ᠤᠢᠷᠠᠳᠤ ᠂ ᠠᠯᠠᠱᠠ ᠵᠡᠭᠦᠨ ᠬᠣᠱᠢᠭᠤᠨ ᠤ᠋ ᠠᠳᠤᠭᠤᠨ ᠭᠤᠤᠯ ᠭᠠᠴᠠᠭᠠᠳᠤ ᠡᠷᠳᠡᠨᠢ ᠱᠢᠰᠢ ᠵᠢᠨ ᠲᠠᠷᠢᠶ᠎ᠠ ᠬᠥᠬᠡᠷᠡᠨ ᠨᠣᠭᠣᠭᠠᠷᠠᠨ᠎ᠠ᠃ 《ᠡᠨᠡ ᠬᠡᠳᠦᠨ ᠵᠢᠯ ᠭᠠᠩᠳᠠᠵᠤ ᠤᠰᠤᠲᠤᠭ᠍ᠰᠠᠨ ᠴᠤ᠌ ᠬᠤᠷᠢᠶᠠᠯᠲᠠ ᠪᠦᠷ ᠪᠠᠲᠤᠯᠠᠭ᠎ᠠ ᠲᠠᠢ᠂ ᠬᠠᠳᠤᠨ ᠭᠣᠣᠯ ᠤ᠋ᠨ ᠵᠢᠡᠨ ᠠᠴᠢᠪᠠᠷ ᠰᠢᠤ!》 ᠭᠡᠵᠦ ᠲᠠᠷᠢᠶᠠᠴᠢᠨ ᠵᠦ᠍ ᠬᠣᠩ ᠲᠠᠷᠢᠶᠠᠨ ᠤ᠋ ᠪᠡᠨ ᠤᠷᠭᠤᠴᠠ ᠵᠢᠨ ᠪᠠᠢᠳᠠᠯ ᠢ᠋ ᠬᠠᠷᠠᠭᠠᠳ ᠴᠢᠷᠠᠢ ᠳ᠋ᠠᠭᠠᠨ ᠪᠠᠶᠠᠷ ᠤ᠋ᠨ ᠢᠨᠢᠶᠡᠳᠦ ᠳᠤᠳᠤᠷᠠᠭᠤᠯᠤᠨ ᠭᠡᠯᠡᠨ᠎ᠠ᠃
ᠠᠯᠠᠱᠠ ᠠᠢᠮᠠᠭ ᠤ᠋ᠨ ᠡᠮᠦᠨᠡᠲᠦ ᠬᠡᠰᠡᠭ ᠲᠣ᠌ ᠪᠠᠢᠷᠢᠯᠠᠵᠦ ᠪᠠᠢᠭ᠎ᠠ ᠬᠤᠶᠠᠷᠬᠤᠳᠳᠤᠭ ᠤ᠋ᠨ ᠬᠦᠳᠡᠭᠡ ᠵᠢᠨ ᠬᠠᠳᠤᠨ ᠭᠤᠤᠯ ᠤ᠋ᠨ ᠤᠰᠤᠯᠠᠯᠲᠠ ᠵᠢᠨ ᠣᠷᠣᠨ ᠨᠢ ᠲᠩᠷᠢ ᠡᠯᠡᠰᠦᠲᠡᠶ ᠬᠥᠷᠱᠢᠯᠡᠵᠦ᠍᠂ ᠤᠷᠲᠤ ᠬᠤᠭᠤᠴᠠᠭᠠᠪᠠᠷ ᠤᠰᠤ ᠳᠤᠲᠠᠭ᠍ᠳᠠᠵᠤ ᠪᠠᠢᠵᠠᠢ᠃ 1988 ᠣᠨᠳᠤ᠂ ᠤᠰᠤᠨ ᠠᠱᠢᠭ᠍ᠯᠠᠯᠲᠠ ᠵᠢᠨ ᠶᠠᠮᠤᠨ ᠡᠴᠡ ᠬᠤᠶᠠᠷᠬᠤᠳᠳᠤᠭ ᠤ᠋ᠨ ᠬᠦᠳᠡᠭᠡ ᠵᠢᠨ ᠬᠠᠳᠤᠨ ᠭᠤᠤᠯ ᠤ᠋ᠨ ᠤᠰᠤᠯᠠᠯᠲᠠ ᠵᠢᠨ ᠢᠨᠵᠧᠨᠧᠷᠢᠩ ᠤ᠋ᠨ ᠲᠦᠷᠦᠯ ᠵᠦᠢᠯ ᠢ᠋ ᠪᠠᠢᠭᠤᠯᠬᠤ ᠵᠢ ᠵᠥᠪᠱᠢᠶᠡᠷᠡᠪᠡ᠂ ᠲᠡᠷᠡ ᠦᠶ᠎ᠡ ᠳ᠋ᠦ᠂ 《ᠬᠠᠳᠤᠨ ᠭᠣᠣᠯ ᠤ᠋ᠨ ᠤᠰᠤ ᠵᠢ ᠲᠠᠲᠠᠵᠤ ᠠᠪᠴᠢᠷᠠᠬᠤ》 ᠨᠢ ᠠᠯᠠᠱᠠᠴᠤᠳ ᠤ᠋ᠨ ᠤᠰᠤ ᠬᠡᠷᠡᠭ᠌ᠯᠡᠬᠦ᠌ ᠬᠦᠴᠢᠷ ᠠᠰᠠᠭᠤᠳᠠᠯ ᠢ᠋ ᠱᠢᠢᠳᠪᠦᠷᠢᠯᠡᠬᠦ᠌ ᠬᠦᠰᠡᠯ ᠡᠷᠡᠮᠡᠯᠵᠡᠯ ᠪᠣᠯᠵᠠᠢ᠃
1991 ᠣᠨᠳᠤ᠂ ᠨᠢᠭᠡ ᠪᠦᠯᠦᠭ ᠵᠠᠯᠠᠭᠤ ᠲᠤᠰᠭᠠᠢ ᠮᠡᠷᠭᠡᠵᠢᠯ ᠤ᠋ᠨ ᠭᠣᠣᠯᠯᠠᠭ᠍ᠴᠢ ᠬᠦᠴᠦᠨ ᠬᠦᠮᠦᠨ ᠬᠠᠷ᠎ᠠ ᠴᠦᠭᠡᠨ ᠬᠤᠶᠠᠷᠬᠤᠳᠳᠤᠭᠲᠤ ᠢᠷᠡᠵᠦ᠍᠂ ᠬᠤᠶᠠᠷᠬᠤᠳᠳᠤᠭ ᠤ᠋ᠨ ᠬᠦᠳᠡᠭᠡ ᠵᠢᠨ ᠬᠠᠳᠤᠨ ᠭᠤᠤᠯ ᠤ᠋ᠨ ᠤᠰᠤᠯᠠᠯᠲᠠ ᠵᠢᠨ ᠢᠨᠵᠧᠨᠧᠷᠢᠩ ᠢ᠋ ᠨᠡᠭᠡᠭᠡᠨ ᠬᠥᠭ᠌ᠵᠢᠭᠦᠯᠵᠦ ᠪᠦᠲᠦᠭᠡᠨ ᠪᠠᠢᠭᠤᠯᠬᠤ ᠬᠦᠨᠳᠦ ᠡᠭᠦᠷᠭᠡ ᠵᠢ ᠡᠭᠦᠷᠭᠡᠯᠡᠪᠡ᠃ ᠵᠣᠭᠣᠷᠢᠳᠤ ᠰᠠᠭᠤᠵᠤ᠂ ᠪᠦᠳᠦᠭᠦᠯᠢᠭ ᠬᠣᠭᠣᠯᠠ ᠢᠳᠡᠵᠦ᠍᠂ ᠬᠠᠬᠢᠷ ᠬᠦᠢᠲᠡᠨᠲᠡᠶ ᠪᠠᠢᠯᠳᠤᠵᠦ᠂ ᠠᠭᠠᠭᠢᠮ᠎ᠠ ᠬᠠᠯᠠᠭᠤᠨ ᠲᠠᠢ ᠲᠡᠮᠡᠴᠡᠨ᠎ᠡ ᠁ ᠪᠦᠲᠦᠭᠡᠨ ᠪᠠᠢᠭᠤᠯᠤᠯᠲᠠ ᠵᠢᠨ ᠡᠬᠢᠨᠦ ᠦᠶ᠎ᠡ ᠳ᠋ᠦ᠂ ᠲᠡᠳᠡ ᠬᠡᠭᠡᠷ᠎ᠡ ᠭᠠᠳᠠᠨ᠎ᠠ ᠬᠣᠨᠣᠵᠤ᠂ ᠲᠩᠷᠢ ᠲᠤᠯᠤᠮ᠎ᠠ ᠰᠢᠷ᠎ᠠ ᠡᠯᠡᠰᠦᠨ ᠳ᠋ᠦ ᠬᠡᠮᠵᠢᠯᠲᠡ ᠬᠢᠵᠦ᠂ ᠤᠳᠠᠰᠦ ᠳᠠᠳᠠᠵᠦ᠂ ᠰᠤᠪᠠᠭ ᠪᠠᠷᠢᠵᠦ᠂ ᠶᠠᠰᠤ ᠴᠢᠨᠠᠷ ᠤ᠋ᠨ ᠪᠠᠢᠴᠠᠭᠠᠯᠲᠠ ᠬᠢᠵᠦ᠂ ᠠᠲᠠᠷ ᠬᠠᠭᠠᠯᠪᠤᠷᠢᠯᠠᠨ᠂ ᠬᠣᠶᠠᠷ ᠭᠠᠷ ᠳᠠᠭᠠᠨ ᠯᠠ ᠲᠦᠰᠢᠭᠯᠡᠨ ᠡᠯᠡᠰᠦᠨ ᠴᠥᠯ ᠳ᠋ᠦ 43.51 ᠺᠢᠯᠣᠮᠧᠲᠷ ᠤ᠋ᠨ ᠤᠰᠤ ᠳᠠᠮᠵᠢᠭᠤᠯᠬᠤ ᠭᠣᠣᠯ ᠰᠤᠪᠠᠭ ᠢ᠋ ᠪᠠᠢᠭᠤᠯᠵᠤ᠂ 110 ᠺᠢᠯᠣᠸᠤᠯᠲ ᠤ᠋ᠨ ᠬᠦᠴᠦᠳᠡᠯ ᠦᠭᠡᠷᠡᠴᠢᠯᠡᠬᠦ ᠥᠷᠲᠡᠭᠡ ᠵᠢ 3᠂ 35 ᠺᠢᠯᠣᠸᠤᠯᠲ ᠤ᠋ᠨ ᠬᠦᠴᠦᠳᠡᠯ ᠦᠭᠡᠷᠡᠴᠢᠯᠡᠬᠦ ᠥᠷᠲᠡᠭᠡ ᠵᠢ 2 ᠪᠠᠢᠭᠤᠯᠵᠤ᠂ ᠥᠪᠥᠷ ᠮᠣᠩᠭᠣᠯ ᠤ᠋ᠨ ᠡᠷᠭᠦᠭ᠌ᠳᠡᠴᠡᠪᠡᠷ ᠬᠠᠮᠤᠭ ᠤ᠋ᠨ ᠥᠨᠳᠥᠷ ᠳᠥᠷᠪᠡᠨ ᠳᠡᠰ ᠤ᠋ᠨ ᠬᠠᠲᠤᠨ ᠭᠣᠣᠯ ᠤ᠋ᠨ ᠤᠰᠤ ᠲᠠᠲᠠᠬᠤ ᠤᠰᠤᠯᠠᠯᠲᠠ ᠵᠢᠨ ᠣᠷᠣᠨ ᠢ᠋ ᠪᠠᠢᠭᠤᠯᠵᠤ᠂ ᠶᠡᠷᠦᠩᠬᠡᠶ ᠡᠷᠭᠦᠭ᠌ᠳᠡᠴᠡ ᠨᠢ 238 ᠮᠧᠲ᠋ᠷ ᠲᠣ᠌ ᠬᠦᠷᠴᠠᠢ᠃ ᠡᠨᠡ ᠪᠣᠯ ᠬᠤᠶᠠᠷᠬᠤᠳᠳᠤᠭ ᠤ᠋ᠨ ᠬᠦᠳᠡᠭᠡ ᠵᠢᠨ ᠬᠠᠳᠤᠨ ᠭᠤᠤᠯ ᠤ᠋ᠨ ᠤᠰᠤᠯᠠᠯᠲᠠ ᠵᠢᠨ ᠦᠶ᠋ᠯᠡᠰ ᠤ᠋ᠨ ᠬᠥᠭ᠌ᠵᠢᠯᠲᠡ ᠵᠢᠨ ᠲᠥᠪ ᠤ᠋ᠨ ᠵᠠᠯᠠᠭᠤᠴᠤᠳ ᠤ᠋ᠨ ᠭᠠᠪᠱᠢᠭᠠᠶ ᠠᠩᠭᠢ ᠵᠢᠨ ᠠᠩᠬᠠᠨ ᠤ᠋ ᠵᠢᠷᠤᠭᠯᠠᠯ ᠪᠣᠯᠤᠨ᠎ᠠ᠃
ᠬᠦᠳᠡᠭᠡ ᠵᠢᠨ ᠬᠠᠳᠤᠨ ᠭᠤᠤᠯ ᠤ᠋ᠨ ᠤᠰᠤᠯᠠᠯᠲᠠ ᠵᠢᠨ ᠢᠨᠵᠧᠨᠧᠷᠢᠩ ᠤ᠋ᠨ ᠡᠬᠢᠨᠦ ᠬᠤᠭᠤᠴᠠᠭᠠᠨᠳᠤ᠂ ᠪᠣᠶ ᠪᠥᠬᠥᠶ ᠨᠡᠭᠡᠯᠡᠬᠡᠢ ᠵᠢ ᠴᠥᠮ ᠬᠥᠮᠦᠨᠦ ᠬᠦᠴᠦ᠍ᠪᠡᠷ ᠠᠵᠢᠯᠯᠠᠭᠤᠯᠵᠤ᠂ ᠤᠰᠤᠨ ᠤ᠋ ᠬᠡᠮᠵᠢᠶ᠎ᠡ ᠵᠢ ᠬᠡᠮᠵᠢᠬᠦ᠌ ᠠᠷᠭ᠎ᠠ ᠪᠠᠷᠢᠯ ᠨᠢ ᠳᠥᠭᠥᠮ ᠪᠦᠳᠦᠭᠦᠯᠢᠭ᠂ ᠠᠵᠢᠯ ᠤ᠋ᠨ ᠬᠡᠮᠵᠢᠶ᠎ᠡ ᠨᠢ ᠶᠡᠬᠡ᠂ ᠨᠥᠬᠥᠴᠡᠯ ᠨᠢ ᠪᠡᠷᠬᠡ ᠬᠠᠲᠠᠭᠤᠵᠢᠯᠲᠠᠶ ᠪᠠᠢᠪᠠ᠃ ᠭᠠᠪᠰᠢᠭᠠᠢ ᠠᠩᠬᠢ ᠵᠢᠨ ᠵᠠᠯᠠᠭᠤᠴᠤᠳ ᠨᠡᠭᠦᠳᠡᠯ ᠠᠷᠠᠳ ᠢ᠋ ᠰᠡᠳᠭᠢᠯᠳᠡᠭᠡᠨ ᠪᠤᠳᠤᠵᠤ᠂ ᠳᠠᠪᠬᠤᠷ ᠳᠠᠪᠬᠤᠷ ᠬᠦᠴᠢᠷ ᠪᠡᠷᠬᠡᠱᠢᠶᠡᠯ ᠢ᠋ ᠢᠯᠠᠨ ᠳᠠᠪᠠᠵᠤ᠂ ᠬᠤᠶᠠᠷᠬᠤᠳᠳᠤᠭ ᠤ᠋ᠨ ᠬᠦᠳᠡᠭᠡ ᠵᠢᠨ ᠬᠠᠳᠤᠨ ᠭᠤᠤᠯ ᠤ᠋ᠨ ᠤᠰᠤᠯᠠᠯᠲᠠ ᠵᠢᠨ ᠣᠷᠣᠨ ᠤ᠋ ᠠᠮᠤᠷ ᠲᠦᠪᠱᠢᠨ ᠲᠣᠭ᠍ᠲᠠᠭᠤᠨ ᠵᠢᠡᠷ ᠤᠰᠤ ᠬᠠᠩᠭᠠᠬᠤᠳᠤ ᠪᠦᠲᠦᠮᠵᠢᠲᠡᠢ ᠪᠠᠲᠤᠯᠠᠭ᠎ᠠ ᠬᠠᠩᠭᠠᠪᠠ᠃
1997 ᠣᠨ ᠤ᠋ 7 ᠰᠠᠷᠠᠳᠤ᠂ ᠤᠰᠤ ᠬᠠᠩᠭᠠᠬᠤ ᠣᠷᠭᠢᠯ ᠤ᠋ᠨ ᠦᠶ᠎ᠡ ᠳ᠋ᠦ᠂ ᠪᠠᠷᠢᠯᠭ᠎ᠠ ᠵᠢᠨ ᠨᠢᠭᠡᠳᠦᠭᠡᠷ ᠬᠥᠭᠡᠷᠭᠡ ᠵᠢᠨ ᠥᠷᠲᠡᠭᠡᠨ ᠤ᠋ ᠨᠢᠭᠡ ᠵᠢᠵᠢᠭ ᠬᠥᠭᠡᠷᠭᠡ ᠵᠢᠨ ᠳᠡᠯᠪᠢᠲᠦ ᠬᠦᠷᠳᠦ ᠵᠢ ᠰᠣᠯᠢᠬᠤ ᠴᠢᠬᠤᠯᠠᠲᠠᠶ ᠪᠣᠯᠵᠣ᠂ ᠪᠡᠯᠡᠳᠭᠡᠯ ᠳᠡᠯᠪᠢᠲᠦ ᠬᠦᠷᠳᠦ᠍ ᠵᠢ ᠬᠣᠶᠠᠳᠤᠭᠠᠷ ᠬᠥᠭᠡᠷᠭᠡ ᠵᠢᠨ ᠥᠷᠲᠡᠭᠡᠨ ᠳ᠋ᠦ ᠬᠠᠳᠠᠭᠠᠯᠠᠵᠦ ᠪᠠᠢᠪᠠ᠃ ᠰᠤᠯᠢᠬᠤ ᠴᠠᠭ ᠢ᠋ ᠲᠡᠮᠡᠴᠡᠨ ᠤᠯᠬᠤ ᠵᠢᠨ ᠲᠥᠯᠥᠭᠡ᠂ ᠵᠠᠯᠠᠭᠤ ᠠᠵᠢᠯᠲᠠᠨ ᠬᠤᠪᠢᠰᠭᠠᠯᠲᠤ ᠠᠷᠪᠠᠨ ᠬᠡᠳᠦᠨ ᠺᠢᠯᠣᠮᠧᠲ᠋ᠷ ᠵᠠᠮᠨᠠᠵᠦ᠂ ᠵᠠᠭᠤ ᠭᠠᠷᠤᠶ ᠵᠢᠩ ᠤ᠋ᠨ ᠳᠡᠯᠪᠢᠲᠦ ᠬᠦᠷᠳᠦ᠍ ᠵᠢ ᠦᠪᠡᠰᠦᠪᠡᠨ ᠡᠭᠦᠷᠦᠭᠡᠳ ᠢᠷᠡᠴᠢᠭᠡᠪᠡ᠃ ᠲᠡᠭᠦᠨᠦ ᠨᠢᠷᠤᠭᠤ ᠨᠢ ᠠᠯᠢ ᠡᠷᠲᠡ ᠴᠢᠰᠤᠨ ᠨᠦᠵᠢ ᠳ᠋ᠦ ᠪᠢᠯᠳᠠᠭᠳᠠᠭᠰᠠᠨ ᠪᠤᠯᠪᠠᠴᠦ ᠲᠡᠷᠡ ᠥᠴᠦᠬᠡᠨ ᠴᠦ᠍ ᠭᠣᠮᠣᠳᠠᠯ ᠲᠤᠭᠠᠴᠢᠭᠰᠠᠨ ᠦᠭᠡᠢ ᠭᠡᠳᠡᠭ᠃
2022 ᠣᠨ ᠤ᠋ 7 ᠰᠠᠷ᠎ᠠ ᠵᠢᠨ 11 ᠤ᠋ ᠥᠷᠯᠥᠭᠡ᠂ ᠤᠰᠤᠯᠠᠯᠲᠠ ᠵᠢᠨ ᠣᠷᠣᠨᠳᠤ ᠭᠡᠨᠡᠳᠲᠡ ᠠᠭᠠᠳᠠᠷ ᠪᠣᠷᠣᠭᠠᠨ ᠴᠢᠳᠬᠤᠯᠠᠵᠦ᠂ ᠦᠶᠡᠷ ᠤ᠋ᠨ ᠤᠰᠤ ᠰᠤᠪᠠᠭ ᠲᠣ᠌ ᠣᠷᠣᠵᠤ᠂ 10 ᠮᠸᠲᠷ ᠱᠢᠬᠠᠮ ᠰᠤᠪᠠᠭ ᠤ᠋ᠨ ᠬᠠᠱᠢᠯᠭᠠ ᠵᠢ ᠡᠪᠳᠡᠵᠦ᠍᠂ ᠤᠰᠤᠯᠠᠯᠲᠠ ᠵᠢᠨ ᠣᠷᠣᠨ ᠤ᠋ 8.5 ᠲᠦᠮᠡᠨ ᠮᠦ᠍ ᠲᠠᠷᠢᠶᠠᠨ ᠭᠠᠵᠠᠷ ᠤ᠋ᠨ ᠠᠮᠤᠷ ᠲᠦᠪᠱᠢᠨ ᠤᠰᠤᠨ ᠤ᠋ ᠬᠠᠩᠭᠠᠯᠭ᠎ᠠ ᠰᠦᠷᠳᠡᠭᠦᠯᠦᠯ ᠳ᠋ᠦ ᠤᠴᠠᠷᠠᠪᠠ᠃ ᠭᠠᠪᠱᠢᠭᠠᠢ ᠠᠩᠭᠢ ᠵᠢᠨ ᠵᠠᠯᠠᠭᠤᠴᠤᠳ ᠦᠴᠦᠭᠡᠨ ᠴᠣ᠌ ᠡᠷᠡᠭᠡᠯᠵᠡᠯ ᠦᠭᠡᠢᠪᠡᠷ ᠠᠶᠤᠯ ᠡᠴᠡ ᠠᠪᠤᠷᠠᠬᠤ ᠬᠠᠮᠤᠭ ᠤ᠋ᠨ ᠡᠮᠦᠨ᠎ᠡ ᠹᠷᠣᠨᠲ ᠲᠣ᠌ ᠬᠦᠷᠴᠦ᠂ ᠵᠠᠷᠢᠮ ᠨᠢ ᠬᠦᠷᠵᠡ ᠬᠦᠷᠵᠡᠪᠡᠷ ᠱᠢᠷᠣᠢ ᠨᠡᠮᠡᠵᠦ᠍ ᠰᠤᠪᠠᠭ ᠤ᠋ᠨ ᠬᠠᠱᠢᠯᠭᠠ ᠵᠢ ᠪᠡᠬᠢᠯᠡᠵᠦ᠂ ᠵᠠᠷᠢᠮ ᠨᠢ ᠱᠢᠭᠤᠳ ᠥᠮᠥᠳᠥᠨ ᠱᠢᠷᠬᠤᠨᠠᠭ ᠵᠢᠡᠨ ᠰᠢᠭᠤᠵᠦ᠂ ᠰᠤᠪᠠᠭ ᠲᠣ᠌ ᠦᠰᠦᠷᠦᠨ ᠣᠷᠣᠵᠤ ᠪᠡᠯᠡᠳᠬᠡᠯ ᠬᠠᠪᠲᠠᠰᠤ ᠵᠢ ᠴᠡᠪᠡᠷᠯᠡᠨ᠂ 7 ᠴᠠᠭ ᠭᠠᠷᠤᠢ ᠵᠢᠨ ᠠᠶᠤᠯ ᠡᠴᠡ ᠠᠪᠤᠷᠠᠬᠤ ᠠᠵᠢᠯ ᠵᠢᠡᠷ ᠳᠠᠮᠵᠢᠨ ᠠᠶᠤᠯ ᠲᠦᠭ᠌ᠰᠢᠭᠦᠷᠢ ᠵᠢ ᠠᠮᠵᠢᠯᠲᠠ ᠲᠠᠢ ᠠᠷᠢᠯᠭᠠᠪᠠ᠃ ᠡᠳᠡᠭᠡᠷ ᠵᠠᠯᠠᠭᠤᠴᠤᠳ ᠵᠠᠮ ᠰᠤᠪᠠᠭ ᠤ᠋ᠨ ᠠᠵᠢᠯᠯᠠᠭᠠᠨ ᠤ᠋ ᠠᠮᠤᠷ ᠲᠦᠪᠱᠢᠨ ᠪᠠ ᠰᠠᠭᠠᠳ ᠦᠭᠡᠢ ᠤᠰᠤ ᠳᠠᠮᠵᠢᠭᠤᠯᠬᠤ ᠵᠢ ᠳᠠᠬᠢᠨᠲᠠ ᠪᠠᠲᠤᠯᠠᠭᠰᠠᠨ ᠪᠠᠢᠨ᠎ᠠ᠃
30 ᠭᠠᠷᠤᠢ ᠵᠢᠯ ᠤ᠋ᠨ ᠲᠤᠷᠰᠢ ᠂ ᠬᠦᠳᠡᠭᠡ ᠵᠢᠨ ᠬᠠᠳᠤᠨ ᠭᠣᠣᠯ ᠤ᠋ᠨ ᠤᠰᠤᠯᠠᠯᠲᠠ ᠵᠢᠨ ᠢᠨᠵᠧᠨᠧᠷᠢᠩ ᠤ᠋ᠨ ᠪᠦᠬᠦ᠌ ᠱᠤᠭᠤᠮ ᠪᠠ ᠬᠤᠶᠠᠷᠬᠤᠳᠳᠤᠭ ᠤᠰᠤᠯᠠᠯᠲᠠ ᠵᠢᠨ ᠣᠷᠣᠨ ᠳ᠋ᠦ ᠭᠠᠪᠰᠢᠭᠠᠢ ᠠᠩᠬᠢ ᠵᠢᠨ ᠵᠠᠯᠠᠭᠤᠴᠤᠳ ᠤ᠋ᠨ ᠪᠠᠷ᠎ᠠ ᠢᠮᠠᠭᠳᠠ ᠬᠠᠷᠠᠭᠳᠠᠨ᠎ᠠ᠃ ᠬᠥᠭᠡᠷᠭᠡ ᠵᠢᠨ ᠬᠡᠷ ᠲᠣ᠌᠂ ᠳᠡᠳᠡᠠᠭᠠᠭᠢᠮᠠ ᠬᠠᠯᠠᠭᠤᠨ ᠢ᠋ ᠬᠠᠢᠬᠤᠷᠤᠯ ᠦᠭᠡᠢ᠂ ᠡᠳᠦᠷ ᠰᠥᠨᠢ ᠢᠯᠭᠠᠯ ᠥᠬᠡᠶ ᠪᠠᠲᠤ ᠰᠠᠬᠢᠵᠤ᠂ ᠲᠠᠷᠢᠶᠠᠨ ᠭᠠᠵᠠᠷ ᠲᠣ᠌ ᠲᠠᠰᠤᠷᠠᠯᠲᠠ ᠥᠬᠡᠶ ᠤᠰᠤ ᠳᠠᠮᠵᠢᠭᠤᠯᠤᠨ᠎ᠠ;ᠬᠦᠴᠦᠳᠡᠯ ᠥᠭᠡᠷᠡᠴᠢᠯᠡᠬᠦ᠌ ᠭᠠᠵᠠᠷ ᠲᠣ᠌᠂ ᠲᠡᠳᠡ ᠵᠠᠮ ᠱᠤᠭᠤᠮ ᠢ᠋ ᠨᠠᠷᠢᠨ ᠨᠢᠮᠪᠠᠶ ᠬᠠᠮᠠᠭᠠᠯᠠᠵᠤ᠂ ᠤᠰᠤᠯᠠᠯᠲᠠ ᠵᠢᠨ ᠱᠢᠰᠲ᠋ᠧᠮ ᠳ᠋ᠦ ᠪᠠᠲᠤ ᠪᠡᠬᠢ ᠡᠨᠧᠷᠭᠢ ᠵᠢᠨ ᠪᠠᠲᠤᠯᠠᠭ᠎ᠠ ᠬᠠᠩᠭᠠᠨ᠎ᠠ; ᠤᠰᠤ ᠳᠠᠮᠵᠢᠭᠤᠯᠬᠤ ᠭᠣᠣᠯ ᠰᠤᠪᠠᠭ ᠤ᠋ᠨ ᠬᠠᠵᠠᠭᠤᠳᠤ᠂ ᠲᠡᠳᠡ ᠶᠠᠪᠠᠭᠠᠨ ᠵᠢᠡᠷ ᠲᠤᠭᠤᠷᠢᠨ ᠪᠠᠢᠴᠠᠭᠠᠵᠤ᠂ ᠵᠠᠮ ᠰᠤᠪᠠᠭ ᠢ᠋ ᠨᠡᠪᠲᠡᠷᠡᠭᠦᠯᠦᠨ᠂ ᠤᠷᠤᠰᠭᠠᠯ ᠤ᠋ᠨ ᠰᠠᠭᠠᠳ ᠦᠭᠡᠢ ᠨᠡᠪᠲᠡᠷᠡᠬᠦ᠌ ᠵᠢ ᠪᠠᠲᠤᠯᠠᠨ᠎ᠡ; ᠵᠢᠯᠣᠭᠣᠳᠭᠤ ᠲᠠᠰᠤᠭ ᠲᠣ᠌᠂ ᠲᠡᠳᠡ ᠤᠳᠤ ᠦᠶ᠎ᠡ ᠵᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠠᠷᠭ᠎ᠠ ᠪᠠᠷᠢᠯ ᠢ᠋ ᠠᠱᠢᠭ᠍ᠯᠠᠨ ᠤᠰᠤᠨ ᠤ᠋ ᠪᠠᠢᠳᠠᠯ ᠢ᠋ ᠬᠢᠨᠠᠨ ᠬᠡᠮᠵᠢᠵᠦ᠍᠂ ᠡᠬᠢ ᠪᠠᠶᠠᠯᠢᠭ ᠢ᠋ ᠲᠤᠬᠢᠷᠠᠭᠤᠯᠤᠨ᠎ᠠ᠁ ᠦᠶ᠎ᠡ ᠦᠶ᠎ᠡ ᠵᠢᠨ ᠭᠠᠪᠱᠢᠭᠠᠢ ᠠᠩᠬᠢ ᠵᠢᠨ ᠭᠡᠰᠢᠬᠦᠳ《ᠪᠡᠶᠡᠯᠡᠭᠦᠯᠵᠦ᠍ ᠪᠤᠯᠤᠰᠢ ᠦᠭᠡᠢ》 ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠱᠢᠪᠲᠤᠯᠤᠯᠲᠠᠨᠤᠭᠤᠳ ᠵᠢᠡᠷ ᠤᠰᠤᠨ ᠠᠱᠢᠭ᠍ᠯᠠᠯᠲᠠ ᠵᠢᠨ ᠣᠳᠣᠬᠢᠴᠢᠯᠠᠯᠲᠠ ᠵᠢᠨ ᠠᠬᠢᠴᠠ ᠵᠢ ᠲᠠᠰᠤᠷᠠᠯᠳᠠ ᠦᠭᠡᠢ ᠲᠦᠷᠭᠡᠳᠭᠡᠵᠦ᠍᠂ ᠬᠤᠶᠠᠷᠬᠤᠳᠳᠤᠭ ᠤ᠋ᠨ ᠤᠰᠤᠯᠠᠯᠲᠠ ᠵᠢᠨ ᠣᠷᠣᠨ ᠤ᠋ ᠳᠦᠷᠰᠦ ᠪᠠᠢᠳᠠᠯ ᠢ᠋ ᠲᠠᠰᠤᠷᠠᠯᠳᠠ ᠦᠭᠡᠢ ᠬᠤᠪᠢᠷᠠᠭᠤᠯᠵᠤ ᠪᠠᠢᠨ᠎ᠠ᠃
ᠤᠳᠤ ᠵᠢᠨ ᠬᠤᠶᠠᠷᠬᠤᠳᠳᠤᠭ ᠲᠣ᠌ ᠨᠢᠭᠡᠨᠳᠡ 《ᠲᠦᠬᠦᠭᠡᠷᠦᠮᠵᠢ ᠨᠢ ᠪᠦᠷᠢᠨ ᠲᠡᠭᠦᠯᠳᠡᠷ᠂ ᠬᠠᠮᠢᠶᠠᠷᠤᠯᠲᠠ ᠨᠢ ᠱᠢᠨᠵᠢᠯᠡᠬᠦ᠌ ᠤᠬᠠᠭᠠᠨᠴᠢ᠂ ᠤᠰᠤ ᠠᠷᠪᠢᠯᠠᠬᠤ ᠨᠢ ᠥᠨᠳᠥᠷ ᠪᠦᠲᠦᠮᠵᠢᠲᠡᠶ᠂ ᠠᠮᠢ ᠠᠬᠤᠶ ᠨᠢ ᠰᠠᠢᠨ》 ᠣᠳᠣᠬᠢᠴᠢᠯᠠᠭ᠍ᠰᠠᠨ ᠤᠰᠤᠯᠠᠯᠲᠠ ᠵᠢᠨ ᠣᠷᠣᠨ ᠢ᠋ ᠨᠢᠭᠡᠨᠲᠡ ᠠᠩᠬ᠎ᠠ ᠠᠯᠬᠤᠮ ᠪᠠᠢᠭᠤᠯᠵᠤ᠂ ᠮᠡᠳᠡᠭᠡ ᠵᠠᠩᠭᠢᠵᠢᠯᠲᠠ᠂ ᠪᠠᠷᠢᠮᠵᠢᠶᠠᠵᠢᠭᠤᠯᠤᠯᠲᠠ᠂ ᠵᠢᠷᠤᠮᠵᠢᠭᠤᠯᠤᠯᠲᠠ᠂ ᠳᠦᠷᠢᠮᠵᠢᠭᠦᠯᠦᠯᠲᠡ᠂ ᠨᠠᠷᠢᠯᠢᠭ᠍ᠵᠢᠭᠤᠯᠤᠯᠲᠠ ᠵᠢᠨ ᠪᠠᠢᠭᠤᠯᠤᠯᠲᠠ ᠨᠢ ᠡᠷᠭᠢᠨ ᠲᠣᠭᠣᠷᠢᠨ ᠤ᠋ ᠤᠰᠤᠯᠠᠯᠲᠠ ᠵᠢᠨ ᠣᠷᠣᠨ ᠤ᠋ ᠡᠮᠦᠨ᠎ᠡ ᠡᠩᠨᠡᠭᠡᠨ ᠳ᠋ᠦ ᠵᠢᠭᠰᠠᠪᠠ᠃
ᠣᠳᠣᠬᠠᠨᠳᠤ᠂ ᠲᠤᠰ ᠪᠦᠯᠬᠦᠮ ᠤ᠋ᠨ 44 ᠬᠥᠮᠦᠨᠤ 61% ᠨᠢ ᠴᠥᠮ ᠪᠦᠬᠦᠯᠢ 35 ᠨᠠᠰᠤᠨ ᠡᠴᠡ ᠳᠣᠷᠣᠭ᠍ᠰᠢᠬᠢ ᠵᠠᠯᠠᠭᠤᠴᠤᠳ ᠪᠣᠯᠤᠨ᠎ᠠ᠂ ᠲᠡᠳᠡ ᠬᠤᠶᠠᠷᠬᠤᠳᠳᠤᠭ ᠤ᠋ᠨ ᠬᠦᠳᠡᠭᠡ ᠵᠢᠨ ᠬᠠᠳᠤᠨ ᠭᠤᠤᠯ ᠤ᠋ᠨ ᠤᠰᠤᠯᠠᠯᠲᠠ ᠵᠢᠨ ᠣᠷᠣᠨ ᠤ᠋ ᠢᠨᠵᠧᠨᠧᠷᠢᠩ ᠤ᠋ᠨ ᠪᠦᠲᠦᠭᠡᠨ ᠪᠠᠢᠭᠤᠯᠤᠯᠲᠠ᠂ ᠲᠥᠬᠥᠭᠡᠷᠦᠮᠵᠢ ᠵᠢᠨ ᠠᠵᠢᠯᠯᠠᠭᠠᠨ᠂ ᠵᠠᠮ ᠰᠤᠪᠠᠭ ᠤ᠋ᠨ ᠲᠣᠭᠣᠷᠢᠨ ᠬᠠᠮᠠᠭᠠᠯᠠᠯᠲᠠ᠂ ᠠᠶᠤᠯ ᠡᠴᠡ ᠠᠪᠤᠷᠠᠵᠤ ᠰᠡᠯᠪᠢᠨ ᠵᠠᠰᠠᠬᠤ᠂ ᠲᠤᠬᠢᠷᠠᠭᠤᠯᠤᠨ ᠵᠢᠯᠣᠭᠣᠳᠭᠤ ᠵᠡᠷᠭᠡ ᠡᠭᠦᠷᠭᠡ ᠵᠢ ᠡᠭᠦᠷᠭᠡᠯᠡᠵᠦ᠍ ᠪᠠᠢᠨ᠎ᠠ᠃ ᠱᠢᠨ᠎ᠡ ᠨᠢᠭᠡ ᠦᠶ᠎ᠡ ᠵᠢᠨ ᠬᠠᠳᠤᠨ ᠭᠤᠤᠯ ᠤ᠋ᠨ ᠤᠰᠤᠯᠠᠯᠲᠠ ᠵᠢᠨ ᠤᠷᠤᠨ ᠤ᠋ ᠵᠠᠯᠠᠭᠤᠴᠤᠳ ᠠᠬᠠᠮᠠᠳ ᠦᠶ᠎ᠡ ᠵᠢᠨ ᠬᠢᠨᠦ ᠭᠠᠷ ᠡᠴᠡ ᠪᠤᠤᠬᠢᠢᠠ ᠲᠤᠰᠴᠤ᠌᠂ ᠪᠤᠳᠠᠳᠠᠢ ᠦᠢᠯᠡ ᠠᠵᠢᠯᠯᠠᠭ᠎ᠠᠪᠠᠷ ᠵᠢᠡᠨ《ᠱᠢᠷᠭᠠᠭᠤ ᠬᠠᠲᠠᠭᠤᠵᠢᠯᠲᠠᠢ ᠲᠡᠮᠡᠴᠡᠬᠦ᠌᠂ ᠬᠠᠷᠠᠮ ᠦᠭᠡᠢ ᠵᠣᠷᠢᠭᠤᠯᠬᠤ᠂ ᠪᠦᠯᠬᠦᠮᠳᠡᠨ ᠲᠡᠮᠡᠴᠡᠬᠦ᠌᠂ ᠪᠣᠳᠠᠲᠠᠢ ᠵᠢ ᠡᠷᠬᠢᠮᠯᠡᠨ ᠱᠢᠨ᠎ᠡ ᠵᠢ ᠡᠭᠦᠳᠬᠦ᠌》 ᠬᠠᠳᠤᠨ ᠭᠤᠤᠯ ᠤ᠋ᠨ ᠤᠰᠤᠯᠠᠯᠲᠠ ᠵᠢᠨ ᠤᠷᠤᠨ ᠤ᠋ ᠵᠣᠷᠢᠭ ᠰᠠᠨᠠᠭ᠎ᠠ ᠵᠢ ᠪᠠᠳᠠᠷᠠᠭᠤᠯᠵᠤ ᠪᠠᠢᠨ᠎ᠠ᠃