ᠦᠶᠡᠷ᠎ᠤᠰᠤᠳᠤᠯ᠎ᠤᠨ ᠲᠤᠮᠳᠠᠬᠢ 《ᠮᠡᠷᠭᠡᠵᠢᠯ᠎ᠦᠨ ᠱᠢᠪᠲᠤᠯᠤᠯᠲᠠ》
2025-06-02 12:18:48
ᠵᠣᠬᠢᠶᠠᠭ᠍ᠴᠢ᠄
ᠪᠥᠸᠧ᠎ᠶ᠋ᠢᠨ ᠹᠸᠩ
ᠣᠩᠱᠢᠭ᠍ᠰᠠᠨ ᠣᠳᠠᠭ᠎ᠠ᠄
★★★☆☆

— ᠥᠪᠡᠷᠲᠡᠭᠡᠨ ᠵᠠᠰᠠᠬᠤ ᠣᠷᠣᠨ᠎ᠤ ᠲᠡᠷᠢᠭᠦᠨ᠎ᠦ ᠠᠵᠢᠯᠲᠠᠨ᠂ ᠪᠣᠷᠣᠲᠣᠬᠣᠶ᠎ᠶ᠋ᠢᠨ ᠤᠰᠤᠯᠠᠯᠲᠠ᠎ᠶ᠋ᠢᠨ ᠣᠷᠣᠨ᠎ᠤ ᠤᠰᠤᠨ ᠠᠱᠢᠭ᠍ᠯᠠᠯᠲᠠ᠎ᠶ᠋ᠢᠨ ᠬᠥᠭ᠌ᠵᠢᠬᠦᠯᠦᠯᠲᠡ᠎ᠶ᠋ᠢᠨ ᠲᠥᠪ᠎ᠦᠨ ᠤᠰᠤ ᠲᠠᠲᠠᠷᠠᠭᠤᠯᠬᠤ ᠬᠤᠪᠢᠶᠠᠷᠢ ᠲᠥᠪ᠎ᠦᠨ ᠬᠣᠩ ᠭᠧ ᠪᠥᠸᠧ ᠤᠰᠤ ᠵᠠᠯᠠᠬᠤ ᠦᠷᠳᠡᠭᠡ᠎ᠶ᠋ᠢᠨ ᠳᠡᠳ᠋ ᠳᠠᠷᠤᠭ᠎ᠠ ᠮᠠ ᠵᠢᠶᠦ᠋ᠨ᠎ᠢ ᠲᠡᠮᠳᠡᠭ᠌ᠯᠡᠪᠡ


ᠪᠠᠶᠠᠨᠨᠠᠭᠤᠷ ᠬᠤᠲᠠ᠎ᠶ᠋ᠢᠨ ᠤᠷᠠᠳ᠎ᠤᠨ ᠡᠮᠦᠨᠡᠲᠦ ᠬᠣᠱᠢᠭᠤᠨ᠎ᠤ ᠤᠯᠠᠭᠠᠨᠰᠤᠬᠠᠢ ᠨᠠᠭᠤᠷ᠎ᠤᠨ ᠪᠠᠷᠠᠭᠤᠨ ᠬᠥᠪᠡᠭᠡᠨ᠎ᠳᠦ᠂ ᠥᠪᠥᠷ ᠮᠣᠩᠭᠣᠯ᠎ᠤᠨ ᠪᠣᠷᠣᠲᠣᠬᠣᠢ᠎ᠶ᠋ᠢᠨ ᠤᠰᠤᠯᠠᠯᠲᠠ᠎ᠶ᠋ᠢᠨ ᠣᠷᠣᠨ᠎ᠤ ᠤᠰᠤᠨ ᠠᠱᠢᠭ᠍ᠯᠠᠯᠲᠠ᠎ᠶ᠋ᠢᠨ ᠬᠥᠭ᠌ᠵᠢᠬᠦᠯᠦᠯᠲᠡ᠎ᠶ᠋ᠢᠨ ᠲᠥᠪ᠎ᠦᠨ ᠤᠰᠤ ᠲᠠᠲᠠᠷᠠᠭᠤᠯᠬᠤ ᠬᠤᠪᠢᠶᠠᠷᠢ ᠲᠥᠪ᠎ᠦᠨ ᠬᠣᠩ ᠭᠧ ᠪᠥᠸᠧ᠎ᠤᠰᠤ ᠵᠠᠯᠠᠬᠤ ᠦᠷᠳᠡᠭᠡ᠎ᠶ᠋ᠢᠨ ᠮᠠᠱᠢᠨ ᠴᠣᠭ᠍ᠴᠠᠯᠠᠪᠤᠷᠢ᠎ᠶ᠋ᠢᠨ ᠬᠦᠷᠴᠢᠭᠢᠨᠡᠬᠦ᠌ ᠳᠠᠭᠤᠨ ᠵᠢᠯ ᠲᠤᠷᠰᠢᠳᠡ ᠲᠤᠭᠤᠯᠳᠠᠨ᠎ᠠ᠃ ᠠᠽᠢᠶ᠎ᠠ ᠲᠢᠪ᠎ᠦᠨ ᠬᠠᠮᠤᠭ᠎ᠤᠨ ᠲᠣᠮᠣ 45 ᠭᠷᠠᠳᠦ᠋ᠰ᠎ᠦᠨ ᠲᠠᠰᠢᠭᠤ ᠲᠡᠩᠭᠡᠯᠢᠭ᠌ᠲᠦ ᠤᠰᠤᠨ ᠬᠥᠭᠡᠷᠭᠡ᠎ᠶ᠋ᠢᠨ ᠥᠷᠲᠡᠭᠡ ᠨᠢ ᠪᠣᠷᠣᠲᠣᠬᠣᠶ᠎ᠶ᠋ᠢᠨ ᠤᠰᠤᠯᠠᠯᠲᠠ᠎ᠶ᠋ᠢᠨ ᠣᠷᠣᠨ᠎ᠤ 《ᠪᠣᠯᠣᠳ ᠵᠢᠷᠦᠭᠡ》 ᠮᠡᠲᠦ ᠪᠡᠷ  ᠵᠠᠭᠤᠨ ᠲᠦᠮᠡᠨ ᠮᠥ᠍ ᠲᠠᠷᠢᠶᠠᠨ ᠭᠠᠵᠠᠷ᠎ᠤᠨ ᠠᠮᠢᠨ ᠰᠤᠳᠠᠰᠤ᠎ᠶ᠋ᠢ ᠬᠣᠯᠪᠣᠵᠤ ᠪᠠᠢᠳᠠᠭ᠃

ᠦᠢᠷ᠎ᠡ ᠳ᠋ᠤ᠂ 56 ᠨᠠᠰᠤᠲᠠᠢ ᠮᠠ ᠵᠢᠶᠦ᠋ᠨ ᠬᠣᠩ ᠭᠧ ᠪᠥᠸᠧ᠎ᠤᠰᠤ ᠵᠠᠯᠠᠬᠤ ᠦᠷᠳᠡᠭᠡ᠎ᠳᠦ ᠬᠡᠮᠵᠢᠭᠦᠷᠯᠢᠭ᠎ᠢᠶᠡᠨ ᠪᠠᠢᠴᠠᠭᠠᠨ ᠰᠡᠯᠪᠢᠵᠦ᠍ ᠶᠠᠭᠠᠷᠠᠨ᠎ᠠ᠃ ᠬᠣᠩ ᠭᠧ ᠪᠥᠸᠧ᠎ᠤᠰᠤ ᠵᠠᠯᠠᠬᠤ ᠦᠷᠳᠡᠭᠡ ᠵᠢᠨ ᠳᠡᠳ᠋ ᠳᠠᠷᠤᠭ᠎ᠠ ᠪᠣᠯᠤᠭ᠍ᠰᠠᠨ᠎ᠤ ᠬᠤᠪᠢ᠎ᠳᠤ᠂ ᠲᠡᠷᠡ 《ᠤᠰᠤᠨ ᠠᠱᠢᠭ᠍ᠯᠠᠯᠲᠠ᠎ᠶ᠋ᠢᠨ ᠳᠠᠷᠬᠠᠨ》 ᠭᠡᠬᠦ᠌ ᠢᠷᠠᠭᠤ ᠠᠯᠳᠠᠷ᠎ᠵᠢᠡᠨ ᠨᠠᠨᠳᠢᠨᠭᠨᠠᠨ ᠨᠠᠰᠤᠨ ᠲᠤᠷᠰᠢᠳᠠ ᠡᠨᠡᠬᠦ  ᠤᠢᠯᠡᠰ ᠲᠸ᠋ ᠵᠢᠳᠬᠦᠭᠰᠡᠭᠡᠷ ᠢᠷᠡᠵᠠᠢ᠃

ᠬᠠᠮᠲᠤ ᠠᠵᠢᠯᠯᠠᠭᠰᠠᠳ ᠨᠢ ᠲᠡᠭᠦᠨ᠎ᠢ 《ᠠᠮᠢᠳᠤ ᠳᠠᠩᠰᠠ ᠡᠪᠬᠡᠮᠡᠯ》᠂ 《ᠥᠷᠲᠡᠭᠡ ᠵᠢᠨ ᠨᠡᠪᠲᠡᠷᠭᠡᠢ ᠲᠤᠯᠢ》 ᠭᠡᠵᠦ᠍ ᠨᠠᠷᠡᠯᠡᠳᠡᠭ᠂ ᠤᠴᠢᠷ ᠨᠢ ᠲᠥᠬᠥᠭᠡᠷᠦᠮᠵᠢ᠎ᠶ᠋ᠢᠨ ᠪᠣᠯᠵᠣᠯᠲᠤ ᠲᠣᠭ᠎ᠠ᠂ ᠭᠡᠮᠲᠦᠯ᠎ᠦᠨ ᠵᠢᠮ᠎ᠡ ᠬᠠᠤᠯᠢ᠎ᠶ᠋ᠢ ᠲᠡᠷᠡ ᠲᠣᠪ ᠲᠣᠳᠣᠷᠬᠠᠶ ᠮᠡᠳᠡᠨ᠎ᠡ᠃ ᠡᠳᠦᠷ ᠲᠤᠲᠤᠮ᠎ᠤᠨ ᠲᠣᠭᠣᠷᠢᠨ ᠪᠠᠢᠴᠠᠭᠠᠯᠲᠠ ᠳᠤᠮᠳᠠ ᠪᠠᠨ ᠲᠡᠷᠡ ᠶᠡᠷᠦ᠍ ᠨᠢ ᠲᠥᠬᠥᠭᠡᠷᠦᠮᠵᠢ᠎ᠶ᠋ᠢᠨ ᠭᠡᠮᠲᠦᠯ᠎ᠢ ᠣᠨᠣᠪᠴᠢᠲᠠᠶ ᠮᠠᠭᠠᠳᠯᠠᠵᠤ ᠴᠢᠳᠠᠳᠠᠭ᠃ ᠮᠠ ᠵᠢᠶᠦ᠋ᠨ᠂ ᠪᠠᠢᠴᠠᠭᠠᠨ ᠵᠠᠰᠠᠬᠤ ᠠᠵᠢᠯ ᠳ᠋ᠤ ᠥᠴᠦᠬᠡᠨ ᠴᠦ᠍ ᠴᠠᠯᠠᠭᠠᠢᠷᠠᠵᠤ ᠪᠣᠯᠬᠤ ᠥᠬᠡᠶ᠂ ᠤᠴᠢᠷ ᠨᠢ ᠪᠠᠭ᠎ᠠ ᠯᠠ ᠠᠯᠳᠠᠰᠢ ᠭᠠᠷᠪᠠᠯ ᠬᠦᠨᠳᠦ ᠨᠣᠴᠢᠲᠠᠶ ᠦᠷ᠎ᠡ ᠳ᠋ᠦᠩ ᠭᠠᠷᠴᠤ᠌ ᠮᠡᠳᠡᠨ᠎ᠡ ᠬᠡᠪᠡ᠃ ᠲᠥᠬᠥᠭᠡᠷᠦᠮᠵᠢ᠎ᠶ᠋ᠢᠨ ᠭᠡᠮᠲᠦᠯ ᠪᠠ ᠮᠡᠷᠭᠡᠵᠢᠯ᠎ᠦᠨ ᠬᠦᠴᠢᠷ ᠠᠰᠠᠭᠤᠳᠠᠯ ᠭᠠᠷᠬᠤ ᠪᠦᠷᠢ ᠲᠡᠷᠡ ᠬᠡᠵᠢᠶ᠎ᠡ ᠴᠦ᠍ ᠭᠡᠰᠡᠨ ᠴᠥᠮ ᠲᠤᠬᠠᠶ᠎ᠶ᠋ᠢᠨ ᠲᠠᠯᠠᠪᠤᠷ᠎ᠲᠤ ᠬᠦᠷᠴᠦ᠍ ᠦᠪᠡᠷ᠎ᠢᠶᠡᠨ ᠱᠢᠶ᠋ᠳᠪᠦᠷᠢᠯᠡᠳᠡᠭ᠃ ᠦᠴᠦᠭᠡᠨ ᠴᠸ᠋ ᠠᠯᠳᠠᠭ᠎ᠠ ᠡᠨᠳᠡᠯ ᠭᠠᠷᠭᠠᠭᠰᠠᠨ ᠦᠭᠡᠢ ᠲᠡᠮᠳᠡᠭ᠌ᠯᠡᠯ ᠨᠢ ᠲᠡᠭᠦᠨ᠎ᠦ 《ᠠᠵᠢᠯᠯᠠᠭᠠᠨ᠎ᠤ ᠵᠢᠷᠤᠮᠵᠢᠯ᠎ᠢ ᠡᠷᠬᠡᠪᠰᠢ ᠨᠢᠬᠳᠠ ᠡᠴᠡ ᠨᠢᠬᠳᠠ ᠪᠠᠢᠯᠭᠠᠬᠤ》 ᠪᠠᠷᠢᠮᠲᠠᠯᠠᠯ᠎ᠢ ᠨᠢ ᠬᠡᠷᠡᠴᠢᠯᠡᠵᠦ ᠪᠠᠢᠭ᠎ᠠ ᠶᠤᠮ᠃

2012 ᠣᠨ᠎ᠳᠤ᠂ ᠪᠣᠷᠣᠲᠣᠬᠣᠶ᠎ᠶ᠋ᠢᠨ ᠤᠰᠤᠯᠠᠯᠲᠠ᠎ᠶ᠋ᠢᠨ ᠣᠷᠣᠨ᠎ᠳᠤ ᠵᠠᠭᠤᠨ ᠵᠢᠯ᠎ᠳᠦ ᠦᠯᠦ ᠲᠣᠬᠢᠶᠠᠯᠳᠤᠬᠤ ᠣᠨᠴᠠ ᠲᠤᠬᠰᠢᠨ  ᠪᠣᠷᠣᠭᠠᠨ ᠣᠷᠣᠵᠤ᠂ ᠬᠣᠩ ᠭᠧ ᠪᠥᠸᠧ ᠤᠰᠤ ᠵᠠᠯᠠᠬᠤ ᠥᠷᠲᠡᠭᠡ ᠨᠢ ᠤᠰᠤᠯᠠᠯᠲᠠ᠎ᠶ᠋ᠢᠨ ᠣᠷᠣᠨ᠎ᠤ ᠤᠰᠤ ᠲᠠᠲᠠᠷᠠᠭᠤᠯᠬᠤ 《ᠬᠣᠭᠣᠯᠠᠶ᠎ᠶ᠋ᠢᠨ ᠢᠨᠵᠧᠨᠧᠷᠢᠩ》 ᠪᠣᠯᠤᠭ᠍ᠰᠠᠨ ᠡᠴᠡ᠂ ᠪᠥᠬᠥ᠌ ᠤᠰᠤᠯᠠᠯᠲᠠ᠎ᠶ᠋ᠢᠨ ᠣᠷᠣᠨ᠎ᠤ ᠤᠰᠤ ᠲᠠᠲᠠᠷᠠᠭᠤᠯᠬᠤ ᠪᠠᠴᠢᠮ ᠡᠭᠦᠷᠭᠡ᠎ᠶ᠋ᠢ ᠡᠭᠦᠷᠭᠡᠯᠡᠵᠦ᠍ ᠪᠠᠢᠯ᠎ᠠ᠃ ᠵᠠᠭᠤᠨ ᠲᠦᠮᠡᠨ ᠮᠦ᠍ ᠲᠠᠷᠢᠶ᠎ᠠ ᠲᠦᠮᠤᠰᠤ ᠦᠶᠡᠷ᠎ᠤᠰᠤᠳᠤᠯ ᠳ᠋ᠤ ᠲᠤᠯᠭᠠᠷᠠᠭᠰᠠᠨ ᠴᠠᠭ ᠮᠥᠴᠡ᠎ᠳᠦ᠂ ᠮᠠᠱᠢᠨ ᠴᠣᠭ᠍ᠴᠠᠯᠠᠪᠤᠷᠢ 24 ᠴᠠᠭ᠎ᠢᠶᠠᠷ ᠳᠦᠭᠦᠷᠡᠩ ᠠᠴᠢᠶ᠎ᠠ ᠲᠠᠶ ᠠᠵᠢᠯᠯᠠᠵᠤ ᠪᠠᠢᠯ᠎ᠠ᠃ ᠠᠶᠤᠯ ᠲᠦᠭ᠌ᠰᠢᠭᠦᠷᠢᠲᠦ ᠴᠠᠭ ᠮᠥᠴᠡ᠎ᠳᠦ᠂ ᠮᠠ ᠵᠢᠶᠦ᠋ᠨ ᠪᠦᠯᠬᠦᠮ᠎ᠢᠶᠡᠨ ᠳᠠᠭᠠᠭᠤᠯᠤᠨ ᠦᠶᠡᠷ ᠲᠡᠶ ᠲᠡᠮᠡᠴᠡᠨ ᠠᠶᠤᠯ᠎ᠠᠴᠠ ᠠᠪᠤᠷᠠᠵᠤ᠂ 5 ᠡᠳᠦᠷ 4 ᠰᠥᠨᠢ ᠮᠠᠱᠢᠨ ᠴᠣᠭ᠍ᠴᠠᠯᠠᠪᠤᠷᠢ᠎ᠪᠠᠨ ᠦᠬᠦᠨ ᠰᠠᠬᠢᠵᠤ᠂ ᠡᠳᠦᠷ᠎ᠲᠡᠬᠡᠨ ᠬᠥᠭᠡᠷᠭᠡ᠎ᠶ᠋ᠢᠨ ᠦᠷᠦᠭᠡ᠂ ᠬᠦᠴᠦᠳᠡᠯ ᠥᠭᠡᠷᠡᠴᠢᠯᠡᠬᠦ᠌ ᠦᠷᠲᠡᠭᠡ ᠪᠣᠯᠤᠨ ᠪᠣᠬᠢᠷ ᠤᠰᠤ᠎ᠶ᠋ᠢ ᠬᠠᠱᠢᠬᠤ ᠬᠡᠷᠡᠰᠭᠡ᠎ᠶ᠋ᠢᠨ ᠬᠣᠭᠣᠷᠣᠨᠳᠣ ᠰᠦᠯᠵᠢᠯᠳᠦᠵᠦ᠍᠂ ᠰᠥᠨᠢ ᠳᠦᠯᠢ᠎ᠪᠡᠷ ᠮᠡᠷᠭᠡᠵᠢᠯ᠎ᠦᠨ ᠭᠣᠣᠯᠯᠠᠭ᠍ᠴᠢ ᠬᠦᠴᠦᠨ᠎ᠢ ᠴᠤᠭ᠍ᠯᠠᠭᠤᠯᠤᠨ ᠲᠣᠭ᠎ᠠ ᠪᠠᠷᠢᠮᠲᠠ᠎ᠶ᠋ᠢ ᠵᠠᠳᠠᠯᠵᠤ᠂ ᠤᠰᠤ ᠵᠠᠯᠠᠬᠤ ᠲᠥᠰᠦᠯ᠎ᠢᠶᠡᠨ ᠱᠢᠯᠢᠳᠡᠭ᠌ᠵᠢᠭᠦᠯᠵᠦ᠍᠂ ᠵᠠᠭᠤᠨ ᠲᠦᠮᠡᠨ ᠮᠦ᠍ ᠲᠠᠷᠢᠶ᠎ᠠ᠎ᠶ᠋ᠢ ᠦᠶᠡᠷ᠎ᠦᠨ ᠭᠠᠮᠰᠢᠭ ᠡᠴᠡ ᠵᠠᠢᠯᠠᠭᠤᠯᠪᠠ᠃

ᠬᠠᠬᠢᠷ ᠡᠪᠦᠯ᠎ᠤᠨ ᠰᠦᠩ ᠬᠠᠯᠢᠶ᠎ᠠ᠎ᠶᠢᠨ ᠬᠤᠭᠤᠴᠠᠭᠠᠨ᠎ᠳᠤ  2 ᠮᠸᠲᠷ ᠥᠨᠳᠥᠷ ᠮᠥᠰᠥᠨ ᠬᠠᠱᠢᠯᠭ᠎ᠠ ᠨᠡᠭᠡᠯᠡᠭᠡᠢ᠎ᠵᠢ ᠪᠦᠭᠯᠡᠵᠦ᠂ ᠳᠡᠭᠡᠳᠦ ᠤᠷᠤᠰᠭᠠᠯ᠎ᠤᠨ ᠤᠰᠤᠨ ᠲᠦᠪᠱᠢᠨ ᠲᠡᠦᠬᠡ᠎ᠶ᠋ᠢᠨ ᠲᠤᠢᠯ᠎ᠳᠤ ᠬᠦᠷᠴᠦ᠍᠂ ᠪᠠᠢᠳᠠᠯ ᠮᠠᠰᠢ ᠲᠦᠭ᠌ᠰᠢᠭᠦᠷᠢᠲᠡᠢ ᠪᠠᠢᠯ᠎ᠠ᠃ ᠮᠠ ᠵᠢᠶᠦ᠋ᠨ ᠲᠡᠷᠡ ᠳᠠᠷᠤᠢ᠎ᠳᠤᠨᠢ ᠤᠳᠬᠤᠭᠤᠷ ᠮᠠᠱᠢᠨ᠎ᠶ᠋ᠢᠡᠷ ᠮᠥᠰᠥ᠍ ᠬᠠᠭᠠᠯᠬᠤ ᠠᠵᠢᠯ᠎ᠢ ᠡᠷᠡᠰ ᠱᠢᠭᠤᠷᠬᠠᠢ ᠬᠢᠵᠦ᠍᠂ ᠲᠦᠷᠪᠡᠨ ᠬᠦᠷᠳᠦᠲᠦ ᠲᠡᠷᠭᠡ ᠪᠡᠷ ᠮᠥᠰᠥ ᠲᠠᠢ ᠡᠪᠡᠰᠦ᠎ᠶ᠋ᠢ ᠵᠥᠭᠡᠭᠡᠪᠦᠷᠢᠯᠡᠬᠦ᠌᠎ᠶ᠋ᠢᠨ ᠬᠠᠮᠲᠤ᠂ 4 ᠠᠵᠢᠯᠳᠡᠨ᠎ᠢ ᠲᠤᠮᠢᠯᠠᠵᠤ 24 ᠴᠠᠭ ᠵᠢᠡᠷ ᠬᠠᠱᠢᠯᠭ᠎ᠠ᠎ᠶᠢᠨ᠎ᠬᠠᠵᠠᠭᠤ᠎ᠳ᠋ᠤ ᠲᠣᠭᠣᠷᠢᠨ ᠪᠠᠢᠴᠠᠭᠠᠯᠭᠠᠪᠠ᠃ 48 ᠴᠠᠭ᠎ᠤᠨ ᠳᠠᠷᠠᠭ᠎ᠠ ᠮᠥᠰᠥᠨ ᠬᠠᠱᠢᠯᠭ᠎ᠠ ᠨᠤᠷᠠᠪᠠ᠃ 《ᠲᠡᠷᠡ ᠦᠶ᠎ᠡ᠎ᠳᠦ ᠬᠠᠱᠢᠯᠭ᠎ᠠ᠎ᠶᠢᠨ ᠨᠡᠭᠡᠯᠡᠭᠡᠢ ᠰᠡᠳᠡᠷᠡᠬᠦ᠎ᠡᠴᠡ ᠦᠨᠡᠬᠡᠷ ᠠᠶᠤᠵᠦ ᠪᠠᠢᠯ᠎ᠠ᠂ ᠬᠠᠰᠢᠯᠭ᠎ᠠ᠎ᠶᠢᠨ ᠠᠷᠤ᠎ᠳᠦ ᠲᠦᠭ ᠲᠦᠮᠡᠨ ᠠᠷᠠᠳ ᠤᠯᠠᠨ᠎ᠤ ᠭᠡᠷ ᠪᠠᠢᠰᠢᠩ  ᠪᠤᠢ ᠪᠤᠯᠬᠤᠷ  ᠪᠢᠳᠡ ᠶᠠᠭᠠᠬᠢᠭᠰᠠᠨ ᠴᠸ᠋ ᠰᠤᠯᠠᠷᠠᠵᠤ ᠪᠤᠯᠬᠤ ᠦᠭᠡᠢ》 ᠭᠡᠵᠦ᠍ ᠮᠠ ᠵᠢᠶᠦ᠋ᠨ ᠶᠠᠷᠢᠪᠡ᠃

35 kv ᠬᠦᠴᠦᠳᠡᠯ ᠥᠭᠡᠷᠡᠴᠢᠯᠡᠬᠦ᠌ ᠥᠷᠲᠡᠭᠡ᠎ᠳᠦ ᠴᠠᠬᠢᠯᠭᠠᠨ ᠬᠠᠩᠭᠠᠯᠭ᠎ᠠ ᠵᠢᠨ ᠬᠡᠮ ᠰᠤᠭᠤᠭ ᠭᠠᠷᠴᠤ᠂ ᠤᠰᠤᠨ ᠬᠥᠭᠡᠷᠭᠡ᠎ᠶ᠋ᠢᠨ ᠰᠡᠯᠪᠢᠭ ᠲᠣᠨᠣᠭ ᠡᠯᠡᠭ᠌ᠳᠡᠬᠦ ᠠᠰᠠᠭᠤᠳᠠᠯ᠎ᠳᠤ ᠲᠤᠯᠭᠠᠷᠠᠪᠠ᠂ ᠲᠡᠷᠡ ᠰᠥᠷᠭᠡᠸ᠋ ᠬᠦᠴᠦᠳᠡᠯ ᠥᠭᠡᠷᠡᠴᠢᠯᠡᠬᠦ᠌ ᠲᠥᠰᠦᠯ᠎ᠢ ᠳᠤᠷᠠᠳᠴᠤ᠌ ᠠᠶᠤᠯ ᠲᠦᠭ᠌ᠰᠢᠭᠦᠷᠢ᠎ᠶ᠋ᠢ ᠠᠷᠢᠯᠭᠠᠪᠠ᠃ ᠤᠯᠠᠮᠵᠢᠯᠠᠯᠲᠤ ᠲᠤᠰᠤ ᠭᠤᠯᠭᠤᠷᠢᠭᠤᠯᠬᠤ ᠬᠣᠯᠬᠣᠪᠴᠢ᠎ᠶ᠋ᠢᠨ ᠤᠰᠤᠨ ᠴᠣᠭ᠍ᠴᠠ᠎ᠶ᠋ᠢ ᠠᠮᠠᠷᠬᠠᠨ ᠪᠣᠬᠢᠷᠲᠤᠭᠤᠯᠬᠤ ᠠᠰᠠᠭᠤᠳᠠᠯ᠎ᠳᠤ ᠴᠢᠭ᠌ᠯᠡᠭᠦᠯᠦᠨ᠂ ᠲᠡᠷᠡ ᠤᠰᠤᠨ ᠬᠥᠭᠡᠷᠭᠡ᠎ᠶ᠋ᠢᠨ ᠥᠭᠡᠷᠡᠴᠢᠯᠡᠯᠲᠡ᠎ᠳᠦ ᠤᠯᠠᠨ ᠤᠳᠠᠭ᠎ᠠ ᠣᠷᠣᠯᠴᠠᠵᠤ᠂ ᠰᠡᠯᠪᠢᠭ ᠲᠤᠨᠤᠭ᠎ᠤᠨ ᠡᠯᠡᠭ᠌ᠳᠡᠯ᠎ᠳᠤ ᠴᠢᠭ᠌ᠯᠡᠭᠦᠯᠦᠨ ᠥᠪᠡᠷᠮᠢᠴᠡ ᠲᠥᠰᠦᠯ᠎ᠢ ᠲᠣᠭ᠍ᠲᠠᠭᠠᠪᠠ᠃ ᠲᠡᠮᠦᠷᠯᠢᠭ ᠪᠤᠰᠤ ᠲᠤᠮᠤ ᠮᠤᠯᠸᠺᠦ᠋ᠯᠲᠤ ᠤᠰᠤ ᠭᠤᠯᠭᠤᠷᠢᠭᠤᠯᠬᠤ ᠬᠣᠯᠬᠣᠪᠴᠢ᠎ᠶ᠋ᠢ ᠰᠤᠳᠤᠯᠤᠨ ᠨᠡᠭᠡᠭᠡᠬᠦ᠌᠎ᠳᠦ ᠣᠷᠣᠯᠴᠠᠵᠤ᠂ ᠤᠯᠠᠮᠵᠢᠯᠠᠯᠲᠤ ᠲᠤᠰᠤ ᠭᠤᠯᠭᠤᠷᠢᠭᠤᠯᠬᠤ ᠲᠤᠨᠤᠭ᠎ᠢ ᠣᠷᠣᠯᠠᠭᠤᠯᠵᠤ᠂ ᠥᠭᠡᠷᠡᠴᠢᠯᠡᠭ᠌ᠰᠡᠨ᠎ᠦ ᠳᠠᠷᠠᠭᠠᠬᠢ ᠮᠠᠱᠢᠨ ᠴᠣᠭ᠍ᠴᠠᠯᠠᠪᠤᠷᠢ ᠨᠢ ᠲᠦᠮᠡ ᠱᠢᠬᠠᠮ ᠴᠠᠭ ᠲᠣᠭ᠍ᠲᠠᠭᠤᠨ᠎ᠢᠶᠠᠷ ᠠᠵᠢᠯᠯᠠᠵᠤ᠂ ᠵᠢᠯ ᠪᠦᠷᠢ 10 ᠲᠦᠮᠡ ᠭᠠᠷᠤᠢ ᠲᠥᠭᠥᠷᠢᠭ᠎ᠦᠨ ᠥᠪᠡᠷ᠎ᠦᠨ ᠦᠷᠲᠡᠭ᠎ᠢ ᠠᠷᠪᠢᠯᠠᠪᠠ᠃

《ᠮᠡᠷᠭᠡᠵᠢᠯ᠎ᠦᠨ ᠱᠢᠨᠡᠴᠢᠯᠡᠯᠲᠡ ᠲᠦᠷᠭᠡᠨ᠂ ᠰᠤᠷᠤᠯᠴᠠᠬᠤ ᠦᠭᠡᠢ ᠪᠣᠯ ᠬᠤᠴᠤᠷᠤᠨ᠎ᠠ》 ᠭᠡᠵᠦ᠍ ᠮᠠ ᠵᠢᠶᠦ᠋ᠨ ᠬᠡᠯᠡᠪᠡ᠃ ᠣᠳᠣᠬᠠᠨ ᠳ᠋ᠤ᠂ ᠲᠡᠷᠡ ᠪᠡᠷ ᠲᠦᠷᠦᠭᠦᠯᠡᠨ ᠠᠦ᠋ᠲ᠋ᠣᠴᠢᠯᠠᠭ᠍ᠰᠠᠨ ᠮᠡᠷᠭᠡᠵᠢᠯ᠎ᠢ ᠰᠤᠳᠤᠯᠵᠤ᠂ ᠬᠥᠭᠡᠷᠭᠡ᠎ᠶ᠋ᠢᠨ ᠥᠷᠲᠡᠭᠡ᠎ᠶ᠋ᠢᠨ ᠣᠶᠤᠨᠴᠢ ᠤᠰᠤᠨ ᠠᠱᠢᠭ᠍ᠯᠠᠯᠲᠠ ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶ᠋ᠢ ᠠᠬᠢᠭᠤᠯᠪᠠ᠃

《ᠪᠠᠭ᠍ᠰᠢ ᠪᠢᠳᠡᠨ᠎ᠳᠦ ᠵᠥᠪᠬᠡᠨ ᠮᠡᠷᠭᠡᠵᠢᠯ ᠵᠢᠭᠠᠵᠤ ᠦᠭᠬᠦᠭᠰᠡᠨ ᠪᠢᠰᠢ᠂ ᠨᠡᠩ ᠴᠤ᠌ ᠤᠰᠤᠨ ᠠᠱᠢᠭ᠍ᠯᠠᠯᠲᠠ᠎ᠶ᠋ᠢᠨ ᠬᠥᠮᠦᠨ᠎ᠦ ᠵᠤᠷᠢᠭ ᠰᠠᠨᠠᠭ᠎ᠠ ᠵᠢ ᠤᠯᠠᠮᠵᠢᠯᠠᠵᠠᠢ》 ᠭᠡᠵᠦ ᠲᠡᠬᠦᠨ᠎ᠤ ᠱᠠᠪᠢ ᠯᠢᠦ ᠱᠤᠸᠠᠢ ᠰᠤᠷᠪᠤᠯᠵᠢᠯᠠᠭ᠍ᠴᠢ᠎ᠳᠤ ᠬᠡᠯᠡᠪᠡ᠃

2003 ᠣᠨ᠎ᠳᠤ ᠬᠣᠩ ᠭᠧ ᠪᠥᠸᠧ ᠤᠰᠤ ᠵᠠᠯᠠᠬᠤ ᠥᠷᠲᠡᠭᠡᠨ᠎ᠦ ᠳᠡᠳ᠋ ᠳᠠᠷᠤᠭ᠎ᠠ᠎ᠶ᠋ᠢᠨ ᠲᠤᠱᠢᠶᠠᠯ᠎ᠢ ᠡᠭᠦᠷᠭᠡᠯᠡᠭ᠌ᠰᠡᠨ᠎ᠡᠴᠡ ᠤᠳᠤ ᠪᠣᠯᠲᠠᠯ᠎ᠠ ᠮᠠ ᠵᠢᠶᠦ᠋ᠨ 《ᠱᠠᠪᠢ ᠪᠠᠨ ᠳᠠᠭᠠᠭᠤᠯᠬᠤ》 ᠪᠡᠷ ᠳᠠᠮᠵᠢᠭᠤᠯᠤᠨ ᠬᠥᠭᠡᠷᠭᠡ᠎ᠶ᠋ᠢᠨ ᠦᠷᠳᠡᠭᠡ᠎ᠳᠦ ᠴᠢᠳᠠᠪᠤᠷᠢᠲᠠᠨ ᠬᠥᠮᠦᠵᠢᠭᠦᠯᠵᠦ᠍ ᠥᠭ᠌ᠴᠡᠢ᠃ ᠬᠥᠭᠡᠷᠭᠡ᠎ᠶ᠋ᠢᠨ ᠥᠷᠲᠡᠭᠡ᠎ᠶ᠋ᠢᠨ ᠮᠠᠱᠢᠨ ᠴᠣᠭ᠍ᠴᠠᠯᠠᠪᠤᠷᠢ᠎ᠶ᠋ᠢ ᠲᠠᠰ ᠳᠡᠪᠱᠢᠭᠦᠯᠦᠨ ᠥᠭᠡᠷᠡᠴᠢᠯᠡᠨ ᠰᠠᠢᠵᠢᠷᠠᠭᠤᠯᠬᠤ ᠬᠤᠭᠤᠴᠠᠭᠠᠨ᠎ᠳᠤ᠂ ᠲᠡᠷᠡ ᠪᠡᠶ᠎ᠡ᠎ᠪᠡᠷ᠎ᠢᠶᠡᠨ ᠪᠦᠯᠬᠦᠮ ᠨᠢᠭᠡᠴᠢ᠎ᠪᠡᠨ ᠳᠠᠭᠠᠭᠤᠯᠤᠨ ᠦᠶ᠋ᠯᠡᠳᠪᠦᠷᠢ᠎ᠶ᠋ᠢᠨ ᠠᠵᠢᠯᠲᠠᠨ᠎ᠤ ᠤᠭ᠍ᠰᠠᠷᠠᠵᠤ ᠪᠠᠢᠭ᠎ᠠ ᠮᠠᠱᠢᠨ ᠴᠣᠭ᠍ᠴᠠᠯᠠᠪᠤᠷᠢ᠎ᠶ᠋ᠢ ᠰᠣᠨᠢᠷᠬᠠᠨ ᠦᠵᠡᠵᠦ᠍ ᠲᠡᠮᠳᠡᠭ᠌ᠯᠡᠵᠦ᠍᠂ ᠣᠢᠯᠠᠭᠠᠬᠤ ᠥᠬᠡᠶ ᠠᠰᠠᠭᠤᠳᠠᠯ ᠲᠤᠯᠭᠠᠷᠠᠪᠠᠯ ᠰᠠᠨᠠᠭᠠᠴᠢᠯᠠᠭ᠎ᠠ᠎ᠠᠴᠠ᠎ᠪᠠᠨ ᠠᠰᠠᠭᠤᠨ ᠯᠠᠪᠯᠠᠵᠤ᠂ ᠰᠤᠷᠤᠯᠴᠠᠬᠤ᠎ᠶᠢᠨ ᠳᠠᠭᠠᠤ ᠠᠵᠢᠯᠯᠠᠵᠤ᠂ ᠠᠵᠢᠯᠯᠠᠬᠤ᠎ᠶᠢᠨ ᠳᠠᠭᠠᠤ ᠰᠤᠷᠤᠯᠴᠠᠵᠦ᠂ ᠥᠭᠡᠷᠡᠴᠢᠯᠡᠨ ᠰᠠᠢᠵᠢᠷᠠᠭᠤᠯᠬᠤ ᠢᠨᠵᠧᠨᠧᠷᠢᠩ ᠳᠠᠭᠤᠰᠤᠭ᠍ᠰᠠᠨ᠎ᠤ ᠳᠠᠷᠠᠭ᠎ᠠ ᠪᠦᠯᠬᠦᠮ ᠨᠢᠭᠡᠴᠢ᠎ᠨᠢ ᠤᠰᠤᠨ ᠬᠥᠭᠡᠷᠭᠡ᠎ᠶ᠋ᠢ ᠵᠠᠳᠠᠯᠬᠤ᠂ ᠵᠠᠰᠠᠬᠤ᠂ ᠤᠭ᠍ᠰᠠᠷᠠᠬᠤ᠂ ᠲᠤᠷᠱᠢᠨ ᠠᠵᠢᠯᠯᠠᠭᠤᠯᠬᠤ ᠵᠡᠷᠭᠡ ᠮᠡᠷᠭᠡᠵᠢᠯ᠎ᠢ ᠪᠥᠬᠥ᠌ ᠲᠠᠯ᠎ᠠ᠎ᠪᠠᠷ ᠡᠵᠡᠮᠱᠢᠵᠦ᠍᠂ ᠬᠥᠭᠡᠷᠭᠡ᠎ᠶ᠋ᠢᠨ ᠥᠷᠲᠡᠭᠡ᠎ᠶ᠋ᠢᠨ ᠬᠣᠢᠱᠢᠳᠠ᠎ᠶ᠋ᠢᠨ ᠲᠣᠨᠣᠭ ᠲᠥᠬᠥᠭᠡᠷᠦᠮᠵᠢ᠎ᠶ᠋ᠢ ᠬᠠᠮᠠᠭᠠᠯᠠᠬᠤ ᠪᠠ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠳᠦ ᠡᠷᠬᠢᠮ ᠨᠠᠨᠳᠢᠨ ᠲᠤᠷᠱᠢᠯᠭ᠎ᠠ ᠬᠤᠷᠠᠮᠳᠤᠭᠤᠯᠵᠤ ᠥᠭ᠌ᠴᠡᠶ᠃ ᠣᠯᠠᠨ ᠵᠢᠯ᠎ᠦᠨ ᠠᠵᠢᠯ᠎ᠤᠨ ᠲᠤᠷᠱᠢᠯᠭ᠎ᠠ᠎ᠲᠠᠶ᠎ᠪᠠᠨ ᠤᠶᠠᠯᠳᠤᠭᠤᠯᠤᠨ᠂ ᠮᠠ ᠵᠢᠶᠦ᠋ᠨ ᠠᠵᠢᠯ ᠲᠥᠷᠥᠯ᠎ᠦᠨ ᠲᠡᠷᠢᠭᠦᠨ᠎ᠦ ᠪᠠᠷᠢᠮᠵᠢᠶ᠎ᠠ᠎ᠪᠠᠷ ᠯᠠᠪᠯᠠᠯᠲᠠ ᠪᠣᠯᠭᠠᠵᠤ᠂ ᠬᠥᠭᠡᠷᠭᠡ᠎ᠶ᠋ᠢᠨ ᠥᠷᠲᠡᠭᠡ᠎ᠶ᠋ᠢᠨ ᠠᠵᠢᠯᠯᠠᠭᠠᠨ᠎ᠤ ᠬᠠᠮᠢᠶᠠᠷᠤᠯᠲᠠ᠎ᠶ᠋ᠢᠨ ᠡᠯ᠎ᠡ ᠭᠣᠭ᠍ᠴᠣᠭ᠎ᠠ᠎ᠶ᠋ᠢ ᠵᠢᠷᠤᠮᠵᠢᠭᠤᠯᠬᠤ᠎ᠶ᠋ᠢᠨ ᠬᠠᠮᠲᠤ 《45 ᠭᠷᠠᠳᠦ᠋ᠰ᠎ᠦᠨ ᠲᠠᠰᠢᠭᠤ ᠲᠡᠩᠭᠡᠯᠢᠭᠳᠦ ᠤᠰᠤᠨ ᠬᠥᠭᠡᠷᠭᠡ᠎ᠶ᠋ᠢᠨ ᠥᠷᠲᠡᠭᠡ᠎ᠶ᠋ᠢᠨ ᠠᠵᠢᠯᠯᠠᠭᠠᠨ ᠬᠢᠭᠡᠳ ᠬᠠᠮᠢᠶᠠᠷᠤᠯᠲᠠ ᠬᠠᠮᠠᠭᠠᠯᠠᠯᠲᠠ᠎ᠶ᠋ᠢᠨ ᠪᠠᠷᠢᠮᠵᠢᠶ᠎ᠠ》᠂ 《ᠬᠣᠩ ᠭᠧ ᠪᠦᠸᠸ ᠤᠰᠤ ᠵᠠᠯᠠᠬᠤ ᠥᠷᠲᠡᠭᠡᠨ᠎ᠦ ᠤᠰᠤᠯᠠᠬᠤ ᠲᠠᠲᠠᠷᠠᠭᠤᠯᠬᠤ ᠬᠥᠭᠡᠷᠭᠡ᠎ᠶ᠋ᠢᠨ ᠥᠷᠲᠡᠭᠡ᠎ᠶ᠋ᠢᠨ ᠪᠠᠷᠢᠮᠵᠢᠶᠠᠵᠢᠭᠤᠯᠤᠭ᠍ᠰᠠᠨ ᠬᠠᠮᠢᠶᠠᠷᠤᠯᠲᠠ᠎ᠶ᠋ᠢᠨ ᠭᠠᠷ ᠠᠪᠤᠯᠭ᠎ᠠ》 ᠵᠡᠷᠭᠡ ᠮᠡᠷᠭᠡᠵᠢᠯ᠎ᠦᠨ ᠪᠢᠴᠢᠭ ᠮᠠᠲ᠋ᠧᠷᠢᠶᠠᠯ᠎ᠢ ᠡᠷᠭᠢᠯᠡᠨ ᠨᠠᠢᠷᠠᠭᠤᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号