ᠤᠢᠷᠠᠳᠤ᠂ ᠳᠤᠮᠳᠠᠳᠤ ᠤᠯᠤᠰ·ᠦᠦᠰᠢᠨ ᠤ᠋ ᠮᠣᠷᠢᠨ ᠬᠤᠭᠤᠷ ᠤ᠋ᠨ ᠨᠠᠢᠷᠠᠯ ᠬᠥᠭᠵᠢᠮ ᠤ᠋ᠨ ᠪᠦᠯᠬᠦᠮ ᠱᠠᠨᠰᠢ ᠮᠤᠵᠢ ᠵᠢᠨ ᠳᠠᠭᠤᠤ ᠪᠥᠵᠢᠭ ᠵᠦᠴᠦᠭᠡ ᠵᠢᠨ ᠬᠦᠷᠢᠶᠡᠯᠡᠩ ᠤ᠋ᠨ ᠨᠠᠢᠷᠠᠯ ᠬᠥᠭᠵᠢᠮ ᠤ᠋ᠨ ᠪᠦᠯᠬᠦᠮ ᠯᠤᠭᠡ ᠬᠠᠮᠲᠤᠷᠠᠨ᠂ ᠰᠢ ᠠᠨ ᠤ᠋ ᠪᠠᠷᠢᠯᠭ᠎ᠠ ᠵᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤ᠋ᠨ ᠶᠡᠬᠡ ᠰᠤᠷᠭᠠᠭᠤᠯᠢ ᠳ᠋ᠤ 《ᠬᠤᠭᠤᠷ ᠤ᠋ᠨ ᠡᠭᠡᠰᠢᠭᠲᠦ ᠲᠠᠯ᠎ᠠ ᠨᠤᠲᠤᠭ·ᠦᠦᠰᠢᠨ》 ᠬᠡᠮᠡᠬᠦ ᠳᠤᠭᠯᠠᠯᠳᠠ ᠭᠠᠷᠭᠠᠵᠠᠢ᠃
ᠲᠤᠰ ᠤᠳᠠᠭᠠᠨ ᠤ᠋ ᠲᠣᠭ᠍ᠯᠠᠯᠲᠠ ᠨᠢ ᠮᠣᠩᠭᠣᠯ ᠮᠤᠷᠢᠨ ᠤ᠋ ᠵᠣᠷᠢᠭ ᠰᠠᠨᠠᠭ᠎ᠠ ᠪᠠᠷ ᠰᠦᠭ ᠰᠦᠨᠡᠰᠦ ᠪᠣᠯᠭᠠᠨ᠂ ᠤᠳᠤ ᠦᠶ᠎ᠡ ᠶ᠋ᠢᠨ ᠤᠷᠠᠯᠢᠭ ᠤ᠋ᠨ ᠬᠡᠯᠡ ᠪᠡᠷ ᠵᠢᠭᠦᠷ ᠪᠣᠯᠭᠠᠵᠤ ᠂ ᠰᠢ ᠠᠨ ᠤ᠋ ᠪᠠᠷᠢᠯᠭ᠎ᠠ ᠵᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤ᠋ᠨ ᠶᠡᠬᠡ ᠰᠤᠷᠭᠠᠭᠤᠯᠢ ᠳ᠋ᠤ ᠤᠮᠠᠷᠠᠲᠤ ᠬᠢᠯᠢ ᠶ᠋ᠢᠨ ᠰᠣᠶᠣᠯ ᠤ᠋ᠨ ᠬᠠᠯᠠᠭᠤᠨ ᠥᠷᠨᠢᠯᠲᠡ ᠭᠠᠷᠭᠠᠪᠠ᠃ ᠳᠤᠮᠳᠠᠳᠤ ᠤᠯᠤᠰ·ᠦᠦᠰᠢᠨ ᠤ᠋ ᠮᠣᠷᠢᠨ ᠬᠤᠭᠤᠷ ᠤ᠋ᠨ ᠨᠠᠢᠷᠠᠯ ᠬᠥᠭᠵᠢᠮ ᠤ᠋ᠨ ᠪᠦᠯᠬᠦᠮᠤᠨ ᠬᠢᠨ ᠱᠠᠨᠰᠢ ᠮᠤᠵᠢ ᠵᠢᠨ ᠳᠠᠭᠤᠤ ᠪᠥᠵᠢᠭ ᠵᠦᠴᠦᠭᠡ ᠵᠢᠨ ᠬᠦᠷᠢᠶᠡᠯᠡᠩ ᠤ᠋ᠨ ᠨᠠᠢᠷᠠᠯ ᠬᠥᠭᠵᠢᠮ ᠤ᠋ᠨ ᠪᠦᠯᠬᠦᠮ ᠯᠤᠭᠡ ᠬᠠᠮᠲᠤᠷᠠᠨ᠂ 《ᠬᠤᠨ ᠭᠠᠯᠠᠭᠤ》᠂ 《ᠲᠡᠭᠷᠢ ᠵᠢᠨ ᠬᠠᠶᠠᠭ᠎ᠠ》 ᠵᠡᠷᠭᠡ ᠰᠤᠩᠭᠤᠳᠠᠭ ᠪᠦᠳᠦᠭᠡᠯ ᠤ᠋ᠳ ᠢ᠋ ᠳᠤᠭᠯᠠᠨ᠂ ᠦᠵᠡᠭᠴᠢᠳ ᠤ᠋ᠨ ᠬᠠᠯᠠᠭᠤᠨ ᠬᠦᠷᠢᠶᠡᠯᠡᠯᠢ ᠤᠯᠵᠠᠢ᠃
ᠱᠠᠨᠰᠢ ᠮᠤᠵᠢ ᠵᠢᠨ ᠳᠠᠭᠤᠤ ᠪᠥᠵᠢᠭ ᠵᠦᠴᠦᠭᠡ ᠵᠢᠨ ᠬᠦᠷᠢᠶᠡᠯᠡᠩ ᠤ᠋ᠨ ᠬᠢᠵᠠᠭᠠᠷᠲᠤ ᠺᠣᠮᠫᠠᠨᠢ ᠵᠢᠨ ᠬᠥᠭᠵᠢᠮ ᠤ᠋ᠨ ᠪᠦᠯᠬᠦᠮ ᠤ᠋ᠨ ᠤᠷᠠᠯᠢᠭ᠋ ᠤ᠋ᠨ ᠵᠢᠯᠣᠭᠣᠳᠤᠭ᠍ᠴᠢ᠂ ᠤᠯᠤᠰ ᠤ᠋ᠨ ᠨᠢᠭᠡᠳᠦᠭᠡᠷ ᠳᠡᠰ ᠤ᠋ᠨ ᠵᠢᠯᠣᠭᠣᠳᠤᠭ᠍ᠴᠢ ᠶᠠᠨ ᠰᠦᠩ ᠪᠥᠸᠧ᠄ 《 ᠪᠦᠬᠦ ᠲᠣᠭᠯᠠᠯᠲᠠ ᠨᠢ ᠭᠡᠷ ᠣᠷᠣᠨ ᠶ᠋ᠢᠡᠨ ᠮᠠᠭᠲᠠᠨ ᠲᠠᠭᠤᠯᠠᠵᠤ᠂ ᠥᠪᠥᠷ ᠮᠣᠩᠭᠣᠯ ᠤ᠋ᠨ ᠠᠷᠠᠳ ᠲᠦᠮᠡᠨ ᠤ᠋ ᠠᠮᠢᠳᠤᠷᠠᠯ ᠳ᠋ᠤ ᠬᠠᠢᠷᠠᠲᠠᠢ ᠡᠬᠡ ᠪᠠᠢᠭᠠᠯᠢ ᠳ᠋ᠠᠭᠠᠨ ᠬᠠᠢᠷᠠᠲᠠᠢ ᠦᠵᠡᠯ ᠰᠠᠨᠠᠭ᠎ᠠ ᠬᠠᠢᠷ᠎ᠠ ᠰᠡᠳᠬᠢᠯᠭᠡ ᠵᠢ ᠢᠯᠡᠷᠡᠭᠦᠯᠵᠤ᠂ ᠪᠦᠲᠦᠭᠡᠯ ᠤ᠋ᠨ ᠬᠡᠯᠪᠡᠷᠢ ᠪᠠᠶᠠᠯᠢᠭ᠋᠂ ᠬᠥᠭᠵᠢᠮ ᠤ᠋ᠨ ᠠᠶᠠᠰ ᠨᠢ ᠬᠠᠷᠢᠴᠠᠩᠭᠤᠢ ᠲᠡᠰ ᠳᠠᠪᠬᠤᠷᠭ᠎ᠠ ᠲᠠᠢ᠂ ᠳᠤᠯᠠᠭᠠᠬᠠᠨ ᠪᠠᠢᠵᠤ᠂ᠮᠠᠰᠢ ᠰᠠᠢᠬᠠᠨ ᠳᠤᠭᠯᠠᠯᠳᠠ ᠪᠤᠯᠵᠠᠢ》 ᠭᠡᠵᠦ ᠰᠡᠳᠬᠢᠯ ᠳᠤᠭᠳᠤᠯᠤᠨ ᠶᠠᠷᠢᠵᠠᠢ᠃