ᠪᠠᠭᠠᠳᠤᠷ᠎ᠤᠨ ᠵᠤᠷᠢᠭ ᠰᠠᠨᠠᠭ᠎ᠠ ᠦᠨᠢᠳᠡ ᠮᠦᠩᠭᠡᠷᠡᠨ᠎ᠡ
2025-06-02 12:49:10
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠠᠷᠤᠨ ᠬᠣᠱᠢᠭᠤᠨ᠎ᠤ ᠡᠬᠡ ᠭᠠᠵᠠᠷ᠎ᠤᠨ ᠬᠠᠮᠤᠭ᠎ᠤᠨ ᠬᠦᠨ ᠲᠡᠪᠢᠰᠭᠡᠷ ᠥᠩᠭᠡ ᠭᠡᠪᠡᠯ ᠲᠡᠷᠡ ᠨᠢ ᠯᠠᠪᠲᠠᠶ ᠶᠠᠫᠣᠨ᠎ᠢ ᠡᠰᠡᠷᠭᠦᠴᠡᠬᠦ᠌ ᠬᠣᠯᠪᠣᠭᠠᠲᠤ ᠴᠡᠷᠢᠭ᠎ᠦᠨ ᠳᠠᠷᠤᠭ᠎ᠠ ᠪᠠᠢᠯᠳᠤᠭ᠍ᠴᠢᠳ᠎ᠤᠨ ᠠᠮᠢ ᠨᠠᠰᠤ ᠪᠠ ᠬᠠᠯᠠᠭᠤᠨ ᠴᠢᠰᠤ᠎ᠪᠠᠷ ᠵᠢᠡᠨ ᠤᠮᠳᠠᠯᠠᠭᠰᠠᠨ ᠤᠯᠠᠭᠠᠨ ᠥᠩᠭᠡ ᠮᠦᠨ᠃

ᠠᠷᠤᠨ ᠬᠣᠱᠢᠭᠤᠨ᠎ᠤ ᠬᠠᠮᠤᠭ᠎ᠤᠨ ᠥᠨᠳᠥᠷ ᠰᠦᠷᠯᠢᠭ ᠵᠣᠷᠢᠭ ᠰᠠᠨᠠᠭᠠᠨ᠎ᠤ ᠪᠡᠯᠭᠡ ᠲᠡᠮᠳᠡᠭ᠎ᠭᠡᠪᠡᠯ ᠲᠡᠷᠡ ᠨᠢ ᠯᠠᠪᠲᠠᠶ ᠪᠠᠭᠠᠲᠤᠷ ᠸᠠᠩ ᠵᠢᠶᠧ ᠵᠢᠨ ᠢᠲᠡᠭᠡᠯ ᠪᠢᠱᠢᠷᠡᠯ᠎ᠢᠶᠡᠷ᠎ᠢᠶᠡᠨ ᠰᠡᠢᠯᠦᠭ᠌ᠰᠡᠨ ᠮᠥᠩᠬᠡ᠎ᠶ᠋ᠢᠨ ᠬᠥᠱᠢᠶ᠎ᠡ ᠮᠦᠨ᠃

ᠤᠯᠠᠭᠠᠨ ᠥᠩᠭᠡ᠂ ᠦᠨᠡᠨᠴᠢ ᠱᠢᠳᠤᠷᠭᠤ᠎ᠶ᠋ᠢᠨ ᠳᠡᠪᠢᠰᠭᠡᠷ ᠥᠩᠭᠡ᠂ ᠮᠥᠨ ᠴᠦ᠍ ᠬᠢᠩᠭᠠᠨ ᠲᠠᠪᠠᠭᠠᠨ᠎ᠤ ᠡᠨᠡᠬᠦ ᠵᠢᠵᠢᠭ ᠪᠠᠯᠭᠠᠰᠤ ᠵᠢᠨ ᠭᠡᠷᠡᠯᠲᠦ ᠴᠠᠮᠬᠠᠭ ᠪᠣᠯᠤᠨ᠎ᠠ᠃

ᠶᠠᠫᠣᠨ᠎ᠢ ᠡᠰᠡᠷᠭᠦᠴᠡᠬᠦ᠌ ᠬᠣᠯᠪᠣᠭᠠᠲᠤ ᠴᠡᠷᠢᠭ᠎ᠦᠨ ᠵᠣᠷᠢᠭ ᠰᠠᠨᠠᠭ᠎ᠠ ᠦᠨᠢᠲᠡ ᠬᠡᠷᠡᠯᠳᠦᠨ᠎ᠡ

ᠬᠠᠩᠰᠢ᠎ᠶ᠋ᠢᠨ ᠡᠳᠦᠷ ᠠᠷᠤᠨ ᠬᠣᠱᠢᠭᠤᠨ᠎ᠤ ᠶᠠᠫᠣᠨ᠎ᠢ ᠡᠰᠡᠷᠭᠦᠴᠡᠬᠦ᠌ ᠬᠣᠯᠪᠣᠭᠠᠲᠤ ᠴᠡᠷᠢᠭ᠎ᠦᠨ ᠪᠠᠭᠠᠲᠤᠷᠴᠤᠳ᠎ᠤᠨ ᠬᠦᠷᠢᠶᠡᠯᠡᠩ᠎ᠳᠦ  ᠲᠠᠬᠢᠯᠭ᠎ᠠ ᠬᠢᠬᠦ᠌᠎ᠪᠡᠷ ᠢᠷᠡᠭ᠌ᠰᠡᠳ ᠲᠠᠰᠤᠷᠠᠯᠳᠠ ᠦᠭᠡᠢ ᠴᠤᠪᠤᠷᠠᠨ᠎ᠠ᠃ 1938 ᠣᠨ᠎ᠤ ᠡᠪᠦᠯ᠎ᠡᠴᠡ 1942 ᠣᠨ᠎ᠤ 11 ᠰᠠᠷ᠎ᠠ ᠪᠣᠯᠲᠠᠯ᠎ᠠ᠂ ᠶᠠᠫᠣᠨ ᠴᠡᠷᠢᠭ᠎ᠦᠨ ᠡᠮᠦᠨᠡᠰᠢ ᠣᠷᠣᠬᠤ᠎ᠶ᠋ᠢ ᠬᠣᠷᠢᠭ᠍ᠯᠠᠵᠤ᠂ ᠱᠢᠨ᠎ᠡ ᠫᠠᠷᠲ᠋ᠢᠽᠠᠨ᠎ᠤ ᠰᠠᠭᠤᠷᠢᠨ᠎ᠢ ᠨᠡᠭᠡᠭᠡᠵᠦ᠂ ᠴᠥᠭᠡᠨ ᠲᠣᠭᠠᠲᠤ ᠦᠨᠳᠦᠰᠦᠲᠡᠨ᠎ᠦ ᠣᠷᠣᠨ᠎ᠳᠤ ᠨᠠᠮ᠎ᠤᠨ ᠶᠠᠫᠣᠨ᠎ᠢ ᠡᠰᠡᠷᠭᠦᠴᠡᠬᠦ᠌ ᠵᠣᠷᠢᠯᠲᠠ᠎ᠶ᠋ᠢ ᠤᠬᠠᠭᠤᠯᠬᠤ᠎ᠶ᠋ᠢᠨ ᠲᠥᠯᠥᠭᠡ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠢᠲᠤ ᠮᠠᠨᠵᠤ ᠮᠤᠵᠢ᠎ᠶ᠋ᠢᠨ ᠬᠣᠷᠢᠶᠠᠨ᠎ᠤ ᠵᠢᠭᠠᠪᠤᠷᠢ᠎ᠪᠠᠷ᠂ ᠵᠡᠭᠦᠨ ᠬᠣᠢᠲᠤ᠎ᠶ᠋ᠢᠨ ᠶᠠᠫᠣᠨ᠎ᠢ ᠡᠰᠡᠷᠭᠦᠴᠡᠬᠦ᠌ ᠬᠣᠯᠪᠣᠭᠠᠲᠤ ᠴᠡᠷᠢᠭ᠎ᠦᠨ ᠭᠤᠷᠪᠠᠳᠤᠭᠠᠷ ᠵᠠᠮ᠎ᠤᠨ ᠴᠡᠷᠢᠭ᠎ᠦᠨ ᠭᠤᠷᠪᠠᠳᠤᠭᠠᠷ ᠰᠠᠯᠪᠤᠷᠢ ᠠᠩᠭᠢ ᠪᠣᠯᠤᠨ ᠶᠢᠰᠦᠳᠦᠭᠡᠷ ᠰᠠᠯᠪᠤᠷᠢ ᠠᠩᠭᠢ ᠠᠷᠤᠨ ᠬᠣᠱᠢᠭᠤᠨ᠎ᠳᠤ ᠭᠠᠪᠱᠢᠭᠠᠢᠯᠠᠨ ᠣᠷᠣᠪᠠ᠃ ᠡᠨᠡ ᠬᠦ᠌ ᠴᠠᠰᠤᠲᠤ ᠤᠢ᠎ᠳᠤ ᠶᠠᠫᠣᠨ᠎ᠢ ᠡᠰᠡᠷᠭᠦᠴᠡᠬᠦ᠌ ᠬᠣᠯᠪᠣᠭᠠᠲᠤ ᠴᠡᠷᠢᠭ᠎ᠦᠨ ᠳᠠᠷᠤᠭ᠎ᠠ ᠪᠠᠢᠯᠳᠤᠭ᠍ᠴᠢᠳ ᠮᠠᠰᠢ ᠤᠯᠠᠨ ᠮᠠᠭ᠍ᠲᠠᠨ ᠳᠠᠭᠤᠯᠠᠭᠤᠱᠢᠲᠠᠢ ᠪᠠᠭᠠᠲᠤᠷᠯᠢᠭ ᠦᠢᠯᠡ ᠶᠠᠪᠤᠳᠠᠯ᠎ᠢ ᠪᠢᠴᠢᠭᠯᠡᠵᠠᠢ᠃

ᠠᠷᠤᠨ ᠬᠣᠱᠢᠭᠤᠨ᠎ᠤ ᠮᠦᠽᠧᠢ᠎ᠶ᠋ᠢᠨ ᠲᠠᠢᠯᠪᠤᠷᠢᠯᠠᠭ᠍ᠴᠢ ᠹᠸᠩ ᠯᠢ ᠱᠢᠶᠠ ᠰᠤᠷᠪᠤᠯᠵᠢᠯᠠᠭ᠍ᠴᠢ᠎ᠳᠤ᠂ ᠡᠨᠡ ᠪᠣᠯ ᠳᠠᠷᠤᠢ ᠭᠤᠷᠪᠠᠳᠤᠭᠠᠷ ᠵᠠᠮ᠎ᠤᠨ ᠴᠡᠷᠢᠭ᠎ᠦᠨ ᠪᠠᠷᠠᠭᠤᠨ ᠬᠣᠢᠲᠤ᠎ᠶ᠋ᠢᠨ ᠠᠶᠠᠨ ᠳᠠᠢ᠌ᠨ᠎ᠦ ᠴᠡᠷᠢᠭ᠎ᠦᠨ ᠶᠡᠷᠦᠩᠬᠡᠢ ᠵᠢᠯᠤᠭᠤᠳᠤᠬ᠍ᠴᠢ ᠹᠸᠩ ᡁᠢ ᠭᠠᠩ ᠪᠣᠯᠤᠨ᠎ᠠ᠃ ᠹᠸᠡᠭ ᡁᠢ ᠭᠠᠩ ᠡᠷᠡᠯᠬᠡᠭ ᠪᠠᠭᠠᠲᠤᠷᠯᠢᠭ᠎ᠢᠶᠠᠷ ᠪᠠᠢᠯᠳᠤᠵᠤ᠂ ᠤᠯᠠᠨ ᠤᠳᠠᠭ᠎ᠠ ᠴᠡᠷᠢᠭ ᠠᠩᠬᠢ᠎ᠪᠠᠨ ᠳᠠᠭᠠᠭᠤᠯᠤᠨ ᠶᠠᠫᠣᠨ᠎ᠤ ᠲᠦᠷᠢᠮᠡᠬᠡᠢᠯᠡᠭ᠌ᠴᠢᠳ᠎ᠲᠦ ᠬᠦᠨᠳᠦ ᠴᠣᠬᠢᠯᠲᠠ ᠥᠭ᠌ᠴᠠᠢ᠃ ᠠᠷᠤᠨ ᠬᠣᠱᠢᠭᠤᠨ᠎ᠤ ᠶᠠᠫᠣᠨ᠎ᠢ ᠡᠰᠡᠷᠭᠦᠴᠡᠬᠦ᠌ ᠰᠠᠭᠤᠷᠢᠨ᠎ᠢ ᠨᠡᠭᠡᠭᠡᠬᠦ᠌᠎ᠶ᠋ᠢᠨ ᠲᠥᠯᠥᠭᠡ ᠲᠡᠷᠡ ᠪᠡᠷ ᠴᠡᠷᠢᠭ ᠳᠠᠭᠠᠭᠤᠯᠤᠨ ᠤᠨᠤᠨ ᠮᠥᠷᠡᠨ᠎ᠢ ᠭᠡᠲᠦᠯᠵᠦ᠍᠂ ᠴᠠᠰᠤᠲᠤ ᠲᠠᠯ᠎ᠠ᠂ ᠠᠭᠤᠯᠠ ᠳᠠᠪᠠᠭ᠎ᠠ᠂ ᠤᠢ ᠱᠢᠭᠤᠢ᠎ᠶ᠋ᠢ ᠳᠤᠭᠤᠯᠵᠤ᠂ ᠤᠯᠠᠨ ᠤᠳᠠᠭ᠎ᠠ ᠪᠠᠢᠯᠳᠤᠵᠤ᠂ ᠶᠠᠫᠣᠨ ᠳᠡᠭᠡᠷᠡᠮᠴᠢᠳ᠎ᠢ ᠤᠳᠠᠭ᠎ᠠ ᠳᠠᠷᠠᠭᠠᠯᠠᠨ ᠤᠬᠤᠷᠢᠭᠤᠯᠪᠠ᠃ 1940 ᠣᠨ᠎ᠤ 2 ᠰᠠᠷ᠎ᠠ᠎ᠶ᠋ᠢᠨ 4 ᠤ᠋ ᠡᠳᠦᠷ ᠂ ᠹᠸᠩ ᡁᠢ ᠭᠠᠩ ᠴᠡᠷᠢᠭ ᠠᠩᠬᠢ᠎ᠪᠠᠨ ᠳᠠᠭᠠᠭᠤᠯᠤᠨ ᠠᠷᠤᠨ ᠬᠣᠱᠢᠭᠤᠨ᠎ᠤ ᠰᠠᠨ ᠴᠠ ᠾᠧ ᠪᠠᠯᠭᠠᠰᠤᠨ᠎ᠤ ᠿᠧᠨ ᠵᠢᠶᠠ ᠸᠸ ᠫᠧᠩ᠎ᠳᠦ ᠬᠦᠷᠬᠦ᠌ ᠦᠶ᠎ᠡ᠎ᠳᠦ᠂ ᠬᠠᠷᠠᠭᠤᠯ᠎ᠤᠨ ᠴᠡᠷᠢᠭ ᠡᠮᠦᠨ᠎ᠡ ᠹᠷᠣᠨᠲ᠎ᠲᠤ ᠳᠠᠢᠰᠤᠨ᠎ᠤ ᠤᠯᠠ ᠮᠥᠷ᠎ᠢ ᠣᠯᠵᠤ ᠢᠯᠡᠷᠡᠬᠦᠯᠦᠭᠰᠡᠨ᠎ᠢ ᠮᠡᠳᠡᠭᠦᠯᠪᠡ᠃ ᠳᠠᠢᠰᠤᠨ᠎ᠤ ᠪᠠᠢᠳᠠᠯ᠎ᠢ ᠰᠠᠢᠳᠤᠷ ᠣᠢᠯᠠᠭᠠᠬᠤ᠎ᠶ᠋ᠢᠨ ᠲᠥᠯᠥᠭᠡ᠂ ᠲᠡᠷᠡ ᠬᠡᠳᠦᠨ ᠪᠠᠢᠯᠳᠤᠭᠴᠢ᠎ᠪᠠᠨ ᠳᠠᠭᠠᠭᠤᠯᠤᠨ ᠡᠮᠦᠨ᠎ᠡ ᠠᠭᠤᠯᠠᠨ ᠪᠡᠯ᠎ᠳᠤ ᠭᠦᠶᠦᠨ ᠣᠴᠢᠵᠤ ᠠᠵᠢᠭ᠍ᠯᠠᠪᠠ᠃ ᠡᠨᠡ ᠦᠶ᠎ᠡ᠎ᠳᠦ᠂ ᠳᠠᠢᠰᠤᠨ ᠨᠢᠭᠡᠨᠲᠡ ᠲᠡᠳᠡᠨ᠎ᠢ ᠣᠯᠵᠤ ᠮᠡᠳᠡᠭᠡᠳ ᠠᠭᠤᠯᠠᠨ ᠤᠷᠤᠢ᠎ᠲᠡᠭᠡᠷ᠎ᠡ ᠲᠤᠯᠤᠯᠳᠤᠨ ᠪᠠᠢᠯᠳᠤᠵᠤ᠂ ᠹᠸᠩ ᡁᠢ ᠭᠠᠩ ᠵᠡᠷᠭᠡ 5 ᠬᠥᠮᠦᠨ ᠴᠥᠭᠡᠨ᠎ᠢᠶᠡᠷ ᠤᠯᠠᠨ᠎ᠢ ᠢᠯᠠᠵᠤ ᠳᠡᠢᠯᠦᠭ᠌ᠰᠡᠨ ᠦᠭᠡᠢ ᠪᠠᠭᠠᠲᠤᠷᠯᠢᠭ᠎ᠢᠶᠠᠷ ᠪᠡᠶ᠎ᠡ ᠦᠷᠡᠭ᠌ᠳᠡᠪᠡ᠃

ᠶᠠᠫᠣᠨ᠎ᠢ ᠡᠰᠡᠷᠭᠦᠴᠡᠬᠦ᠌ ᠬᠣᠯᠪᠣᠭᠠᠲᠤ ᠴᠡᠷᠢᠭ᠎ᠦᠨ ᠪᠠᠭᠠᠲᠤᠷᠴᠤᠳ᠎ᠤᠨ ᠬᠦᠷᠢᠶᠡᠯᠡᠩ᠎ᠤᠨ ᠭᠤᠤᠯ ᠵᠠᠮ᠎ᠵᠢᠡᠷ ᠦᠷᠭᠦᠯᠵᠢᠯᠡᠨ ᠠᠯᠬᠤᠯᠠᠪᠡᠯ᠂ ᠨᠢᠭᠡ ᠡᠨᠭᠨᠡᠭᠡ 7 ᠪᠠᠭᠠᠲᠤᠷ᠎ᠤᠨ ᠱᠤᠭᠤᠮᠠᠯ ᠬᠠᠷᠠᠭᠳᠠᠪᠠ᠃ ᠹᠸᠡᠭ ᠯᠢ ᠱᠢᠶᠠ ᠰᠤᠷᠪᠤᠯᠵᠢᠯᠠᠭ᠍ᠴᠢ᠎ᠳᠤ᠂ ᠡᠨᠡ ᠪᠣᠯ ᠳᠠᠷᠤᠢ ᠲᠤᠯᠤᠭᠠᠨ ᠪᠠᠭᠠᠲᠤᠷ᠎ᠤᠨ ᠱᠤᠭᠤᠮᠠᠯ ᠪᠣᠯᠤᠨ᠎ᠠ᠂ ᠪᠠᠢᠯᠳᠤᠭᠠᠨ᠎ᠢ ᠵᠢᠯᠣᠭᠣᠳᠴᠤ᠌ ᠪᠠᠢᠭ᠎ᠠ ᠨᠢ ᠭᠤᠷᠪᠠᠳᠤᠭᠠᠷ ᠵᠠᠮ᠎ᠤᠨ ᠴᠡᠷᠢᠭ᠎ᠦᠨ ᠭᠤᠷᠪᠠᠳᠤᠭᠠᠷ ᠰᠠᠯᠪᠤᠷᠢ ᠠᠩᠬᠢ᠎ᠶ᠋ᠢᠨ ᠺᠣᠮᠢᠰᠰᠠᠷ ᠭᠤᠤ ᠢᠦᠢ ᠮᠢᠨ ᠮᠦᠨ᠃ 1940 ᠣᠨ᠎ᠤ 11 ᠰᠠᠷ᠎ᠠ᠎ᠶ᠋ᠢᠨ 30᠎ᠤ᠋ ᠡᠳᠦᠷ᠂ ᠵᠡᠭᠦᠨ ᠬᠣᠢᠲᠤ᠎ᠶ᠋ᠢᠨ ᠶᠠᠫᠣᠨ᠎ᠢ ᠡᠰᠡᠷᠭᠦᠴᠡᠬᠦ᠌ ᠬᠣᠯᠪᠣᠭᠠᠲᠤ ᠴᠡᠷᠢᠭ᠎ᠦᠨ ᠭᠤᠷᠪᠠᠳᠤᠭᠠᠷ ᠰᠠᠯᠪᠤᠷᠢ ᠠᠩᠬᠢ ᠵᠠᠯᠭᠠᠭ᠎ᠠ᠎ᠪᠠᠷ ᠬᠡᠳᠦᠨ ᠤᠳᠠᠭ᠎ᠠ ᠵᠢᠨ ᠳᠠᠢ᠌ᠨ ᠳ᠋ᠤ ᠢᠯᠠᠭᠰᠠᠨ᠎ᠦ ᠳᠠᠷᠠᠭ᠎ᠠ᠂ ᠠᠷᠤᠨ ᠬᠣᠱᠢᠭᠤᠨ᠎ᠤ ᠵᠶ᠋ᠢ ᠭᠤᠸᠠᠨ ᠱᠠᠨ ᠠᠭᠤᠯᠠᠨ᠎ᠳᠤ ᠱᠢᠯᠵᠢᠨ ᠠᠮᠠᠷᠠᠵᠤ ᠶᠡᠬᠡ ᠬᠡᠮᠵᠢᠶᠡᠨ᠎ᠦ ᠶᠠᠫᠣᠨ ᠴᠡᠷᠢᠭ᠎ᠦᠨ ᠪᠦᠰᠡᠯᠡᠨ ᠳᠠᠭᠠᠷᠢᠯᠲᠠ᠎ᠳᠤ ᠤᠴᠠᠷᠠᠪᠠ᠃ ᠲᠤᠬᠠᠢ᠎ᠶ᠋ᠢᠨ ᠦᠶ᠎ᠡ᠎ᠳᠦ᠂ ᠭᠤᠤ ᠢᠦᠢ ᠮᠢᠨ ᠶᠠᠫᠣᠨ᠎ᠢ ᠡᠰᠡᠷᠭᠦᠴᠡᠬᠦ᠌ ᠬᠣᠯᠪᠣᠭᠠᠲᠤ ᠴᠡᠷᠢᠭ᠎ᠦᠨ ᠪᠤᠰᠤᠳ 6 ᠪᠠᠢᠯᠳᠤᠭ᠍ᠴᠢ᠎ᠲᠠᠶ ᠬᠠᠮᠲᠤ ᠶᠠᠫᠣᠨ ᠴᠡᠷᠢᠭ᠎ᠲᠦ ᠠᠭᠤᠯᠠᠨ᠎ᠳᠤ ᠬᠠᠱᠢᠭ᠍ᠳᠠᠪᠠ᠃ ᠶᠠᠫᠣᠨ ᠴᠡᠷᠢᠭ ᠭᠤᠤ ᠢᠦᠢ ᠮᠢᠨ᠎ᠢ ᠪᠠᠭᠤᠵᠤ ᠦᠭ ᠭᠡᠵᠦ᠍ ᠢᠳᠭᠠᠭ᠍ᠰᠠᠨ ᠪᠣᠯᠪᠠᠴᠤ᠌ ᠭᠤᠤ ᠢᠦᠢ ᠮᠢᠨ᠄ 《ᠶᠠᠫᠣᠨ᠎ᠢ ᠡᠰᠡᠷᠭᠦᠴᠡᠬᠦ᠌ ᠬᠣᠯᠪᠣᠭᠠᠲᠤ ᠴᠡᠷᠢᠭ᠎ᠦᠨ ᠪᠠᠢᠯᠳᠤᠭ᠍ᠴᠢ ᠡᠬᠡ᠋ ᠤᠯᠤᠰ᠎ᠲᠠᠶ᠎ᠪᠠᠨ ᠦᠬᠦᠵᠦ᠍ ᠰᠡᠭᠡᠬᠦ ᠪᠡᠨ ᠬᠠᠮᠲᠤᠳᠭᠠᠨ᠎ᠠ ᠭᠡᠵᠦ᠍ ᠲᠠᠩᠭᠠᠷᠢᠭ᠍ᠯᠠᠪᠠ!》 ᠶᠠᠫᠣᠨ ᠴᠡᠷᠢᠭ ᠣᠷᠣᠭᠤᠯᠵᠤ ᠠᠪᠬᠤ᠎ᠶ᠋ᠢ ᠢᠳᠭᠠᠭᠠᠳ ᠲᠤᠰᠠ ᠪᠣᠯᠤᠭ᠍ᠰᠠᠨ ᠦᠭᠡᠢ᠎ᠪᠠᠢᠳᠠᠯ ᠲᠤᠤᠷ᠎ᠠ᠂ ᠲᠦᠷᠪᠡᠨ ᠵᠦᠭ ᠨᠠᠢ᠍ᠮᠠᠨ ᠵᠣᠪᠬᠢᠰ᠎ᠠᠴᠠ ᠪᠦᠰᠡᠯᠡᠨ ᠲᠠᠭᠠᠷᠢᠵᠤ᠂ ᠭᠤᠤ ᠢᠦᠢ ᠮᠢᠨ ᠵᠡᠷᠭᠡ 7 ᠬᠥᠮᠦᠨ ᠵᠣᠯ ᠪᠤᠰᠤ᠎ᠪᠠᠷ ᠪᠦᠬᠦᠨ᠎ᠢᠶᠡᠷ᠎ᠢᠶᠡᠨ ᠪᠠᠭᠠᠲᠤᠷᠯᠢᠭ᠎ᠢᠶᠠᠷ ᠪᠡᠶ᠎ᠡ ᠦᠷᠡᠭ᠌ᠳᠡᠪᠡ᠃

ᠠᠷᠤᠨ ᠬᠣᠱᠢᠭᠤᠨ᠎ᠳᠤ ᠡᠢᠮᠦᠷᠬᠦᠦ ᠶᠠᠫᠣᠨ᠎ᠢ ᠡᠰᠡᠷᠭᠦᠴᠡᠬᠦ᠌ ᠬᠣᠯᠪᠣᠭᠠᠲᠤ ᠴᠡᠷᠢᠭ᠎ᠦᠨ ᠪᠠᠭᠠᠲᠤᠷᠯᠢᠭ ᠦᠯᠢᠭᠡᠷ ᠪᠠᠰᠠ ᠮᠠᠰᠢ ᠤᠯᠠᠨ ᠪᠤᠢ᠃ 《ᠠᠷᠤᠨ ᠬᠣᠱᠢᠭᠤᠨ᠎ᠤ ᠬᠤᠪᠢᠰᠭᠠᠯ᠎ᠤᠨ ᠡᠷᠲᠡ ᠴᠢᠯᠥᠭᠡᠯᠡᠭ᠌ᠳᠡᠭ᠌ᠰᠡᠨ ᠣᠷᠣᠨ᠎ᠤ ᠬᠥᠭ᠌ᠵᠢᠯᠲᠡ᠎ᠶ᠋ᠢᠨ ᠲᠡᠦᠬᠡ》 ᠳ᠋ᠤ᠂ 1938 ᠣᠨ᠎ᠠᠴᠠ 1942 ᠣᠨ ᠪᠣᠯᠲᠠᠯ᠎ᠠ᠂ ᠠᠷᠤᠨ ᠬᠣᠱᠢᠭᠤᠨ᠎ᠤ ᠶᠠᠫᠣᠨ᠎ᠢ ᠡᠰᠡᠷᠭᠦᠴᠡᠬᠦ᠌ ᠫᠠᠷᠲ᠋ᠢᠽᠠᠨ ᠰᠠᠭᠤᠷᠢᠨ᠎ᠳᠦ᠂ ᠵᠡᠭᠦᠨ ᠬᠣᠢᠲᠤ᠎ᠶ᠋ᠢᠨ ᠶᠠᠫᠣᠨ᠎ᠢ ᠡᠰᠡᠷᠭᠦᠴᠡᠬᠦ᠌ ᠬᠣᠯᠪᠣᠭᠠᠲᠤ ᠴᠡᠷᠢᠭ᠎ᠦᠨ ᠭᠤᠷᠪᠠᠳᠤᠭᠠᠷ ᠵᠠᠮ᠎ᠤᠨ ᠴᠡᠷᠢᠭ᠎ᠦᠨ ᠭᠤᠷᠪᠠᠳᠤᠭᠠᠷ ᠰᠠᠯᠪᠤᠷᠢ ᠠᠩᠭᠢ ᠪᠣᠯᠤᠨ ᠶᠢᠰᠦᠳᠦᠭᠡᠷ ᠰᠠᠯᠪᠤᠷᠢ ᠠᠩᠭᠢ ᠶᠠᠫᠣᠨ᠎ᠤ ᠬᠠᠭᠤᠷᠮᠠᠭ ᠴᠡᠷᠢᠭ᠎ᠯᠤᠭᠡ ᠵᠠᠭᠤ ᠭᠠᠷᠤᠢ ᠤᠳᠠᠭ᠎ᠠ ᠶᠡᠬᠡ ᠪᠠᠭ᠎ᠠ ᠪᠠᠢᠯᠳᠤᠭᠠᠨ ᠬᠢᠵᠦ᠍᠂ ᠶᠠᠫᠣᠨ᠎ᠤ ᠬᠠᠭᠤᠷᠮᠠᠭ ᠴᠡᠷᠢᠭ᠎ᠢ ᠮᠢᠩᠭ᠎ᠠ ᠱᠢᠬᠠᠮ ᠤᠰᠠᠳᠭᠠᠪᠠ᠃ ᠭᠤᠷᠪᠠᠳᠤᠭᠠᠷ ᠵᠠᠮ᠎ᠤᠨ ᠴᠡᠷᠢᠭ᠎ᠦᠨ ᠪᠠᠷᠠᠭᠤᠨ ᠬᠣᠢᠲᠤ᠎ᠶ᠋ᠢᠨ ᠠᠶᠠᠨ ᠳᠠᠢ᠌ᠨ᠎ᠦ ᠴᠡᠷᠢᠭ᠎ᠦᠨ ᠶᠡᠷᠦᠩᠬᠡᠢ ᠵᠢᠯᠤᠭᠤᠳᠤᠬ᠍ᠴᠢ ᠹᠸᠩ ᡁᠢ ᠭᠠᠩ ᠂ ᠭᠤᠷᠪᠠᠳᠤᠭᠠᠷ ᠰᠠᠯᠪᠤᠷᠢ ᠠᠩᠬᠢ᠎ᠶ᠋ᠢᠨ ᠺᠣᠮᠢᠰᠰᠠᠷ ᠭᠤᠤ ᠢᠦᠢ ᠮᠢᠨ ᠵᠡᠷᠭᠡ ᠶᠠᠫᠣᠨ᠎ᠢ ᠡᠰᠡᠷᠭᠦᠴᠡᠬᠦ᠌ ᠪᠠᠭᠠᠳᠤᠷ ᠪᠣᠯᠤᠨ ᠶᠠᠫᠣᠨ᠎ᠢ ᠡᠰᠡᠷᠭᠦᠴᠡᠬᠦ᠌ ᠬᠣᠯᠪᠣᠭᠠᠲᠤ ᠴᠡᠷᠢᠭ᠎ᠦᠨ ᠪᠠᠢᠯᠳᠤᠭ᠍ᠴᠢᠳ ᠪᠠᠰᠠ ᠠᠷᠢᠭᠤᠨ ᠴᠢᠰᠤ᠎ᠪᠠᠨ ᠤᠷᠤᠰᠭᠠᠵᠤ᠂ ᠤᠯᠤᠰ᠎ᠤᠨ᠎ᠢᠶᠠᠨ ᠲᠥᠯᠥᠭᠡ ᠪᠡᠶ᠎ᠡ ᠦᠷᠡᠭ᠌ᠳᠡᠪᠡ ᠭᠡᠵᠦ ᠲᠡᠮᠳᠡᠭᠯᠡᠵᠦ ᠪᠤᠢ᠃

ᠵᠤᠷᠢᠭ ᠰᠠᠨᠠᠭᠠᠨ᠎ᠤ  ᠬᠦᠴᠦᠨ ᠴᠢᠳᠠᠯ ᠴᠠᠭ ᠣᠷᠣᠨ ᠵᠠᠶ ᠵᠢ ᠰᠤᠨᠳᠠᠯᠠᠨ᠎ᠠ

ᠬᠡᠷᠪᠡ ᠶᠠᠫᠣᠨ᠎ᠢ ᠡᠰᠡᠷᠭᠦᠴᠡᠬᠦ᠌ ᠬᠣᠯᠪᠣᠭᠠᠲᠤ ᠴᠡᠷᠢᠭ᠎ᠦᠨ ᠵᠣᠷᠢᠭ ᠰᠠᠨᠠᠭ᠎ᠠ ᠨᠢ ᠠᠷᠤᠨ ᠬᠣᠱᠢᠭᠤᠨ ᠎ᠤ ᠦᠨᠳᠦᠰᠦ ᠰᠠᠭᠤᠷᠢ ᠭᠡᠪᠡᠯ ᠸᠠᠩ ᠵᠢᠶ᠍ᠸ ᠵᠢᠨ ᠵᠣᠷᠢᠭ ᠰᠠᠨᠠᠭ᠎ᠠ ᠨᠢ ᠳᠠᠷᠤᠢ ᠡᠨᠡᠬᠦ᠌ ᠨᠤᠲᠤᠭ ᠳᠡᠪᠢᠰᠭᠡᠷ ᠳᠡᠭᠡᠷᠡᠬᠢ ᠦᠷᠭᠦᠯᠵᠢᠯᠡᠨ ᠵᠠᠯᠭᠠᠮᠵᠢᠯᠠᠬᠤ ᠵᠣᠷᠢᠭ ᠰᠠᠨᠠᠭᠠᠨ᠎ᠤ ᠪᠡᠯᠭᠡ ᠲᠡᠮᠳᠡᠭ ᠪᠣᠯᠤᠨ᠎ᠠ᠃

1942 ᠣᠨ᠎ᠤ 10 ᠰᠠᠷ᠎ᠠ᠎ᠳᠤ᠂ ᠸᠠᠩ ᠵᠢᠶᠸ ᠱᠠᠨᠳᠦ᠋ᠩ ᠮᠤᠵᠢ᠎ᠶ᠋ᠢᠨ ᠵᠢᠨᠱᠢᠶᠠᠩ ᠱᠢᠶᠠᠨ᠎ᠤ ᠨᠢᠭᠡᠨ ᠡᠭᠡᠯ ᠵᠢᠷ᠎ᠦᠨ ᠲᠠᠷᠢᠶᠠᠴᠢᠨ ᠭᠡᠷ᠎ᠲᠦ ᠲᠦᠷᠦᠵᠡᠢ᠃ 1958 ᠣᠨ᠎ᠳᠤ ᠠᠪᠤ ᠡᠵᠢ᠎ᠪᠡᠨ ᠲᠠᠭᠠᠵᠦ᠍ ᠥᠪᠥᠷ ᠮᠣᠩᠭᠣᠯ᠎ᠤᠨ ᠠᠷᠤᠨ ᠬᠣᠱᠢᠭᠤᠨ᠎ᠤ ᠨᠠᠵᠢ ᠠᠢᠯ ᠲᠠᠷᠢᠶᠠᠯᠠᠩ᠎ᠤᠨ ᠲᠠᠯᠠᠪᠠᠢ᠎ᠳᠤ ᠨᠡᠭᠦᠵᠤ ᠢᠷᠡᠪᠠ᠃

1961 ᠣᠨ᠎ᠳᠤ ᠸᠠᠩ ᠵᠢᠶᠧ ᠳᠤᠮᠳᠠᠳᠤ ᠤᠯᠤᠰ᠎ᠤᠨ ᠠᠷᠠᠳ᠎ᠤᠨ ᠴᠢᠯᠥᠭᠡᠯᠡᠬᠦ᠌ ᠴᠡᠷᠢᠭ᠎ᠲᠦ ᠣᠷᠣᠵᠤ᠂ ᠵᠢᠨᠠᠨ᠎ᠤ ᠴᠡᠷᠢᠭ᠎ᠦᠨ ᠲᠣᠭᠣᠷᠢᠭ᠎ᠤᠨ ᠬᠤᠶᠠᠭ᠍ᠲᠤ ᠴᠡᠷᠢᠭ᠎ᠦᠨ ᠨᠢᠭᠡᠨ ᠴᠡᠷᠢᠭ ᠠᠩᠭᠢ᠎ᠶ᠋ᠢᠨ ᠪᠠᠷᠢᠯᠭ᠎ᠠ᠎ᠶ᠋ᠢᠨ ᠴᠡᠷᠢᠭ᠎ᠦᠨ ᠨᠢᠭᠡᠳᠦᠭᠡᠷ ᠰᠤᠮᠤ (ᠬᠣᠵᠢᠮ ᠨᠢ ᠨᠢᠭᠡᠳᠦᠭᠡᠷ ᠰᠤᠮᠤᠨ ᠎ᠤ ᠲᠠᠪᠤᠳᠤᠭᠠᠷ ᠠᠩᠬᠢ ᠵᠢᠨ ᠳᠠᠷᠤᠭ᠎ᠠ ᠪᠣᠯᠪᠠ) ᠳ᠋ᠤ ᠬᠤᠪᠢᠶᠠᠭ᠍ᠳᠠᠪᠠ᠃ ᠴᠡᠷᠢᠭ ᠠᠩᠭᠢ᠎ᠳᠤ ᠪᠠᠢᠬᠤ ᠬᠤᠭᠤᠴᠠᠭᠠᠨ᠎ᠳᠠᠭᠠᠨ ᠲᠡᠷᠡ ᠤᠯᠠᠨᠳᠠ ᠭᠠᠪᠢᠶ᠎ᠠ ᠪᠠᠢᠭᠤᠯᠵᠤ ᠱᠠᠩᠨᠠᠯ ᠬᠦᠷᠳᠡᠵᠦ᠍᠂ 3 ᠵᠢᠯ ᠳᠠᠷᠠᠭᠠᠯᠠᠨ 《ᠲᠠᠪᠤᠨ ᠰᠠᠢᠨᠲᠠᠢ ᠪᠠᠢᠯᠳᠤᠭ᠍ᠴᠢ》 ᠪᠡᠷ ᠦᠨᠡᠯᠡᠭ᠌ᠳᠡᠵᠦ᠍᠂ ᠬᠣᠶᠠᠷ ᠤᠳᠠᠭ᠎ᠠ ᠭᠤᠷᠪᠠᠳᠤᠭᠠᠷ ᠳᠡᠰ᠎ᠤᠨ ᠭᠠᠪᠢᠶ᠎ᠠ ᠪᠠᠢᠭᠤᠯᠵᠤ᠂ 《ᠵᠢᠱ᠌ᠢᠶᠡᠴᠢ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠭᠡᠱᠢᠭᠦᠨ》 ᠪᠠ 《ᠨᠢᠭᠡᠳᠦᠭᠡᠷ ᠳᠡᠰ᠎ᠤᠨ ᠮᠡᠷᠭᠡᠵᠢᠯ᠎ᠦᠨ ᠴᠢᠳᠠᠪᠤᠷᠢᠲᠠᠨ》 ᠵᠢᠡᠷ ᠦᠨᠡᠯᠡᠭ᠌ᠳᠡᠪᠡ᠃

1965 ᠣᠨ᠎ᠤ 7 ᠰᠠᠷ᠎ᠠ᠎ᠶ᠋ᠢᠨ 14 ᠎ᠤ᠋ ᠡᠳᠦᠷ᠂ 23 ᠨᠠᠰᠤᠲᠠᠢ ᠸᠠᠩ ᠵᠢᠶ᠍ᠸ ᠵᠢᠶᠠᠩᠰᠦ ᠮᠤᠵᠢ᠎ᠶ᠋ᠢᠨ ᠫᠢ ᠱᠢᠶᠠᠨ᠎ᠳᠤ ᠡᠷᠦᠬᠡ᠎ᠶ᠋ᠢᠨ ᠴᠡᠷᠢᠭ᠎ᠢ ᠵᠣᠬᠢᠶᠠᠨ ᠪᠠᠢᠭᠤᠯᠵᠤ ᠪᠣᠯᠪᠠᠰᠤᠷᠠᠯ ᠬᠢᠵᠦ᠍ ᠪᠠᠢᠬᠤ᠎ᠳᠠᠭᠠᠨ᠂ ᠳᠠᠷᠢ᠎ᠶ᠋ᠢᠨ ᠪᠠᠭ᠍ᠯᠠᠭ᠎ᠠ᠎ᠳᠤ ᠡᠨᠳᠡᠭᠳᠡᠪᠡ᠃ ᠲᠠᠷᠢ ᠵᠢᠨ ᠪᠠᠭᠯᠠᠭ᠎ᠠ ᠲᠡᠯᠪᠡᠷᠡᠵᠦ ᠪᠦᠬᠦᠳᠡᠭᠡᠷ ᠦᠬᠦᠵᠤ ᠰᠡᠭᠡᠬᠦ᠌᠎ᠶ᠋ᠢᠨ ᠲᠠᠪᠠᠭᠠᠨ ᠲᠡᠭᠡᠷ᠎ᠡ ᠪᠤᠯᠤᠭᠰᠠᠨ ᠭᠱᠠᠨ ᠳ᠋ᠤ᠂ ᠲᠡᠷᠡ ᠡᠷᠡᠰ ᠱᠢᠭᠤᠷᠬᠠᠢ ᠪᠠᠷ ᠳᠡᠯᠪᠡᠴᠢᠯᠲᠡ᠎ᠶ᠋ᠢᠨ ᠴᠡᠭ ᠵᠦᠭ ᠬᠠᠷᠠᠢᠨ᠂ 12 ᠡᠷᠦᠬᠡ᠎ᠶ᠋ᠢᠨ ᠴᠡᠷᠢᠭ᠎ᠲᠦ ᠠᠮᠢ ᠨᠠᠰᠤᠨ᠎ᠤ ᠬᠠᠯᠬᠠᠪᠴᠢ ᠪᠤᠯᠵᠤ᠂ ᠡᠷᠬᠢᠮ ᠨᠠᠨᠳᠢᠨ ᠠᠮᠢ ᠨᠠᠰᠤ᠎ᠪᠠᠨ ᠵᠣᠷᠢᠭᠤᠯᠪᠠ᠃

ᠸᠠᠩ ᠵᠢᠶᠧ᠎ᠶ᠋ᠢᠨ ᠡᠵᠢ ᠨᠢ ᠵᠢᠷᠦᠬᠡᠨ ᠡᠪᠡᠳᠴᠢᠨ᠎ᠲᠡᠶ᠂ ᠬᠡᠲᠦ ᠤᠳᠠᠭ᠎ᠠ ᠵᠠᠬᠢᠳᠠᠯ ᠢᠷᠡᠭᠦᠯᠵᠦ᠍ ᠲᠡᠭᠦᠨ᠎ᠢ ᠭᠡᠷ᠎ᠨᠤᠳᠤᠭ ᠵᠢᠡᠨ ᠡᠷᠬᠢᠨ ᠦᠵᠡᠵᠦ᠂ ᠡᠷᠲᠡᠬᠡᠨ ᠬᠤᠷᠢᠮᠯᠠᠬᠤ ᠵᠢ ᠢᠳᠬᠠᠪᠠ᠂ ᠭᠡᠪᠡᠴᠦ᠍ ᠲᠡᠷᠡ ᠠᠵᠢᠯ᠎ᠳ᠋ᠠᠭᠠᠨ ᠬᠤᠷᠭᠤᠳᠠᠵᠤ᠂ ᠬᠣᠶᠠᠷ ᠤᠳᠠᠭ᠎ᠠ ᠬᠤᠷᠢᠮ᠎ᠦᠨ ᠬᠤᠭᠤᠴᠠᠭ᠎ᠠ ᠪᠠᠨ ᠬᠣᠢᠱᠢᠯᠠᠭᠤᠯᠵᠤ᠂ 4 ᠤᠳᠠᠭ᠎ᠠ ᠵᠢᠨ  ᠠᠮᠠᠷᠠᠯᠲᠠ᠎ᠪᠠᠨ ᠲᠠᠶᠠᠭᠳᠠᠪᠠ᠃ 1965 ᠣᠨ᠎ᠤ 5 ᠰᠠᠷ᠎ᠠ ᠳ᠋ᠤ᠂ ᠡᠵᠢ᠎ᠶ᠋ᠢᠨ ᠬᠢᠨᠢ ᠵᠢᠷᠦᠬᠡᠨ ᠡᠪᠡᠳᠴᠢᠨ ᠳᠠᠬᠢᠨ ᠬᠦᠨᠳᠤᠷᠡᠭᠰᠡᠨ ᠪᠠᠢᠳᠠᠯ ᠲᠤᠤᠷ᠎ᠠ᠂ ᠰᠤᠮᠤᠨ ᠳᠠᠷᠤᠭ᠎ᠠ ᠨᠢ ᠸᠠᠩ ᠵᠢᠶᠧ᠎ᠶ᠋ᠢ ᠭᠡᠷ᠎ᠲᠦ ᠨᠢ ᠬᠠᠷᠢᠭᠤᠯᠬᠤ᠎ᠪᠡᠷ ᠵᠤᠷᠢᠭ ᠰᠢᠭᠤᠳᠴᠤ᠂ ᠲᠡᠭᠦᠨ᠎ᠳᠦ ᠭᠠᠯᠲᠤ ᠲᠡᠷᠭᠡᠨ᠎ᠦ ᠪᠢᠯᠧᠲ᠂ ᠨᠡᠪᠲᠡᠷᠡᠬᠦ᠌ ᠦᠨᠡᠮᠯᠡᠯ ᠪᠣᠯᠤᠨ ᠠᠮᠤ ᠪᠤᠳᠠᠭᠠᠨ᠎ᠤ ᠪᠢᠯᠧᠲ ᠪᠡᠯᠡᠳᠭᠡᠵᠦ᠍ ᠥᠭ᠌ᠪᠡ᠃ ᠡᠨᠡ ᠤᠳᠠᠭ᠎ᠠ ᠸᠠᠩ ᠵᠢᠶᠧ ᠠᠷᠤ ᠬᠡᠷ ᠠᠪᠤ ᠡᠵᠢ ᠵᠦᠭ ᠵᠢᠡᠨ ᠮᠤᠷᠳᠠᠯ᠎ᠠ᠂ ᠡᠨᠡ ᠨᠢ ᠮᠦᠨ ᠴᠸ᠋ ᠲᠡᠭᠦᠨ᠎ᠦ ᠠᠪᠤ ᠡᠵᠢ᠎ᠲᠡᠶ᠎ᠪᠡᠨ ᠠᠶᠠᠷᠯᠠᠭᠠᠳ 7 ᠵᠢᠯ᠎ᠦᠨ ᠳᠠᠷᠠᠭᠠᠬᠢ ᠠᠩᠬᠠᠨ᠎ᠤ ᠠᠭᠤᠯᠵᠠᠯᠲᠠ ᠪᠣᠯᠤᠨ᠎ᠠ᠃ ᠭᠡᠪᠡᠴᠦ᠍ ᠠᠭᠤᠯᠵᠠᠯᠳᠠ ᠵᠢᠨ ᠴᠠᠭ ᠮᠥᠴᠡ ᠶᠡᠷᠦ᠍ ᠨᠢ ᠲᠠᠨᠭᠴᠤ ᠣᠬᠣᠷᠬᠠᠨ ᠪᠠᠶ᠋ᠢᠳᠠᠭ᠂ ᠠᠪᠤ ᠡᠵᠢ ᠪᠣᠯᠤᠨ ᠤᠷᠤᠭ᠍ᠯᠠᠭᠠᠳᠤᠶ ᠢᠨᠠᠭ ᠠᠮᠠᠷᠠᠭ ᠡᠴᠡ ᠪᠠᠨ ᠰᠠᠯᠵᠤ ᠶᠠᠳᠠᠭᠰᠠᠭᠠᠷ ᠸᠠᠩ ᠵᠢᠶᠧ  ᠴᠡᠷᠢᠭ ᠠᠩᠭᠢ᠎ᠳᠠᠭᠠᠨ ᠪᠤᠴᠠᠯ᠎ᠠ᠃ ᠡᠨᠡ ᠨᠢ  ᠬᠠᠷᠢᠨ ᠲᠡᠳᠡᠨ᠎ᠤ ᠡᠬᠦᠷᠢᠳᠠ ᠵᠢᠨ ᠠᠶᠠᠷᠯᠠᠯ ᠪᠤᠯᠵᠠᠢ᠃

1965 ᠣᠨ᠎ᠤ 11 ᠰᠠᠷ᠎ᠠ᠎ᠶ᠋ᠢᠨ 27᠎ᠤ᠋ ᠡᠳᠦᠷ᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠶᠠᠮᠤᠨ᠎ᠠᠴᠠ ᠸᠠᠩ ᠵᠢᠶᠧ᠎ᠶ᠋ᠢᠨ ᠠᠮᠢᠳᠤ ᠰᠡᠷᠡᠭᠦᠨ ᠪᠠᠢᠬᠤ᠎ᠳᠠᠭᠠᠨ ᠪᠠᠢᠭ᠍ᠰᠠᠨ ᠠᠩᠭᠢ᠎ᠶ᠋ᠢ ᠸᠠᠩ ᠵᠢᠶᠧ᠎ᠶ᠋ᠢᠨ ᠠᠩᠭᠢ ᠭᠡᠵᠦ᠍ ᠨᠡᠷᠡᠢᠳᠪᠡ᠂ ᠸᠠᠩ ᠵᠢᠶᠧ᠎ᠶ᠋ᠢᠨ ᠨᠡᠷ᠎ᠡ ᠠᠯᠳᠠᠷ ᠨᠢᠭᠡᠨ ᠦᠶ᠎ᠡ ᠳᠤᠮᠳᠠᠳᠤ᠎ᠶ᠋ᠢᠨ ᠡᠬᠡ ᠭᠠᠵᠠᠷ᠎ᠲᠤ ᠲᠠᠭᠤᠷᠢᠰᠴᠤ᠂ ᠪᠥᠬᠥ᠌ ᠤᠯᠤᠰ᠎ᠲᠤ ᠪᠠᠭᠠᠲᠤᠷ ᠸᠠᠩ ᠵᠢᠶᠧ᠎ᠡᠴᠡ ᠰᠤᠷᠤᠯᠴᠠᠬᠤ ᠬᠠᠯᠠᠭᠤᠨ ᠥᠷᠨᠢᠯᠲᠡ ᠭᠠᠷᠴᠠᠶ᠃ 60 ᠵᠢᠯ᠎ᠦᠨ ᠲᠤᠷᠰᠢ᠂ ᠪᠠᠭᠠᠲᠤᠷ ᠸᠠᠩ ᠵᠢᠶ᠍ᠸ᠎ᠶ᠋ᠢᠨ ᠦᠢᠯᠡ ᠠᠵᠢᠯᠯᠠᠭ᠎ᠠ ᠨᠢ ᠦᠶ᠎ᠡ ᠵᠢᠨ ᠦᠶ᠎ᠡ᠎ᠶ᠋ᠢᠨ ᠴᠡᠷᠢᠭ ᠪᠠᠢᠯᠳᠤᠭᠴᠢᠳ᠎ᠢ ᠵᠣᠷᠢᠭ᠍ᠵᠢᠭᠤᠯᠤᠭᠰᠠᠭᠠᠷ᠃

ᠮᠠᠤ ᠽᠸ ᠳ᠋ᠦᠩ᠂ ᠳ᠋ᠧᠩ ᠱᠢᠶᠤᠤ ᠫᠢᠩ᠂ ᠵᠢᠶᠠᠩ ᠽᠸ ᠮᠢᠨ᠂ ᠬᠤ᠌ ᠵᠢᠨ ᠲᠤᠤ ᠵᠡᠷᠭᠡ ᠨᠠᠮ ᠪᠠ ᠲᠦᠷᠦ᠍᠎ᠶ᠋ᠢᠨ ᠤᠳᠤᠷᠢᠳᠭᠤ ᠬᠥᠮᠦᠰ ᠤᠷᠢᠳ ᠬᠣᠵᠢᠳ ᠸᠠᠩ ᠵᠢᠶᠧ ᠵᠢᠨ 《ᠨᠢᠭᠡ᠎ᠳᠦ ᠬᠦᠴᠢᠷ᠎ᠡᠴᠡ ᠠᠶᠤᠬᠤ ᠦᠭᠡᠢ᠂ ᠬᠣᠶᠠᠷ᠎ᠲᠤ ᠦᠬᠦᠬᠦ᠌᠎ᠡᠴᠡ ᠠᠶᠤᠬᠤ ᠦᠭᠡᠢ》 ᠬᠤᠪᠢᠰᠭᠠᠯᠲᠤ ᠵᠣᠷᠢᠭ ᠰᠠᠨᠠᠭ᠎ᠠ᠎ᠶ᠋ᠢ ᠮᠠᠭ᠍ᠲᠠᠨ ᠰᠠᠢᠱᠢᠶᠠᠪᠠ᠃ 2017 ᠣᠨ᠎ᠳᠤ᠂ ᠨᠠᠮ᠎ᠤᠨ ᠲᠥᠪ ᠬᠣᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶᠠᠨ᠎ᠤ ᠲᠡᠷᠢᠭᠦᠯᠡᠭ᠌ᠴᠢ ᠰᠢ ᠵᠢᠨ ᠫᠢᠩ 71 ᠳ᠋ᠤᠭᠡᠷ ᠨᠢᠭᠡᠳᠭᠡᠯ ᠠᠷᠮᠢ᠎ᠳᠤ ᠱᠢᠨᠵᠢᠯᠡᠨ ᠪᠠᠢᠴᠠᠭᠠᠬᠤ᠎ᠳᠠᠭᠠᠨ᠄ 《ᠨᠢᠭᠡ᠎ᠳᠦ ᠬᠦᠴᠢᠷ᠎ᠡᠴᠡ ᠠᠶᠤᠬᠤ ᠦᠭᠡᠢ᠂ ᠬᠣᠶᠠᠷ᠎ᠲᠤ ᠦᠬᠦᠬᠦ᠌᠎ᠡᠴᠡ ᠠᠶᠤᠬᠤ ᠦᠭᠡᠢ ᠪᠠᠢᠬᠤ ᠪᠣᠯ ᠰᠥᠰᠥ᠍ ᠵᠣᠷᠢᠭ᠎ᠤᠨ ᠠᠮᠢᠳᠤᠯᠢᠭ ᠵᠢᠷᠤᠭ᠍ᠯᠠᠯ ᠮᠥᠨ᠂ ᠬᠤᠪᠢᠰᠭᠠᠯᠲᠤ ᠴᠡᠷᠢᠭ᠎ᠦᠨ ᠬᠢᠴᠢᠶᠡᠰᠦ ᠪᠣᠯᠬᠤ ᠬᠡᠷᠡᠭ᠌ᠲᠡᠢ᠃ ᠸᠠᠩ ᠵᠢᠶᠧ᠎ᠶ᠋ᠢᠨ ᠵᠣᠷᠢᠭ ᠰᠠᠨᠠᠭ᠎ᠠ᠎ᠪᠤᠯ ᠥᠩᠭᠡᠷᠡᠭ᠌ᠰᠡᠨ᠎ᠳᠦ᠂ ᠣᠲᠣ᠎ᠳᠤ᠂ ᠢᠷᠡᠭᠡᠳᠦᠶ ᠎ᠳᠦ ᠥᠨᠢ ᠡᠭᠦᠷᠢᠳᠡ ᠪᠢᠳᠡᠨ᠎ᠦ ᠡᠷᠬᠢᠮ ᠨᠠᠨᠳᠢᠨ ᠣᠶᠤᠨ ᠰᠠᠨᠠᠭᠠᠨ᠎ᠤ ᠥᠪ ᠬᠥᠷᠥᠩᠭᠡ ᠪᠣᠯᠤᠨ᠎ᠠ᠂ ᠸᠠᠩ ᠵᠢᠶᠧ᠎ᠶ᠋ᠢᠨ ᠵᠣᠷᠢᠭ ᠰᠠᠨᠠᠭ᠎ᠠ᠎ᠶ᠋ᠢ ᠰᠤᠷᠤᠯᠴᠠᠨ ᠦᠶ᠋ᠯᠡᠳᠦᠯᠭᠡᠵᠢᠭᠦᠯᠵᠦ᠍᠂ ᠸᠠᠩ ᠵᠢᠶᠧ᠎ᠶ᠋ᠢᠨ ᠵᠣᠷᠢᠭ ᠰᠠᠨᠠᠭ᠎ᠠ᠎ᠶ᠋ᠢ ᠱᠢᠨ᠎ᠡ ᠴᠠᠭ ᠦᠶ᠎ᠡ᠎ᠶ᠋ᠢᠨ ᠬᠡᠷᠡᠯ ᠭᠢᠯᠪᠠᠭ᠎ᠠ ᠪᠤᠯᠭᠠᠨ ᠰᠠᠴᠤᠷᠠᠭᠤᠯᠬᠤ ᠬᠡᠷᠡᠭ᠌ᠲᠡᠶ》 ᠬᠡᠵᠤ ᠵᠢᠭᠠᠵᠤ ᠭᠠᠷᠭᠠᠪᠠ᠃

ᠡᠳᠦᠭᠡ᠂ ᠪᠠᠭᠠᠲᠤᠷ᠎ᠤᠨ ᠬᠣᠶᠠᠳᠡᠬᠢ ᠨᠤᠲᠤᠭ᠎ᠤᠨ ᠬᠥᠷᠥᠰᠥᠨ ᠳᠡᠭᠡᠷ᠎ᠡ᠂ ᠬᠥᠮᠦᠰ ᠸᠠᠩ ᠵᠢᠶ᠍ᠸ ᠵᠢᠨ ᠵᠣᠷᠢᠭ ᠰᠠᠨᠠᠭ᠎ᠠ᠎ᠶ᠋ᠢ ᠤᠯᠠᠮᠵᠢᠯᠠᠨ ᠵᠠᠯᠭᠠᠮᠵᠢᠯᠠᠬᠤ᠎ᠶ᠋ᠢᠨ ᠲᠥᠯᠥᠭᠡ ᠸᠠᠩ ᠵᠢᠶ᠍ᠸ ᠠᠭᠤᠳᠠᠮ ᠲᠠᠯᠠᠪᠠᠢ᠎ᠶ᠋ᠢ ᠪᠠᠢᠭᠤᠯᠤᠭ᠍ᠰᠠᠨ᠎ᠢᠶᠠᠷ ᠪᠠᠷᠠᠬᠤ ᠦᠭᠡᠢ ᠪᠠᠰᠠ ᠸᠠᠩ ᠵᠢᠶ᠍ᠸ ᠵᠢᠨ ᠳᠤᠷᠠᠰᠭᠠᠯ᠎ᠤᠨ ᠣᠷᠳᠣᠨ᠎ᠢ ᠪᠠᠢᠭᠤᠯᠵᠠᠢ᠃ ᠳᠤᠷᠠᠰᠭᠠᠯ᠎ᠤᠨ ᠣᠷᠳᠣᠨ᠎ᠤ 1965 ᠲᠡᠭ᠌ᠰᠢ ᠳᠥᠷᠪᠡᠯᠵᠢᠨ ᠮᠸᠲᠷ ᠲᠠᠯᠠᠪᠠᠢ ᠨᠢ ᠲᠡᠭᠦᠨ᠎ᠦ ᠪᠡᠶ᠎ᠡ ᠦᠷᠡᠭ᠌ᠳᠡᠭ᠌ᠰᠡᠨ ᠣᠨ ᠵᠢᠯ᠎ᠢ ᠪᠡᠯᠭᠡᠳᠡᠵᠦ᠍᠂ 23 ᠳᠡᠭ᠌ᠲᠡᠷ᠎ᠢᠶᠡᠷ ᠲᠡᠭᠦᠨ᠎ᠦ ᠬᠢᠯᠠᠯᠵᠠᠮ᠎ᠠ ᠨᠢᠭᠡ ᠨᠠᠰᠤ᠎ᠶ᠋ᠢᠨ ᠦᠢᠯᠡ ᠠᠵᠢᠯᠯᠠᠭ᠎ᠠ ᠵᠢ ᠲᠡᠮᠳᠡᠭᠯᠡᠵᠠᠢ᠃

ᠬᠤᠪᠢᠰᠬᠠᠯᠳᠤ  ᠵᠤᠷᠢᠭ ᠰᠠᠨᠠᠭ᠎ᠠ ᠠᠯᠤᠰ᠎ᠤᠨ ᠠᠶᠠᠨ ᠎ᠢ  ᠬᠡᠷᠡᠯᠳᠦᠬᠦᠯᠦᠨ᠎ᠡ

ᠪᠠᠭᠠᠲᠤᠷᠴᠤᠤᠨ᠎ᠤᠨ ᠵᠣᠷᠢᠭ ᠰᠠᠨᠠᠭ᠎ᠠ᠎ᠶ᠋ᠢ ᠨᠠᠩ ᠰᠠᠢᠲᠤᠷ ᠤᠯᠠᠮᠵᠢᠯᠠᠨ ᠦᠶ᠋ᠯᠡᠳᠦᠯᠭᠡᠵᠢᠭᠦᠯᠬᠦ᠌᠎ᠶ᠋ᠢᠨ ᠲᠥᠯᠥᠭᠡ ᠠᠷᠤᠨ ᠬᠣᠱᠢᠭᠤᠨ ᠤ᠋ ᠬᠢᠨ ᠸᠠᠩ ᠵᠢᠶᠧ᠎ᠶ᠋ᠢᠨ ᠳᠤᠷᠠᠰᠭᠠᠯ᠎ᠤᠨ ᠣᠷᠳᠣᠨ᠂ ᠶᠠᠫᠣᠨ᠎ᠢ ᠡᠰᠡᠷᠭᠦᠴᠡᠬᠦ᠌ ᠬᠣᠯᠪᠣᠭᠠᠲᠤ ᠴᠡᠷᠢᠭ᠎ᠦᠨ ᠪᠠᠭᠠᠲᠤᠷᠴᠤᠳ᠎ᠤᠨ ᠬᠦᠷᠢᠶᠡᠯᠡᠩ᠂ ᠬᠥᠯᠥᠨ ᠪᠣᠢᠷ᠎ᠤᠨ ᠵᠡᠭᠦᠨ ᠬᠣᠢᠲᠤ᠎ᠶ᠋ᠢᠨ ᠶᠠᠫᠣᠨ᠎ᠢ ᠡᠰᠡᠷᠭᠦᠴᠡᠬᠦ᠌ ᠬᠣᠯᠪᠣᠭᠠᠲᠤ ᠴᠡᠷᠢᠭ᠎ᠦᠨ ᠳᠤᠷᠠᠰᠭᠠᠯ᠎ᠤᠨ ᠣᠷᠳᠣᠨ ᠵᠡᠷᠭᠡ ᠤᠯᠤᠰ᠎ᠢᠶᠠᠨ ᠬᠠᠢᠷᠠᠯᠠᠬᠤ ᠦᠵᠡᠯ᠎ᠦᠨ ᠬᠥᠮᠦᠵᠢᠯ᠎ᠦᠨ ᠰᠠᠭᠤᠷᠢᠨ᠎ᠢ ᠪᠠᠢᠭᠤᠯᠵᠤ ᠬᠤᠪᠢᠰᠭᠠᠯᠳᠤ ᠰᠣᠶᠣᠯ᠎ᠢ ᠤᠯᠠᠮᠵᠢᠯᠠᠭ᠍ᠰᠠᠨ᠎ᠢᠶᠠᠷ ᠪᠠᠷᠠᠬᠤ ᠥᠬᠡᠶ ᠪᠠᠰᠠ ᠡᠯ᠎ᠡ ᠵᠦᠶ᠋ᠯ᠎ᠦᠨ ᠬᠤᠪᠢᠰᠭᠠᠯ᠎ᠤᠨ ᠡᠬᠢ ᠪᠠᠶᠠᠯᠢᠭ᠎ᠢ ᠲᠠᠰᠤᠷᠠᠯᠲᠠ ᠥᠬᠡᠶ  ᠠᠮᠢᠯᠠᠭᠤᠯᠵᠤ ᠬᠣᠢᠴᠢ ᠦᠶ᠎ᠡ᠎ᠶ᠋ᠢᠨ᠎ᠬᠢᠨ᠎ᠢ ᠤᠷᠮᠠᠱᠢᠭᠤᠯᠤᠨ ᠵᠣᠷᠢᠭ᠍ᠵᠢᠭᠤᠯᠵᠤ ᠪᠤᠢ᠃

ᠡᠳᠦᠭᠡ ᠨᠢᠭᠡᠨᠲᠡ ᠨᠠᠶᠠ ᠱᠢᠬᠠᠭ᠍ᠰᠠᠨ ᠤᠤᠯ᠎ᠤᠨ ᠬᠣᠱᠢᠭᠤᠨ᠎ᠤ ᠨᠠᠮ᠎ᠤᠨ ᠬᠣᠷᠢᠶ᠎ᠠ ᠵᠢᠨ ᠱᠦᠵᠢ ᠲᠠᠨ ᠬᠣᠩ ᠢᠦᠢ ᠲᠤᠱᠢᠶᠠᠯ ᠡᠬᠦᠷᠭᠡᠯᠡᠵᠦ ᠪᠠᠢᠭᠰᠠᠨ ᠬᠤᠭᠤᠴᠠᠭᠠᠨ᠎ᠳᠠᠭᠠᠨ ᠡᠯ᠎ᠡ ᠵᠦᠢᠯ᠎ᠤᠨ ᠬᠤᠪᠢᠰᠭᠠᠯᠳᠤ ᠰᠤᠶᠤᠯ᠎ᠤᠨ ᠳᠡᠯᠭᠡᠨ ᠦᠵᠡᠭᠦᠯᠬᠡ ᠵᠢᠨ ᠲᠥᠬᠥᠭᠡᠷᠦᠮᠵᠢ ᠵᠢ ᠰᠡᠯᠪᠢᠨ ᠵᠠᠰᠠᠬᠤ ᠵᠢ ᠠᠬᠢᠭᠤᠯᠤᠭ᠍ᠰᠠᠨ᠎ᠢᠶᠠᠷ ᠪᠠᠷᠠᠬᠤ ᠦᠭᠡᠢ᠂ ᠠᠵᠢᠯ᠎ᠠᠴᠠ᠎ᠪᠠᠨ ᠠᠮᠠᠷᠠᠭ᠍ᠰᠠᠨ᠎ᠤ᠎ᠪᠠᠨ ᠳᠠᠷᠠᠭ᠎ᠠ ᠮᠥᠨ ᠯᠡ ᠶᠠᠫᠣᠨ᠎ᠢ ᠡᠰᠡᠷᠭᠦᠴᠡᠬᠦ᠌ ᠬᠣᠯᠪᠣᠭᠠᠲᠤ ᠴᠡᠷᠢᠭ᠎ᠦᠨ ᠠᠷᠤᠨ ᠬᠣᠱᠢᠭᠤᠨ᠎ᠳᠠᠬᠢ ᠪᠠᠢᠯᠳᠤᠭᠠᠨ᠎ᠤ ᠡᠯ᠎ᠡ ᠵᠦᠢᠯ᠎ᠦᠨ ᠮᠠᠲ᠋ᠧᠷᠢᠶᠠᠯ᠎ᠢ ᠴᠤᠭ᠍ᠯᠠᠭᠤᠯᠤᠨ ᠡᠮᠬᠢᠳᠭᠡᠵᠦ᠍᠂ ᠲᠡᠷᠡ ᠬᠡᠰᠡᠭ ᠬᠤᠪᠢᠰᠭᠠᠯᠳᠤ ᠲᠡᠦᠬᠡ᠎ᠶ᠋ᠢ ᠤᠬᠠᠭᠤᠯᠤᠨ ᠲᠠᠢᠯᠪᠤᠷᠢᠯᠠᠨ᠎ᠠ᠃ ᠠᠷᠤᠨ ᠬᠣᠱᠢᠭᠤᠨ᠎ᠤ ᠣᠷᠣᠨ ᠨᠤᠲᠤᠭ᠎ᠤᠨ ᠰᠣᠶᠣᠯ ᠲᠡᠦᠬᠡ᠎ᠶ᠋ᠢᠨ ᠡᠷᠳᠡᠮᠲᠡᠨ ᠯᠢᠦ ᡁᠢ ᠹᠠ ᠶᠠᠫᠣᠨ᠎ᠢ ᠡᠰᠡᠷᠭᠦᠴᠡᠬᠦ᠌ ᠬᠣᠯᠪᠣᠭᠠᠲᠤ ᠴᠡᠷᠢᠭ᠎ᠦᠨ ᠦᠨᠡᠨ ᠪᠣᠳᠠᠲᠠᠢ ᠦᠯᠢᠬᠡᠷ᠎ᠢ ᠦᠨᠳᠦᠰᠦᠯᠡᠨ ᠤᠯᠠᠨ ᠲᠠᠢᠰᠠᠨ᠎ᠤ ᠵᠦᠴᠦᠭᠡ᠎ᠶ᠋ᠢ ᠨᠠᠷᠢᠨ ᠨᠢᠮᠪᠠᠢ ᠵᠣᠬᠢᠶᠠᠨ ᠪᠦᠲᠦᠭᠡᠠ ᠥᠭᠡᠷᠡᠴᠢᠯᠡᠨ ᠨᠠᠢᠷᠠᠭᠤᠯᠵᠤ᠂ ᠲᠤᠬᠠᠢ᠎ᠶ᠋ᠢᠨ ᠵᠢᠯ᠎ᠦᠨ ᠶᠠᠫᠣᠨ᠎ᠢ  ᠡᠰᠡᠷᠭᠦᠴᠡᠬᠦ᠌ ᠳᠠᠢ᠌ᠨ᠎ᠦ ᠣᠨ ᠰᠠᠷ᠎ᠠ᠎ᠶ᠋ᠢ ᠲᠠᠬᠢᠨ ᠢᠯᠡᠷᠡᠭᠦᠯᠪᠠ᠃

ᠠᠷᠤᠨ ᠬᠣᠱᠢᠭᠤᠨ᠎ᠤ ᠯᠢᠦ ᠾᠧ ᠪᠠᠯᠭᠠᠰᠤᠨ᠎ᠤ ᠴᠠᠩ ᠠᠨ ᠲᠣᠰᠭᠣᠨ᠎ᠤ ᠨᠢᠭᠡᠨ ᠵᠢᠵᠢᠭᠬᠡᠨ ᠳᠣᠪᠣᠴᠠᠭ ᠳᠡᠭᠡᠷ᠎ᠡ᠂ ᠵᠡᠭᠦᠨ ᠬᠣᠢᠲᠤ᠎ᠶ᠋ᠢᠨ ᠶᠠᠫᠣᠨ᠎ᠢ ᠡᠰᠡᠷᠭᠦᠴᠡᠬᠦ᠌ ᠬᠣᠯᠪᠣᠭᠠᠲᠤ ᠴᠡᠷᠢᠭ᠎ᠦᠨ ᠪᠠᠢᠯᠳᠤᠭ᠍ᠴᠢ ᠶᠠᠫᠣᠨ᠎ᠤ ᠬᠠᠭᠤᠷᠮᠠᠭ ᠴᠡᠷᠢᠭ᠎ᠲᠡᠶ ᠱᠢᠷᠦᠭᠦᠨ ᠪᠠᠢᠯᠳᠤᠵᠤ᠂ ᠶᠠᠫᠣᠨ᠎ᠢ ᠡᠰᠡᠷᠭᠦᠴᠡᠬᠦ᠌ ᠬᠣᠯᠪᠣᠭᠠᠲᠤ ᠴᠡᠷᠢᠭ᠎ᠦᠨ 4 ᠪᠠᠢᠯᠳᠤᠭ᠍ᠴᠢ ᠪᠠᠭᠠᠲᠤᠷᠯᠢᠭ᠎ᠢᠶᠠᠷ ᠪᠡᠶ᠎ᠡ ᠦᠷᠡᠭ᠌ᠳᠡᠪᠡ᠃ ᠲᠣᠰᠭᠣᠨ᠎ᠤ ᠠᠷᠠᠳ ᠠᠮᠢ ᠨᠠᠰᠤᠨ᠎ᠤ ᠠᠶᠤᠯ ᠲᠦᠭ᠌ᠰᠢᠭᠦᠷᠢ᠎ᠶ᠋ᠢ ᠬᠠᠢᠬᠤᠷᠤᠯ ᠦᠭᠡᠢ᠎ᠪᠡᠷ ᠪᠠᠢᠯᠳᠤᠭ᠍ᠴᠢᠳ᠎ᠤᠨ ᠬᠡᠭᠦᠷ᠎ᠢ ᠠᠪᠰᠠᠯᠠᠨ ᠣᠷᠣᠱᠢᠭᠤᠯᠵᠠᠢ᠃ ᠲᠡᠭᠦᠨ᠎ᠡᠴᠡ ᠬᠣᠢᠰᠢ ᠡᠨᠡ ᠳᠣᠪᠣᠴᠠᠭ᠎ᠢ ᠨᠤᠲᠤᠭ᠎ᠤᠨ ᠠᠷᠠᠳ᠎ᠤᠳ 《ᠤᠯᠠᠭᠠᠨ ᠴᠡᠷᠢᠭ᠎ᠦᠨ ᠬᠠᠷᠠᠭᠤᠯ》 ᠭᠡᠵᠦ᠍ ᠨᠡᠷᠡᠯᠡᠵᠡᠢ᠃ ᠡᠨᠡ ᠵᠢᠯ 59 ᠨᠠᠰᠤᠲᠠᠢ ᠲᠠᠷᠢᠶᠠᠴᠢᠨ ᠰᠦᠨ ᠹᠦ᠋ ᠬᠦᠢ ᠡᠨᠳᠡᠬᠢ ᠦᠷᠡᠭ᠌ᠳᠡᠭ᠌ᠰᠡᠨ ᠪᠠᠭᠠᠲᠤᠷᠴᠤᠳ᠎ᠤᠨ ᠳᠤᠷᠠᠰᠭᠠᠯ᠎ᠤᠨ ᠬᠥᠱᠢᠢ᠎ᠡ᠎ᠶ᠋ᠢᠨ ᠡᠮᠦᠨ᠎ᠡ 14 ᠮᠧᠲ᠋ᠷ ᠥᠨᠳᠥᠷ ᠲᠤᠭ ᠪᠤᠰᠭᠠᠵᠠᠢ᠃ 13 ᠵᠢᠯ᠎ᠦᠨ ᠲᠤᠷᠰᠢ᠂ ᠲᠡᠷᠡ ᠥᠪᠡᠷ᠎ᠦᠨ ᠠᠮᠢ ᠨᠠᠰᠤ᠎ᠪᠠᠨ ᠨᠠᠨᠳᠢᠩᠨᠠᠨ ᠬᠠᠢᠷᠠᠯᠠᠬᠤ ᠱᠢᠭ᠋᠎ᠢᠶᠡᠷ ᠦᠷᠡᠭ᠌ᠳᠡᠭ᠌ᠰᠡᠨ ᠪᠠᠭᠠᠲᠤᠷᠴᠤᠳ᠎ᠤᠨ ᠠᠷᠢᠭᠤᠨ ᠰᠦᠨᠡᠰᠦ᠎ᠶ᠋ᠢ ᠰᠠᠬᠢᠨ ᠬᠠᠮᠠᠭᠠᠯᠠᠵᠤ᠂ ᠲᠠᠪᠤᠨ ᠣᠳᠣᠲᠤ ᠤᠯᠠᠭᠠᠨ ᠲᠤᠭ᠎ᠢ ᠢᠮᠠᠭ᠍ᠲᠠ ᠡᠨᠳᠡ ᠨᠠᠮᠢᠷᠠᠭᠤᠯᠵᠤ᠂ ᠦᠷᠡᠭ᠌ᠳᠡᠭ᠌ᠰᠡᠨ ᠪᠠᠭᠠᠲᠤᠷᠴᠤᠳ᠎ᠤᠨ ᠮᠥᠩᠬᠡ ᠨᠣᠢᠷᠰᠤᠬᠤ ᠭᠠᠵᠠᠷ᠎ᠢ ᠰᠠᠬᠢᠨ ᠬᠠᠮᠠᠭᠠᠯᠠᠪᠠ᠃ ᠡᠳᠦᠭᠡ᠂ ᠰᠦᠨ ᠹᠦ᠋ ᠬᠦᠢ ᠨᠢᠭᠡᠨᠲᠡ ᠲᠤᠬᠠᠢ᠎ᠶ᠋ᠢᠨ ᠭᠠᠵᠠᠷ᠎ᠤᠨ ᠬᠤᠪᠢᠰᠭᠠᠯᠳᠤ ᠬᠥᠮᠦᠵᠢᠯ᠎ᠦᠨ ᠳᠠᠭᠤᠷᠢᠶᠠᠯ ᠪᠤᠯᠵᠤ᠂ ᠵᠢᠯ ᠪᠦᠷᠢ᠎ᠶ᠋ᠢᠨ ᠬᠠᠩᠰᠢ᠎ᠶ᠋ᠢᠨ ᠦᠶ᠎ᠠ ᠪᠠᠷ ᠺᠠᠳ᠋ᠷ᠂ ᠤᠯᠠᠨ ᠲᠦᠮᠡᠨ ᠪᠣᠯᠤᠨ ᠰᠤᠷᠤᠭ᠍ᠴᠢᠳ ᠪᠦᠷ ᠰᠠᠢ᠌ᠨ ᠳᠤᠷ᠎ᠠ᠎ᠠᠴᠠ᠎ᠪᠠᠨ ᠡᠨᠳᠡ ᠢᠷᠡᠵᠤ ᠪᠤᠩᠬᠤᠨ᠎ᠢ ᠱᠦᠭᠦᠷᠳᠡᠳᠡᠭ ᠪᠣᠯᠵᠠᠢ᠃

ᠠᠷᠤᠨ ᠬᠣᠱᠢᠭᠤᠨ᠎ᠤ ᠸᠠᠩ ᠵᠢᠶᠧ ᠪᠠᠭ᠎ᠠ ᠰᠤᠷᠭᠠᠭᠤᠯᠢ ᠸᠠᠩ ᠵᠢᠶᠧ᠎ᠶ᠋ᠢᠨ ᠦᠶ᠋ᠯᠡ ᠠᠵᠢᠯᠯᠠᠭ᠎ᠠ᠎ᠪᠠᠷ ᠡᠬᠡ ᠳᠡᠪᠲᠡᠷ ᠪᠣᠯᠭᠠᠨ ᠰᠤᠷᠭᠠᠭᠤᠯᠢ᠎ᠶ᠋ᠢᠨ ᠬᠢᠴᠢᠶᠡᠯ᠎ᠦᠨ ᠱᠢᠰᠲ᠋ᠧᠮ᠎ᠢ ᠪᠠᠢᠭᠤᠯᠵᠤ᠂ 《ᠤᠯᠠᠭᠠᠨ ᠬᠥᠬᠡ ᠵᠢ ᠠᠭᠤᠰᠤᠯᠴᠠᠭᠤᠯᠤᠭᠰᠠᠨ》 ᠦᠶ᠋ᠯᠡᠳᠦᠯᠭᠡ᠎ᠶ᠋ᠢᠨ ᠱᠢᠨ᠎ᠡ᠎ᠶ᠋ᠢ ᠡᠭᠦᠳᠬᠦ᠌ ᠰᠠᠭᠤᠷᠢᠨ᠎ᠢ ᠨᠡᠭᠡᠭᠡᠵᠦ᠍᠂ ᠸᠠᠩ ᠵᠢᠶᠧ᠎ᠶ᠋ᠢᠨ ᠵᠣᠷᠢᠭ ᠰᠠᠨᠠᠭ᠎ᠠ᠎ᠶ᠋ᠢ ᠰᠤᠷᠭᠠᠭᠤᠯᠢ᠎ᠶ᠋ᠢᠨ ᠬᠦᠷᠢᠶᠡᠨ᠎ᠦ ᠠᠮᠢᠳᠤᠷᠠᠯ᠎ᠳᠤ ᠭᠦᠨᠵᠡᠭᠡᠶ ᠠᠭᠤᠰᠤᠯᠴᠠᠭᠤᠯᠪᠠ᠃ ᠰᠤᠷᠭᠠᠭᠤᠯᠢ᠎ᠶ᠋ᠢᠨ ᠬᠦᠷᠢᠶᠡᠨ᠎ᠦ ᠰᠣᠶᠣᠯ᠎ᠤᠨ ᠣᠷᠴᠢᠨ ᠲᠣᠭᠣᠷᠢᠨ᠎ᠢ ᠱᠢᠯᠢᠳᠡᠭ᠌ᠵᠢᠭᠦᠯᠬᠦ᠌᠂ ᠸᠠᠩ ᠵᠢᠶᠧ᠎ᠶ᠋ᠢᠨ ᠦᠵᠡᠭᠦᠯᠭᠡ᠎ᠶ᠋ᠢᠨ ᠲᠠᠰᠤᠭ᠎ᠢ ᠪᠠᠢᠭᠤᠯᠬᠤ᠂ ᠸᠠᠩ ᠵᠢᠶᠧ᠎ᠶ᠋ᠢᠨ ᠬᠦᠷᠡᠯ ᠬᠥᠷᠥᠭ᠎ᠢ ᠱᠤᠭᠤᠬᠤ᠂ ᠰᠤᠷᠭᠠᠭᠤᠯᠢ᠎ᠶ᠋ᠢᠨ ᠥᠪᠡᠷᠮᠢᠴᠡ ᠬᠢᠴᠢᠶᠡᠯ ᠨᠡᠭᠡᠭᠡᠬᠦ᠌᠂ ᠸᠠᠩ ᠵᠢᠶᠧ᠎ᠶ᠋ᠢᠨ ᠥᠯᠢᠭᠡᠷ᠎ᠢ ᠶᠠᠷᠢᠬᠤ᠂ ᠸᠠᠩ ᠵᠢᠶᠧ᠎ᠶ᠋ᠢᠨ ᠳᠠᠭᠤᠤ᠎ᠶ᠋ᠢ ᠳᠠᠭᠤᠯᠠᠬᠤ᠂ ᠴᠡᠷᠢᠭ ᠠᠩᠬᠢ ᠨᠡᠢᠭᠡᠮ᠎ᠤᠨ ᠨᠥᠬᠥᠷᠯᠡᠯ᠎ᠤᠨ ᠠᠵᠢᠯᠯᠠᠭ᠎ᠠ ᠵᠡᠷᠭᠡ ᠡᠯᠪᠡᠭ ᠪᠠᠶᠠᠯᠢᠭ ᠠᠷᠭ᠎ᠠ ᠬᠡᠮᠵᠢᠶ᠎ᠡ᠎ᠪᠡᠷ ᠳᠠᠮᠵᠢᠨ ᠬᠤᠪᠢᠰᠭᠠᠯᠲᠤ ᠰᠣᠶᠣᠯ᠎ᠢᠶᠠᠷ ᠰᠤᠷᠤᠭ᠍ᠴᠢᠳ᠎ᠢ ᠬᠥᠮᠦᠵᠢᠭᠦᠯᠦᠨ᠎ᠡ᠃

ᠣᠳᠣᠬᠠᠨ᠎ᠳᠤ᠂ ᠬᠠᠩᠰᠢ᠎ᠶ᠋ᠢᠨ ᠡᠳᠦᠷ᠂ 《7·1》᠂ ᠦᠷᠡᠭ᠌ᠳᠡᠭ᠌ᠰᠡᠨ ᠪᠠᠭᠠᠲᠤᠷᠴᠤᠳ᠎ᠤᠨ ᠳᠤᠷᠠᠰᠭᠠᠯ᠎ᠤᠨ ᠡᠳᠦᠷ ᠵᠡᠷᠭᠡ ᠣᠨᠴᠠᠭᠠᠢ ᠦᠶ᠎ᠡ᠎ᠳᠦ ᠬᠤᠪᠢᠰᠭᠠᠯᠳᠤ ᠲᠠᠯᠠᠪᠠᠢ ᠣᠷᠳᠣᠨ᠎ᠳ᠋ᠤ ᠢᠷᠡᠵᠦ᠍ ᠲᠣᠭᠣᠷᠢᠨ ᠦᠵᠡᠵᠦ᠍᠂ ᠮᠥᠷᠥᠭᠡᠳᠦᠨ ᠲᠤᠷᠠᠳᠬᠠᠬᠤ ᠨᠢᠭᠡᠴᠢ ᠪᠠ ᠬᠤᠪᠢ ᠬᠥᠮᠦᠨ ᠲᠠᠰᠤᠷᠠᠯᠳᠠ ᠦᠭᠡᠢ ᠴᠤᠪᠤᠳᠠᠭ ᠪᠦᠭᠡᠳ ᠡᠩ᠎ᠦᠨ ᠦᠶ᠎ᠡ᠎ᠳᠦ ᠴᠦ᠍ ᠭᠡᠰᠡᠨ ᠲᠤᠬᠠᠢ᠎ᠶ᠋ᠢᠨ ᠭᠠᠵᠠᠷ᠎ᠤᠨ ᠺᠠᠳ᠋ᠷ ᠤᠯᠠᠨ ᠲᠦᠮᠡᠨ ᠪᠠ ᠵᠢᠭᠤᠯᠴᠢᠯᠠᠭᠰᠠᠳ ᠪᠠᠢᠨ ᠲᠠᠬᠢᠨ ᠢᠷᠡᠵᠤ ᠪᠠᠷᠠᠳᠠᠳᠠᠭ᠃

ᠲᠡᠳᠡᠭᠡᠷ ᠣᠢ ᠱᠢᠭᠤᠶ ᠴᠠᠰᠤᠲᠤ ᠲᠠᠯ᠎ᠠ᠎ᠳᠤ ᠮᠥᠩᠬᠡ ᠨᠣᠢᠷᠰᠤᠭ᠍ᠰᠠᠨ ᠱᠢᠳᠤᠷᠭᠤ ᠰᠦᠨᠡᠰᠦ᠂ ᠲᠡᠳᠡᠭᠡᠷ ᠠᠷᠠᠳ ᠲᠦᠮᠡᠨ᠎ᠦ ᠰᠡᠳᠭᠢᠯ᠎ᠳᠦ ᠰᠡᠢᠯᠦᠭ᠌ᠳᠡᠭᠰᠡᠨ ᠨᠡᠷ᠎ᠡ ᠠᠯᠳᠠᠷ ᠠᠯᠢ ᠬᠡᠲᠤᠢᠨ ᠬᠤᠪᠢᠰᠬᠠᠯᠳᠤ ᠵᠤᠷᠢᠭ ᠰᠠᠨᠠᠭᠠᠨ᠎ᠤ ᠮᠦᠡᠭᠬᠡ ᠵᠢᠨ ᠪᠡᠯᠭᠡ ᠲᠡᠮᠳᠡᠭ ᠪᠣᠯᠵᠠᠶ᠃ 《ᠪᠢᠳᠡ ᠪᠣᠯ ᠡᠪ ᠬᠠᠮᠲᠤ ᠶᠣᠰᠣᠨ᠎ᠤ ᠵᠠᠯᠭᠠᠮᠵᠢᠯᠠᠭ᠍ᠴᠢ ᠮᠥᠨ ᠁》 ᠭᠡᠬᠦ᠌ ᠬᠡᠦᠬᠡᠳ᠎ᠦᠨ ᠨᠠᠢᠷᠠᠯ ᠳᠠᠭᠤᠤ ᠶᠠᠫᠣᠨ᠎ᠢ ᠡᠰᠡᠷᠭᠦᠴᠡᠬᠦ᠌ ᠬᠣᠯᠪᠣᠭᠠᠲᠤ ᠴᠡᠷᠢᠭ᠎ᠦᠨ ᠪᠠᠭᠠᠲᠤᠷᠴᠤᠳ᠎ᠤᠨ ᠬᠦᠷᠢᠶᠡᠯᠡᠩ᠂ ᠸᠠᠩ ᠵᠢᠶ᠍ᠸ ᠠᠭᠤᠳᠠᠮ ᠲᠠᠯᠠᠪᠠᠢ ᠵᠡᠷᠭᠡ ᠭᠠᠵᠠᠷ᠎ᠲᠤ ᠬᠠᠩᠭᠢᠨᠠᠵᠤ᠂ ᠠᠷᠤᠨ ᠬᠣᠱᠢᠭᠤᠨ᠎ᠤ ᠬᠤᠪᠢᠰᠭᠠᠯᠳᠤ ᠤᠳᠤᠮᠰᠢᠯ ᠱᠢᠨ᠎ᠡ ᠴᠠᠭ ᠦᠶ᠎ᠡ᠎ᠳᠦ ᠲᠡᠦᠬᠡ ᠪᠣᠯᠤᠨ ᠢᠷᠡᠭᠡᠳᠦᠢ᠎ᠶ᠋ᠢᠨ ᠰᠦᠷ ᠳᠠᠯᠠᠢᠴᠠᠲᠠᠢ ᠨᠠᠢᠷᠠᠯ ᠬᠦᠭᠵᠢᠮ᠎ᠢ ᠴᠢᠪᠬᠠᠲᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号