ᠠᠷᠪᠠᠨ ᠨᠢᠭᠡᠳᠦᠭᠡᠷ ᠬᠤᠭᠤᠴᠠᠭᠠᠨ᠎ᠤ ᠪᠦᠬᠦ ᠣᠷᠣᠨ᠎ᠤ ᠴᠥᠭᠡᠨ ᠲᠣᠭᠠᠲᠤ ᠦᠨᠳᠦᠰᠦᠲᠡᠨ᠎ᠦ ᠤᠯᠠᠮᠵᠢᠯᠠᠯᠲᠤ ᠪᠡᠶ᠎ᠡ ᠶ᠋ᠢᠨ ᠲᠠᠮᠢᠷ ᠎ᠤᠨ ᠴᠤᠭᠯᠠᠭᠠᠨ᠎ᠤ ᠪᠡᠯᠡᠳᠬᠡᠯ ᠠᠵᠢᠯ ᠪᠠᠴᠢᠮ ᠶᠠᠭᠠᠷᠠᠯᠲᠠᠢ ᠶᠠᠪᠤᠭᠳᠠᠵᠤ ᠪᠠᠢᠨ᠎ᠠ
2025-06-18 11:20:03
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠴᠥᠭᠡᠨ ᠲᠣᠭᠠᠲᠤ ᠦᠨᠳᠦᠰᠦᠲᠡᠨ᠎ᠦ ᠤᠯᠠᠮᠵᠢᠯᠠᠯᠲᠤ ᠪᠡᠶ᠎ᠡ᠎ᠶᠢᠨ ᠲᠠᠮᠢᠷ᠎ᠤᠨ ᠴᠤᠭᠯᠠᠭᠠᠨ ᠡᠬᠢᠯᠡᠳᠠᠯ᠎ᠠ 40 ᠡᠳᠦᠷ ᠯᠠ ᠪᠤᠢ᠃ 6 ᠰᠠᠷ᠎ᠠ ᠵᠢᠨ 16 ᠤ᠋ ᠡᠳᠦᠷ ᠬᠤᠷᠠᠯᠳᠤᠭᠤᠯᠤᠬᠰᠠᠨ ᠰᠣᠨᠢᠨ ᠮᠡᠳᠡᠭᠡ ᠨᠡᠢᠲᠡᠯᠡᠬᠦ ᠬᠤᠷᠠᠯ ᠳ᠋ᠤ ᠤᠷᠤᠯᠳᠤᠭᠠᠨ᠎ᠤ ᠴᠢᠬᠤᠯᠠ ᠶᠡᠬᠡ ᠠᠴᠢ ᠬᠣᠯᠪᠣᠭᠳᠠᠯ᠂ ᠵᠣᠬᠢᠶᠠᠨ ᠪᠠᠢᠭᠤᠯᠤᠯᠲᠠ᠂ ᠥᠪᠡᠷᠮᠢᠴᠡ ᠣᠨᠴᠠᠯᠢᠭ᠋ ᠵᠢᠴᠢ ᠪᠡᠯᠡᠳᠬᠡᠯ ᠠᠵᠢᠯ᠎ᠤᠨ ᠪᠠᠢᠳᠠᠯ᠎ᠢ ᠨᠡᠢᠲᠡᠯᠡᠵᠦ᠂ ᠣᠲᠣᠬᠠᠨ ᠪᠣᠯᠲᠠᠯ᠎ᠠ ᠤᠷᠤᠯᠳᠤᠭᠠᠨ᠎ᠤ ᠪᠡᠯᠡᠳᠬᠡᠯ ᠠᠵᠢᠯ ᠨᠢᠭᠡᠨᠲᠡ ᠡᠴᠦᠰ᠎ᠦᠨ ᠰᠢᠪᠲᠤᠯᠤᠯᠲᠠ᠎ᠶᠢᠨ ᠱᠠᠲᠤᠨ᠎ᠳᠤ ᠣᠷᠣᠭᠰᠠᠨ ᠪᠠᠢᠨ᠎ᠠ᠃

ᠠᠷᠪᠠᠨ ᠨᠢᠭᠡᠳᠦᠭᠡᠷ ᠬᠤᠭᠤᠴᠠᠭᠠᠨ᠎ᠤ ᠪᠦᠬᠦ ᠣᠷᠣᠨ᠎ᠤ ᠴᠥᠭᠡᠨ ᠲᠣᠭᠠᠲᠤ ᠦᠨᠳᠦᠰᠦᠲᠡᠨ᠎ᠦ ᠤᠯᠠᠮᠵᠢᠯᠠᠯᠲᠤ ᠪᠡᠶ᠎ᠡ᠎ᠶᠢᠨ ᠲᠠᠮᠢᠷ᠎ᠤᠨ ᠴᠤᠭᠯᠠᠭᠠᠨ ᠨᠢ ᠳᠤᠮᠳᠠᠳᠤ ᠶ᠋ᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠭᠴᠠᠯᠠᠬᠤ᠎ᠪᠡᠷ ᠭᠤᠤᠯ ᠰᠢᠵᠢᠮ ᠪᠤᠯᠭᠠᠵᠤ᠂ 《ᠦᠨᠳᠦᠰᠦᠲᠡᠨ᠎ᠦ ᠪᠦᠯᠬᠦᠮᠳᠡᠯ᠎ᠦᠨ ᠦᠪᠡᠳᠡᠭᠰᠢ ᠴᠤᠭᠯᠠᠭᠠᠨ᠂ ᠣᠯᠠᠨ ᠲᠦᠮᠡᠨ᠎ᠦ ᠪᠡᠶ᠎ᠡ᠎ᠶᠢᠨ ᠲᠠᠮᠢᠷ᠎ᠤᠨ ᠦᠪᠡᠳᠡᠭᠰᠢ ᠴᠤᠭᠯᠠᠭᠠᠨ》᠎ᠢᠶᠠᠷ ᠪᠠᠢᠷᠢ ᠲᠣᠭᠲᠠᠭᠠᠯᠲᠠ ᠪᠣᠯᠭᠠᠵᠤ᠂ 《ᠬᠠᠰ ᠯᠤᠤ ᠵᠢᠨ ᠨᠤᠲᠤᠭ ᠲᠠᠢ ᠪᠣᠯᠵᠣᠵᠤ ᠦᠵᠡᠰᠬᠦᠯᠡᠩᠲᠦ ᠰᠠᠢᠬᠠᠨ ᠤᠮᠠᠷᠠᠲᠤ ᠬᠢᠯᠢ᠎ᠶᠢ ᠪᠦᠲᠦᠭᠡᠨ ᠪᠠᠢᠭᠤᠯᠤᠨ᠎ᠠ》 ᠭᠡᠳᠡᠭ᠎ᠢᠶᠡᠷ ᠭᠣᠣᠯ ᠰᠡᠳᠦᠪ ᠪᠣᠯᠭᠠᠵᠤ᠂ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ ᠪᠠ ᠳᠤᠮᠳᠠᠳᠤ᠎ᠶᠢᠨ ᠪᠡᠶ᠎ᠡ᠎ᠶᠢᠨ ᠲᠠᠮᠢᠷ᠎ᠤᠨ ᠵᠣᠷᠢᠭ᠋ ᠰᠠᠨᠠᠭ᠎ᠠ᠎ᠶᠢ ᠶᠡᠬᠡ ᠪᠡᠷ ᠪᠠᠳᠠᠷᠠᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠣᠶᠤᠨ ᠰᠠᠨᠠᠭᠠᠨ᠎ᠤ ᠭᠡᠷ ᠣᠷᠣᠨ᠎ᠢ ᠴᠣᠭᠴᠠᠯᠠᠨ ᠪᠠᠢᠭᠤᠯᠵᠤ᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ᠋ ᠠᠬᠢᠭᠤᠯᠤᠨ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠠᠢᠭᠤᠯᠤᠯᠲᠠ᠎ᠶᠢ ᠪᠥᠬᠥ ᠲᠠᠯ᠎ᠠ᠎ᠪᠠᠷ ᠠᠬᠢᠭᠤᠯᠬᠤ ᠵᠢ ᠵᠤᠷᠢᠪᠠ᠃

《ᠤᠷᠤᠯᠳᠤᠭᠠᠨ ᠢ᠋ 2025 ᠣᠨ᠎ᠤ 7 ᠰᠠᠷ᠎ᠠ  ᠶ᠋ᠢᠨ 26᠎ᠤ ᠡᠳᠦᠷ᠎ᠡᠴᠡ 31᠎ᠦ ᠡᠳᠦᠷ ᠪᠣᠯᠲᠠᠯ᠎ᠠ ᠤᠯᠠᠭᠠᠨᠬᠠᠳᠠ ᠬᠣᠲᠠ᠎ᠳᠤ ᠶᠠᠪᠤᠭᠳᠠᠭᠤᠯᠵᠤ᠂ ᠨᠡᠶ᠋ᠢᠲᠡ 18 ᠤᠷᠤᠯᠳᠤᠭᠠᠨ᠎ᠤ ᠲᠦᠷᠦᠯ ᠪᠠ 12 ᠲᠣᠭᠯᠠᠯᠲᠠ ᠶ᠋ᠢᠨ ᠲᠦᠷᠦᠯ ᠢ᠋ ᠲᠣᠬᠢᠷᠠᠭᠤᠯᠵᠤ᠂ ᠥᠩᠭᠡᠷᠡᠭᠰᠡᠨ ᠬᠤᠭᠤᠴᠠᠭᠠᠨ᠎ᠤ ᠳᠣᠲᠣᠷᠠᠬᠢ ᠤᠷᠤᠯᠳᠤᠭᠠᠨ᠎ᠤ ᠲᠦᠷᠦᠯ ᠢ᠋ᠶ᠋ᠡᠷ ᠬᠠᠮᠤᠭ᠎ᠤᠨ ᠣᠯᠠᠨ᠂ ᠬᠡᠯᠪᠡᠷᠢ᠎ᠪᠡᠷ ᠬᠠᠮᠤᠭ᠎ᠤᠨ ᠪᠠᠶᠠᠯᠢᠭ᠋ ᠨᠢᠭᠡ ᠬᠤᠭᠤᠴᠠᠭᠠᠨ᠎ᠤ ᠤᠷᠤᠯᠳᠤᠭᠠᠨ ᠪᠣᠯᠣᠨ᠎ᠠ》 ᠭᠡᠵᠦ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ ᠤ᠋ ᠬᠡᠷᠡᠭ ᠡᠷᠬᠢᠯᠡᠬᠦ ᠵᠥᠪᠯᠡᠯ᠎ᠦᠨ ᠳᠡᠳ᠋ ᠡᠷᠬᠢᠯᠡᠭᠴᠢ ᠯᠢ ᡁᠢ ᠶᠢᠦ ᠳᠠᠨᠢᠯᠴᠠᠭᠤᠯᠪᠠ᠃ ᠲᠤᠬᠠᠢ᠎ᠶᠢᠨ ᠦᠶ᠎ᠡ᠎ᠳᠦ ᠪᠦᠬᠦ ᠣᠷᠣᠨ᠎ᠤ 12 ᠠᠢᠮᠠᠭ ᠬᠤᠳᠠ᠎ᠶᠢᠨ ᠬᠢᠨ ᠴᠥᠮ ᠪᠦᠯᠬᠦᠮ ᠵᠣᠬᠢᠶᠠᠨ ᠪᠠᠢᠭᠤᠯᠤᠨ ᠣᠷᠣᠯᠴᠠᠵᠤ᠂ ᠲᠠᠮᠢᠷᠴᠢᠨ᠂ ᠳᠠᠭᠠᠭᠤᠯᠤᠭ᠍ᠴᠢ᠂ ᠰᠤᠷᠭᠠᠭ᠍ᠴᠢ᠂ ᠬᠢᠨᠠᠭ᠍ᠴᠢ ᠨᠡᠢᠳᠡ 2600 ᠬᠥᠮᠥᠨ᠎ᠳᠦ ᠬᠦᠷᠴᠦ᠂ ᠡᠬᠢᠯᠡᠯᠲᠡ᠎ᠶᠢᠨ ᠶᠣᠰᠣᠯᠠᠯ᠎ᠤᠨ ᠲᠤᠬᠠᠢ᠎ᠶᠢᠨ ᠲᠠᠯᠠᠪᠠᠢ᠎ᠶᠢᠨ ᠬᠥᠮᠥᠨ᠎ᠦ ᠲᠣᠭ᠎ᠠ 3 ᠲᠦᠮᠡ᠎ᠳᠦ ᠬᠦᠷᠬᠦ ᠪᠣᠯᠣᠨ᠎ᠠ᠃

ᠠᠷᠪᠠᠨ ᠨᠢᠭᠡᠳᠦᠭᠡᠷ ᠬᠤᠭᠤᠴᠠᠭᠠᠨ᠎ᠤ ᠪᠥᠬᠥ ᠣᠷᠣᠨ᠎ᠤ ᠴᠥᠭᠡᠨ ᠲᠣᠭᠠᠲᠤ ᠦᠨᠳᠦᠰᠦᠲᠡᠨ᠎ᠦ ᠤᠯᠠᠮᠵᠢᠯᠠᠯᠲᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ ᠪᠣᠶ ᠪᠦᠬᠦᠢ ᠤᠷᠤᠯᠳᠤᠭᠠᠨ᠎ᠤ ᠲᠠᠯᠠᠪᠠᠶ᠎ᠶᠢ ᠨᠢᠭᠡᠨᠲᠡ ᠲᠣᠭᠲᠠᠭᠠᠪᠠ᠃ ᠡᠭᠦᠨ᠎ᠳᠦ ᠪᠥᠬᠡ᠂ ᠮᠣᠩᠭᠣᠯ ᠰᠤᠷ ᠬᠠᠷᠪᠤᠯᠲᠠ᠂ ᠮᠣᠩᠭᠣᠯ ᠰᠢᠲᠠᠷ᠎ᠠ᠂ ᠪᠢᠯᠠᠭᠤ᠂ ᠳᠡᠭᠦᠵᠢᠩ᠂ ᠵᠡᠪᠰᠡᠭ᠎ᠦᠨ ᠡᠷᠳᠡᠮ᠂ ᠬᠣᠯᠬᠣᠪᠴᠢ ᠨᠤᠮᠤ᠂ ᠳᠤᠮᠳᠠᠳᠤ ᠮᠠᠶᠢᠭ᠋᠎ᠤᠨ ᠪᠥᠬᠡ᠂ ᠲᠡᠪᠡᠭ ᠪᠤᠯᠢᠶᠠᠬᠤ᠂ ᠦᠨᠳᠦᠰᠦᠲᠡᠨ᠎ᠦ ᠪᠡᠶ᠎ᠡ ᠴᠢᠭᠢᠷᠠᠭᠵᠢᠭᠤᠯᠬᠤ ᠲᠠᠮᠢᠷ᠂ ᠪᠤᠢᠺᠤ᠂ ᠱᠠᠭ᠎ᠠ ᠵᠡᠷᠭᠡ 14 ᠲᠥᠷᠥᠯ᠎ᠢ ᠤᠯᠠᠭᠠᠨᠬᠠᠳᠠ ᠬᠣᠲᠠ᠎ᠶᠢᠨ ᠪᠡᠶ᠎ᠡ᠎ᠶᠢᠨ ᠲᠠᠮᠢᠷ᠎ᠤᠨ ᠲᠥᠪ ᠵᠢᠴᠢ ᠬᠣᠲᠠ᠎ᠶᠢᠨ ᠲᠣᠭᠣᠷᠢᠭ᠋᠎ᠤᠨ ᠬᠠᠮᠢᠶ᠎ᠠ ᠪᠦᠬᠦᠢ ᠶᠡᠬᠡ ᠳᠡᠭᠡᠳᠦ ᠰᠤᠷᠭᠠᠭᠤᠯᠢ᠎ᠶᠢᠨ ᠪᠡᠶ᠎ᠡ᠎ᠶᠢᠨ ᠲᠠᠮᠢᠷ᠎ᠤᠨ ᠲᠠᠯᠠᠪᠤᠷ᠎ᠲᠤ ᠶᠠᠪᠤᠭᠳᠠᠭᠤᠯᠤᠨ᠎ᠠ᠃ ᠮᠣᠷᠢ ᠤᠷᠤᠯᠳᠤᠬᠤ᠂ ᠲᠡᠮᠡᠭᠡ ᠤᠷᠤᠯᠳᠤᠬᠤ᠂ ᠡᠷ᠎ᠠ ᠵᠢᠨ ᠭᠤᠷᠪᠠᠨ ᠨᠠᠭᠠᠳᠤᠮ᠂ ᠲᠡᠮᠡᠭᠡᠨ ᠪᠥᠮᠪᠥᠭᠡ ᠵᠡᠷᠭᠡ 4 ᠲᠦᠷᠦᠯ᠎ᠢ ᠪᠠᠭᠠᠷᠢᠨ ᠪᠠᠷᠠᠭᠤᠨ ᠬᠣᠰᠢᠭᠤᠨ᠎ᠤ ᠠᠳᠤᠭᠤᠨ ᠳᠠᠯ᠎ᠠ ᠮᠣᠷᠢᠨ ᠤᠷᠤᠯᠳᠤᠭᠠᠨ᠎ᠤ ᠲᠠᠯᠠᠪᠠᠶ᠎ᠳᠤ ᠶᠠᠪᠤᠭᠳᠠᠭᠤᠯᠤᠨ᠎ᠠ᠃ 《ᠪᠢᠳᠡ ᠤᠷᠤᠯᠳᠤᠭᠠᠨ᠎ᠤ ᠪᠦᠬᠦ ᠲᠠᠯᠠᠪᠠᠶ  ᠶ᠋ᠢ ᠲᠤᠬᠠᠢ  ᠶ᠋ᠢᠨ ᠭᠠᠵᠠᠷ ᠲᠤᠨᠢ ᠬᠠᠢᠨ ᠰᠢᠨᠵᠢᠵᠦ᠂ ᠪᠠᠭᠠᠵᠢ ᠬᠡᠷᠡᠭᠰᠡᠯ  ᠢ᠋ ᠲᠤᠬᠠᠢ  ᠶ᠋ᠢᠨ ᠭᠠᠵᠠᠷ ᠲᠤᠨᠢ ᠪᠠᠢᠴᠠᠭᠠᠬᠤ ᠪᠠ ᠠᠮᠤᠷ ᠲᠦᠪᠰᠢᠨ᠎ᠦ ᠬᠡᠮ ᠰᠤᠭᠤᠭ ᠢ᠋ ᠵᠢᠭ᠍ᠰᠠᠭᠠᠨ ᠪᠠᠢᠴᠠᠭᠠᠵᠤ᠂ ᠤᠷᠤᠯᠳᠤᠭᠠᠨ᠎ᠳᠤ ᠠᠮᠤᠷ ᠲᠦᠪᠰᠢᠨ᠂ ᠵᠢᠷᠤᠮᠵᠢᠭᠤᠨ᠂ ᠥᠨᠳᠥᠷ ᠪᠠᠷᠢᠮᠵᠢᠶ᠎ᠠ᠎ᠪᠠᠷ ᠮᠡᠷᠭᠡᠵᠢᠯ᠎ᠦᠨ ᠪᠠᠲᠤᠯᠠᠭ᠎ᠠ ᠬᠠᠩᠭᠠᠨ᠎ᠠ》 ᠭᠡᠵᠦ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶᠢᠨ ᠲᠠᠮᠢᠷ᠎ᠤᠨ ᠲᠣᠪᠴᠢᠶ᠎ᠠ᠎ᠶᠢᠨ ᠳᠡᠳ᠋ ᠳᠠᠷᠤᠭ᠎ᠠ ᠯᠢᠦ ᠬᠤ᠌ ᠴᠧᠩ ᠬᠡᠯᠡᠪᠡ᠃

— ᠤᠯᠠᠭᠠᠨᠬᠠᠳᠠ ᠬᠤᠳᠠ ᠪᠦᠬᠦ ᠬᠤᠳᠠ᠎ᠶᠢᠨ ᠬᠦᠴᠦᠨ᠎ᠢᠶᠡᠷ ᠴᠢᠨᠠᠷ ᠰᠠᠢᠲᠠᠢ ᠥᠨᠳᠥᠷ ᠪᠠᠷᠢᠮᠵᠢᠶ᠎ᠠ᠎ᠪᠠᠷ ᠡᠯ᠎ᠡ ᠵᠦᠢᠯ᠎ᠦᠨ ᠤᠷᠤᠯᠳᠤᠭᠠᠨ᠎ᠤ ᠪᠡᠯᠡᠳᠬᠡᠯ ᠠᠵᠢᠯ᠎ᠢ ᠰᠠᠢᠲᠤᠷ ᠬᠢᠵᠦ᠂ ᠲᠤᠰ ᠬᠤᠭᠤᠴᠠᠭᠠᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠢ ᠭᠣᠢᠳᠠ ᠰᠠᠢᠬᠠᠨ᠂ ᠲᠡᠭᠦᠰ ᠠᠮᠵᠢᠯᠲᠠ᠎ᠲᠠᠢ ᠦᠪᠡᠳᠡᠭᠰᠢ ᠴᠤᠭᠯᠠᠭᠠᠨ ᠪᠣᠯᠭᠠᠨ ᠡᠷᠬᠢᠯᠡᠨ᠎ᠠ᠃ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ ᠬᠤᠭᠤᠴᠠᠭᠠᠨ᠎ᠳᠤ᠂ ᠳᠤᠮᠳᠠᠳᠤ  ᠵᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠲᠡᠦᠬᠡ ᠰᠣᠶᠣᠯ᠎ᠤᠨ ᠳᠤᠷᠠᠰᠬᠠᠯᠲᠤ ᠵᠦᠢᠯᠡᠰ ᠡᠷᠲᠡᠨ᠎ᠦ ᠨᠣᠮ ᠪᠢᠴᠢᠭ᠎ᠦᠨ ᠦᠵᠡᠰᠬᠦᠯᠡᠩ᠂ ᠤᠯᠠᠭᠠᠨᠬᠠᠳᠠ᠎ᠶᠢᠨ 《ᠰᠠᠢᠨ ᠪᠦᠲᠦᠭᠡᠭᠳᠡᠬᠦᠨ》 ᠳᠡᠯᠭᠡᠨ ᠪᠣᠷᠣᠯᠠᠭᠤᠯᠬᠤ ᠴᠤᠭᠯᠠᠭᠠᠨ᠂ ᠤᠯᠠᠭᠠᠨᠮᠥ᠋ᠴᠢᠷ᠎ᠦᠨ ᠦᠵᠡᠭᠦᠯᠭᠡ᠎ᠶᠢᠨ ᠲᠣᠭᠯᠠᠯᠲᠠ ᠵᠡᠷᠭᠡ ᠠᠵᠢᠯᠯᠠᠭ᠎ᠠ ᠥᠷᠨᠢᠭᠦᠯᠵᠦ᠂ ᠪᠦᠬᠦ ᠣᠷᠣᠨ᠎ᠤ ᠰᠣᠶᠣᠯ ᠵᠢᠭᠤᠯᠴᠢᠯᠠᠯ ᠪᠡᠶ᠎ᠡ᠎ᠶᠢᠨ ᠲᠠᠮᠢᠷ ᠬᠥᠳᠡᠭᠡ ᠠᠵᠤ ᠠᠬᠤᠢ ᠬᠤᠳᠠᠯᠳᠤᠭᠠᠨ᠎ᠤ ᠠᠭᠤᠰᠤᠯᠴᠠᠨ ᠬᠥᠭᠵᠢᠬᠦ᠎ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠬᠣᠶᠠᠷ ᠶᠡᠬᠡ ᠶᠠᠪᠤᠳᠠᠯ᠎ᠢ ᠰᠠᠢᠲᠤᠷ ᠬᠢᠬᠦ᠎ᠳᠦ ᠬᠦᠴᠦᠨ ᠣᠯᠭᠣᠵᠤ᠂ 《ᠰᠢᠨ᠎ᠡ ᠵᠠᠮ ᠨᠡᠬᠡᠬᠡᠵᠥ᠂ ᠳᠤᠮᠳᠠ ᠲᠦᠪᠰᠢᠨ᠎ᠳᠤ ᠣᠷᠣᠬᠤ》 ᠳ᠋ᠤ ᠬᠡᠷᠡᠯ ᠭᠢᠯᠪᠠᠭ᠎ᠠ ᠨᠡᠮᠡᠷᠢᠯᠡᠨ᠎ᠡ ᠭᠡᠵᠦ ᠤᠯᠠᠭᠠᠨᠬᠠᠳᠠ ᠬᠣᠲᠠ᠎ᠶᠢᠨ ᠵᠠᠰᠠᠭ᠎ᠤᠨ ᠣᠷᠳᠣᠨ᠎ᠤ ᠳᠡᠳ᠋ ᠳᠠᠷᠤᠭ᠎ᠠ ᠶᠠᠩ ᠮᠦ᠍ ᠬᠡᠯᠡᠪᠡ᠃

ᠢᠷᠡᠯᠳᠡ᠄ ᠳᠠᠯ᠎ᠠ ᠨᠤᠲᠤᠭ᠎ᠤᠨ ᠡᠭᠦᠯᠡ ᠰᠢᠯᠵᠢᠶ᠎ᠠ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号