75% ᠡᠴᠡ ᠳᠡᠭᠡᠭ᠌ᠰᠢᠬᠢ ᠡᠳ᠋ ᠤ᠋ᠨ ᠵᠠᠰᠠᠭ ᠤ᠋ᠨ ᠵᠠᠷᠤᠯᠭ᠎ᠠ ᠢ᠋ᠢ ᠠᠷᠠᠳ ᠤ᠋ᠨ ᠠᠮᠢᠳᠤᠷᠠᠯ ᠢ᠋ ᠪᠠᠲᠤᠯᠠᠨ ᠰᠠᠢᠵᠢᠷᠠᠭᠤᠯᠬᠤ ᠳ᠋ᠤ ᠬᠡᠷᠡᠭ᠌ᠯᠡᠵᠦ᠍ ᠦᠨᠳᠦᠰᠦᠲᠡᠨ ᠨᠤᠭᠦᠳ ᠤ᠋ᠨ ᠤᠯᠠᠨ ᠲᠦᠮᠡᠨ ᠳ᠋ᠤ ᠥᠭᠡᠷᠡᠴᠢᠯᠡᠯᠲᠡ ᠬᠥᠭ᠌ᠵᠢᠯᠲᠡ ᠢ᠋ᠢᠨ ᠦᠷ᠎ᠠ ᠪᠦᠲᠦᠭᠡᠯ ᠢ᠋ ᠡᠳ᠋ᠯᠡᠬᠦᠯᠦᠨ᠎ᠠ
2025-06-19 09:41:39
ᠵᠣᠬᠢᠶᠠᠭ᠍ᠴᠢ᠄
ᠭᠣᠣ ᠮᠢᠨ ᠨᠠ
ᠣᠩᠱᠢᠭ᠍ᠰᠠᠨ ᠣᠳᠠᠭ᠎ᠠ᠄
★★★☆☆

ᠲᠦᠴᠢᠦᠸᠠᠨ ᠱᠢᠶᠠᠨ ᠤ᠋ 《ᠪᠦᠯᠬᠦᠮᠳᠡᠯ ᠤ᠋ᠨ ᠴᠡᠴᠡᠭᠡᠰ》 ᠡᠴᠡ 《ᠵᠢᠷᠭᠠᠯ ᠤ᠋ᠨ ᠵᠢᠮᠢᠰ》 ᠪᠤᠯᠪᠠᠰᠤᠷᠠᠯ᠎ᠠ

  

ᠬᠢᠩᠭᠠᠨ ᠠᠢᠮᠠᠭ ᠤ᠋ᠨ ᠲᠦᠴᠢᠦᠸᠠᠨ ᠱᠢᠶᠠᠨ ᠳ᠋ᠤ ᠦᠨᠳᠦᠰᠦᠲᠡᠨ ᠤ᠋ ᠪᠦᠯᠬᠦᠮᠳᠡᠯ  ᠵᠦᠪᠬᠡᠨ ᠬᠤᠭᠤᠰᠤᠨ ᠤᠷᠢᠶ᠎ᠠ ᠪᠢᠰᠢ᠂ ᠬᠠᠷᠢᠨ ᠬᠠᠢᠷ᠎ᠠ ᠰᠡᠳᠭᠢᠯᠭᠡ ᠪᠤᠯᠤᠨ ᠴᠡᠴᠡᠭᠯᠡᠵᠡᠢ᠃ ᠪᠥᠬᠥ᠌ ᠤᠯᠤᠰ ᠤ᠋ᠨ ᠦᠨᠳᠦᠰᠦᠲᠡᠨ ᠤ᠋ ᠪᠦᠯᠬᠦᠮᠳᠡᠯ ᠳᠠᠪᠱᠢᠯᠲᠠ ᠢ᠋ᠢᠨ ᠵᠢᠱ᠌ᠢᠶ᠎ᠡ ᠦᠵᠡᠭᠦᠯᠬᠦ᠌ ᠱᠢᠶᠠᠨ ᠢ᠋ ᠡᠭᠦᠳᠦᠨ ᠪᠠᠢᠭᠤᠯᠬᠤ ᠠᠵᠢᠯ ᠢ᠋ ᠥᠷᠨᠢᠭᠦᠯᠦᠭ᠌ᠰᠡᠨ ᠡᠴᠡ ᠨᠠᠭᠠᠰᠢ᠂ ᠲᠦᠴᠢᠦᠸᠠᠨ ᠱᠢᠶᠠᠨ ᠳᠤᠮᠳᠠᠳᠤ ᠢ᠋ᠢᠨ ᠦᠨᠳᠦᠰᠦᠲᠡᠨ ᠤ᠋ ᠬᠠᠮᠲᠤ ᠢ᠋ᠢᠨ ᠴᠣᠭ᠍ᠴᠠ ᠢ᠋ᠢᠨ ᠤᠬᠠᠮᠰᠠᠷ ᠢ᠋ ᠪᠠᠲᠤ ᠴᠣᠭ᠍ᠴᠠᠯᠠᠬᠤ ᠪᠡᠷ ᠭᠤᠤᠯ ᠱᠢᠵᠢᠮ ᠪᠣᠯᠭᠠᠨ᠂ ᠠᠷᠠᠳ ᠤ᠋ᠨ ᠠᠮᠢᠳᠤᠷᠠᠯ ᠤ᠋ᠨ ᠠᠵᠠ ᠵᠢᠷᠭᠠᠯ ᠢ᠋ ᠨᠡᠮᠡᠭ᠌ᠳᠡᠭᠦᠯᠬᠦ᠌ ᠪᠡᠷ ᠵᠣᠷᠢᠯᠲᠠ ᠪᠣᠯᠭᠠᠵᠤ᠂ ᠦᠨᠳᠦᠰᠦᠲᠡᠨ ᠨᠤᠭᠦᠳ ᠤ᠋ᠨ ᠣᠯᠠᠨ ᠲᠦᠮᠡᠨ ᠤ᠋ ᠰᠠᠢᠨ ᠰᠠᠢᠬᠠᠨ ᠠᠮᠢᠳᠤᠷᠠᠯ ᠤ᠋ᠨ ᠲᠠᠯ᠎ᠠ ᠪᠡᠷ ᠬᠢ ᠱᠢᠨ᠎ᠡ ᠬᠦᠰᠡᠯ ᠡᠷᠡᠮᠡᠯᠵᠡᠯ ᠢ᠋ ᠲᠠᠰᠤᠷᠠᠯᠲᠠ ᠥᠬᠡᠶ ᠬᠠᠩᠭᠠᠭᠰᠠᠭᠠᠷ ᠢᠷᠡᠵᠠᠢ᠃

ᠤᠢ᠍ᠢᠷ᠎ᠠ ᠢ᠋ᠢᠨ ᠵᠢᠯ ᠳ᠋ᠤ ᠲᠦᠴᠢᠦᠸᠠᠨ ᠱᠢᠶᠠᠨ ᠳᠤᠮᠳᠠᠳᠤ ᠢ᠋ᠢᠨ ᠦᠨᠳᠦᠰᠦᠲᠡᠨ ᠤ᠋ ᠬᠠᠮᠲᠤ ᠢ᠋ᠢᠨ ᠴᠣᠭ᠍ᠴᠠ ᠢ᠋ᠢᠨ ᠤᠬᠠᠮᠰᠠᠷ ᠢ᠋ ᠪᠠᠲᠤ ᠴᠣᠭ᠍ᠴᠠᠯᠠᠬᠤ 《ᠲᠠᠪᠤᠨ ᠨᠢᠭᠡ》 ᠢ᠋ᠢᠨ ᠤᠯᠠᠨ ᠲᠦᠮᠡᠨ ᠤ᠋ ᠠᠵᠢᠯ ᠤ᠋ᠨ ᠠᠷᠭ᠎ᠠ ᠢ᠋ᠢ ᠯᠠᠪᠳᠠᠭᠤᠨ ᠪᠠᠲᠤᠲᠠᠢ ᠬᠡᠷᠡᠭ᠌ᠵᠢᠭᠦᠯᠵᠦ᠍᠂ ᠤᠯᠠᠷᠢᠯ ᠪᠦᠷᠢ ᠦᠪᠡᠷᠮᠢᠴᠠ ᠣᠨᠴᠠᠯᠢᠭ ᠲᠠᠢ ᠭᠣᠣᠯ ᠰᠡᠳᠦᠪᠲᠦ ᠠᠵᠢᠯᠯᠠᠭ᠎ᠠ ᠥᠷᠨᠢᠭᠦᠯᠪᠠ᠃ ᠦᠨᠳᠦᠰᠦᠲᠡᠨ ᠨᠤᠭᠦᠳ ᠤ᠋ᠨ ᠤᠯᠠᠨ ᠲᠦᠮᠡᠨ ᠤ᠋ ᠬᠠᠷᠢᠯᠴᠠᠨ ᠠᠭᠤᠰᠤᠯᠴᠠᠬᠤ ᠮᠠᠶᠢᠭ ᠤ᠋ᠨ ᠬᠥᠭ᠌ᠵᠢᠯᠲᠡ ᠢ᠋ᠢᠨ ᠲᠥᠯᠥᠪᠯᠡᠭᠡ ᠢ᠋ᠢ ᠥᠷᠭᠡᠳᠭᠡᠵᠦ᠍᠂ ᠹᠦᠸᠸᠱᠠᠨ ᠬᠤᠳᠠ ᠢ᠋ᠢᠨ ᠨᠠᠨ ᠬᠠᠢ ᠲᠣᠭᠣᠷᠢᠭ᠂ ᠵᠢᠶᠧᠶᠠᠩ ᠬᠤᠳᠠ ᠢ᠋ᠢᠨ ᠵᠢᠶ᠍ᠸᠰᠢ ᠱᠢᠶᠠᠨ ᠯᠤᠭ᠎ᠠ ᠴᠢᠨᠠᠷ ᠰᠠᠢᠲᠠᠢ ᠬᠥᠭ᠌ᠵᠢᠯᠲᠡ ᠢ᠋ᠢᠨ ᠬᠠᠨᠢᠲᠠᠨ ᠬᠤᠳᠠ ᠢ᠋ᠢᠨ ᠪᠠᠢᠯᠳᠤᠬᠤ ᠪᠤᠳᠤᠯᠭ᠎ᠠ ᠢ᠋ᠢᠨ ᠬᠠᠮᠲᠤᠷᠠᠯᠴᠠᠭᠠᠨ ᠤ᠋ ᠬᠠᠷᠢᠯᠴᠠᠭ᠎ᠠ ᠪᠠᠢᠭᠤᠯᠪᠠ; ᠤᠯᠠᠭᠠᠨᠬᠠᠳᠠ ᠬᠣᠲᠠ ᠢ᠋ᠢᠨ ᠬᠤᠩᠱᠠᠨ ᠲᠣᠭᠣᠷᠢᠭ᠂ ᠠᠤᠬᠠᠨ ᠬᠣᠱᠢᠭᠤ ᠵᠢᠴᠢ ᠲᠦᠩᠯᠢᠶᠣᠤ ᠬᠣᠲᠠ ᠢ᠋ᠢᠨ ᠬᠦᠷᠢᠶ᠎ᠡ ᠬᠣᠱᠢᠭᠤ ᠲᠠᠢ ᠣᠷᠣᠨ ᠪᠦᠰᠡ ᠠᠯᠤᠰᠯᠠᠨ ᠦᠨᠳᠦᠰᠦᠲᠡᠨ ᠤ᠋ ᠪᠦᠯᠬᠦᠮᠳᠡᠯ ᠢ᠋ ᠠᠬᠢᠭᠤᠯᠬᠤ ᠬᠠᠮᠵᠢᠯᠴᠠᠭᠠᠨ ᠤ᠋ ᠪᠦᠳᠦᠭᠦᠪᠴᠢ ᠬᠡᠯᠡᠯᠴᠡᠭᠡᠷ ᠲᠣᠭ᠍ᠲᠠᠵᠤ᠂ ᠱᠢᠶᠠᠨ ᠤ᠋ ᠳᠣᠲᠣᠷᠠᠬᠢ 48 ᠲᠣᠰᠭᠣᠨ ᠨᠢ ᠬᠥᠷᠰᠢ ᠵᠡᠷᠭᠡᠯᠡᠳᠡᠭᠡ ᠬᠣᠱᠢᠭᠤ ᠱᠢᠶᠠᠨ ᠤ᠋ ᠭᠠᠴᠠᠭ᠎ᠠ ᠲᠣᠰᠭᠣᠨ ᠲᠠᠢ ᠬᠠᠮᠲᠤᠷᠠᠨ ᠨᠥᠬᠥᠷᠰᠡᠭ ᠲᠣᠰᠭᠣᠨ ᠢ᠋ ᠪᠠᠢᠭᠤᠯᠵᠤ᠂ ᠱᠢᠶᠠᠨ ᠤ᠋ ᠳᠣᠲᠣᠷᠠᠬᠢ 188 ᠲᠣᠰᠭᠣᠨ ᠬᠠᠷᠢᠯᠴᠠᠨ ᠠᠭᠤᠰᠤᠯᠴᠠᠵᠤ᠂ ᠬᠠᠮᠲᠤ ᠪᠡᠷ ᠪᠠᠢᠭᠤᠯᠬᠤ ᠲᠣᠰᠭᠣᠨ ᠪᠣᠯᠵᠠᠶ᠃ ᠦᠨᠳᠦᠰᠦᠲᠡᠨ ᠨᠤᠭᠦᠳ ᠤ᠋ᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤ᠋ᠨ ᠲᠥᠯᠥᠪᠯᠡᠭᠡ ᠢ᠋ᠢ ᠭᠦᠨᠵᠡᠭᠡᠢ ᠠᠬᠢᠭᠤᠯᠵᠤ᠂ 《ᠰᠡᠳᠭᠢᠯ ᠨᠢᠭᠡᠳᠦᠨ ᠬᠠᠷᠢᠯᠴᠠᠨ ᠠᠭᠤᠰᠤᠯᠴᠠᠬᠤ》 ᠬᠠᠮᠲᠤ ᠪᠡᠷ ᠴᠣᠭ᠍ᠴᠠᠯᠠᠬᠤ ᠠᠶᠠᠯᠠᠯ᠂ 《ᠠᠭᠤᠯᠠ ᠤᠰᠤᠨ ᠤ᠋ ᠵᠢᠷᠭᠠᠯᠲᠤ ᠭᠠᠵᠠᠷ》 ᠤ᠋ᠨ ᠠᠶᠠᠯᠠᠯ ᠵᠡᠷᠭᠡ 5 ᠵᠤᠷᠪᠤᠰ ᠵᠢᠭᠤᠯᠴᠢᠯᠠᠯ ᠤ᠋ᠨ ᠵᠠᠮ ᠱᠤᠭᠤᠮ ᠢ᠋ ᠴᠣᠭ᠍ᠴᠠᠯᠠᠪᠠ᠃ ᠦᠨᠳᠦᠰᠦᠲᠡᠨ ᠨᠤᠭᠦᠳ ᠤ᠋ᠨ ᠵᠠᠯᠠᠭᠤᠴᠤᠳ ᠪᠠᠭᠠᠴᠤᠳ ᠤ᠋ᠨ ᠰᠣᠯᠢᠯᠴᠠᠭᠠᠨ ᠤ᠋ ᠲᠥᠯᠥᠪᠯᠡᠭᠡ ᠢ᠋ᠢ ᠬᠡᠷᠡᠭ᠌ᠵᠢᠭᠦᠯᠵᠦ᠍᠂ ᠦᠨᠳᠦᠰᠦᠲᠡᠨ ᠨᠤᠭᠦᠳ ᠤ᠋ᠨ ᠵᠠᠯᠠᠭᠤᠴᠤᠳ ᠪᠠᠭᠠᠴᠤᠳ ᠢ᠋ 120 ᠪᠦᠯᠦᠭ ᠤᠳᠠᠭ᠎ᠠ ᠵᠣᠬᠢᠶᠠᠨ ᠪᠠᠢᠭᠤᠯᠤᠨ ᠪᠡᠭᠡᠵᠢᠩ᠂ ᠭᠤᠸᠠᠩᠰᠢ ᠵᠡᠷᠭᠡ ᠭᠠᠵᠠᠷ ᠲᠦ᠍ ᠬᠦᠷᠴᠦ᠍ ᠰᠤᠳᠤᠯᠤᠨ ᠰᠤᠷᠤᠯᠴᠠᠭᠤᠯᠵᠤ᠂ ᠬᠠᠮᠲᠤ ᠪᠡᠷ ᠰᠤᠷᠤᠯᠴᠠᠵᠤ ᠬᠠᠮᠲᠤ ᠪᠡᠷ ᠤᠷᠤᠭ᠍ᠰᠢᠯᠠᠬᠤ ᠳᠤᠮᠳᠠ ᠡᠬᠡ ᠣᠷᠣᠨᠴᠢ ᠬᠠᠢᠷ᠎ᠠ ᠰᠡᠳᠭᠢᠯᠭᠡ ᠢ᠋ᠢ ᠨᠢ ᠵᠤᠵᠠᠭᠠᠳᠭᠠᠪᠠ᠃

ᠰᠣᠶᠣᠯ ᠤ᠋ᠨ ᠬᠠᠮᠲᠤ ᠢ᠋ᠢᠨ ᠲᠠᠨᠢᠯᠲᠠ ᠪᠣᠯ ᠬᠠᠮᠤᠭ ᠤ᠋ᠨ ᠭᠦᠨ ᠳᠠᠪᠬᠤᠷᠭ᠎ᠠ ᠢ᠋ᠢᠨ ᠬᠠᠮᠲᠤ ᠢ᠋ᠢᠨ ᠲᠠᠨᠢᠯᠲᠠ ᠮᠥᠨ᠃ ᠲᠦᠴᠢᠦᠸᠠᠨ ᠱᠢᠶᠠᠨ ᠳᠤᠮᠳᠠᠳᠤ ᠢ᠋ᠢᠨ ᠰᠣᠶᠣᠯ ᠢ᠋ ᠮᠡᠳᠡᠷᠡᠬᠦ᠌ ᠡᠨᠡ ᠬᠦ᠌ ᠦᠨᠳᠦᠰᠦᠲᠡᠨ ᠤ᠋ ᠪᠦᠯᠬᠦᠮᠳᠡᠯ ᠤ᠋ᠨ 《ᠦᠨᠳᠦᠰᠦ》 ᠪᠠ 《ᠰᠦᠭ ᠰᠦᠨᠡᠰᠦ》 ᠵᠢ ᠴᠢᠩᠭ᠎ᠠ ᠠᠳᠭᠤᠵᠤ᠂ ᠦᠨᠳᠦᠰᠦᠲᠡᠨ ᠤ᠋ ᠪᠦᠯᠬᠦᠮᠳᠡᠯ ᠲᠠᠪᠱᠢᠯᠳᠠ ᠳ᠋ᠤ ᠬᠦᠴᠦᠷᠬᠡᠭ ᠶᠡᠬᠡ ᠤᠶᠤᠨ ᠰᠠᠨᠠᠭᠠᠨ ᠤ᠋ ᠲᠤᠯᠭᠠᠭᠤᠷᠢᠯᠠᠯ ᠬᠠᠩᠭᠠᠪᠠ᠃ 《ᠵᠢᠵᠢᠭ ᠠᠨᠠᠷ ᠤ᠋ᠨ ᠦᠷ᠎ᠡ》 ᠢ᠋ᠢᠨ ᠨᠡᠢᠭᠡᠮ ᠤ᠋ᠨ ᠪᠦᠯᠬᠦᠮ ᠳ᠋ᠤ ᠲᠦᠱᠢᠭ᠌ᠯᠡᠨ ᠤᠯᠤᠰ ᠤ᠋ᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠢ᠋ ᠳᠡᠯᠭᠡᠷᠡᠭᠦᠯᠦᠨ ᠲᠦᠭᠡᠮᠡᠯᠵᠢᠭᠦᠯᠬᠦ᠌ ᠵᠢᠭᠠᠨ ᠰᠤᠷᠭᠠᠯᠲᠠ ᠪᠠ ᠰᠤᠷᠤᠯᠭ᠎ᠠ ᠢ᠋ᠢ ᠲᠤᠰᠠᠯᠠᠬᠤ ᠵᠡᠷᠭᠡ ᠦᠢᠯᠡᠳᠦᠯᠭᠡ ᠢ᠋ᠢᠨ ᠠᠵᠢᠯᠯᠠᠭ᠎ᠠ ᠢ᠋ᠢ 200 ᠭᠠᠷᠤᠢ ᠲᠠᠯᠠᠪᠤᠷ ᠤᠳᠠᠭ᠎ᠠ ᠥᠷᠨᠢᠭᠦᠯᠵᠦ᠍᠂ ᠵᠠᠯᠠᠭᠤᠴᠤᠳ ᠪᠠᠭᠠᠴᠤᠳ ᠢ᠋ 4 ᠲᠦᠮᠡ ᠭᠠᠷᠤᠢ ᠤᠳᠠᠭ᠎ᠠ ᠣᠷᠣᠯᠴᠠᠭᠤᠯᠵᠤ᠂ ᠦᠨᠳᠦᠰᠦᠲᠡᠨ ᠨᠤᠭᠦᠳ ᠤ᠋ᠨ ᠰᠤᠷᠤᠭ᠍ᠴᠢᠳ ᠤ᠋ᠨ ᠦᠭᠡ ᠬᠡᠯᠡ ᠢ᠋ᠢ ᠨᠡᠪᠲᠡᠷᠡᠯᠴᠡᠬᠦᠯᠬᠦ ᠪᠡᠷ ᠳᠡᠮᠵᠢᠨ ᠰᠡᠳᠭᠢᠯ ᠰᠠᠨᠠᠭ᠎ᠠ ᠢ᠋ᠢ ᠨᠢ ᠨᠡᠪᠲᠡᠷᠡᠯᠴᠡᠭᠦᠯᠬᠦ ᠢ᠋ᠢ ᠠᠬᠢᠭᠤᠯᠪᠠ᠃

ᠪᠣᠯᠪᠠᠰᠤᠨ ᠲᠣᠰᠭᠣᠨ ᠪᠠᠯᠭᠠᠰᠤ᠂ ᠪᠣᠯᠪᠠᠰᠤᠨ ᠭᠡᠷ ᠪᠦᠯᠢ᠂ ᠪᠣᠯᠪᠠᠰᠤᠨ ᠰᠤᠷᠭᠠᠭᠤᠯᠢ ᠢ᠋ᠢᠨ ᠬᠦᠷᠢᠶ᠎ᠡ ᠵᠡᠷᠭᠡ ᠡᠯ᠎ᠡ ᠲᠦᠷᠦᠯ ᠤ᠋ᠨ ᠦᠨᠳᠦᠰᠦᠨ ᠱᠠᠲᠤᠨ ᠤ᠋ ᠪᠣᠯᠪᠠᠰᠤᠨ ᠢ᠋ ᠡᠭᠦᠳᠦᠨ ᠪᠠᠢᠭᠤᠯᠬᠤ ᠠᠵᠢᠯᠯᠠᠭ᠎ᠠ ᠳ᠋ᠤ ᠴᠤ᠌ ᠡᠯᠪᠡᠭ ᠪᠠᠶᠠᠯᠢᠭ ᠦᠷ᠎ᠡ ᠪᠦᠲᠦᠭᠡᠯ ᠣᠯᠵᠠᠢ᠃ 2017 ᠣᠨ ᠳ᠋ᠤ ᠲᠦᠴᠢᠦᠸᠠᠨ ᠱᠢᠶᠠᠨ 《ᠥᠪᠡᠷᠲᠡᠭᠡᠨ ᠵᠠᠰᠠᠬᠤ ᠣᠷᠣᠨ ᠤ᠋ ᠪᠣᠯᠪᠠᠰᠤᠨ ᠬᠣᠲᠠ》 ᠢ᠋ᠢᠨ ᠢᠷᠠᠭᠤ ᠠᠯᠳᠠᠷ ᠢ᠋ ᠭᠥᠷᠳᠡᠭ᠌ᠰᠡᠨ ᠪᠥᠭᠡᠳ ᠥᠪᠡᠷᠲᠡᠭᠡᠨ ᠵᠠᠰᠠᠬᠤ ᠣᠷᠣᠨ ᠤ᠋ ᠪᠣᠯᠪᠠᠰᠤᠨ ᠬᠣᠲᠠ ᠢ᠋ᠢ ᠳᠠᠪᠲᠠᠨ ᠪᠠᠢᠴᠠᠭᠠᠵᠤ ᠱᠢᠯᠭᠠᠨ ᠠᠪᠬᠤ ᠳ᠋ᠤ ᠵᠠᠯᠭᠠᠭ᠎ᠠ ᠪᠡᠷ 3 ᠤᠳᠠᠭ᠎ᠠ ᠪᠠᠲᠤᠯᠠᠭ᠍ᠳᠠᠪᠠ᠃ ᠣᠳᠣᠬᠠᠨ ᠪᠣᠯᠲᠠᠯ᠎ᠠ ᠲᠦᠴᠢᠦᠸᠠᠨ ᠱᠢᠶᠠᠨ ᠨᠡᠢᠲᠡ 135 ᠳᠥᠷᠪᠡᠨ ᠱᠠᠲᠤᠨ ᠤ᠋ ᠪᠣᠯᠪᠠᠰᠤᠨ ᠲᠣᠰᠭᠣᠨ ᠪᠠᠯᠭᠠᠰᠤ᠂ 91 ᠪᠣᠯᠪᠠᠰᠤᠨ ᠨᠢᠭᠡᠴᠢ ᠢ᠋ᠢ ᠡᠭᠦᠳᠦᠨ ᠪᠠᠢᠭᠤᠯᠵᠡᠢ᠃ ᠣᠢᠷ᠎ᠠ ᠢ᠋ᠢᠨ ᠵᠢᠯ ᠳ᠋ᠤ ᠪᠠᠰᠠ ᠦᠨᠳᠦᠰᠦᠨ ᠱᠠᠲᠤᠨ ᠤ᠋ ᠨᠠᠰᠤᠵᠢᠯ ᠤ᠋ᠨ ᠦᠶ᠋ᠯᠡᠴᠢᠯᠡᠭᠡᠨ ᠤ᠋ ᠵᠢᠭ᠍ᠰᠠᠭᠠᠯ ᠤ᠋ᠨ ᠭᠠᠵᠠᠷ ᠤ᠋ᠨ ᠪᠠᠢᠭᠤᠯᠤᠯᠲᠠ ᠢ᠋ᠢ ᠠᠬᠢᠭᠤᠯᠵᠤ᠂ ᠣᠳᠣᠬᠠᠨ ᠳ᠋ᠤ ᠨᠢᠭᠡᠨᠲᠡ 8 ᠱᠢᠶᠠᠩ ᠪᠠᠯᠭᠠᠰᠤ ᠢ᠋ᠢᠨ ᠣᠷᠣᠨ ᠪᠦᠰᠡ ᠢ᠋ᠢᠨ ᠨᠠᠰᠤᠵᠢᠯ ᠤ᠋ᠨ ᠦᠶ᠋ᠯᠡᠴᠢᠯᠡᠭᠡᠨ ᠤ᠋ ᠲᠥᠪ᠂ 64 ᠲᠣᠰᠭᠣᠨ ᠤ᠋ ᠱᠠᠲᠤᠨ ᠤ᠋ ᠨᠠᠰᠤᠵᠢᠯ ᠤ᠋ᠨ ᠦᠶ᠋ᠯᠡᠴᠢᠯᠡᠭᠡᠨ ᠤ᠋ ᠥᠷᠲᠡᠭᠡ ᠢ᠋ᠢ ᠪᠠᠢᠭᠤᠯᠵᠤ᠂ ᠨᠠᠰᠤᠲᠠᠢᠴᠤᠳ ᠤ᠋ᠨ ᠬᠡᠷᠡᠭᠴᠡᠭᠡ ᠢ᠋ᠢ ᠱᠢᠶ᠋ᠳᠪᠦᠷᠢᠯᠡᠬᠦ᠌ ᠪᠡᠷ ᠴᠢᠷᠮᠠᠢᠵᠤ ᠪᠠᠢᠨ᠎ᠠ᠃

ᠤᠯᠠᠨ ᠵᠢᠯ ᠤ᠋ᠨ ᠲᠤᠷᠰᠢ᠂ ᠲᠦᠴᠢᠦᠸᠠᠨ ᠱᠢᠶᠠᠨ ᠠᠷᠠᠳ ᠤ᠋ᠨ ᠠᠮᠢᠳᠤᠷᠠᠯ ᠢ᠋ ᠪᠠᠲᠤᠯᠠᠨ ᠰᠠᠢᠵᠢᠷᠠᠭᠤᠯᠬᠤ ᠢ᠋ᠢ ᠢᠮᠠᠭ᠍ᠲᠠ ᠦᠨᠳᠦᠰᠦᠲᠡᠨ ᠤ᠋ ᠪᠦᠯᠬᠦᠮᠳᠡᠯ ᠤ᠋ᠨ ᠠᠵᠢᠯ ᠢ᠋ ᠰᠠᠢᠲᠤᠷ ᠬᠢᠬᠦ᠌ ᠢ᠋ᠢᠨ ᠵᠣᠷᠢᠯᠲᠠ ᠪᠠ ᠲᠤᠰᠤᠯᠳᠠ ᠪᠣᠯᠭᠠᠵᠤ᠂ ᠡᠳ᠋ ᠤ᠋ᠨ ᠵᠠᠰᠠᠭ ᠤ᠋ᠨ ᠵᠠᠷᠤᠯᠭ᠎ᠠ ᠢ᠋ᠢᠨ 75% ᠡᠴᠡ ᠳᠡᠭᠡᠭ᠌ᠰᠢᠬᠢ ᠢ᠋ᠢ ᠠᠷᠠᠳ ᠤ᠋ᠨ ᠠᠮᠢᠳᠤᠷᠠᠯ ᠢ᠋ ᠪᠠᠲᠤᠯᠠᠨ ᠰᠠᠢᠵᠢᠷᠠᠭᠤᠯᠬᠤ ᠳ᠋ᠤ ᠬᠡᠷᠡᠭ᠌ᠯᠡᠵᠦ᠍᠂ ᠦᠨᠳᠦᠰᠦᠲᠡᠨ ᠨᠤᠭᠦᠳ ᠤ᠋ᠨ ᠤᠯᠠᠨ ᠲᠦᠮᠡᠨ ᠳ᠋ᠤ ᠥᠭᠡᠷᠡᠴᠢᠯᠡᠯᠲᠡ ᠬᠥᠭ᠌ᠵᠢᠯᠲᠡ ᠢ᠋ᠢᠨ ᠦᠷ᠎ᠡ ᠪᠦᠲᠦᠭᠡᠯ ᠢ᠋ ᠡᠳ᠋ᠯᠡᠭᠦᠯᠪᠡ᠃

ᠣᠯᠠᠨ ᠲᠦᠮᠡᠨ ᠤ᠋ ᠠᠩᠬᠠᠷᠴᠤ᠌ ᠪᠠᠢᠭ᠎ᠠ ᠰᠤᠷᠭᠠᠭᠤᠯᠢ ᠳ᠋ᠤ ᠣᠷᠣᠬᠤ᠂ ᠡᠪᠡᠳᠴᠢᠨ ᠦᠵᠡᠭᠦᠯᠬᠦ᠌᠂ ᠠᠵᠢᠯ ᠤᠯᠬᠤ ᠵᠡᠷᠭᠡ ᠠᠰᠠᠭᠤᠳᠠᠯ ᠳ᠋ᠤ ᠴᠢᠭ᠌ᠯᠡᠭᠦᠯᠦᠨ᠂ ᠲᠦᠴᠢᠦᠸᠠᠨ ᠱᠢᠶᠠᠨ 26 ᠰᠤᠷᠭᠠᠭᠤᠯᠢ ᠢ᠋ᠢᠨ ᠰᠤᠷᠭᠠᠭᠤᠯᠢ ᠡᠷᠭᠢᠯᠡᠬᠦ᠌ ᠨᠥᠬᠥᠴᠡᠯ ᠢ᠋ ᠰᠠᠢᠵᠢᠷᠠᠭᠤᠯᠤᠭ᠍ᠰᠠᠨ ᠪᠥᠭᠡᠳ 443 ᠪᠠᠭ᠍ᠰᠢ ᠤᠷᠢᠵᠤ᠂ 5 ᠬᠡᠦᠬᠡᠳ ᠤ᠋ᠨ ᠴᠡᠴᠡᠷᠯᠢᠭ ᠢ᠋ ᠱᠢᠨ᠎ᠡ ᠪᠡᠷ ᠪᠠᠢᠭᠤᠯᠪᠠ; ᠬᠢᠲᠠᠳ ᠡᠮᠨᠡᠯᠭᠡ ᠢ᠋ᠢᠨ ᠬᠣᠷᠢᠶ᠎ᠠ ᠢ᠋ᠢ ᠪᠠᠢᠭᠤᠯᠵᠤ᠂ ᠥᠪᠡᠷᠲᠡᠭᠡᠨ ᠵᠠᠰᠠᠬᠤ ᠣᠷᠣᠨ ᠤ᠋ ᠲᠦᠷᠦᠭᠦᠤ ᠪᠦᠯᠦᠭ ᠤ᠋ᠨ ᠡᠷᠡᠭᠦᠯ ᠮᠡᠨᠳᠦ᠍ ᠢ᠋ᠢ ᠠᠬᠢᠭᠤᠯᠬᠤ ᠱᠢᠶᠠᠨ ᠢ᠋ᠢᠡᠷ ᠦᠨᠡᠯᠡᠭ᠌ᠳᠡᠪᠡ; ᠲᠦᠴᠢᠦᠸᠠᠨ ᠤ᠋ ᠭᠠᠩᠨᠠᠭᠤᠷᠴᠢᠨ᠂ ᠲᠦᠴᠢᠦᠸᠠᠨ ᠤ᠋ ᠭᠡᠷ ᠤ᠋ᠨ ᠶᠠᠪᠤᠳᠠᠯ ᠤ᠋ᠨ ᠲᠦᠷᠦᠯ ᠲᠡᠮᠳᠡᠭ ᠢ᠋ ᠡᠭᠦᠳᠴᠦ᠍᠂ ᠬᠣᠲᠠ ᠪᠠᠯᠭᠠᠰᠤᠨ ᠤ᠋ 4555 ᠬᠥᠮᠦᠨ ᠳ᠋ᠤ ᠱᠢᠨ᠎ᠡ ᠪᠡᠷ ᠠᠵᠢᠯ ᠣᠯᠭᠣᠵᠤ᠂ ᠠᠵᠢᠯ ᠦᠭᠡᠢ ᠭᠡᠷ ᠪᠦᠯᠢ ᠳ᠋ᠤ ᠬᠥᠳᠡᠯᠦᠩᠭᠦᠢ ᠪᠡᠷ ᠠᠵᠢᠯ ᠣᠯᠭᠣᠪᠠ ᠁

ᠤᠳᠤ ᠲᠦᠴᠢᠦᠸᠠᠨ ᠱᠢᠶᠠᠨ ᠳ᠋ᠤ ᠪᠠᠭ᠎ᠠ ᠡᠴᠡ ᠨᠢᠭᠡ ᠬᠦᠮᠦᠨ᠂ ᠨᠢᠭᠡ ᠭᠡᠷ ᠪᠦᠯᠢ᠂ ᠶᠡᠬᠡ ᠡᠴᠡ ᠨᠢᠭᠡ ᠲᠣᠰᠭᠣᠨ᠂ ᠨᠢᠭᠡ ᠱᠢᠶᠠᠩ ᠪᠠᠯᠭᠠᠰᠤ ᠬᠦᠷᠲᠡᠯ᠎ᠡ ᠴᠥᠮ ᠬᠠᠷᠢᠯᠴᠠᠨ ᠬᠠᠪᠰᠤᠷᠤᠯᠴᠠᠨ ᠬᠠᠷᠢᠯᠴᠠᠨ ᠬᠠᠯᠠᠮᠵᠢᠯᠠᠵᠤ᠂ ᠦᠨᠳᠦᠰᠦᠲᠡᠨ ᠨᠤᠭᠦᠳ ᠤ᠋ᠨ ᠤᠯᠠᠨ ᠲᠦᠮᠡᠨ ᠰᠡᠳᠭᠢᠯ ᠵᠢᠷᠦᠬᠡ  ᠪᠡᠨ ᠬᠣᠯᠪᠣᠨ᠂ 《ᠠᠨᠠᠷ ᠤ᠋ᠨ ᠦᠷ᠎ᠠ  ᠳᠦᠭᠦᠷᠡᠳᠡᠯ᠎ᠠ ᠪᠤᠯᠪᠠᠰᠤᠷᠠᠵᠤ᠂ ᠦᠵᠡᠰᠭᠦᠯᠡᠩᠲᠦ ᠰᠠᠢᠬᠠᠨ ᠲᠦᠴᠢᠦᠸᠠᠨ ᠱᠢᠨ᠎ᠡ ᠳᠦᠷᠰᠦ ᠪᠠᠢᠳᠠᠯ ᠲᠠᠢ ᠪᠣᠯᠤᠭ᠍ᠰᠠᠨ》 ᠴᠠᠭ ᠦᠶ᠎ᠡ ᠢ᠋ᠢᠨ ᠮᠠᠭ᠍ᠲᠠᠭᠠᠯ ᠳᠠᠭᠤᠤ ᠢ᠋ᠢ ᠬᠠᠩᠭᠢᠨᠠᠭᠤᠯᠵᠤ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号