ᠲᠡᠷᠢᠭᠦᠨ ᠳ᠋ᠠᠢᠲ᠋ᠠ ᠢ᠋ᠢᠨ ᠲᠤᠰᠢᠶᠠᠯᠲᠠᠨ ᠳ᠋ᠠᠢᠲ᠋ᠠ ᠪᠡᠷ ᠠᠮᠤᠷ ᠲᠦᠪᠱᠢᠨ᠎ᠢ ᠬᠠᠮᠠᠭᠠᠯᠠᠨ᠎ᠠ
2025-06-20 09:47:45
ᠵᠣᠬᠢᠶᠠᠭ᠍ᠴᠢ᠄
ᠱᠢᠤᠸᠠᠢ ᠱᠢᠶᠤᠤ ᠹᠠᠩ
ᠣᠩᠱᠢᠭ᠍ᠰᠠᠨ ᠣᠳᠠᠭ᠎ᠠ᠄
★★★☆☆

ᠬᠡᠷᠡᠭ᠎ᠢ ᠰᠤᠳᠤᠯᠤᠨ ᠮᠠᠭᠠᠳᠯᠠᠬᠤ᠂ ᠠᠮᠤᠷ᠎ᠢ ᠬᠠᠮᠠᠭᠠᠯᠠᠵᠤ ᠰᠡᠷᠭᠡᠢᠯᠡᠨ ᠡᠵᠡᠮᠳᠡᠬᠦ᠂ ᠠᠶᠤᠯ ᠲᠦᠭ᠌ᠰᠢᠭᠦᠷᠢ᠎ᠶ᠋ᠢ ᠤᠷᠢᠳᠴᠢᠯᠠᠨ ᠰᠡᠷᠡᠮᠵᠢᠯᠡᠭᠦ ᠁ ᠤᠯᠠᠭᠠᠨᠴᠠᠪ ᠬᠤᠲᠠ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ᠎ᠳᠤ᠂ ᠨᠢᠭᠡᠨ ᠲᠡᠷᠢᠭᠦᠨ ᠳ᠋ᠠᠢᠲ᠋ᠠ ᠢ᠋ᠢᠨ ᠲᠤᠰᠢᠶᠠᠯᠲᠠᠨ᠎ᠤ ᠡᠩᠨᠡᠭᠡ ᠪᠠᠢᠲᠠᠭ᠂ ᠲᠡᠳᠡ ᠯᠠᠪᠳᠠᠭᠤᠨ ᠪᠠᠲᠤᠲᠠᠶ ᠮᠡᠷᠭᠡᠵᠢᠯ᠎ᠤᠨ ᠰᠠᠭᠤᠷᠢ ᠪᠠ ᠬᠤᠷᠴᠠ ᠰᠡᠷᠭᠡᠭ ᠠᠵᠢᠭ᠍ᠯᠠᠬᠤ ᠴᠢᠳᠠᠪᠤᠷᠢ᠎ᠳᠠᠭᠠᠨ ᠲᠦᠱᠢᠭ᠌ᠯᠡᠨ᠂ 《ᠲᠣᠭᠠᠴᠢᠯᠠᠭ᠍ᠰᠠᠨ ᠴᠠᠭ᠍ᠳᠠᠭᠠᠨ᠎ᠤ ᠶᠠᠪᠤᠳᠠᠯ》 ᠤ᠋ᠨ ᠪᠠᠢᠭᠤᠯᠤᠯᠲᠠ᠎ᠶ᠋ᠢᠨ ᠱᠢᠨ᠎ᠡ᠎ᠪᠠᠷ ᠮᠠᠨᠳᠤᠭ᠍ᠰᠠᠨ ᠬᠦᠴᠦᠨ ᠪᠣᠯᠵᠣ᠂ ᠨᠢᠭᠡ ᠭᠠᠵᠠᠷ ᠣᠷᠣᠨ᠎ᠤ ᠠᠮᠤᠷ ᠲᠦᠪᠱᠢᠨ᠎ᠢ ᠬᠠᠮᠠᠭᠠᠯᠠᠬᠤ᠎ᠳᠤ ᠬᠦᠴᠦᠷᠬᠡᠭ ᠶᠡᠭᠡ ᠬᠥᠳᠡᠯᠭᠡᠬᠦ᠌ ᠬᠦᠴᠦᠨ ᠨᠡᠮᠡᠷᠢᠯᠡᠪᠡ᠃

《ᠲᠣᠮᠣ ᠳ᠋ᠠᠢᠲ᠋ᠠ ᠪᠣᠯ ᠮᠠᠨ᠎ᠤ 〈ᠵᠡᠪᠰᠡᠭ〉 ᠮᠥᠨ᠂ ᠵᠠᠳᠠᠯᠤᠯᠲᠠ ᠪᠤᠯᠭᠠᠨ ᠨᠢ ᠪᠦᠷ ᠶᠠᠯᠠᠲᠤ ᠠᠵᠢᠯᠯᠠᠭ᠎ᠠ᠎ᠲᠠᠢ ᠳᠠᠭᠤᠨ ᠥᠬᠡᠶ ᠦᠵᠡᠯᠴᠡᠭᠡᠨ ᠬᠢᠵᠦ ᠪᠠᠢᠭ᠎ᠠ ᠶᠠᠪᠤᠲᠠᠯ ᠶᠤᠮ》᠃ 5 ᠰᠠᠷ᠎ᠠ᠎ᠶ᠋ᠢᠨ 23 ᠎ᠤ᠋ ᠡᠳᠦᠷ᠂ ᠰᠤᠷᠪᠤᠯᠵᠢᠯᠠᠭ᠍ᠴᠢ ᠤᠯᠠᠭᠠᠨᠴᠠᠪ ᠬᠤᠲᠠ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ᠎ᠳᠤ ᠬᠦᠷᠬᠦ᠎ᠳᠤ᠂ ᠱᠢᠨᠵᠢᠯᠡᠬᠦ᠌ ᠤᠬᠠᠭᠠᠨ ᠲᠸᠭᠨᠢᠢᠡ᠋ ᠮᠡᠷᠭᠡᠵᠢᠯ᠎ᠤᠨ ᠮᠡᠳᠡᠭᠡ ᠵᠠᠩᠭᠢᠵᠢᠯᠲᠠ᠎ᠶ᠋ᠢᠨ ᠰᠠᠯᠪᠤᠷᠢ ᠠᠩᠭᠢ᠎ᠶ᠋ᠢᠨ ᠠᠷᠠᠳ᠎ᠤᠨ ᠴᠠᠭ᠍ᠳᠠᠭ᠎ᠠ᠂ ᠲᠡᠷᠢᠭᠦᠨ ᠳ᠋ᠠᠢᠲ᠋ᠠ ᠢ᠋ᠢᠨ ᠲᠤᠰᠢᠶᠠᠯᠲᠠᠨ ᠶᠠᠩ ᠬᠤᠤ ᠲᠢᠶᠠᠨ ᠺᠣᠮᠫᠢᠦ᠋ᠲ᠋ᠧᠷ᠎ᠤᠨ ᠳᠡᠯᠭᠡᠴᠡ ᠳᠡᠭᠡᠷᠡᠬᠢ ᠲᠠᠰᠤᠷᠠᠯᠲᠠ ᠥᠬᠡᠶ ᠤᠯᠠᠷᠢᠨ ᠬᠤᠪᠢᠷᠠᠵᠦ ᠪᠠᠢᠭ᠎ᠠ ᠲᠤᠭ᠎ᠠ ᠪᠠᠷᠢᠮᠲᠠ᠎ᠶ᠋ᠢ ᠠᠵᠢᠭ᠍ᠯᠠᠬᠤ ᠢ᠋ᠢᠨ ᠲᠠᠭᠠᠤ ᠰᠤᠷᠪᠤᠯᠵᠢᠯᠠᠭ᠍ᠴᠢ᠎ᠳᠤ ᠲᠠᠨᠢᠯᠴᠠᠭᠤᠯᠪᠠ᠃ ᠲᠡᠷᠢᠭᠦᠨ ᠳ᠋ᠠᠢᠲ᠋ᠠ ᠢ᠋ᠢᠨ ᠲᠤᠰᠢᠶᠠᠯᠲᠠᠨ ᠪᠣᠯᠣᠭ᠍ᠰᠠᠨ ᠡᠴᠡ ᠨᠠᠭᠠᠰᠢ᠂ ᠶᠠᠩ ᠬᠤᠤ ᠲᠢᠶᠠᠨ 《ᠸᠢᠳᠢᠤ᠋ +᠎ᠲᠣᠮᠣ ᠳ᠋ᠠᠢᠲ᠋ᠠ》 ᠢ᠋ᠢᠨ ᠠᠷᠭ᠎ᠠ ᠪᠠᠷᠢᠯ᠎ᠢ ᠬᠡᠷᠡᠭ᠌ᠯᠡᠨ ᠡᠯ᠎ᠡ ᠲᠥᠷᠥᠯ᠎ᠤᠨ ᠬᠡᠷᠡᠭ᠎ᠢ ᠬᠠᠮᠵᠢᠨ ᠳᠡᠩᠨᠡᠨ ᠢᠯᠡᠷᠡᠭᠦᠯᠬᠦ᠌᠎ᠳᠤ ᠬᠠᠮᠵᠢᠯᠴᠠᠬᠤ᠎ᠶ᠋ᠢᠨ ᠬᠠᠮᠲᠤ ᠡᠯ᠎ᠡ ᠲᠤᠬᠠᠢᠯᠠᠭ᠍ᠰᠠᠨ ᠠᠵᠢᠯ᠎ᠤᠨ ᠴᠠᠭ᠍ᠳᠠᠭᠠᠨ᠎ᠤ ᠲᠥᠷᠥᠯ᠎ᠤᠨ ᠬᠡᠷᠡᠭ᠌ᠴᠡᠭᠡ ᠱᠠᠭᠠᠷᠳᠠᠯᠭ᠎ᠠ᠎ᠶ᠋ᠢ ᠦᠨᠳᠦᠰᠦᠯᠡᠨ ᠲᠣᠮᠣ ᠳ᠋ᠠᠢᠲ᠋ᠠ᠎ᠶ᠋ᠢᠨ ᠵᠠᠭ᠍ᠪᠤᠷ᠎ᠢ ᠪᠠᠢᠭᠤᠯᠪᠠ᠃ ᠲᠡᠭᠦᠨ᠎ᠤ ᠤᠷᠤᠯᠴᠠᠵᠦ ᠪᠠᠢᠭᠤᠯᠤᠬᠰᠠᠨ  ᠣᠷᠭᠤᠳᠠᠭᠤᠯ ᠬᠡᠷᠡᠭᠲᠡᠨ ᠢ᠋ ᠪᠠᠷᠢᠪᠴᠢᠯᠠᠬᠤ ᠸᠢᠳᠢᠣ᠋ ᠵᠠᠭ᠍ᠪᠤᠷ ᠨᠢ ᠤᠳᠤᠬᠠᠨ᠎ᠳᠤ ᠨᠢᠭᠡᠨᠲᠡ 30 ᠭᠠᠷᠤᠶ ᠤᠳᠠᠭ᠎ᠠ ᠠᠮᠵᠢᠯᠲᠠ᠎ᠲᠠᠢ ᠰᠡᠷᠡᠮᠵᠢᠯᠡᠭᠦᠯᠵᠦ᠍᠂ 20 ᠭᠠᠷᠤᠶ ᠣᠷᠭᠤᠳᠠᠭᠤᠯ ᠬᠡᠷᠡᠭᠲᠡᠨ᠎ᠢ ᠪᠠᠷᠢᠪᠴᠢᠯᠠᠪᠠ᠃

ᠦᠨᠳᠦᠰᠦᠨ ᠱᠠᠲᠤᠨ᠎ᠤ ᠨᠢᠭᠡᠳᠦᠭᠡᠷ ᠹᠷᠣᠨᠲ᠎ᠤᠨ ᠠᠷᠠᠳ᠎ᠤᠨ ᠲᠤᠰᠠᠯᠠᠬᠤ ᠴᠠᠭ᠍ᠳᠠᠭ᠎ᠠ᠎ᠶ᠋ᠢᠨ ᠲᠣᠮᠣ ᠳ᠋ᠠᠢᠲ᠋ᠠ ᠵᠢ ᠠᠰᠢᠬᠯᠠᠨ ᠤᠷᠭᠤᠳᠠᠭᠤᠯ ᠬᠡᠷᠡᠭᠲᠡᠨ ᠢ᠋ ᠪᠠᠷᠢᠪᠴᠢᠯᠠᠬᠤ᠂ ᠲᠣᠮᠣ ᠳ᠋ᠠᠢᠲ᠋ᠠ ᠪᠡᠷ ᠤᠷᠢᠳᠴᠢᠯᠠᠨ ᠰᠡᠷᠡᠮᠵᠢᠯᠡᠭᠦᠯᠬᠦ᠂ ᠲᠣᠮᠣ ᠳ᠋ᠠᠢᠲ᠋ᠠ ᠪᠡᠷ ᠱᠢᠨ᠎ᠡ᠎ᠶ᠋ᠢ ᠡᠭᠦᠳᠦᠨ ᠬᠡᠷᠡᠭ᠌ᠯᠡᠬᠦ᠌᠎ᠶ᠋ᠢ ᠢᠲᠡᠪᠬᠢᠲᠡᠢ ᠥᠷᠨᠢᠭᠦᠯᠬᠦ᠌᠎ᠶ᠋ᠢ ᠵᠣᠷᠢᠭ᠍ᠵᠢᠭᠤᠯᠤᠨ᠂ 《ᠲᠣᠭᠠᠴᠢᠯᠠᠭ᠍ᠰᠠᠨ ᠴᠠᠭ᠍ᠳᠠᠭᠠᠨ᠎ᠤ ᠶᠠᠪᠤᠳᠠᠯ》 ᠤ᠋ᠨ ᠪᠠᠢᠭᠤᠯᠤᠯᠲᠠ ᠬᠡᠷᠡᠭ᠌ᠯᠡᠯᠲᠡ᠎ᠶ᠋ᠢᠨ ᠠᠵᠢᠯ᠎ᠢ ᠪᠣᠳᠠᠲᠠᠶ ᠴᠠᠭ᠍ᠳᠠᠭᠠᠨ᠎ᠤ ᠶᠠᠪᠤᠳᠠᠯ᠎ᠤᠨ ᠠᠵᠢᠯ᠎ᠳᠤ ᠲᠤᠭᠤᠱᠢᠯᠠᠭᠤᠯᠵᠤ᠂ ᠴᠠᠭ᠍ᠳᠠᠭᠠᠨ᠎ᠤ ᠬᠦᠴᠦᠨ᠎ᠤ ᠡᠬᠢ ᠪᠠᠶᠠᠯᠢᠭ᠎ᠢ ᠤᠯᠠᠮ ᠨᠢᠭᠡ ᠠᠯᠬᠤᠮ ᠪᠠᠳᠠᠷᠠᠭᠤᠯᠤᠨ᠂ ᠠᠵᠢᠯ᠎ᠤᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌᠎ᠶ᠋ᠢᠨ ᠲᠥᠯᠥᠭᠡ᠂ 2024 ᠣᠨ᠎ᠤ 3 ᠰᠠᠷ᠎ᠠ᠎ᠳᠤ ᠤᠯᠠᠭᠠᠨᠴᠠᠪ ᠬᠤᠲᠠ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ ᠳ᠋ᠠᠢᠲ᠋ᠠ᠎ᠳᠤ ᠰᠠᠭᠤᠷᠢᠯᠠᠨ᠂ 《ᠤᠯᠠᠭᠠᠨᠴᠠᠪ ᠬᠤᠲᠠ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ᠎ᠶ᠋ᠢᠨ ᠲᠡᠷᠢᠭᠦᠨ ᠳ᠋ᠠᠢᠲ᠋ᠠ᠎ᠶ᠋ᠢᠨ ᠲᠤᠱᠢᠶᠠᠯᠲᠠᠨ᠎ᠤ ᠠᠵᠢᠯ᠎ᠤᠨ ᠲᠣᠭ᠍ᠲᠠᠴᠠ》 ᠵᠢ ᠲᠣᠭ᠍ᠲᠠᠭᠠᠨ ᠬᠡᠷᠡᠭ᠌ᠵᠢᠭᠦᠯᠪᠡ᠃

《ᠪᠢᠳᠡ ᠵᠣᠬᠢᠶᠠᠨ ᠪᠠᠢᠭᠤᠯᠤᠯᠲᠠ ᠡᠴᠡ ᠲᠠᠨᠢᠯᠴᠠᠭᠤᠯᠬᠤ᠂ ᠬᠤᠪᠢ ᠬᠥᠮᠦᠨ ᠥᠪᠡᠷ᠎ᠢ᠎ᠪᠠᠨ ᠲᠠᠨᠢᠯᠴᠠᠭᠤᠯᠬᠤ ᠵᠡᠷᠭᠡ ᠠᠷᠭ᠎ᠠ ᠬᠡᠯᠪᠡᠷᠢ᠎ᠪᠠᠷ ᠳᠠᠮᠵᠢᠨ᠂ ᠺᠣᠮᠫᠢᠦ᠋ᠲ᠋ᠧᠷ᠎ᠤᠨ ᠱᠢᠨᠵᠢᠯᠡᠬᠦ᠌ ᠤᠬᠠᠭᠠᠨ᠂ ᠲᠣᠭᠠᠨ᠎ᠤ ᠤᠬᠠᠭᠠᠨ ᠵᠡᠷᠭᠡ ᠬᠠᠮᠢᠶ᠎ᠠ ᠪᠥᠬᠦᠶ ᠬᠦᠷᠢᠶᠡᠨ᠎ᠳᠤ ᠯᠠᠪᠳᠠᠭᠤᠨ ᠪᠠᠲᠤᠲᠠᠶ ᠮᠡᠳᠡᠯᠭᠡ ᠪᠠ ᠤᠷ᠎ᠠ ᠴᠢᠳᠠᠪᠤᠷᠢ ᠲᠠᠢ᠂ ᠡᠯᠪᠡᠭ ᠪᠠᠶᠠᠯᠢᠭ ᠲᠣᠮᠣ ᠳ᠋ᠠᠢᠲ᠋ᠠ᠎ᠶ᠋ᠢᠨ ᠲᠤᠷᠱᠢᠯᠭ᠎ᠠ ᠬᠤᠷᠠᠮᠳᠤᠭᠤᠯᠤᠬᠰᠠᠨ ᠪᠥᠭᠡᠳ ᠳᠣᠲᠣᠭᠠᠳᠤ᠎ᠶ᠋ᠢ ᠬᠠᠮᠠᠭᠠᠯᠠᠬᠤ ᠬᠠᠮᠢᠶ᠎ᠠ ᠪᠥᠬᠦᠶ ᠴᠠᠭ᠍ᠳᠠᠭᠠᠨ᠎ᠤ ᠲᠥᠷᠥᠯ᠎ᠤᠨ ᠲᠤᠬᠠᠢᠯᠠᠭ᠍ᠰᠠᠨ ᠠᠵᠢᠯ᠎ᠢ ᠰᠠᠢᠨ ᠮᠡᠳᠡᠳᠡᠭ ᠭᠤᠤᠯᠯᠠᠭ᠍ᠴᠢ ᠬᠦᠴᠦᠨ᠎ᠢ ᠰᠣᠩᠭᠤᠨ ᠲᠡᠷᠢᠭᠦᠨ ᠳ᠋ᠠᠢᠲ᠋ᠠ᠎ᠶ᠋ᠢᠨ ᠲᠤᠱᠢᠶᠠᠯᠲᠠᠨ ᠪᠣᠯᠭᠠᠪᠠ》᠃ ᠤᠯᠠᠭᠠᠨᠴᠠᠪ ᠬᠤᠲᠠ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ᠎ᠶ᠋ᠢᠨ ᠱᠢᠨᠵᠢᠯᠡᠬᠦ᠌ ᠤᠬᠠᠭᠠᠨ ᠲᠸᠭᠨᠢᠢᠡ᠋ ᠮᠡᠷᠭᠡᠵᠢᠯ᠎ᠤᠨ ᠮᠡᠳᠡᠭᠡ ᠵᠠᠩᠭᠢᠵᠢᠯᠲᠠ᠎ᠶ᠋ᠢᠨ ᠰᠠᠯᠪᠤᠷᠢ ᠠᠩᠭᠢ᠎ᠶ᠋ᠢᠨ ᠳᠠᠷᠤᠭ᠎ᠠ ᠱᠢᠤᠢ ᠶᠠᠨ᠂ ᠲᠡᠷᠢᠭᠦᠨ ᠳ᠋ᠠᠢᠲ᠋ᠠ ᠢ᠋ᠢᠨ ᠲᠤᠰᠢᠶᠠᠯᠲᠠᠨ᠎ᠢ ᠰᠣᠩᠭᠤᠨ ᠭᠠᠷᠭᠠᠬᠤ ᠵᠢᠴᠢ ᠡᠳᠦᠷ ᠲᠤᠲᠤᠮ᠎ᠤᠨ ᠬᠢᠨᠠᠨ ᠱᠢᠯᠭᠠᠬᠤ ᠠᠵᠢᠯ᠎ᠤᠨ ᠡᠷᠬᠡ ᠲᠡᠭ᠌ᠰᠢ ᠲᠥᠪ ᠭᠤᠤᠯᠴᠢ ᠪᠠᠢᠬᠤ᠎ᠶ᠋ᠢ ᠪᠠᠲᠤᠯᠠᠬᠤ᠎ᠶ᠋ᠢᠨ ᠲᠥᠯᠥᠭᠡ᠂ ᠲᠣᠰ ᠲᠣᠪᠴᠢᠶ᠎ᠠ ᠲᠡᠷᠢᠭᠦᠨ ᠳ᠋ᠠᠢᠲ᠋ᠠ ᠢ᠋ᠢᠨ ᠲᠤᠰᠢᠶᠠᠯᠲᠠᠨ᠎ᠤ ᠠᠯᠪᠠᠨ ᠬᠡᠷ ᠢ᠋ ᠪᠠᠢᠭᠤᠯᠵᠤ᠂ ᠪᠦᠷᠢᠯᠳᠦᠬᠦᠨ᠎ᠨᠢ ᠤᠯᠠᠭᠠᠨᠴᠠᠪ ᠬᠤᠲᠠ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ᠎ᠶ᠋ᠢᠨ ᠱᠢᠨᠵᠢᠯᠡᠬᠦ᠌ ᠤᠬᠠᠭᠠᠨ ᠲᠸᠭᠨᠢᠢᠡ᠋ ᠮᠡᠷᠭᠡᠵᠢᠯ᠎ᠤᠨ ᠮᠡᠳᠡᠭᠡ ᠵᠠᠩᠭᠢᠵᠢᠯᠲᠠ᠎ᠶ᠋ᠢᠨ ᠵᠥᠪᠯᠡᠯ᠂ ᠬᠠᠮᠢᠶ᠎ᠠ ᠪᠥᠬᠦᠶ ᠰᠠᠯᠠᠭ᠎ᠠ ᠮᠥᠴᠢᠷ᠎ᠤᠨ ᠬᠠᠷᠢᠭᠤᠴᠠᠯᠭᠠᠲᠠᠨ ᠵᠢᠴᠢ ᠤᠯᠠᠭᠠᠨᠴᠠᠪ ᠬᠤᠲᠠ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ᠎ᠶ᠋ᠢᠨ ᠲᠤᠬᠠᠢᠯᠠᠭ᠍ᠰᠠᠨ ᠠᠵᠢᠯ᠎ᠤᠨ ᠭᠤᠤᠯᠯᠠᠭ᠍ᠴᠢ ᠬᠦᠴᠦᠨ᠂ ᠲᠤᠰᠭᠠᠶ ᠮᠡᠷᠭᠡᠵᠢᠯᠲᠡᠨ᠎ᠢᠶᠠᠷ ᠪᠦᠷᠢᠯᠳᠦᠵᠡᠶ᠃ ᠠᠯᠪᠠᠨ ᠬᠡᠷ᠎ᠲᠤ ᠶᠡᠷᠦᠩᠬᠡᠢᠯᠡᠭ᠌ᠰᠡᠨ ᠬᠠᠮᠢᠶᠠᠷᠤᠯᠲᠠ᠎ᠶ᠋ᠢᠨ ᠳᠤᠭᠤᠢᠯᠠᠩ᠂ ᠱᠢᠯᠭᠠᠨ ᠬᠢᠨᠠᠵᠤ ᠦᠨᠡᠯᠡᠬᠦ᠌ ᠳᠤᠭᠤᠢᠯᠠᠩ᠂ ᠮᠡᠷᠭᠡᠵᠢᠯ᠎ᠤᠨ ᠪᠠᠲᠤᠯᠠᠭ᠎ᠠ᠎ᠶ᠋ᠢᠨ ᠳᠤᠭᠤᠢᠯᠠᠩ ᠢ᠋ ᠪᠠᠢᠭᠤᠯᠵᠤ᠂ ᠲᠡᠷᠢᠭᠦᠨ ᠳ᠋ᠠᠢᠲ᠋ᠠ ᠢ᠋ᠢᠨ ᠲᠤᠰᠢᠶᠠᠯᠲᠠᠨ᠎ᠤ ᠡᠳᠦᠷ ᠲᠤᠲᠤᠮ᠎ᠤᠨ ᠱᠢᠯᠭᠠᠨ ᠬᠢᠨᠠᠵᠤ ᠱᠢᠯᠢᠨ ᠳᠡᠪᠱᠢᠭᠦᠯᠬᠦ᠂ ᠴᠢᠳᠠᠪᠤᠷᠢ᠎ᠶ᠋ᠢ ᠬᠥᠮᠦᠵᠢᠭᠦᠯᠬᠦ᠂ ᠡᠭᠦᠷᠭᠡ ᠪᠠᠭᠤᠯᠭᠠᠬᠤ ᠵᠡᠷᠭᠡ ᠠᠵᠢᠯ᠎ᠢ ᠪᠥᠬᠦ᠌ ᠲᠠᠯ᠎ᠠ᠎ᠪᠠᠷ ᠬᠠᠷᠢᠭᠤᠴᠠᠨ᠎ᠠ ᠬᠡᠵᠦ ᠲᠠᠨᠢᠯᠴᠠᠭᠤᠯᠪᠠ᠃

ᠲᠡᠷᠢᠬᠦᠨ ᠳ᠋ᠠᠢᠲ᠋ᠠ᠎ᠶ᠋ᠢᠨ ᠲᠤᠱᠢᠶᠠᠯᠲᠠᠨ᠎ᠤ ᠶᠡᠷᠦᠩᠬᠡᠢᠯᠡᠭ᠌ᠰᠡᠨ ᠬᠡᠪ ᠴᠢᠨᠠᠷ ᠪᠠ ᠪᠣᠳᠠᠲᠤ ᠪᠠᠢᠯᠳᠤᠭᠠᠨ᠎ᠤ ᠴᠢᠳᠠᠪᠤᠷᠢ᠎ᠶ᠋ᠢ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠬᠦ᠌᠎ᠶ᠋ᠢᠨ ᠲᠥᠯᠥᠭᠡ᠂ ᠤᠯᠠᠭᠠᠨᠴᠠᠪ ᠬᠣᠲᠠ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ ᠲᠡᠳᠡᠨᠡᠷ ᠲᠸ᠋ ᠨᠢᠭᠡᠳᠦᠯᠲᠡᠶ ᠬᠠᠮᠢᠶ᠎ᠠ ᠪᠥᠬᠥᠶ ᠪᠣᠯᠪᠠᠰᠤᠷᠠᠯ ᠬᠦᠷᠲᠡᠭᠡᠪᠡ᠃ 《ᠲᠡᠷᠢᠭᠦᠨ ᠳ᠋ᠠᠢᠲ᠋ᠠ᠎ᠶ᠋ᠢᠨ ᠲᠤᠱᠢᠶᠠᠯᠲᠠᠨ ᠪᠣᠯᠤᠭ᠍ᠰᠠᠨ᠎ᠤ ᠳᠠᠷᠠᠭ᠎ᠠ᠂ ᠪᠢᠳᠡ ᠬᠣᠲᠠ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ᠎ᠶ᠋ᠢᠨ ᠵᠣᠬᠢᠶᠠᠨ ᠪᠠᠢᠭᠤᠯᠤᠭ᠍ᠰᠠᠨ ᠵᠣᠬᠢᠶᠠᠮᠠᠯ ᠣᠶᠤᠨ ᠴᠢᠳᠠᠪᠤᠷᠢ᠎ᠶ᠋ᠢᠨ ᠪᠣᠯᠪᠠᠰᠤᠷᠠᠯ᠎ᠳᠤ ᠣᠷᠣᠯᠴᠠᠵᠤ᠂ ᠪᠠᠰᠠ ᠰᠦᠵᠧᠦ᠂ ᠬᠠᠩᠵᠧᠦ᠂ ᠱᠠᠩᠬᠠᠶ ᠵᠡᠷᠭᠡ ᠭᠠᠵᠠᠷ᠎ᠲᠤ ᠬᠦᠷᠴᠦ᠍ ᠵᠣᠬᠢᠶᠠᠮᠠᠯ ᠣᠶᠤᠨ ᠴᠢᠳᠠᠪᠤᠷᠢ᠂ ᠵᠢᠯᠣᠭᠣᠴᠢ ᠥᠬᠡᠶ ᠨᠢᠰᠭᠡᠯ᠂ ᠮᠠᠱᠢᠨ ᠬᠥᠮᠦᠨ ᠵᠡᠷᠭᠡ ᠲᠡᠷᠢᠭᠦᠨ᠎ᠦ ᠮᠡᠷᠭᠡᠵᠢᠯ᠎ᠢ ᠰᠤᠷᠤᠯᠴᠠᠵᠤ᠂ 〈ᠭᠠᠷᠴᠤ᠌ ᠶᠠᠪᠤᠬᠤ᠂ ᠤᠷᠢᠨ ᠠᠪᠴᠢᠷᠠᠬᠤ〉 ᠣᠯᠠᠨ ᠡᠱᠢᠲᠦ ᠰᠤᠷᠤᠯᠴᠠᠯᠭ᠎ᠠ᠎ᠶ᠋ᠢᠨ ᠵᠠᠭ᠍ᠪᠤᠷ᠎ᠢᠶᠠᠷ ᠳᠠᠮᠵᠢᠨ᠂ ᠦᠪᠡᠷ ᠤ᠋ᠨ ᠤᠷ᠎ᠠ ᠴᠢᠳᠠᠪᠤᠷᠢ᠎ᠪᠠᠨ ᠲᠠᠰᠤᠷᠠᠯᠲᠠ ᠥᠬᠡᠶ ᠳᠡᠭᠡᠭ᠌ᠰᠢᠯᠡᠭᠦᠯᠪᠡ》 ᠭᠡᠵᠦ᠍ ᠲᠣᠰ ᠲᠣᠪᠴᠢᠶ᠎ᠠ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠮᠡᠳᠡᠭᠡ ᠵᠠᠩᠭᠢᠵᠢᠯᠲᠠ᠎ᠶ᠋ᠢᠨ ᠰᠠᠯᠪᠤᠷᠢ ᠠᠩᠭᠢ᠎ᠶ᠋ᠢᠨ ᠠᠷᠠᠳ᠎ᠤᠨ ᠴᠠᠭ᠍ᠳᠠᠭ᠎ᠠ᠂ ᠲᠡᠷᠢᠭᠦᠨ ᠳ᠋ᠠᠢᠲ᠋ᠠ᠎ᠶ᠋ᠢᠨ ᠲᠤᠱᠢᠶᠠᠯᠲᠠᠨ ᠸᠠᠩ ᠵᠣᠣ ᠵᠧᠸ᠋ ᠬᠡᠯᠡᠪᠡ᠃ ᠱᠢᠰᠲ᠋ᠧᠮᠳᠦ ᠴᠢᠨᠠᠷᠳᠠᠢ ᠪᠣᠯᠪᠠᠰᠤᠷᠠᠯ ᠪᠠ ᠪᠣᠳᠠᠲᠤ ᠪᠠᠢᠯᠳᠤᠭᠠᠨ᠎ᠤ ᠪᠣᠯᠪᠠᠰᠤᠷᠠᠯ ᠵᠢᠡᠷ ᠳᠡᠮᠵᠢᠨ᠂ ᠲᠡᠷᠢᠭᠦᠨ ᠳ᠋ᠠᠢᠲ᠋ᠠ᠎ᠶ᠋ᠢᠨ ᠲᠤᠱᠢᠶᠠᠯᠲᠠᠨ᠎ᠤ ᠪᠦᠯᠬᠦᠮ ᠠᠭᠠᠵᠢᠮ᠎ᠢᠶᠠᠷ ᠤᠯᠠᠭᠠᠨᠴᠠᠪ ᠬᠣᠲᠠ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ᠎ᠳᠠᠬᠢ ᠳᠣᠲᠣᠭᠠᠳᠤ᠎ᠶ᠋ᠢ ᠬᠠᠮᠠᠭᠠᠯᠠᠬᠤ ᠲᠤᠬᠠᠢᠯᠠᠭ᠍ᠰᠠᠨ ᠠᠵᠢᠯ᠎ᠢ ᠮᠡᠳᠡᠬᠦ᠌ ᠮᠥᠷᠲᠡᠭᠡᠨ ᠲᠣᠭᠠᠴᠢᠯᠠᠭ᠍ᠰᠠᠨ ᠮᠡᠷᠭᠡᠵᠢᠯ᠎ᠢ ᠴᠦ᠍ ᠮᠡᠳᠡᠬᠦ᠌ ᠬᠠᠮ ᠴᠢᠳᠠᠪᠤᠷᠢᠲᠠᠨ᠎ᠤ ᠡᠩᠨᠡᠭᠡ ᠪᠣᠯᠵᠣ᠂ ᠲᠣᠮᠣ ᠳ᠋ᠠᠢᠲ᠋ᠠ᠎ᠶ᠋ᠢᠨ ᠮᠡᠷᠭᠡᠵᠢᠯ ᠬᠢᠭᠡᠳ ᠳᠣᠲᠣᠭᠠᠳᠤ᠎ᠶ᠋ᠢ ᠬᠠᠮᠠᠭᠠᠯᠠᠬᠤ ᠲᠤᠬᠠᠢᠯᠠᠭ᠍ᠰᠠᠨ ᠠᠵᠢᠯ᠎ᠢ ᠭᠦᠨᠵᠡᠭᠡᠶ ᠠᠭᠤᠰᠤᠯᠴᠠᠭᠤᠯᠵᠤ᠂《ᠲᠣᠭᠠᠴᠢᠯᠠᠭ᠍ᠰᠠᠨ ᠴᠠᠭ᠍ᠳᠠᠭᠠᠨ᠎ᠤ ᠶᠠᠪᠤᠳᠠᠯ》 ᠤ᠋ᠨ ᠪᠠᠢᠭᠤᠯᠤᠯᠲᠠ᠎ᠳᠤ ᠬᠦᠴᠦᠲᠡᠶ ᠲᠤᠯᠭᠠᠭᠤᠷᠢᠯᠠᠯ ᠬᠠᠩᠭᠠᠪᠠ᠃

ᠪᠣᠳᠠᠲᠤ ᠪᠠᠢᠯᠳᠤᠭᠠᠨ ᠪᠣᠯ ᠴᠢᠳᠠᠪᠤᠷᠢ᠎ᠶ᠋ᠢ ᠱᠢᠯᠭᠠᠬᠤ 《ᠱᠢᠯᠭᠠᠭᠤᠷ》ᠮᠥᠨ᠃ 2024 ᠣᠨ᠎ᠤ 5 ᠰᠠᠷ᠎ᠠ᠎ᠳᠤ᠂ ᠤᠯᠠᠭᠠᠨᠴᠠᠪ ᠬᠣᠲᠠ᠎ᠶ᠋ᠢᠨ ᠹᠧᠩᠵᠧᠨ ᠬᠣᠲᠠ᠂ ᠵᠦᠸᠧᠽᠢ ᠱᠢᠶᠠᠨ ᠵᠡᠷᠭᠡ ᠭᠠᠵᠠᠷ᠎ᠲᠤ ᠲᠡᠷᠭᠡᠨ ᠳᠣᠲᠣᠷᠠᠬᠢ ᠡᠳ᠋ ᠪᠣᠳᠠᠰ ᠬᠤᠯᠠᠭᠠᠢᠯᠠᠭ᠍ᠳᠠᠭ᠍ᠰᠠᠨ ᠬᠡᠷᠡᠭ 8 ᠤᠳᠠᠭ᠎ᠠ ᠭᠠᠷᠴᠤ᠌᠂ ᠬᠡᠷᠡᠭ᠎ᠲᠦ ᠬᠣᠯᠪᠣᠭ᠍ᠳᠠᠭ᠍ᠰᠠᠨ ᠵᠣᠭᠣᠰ᠎ᠤᠨ ᠲᠣᠭ᠎ᠠ᠎ᠨᠢ 11 ᠲᠦᠮᠡ ᠭᠠᠷᠤᠶ ᠲᠥᠭᠥᠷᠢᠭ᠎ᠲᠦ ᠬᠦᠷᠴᠡᠶ᠃ ᠬᠡᠷᠡᠭ ᠡᠭᠦᠰᠦᠭ᠌ᠰᠡᠨ᠎ᠦ ᠳᠠᠷᠠᠭ᠎ᠠ᠂ ᠲᠡᠷᠢᠭᠦᠨ ᠳ᠋ᠠᠢᠲ᠋ᠠ᠎ᠶ᠋ᠢᠨ ᠲᠤᠱᠢᠶᠠᠯᠲᠠᠨ ᠪᠠ ᠡᠯ᠎ᠡ ᠲᠤᠬᠠᠢᠯᠠᠭ᠍ᠰᠠᠨ ᠠᠵᠢᠯ᠎ᠤᠨ ᠴᠠᠭ᠍ᠳᠠᠭ᠎ᠠ᠎ᠶ᠋ᠢᠨ ᠲᠥᠷᠥᠯ᠎ᠨᠢ ᠲᠡᠷᠡ ᠳᠠᠷᠤᠶ᠎ᠳᠤᠨᠢ ᠬᠠᠮᠳᠤᠷᠠᠬᠰᠠᠨ ᠪᠠᠢᠯᠳᠤᠭᠠᠨ᠎ᠤ ᠳᠤᠭᠤᠢᠯᠠᠩ ᠪᠠᠢᠭᠤᠯᠵᠤ᠂ ᠡᠯ᠎ᠡ ᠲᠥᠷᠥᠯ᠎ᠦᠨ ᠴᠠᠭ᠍ᠳᠠᠭᠠᠨ᠎ᠤ ᠮᠡᠷᠭᠡᠵᠢᠯ᠎ᠦᠨ ᠠᠷᠭ᠎ᠠ ᠪᠠᠷᠢᠯ᠎ᠢ  ᠭᠦᠶ᠋ᠴᠡᠳ ᠤᠶᠠᠯᠳᠤᠭᠤᠯᠤᠨ᠂ ᠣᠯᠠᠨ ᠬᠡᠮᠵᠢᠯᠳᠦ ᠳ᠋ᠠᠢᠲ᠋ᠠ᠎ᠶ᠋ᠢᠨ ᠵᠠᠳᠠᠯᠤᠯᠲᠠ ᠬᠢᠵᠦ᠍᠂ ᠬᠠᠮᠤᠭ᠎ᠤᠨ ᠡᠴᠦᠰ᠎ᠲᠦ ᠬᠡᠷᠡᠭ ᠤ᠋ᠨ ᠰᠡᠵᠢᠭ᠌ᠳᠡᠨ᠎ᠢ ᠪᠦᠬᠦᠨ᠎ᠢ ᠪᠠᠷᠢᠪᠴᠢᠯᠠᠪᠠ᠃

ᠲᠡᠷᠢᠭᠦᠨ ᠳ᠋ᠠᠢᠲ᠋ᠠ᠎ᠶ᠋ᠢᠨ ᠲᠤᠱᠢᠶᠠᠯᠲᠠᠨ᠎ᠤ ᠠᠵᠢᠯ᠎ᠤᠨ ᠲᠣᠭ᠍ᠲᠠᠴᠠ᠎ᠶ᠋ᠢ ᠬᠡᠷᠡᠭ᠌ᠵᠢᠭᠦᠯᠦᠭ᠌ᠰᠡᠨ ᠨᠢ ᠦᠨᠳᠦᠰᠦᠨ ᠱᠠᠲᠤᠨ᠎ᠤ ᠠᠷᠠᠳ᠎ᠤᠨ ᠲᠤᠰᠠᠯᠠᠬᠤ ᠴᠠᠭ᠍ᠳᠠᠭ᠎ᠠ ᠵᠢᠴᠢ ᠲᠤᠬᠠᠢᠯᠠᠭ᠍ᠰᠠᠨ ᠠᠵᠢᠯ᠎ᠤᠨ ᠴᠠᠭ᠍ᠳᠠᠭ᠎ᠠ᠎ᠶ᠋ᠢᠨ ᠢᠳᠡᠪᠬᠢᠵᠢᠯ᠎ᠢ ᠭᠦᠶ᠋ᠴᠡᠳ ᠳᠠᠢᠴᠢᠯᠠᠪᠠ᠃ ᠣᠳᠣᠬᠠᠨ ᠪᠣᠯᠲᠠᠯ᠎ᠠ᠂ ᠤᠯᠠᠭᠠᠨᠴᠠᠪ ᠬᠣᠲᠠ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ ᠪᠥᠬᠥ᠌ ᠬᠣᠲᠠ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ᠎ᠶ᠋ᠢᠨ ᠬᠡᠪᠴᠢᠶᠡᠨ᠎ᠳᠦ ᠨᠡᠢᠲᠡ 15 ᠲᠡᠷᠢᠭᠦᠨ ᠳ᠋ᠠᠢᠲ᠋ᠠ᠎ᠶ᠋ᠢᠨ ᠲᠤᠱᠢᠶᠠᠯᠲᠠᠨ᠎ᠢ ᠰᠣᠩᠭᠣᠨ ᠭᠠᠷᠭᠠᠭ᠍ᠰᠠᠨ ᠪᠥᠭᠡᠳ 148 ᠲᠡᠷᠢᠭᠦᠨ ᠳ᠋ᠠᠢᠲ᠋ᠠ᠎ᠶ᠋ᠢᠨ ᠲᠤᠱᠢᠶᠠᠯᠲᠠᠨ᠎ᠤ ᠵᠢᠱ᠌ᠢᠭ᠌ᠳᠡᠭ᠌ᠴᠢ᠎ᠶ᠋ᠢ ᠲᠣᠮᠣ ᠳ᠋ᠠᠢᠲ᠋ᠠ᠎ᠶ᠋ᠢᠨ ᠬᠡᠷᠡᠭ᠌ᠯᠡᠭᠡᠨ᠎ᠦ ᠠᠵᠢᠯ᠎ᠳᠤ ᠣᠷᠣᠯᠴᠠᠭᠤᠯᠪᠠ᠃ ᠪᠥᠬᠥ᠌ ᠬᠣᠲᠠ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ ᠠᠮᠤᠷ᠎ᠢ ᠬᠠᠮᠠᠭᠠᠯᠠᠬᠤ ᠬᠠᠮᠢᠶᠠᠷᠤᠯᠲᠠ ᠰᠡᠷᠭᠡᠢᠯᠡᠨ ᠡᠵᠡᠮᠳᠡᠬᠦ᠌᠂ ᠲᠠᠡᠭᠨᠠᠨ ᠪᠠᠢᠴᠠᠭᠠᠬᠤ ᠪᠣᠳᠠᠲᠤ ᠪᠠᠢᠯᠳᠤᠭᠠᠨ᠎ᠤ ᠰᠣᠷᠢᠯᠲᠠ ᠬᠢᠬᠦ᠌᠂ ᠬᠡᠷᠡᠭ᠎ᠢ ᠢᠯᠡᠷᠡᠭᠦᠯᠦᠨ ᠵᠠᠳᠠᠯᠵᠤ ᠰᠤᠳᠤᠯᠤᠨ ᠮᠠᠭᠠᠳᠯᠠᠬᠤ ᠲᠠᠯ᠎ᠠ᠎ᠪᠠᠷ᠂ ᠰᠣᠭ᠍ᠲᠣᠭᠤ᠎ᠪᠠᠷ ᠮᠠᠱᠢᠨ ᠲᠡᠷᠭᠡ ᠵᠢᠯᠣᠭᠣᠳᠬᠤ ᠵᠢ ᠤᠷᠢᠳᠴᠢᠯᠠᠨ ᠰᠡᠷᠡᠮᠵᠢᠯᠡᠭᠦᠯᠬᠦ᠌ ᠵᠡᠷᠭᠡ 78 ᠵᠠᠭ᠍ᠪᠤᠷ᠎ᠢ ᠪᠠᠢᠭᠤᠯᠵᠤ᠂ ᠡᠯ᠎ᠡ ᠲᠥᠷᠥᠯ᠎ᠦᠨ ᠬᠡᠷᠡᠭ᠎ᠲᠦ ᠶᠠᠯ᠎ᠠ ᠵᠢᠨ ᠰᠡᠵᠢᠭ᠌ᠳᠡᠨ᠎ᠢ 134 ᠬᠥᠮᠦᠨ ᠪᠠᠷᠢᠪᠴᠢᠯᠠᠪᠠ᠃

ᠬᠡᠷᠡᠭ᠎ᠢ ᠲᠠᠩᠨᠠᠨ ᠢᠯᠡᠷᠡᠭᠦᠯᠬᠦ᠌᠎ᠡᠴᠡ ᠠᠮᠤᠷ᠎ᠢ ᠬᠠᠮᠠᠭᠠᠯᠠᠵᠤ ᠰᠡᠷᠭᠡᠢᠯᠡᠨ ᠡᠵᠡᠮᠳᠡᠬᠦ᠌ ᠬᠦᠷᠲᠡᠯ᠎ᠡ᠂ ᠴᠢᠳᠠᠪᠤᠷᠢᠲᠠᠨ᠎ᠢ ᠬᠥᠮᠦᠵᠢᠭᠦᠯᠬᠦ᠌᠎ᠡᠴᠡ ᠲᠣᠭ᠍ᠲᠠᠴᠠ᠎ᠶ᠋ᠢᠨ ᠱᠢᠨ᠎ᠡ᠎ᠶ᠋ᠢ ᠡᠭᠦᠳᠬᠦ᠌ ᠬᠦᠷᠲᠡᠯ᠎ᠡ᠂ ᠤᠯᠠᠭᠠᠨᠴᠠᠪ ᠬᠣᠲᠠ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ᠎ᠶ᠋ᠢᠨ ᠲᠡᠷᠢᠭᠦᠨ ᠳ᠋ᠠᠢᠲ᠋ᠠ᠎ᠶ᠋ᠢᠨ ᠲᠤᠱᠢᠶᠠᠯᠲᠠᠨ᠎ᠤ ᠠᠵᠢᠯ᠎ᠤᠨ ᠲᠣᠭ᠍ᠲᠠᠴᠠ᠎ᠨᠢ ᠶᠠᠭ 《ᠲᠣᠭᠠᠴᠢᠯᠠᠭ᠍ᠰᠠᠨ ᠴᠠᠭ᠍ᠳᠠᠭᠠᠨ᠎ᠤ ᠶᠠᠪᠤᠳᠠᠯ》 ᠤ᠋ᠨ ᠪᠠᠢᠭᠤᠯᠤᠯᠲᠠ᠎ᠶ᠋ᠢ ᠠᠬᠢᠭᠤᠯᠬᠤ ᠴᠢᠬᠤᠯᠠ ᠬᠥᠳᠡᠯᠭᠡᠭᠦᠷ ᠪᠣᠯᠵᠣ ᠪᠠᠢᠨ᠎ᠠ᠃ ᠬᠣᠢᠱᠢᠳᠠ᠂ ᠲᠣᠰ ᠲᠣᠪᠴᠢᠶ᠎ᠠ ᠡᠨᠡ ᠬᠦ᠌ ᠲᠣᠭ᠍ᠲᠠᠴᠠ᠎ᠶ᠋ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠍᠂ ᠱᠢᠯᠢᠳᠡᠭ ᠴᠢᠳᠠᠪᠤᠷᠢᠲᠠᠨ᠎ᠢ ᠲᠠᠰᠤᠷᠠᠯᠲᠠ ᠥᠬᠡᠶ ᠱᠢᠯᠢᠨ ᠰᠣᠩᠭᠣᠵᠤ ᠡᠩᠨᠡᠭᠡ᠎ᠶ᠋ᠢ ᠴᠤᠬᠴᠠᠯᠠᠵᠤ᠂ ᠳᠣᠲᠣᠭᠠᠳᠤ᠎ᠶ᠋ᠢ ᠬᠠᠮᠠᠭᠠᠯᠠᠬᠤ ᠠᠵᠢᠯ᠎ᠤᠨ ᠣᠳᠣᠬᠢᠴᠢᠯᠠᠬᠰᠠᠨ ᠲᠦᠪᠱᠢᠨ᠎ᠢ ᠦᠷᠭᠦᠯᠵᠢᠯᠡᠨ ᠳᠡᠭᠡᠭ᠌ᠰᠢᠯᠡᠭᠦᠯᠵᠦ᠍᠂ ᠨᠠᠩ ᠥᠨᠳᠥᠷ ᠲᠦᠪᠱᠢᠨ ᠪᠥᠬᠥᠶ ᠠᠮᠤᠭᠤᠯᠠᠩᠳᠤ ᠤᠯᠠᠭᠠᠨᠴᠠᠪ᠎ᠢ ᠪᠥᠲᠥᠭᠡᠨ ᠪᠠᠢᠭᠤᠯᠬᠤ᠎ᠳᠤ ᠪᠠᠲᠤᠯᠠᠭ᠎ᠠ ᠬᠠᠩᠭᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号