠᠪᠤᠷᠢᠵᠢᠭᠤᠯᠤᠭᠰᠠᠨ ᠨᠢ ᠪᠢᠳᠡᠨ ᠳ᠋ᠤ ᠲᠤᠯᠭᠠᠷᠠᠭᠰᠠᠨ ᠪᠠᠴᠢᠮ ᠬᠦᠴᠢᠷᠳᠡᠯ ᠢ᠋ ᠰᠢᠢᠳᠪᠦᠷᠢᠯᠡᠭᠰᠡᠨ ᠵᠢᠡᠷ ᠪᠠᠷᠠᠬᠤ ᠦᠭᠡᠢ ᠦᠶ᠋ᠯᠡᠴᠢᠯᠡᠭᠡᠨ ᠤ᠋ ᠬᠠᠮᠢᠶᠠᠷᠤᠭ᠍ᠴᠢ ᠪᠠᠰᠠ ᠪᠢᠳᠡᠨᠳᠦ ᠢᠳᠡᠪᠬᠢᠲᠠᠢ ᠪᠡᠷ ᠲᠥᠷᠥ ᠵᠢᠨ ᠪᠣᠳᠣᠯᠭ᠎ᠠ ᠵᠢᠨ ᠲᠤᠬᠠᠢ ᠲᠠᠢᠯᠤᠮᠵᠢ ᠬᠢᠵᠦ᠍᠂ ᠱᠠᠩᠨᠠᠯ ᠨᠥᠬᠥᠪᠥᠷᠢ ᠵᠢᠨ ᠪᠠᠯᠠ ᠮᠥᠩᠭᠥ ᠶ᠋ᠢ ᠭᠤᠶᠤᠴᠢᠯᠠᠨ ᠮᠡᠳᠡᠭᠦᠯᠬᠦ ᠳ᠋ᠤ ᠲᠤᠰᠠᠯᠠᠨ᠂ ᠡᠢᠮᠦᠷᠬᠦᠦ〈ᠨᠢᠭᠡ ᠶ᠋ᠢ ᠨᠢᠭᠡ ᠳ᠋ᠤ ᠬᠠᠷᠠᠭᠠᠯᠵᠠᠭᠤᠯᠬᠤ〉 ᠦᠶ᠋ᠯᠡᠴᠢᠯᠡᠭᠡ ᠨᠢ ᠠᠵᠤ ᠠᠬᠤᠢᠯᠠᠯ ᠳ᠋ᠤ ᠦᠨᠡᠨ ᠬᠦ᠌ ᠪᠣᠳᠠᠲᠠᠶ ᠠᠱᠢᠭ ᠬᠦᠷᠲᠡᠭᠡᠵᠡᠶ》 ᠭᠡᠵᠦ᠍ ᠥᠪᠥᠷ ᠮᠣᠩᠭᠣᠯ ᠤ᠋ᠨ ᠶᠦᠩ ᠲᠠᠢ ᠬᠢᠮᠢ ᠵᠢᠨ ᠬᠢᠵᠠᠭᠠᠷᠲᠤ ᠺᠣᠮᠫᠠᠨᠢ ᠵᠢᠨ ᠶᠡᠷᠦᠩᠬᠡᠢ ᠳᠠᠭᠠᠭᠠᠮᠠᠯ ᠸᠠᠩ ᠽᠢ ᠴᠧᠨ ᠬᠡᠯᠡᠪᠡ᠃
ᠯᠦᠸᠧ ᠪᠥᠸᠧ᠄ 《ᠠᠵᠤ ᠠᠬᠤᠢᠯᠠᠯ ᠤ᠋ᠨ ᠦᠶ᠋ᠯᠡᠴᠢᠯᠡᠭᠡᠨ ᠤ᠋ ᠬᠠᠮᠢᠶᠠᠷᠤᠭ᠍ᠴᠢ ᠪᠣᠯᠤᠭ᠍ᠰᠠᠨ ᠤ ᠬᠤᠪᠢ ᠳ᠋ᠤ᠂ ᠲᠡᠳᠡ ᠰᠠᠷ᠎ᠠ ᠪᠦᠷᠢ ᠨᠠᠭᠠᠳᠤ ᠵᠠᠬᠠᠳᠠᠭᠠᠨ ᠨᠢᠭᠡ ᠤᠳᠠᠭ᠎ᠠ ᠠᠵᠤ ᠠᠬᠤᠢᠯᠠᠯ ᠵᠢᠡᠷ ᠬᠦᠷᠴᠦ᠍᠂ ᠠᠵᠤ ᠠᠬᠤᠢᠯᠠᠯ ᠳ᠋ᠤ ᠲᠤᠯᠭᠠᠷᠠᠵᠤ ᠪᠠᠢᠭ᠎ᠠ ᠠᠰᠠᠭᠤᠳᠠᠯ ᠪᠣᠯᠤᠨ ᠬᠦᠰᠡᠯ ᠱᠠᠭᠠᠷᠳᠠᠯᠭ᠎ᠠ ᠶ᠋ᠢ ᠴᠤᠭ᠍ᠯᠠᠭᠤᠯᠬᠤ ᠵᠢᠨ ᠬᠠᠮᠲᠤ ᠲᠥᠷᠥᠯ ᠬᠤᠪᠢᠶᠠᠨ ᠡᠮᠬᠢᠯᠡᠵᠦ᠍᠂ ᠠᠵᠤ ᠠᠬᠤᠢᠯᠠᠯᠳᠤ ᠲᠤᠯᠭᠠᠷᠠᠵᠤ ᠪᠠᠢᠭ᠎ᠠ ᠠᠰᠠᠭᠤᠳᠠᠯ ᠪᠠ ᠬᠦᠰᠡᠯ ᠱᠠᠭᠠᠷᠳᠠᠯᠭ᠎ᠠ ᠵᠢᠨ ᠡᠬᠡ ᠲᠠᠩᠰᠠ ᠶ᠋ᠢ ᠪᠠᠢᠭᠤᠯᠳᠠᠭ᠃ ᠡᠭᠦᠨ ᠤ᠋ ᠬᠠᠮᠲᠤ ᠬᠦᠰᠡᠯ ᠱᠠᠭᠠᠷᠳᠠᠯᠭ᠎ᠠ ᠶ᠋ᠢ ᠱᠢᠶ᠋ᠳᠪᠦᠷᠢᠯᠡᠬᠦ᠌ ᠲᠣᠭ᠍ᠲᠠᠴᠠ ᠶ᠋ᠢ ᠬᠡᠷᠡᠭ᠌ᠵᠢᠭᠦᠯᠵᠦ᠍᠂ ᠬᠠᠮᠢᠶ᠎ᠠ ᠪᠥᠬᠥᠶ ᠰᠠᠯᠠᠭ᠎ᠠ ᠮᠥᠴᠢᠷ ᠠᠵᠤ ᠠᠬᠤᠢᠯᠠᠯ ᠤ᠋ᠨ ᠲᠤᠯᠭᠠᠷᠠᠵᠤ ᠪᠠᠢᠭ᠎ᠠ ᠠᠰᠠᠭᠤᠳᠠᠯᠪᠠ ᠬᠦᠰᠡᠯ ᠱᠠᠭᠠᠷᠳᠠᠯᠭ᠎ᠠ ᠶ᠋ᠢ ᠭᠥᠯᠢᠶᠡᠨ ᠠᠪᠴᠤ᠌ ᠱᠢᠶ᠋ᠳᠪᠦᠷᠢᠯᠡᠨ᠂ 5 ᠠᠵᠢᠯᠯᠠᠬᠤ ᠡᠳᠦᠷ ᠤ᠋ᠨ ᠳᠣᠲᠣᠷ᠎ᠠ ᠱᠢᠶ᠋ᠳᠪᠦᠷᠢᠯᠡᠭ᠌ᠰᠡᠨ ᠪᠠᠢᠳᠠᠯ ᠪᠤᠶᠤ ᠱᠢᠶ᠋ᠳᠪᠦᠷᠢᠯᠡᠭ᠌ᠰᠡᠨ ᠰᠡᠳᠭᠢᠮᠵᠢ ᠪᠡᠨ ᠬᠠᠷᠢᠭᠤ ᠲᠤᠰᠭᠠᠵᠤ᠂ ᠠᠵᠤ ᠠᠬᠤᠢᠯᠠᠯ ᠳᠤ ᠲᠤᠯᠭᠠᠷᠠᠵᠤ ᠪᠠᠢᠭ᠎ᠠ ᠠᠰᠠᠭᠤᠳᠠᠯ ᠪᠠ ᠬᠦᠰᠡᠯ ᠱᠠᠭᠠᠷᠳᠠᠯᠭ᠎ᠠ ᠶ᠋ᠢ ᠬᠦᠴᠦᠨ ᠥᠬᠡᠶ ᠪᠣᠯᠭᠠᠬᠤ ᠬᠠᠮᠢᠶᠠᠷᠤᠯᠲᠠ ᠶ᠋ᠢ ᠬᠡᠷᠡᠭ᠌ᠵᠢᠭᠦᠯᠦᠨᠡ》ᠭᠡᠵᠦ ᠰᠤᠷᠪᠤᠯᠵᠢᠯᠠᠭ᠍ᠴᠢ ᠳ᠋ᠤ ᠬᠡᠯᠡᠪᠡ᠃
ᠠᠵᠤ ᠠᠬᠤᠢᠯᠠᠯ ᠢ᠋ ᠲᠤᠰᠠᠯᠠᠬᠤ ᠠᠵᠢᠯᠯᠠᠭ᠎ᠠ ᠳᠤᠮᠳᠠ᠂ ᠦᠬᠠᠶ ᠬᠣᠲᠠ ᠵᠠᠰᠠᠭ ᠤ᠋ᠨ ᠶᠠᠪᠤᠳᠠᠯ ᠤ᠋ᠨ ᠦᠶ᠋ᠯᠡᠴᠢᠯᠡᠭᠡᠨ ᠤ᠋ ᠦᠷ᠎ᠡ ᠪᠦᠲᠦᠮᠵᠢ ᠶ᠋ᠢ ᠳᠡᠭᠡᠭ᠌ᠰᠢᠯᠡᠭᠦᠯᠬᠦ᠌᠂ ᠠᠵᠤ ᠠᠬᠤᠢᠯᠠᠯ ᠤ᠋ᠨ ᠡᠵᠡᠩᠨᠡᠯᠲᠡ ᠵᠢᠨ ᠳᠠᠷᠤᠭᠠᠰᠤ ᠶ᠋ᠢ ᠬᠥᠩᠭᠡᠷᠡᠭᠦᠯᠬᠦ᠌᠂ ᠠᠵᠤ ᠠᠬᠤᠢᠯᠠᠯ ᠤ᠋ᠨ ᠵᠠᠬ᠎ᠠ ᠳᠡᠯᠭᠡᠭᠦᠷ ᠵᠢᠡᠨ ᠥᠷᠭᠡᠳᠭᠡᠬᠦ᠌ ᠶ᠋ᠢ ᠳᠡᠮᠵᠢᠬᠦ᠌᠂ ᠠᠵᠤ ᠠᠬᠤᠢᠯᠠᠯ ᠤ᠋ᠨ ᠱᠢᠨ᠎ᠡ ᠶ᠋ᠢ ᠡᠭᠦᠳᠦᠨ ᠬᠥᠭ᠌ᠵᠢᠬᠦ᠌ ᠶ᠋ᠢ ᠵᠣᠷᠢᠭ᠍ᠵᠢᠭᠤᠯᠬᠤ ᠵᠡᠷᠭᠡ 8 ᠲᠠᠯᠠᠪᠠᠷ 32 ᠵᠦᠶ᠋ᠯ ᠤ᠋ᠨ ᠠᠷᠭ᠎ᠠ ᠬᠡᠮᠵᠢᠶ᠎ᠡ ᠳᠤᠷᠠᠳᠴᠠᠶ᠃ ᠡᠭᠦᠨ ᠤ᠋ ᠬᠠᠮᠲᠤ᠂ ᠪᠥᠬᠥ᠌ ᠬᠣᠲᠠ ᠵᠢᠨ ᠠᠵᠤ ᠦᠶ᠋ᠯᠡᠰ ᠤ᠋ᠨ ᠪᠦᠲᠦᠴᠡ ᠵᠢᠨ ᠣᠨᠴᠠᠯᠢᠭᠲᠠᠶ ᠤᠶᠠᠯᠳᠤᠭᠤᠯᠤᠨ᠂ ᠠᠵᠤ ᠠᠬᠤᠢᠯᠠᠯ ᠤ᠋ᠨ ᠦᠶ᠋ᠯᠡᠳᠬᠦᠨ ᠤ᠋ ᠥᠷᠲᠡᠭ᠂ ᠠᠵᠢᠯ ᠲᠥᠷᠥᠯ᠂ ᠬᠠᠷᠢᠶ᠎ᠠ ᠭᠠᠵᠠᠷ᠂ ᠬᠢᠷᠢ ᠬᠡᠮ ᠵᠡᠷᠭᠡ ᠪᠠᠢᠳᠠᠯ ᠢ᠋ ᠦᠨᠳᠦᠰᠦᠯᠡᠨ᠂ 242 ᠭᠤᠤᠯᠳᠠᠯᠭᠠᠲᠠᠶ ᠠᠵᠤ ᠠᠬᠤᠢᠯᠠᠯ ᠳ᠋ᠤ ᠦᠶ᠋ᠯᠡᠴᠢᠯᠡᠭᠡᠨ ᠤ᠋ ᠬᠠᠮᠢᠶᠠᠷᠤᠭ᠍ᠴᠢ ᠲᠣᠬᠢᠷᠠᠭᠤᠯᠵᠤ᠂ ᠠᠵᠤ ᠠᠬᠤᠢᠯᠠᠯ ᠳ᠋ᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠲᠠᠢᠯᠤᠮᠵᠢ᠂ ᠬᠦᠰᠡᠯ ᠱᠠᠭᠠᠷᠳᠠᠯᠭ᠎ᠠ ᠶ᠋ᠢ ᠴᠤᠭ᠍ᠯᠠᠭᠤᠯᠵᠤ ᠱᠢᠯᠵᠢᠭᠦᠯᠦᠨ ᠭᠦᠶ᠋ᠴᠡᠳᠭᠡᠬᠦ᠌᠂ ᠭᠠᠷᠳᠠᠮ ᠢ᠋ ᠬᠠᠪᠰᠤᠷᠤᠨ ᠭᠦᠶ᠋ᠴᠡᠳᠭᠡᠵᠦ᠍ ᠣᠷᠣᠯᠠᠨ ᠭᠦᠶ᠋ᠴᠡᠳᠭᠡᠬᠦ᠌᠂ ᠠᠷᠭ᠎ᠠ ᠵᠠᠮ ᠡᠬᠢ ᠪᠠᠶᠠᠯᠢᠭ ᠢ᠋ ᠵᠣᠯᠭᠠᠭᠤᠯᠬᠤ ᠵᠡᠷᠭᠡ ᠦᠶ᠋ᠯᠡᠴᠢᠯᠡᠭᠡ ᠬᠠᠩᠭᠠᠪᠠ᠃ ᠡᠭᠦᠨ ᠤ᠋ ᠬᠠᠮᠲᠤ ᠬᠦᠰᠡᠯ ᠱᠠᠭᠠᠷᠳᠠᠯᠭ᠎ᠠ ᠶ᠋ᠢ ᠭᠦᠶ᠋ᠴᠡᠳᠭᠡᠬᠦ᠌᠂ ᠳᠣᠭᠢᠷᠠᠭᠤᠯᠤᠨ ᠬᠠᠷᠢᠭᠤ ᠲᠤᠰᠭᠠᠬᠤ᠂ ᠦᠶ᠋ᠯᠡᠴᠢᠯᠡᠭᠡ ᠶ᠋ᠢ ᠦᠨᠡᠯᠡᠬᠦ᠌ ᠠᠵᠢᠯ ᠤ᠋ᠨ ᠲᠣᠭ᠍ᠲᠠᠴᠠ ᠶ᠋ᠢ ᠪᠠᠢᠭᠤᠯᠵᠤ᠂ ᠠᠰᠠᠭᠤᠯᠲᠠ ᠵᠢᠨ ᠬᠠᠭᠤᠳᠠᠰᠤᠪᠠᠷ ᠪᠠᠢᠴᠠᠭᠠᠬᠤᠪᠠᠷ ᠳᠠᠮᠵᠢᠭᠤᠯᠤᠨ᠂ ᠦᠶ᠋ᠯᠡᠴᠢᠯᠡᠬᠦ᠌ ᠡᠲᠡᠭᠡᠳ ᠤ᠋ᠨ ᠰᠠᠨᠠᠯ ᠢ᠋ ᠬᠤᠷᠢᠶᠠᠵᠤ᠂ ᠦᠶ᠋ᠯᠡᠴᠢᠯᠡᠭᠡᠨ ᠤ᠋ ᠬᠠᠮᠢᠶᠠᠷᠤᠭ᠍ᠴᠢ ᠪᠠ ᠱᠢᠯᠵᠢᠭᠦᠯᠦᠨ ᠭᠦᠶ᠋ᠴᠡᠳᠭᠡᠬᠦ᠌ ᠰᠠᠯᠠᠭ᠎ᠠ ᠮᠥᠴᠢᠷ ᠤ᠋ᠨ ᠦᠶ᠋ᠯᠡᠴᠢᠯᠡᠭᠡᠨ ᠤ᠋ ᠶᠠᠰᠤ ᠴᠢᠨᠠᠷ ᠲᠤ᠌ ᠦᠨᠡᠯᠡᠯᠲᠡ ᠬᠢᠵᠦ᠍ ᠬᠤᠪᠢ ᠥᠭ᠌ᠴᠦ᠂ ᠠᠵᠤ ᠠᠬᠤᠢᠯᠠᠯ ᠢ᠋ ᠲᠤᠰᠠᠯᠠᠬᠤ ᠦᠶ᠋ᠯᠡᠴᠢᠯᠡᠭᠡᠨ ᠤ᠋ ᠬᠢᠷᠢ ᠲᠦᠪᠱᠢᠨ ᠢ᠋ ᠦᠷᠭᠦᠯᠵᠢᠯᠡᠨ ᠳᠡᠭᠡᠭ᠌ᠰᠢᠯᠡᠭᠦᠯᠬᠦ᠌ ᠶ᠋ᠢ ᠪᠥᠬᠥ᠌ ᠲᠠᠯᠠᠪᠠᠷ ᠠᠬᠢᠭᠤᠯᠪᠠ᠃
ᠦᠬᠠᠶ ᠬᠣᠲᠠ ᠵᠢᠨ ᠬᠥᠭ᠌ᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠤ᠋ᠨ ᠠᠷᠠᠳ ᠤ᠋ᠨ ᠡᠵᠡᠩᠨᠡᠯᠲᠡ ᠵᠢᠨ ᠠᠵᠤ ᠠᠬᠤᠶ ᠵᠢᠨ ᠶᠡᠷᠦᠩᠬᠡᠢᠯᠡᠭ᠌ᠰᠡᠨ ᠰᠠᠯᠠᠭᠠᠨᠤ ᠳᠠᠷᠤᠭ᠎ᠠ ᠵᠢᠨ ᠳ᠋ᠦᠩ ᠯᠢᠶᠠᠩ ᠤ᠋ᠨ ᠲᠠᠨᠢᠯᠴᠠᠭᠤᠯᠤᠭ᠍ᠰᠠᠨ ᠵᠢᠡᠷ᠂ ᠦᠶ᠋ᠯᠡᠴᠢᠯᠡᠭᠡᠨ ᠤ᠋ ᠶᠠᠰᠤ ᠴᠢᠨᠠᠷ ᠦᠷ᠎ᠡ ᠪᠦᠲᠦᠮᠵᠢ ᠶ᠋ᠢ ᠳᠡᠭᠡᠭ᠌ᠰᠢᠯᠡᠭᠦᠯᠬᠦ᠌ ᠵᠢᠨ ᠲᠥᠯᠥᠭᠡ᠂ ᠲᠠᠳᠠ 《ᠳᠥᠷᠪᠡᠨ ᠨᠢᠭᠡ》 ᠶ᠋ᠢᠨ ᠦᠶ᠋ᠯᠡᠴᠢᠯᠡᠭᠡᠨ ᠤ᠋ ᠲᠣᠭ᠍ᠲᠠᠴᠠ ᠶ᠋ᠢ ᠪᠠᠢᠭᠤᠯᠪᠠ᠃ ᠲᠤᠬᠠᠢᠯᠠᠪᠠᠯ᠄ ᠨᠢᠭᠡ ᠠᠵᠤ ᠠᠬᠤᠢᠯᠠᠯ ᠳ᠋ᠤ ᠨᠢᠭᠡ ᠦᠶ᠋ᠯᠡᠴᠢᠯᠡᠭᠡᠨ ᠤ᠋ ᠬᠠᠮᠢᠶᠠᠷᠤᠭ᠍ᠴᠢᠲᠠᠶ ᠪᠠᠢᠵᠤ᠂ ᠦᠶ᠋ᠯᠡᠴᠢᠯᠡᠭᠡ ᠶ᠋ᠢ ᠨᠠᠷᠢᠯᠢᠭ ᠤᠨᠤᠪᠴᠢᠲᠠᠢ ᠵᠣᠯᠭᠠᠭᠤᠯᠬᠤ ᠶ᠋ᠢ ᠦᠨᠡᠨ ᠬᠦ᠌ ᠪᠠᠲᠤᠯᠠᠨ᠎ᠠ; ᠰᠠᠷ᠎ᠠ ᠪᠦᠷᠢ ᠨᠢᠭᠡ ᠤᠳᠠᠭ᠎ᠠ ᠲᠣᠭᠣᠷᠢᠨ ᠪᠠᠢᠴᠠᠭᠠᠨ ᠰᠤᠳᠤᠯᠤᠯᠲᠠ ᠬᠢᠵᠦ᠍᠂ ᠠᠵᠤ ᠠᠬᠤᠢᠯᠠᠯ ᠳ᠋ᠤ ᠲᠤᠯᠭᠠᠷᠠᠵᠤ ᠪᠠᠢᠭ᠎ᠠ ᠠᠰᠠᠭᠤᠳᠠᠯ ᠪᠠ ᠬᠦᠰᠡᠯ ᠱᠠᠭᠠᠷᠳᠠᠯᠭ᠎ᠠ ᠶ᠋ᠢ ᠲᠡᠷᠡ ᠳᠠᠷᠤᠢ ᠳ᠋ᠤᠨᠢ ᠡᠵᠡᠮᠱᠢᠨᠡ; ᠤᠯᠠᠷᠢᠯ ᠪᠦᠷᠢᠳᠦ ᠨᠢᠭᠡ ᠤᠳᠠᠭ᠎ᠠ ᠳ᠋ᠦᠩᠨᠡᠨ ᠵᠠᠳᠠᠯᠵᠤ᠂ ᠦᠶ᠋ᠯᠡᠴᠢᠯᠡᠭᠡᠨ ᠤ᠋ ᠠᠷᠭ᠎ᠠ ᠪᠣᠳᠣᠯᠭ᠎ᠠ ᠶ᠋ᠢ ᠴᠠᠭ ᠲᠤᠬᠠᠶ ᠳ᠋ᠤᠨᠢ ᠱᠢᠯᠢᠳᠡᠭ᠌ᠵᠢᠭᠦᠯᠦᠨᠡ; ᠵᠢᠯ ᠪᠦᠷᠢ ᠨᠢᠭᠡ ᠤᠳᠠᠭ᠎ᠠ ᠶᠡᠷᠦᠩᠬᠡᠢᠯᠡᠭ᠌ᠰᠡᠨ ᠦᠨᠡᠯᠡᠯᠲᠡ ᠬᠢᠵᠦ᠍᠂ ᠬᠠᠮᠢᠶᠠᠷᠤᠭ᠍ᠴᠢ ᠵᠢᠨ ᠦᠶ᠋ᠯᠡᠴᠢᠯᠡᠭᠡᠨ ᠤ᠋ ᠶᠠᠰᠤ ᠴᠢᠨᠠᠷ ᠢ᠋ ᠪᠠᠲᠤᠯᠠᠨ᠎ᠠ᠃
《ᠡᠢᠮᠦ᠍ ᠲᠣᠭ᠍ᠲᠠᠴᠠᠪᠠᠷ ᠳᠠᠮᠵᠢᠭᠤᠯᠤᠨ ᠤᠳᠤᠷᠢᠳᠭᠤ ᠺᠠᠳ᠋ᠷᠴᠤᠳ ᠢ᠋ ᠠᠵᠤ ᠠᠬᠤᠢᠯᠠᠯ ᠳ᠋ᠤ ᠬᠦᠨᠵᠡᠭᠡᠢᠷᠡᠭᠦᠯᠵᠤ᠂ ᠲᠥᠷᠥ ᠵᠢᠨ ᠪᠣᠳᠣᠯᠭ᠎ᠠ ᠵᠢᠨ ᠰᠠᠢᠨ ᠤᠬᠠᠭᠤᠯᠤᠭ᠍ᠴᠢ᠂ ᠠᠰᠠᠭᠤᠳᠠᠯ ᠤ᠋ᠨ ᠵᠣᠬᠢᠴᠠᠭᠤᠯᠤᠭ᠍ᠴᠢ ᠪᠠ ᠬᠥᠭ᠌ᠵᠢᠯᠲᠡ ᠵᠢᠨ ᠵᠢᠯᠣᠭᠣᠳᠣᠭ᠍ᠴᠢ ᠪᠣᠯᠭᠠᠨ᠎ᠠ》 ᠭᠡᠵᠦ᠍ ᠵᠢᠨ ᠳ᠋ᠦᠩ ᠯᠢᠶᠠᠩ ᠬᠡᠯᠡᠪᠡ᠃ ᠣᠳᠣᠬᠠᠨ ᠳ᠋ᠤ᠂ ᠦᠬᠠᠢ ᠬᠤᠳᠠ ᠵᠢᠨ ᠠᠵᠤ ᠠᠬᠤᠢᠯᠠᠯ ᠤ᠋ᠨ ᠦᠢᠯᠡᠴᠢᠯᠡᠭᠡᠨ ᠤ᠋ ᠬᠠᠮᠢᠶᠠᠷᠤᠭ᠍ᠴᠢᠳ ᠠᠵᠤ ᠠᠬᠤᠢᠯᠠᠯ ᠳ᠋ᠤ ᠨᠢᠭᠡᠨᠲᠡ 320 ᠭᠠᠷᠤᠢ ᠤᠳᠠᠭ᠎ᠠ ᠡᠯ᠎ᠡ ᠵᠦᠢᠯ ᠤ᠋ᠨ ᠦᠢᠯᠡᠴᠢᠯᠡᠭᠡ ᠬᠠᠩᠭᠠᠵᠤ᠂ ᠳᠥᠭᠥᠮᠬᠡᠨ ᠠᠰᠠᠭᠤᠳᠠᠯ ᠪᠠ ᠬᠦᠰᠡᠯ ᠱᠠᠭᠠᠷᠳᠠᠯᠭ᠎ᠠ ᠶ᠋ᠢ ᠴᠠᠭ ᠲᠤᠬᠠᠢ ᠳ᠋ᠤᠨᠢ ᠱᠢᠢᠳᠪᠦᠷᠢᠯᠡᠬᠦ ᠶ᠋ᠢ ᠪᠡᠶᠡᠯᠡᠭᠦᠯᠵᠦ᠂ ᠨᠠᠷᠢᠨ ᠪᠤᠳᠤᠯᠢᠶᠠᠨᠲᠠᠶ ᠠᠰᠠᠭᠤᠳᠠᠯ ᠪᠠ ᠬᠦᠰᠡᠯ ᠱᠠᠭᠠᠷᠳᠠᠯᠭ᠎ᠠ ᠶ᠋ᠢ ᠡᠬᠡ ᠳᠠᠩᠰᠠᠨ ᠳ᠋ᠤ ᠣᠷᠣᠭᠤᠯᠵᠤ ᠱᠢᠶ᠋ᠳᠪᠦᠷᠢᠯᠡᠬᠦ᠌ ᠶ᠋ᠢ ᠠᠬᠢᠭᠤᠯᠪᠠ᠃ ᠣᠳᠣᠬᠠᠨ ᠪᠣᠯᠲᠠᠯ᠎ᠠ᠂ ᠡᠬᠡ ᠲᠠᠩᠰᠠᠳᠠᠬᠢ 87 ᠬᠤᠪᠢ ᠠᠰᠠᠭᠤᠳᠠᠯᠪᠠ ᠬᠦᠰᠡᠯ ᠱᠠᠭᠠᠷᠳᠠᠯᠭᠠᠵᠢᠨ 59 ᠬᠤᠪᠢ ᠶ᠋ᠢ ᠨᠢ ᠨᠢᠭᠡᠨᠲᠡ ᠱᠢᠶ᠋ᠳᠪᠦᠷᠢᠯᠡᠵᠦ᠍᠂ ᠦᠯᠡᠳᠡᠭ᠌ᠰᠡᠨ ᠠᠰᠠᠭᠤᠳᠠᠯᠪᠠ ᠬᠦᠰᠡᠯ ᠱᠠᠭᠠᠷᠳᠠᠯᠭ᠎ᠠ ᠳ᠋ᠤ ᠨᠢᠭᠡᠨᠲᠡ ᠱᠢᠶ᠋ᠳᠪᠦᠷᠢᠯᠡᠬᠦ᠌ ᠠᠷᠭ᠎ᠠ ᠬᠡᠮᠵᠢᠶ᠎ᠡ ᠲᠣᠭ᠍ᠲᠠᠭᠠᠭ᠍ᠰᠠᠨ ᠪᠥᠭᠡᠳ ᠶᠠᠭ ᠦᠷᠭᠦᠯᠵᠢᠯᠡᠨ ᠠᠬᠢᠭᠤᠯᠵᠤ ᠪᠤᠢ᠃