《ᠮᠠᠲᠧᠷᠢᠶᠠᠯ᠎ᠢᠶᠠᠨ ᠲᠤᠰᠢᠶᠠᠭᠰᠠᠨ ᠡᠴᠡ ᠠᠪᠤᠭᠠᠳ ᠲᠣᠭᠲᠠᠭᠠᠯᠲᠠ᠎ᠶᠢᠨ ᠪᠢᠴᠢᠭ᠎ᠢ ᠣᠯᠲᠠᠯ᠎ᠠ ᠭᠤᠷᠪᠠᠬᠠᠨ ᠴᠠᠭ ᠬᠡᠷᠡᠭᠯᠡᠪᠡ᠂ ᠦᠨᠡᠬᠡᠷ ᠬᠤᠷᠳᠤᠨ ᠪᠠᠢᠨ᠎ᠠ》᠃ ᠲᠦᠷᠦᠭᠦᠬᠡᠨ ᠲᠦᠩᠯᠢᠶᠣᠣ ᠬᠣᠲᠠ᠎ᠶᠢᠨ ᠺᠠᠢᠯᠤ ᠰᠢᠶᠠᠨ᠎ᠤ ᠠᠷᠠᠳ᠎ᠤᠨ ᠰᠢᠭᠦᠬᠦ ᠬᠣᠷᠢᠶ᠎ᠠ ᠺᠠᠢᠯᠤ ᠰᠢᠶᠠᠨ᠎ᠤ ᠮᠥᠩᠭᠥᠨ ᠭᠦᠢᠯᠭᠡᠭᠡᠨ᠎ᠦ ᠵᠠᠭᠤᠷᠠᠯᠳᠤᠭᠠᠨ᠎ᠤ ᠠᠷᠠᠳ᠎ᠤᠨ ᠡᠶᠡᠳᠡᠭᠦᠯᠬᠡ ᠵᠢᠨ ᠵᠦᠪᠯᠡᠯ ᠲᠠᠢ ᠬᠠᠮᠵᠢᠯᠴᠠᠵᠤ᠂ ᠭᠤᠷᠪᠠᠬᠠᠨ ᠴᠠᠭ᠎ᠤᠨ ᠳᠣᠲᠣᠷ᠎ᠠ ᠳᠠᠷᠤᠢ 9 ᠤᠳᠠᠭᠠᠨ᠎ᠤ ᠮᠥᠩᠭᠥᠨ ᠭᠦᠢᠯᠭᠡᠭᠡᠨ᠎ᠦ ᠵᠠᠭᠤᠷᠠᠯᠳᠤᠭᠠᠨ᠎ᠢ ᠠᠮᠵᠢᠯᠲᠠ᠎ᠲᠠᠢ ᠰᠢᠢᠳᠪᠦᠷᠢᠯᠡᠭᠰᠡᠨ ᠪᠥᠭᠡᠳ ᠬᠠᠤᠯᠢ ᠴᠠᠭᠠᠵᠠ᠎ᠶᠢᠨ ᠨᠤᠲᠠᠯᠠᠯᠲᠠ᠎ᠶᠢ ᠪᠡᠶᠡᠯᠡᠭᠦᠯᠵᠡᠢ᠂ ᠭᠠᠭᠴᠠ ᠬᠡᠷᠡᠭ᠎ᠦᠨ ᠬᠠᠮᠤᠭ᠎ᠤᠨ ᠥᠨᠳᠥᠷ ᠦᠷᠳᠡᠭ ᠤᠨ ᠬᠡᠮᠵᠢᠶ᠎ᠡ ᠨᠢ 90 ᠲᠦᠮᠡᠨ ᠲᠥᠭᠥᠷᠢᠭ᠎ᠲᠦ ᠬᠦᠷᠴᠦ᠂ ᠲᠤᠬᠠᠢ᠎ᠶᠢᠨ ᠬᠥᠮᠥᠨ᠎ᠦ ᠵᠠᠷᠭᠤ᠎ᠶᠢᠨ ᠥᠪᠡᠷ᠎ᠦᠨ ᠥᠷᠲᠡᠭ᠎ᠢ ᠨᠡᠶ᠋ᠢᠲᠡ 1.3 ᠲᠦᠮᠡᠨ ᠲᠥᠭᠥᠷᠢᠭ ᠠᠷᠪᠢᠯᠠᠵᠤ᠂ ᠥᠨᠳᠥᠷ ᠪᠦᠲᠦᠮᠵᠢᠲᠡᠶ ᠡᠶᠡᠳᠡᠭᠦᠯᠭᠡ ᠨᠢ ᠲᠤᠬᠠᠢ᠎ᠶᠢᠨ ᠬᠥᠮᠥᠨ᠎ᠦ ᠮᠠᠭᠲᠠᠭᠠᠯ ᠰᠠᠢᠰᠢᠶᠠᠯ᠎ᠢ ᠣᠯᠪᠠ᠃
ᠺᠠᠢᠯᠤ ᠰᠢᠶᠠᠨ ᠤ ᠠᠷᠠᠳ᠎ᠤᠨ ᠰᠢᠭᠦᠬᠦ ᠬᠣᠷᠢᠶ᠎ᠠ ᠵᠢᠨ ᠳᠠᠷᠤᠭ᠎ᠠ ᠴᠢᠨ ᠰᠢᠶᠣᠣ ᠮᠢᠩ᠂ ᠢᠲᠡᠭᠡᠮᠵᠢ᠎ᠶᠢᠨ ᠺᠠᠷᠲ ᠤᠨ ᠥᠷᠢᠲᠦᠭᠰᠡᠨ ᠵᠣᠭᠣᠰ᠂ ᠪᠠᠭ᠎ᠠ ᠵᠢᠵᠢᠭ ᠠᠵᠤ ᠠᠬᠤᠢᠯᠠᠯ᠎ᠤᠨ ᠵᠢᠭᠡᠯᠡᠯᠭᠡ ᠵᠡᠷᠭᠡ ᠵᠠᠭᠤᠷᠠᠯᠳᠤᠭᠠᠨ᠎ᠳᠤ ᠴᠢᠭᠯᠡᠭᠦᠯᠦᠨ᠂ ᠲᠣᠰ ᠬᠣᠷᠢᠶ᠎ᠠ 《ᠰᠢᠭᠦᠬᠦ ᠬᠣᠷᠢᠶ᠎ᠠ + ᠶᠡᠷᠦᠩᠬᠡᠢᠯᠡᠨ ᠵᠠᠰᠠᠬᠤ ᠲᠥᠪ》 ᠤ᠋ᠨ ᠰᠢᠨ᠎ᠡ ᠵᠠᠭᠪᠤᠷ᠎ᠲᠤ ᠲᠦᠰᠢᠭᠯᠡᠨ᠂ ᠮᠥᠩᠭᠥᠨ ᠭᠦᠢᠯᠭᠡᠭᠡᠨ᠎ᠦ ᠲᠦᠭᠰᠢᠭᠦᠷᠢ᠎ᠶᠢ ᠵᠢᠭ᠍ᠰᠠᠭᠠᠨ ᠪᠠᠢᠴᠠᠭᠠᠬᠤ ᠠᠵᠢᠯ᠎ᠳᠤ ᠤᠷᠢᠳᠴᠢᠯᠠᠨ ᠣᠷᠣᠯᠴᠠᠵᠤ᠂ ᠺᠠᠢᠯᠤ ᠰᠢᠶᠠᠨ᠎ᠤ ᠮᠥᠩᠭᠥᠨ ᠭᠦᠢᠯᠭᠡᠭᠡᠨ᠎ᠦ ᠵᠠᠭᠤᠷᠠᠯᠳᠤᠭᠠᠨ ᠤ᠋ ᠠᠷᠠᠳ᠎ᠤᠨ ᠡᠶᠡᠳᠡᠭᠦᠯᠬᠡ ᠵᠢᠨ ᠵᠦᠪᠯᠡᠯ᠎ᠲᠠᠢ ᠬᠠᠮᠲᠤᠷᠠᠨ ᠲᠤᠰᠬᠠᠢ ᠮᠡᠷᠭᠡᠵᠢᠯ᠎ᠦᠨ ᠪᠦᠯᠬᠦᠮ ᠪᠠᠢᠭᠤᠯᠵᠤ᠂《ᠨᠢᠭᠡ ᠬᠡᠷᠡᠭ᠎ᠲᠦ ᠨᠢᠭᠡ ᠠᠷᠭ᠎ᠠ ᠪᠣᠳᠣᠯᠭ᠎ᠠ》᠎ᠪᠡᠷ ᠡᠶᠡᠳᠡᠭᠦᠯᠬᠦ ᠲᠥᠰᠥᠯ᠎ᠢ ᠣᠨᠣᠪᠴᠢᠲᠠᠶ ᠲᠣᠭᠲᠠᠭᠠᠵᠤ᠂ ᠡᠶᠡᠳᠡᠭᠦᠯᠦᠭᠡᠳ ᠲᠣᠬᠢᠷᠠᠭᠰᠠᠨᠤ ᠳᠠᠷᠠᠭ᠎ᠠ ᠳᠠᠷᠤᠢ ᠶᠡᠷᠦᠩᠬᠡᠢᠯᠡᠨ ᠵᠠᠰᠠᠬᠤ ᠲᠥᠪ᠎ᠲᠦ ᠲᠤᠬᠠᠢ᠎ᠶᠢᠨ ᠭᠠᠵᠠᠷ ᠲᠤᠨᠢ ᠰᠢᠭᠦᠬᠦ ᠬᠣᠷᠢᠶ᠎ᠠ᠎ᠡᠴᠡ ᠬᠠᠤᠯᠢ ᠴᠠᠭᠠᠵᠠ᠎ᠶᠢᠨ ᠨᠤᠲᠠᠯᠠᠯᠲᠠ ᠬᠢᠯᠭᠡᠬᠦ᠎ᠪᠡᠷ ᠭᠤᠶᠤᠴᠢᠯᠠᠵᠤ ᠪᠣᠯᠣᠨ᠎ᠠ ᠬᠡᠵᠦ ᠲᠠᠨᠢᠯᠴᠠᠭᠤᠯᠪᠠ᠃
ᠵᠥᠷᠢᠴᠡᠯ ᠵᠠᠭᠤᠷᠠᠯᠳᠤᠭᠠᠨ᠎ᠢ ᠴᠢᠨᠠᠷ ᠰᠠᠢᠲᠠᠢ ᠥᠨᠳᠥᠷ ᠪᠦᠲᠦᠮᠵᠢᠲᠡᠶ ᠳᠥᠭᠥᠮ ᠳᠥᠲᠡ ᠰᠢᠢᠳᠪᠦᠷᠢᠯᠡᠬᠦ ᠪᠣᠯ ᠠᠷᠠᠳ ᠣᠯᠠᠨ᠎ᠤ ᠲᠤᠯᠭᠠᠮ ᠱᠠᠭᠠᠷᠲᠠᠯᠭ᠎ᠠ ᠮᠥᠨ᠃ ᠶᠡᠷᠦᠩᠬᠡᠢᠯᠡᠨ ᠵᠠᠰᠠᠬᠤ ᠲᠥᠪ ᠪᠣᠯ ᠤᠯᠤᠰ ᠲᠦᠷᠦ ᠬᠠᠤᠯᠢ ᠴᠠᠭᠠᠵᠠ ᠶᠢᠨ ᠡᠭᠦᠷᠭᠡ ᠴᠢᠳᠠᠪᠬᠢᠳᠤ ᠰᠠᠭᠤᠷᠢᠯᠠᠵᠤ᠂ ᠡᠯ᠎ᠡ ᠰᠠᠯᠠᠭ᠎ᠠ ᠮᠥᠴᠢᠷ ᠦᠨ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠬᠦ᠎ᠶᠢ ᠠᠬᠢᠭᠤᠯᠤᠨ᠂ ᠬᠠᠮᠲᠤᠷᠠᠯ ᠬᠦᠴᠦᠨ ᠢ ᠪᠦᠷᠢᠯᠳᠦᠭᠦᠯᠵᠦ᠂ ᠵᠥᠷᠢᠴᠡᠯ ᠵᠠᠭᠤᠷᠠᠯᠳᠤᠭᠠᠨ᠎ᠢ ᠰᠡᠷᠭᠡᠢᠯᠡᠨ ᠠᠷᠢᠯᠭᠠᠬᠤ ᠠᠵᠢᠯ᠎ᠢ ᠥᠷᠨᠢᠭᠦᠯᠬᠦ ᠪᠠ ᠨᠡᠢᠭᠡᠮ᠎ᠦᠨ ᠠᠮᠤᠷ ᠲᠦᠪᠰᠢᠨ᠎ᠦ ᠠᠶᠤᠯ ᠲᠦᠭᠰᠢᠭᠦᠷᠢ᠎ᠶᠢ ᠰᠡᠷᠭᠡᠢᠯᠡᠨ ᠡᠵᠡᠮᠳᠡᠬᠦ ᠶᠢ ᠬᠠᠪᠰᠤᠷᠤᠨ ᠠᠬᠢᠭᠤᠯᠬᠤ ᠴᠢᠬᠤᠯᠠ ᠠᠵᠢᠯ᠎ᠤᠨ ᠲᠠᠪᠴᠠᠩ ᠪᠣᠯᠣᠨ᠎ᠠ᠃ ᠲᠦᠩᠯᠢᠶᠣᠣ ᠬᠤᠳᠠ᠎ᠶᠢᠨ ᠰᠢᠭᠦᠬᠦ ᠬᠣᠷᠢᠶ᠎ᠠ᠎ᠶᠢᠨ ᠰᠢᠰᠲ᠋ᠸᠮ ᠰᠢᠭᠦᠨ ᠲᠠᠰᠤᠯᠬᠤ ᠡᠭᠦᠷᠭᠡ ᠴᠢᠳᠠᠪᠬᠢ᠎ᠶᠢᠨ ᠪᠠᠢᠷᠢ ᠲᠣᠭᠲᠠᠭᠠᠯᠲᠠ᠎ᠳᠤ ᠰᠠᠭᠤᠷᠢᠯᠠᠵᠤ᠂ ᠦᠨᠳᠦᠰᠦᠨ ᠱᠠᠲᠤᠨ᠎ᠤ ᠨᠡᠢᠭᠡᠮ᠎ᠦᠨ ᠵᠠᠰᠠᠯᠲᠠ᠎ᠳᠤ ᠰᠠᠨᠠᠭᠠᠴᠢᠯᠠᠭ᠎ᠠ ᠡᠴᠡ᠎ᠪᠠᠨ ᠠᠭᠤᠰᠤᠯᠴᠠᠵᠤ᠂ 《ᠰᠢᠭᠦᠬᠦ ᠬᠣᠷᠢᠶ᠎ᠠ + ᠶᠡᠷᠦᠩᠬᠡᠢᠯᠡᠨ ᠵᠠᠰᠠᠬᠤ ᠲᠥᠪ》᠎ᠤ᠋ᠨ ᠰᠢᠨ᠎ᠡ ᠵᠠᠭᠪᠤᠷ᠎ᠢ ᠰᠦᠪᠡᠭᠴᠢᠯᠡᠬᠦ᠎ᠪᠡᠷ ᠳᠠᠮᠵᠢᠵᠤ᠂ ᠶᠡᠷᠦᠩᠬᠡᠢᠯᠡᠨ ᠵᠠᠰᠠᠬᠤ ᠲᠥᠪ᠎ᠦᠨ ᠵᠢᠷᠤᠮᠵᠢᠭ᠍ᠰᠠᠨ ᠪᠠᠢᠭᠤᠯᠤᠯᠲᠠ᠎ᠳᠤ ᠢᠳᠡᠪᠬᠢᠲᠡᠢ ᠬᠦᠴᠦᠨ ᠨᠡᠮᠡᠷᠢᠯᠡᠵᠦ᠂ ᠵᠥᠷᠢᠴᠡᠯ ᠵᠠᠭᠤᠷᠠᠯᠳᠤᠭᠠᠨ᠎ᠢ ᠡᠬᠢ ᠡᠭᠦᠰᠦᠯ᠎ᠡᠴᠡ ᠨᠢ ᠰᠢᠢᠳᠪᠦᠷᠢᠯᠡᠬᠦ᠎ᠪᠡᠷ ᠴᠢᠷᠮᠠᠢᠪᠠ᠃
ᠲᠦᠩᠯᠢᠶᠣᠣ ᠬᠣᠲᠠ᠎ᠶᠢᠨ ᠡᠯ᠎ᠡ ᠦᠨᠳᠦᠰᠦᠨ ᠱᠠᠲᠤᠨ᠎ᠤ ᠰᠢᠭᠦᠬᠦ ᠬᠣᠷᠢᠶ᠎ᠠ ᠲᠣᠰ ᠲᠣᠰ᠎ᠤᠨ ᠬᠠᠷᠢᠶ᠎ᠠ ᠣᠷᠣᠨ ᠤ ᠪᠠᠨ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠤᠨ᠂ ᠰᠢᠭᠦᠬᠦ ᠲᠤᠰᠢᠶᠠᠯᠲᠠᠨ᠂ ᠠᠵᠢᠯ ᠡᠴᠡ᠎ᠪᠠᠨ ᠠᠮᠠᠷᠠᠬᠰᠠᠨ ᠰᠢᠭᠦᠬᠦ ᠲᠤᠰᠢᠶᠠᠯᠲᠠᠨ ᠵᠢᠴᠢ ᠰᠢᠭᠦᠬᠦ ᠲᠤᠰᠢᠶᠠᠯᠲᠠᠨ᠎ᠤ ᠲᠤᠰᠠᠯᠠᠭ᠍ᠴᠢ᠂ ᠪᠢᠴᠢᠭᠡᠴᠢ ᠵᠡᠷᠭᠡ ᠬᠠᠤᠯᠢ ᠴᠠᠭᠠᠵᠠ᠎ᠶᠢᠨ ᠲᠤᠰᠠᠯᠠᠬᠤ ᠠᠵᠢᠯᠲᠠᠨ᠎ᠢ ᠰᠣᠩᠭᠣᠨ ᠲᠣᠮᠢᠯᠠᠵᠤ ᠶᠡᠷᠦᠩᠬᠡᠢᠯᠡᠨ ᠵᠠᠰᠠᠬᠤ ᠲᠥᠪ᠎ᠲᠦ ᠪᠠᠢᠩᠭᠤ ᠰᠠᠭᠤᠯᠭᠠᠬᠤ᠎ᠶᠢᠨ ᠬᠠᠮᠲᠤ ᠵᠢᠯᠣᠭᠣᠳᠤᠨ ᠡᠶᠡᠳᠡᠭᠦᠯᠬᠦ᠂ ᠵᠠᠭᠤᠷᠠᠯᠳᠤᠭᠠᠨ᠎ᠢ ᠬᠤᠪᠢᠶᠠᠷᠢᠯᠠᠬᠤ᠂ ᠬᠠᠤᠯᠢ ᠴᠠᠭᠠᠵᠠ᠎ᠶᠢᠨ ᠨᠤᠲᠠᠯᠠᠯᠲᠠ ᠬᠢᠬᠦ ᠵᠡᠷᠭᠡ ᠦᠢᠯᠡᠴᠢᠯᠡᠭᠡ ᠬᠠᠩᠭᠠᠪᠠ᠃ ᠣᠳᠣᠬᠠᠨ ᠳᠤ᠂ ᠲᠦᠩᠯᠢᠶᠣᠣ ᠬᠣᠲᠠ᠎ᠶᠢᠨ ᠰᠢᠭᠦᠬᠦ ᠬᠣᠷᠢᠶ᠎ᠠ᠎ᠶᠢᠨ ᠰᠢᠰᠲᠧᠮ᠎ᠦᠨ 8 ᠦᠨᠳᠦᠰᠦᠨ ᠱᠠᠲᠤᠨ ᠤ ᠰᠢᠭᠦᠬᠦ ᠬᠣᠷᠢᠶ᠎ᠠ ᠪᠦᠬᠦᠨ᠎ᠢᠶᠡᠷ᠎ᠢᠶᠡᠨ ᠶᠡᠷᠦᠩᠬᠡᠢᠯᠡᠨ ᠵᠠᠰᠠᠬᠤ ᠲᠥᠪ᠎ᠲᠦ ᠨᠡᠢᠲᠡ 114 ᠬᠦᠮᠦᠨ ᠤᠷᠤᠵᠦ ᠰᠠᠭᠤᠪᠠ᠃
ᠡᠭᠦᠨ᠎ᠦ ᠬᠠᠮᠲᠤ᠂ ᠲᠦᠩᠯᠢᠶᠣᠣ ᠬᠣᠲᠠ᠎ᠶᠢᠨ ᠰᠢᠭᠦᠬᠦ ᠬᠣᠷᠢᠶ᠎ᠠ᠎ᠶᠢᠨ ᠰᠢᠰᠲᠧᠮ᠎ᠦᠨ ᠬᠢᠨ ᠡᠶᠡᠳᠡᠭᠦᠯᠬᠦ᠎ᠶᠢ ᠵᠢᠯᠤᠭᠣᠳᠬᠤ ᠬᠠᠤᠯᠢ᠎ᠪᠠᠷ ᠲᠣᠭᠲᠠᠭᠠᠭᠰᠠᠨ ᠡᠭᠦᠷᠭᠡ ᠴᠢᠳᠠᠪᠤᠷᠢ ᠪᠠᠨ ᠪᠣᠳᠠᠲᠠᠢᠵᠢᠭᠤᠯᠵᠤ᠂ ᠲᠤᠬᠠᠢ᠎ᠶᠢᠨ ᠲᠠᠯᠠᠪᠤᠷ᠎ᠲᠤ ᠵᠢᠯᠤᠭᠣᠳᠬᠤ᠂ ᠲᠢᠩᠬᠢᠮ᠎ᠦᠨ ᠰᠢᠭᠦᠯᠲᠡ᠎ᠪᠡᠷ ᠲᠣᠭᠣᠷᠢᠨ ᠦᠵᠡᠬᠦ᠂ ᠲᠤᠷᠰᠢᠯᠭ᠎ᠠ᠎ᠪᠠᠨ ᠰᠣᠯᠢᠯᠴᠠᠬᠤ ᠵᠡᠷᠭᠡ ᠬᠡᠯᠪᠡᠷᠢ᠎ᠪᠡᠷ ᠳᠠᠮᠵᠢᠨ᠂ ᠮᠥᠩᠭᠥᠨ ᠭᠦᠢᠯᠭᠡᠭᠡᠨ᠎ᠦ ᠵᠠᠭᠤᠷᠠᠯᠳᠤᠭᠠᠨ᠎ᠤ ᠠᠷᠠᠳ᠎ᠤᠨ ᠡᠶᠡᠳᠡᠭᠦᠯᠬᠦ ᠵᠦᠪᠯᠡᠯ᠂ ᠢᠲᠡᠭᠡᠮᠵᠢ᠎ᠶᠢᠨ ᠵᠠᠭᠤᠷᠠᠯᠳᠤᠭᠠᠨ᠎ᠤ ᠠᠷᠠᠳ᠎ᠤᠨ ᠡᠶᠡᠳᠡᠭᠦᠯᠬᠦ ᠵᠦᠪᠯᠡᠯ᠂ ᠡᠮᠡᠭᠲᠡᠢᠴᠦᠳ᠎ᠦᠨ ᠬᠣᠯᠪᠣᠭ᠎ᠠ ᠵᠡᠷᠭᠡ ᠡᠶᠡᠳᠡᠭᠦᠯᠭᠡ ᠢ᠋ᠢᠨ ᠵᠣᠬᠢᠶᠠᠨ ᠪᠠᠢᠭᠤᠯᠤᠯᠲᠠ ᠪᠤᠶᠤ ᠰᠠᠯᠠᠭ᠎ᠠ ᠮᠥᠴᠢᠷ᠎ᠲᠦ ᠵᠢᠯᠣᠭᠣᠳᠤᠯᠭ᠎ᠠ ᠥᠷᠨᠢᠭᠦᠯᠵᠦ᠂ ᠵᠥᠷᠢᠴᠡᠯ ᠵᠠᠭᠤᠷᠠᠯᠳᠤᠭᠠᠨ ᠢ ᠰᠢᠢᠳᠪᠦᠷᠢᠯᠡᠬᠦ ᠠᠮᠵᠢᠯᠲᠠ᠎ᠶᠢᠨ ᠨᠣᠷᠮ᠎ᠠ᠎ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠬᠣᠷᠴᠢᠨ ᠵᠡᠭᠦᠨ ᠭᠠᠷᠤᠨ ᠬᠣᠢᠲᠤ ᠬᠣᠱᠢᠭᠤᠨ᠎ᠤ ᠠᠷᠠᠳ᠎ᠤᠨ ᠱᠢᠭᠦᠬᠦ᠌ ᠬᠣᠷᠢᠶ᠎ᠠ ᠲᠣᠭ᠍ᠲᠠᠮᠠᠯ ᠬᠤᠭᠤᠴᠠᠭ᠎ᠠ᠎ᠲᠠᠶ᠎ᠪᠠᠷ ᠱᠢᠭᠦᠬᠦ᠌ ᠲᠤᠱᠢᠶᠠᠯᠲᠠᠨ ᠲᠣᠮᠢᠯᠠᠨ ᠠᠷᠠᠳ᠎ᠤᠨ ᠡᠶᠡᠳᠡᠭᠦᠯᠦᠭ᠌ᠴᠢ ᠵᠡᠷᠭᠡ᠎ᠳᠦ ᠡᠶᠡᠳᠡᠭᠦᠯᠬᠦ᠌ ᠲᠤᠬᠠᠢᠯᠠᠭ᠍ᠰᠠᠨ ᠠᠵᠢᠯ᠎ᠤᠨ ᠤᠷ᠎ᠠ ᠴᠢᠳᠠᠪᠤᠷᠢ᠎ᠶ᠋ᠢᠨ ᠲᠤᠰᠭᠠᠶ ᠰᠡᠳᠦᠪᠲᠦ ᠪᠣᠯᠪᠠᠰᠤᠷᠠᠯ ᠥᠷᠨᠢᠭᠦᠯᠵᠦ᠍᠂ ᠲᠡᠳᠡᠨᠡᠷ ᠤ᠋ᠨ ᠲᠤᠰᠭᠠᠢᠵᠢᠭ᠍ᠰᠠᠨ ᠲᠦᠪᠱᠢᠨ᠎ᠢ ᠳᠡᠭᠡᠭ᠌ᠰᠢᠯᠡᠭᠦᠯᠪᠡ; ᠺᠠᠢᠯᠦ᠍ ᠱᠢᠶᠠᠨ᠎ᠤ ᠠᠷᠠᠳ᠎ᠤᠨ ᠱᠢᠭᠦᠬᠦ᠌ ᠬᠣᠷᠢᠢ᠎ᠠ 277 ᠠᠷᠠᠳ᠎ᠤᠨ ᠲᠥᠯᠥᠭᠡᠯᠡᠭ᠌ᠴᠢ ᠪᠠ 16 ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ᠎ᠢ ᠤᠷᠢᠵᠤ ᠣᠨᠴᠠ ᠤᠷᠢᠭ᠍ᠰᠠᠨ ᠡᠶᠡᠳᠡᠭᠦᠯᠦᠭ᠌ᠴᠢᠪᠤᠯᠭᠠᠵᠤ᠂ ᠲᠡᠳᠡᠨ ᠤ᠋ ᠲᠤᠰᠭᠠᠢ ᠮᠡᠷᠭᠡᠵᠢᠯ ᠪᠠ ᠲᠤᠷᠱᠢᠯᠭ᠎ᠠ᠎ᠶ᠋ᠢᠨ ᠳᠠᠪᠠᠭᠤᠯᠢᠭ᠎ᠲᠠᠶ ᠤᠶᠠᠯᠳᠤᠭᠤᠯᠤᠨ᠂ ᠱᠢᠶᠠᠨ᠂ ᠪᠠᠯᠭᠠᠰᠤ᠂ ᠲᠣᠰᠭᠣᠨ ᠭᠤᠷᠪᠠᠨ ᠱᠠᠲᠤᠨ᠎ᠤ ᠶᠡᠷᠦᠩᠬᠡᠢᠯᠡᠨ ᠵᠠᠰᠠᠬᠤ ᠲᠥᠪ᠎ᠲᠦ ᠵᠠᠬᠢᠶᠠᠯᠠᠭ᠎ᠠ᠎ᠶ᠋ᠢᠨ ᠮᠠᠶᠢᠭ᠂《ᠴᠡᠭ᠎ᠡᠴᠡ ᠴᠡᠭ᠎ᠲᠦ ᠬᠦᠷᠬᠦ᠌》 ᠵᠠᠭᠤᠷᠠᠯᠳᠤᠭᠠᠨᠢ᠋ ᠰᠢᠢᠳᠪᠤᠷᠢᠯᠡᠬᠦ ᠵᠢᠯᠤᠭᠤᠳᠤᠯᠭ᠎ᠠ ᠬᠠᠩᠭᠠᠪᠠ᠃ ᠡᠨᠡ ᠵᠢᠯ᠎ᠡᠴᠡ ᠨᠠᠭᠠᠰᠢ᠂ ᠲᠤᠰ ᠬᠤᠲᠠ᠎ᠶ᠋ᠢᠨ ᠱᠢᠭᠦᠬᠦ᠌ ᠬᠣᠷᠢᠶ᠎ᠠ ᠵᠢᠨ ᠱᠢᠰᠲ᠋ᠧᠮ ᠡᠶᠡᠳᠡᠭᠦᠯᠭᠡ᠎ᠶ᠋ᠢᠨ ᠵᠣᠬᠢᠶᠠᠨ ᠪᠠᠢᠭᠤᠯᠤᠯᠳᠠ ᠳ᠋ᠤ 32 ᠤᠳᠠᠭ᠎ᠠ ᠵᠢᠨ ᠵᠢᠭᠠᠨ ᠵᠢᠯᠣᠭᠣᠳᠤᠯᠭ᠎ᠠ ᠬᠢᠪᠡ᠃
ᠶᠡᠷᠦᠩᠬᠡᠢᠯᠡᠨ ᠵᠠᠰᠠᠬᠤ ᠲᠥᠪ᠎ᠦᠨ ᠲᠠᠪᠴᠠᠩ᠎ᠳᠤ ᠲᠦᠱᠢᠭ᠌ᠯᠡᠨ᠂ ᠲᠦᠩᠯᠢᠶᠣᠤ ᠬᠣᠲᠠ᠎ᠶ᠋ᠢᠨ ᠱᠢᠭᠦᠬᠦ᠌ ᠬᠣᠷᠢᠶ᠎ᠠ ᠵᠢᠨ ᠱᠢᠰᠲ᠋ᠧᠮ᠎ᠦᠨ ᠬᠢᠨ ᠳᠣᠲᠣᠭᠠᠳᠤ᠎ᠶ᠋ᠢ ᠬᠠᠮᠠᠭᠠᠯᠠᠬᠤ᠂ ᠬᠠᠤᠯᠢ ᠴᠠᠭᠠᠵᠠ᠂ ᠡᠮᠡᠭ᠌ᠲᠡᠢᠴᠦᠳ᠎ᠦᠨ ᠬᠣᠯᠪᠣᠭ᠎ᠠ ᠵᠡᠷᠭᠡ ᠰᠠᠯᠠᠭ᠎ᠠ ᠮᠥᠴᠢᠷ᠎ᠯᠦᠭᠡ᠎ᠶ᠋ᠢᠨ ᠵᠣᠬᠢᠴᠠᠭᠤᠯᠭ᠎ᠠ ᠨᠡᠪᠲᠡᠷᠡᠯᠴᠡᠭᠡ᠎ᠪᠡᠨ ᠦᠷᠭᠦᠯᠵᠢᠯᠡᠨ ᠴᠢᠩᠭᠠᠳᠭᠠᠵᠤ᠂ ᠶᠡᠷᠦᠩᠬᠡᠢᠯᠡᠨ ᠵᠠᠰᠠᠬᠤ᠂ ᠬᠠᠤᠯᠢ ᠴᠠᠭᠠᠵᠠ᠂ ᠬᠥᠨᠳᠡᠯᠡᠨ᠎ᠡᠴᠡ ᠲᠠᠰᠤᠯᠬᠤ ᠵᠡᠷᠭᠡ ᠰᠠᠯᠠᠭ᠎ᠠ ᠮᠥᠴᠢᠷ᠎ᠦᠨ ᠰᠠᠢᠨ ᠦᠶ᠋ᠯᠡᠳᠦᠯᠴᠡᠯᠢ ᠪᠡᠶᠡᠯᠡᠭᠦᠯᠵᠦ᠍᠂ ᠨᠢᠭᠡ ᠴᠣᠭ᠍ᠴᠠᠵᠢᠭ᠍ᠰᠠᠨ ᠣᠯᠠᠨ ᠡᠱᠢᠲᠦ ᠵᠠᠭᠤᠷᠠᠯᠳᠤᠭᠠᠨ᠎ᠢ ᠱᠢᠶ᠋ᠳᠪᠦᠷᠢᠯᠡᠬᠦ᠌ ᠠᠵᠢᠯ᠎ᠤᠨ ᠪᠠᠢᠷᠢᠱᠢᠯ᠎ᠢ ᠪᠣᠶ ᠪᠣᠯᠭᠠᠪᠠ᠃ ᠬᠣᠷᠴᠢᠨ ᠵᠡᠭᠦᠨ ᠭᠠᠷᠤᠨ ᠬᠣᠢᠲᠤ ᠬᠣᠱᠢᠭᠤᠨ᠎ᠳᠤ᠂ ᠠᠷᠠᠳ᠎ᠤᠨ ᠱᠢᠭᠦᠬᠦ᠌ ᠬᠣᠷᠢᠶ᠎ᠠ ᠵᠠᠬᠢᠳᠠᠯ ᠰᠤᠷᠪᠤᠯᠵᠢᠯᠠᠯ ᠤ᠋ᠨ ᠬᠠᠮᠲᠤᠷᠠᠭ᠍ᠰᠠᠨ ᠬᠤᠷᠠᠯ᠎ᠳᠤ ᠭᠦᠶ᠋ᠴᠡᠳ ᠲᠦᠱᠢᠭ᠌ᠯᠡᠵᠦ᠍᠂ ᠣᠷᠣᠨ ᠰᠠᠭᠤᠴᠠ ᠪᠠ ᠬᠣᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠣᠪᠴᠢᠶ᠎ᠠ᠂ ᠵᠠᠬᠢᠳᠠᠯ ᠰᠤᠷᠪᠤᠯᠵᠢᠯᠠᠯ ᠤ᠋ᠨ ᠲᠣᠪᠴᠢᠶ᠎ᠠ ᠵᠡᠷᠭᠡ ᠰᠠᠯᠠᠭ᠎ᠠ ᠮᠥᠴᠢᠷ᠎ᠲᠡᠶ ᠬᠠᠮᠲᠤᠷᠠᠨ ᠵᠠᠭᠤᠷᠠᠯᠳᠤᠭᠠᠨ᠎ᠤ ᠬᠠᠨᠳᠤᠰᠢ᠎ᠶ᠋ᠢ ᠲᠣᠭ᠍ᠲᠠᠮᠠᠯ ᠬᠤᠭᠤᠴᠠᠭ᠎ᠠ᠎ᠲᠠᠶ᠎ᠪᠠᠷ ᠰᠤᠳᠤᠯᠤᠨ ᠮᠠᠭᠠᠳᠯᠠᠵᠤ᠂ ᠬᠠᠨᠳᠤᠯᠭᠠᠲᠤ ᠴᠢᠨᠠᠷᠲᠠᠶ᠎ᠪᠠᠷ ᠨᠠᠮᠳᠠᠭᠤᠯᠬᠤ ᠲᠥᠰᠦᠯ᠎ᠢ ᠲᠣᠭ᠍ᠲᠠᠭᠠᠪᠠ; ᠨᠡᠢᠭᠡᠮ᠎ᠦᠨ ᠬᠠᠮᠵᠢᠯᠴᠠᠭ᠎ᠠ᠎ᠶ᠋ᠢ ᠭᠦᠨᠵᠡᠭᠡᠢᠷᠡᠭᠦᠯᠵᠦ᠍᠂ ᠠᠵᠢᠯ ᠲᠥᠷᠥᠯ᠎ᠦᠨ ᠨᠡᠢᠭᠡᠮᠯᠢᠭ᠂ ᠨᠡᠢᠲᠡ᠎ᠶ᠋ᠢᠨ ᠠᠰᠠᠷᠠᠮᠵᠢ᠎ᠶ᠋ᠢᠨ ᠵᠣᠬᠢᠶᠠᠨ ᠪᠠᠢᠭᠤᠯᠤᠯᠲᠠ᠂ ᠠᠵᠤ ᠠᠬᠤᠢᠯᠠᠯ ᠵᠡᠷᠭᠡ ᠨᠡᠢᠭᠡᠮ᠎ᠦᠨ ᠬᠦᠴᠦᠨ᠎ᠢ ᠢᠳᠡᠪᠬᠢᠲᠡᠶ᠎ᠪᠡᠷ ᠲᠠᠢᠴᠢᠯᠠᠵᠤ ᠡᠶᠡᠳᠡᠭᠦᠯᠭᠡ᠎ᠳᠦ ᠬᠠᠮᠲᠤ ᠪᠠᠷ ᠣᠷᠣᠯᠴᠠᠭᠤᠯᠵᠤ᠂ ᠬᠠᠮᠤᠭ᠎ᠤᠨ ᠶᠡᠬᠡ ᠬᠡᠮᠵᠢᠶ᠎ᠡ᠎ᠪᠡᠷ ᠡᠶᠡᠳᠡᠭᠦᠯᠬᠦ᠌᠎ᠪᠡᠷ ᠳᠠᠮᠵᠢᠨ ᠵᠥᠷᠢᠴᠡᠯ᠎ᠢ ᠦᠨᠡᠨ ᠪᠣᠳᠠᠲᠠᠶ᠎ᠪᠠᠷ ᠱᠢᠶ᠋ᠳᠪᠦᠷᠢᠯᠡᠬᠦ᠌᠎ᠶ᠋ᠢ ᠠᠬᠢᠭᠤᠯᠪᠠ; ᠠᠬᠠᠮᠠᠳ ᠨᠠᠮ᠎ᠤᠨ ᠭᠡᠱᠢᠭᠦᠨ᠂ ᠠᠬᠠᠮᠠᠳ ᠱᠢᠭᠦᠭ᠌ᠴᠢ ᠵᠡᠷᠭᠡ 《ᠪᠤᠭᠤᠷᠤᠯᠴᠤᠳ᠎ᠤᠨ ᠬᠦᠴᠦᠨ 》 ᠢ᠋ ᠢᠳᠡᠪᠬᠢᠲᠡᠢ ᠵᠣᠷᠢᠭ᠍ᠵᠢᠭᠤᠯᠤᠨ ᠤᠷᠤᠯᠴᠠᠭᠤᠯᠵᠤ᠂ ᠦᠨᠳᠦᠰᠦᠨ ᠱᠠᠲᠤᠨ᠎ᠤ ᠵᠠᠰᠠᠯᠲᠠ᠎ᠳᠤ ᠠᠭᠤᠰᠤᠯᠴᠠᠭᠤᠯᠪᠠ᠃
《ᠶᠡᠷᠦᠩᠬᠡᠢᠯᠡᠨ ᠵᠠᠰᠠᠬᠤ ᠲᠥᠪ᠎ᠦᠨ ᠵᠢᠷᠤᠮᠵᠢᠭᠰᠠᠨ ᠪᠥᠲᠥᠭᠡᠨ ᠪᠠᠢᠭᠤᠯᠤᠯᠳᠠ ᠵᠢᠨ ᠠᠵᠢᠯ᠎ᠳᠤ ᠬᠦᠴᠦᠨ ᠨᠡᠮᠡᠷᠢᠯᠡᠬᠦ ᠳ᠋ᠤ ᠵᠠᠷᠭᠤᠯᠳᠤᠬᠤ ᠪᠠ ᠡᠶᠡᠳᠡᠭᠦᠯᠬᠦ᠌᠎ᠶ᠋ᠢ ᠵᠣᠯᠭᠠᠭᠤᠯᠬᠤ᠎ᠶ᠋ᠢ ᠴᠢᠩᠭᠠᠳᠭᠠᠨ᠂ ᠵᠥᠷᠢᠴᠡᠯ ᠵᠠᠭᠤᠷᠠᠯᠳᠤᠭᠠᠨ᠎ᠢ ᠦᠨᠡᠨ ᠪᠣᠳᠠᠲᠠᠶ᠎ᠪᠠᠷ ᠱᠢᠶ᠋ᠳᠪᠦᠷᠢᠯᠡᠬᠦ᠌᠎ᠶ᠋ᠢ ᠠᠬᠢᠭᠤᠯᠵᠤ ᠂ ᠠᠷᠠᠳ ᠣᠯᠠᠨ᠎ᠤ ᠰᠡᠳᠭᠢᠯ ᠬᠠᠨᠤᠮᠵᠢᠲᠠᠶ ᠪᠠᠢᠬᠤ ᠬᠡᠮᠵᠢᠶ᠎ᠡ᠎ᠶ᠋ᠢ ᠳᠡᠭᠡᠭ᠌ᠰᠢᠯᠡᠭᠦᠯᠦᠨ᠂ ᠨᠡᠢᠭᠡᠮ᠎ᠦᠨ ᠲᠥᠪ ᠭᠤᠤᠯᠴᠢ ᠱᠢᠳᠤᠷᠭᠤ ᠶᠣᠰᠣ᠎ᠶ᠋ᠢ ᠬᠠᠮᠠᠭᠠᠯᠠᠬᠤ 〈ᠡᠴᠦᠰ᠎ᠦᠨ ᠰᠡᠷᠭᠡᠢᠯᠡᠯᠲᠡ᠎ᠶ᠋ᠢᠨ ᠱᠤᠭᠤᠮ〉 ᠤ᠋ᠨ ᠡᠭᠦᠷᠭᠡ ᠬᠠᠷᠢᠭᠤᠴᠠᠯᠭ᠎ᠠ᠎ᠶ᠋ᠢ ᠡᠭᠦᠷᠭᠡᠯᠡᠨ᠎ᠠ》ᠭᠡᠵᠦ ᠲᠦᠩᠯᠢᠶᠣᠤ ᠬᠣᠲᠠ᠎ᠶ᠋ᠢᠨ ᠠᠷᠠᠳ᠎ᠤᠨ ᠳᠤᠮᠳᠠ ᠵᠡᠷᠭᠡ᠎ᠶ᠋ᠢᠨ ᠱᠢᠭᠦᠬᠦ᠌ ᠬᠣᠷᠢᠶ᠎ᠠ ᠵᠢᠨ ᠬᠡᠷᠡᠭ ᠳᠠᠩᠰᠠᠯᠠᠬᠤ ᠨᠢᠭᠡᠳᠦᠭᠡᠷ ᠲᠢᠩᠬᠢᠮ᠎ᠦᠨ ᠳᠠᠷᠤᠭ᠎ᠠ ᠵᠠᠩ ᠯᠸᠢ ᠬᠡᠯᠡᠪᠡ᠃
ᠲᠦᠩᠯᠢᠶᠣᠤ ᠬᠣᠲᠠ᠎ᠶ᠋ᠢᠨ ᠱᠢᠭᠦᠬᠦ᠌ ᠬᠣᠷᠢᠶ᠎ᠠ ᠵᠢᠨ ᠱᠢᠰᠲ᠋ᠧᠮ᠎ᠦᠨ ᠬᠢᠨ ᠤᠷᠢᠳ᠎ᠢᠶᠠᠷ ᠡᠶᠡᠳᠡᠭᠦᠯᠬᠦ᠌ ᠳᠠᠪᠠᠭᠤᠯᠢᠭ᠎ᠢᠶᠠᠨ ᠭᠦᠶ᠋ᠴᠡᠳ ᠪᠠᠳᠠᠷᠠᠭᠤᠯᠵᠤ᠂ ᠣᠷᠣᠭ ᠬᠤᠷᠢᠮ ᠬᠡᠷ ᠪᠦᠯᠢ᠂ ᠮᠥᠩᠭᠥᠨ ᠭᠦᠶ᠋ᠯᠭᠡᠭᠡᠨ᠎ᠦ ᠵᠠᠭᠤᠷᠠᠯᠳᠤᠭᠠᠨ᠂ ᠬᠥᠳᠡᠯᠮᠦᠷᠢ᠎ᠶ᠋ᠢᠨ ᠮᠠᠷᠭᠤᠯᠳᠤᠭᠠᠨ ᠵᠡᠷᠭᠡ ᠪᠠᠢᠩᠭᠤ ᠲᠣᠬᠢᠶᠠᠯᠳᠤᠳᠠᠭ ᠵᠥᠷᠢᠴᠡᠯ᠎ᠢ ᠡᠶᠡᠳᠡᠭᠦᠯᠬᠦ᠌᠎ᠶ᠋ᠢᠨ ᠬᠠᠮᠲᠤ ᠬᠣᠯᠪᠣᠭ᠍ᠳᠠᠯ ᠪᠥᠬᠥᠶ ᠵᠠᠭᠤᠷᠠᠯᠳᠤᠭᠠᠨ᠎ᠢ ᠱᠢᠶ᠋ᠳᠪᠦᠷᠢᠯᠡᠬᠦ᠌ ᠠᠷᠭ᠎ᠠ ᠪᠠᠷᠢᠯ᠎ᠤᠨ ᠬᠠᠤᠯᠢ ᠴᠠᠭᠠᠵᠠ᠎ᠶ᠋ᠢᠨ ᠨᠤᠲᠠᠯᠠᠯᠲᠠ᠎ᠶ᠋ᠢᠨ ᠡᠮᠬᠢ ᠲᠠᠷᠠᠭᠠᠯᠠᠯ᠎ᠢ ᠱᠢᠯᠢᠳᠡᠭ᠌ᠵᠢᠭᠦᠯᠦᠨ ᠲᠡᠭᠦᠯᠳᠡᠷᠵᠢᠭᠦᠯᠵᠦ᠍᠂ ᠤᠷᠢᠳ᠎ᠢᠶᠠᠷ ᠡᠶᠡᠳᠡᠭᠦᠯᠬᠦ᠌ ᠪᠠ ᠵᠠᠷᠭᠤ᠎ᠶ᠋ᠢᠨ ᠡᠮᠬᠢ ᠲᠠᠷᠠᠭᠠᠯᠠᠯ ᠤ᠋ᠨ ᠬᠣᠭᠣᠷᠣᠨᠳᠣ ᠣᠷᠭᠠᠨᠢᠭ᠎ᠢᠶᠠᠷ ᠵᠣᠯᠭᠠᠭᠤᠯᠬᠤ᠎ᠶ᠋ᠢ ᠪᠡᠶᠡᠯᠡᠭᠦᠯᠪᠡ᠃ ᠬᠥᠳᠡᠭᠡ ᠲᠣᠰᠭᠣᠨ᠂ ᠨᠡᠢᠭᠡᠮ ᠲᠣᠭᠣᠷᠢᠭ᠂ ᠰᠤᠷᠭᠠᠭᠤᠯᠢ ᠵᠡᠷᠭᠡ᠎ᠳᠦ ᠬᠦᠷᠴᠦ᠍ ᠲᠣᠭᠣᠷᠢᠨ ᠱᠢᠭᠦᠨ ᠲᠠᠰᠤᠯᠬᠤ᠂ ᠬᠠᠤᠯᠢ ᠲᠦᠭᠡᠮᠡᠯᠵᠢᠭᠦᠯᠬᠦ᠌ ᠲᠠᠢᠯᠤᠮᠵᠢ ᠬᠢᠬᠦ᠌ ᠵᠡᠷᠭᠡ ᠤᠬᠠᠭᠤᠯᠭ᠎ᠠ᠎ᠶ᠋ᠢᠨ ᠠᠵᠢᠯᠯᠠᠭ᠎ᠠ᠎ᠶ᠋ᠢ ᠪᠠᠢᠩᠭᠤᠵᠢᠭᠤᠯᠤᠨ ᠥᠷᠨᠢᠭᠦᠯᠵᠦ᠍᠂ 《ᠨᠢᠭᠡ ᠬᠡᠷᠡᠭ᠎ᠢ ᠱᠢᠭᠦᠨ ᠱᠢᠶ᠋ᠳᠪᠦᠷᠢᠯᠡᠪᠡᠯ ᠨᠢᠭᠡ ᠬᠡᠰᠡᠭ ᠢ᠋ ᠬᠥᠮᠦᠵᠢᠭᠦᠯᠬᠦ᠌ 》 ᠬᠠᠤᠯᠢ ᠴᠠᠭᠠᠵᠠ᠎ᠶ᠋ᠢᠨ ᠦᠷ᠎ᠡ ᠪᠦᠲᠦᠮᠵᠢ᠎ᠶ᠋ᠢ ᠪᠡᠶᠡᠯᠡᠭᠦᠯᠪᠡ᠃
ᠶᠡᠷᠦᠩᠬᠡᠢᠯᠡᠨ ᠵᠠᠰᠠᠬᠤ ᠲᠥᠪ᠎ᠲᠦ ᠣᠷᠣᠵᠦ ᠰᠠᠭᠤᠬᠰᠠᠨ᠎ᠠᠴᠠ ᠨᠠᠭᠠᠰᠢ᠂ ᠲᠣᠰ ᠬᠣᠲᠠ᠎ᠶ᠋ᠢᠨ ᠱᠢᠭᠦᠬᠦ᠌ ᠬᠣᠷᠢᠶ᠎ᠠ ᠵᠢᠨ ᠱᠢᠰᠲ᠋ᠧᠮ 5667 ᠬᠡᠷᠡᠭ ᠢ ᠤᠷᠢᠳ᠎ᠢᠶᠠᠷ ᠡᠶᠡᠳᠡᠭᠦᠯᠵᠦ᠍᠂ ᠨᠢᠭᠡᠨᠲᠡ 5116 ᠬᠡᠷᠡᠭ᠎ᠢ ᠠᠮᠵᠢᠯᠲᠠ ᠲᠠᠢ ᠡᠶᠡᠳᠡᠭᠦᠯᠵᠦ᠂ ᠠᠮᠵᠢᠯᠲᠠ ᠣᠯᠤᠭ᠍ᠰᠠᠨ ᠨᠣᠷᠮ᠎ᠠ ᠨᠢ 90.27 % ᠬᠦᠷᠴᠡᠶ᠃
ᠣᠯᠠᠨ ᠲᠦᠮᠡᠨ ᠬᠦᠰᠡᠯ ᠡᠷᠡᠮᠡᠯᠵᠡᠯ᠎ᠲᠡᠶ᠂ ᠬᠠᠤᠯᠢ ᠴᠠᠭᠠᠵᠠ ᠬᠠᠷᠢᠭᠤᠴᠠᠯᠭ᠎ᠠ ᠡᠭᠦᠷᠭᠡᠯᠡᠯ᠎ᠲᠠᠶ᠃ ᠲᠦᠩᠯᠢᠶᠣᠤ ᠬᠣᠲᠠ᠎ᠶ᠋ᠢᠨ ᠱᠢᠭᠦᠬᠦ᠌ ᠬᠣᠷᠢᠶ᠎ᠠ ᠵᠢᠨ ᠱᠢᠰᠲ᠋ᠧᠮ ᠵᠥᠷᠢᠴᠡᠯ ᠵᠠᠭᠤᠷᠠᠯᠳᠤᠭᠠᠨ᠎ᠢ ᠡᠬᠢ ᠡᠭᠦᠰᠦᠯ᠎ᠡᠴᠡ ᠨᠢ ᠱᠢᠶ᠋ᠳᠪᠦᠷᠢᠯᠡᠬᠦ᠌᠂ ᠣᠯᠠᠨ ᠡᠱᠢᠵᠢᠬᠦᠯᠦᠨ ᠬᠠᠮᠲᠤ᠎ᠪᠠᠷ ᠵᠠᠰᠠᠬᠤ᠎ᠶ᠋ᠢ ᠲᠠᠰᠤᠷᠠᠯᠲᠠ ᠥᠬᠡᠶ ᠠᠬᠢᠭᠤᠯᠵᠤ᠂ ᠱᠢᠭᠦᠬᠦ᠌ ᠬᠣᠷᠢᠶ᠎ᠠ ᠬᠢᠭᠡᠳ ᠶᠡᠷᠦᠩᠬᠡᠢᠯᠡᠨ ᠵᠠᠰᠠᠬᠤ ᠲᠥᠪ᠎ᠦᠨ ᠠᠭᠤᠰᠤᠯᠴᠠᠨ ᠬᠥᠭ᠌ᠵᠢᠬᠦ᠌᠎ᠶ᠋ᠢ ᠪᠡᠶᠡᠯᠡᠭᠦᠯᠵᠦ᠍᠂ ᠬᠠᠤᠯᠢ ᠴᠠᠭᠠᠵᠠ ᠵᠢᠨ ᠣᠯᠠᠨ ᠲᠦᠮᠡᠨ᠎ᠳᠦ ᠦᠶ᠋ᠯᠡᠴᠢᠯᠡᠬᠦ᠌ 《ᠡᠴᠦᠰ᠎ᠦᠨ ᠨᠢᠭᠡ ᠺᠢᠯᠣᠮᠧᠲ᠋ᠷ》᠎ᠢ᠋ ᠦᠨᠡᠨ ᠬᠦ᠌ ᠨᠡᠪᠲᠡᠷᠡᠭᠦᠯᠵᠦ᠍᠂ ᠦᠨᠳᠦᠰᠦᠨ ᠱᠠᠲᠤᠨ᠎ᠤ ᠵᠠᠰᠠᠯᠲᠠ᠎ᠳᠤ ᠬᠠᠤᠯᠢ ᠴᠠᠭᠠᠵᠠ ᠵᠢᠨ ᠬᠦᠴᠦᠨ ᠴᠢᠳᠠᠯ ᠨᠡᠮᠡᠷᠢᠯᠡᠪᠡ ᠃