ᠬᠢᠩᠭᠠᠨ ᠠᠢᠮᠠᠭ ᠄ 《 ᠲᠠᠪᠤᠨ ᠨᠢᠭᠡ 》 ᠵᠢᠨ ᠣᠯᠠᠨ ᠲᠦᠮᠡᠨᠴᠢ ᠠᠵᠢᠯ᠎ᠤᠨ ᠠᠷᠭ᠎ᠠ᠎ᠪᠠᠷ ᠦᠨᠳᠦᠰᠦᠲᠡᠨ᠎ᠦ ᠪᠦᠯᠬᠦᠮᠳᠡᠯ᠎ᠦᠨ ᠰᠢᠨ᠎ᠡ ᠠᠷᠭ᠎ᠠ ᠵᠠᠮ᠎ᠢ ᠰᠦᠪᠡᠭᠴᠢᠯᠡᠨ᠎ᠡ
2025-06-26 10:35:23
ᠵᠣᠬᠢᠶᠠᠭ᠍ᠴᠢ᠄
ᠭᠣᠣ ᠮᠢᠨ ᠨᠠ
ᠣᠩᠱᠢᠭ᠍ᠰᠠᠨ ᠣᠳᠠᠭ᠎ᠠ᠄
★★★☆☆

5 ᠰᠠᠷ᠎ᠠ᠎ᠶᠢᠨ 28 ᠎ᠤ᠋ ᠡᠳᠦᠷ᠂ ᠬᠢᠩᠭᠠᠨ ᠠᠢᠮᠠᠭ᠎ᠤᠨ ᠤᠯᠠᠭᠠᠨᠬᠣᠲᠠ ᠎ᠶᠢᠨ ᠾᠧ ᠫᠢᠩ ᠵᠡᠭᠡᠯᠢ᠎ᠶᠢᠨ ᠬᠡᠷᠡᠭ ᠡᠷᠬᠢᠯᠡᠬᠦ ᠭᠠᠵᠠᠷ᠎ᠤᠨ ᠬᠦᠷᠢᠶᠡᠨ᠎ᠳᠦ  ᠬᠦᠭᠵᠢᠶᠡᠨ ᠨᠠᠷᠭᠢᠶᠠᠨ ᠵᠢᠡᠷ ᠪᠢᠯᠬᠠᠵᠤ᠂ ᠨᠡᠢᠭᠡᠮ ᠲᠣᠭᠣᠷᠢᠭ᠋ ᠎ᠤᠨ ᠦᠨᠳᠦᠰᠦᠲᠡᠨ᠎ᠨᠦᠭᠦᠳ ᠎ᠦᠨ ᠮᠢᠩᠭ᠎ᠠ ᠭᠠᠷᠤᠢ ᠣᠯᠠᠨ ᠲᠦᠮᠡᠨ ᠪᠠ ᠤᠯᠠᠭᠠᠨ ᠠᠨᠠᠷ ᠎ᠤᠨ ᠬᠤᠯᠪᠤᠭ᠎ᠠ ᠵᠢᠨ 123 ᠨᠢᠭᠡᠴᠢ᠎ᠶᠢᠨ ᠲᠥᠯᠥᠭᠡᠯᠡᠭᠴᠢ ᠨᠢᠭᠡ ᠳᠤᠤᠷ᠎ᠠ ᠴᠤᠭᠯᠠᠷᠠᠵᠤ᠂ ᠤᠯᠠᠭᠠᠨ ᠠᠨᠠᠷ᠎ᠤᠨ ᠵᠠᠰᠠᠯᠲᠠ᠎ᠶᠢᠨ ᠲᠥᠷᠥᠯ ᠵᠦᠢᠯ᠎ᠢ ᠬᠦᠯᠢᠶᠡᠨ ᠠᠪᠬᠤ ᠵᠢᠴᠢ 《ᠲᠠᠪᠤᠨ ᠨᠢᠭᠡ》 ᠵᠢᠨ ᠣᠯᠠᠨ ᠲᠦᠮᠡᠨ᠎ᠦ ᠠᠵᠢᠯ᠎ᠤᠨ ᠠᠷᠭ᠎ᠠ᠎ᠶᠢᠨ ᠨᠡᠢᠲᠡᠯᠢᠭ ᠬᠡᠷᠡᠭ᠎ᠦᠨ ᠵᠢᠱ᠌ᠢᠶ᠎ᠡ᠎ᠶᠢ ᠨᠡᠢᠲᠡᠯᠡᠬᠦ ᠬᠤᠷᠠᠯ᠎ᠢ ᠬᠠᠮᠲᠤ᠎ᠪᠠᠷ ᠭᠡᠷᠡᠴᠢᠯᠡᠪᠡ᠃

ᠠᠵᠢᠯᠯᠠᠭ᠎ᠠ᠎ᠶᠢᠨ ᠠᠬᠤᠢ ᠲᠠᠯᠠᠪᠠᠶ᠎ᠳᠤ᠂ ᠨᠡᠢᠭᠡᠮ ᠲᠣᠭᠣᠷᠢᠭ᠋᠎ᠤᠨ ᠪᠦᠲᠦᠭᠡᠨ ᠪᠠᠢᠭᠤᠯᠤᠯᠲᠠ᠂ ᠠᠷᠠᠳ᠎ᠤᠨ ᠠᠮᠢᠳᠤᠷᠠᠯ᠎ᠤᠨ ᠦᠢᠯᠡᠴᠢᠯᠡᠭᠡ ᠵᠡᠷᠭᠡ ᠬᠦᠷᠢᠶᠡᠨ᠎ᠳᠡᠬᠢ ᠮᠢᠩᠭᠠᠨ ᠵᠤᠷᠪᠤᠰ ᠵᠠᠰᠠᠯᠲᠠ᠎ᠶᠢᠨ ᠲᠥᠷᠥᠯ ᠵᠦᠢᠯ ᠎ᠢ  ᠲᠤᠬᠠᠢ᠎ᠶᠢᠨ ᠲᠠᠯᠠᠪᠠᠶ᠎ᠳᠤ ᠨᠢᠭᠡᠳ ᠨᠢᠭᠡ᠎ᠪᠡᠷ ᠬᠦᠯᠢᠶᠡᠨ ᠠᠪᠴᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠢ ᠨᠢᠭ᠍ᠲᠠ ᠬᠣᠯᠪᠣᠭᠰᠠᠨ ᠬᠠᠢᠷ᠎ᠠ ᠰᠡᠳᠬᠢᠯᠭᠡ᠎ᠶᠢᠨ ᠬᠣᠯᠪᠣᠭᠠᠰᠤ ᠤᠯᠠᠮ ᠪᠠᠲᠤ ᠪᠡᠬᠢ ᠪᠣᠯᠪᠠ᠃ ᠡᠨᠡ ᠬᠦ᠌ ᠳᠤᠮᠳᠠᠳᠤ᠎ᠶᠢᠨ ᠦᠨᠳᠦᠰᠦᠲᠡᠨ ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠣᠣᠯ ᠰᠢᠵᠢᠮ ᠪᠣᠯᠭᠠᠭᠰᠠᠨ ᠦᠨᠳᠦᠰᠦᠨ ᠱᠠᠲᠤᠨ ᠎ᠤ ᠵᠠᠰᠠᠯᠲᠠ᠎ᠶᠢᠨ ᠦᠢᠯᠡᠳᠦᠯᠭᠡ ᠨᠢ ᠬᠠᠮᠲᠤ᠎ᠪᠠᠷ ᠪᠠᠶ᠋ᠢᠭᠤᠯᠬᠤ ᠨᠢᠭᠡᠴᠢ᠎ᠶᠢᠨ ᠡᠬᠢ ᠪᠠᠶᠠᠯᠢᠭ᠋ ᠪᠣᠯᠣᠨ ᠤᠯᠠᠨ ᠲᠦᠮᠡᠨ᠎ᠦ ᠪᠣᠳᠠᠲᠠᠢ ᠬᠡᠷᠡᠭᠴᠡᠭᠡ ᠵᠢ ᠤᠨᠤᠪᠴᠢᠲᠠᠢ ᠵᠤᠯᠭᠠᠭᠤᠯᠪᠠ᠃

《ᠪᠢᠳᠡ ᠵᠡᠭᠡᠯᠢ ᠭᠤᠳᠤᠮᠵᠢ᠂ ᠨᠡᠢᠭᠡᠮ ᠲᠣᠭᠣᠷᠢᠭ᠋᠎ᠲᠠᠢ ᠭᠠᠷ ᠬᠣᠯᠪᠣᠨ ᠬᠠᠮᠲᠤ᠎ᠪᠠᠷ ᠤᠷᠤᠭᠰᠢᠯᠠᠵᠤ᠂ ᠬᠠᠷᠢᠶ᠎ᠠ ᠣᠷᠣᠨ᠎ᠤ ᠤᠯᠠᠨ ᠲᠦᠮᠡᠨ᠎ᠳᠦ ᠪᠣᠳᠠᠲᠤ ᠶᠠᠪᠤᠳᠠᠯ ᠬᠢᠵᠦ ᠥᠭᠴᠦ᠂ ᠬᠦᠴᠢᠷ ᠠᠰᠠᠭᠤᠳᠠᠯ ᠎ᠢ ᠨᠢ ᠰᠢᠢᠳᠪᠦᠷᠢᠯᠡᠨ᠂〈ᠬᠠᠮᠲᠤ᠎ᠪᠠᠷ ᠪᠠᠶ᠋ᠢᠭᠤᠯᠬᠤ〉ᠠᠷᠭ᠎ᠠ ᠪᠡᠷ ᠠᠷᠠᠳ᠎ᠤᠨ ᠠᠮᠢᠳᠤᠷᠠᠯ ᠳ᠋ᠤ ᠦᠨᠡᠨ ᠪᠣᠳᠠᠲᠠᠢ ᠠᠰᠢᠭ ᠬᠦᠷᠲᠡᠭᠡᠨ᠎ᠡ》ᠭᠡᠵᠦ ᠬᠢᠩᠭᠠᠨ ᠠᠢᠮᠠᠭ᠎ᠤᠨ ᠵᠠᠰᠠᠭ ᠵᠠᠬᠢᠷᠭᠠᠨ᠎ᠤ ᠬᠢᠨᠠᠨ ᠵᠥᠪᠰᠢᠶᠡᠷᠡᠯ ᠪᠠ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠬᠢᠭᠡᠳ ᠳ᠋ᠠᠢᠲ᠋ᠠ᠎ᠶᠢᠨ ᠬᠠᠮᠢᠶᠠᠷᠤᠯᠲᠠ᠎ᠶᠢᠨ ᠲᠣᠪᠴᠢᠶ᠎ᠠ᠎ᠶᠢᠨ ᠪᠠᠢᠭᠤᠯᠭ᠎ᠠ ᠵᠢᠨ ᠨᠠᠮ᠎ᠤᠨ ᠪᠠᠢᠭᠤᠯᠤᠯᠲᠠ᠎ᠶᠢᠨ ᠠᠵᠢᠯᠲᠠᠨ᠎ᠤ ᠶᠠᠪᠤᠳᠠᠯ᠎ᠤᠨ ᠰᠠᠯᠠᠭᠠᠨ ᠎ᠤ ᠠᠵᠢᠯᠲᠠᠨ ᠶᠣᠣ ᠬᠠᠢ ᠰᠢᠨ ᠬᠣᠯᠪᠣᠭᠠᠨ᠎ᠤ ᠨᠢᠭᠡᠴᠢ᠎ᠶᠢ ᠲᠥᠯᠥᠭᠡᠯᠡᠨ ᠲᠥᠪ ᠴᠢᠩᠭ᠎ᠠ ᠠᠮᠠᠯᠠᠯᠲᠠ ᠬᠢᠪᠡ᠃

ᠤᠯᠠᠭᠠᠨᠬᠣᠲᠠ᠎ᠶᠢᠨ ᠾᠧ ᠫᠢᠩ ᠵᠡᠭᠡᠯᠢ᠎ᠶᠢᠨ ᠨᠠᠮ᠎ᠤᠨ ᠠᠵᠢᠯ᠎ᠤᠨ ᠬᠤᠷᠢᠶ᠎ᠠ ᠵᠢᠨ ᠳᠡᠳ᠋ ᠱᠦᠵᠢ ᠯᠢᠦ ᠪᠢᠨ ᠪᠢᠨ ᠄ 《 ᠡᠨᠡ ᠤᠳᠠᠭᠠᠨ᠎ᠤ ᠠᠵᠢᠯᠯᠠᠭ᠎ᠠ ᠳᠤᠮᠳᠠ ᠨᠡᠢᠲᠡᠯᠡᠭᠰᠡᠨ 〈ᠲᠠᠪᠤᠨ ᠨᠢᠭᠡ〉 ᠵᠢᠨ ᠣᠯᠠᠨ ᠲᠦᠮᠡᠨᠴᠢ ᠠᠵᠢᠯ᠎ᠤᠨ ᠬᠠᠤᠯᠢ ᠴᠠᠭᠠᠵᠠ᠎ᠶᠢᠨ ᠨᠡᠢᠲᠡᠯᠢᠭ ᠬᠡᠷᠡᠭ᠎ᠦᠨ ᠵᠢᠱ᠌ᠢᠶ᠎ᠡ ᠪᠣᠯ ᠴᠥᠮ ᠣᠯᠠᠨ ᠲᠦᠮᠡᠨ᠎ᠦ ᠭᠡᠷ᠎ᠤᠨ ᠡᠭᠦᠳᠡᠨ᠎ᠳᠡᠬᠢ 〈ᠵᠠᠩᠭᠢᠯᠠᠭ᠎ᠠ᠎ᠶᠢᠨ ᠪᠠᠭ᠎ᠠ ᠶᠠᠪᠤᠳᠠᠯ〉 ᠡᠴᠡ ᠣᠯᠣᠭᠰᠠᠨ ᠵᠠᠰᠠᠯᠲᠠ᠎ᠶᠢᠨ ᠲᠤᠷᠰᠢᠯᠭ᠎ᠠ ᠪᠣᠯᠣᠨ᠎ᠠ》 ᠭᠡᠵᠦ ᠭᠦᠨ ᠲᠦᠷᠦᠭᠳᠡᠯ ᠲᠠᠢ ᠶᠠᠷᠢᠨ᠎ᠠ᠃

ᠣᠢᠷ᠎ᠠ᠎ᠶᠢᠨ ᠵᠢᠯ ᠳ᠋ᠤ ᠂ ᠬᠢᠩᠭᠠᠨ ᠠᠢᠮᠠᠭ ᠵᠠᠯᠭᠠᠭ᠎ᠠ᠎ᠪᠠᠷ ᠬᠣᠶᠠᠷ ᠤᠳᠠᠭ᠎ᠠ 《ᠪᠥᠬᠥ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢᠨ ᠵᠢᠱ᠌ᠢᠶ᠎ᠡ ᠦᠵᠡᠭᠦᠯᠬᠦ ᠠᠢᠮᠠᠭ》 ᠵᠢᠡᠷ ᠢᠷᠠᠭᠤ ᠠᠯᠳᠠᠷᠲᠠᠢ᠎ᠪᠠᠷ ᠴᠤᠯᠠᠯᠠᠭᠳᠠᠭᠰᠠᠨ ᠰᠠᠭᠤᠷᠢᠨ ᠳᠡᠭᠡᠷ᠎ᠡ᠂ ᠪᠥᠬᠥ ᠣᠷᠣᠨ᠎ᠳᠤ ᠲᠦᠷᠦᠭᠦᠯᠡᠨ《ᠪᠥᠬᠥ ᠤᠯᠤᠰ᠎ᠤᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ ᠎ᠢ  ᠪᠠᠲᠤ ᠴᠣᠭᠴᠠᠯᠠᠬᠤ ᠵᠢᠱ᠌ᠢᠶ᠎ᠡ ᠦᠵᠡᠭᠦᠯᠬᠦ ᠠᠢᠮᠠᠭ》᠎ᠢ᠋ ᠬᠦᠴᠦᠯᠡᠨ ᠪᠠᠢᠭᠤᠯᠬᠤ ᠠᠵᠢᠯ᠎ᠢ ᠡᠬᠢᠯᠡᠭᠦᠯᠦᠭᠰᠡᠨ ᠪᠥᠭᠡᠳ ᠰᠢᠨ᠎ᠡ ᠴᠠᠭ ᠦᠶ᠎ᠡ᠎ᠶᠢᠨ ᠮᠠᠨ᠎ᠤ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠰᠢᠯᠲᠠ ᠎ᠶᠢᠨ ᠵᠢᠱ᠌ᠢᠶᠡᠴᠢ ᠤᠷᠤᠨ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ ᠎ᠶᠢᠨ ᠤᠬᠠᠮᠰᠠᠷ᠎ᠢ ᠪᠠᠲᠤ ᠴᠣᠭᠴᠠᠯᠠᠬᠤ ᠵᠢᠱ᠌ᠢᠶ᠎ᠡ ᠦᠵᠡᠭᠦᠯᠬᠦ ᠤᠷᠤᠨ᠂ ᠳᠡᠯᠡᠬᠡᠢ ᠳ᠋ᠠᠬᠢᠨ᠎ᠳᠤ ᠳᠤᠮᠳᠠᠳᠤ ᠤᠯᠤᠰ ᠎ᠤᠨ ᠣᠨᠴᠠᠯᠢᠭ᠋᠎ᠲᠠᠢ ᠦᠨᠳᠦᠰᠦᠲᠡᠨ᠎ᠦ ᠠᠰᠠᠭᠤᠳᠠᠯ᠎ᠢ ᠰᠢᠢᠳᠪᠦᠷᠢᠯᠡᠬᠦ ᠵᠥᠪ ᠵᠠᠮ ᠎ᠤᠨ ᠳᠠᠪᠠᠭᠤᠯᠢᠭ᠋ ᠴᠢᠨᠠᠷ᠎ᠢ ᠢᠯᠡᠷᠡᠭᠦᠯᠬᠦ ᠴᠢᠬᠤᠯᠠ ᠴᠣᠩᠬᠣᠪᠴᠢ ᠪᠣᠯᠬᠤ 《ᠬᠣᠶᠠᠷ ᠤᠷᠤᠨ ᠨᠢᠭᠡ ᠴᠣᠩᠬᠣᠪᠴᠢ 》 ᠵᠢᠨ ᠲᠤᠷᠰᠢᠯᠲᠠ᠎ᠶᠢᠨ ᠴᠡᠭ᠎ᠦᠨ ᠬᠠᠷᠠᠯᠲᠠ ᠲᠡᠢᠰᠢ ᠤᠷᠤᠭᠰᠢᠯᠠᠪᠠ᠃

ᠡᠨᠡ᠎ᠬᠦ ᠬᠠᠷᠠᠯᠲᠠ᠎ᠶᠢ ᠵᠤᠷᠢᠵᠤ᠂ ᠬᠢᠩᠭᠠᠨ ᠠᠢᠮᠠᠭ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠭᠣᠣᠯ ᠴᠣᠭᠴᠠ ᠵᠢᠨ ᠦᠢᠯᠡᠳᠦᠯ᠎ᠢ ᠪᠠᠳᠠᠷᠠᠭᠤᠯᠵᠤ᠂ ᠭᠠᠴᠠᠭ᠎ᠠ ᠲᠣᠰᠬᠣᠨ᠂ ᠨᠡᠢᠭᠡᠮ ᠲᠣᠭᠣᠷᠢᠭ᠋᠂ ᠠᠵᠤ ᠠᠬᠤᠢᠯᠠᠯ᠂ ᠰᠤᠷᠭᠠᠭᠤᠯᠢ᠂ ᠪᠠᠢᠭᠤᠯᠭ᠎ᠠ ᠠᠵᠢᠯ ᠦᠢᠯᠡᠰ᠎ᠦᠨ ᠨᠢᠭᠡᠴᠢ ᠵᠡᠷᠭᠡ ᠦᠨᠳᠦᠰᠦᠨ ᠱᠠᠲᠤᠨ᠎ᠳᠤ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ ᠎ᠢ ᠪᠠᠲᠤ ᠴᠣᠭᠴᠠᠯᠠᠬᠤ 《ᠲᠠᠪᠤᠨ ᠨᠢᠭᠡ》 ᠵᠢᠨ ᠤᠯᠠᠨ ᠲᠦᠮᠡᠨᠴᠢ ᠠᠵᠢᠯ᠎ᠤᠨ ᠬᠠᠤᠯᠢ  ᠬᠡᠷᠡᠭᠵᠢᠭᠦᠯᠦᠯᠳᠡ᠎ᠶᠢ ᠪᠦᠳᠦᠭᠡᠯᠴᠢ ᠪᠡᠷ ᠳᠤᠷᠠᠳᠴᠠᠢ᠃ ᠭᠠᠴᠠᠭ᠎ᠠ ᠲᠣᠰᠬᠣᠨ᠎ᠢᠶᠠᠷ ᠵᠢᠱ᠌ᠢᠶᠡᠯᠡᠪᠡᠯ᠂ ᠤᠯᠠᠷᠢᠯ ᠪᠦᠷᠢ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠢ ᠳᠠᠭᠠᠭᠤᠯᠤᠨ《ᠲᠠᠪᠤᠨ ᠨᠢᠭᠡ》ᠵᠢᠨ ᠣᠯᠠᠨ ᠲᠦᠮᠡᠨᠴᠢ ᠠᠵᠢᠯᠯᠠᠭ᠎ᠠ᠎ᠶᠢ ᠨᠢᠭᠡ ᠤᠳᠠᠭ᠎ᠠ ᠥᠷᠨᠢᠭᠦᠯᠦᠨ᠎ᠡ᠂ ᠲᠤᠬᠠᠢᠯᠠᠪᠠᠯ ᠬᠥᠲᠥᠯᠥᠨ ᠳᠠᠭᠠᠭᠤᠯᠵᠤ ᠬᠠᠮᠲᠤ ᠪᠠᠷ ᠰᠤᠷᠤᠯᠴᠠᠵᠤ᠂ ᠨᠢᠭᠡ ᠤᠳᠠᠭᠠᠨ᠎ᠤ ᠣᠯᠠᠨ ᠲᠦᠮᠡᠨᠴᠢ ᠬᠥᠮᠦᠵᠢᠯ᠎ᠦᠨ ᠠᠵᠢᠯᠯᠠᠭ᠎ᠠ ᠎ᠶᠢ ᠥᠷᠨᠢᠭᠦᠯᠦᠨ᠎ᠡ; ᠣᠷᠣᠯᠭ᠎ᠠ ᠎ᠪᠠᠨ ᠨᠡᠮᠡᠭᠳᠡᠭᠦᠯᠵᠦ ᠬᠠᠮᠲᠤ᠎ᠪᠠᠷ ᠪᠠᠶᠠᠵᠢᠵᠤ᠂ ᠨᠢᠭᠡ ᠤᠳᠠᠭᠠᠨ ᠎ᠤ ᠠᠵᠤ ᠦᠢᠯᠡᠰ᠎ᠦᠨ ᠬᠥᠭᠵᠢᠭᠦᠯᠦᠯᠲᠡ᠎ᠶᠢᠨ ᠠᠵᠢᠯᠯᠠᠭ᠎ᠠ᠎ᠶᠢ ᠵᠣᠬᠢᠶᠠᠨ ᠪᠠᠢᠭᠤᠯᠤᠨ᠎ᠠ; ᠰᠣᠶᠣᠯ ᠎ᠢ ᠬᠠᠮᠲᠤ᠎ᠪᠠᠷ ᠡᠳ᠋ᠯᠡᠵᠦ᠂ ᠨᠢᠭᠡ ᠤᠳᠠᠭᠠᠨ᠎ᠤ ᠰᠣᠶᠣᠯ᠎ᠤᠨ ᠰᠣᠯᠢᠯᠴᠠᠭᠠᠨ᠎ᠤ ᠠᠵᠢᠯᠯᠠᠭ᠎ᠠ ᠥᠷᠨᠢᠭᠦᠯᠦᠨ᠎ᠡ; ᠣᠷᠴᠢᠨ ᠲᠣᠭᠣᠷᠢᠨ᠎ᠢ ᠬᠠᠮᠲᠤ᠎ᠪᠠᠷ ᠭᠣᠶᠣᠵᠢᠭᠤᠯᠵᠤ ᠂ ᠨᠢᠭᠡ ᠤᠳᠠᠭᠠᠨ᠎ᠤ ᠣᠷᠣᠰᠢᠨ ᠰᠠᠭᠤᠬᠤ ᠣᠷᠴᠢᠨ ᠲᠣᠭᠣᠷᠢᠨ᠎ᠢ ᠴᠡᠭᠴᠡᠯᠡᠨ ᠵᠠᠰᠠᠬᠤ ᠠᠵᠢᠯᠯᠠᠭ᠎ᠠ ᠵᠢ ᠥᠷᠨᠢᠭᠦᠯᠦᠨ᠎ᠡ; ᠠᠮᠤᠷ ᠲᠦᠪᠰᠢᠨ᠎ᠢ ᠬᠠᠮᠲᠤ ᠪᠠᠷ ᠵᠠᠰᠠᠵᠤ᠂ ᠨᠢᠭᠡ ᠤᠳᠠᠭᠠᠨ᠎ᠤ ᠵᠥᠷᠢᠴᠡᠯ ᠵᠠᠭᠤᠷᠠᠯᠳᠤᠭᠠᠨ᠎ᠤ ᠠᠶᠤᠯ ᠲᠦᠭᠰᠢᠭᠦᠷᠢ ᠭᠡᠮ ᠰᠣᠭᠣᠭ ᠎ᠢ ᠪᠠᠢᠴᠠᠭᠠᠬᠤ ᠠᠵᠢᠯ ᠎ᠢ ᠦᠷᠨᠢᠭᠦᠯᠬᠦ ᠪᠤᠯᠤᠨ᠎ᠠ᠃

《ᠭᠠᠷ ᠭᠠᠷ᠎ᠢᠶᠠᠨ ᠬᠣᠯᠪᠣᠯᠴᠠᠨ᠂ ᠰᠡᠳᠭᠢᠯ ᠵᠢᠷᠦᠬᠡ᠎ᠪᠡᠨ ᠬᠣᠯᠪᠣᠵᠤ᠂ ᠳᠤᠮᠳᠠᠳᠤ᠎ᠶ᠋ᠢᠨ ᠦᠨᠳᠦᠰᠦᠲᠡᠨ᠎ᠦ ᠶᠡᠬᠡ ᠭᠡᠷ ᠪᠦᠯᠢ ᠡᠭᠦᠷᠢᠳᠡ ᠰᠠᠯᠤᠰᠢ ᠦᠭᠡᠢ ᠁》 ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠪᠤᠷᠭᠠᠰᠤᠲᠠᠢ ᠱᠢᠶᠠᠩ᠎ᠤᠨ《ᠦᠨᠳᠦᠷ ᠬᠣᠭᠣᠯᠠᠢᠲᠦ》ᠤᠬᠠᠭᠤᠯᠤᠨ ᠲᠠᠢᠯᠪᠤᠷᠢᠯᠠᠬᠤ ᠰᠠᠢ᠌ᠨ ᠳᠤᠷ᠎ᠠ᠎ᠶ᠋ᠢᠨ ᠦᠢᠯᠡᠴᠢᠯᠡᠭᠡᠨ᠎ᠦ ᠠᠩᠬᠢ᠂ ᠤᠯᠠᠨ ᠲᠦᠮᠡᠨ᠎ᠲᠡᠶ ᠤᠢ᠍ᠢᠷᠠᠳᠤᠭ᠍ᠰᠠᠨ ᠨᠤᠲᠤᠭ᠎ᠤᠨ ᠠᠶᠠᠯᠭᠤ᠎ᠪᠠᠷ ᠨᠠᠮ᠎ᠤᠨ ᠤᠨᠤᠯ᠎ᠢ ᠡᠭᠡᠯ ᠠᠷᠠᠳ᠎ᠤᠨ ᠭᠡᠷ᠎ᠲᠦ ᠬᠦᠷᠭᠡᠨ᠎ᠡ᠃ ᠰᠠᠭᠤᠭᠠᠯᠢ ᠠᠷᠠᠳ ᠵᠠᠩ ᠱᠦ᠍ ᠯᠢᠨ᠄ 《ᠲᠡᠳᠡᠨ ᠎ᠦ ᠶᠠᠷᠢᠬᠤ ᠨᠢ ᠪᠦᠷ ᠪᠢᠳᠡᠨ᠎ᠦ ᠣᠢᠯᠠᠭᠠᠬᠤ ᠦᠭᠡ᠂  ᠤᠯᠠᠨ᠎ᠢᠶᠠᠷ᠎ᠢᠶᠠᠨ ᠮᠣᠳᠣᠨ᠎ᠰᠡᠭᠦᠳᠡᠷ ᠲᠸ᠋  ᠰᠠᠭᠤᠵᠤ ᠲᠦᠷᠦ᠍᠎ᠶ᠋ᠢᠨ ᠪᠤᠳᠤᠯᠭ᠎ᠠ᠎ᠶ᠋ᠢ ᠰᠣᠨᠣᠰᠴᠤ᠌᠂ ᠵᠣᠭᠣᠭ ᠳᠡᠯᠭᠡᠨ᠎ᠡ᠂ ᠠᠮᠢᠳᠤᠷᠠᠯ ᠶᠠᠪᠤᠬᠤ ᠲᠤᠳᠤᠮ ᠲᠠᠭᠠᠯᠠᠮᠵᠢᠲᠠᠢ ᠪᠤᠯᠵᠤ ᠪᠠᠢᠨ᠎ᠠ》 ᠬᠡᠨ᠎ᠡ᠃

ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤᠨ᠎ᠤ ᠨᠠᠮ ᠪᠡ ᠣᠯᠠᠨ ᠲᠦᠮᠡᠨ᠎ᠦ ᠦᠶ᠋ᠯᠡᠴᠢᠯᠡᠭᠡᠨ᠎ᠦ ᠲᠥᠪ ᠎ᠦᠨ ᠬᠠᠨ ᠠᠭᠤᠯᠠ ᠨᠡᠢᠭᠡᠮ ᠲᠣᠭᠣᠷᠢᠭ᠎ᠲᠤ᠂ 20 ᠲᠡᠭ᠌ᠰᠢ ᠳᠥᠷᠪᠡᠯᠵᠢᠨ ᠮᠧᠲ᠋ᠷ ᠎ᠦᠨ 《ᠬᠠᠨ ᠭᠤᠸᠠᠢ》ᠠᠵᠢᠯ᠎ᠤᠨ ᠦᠷᠦᠭᠡ ᠨᠢ ᠨᠡᠢᠭᠡᠮ ᠲᠣᠭᠣᠷᠢᠭ᠎ᠤᠨ ᠰᠠᠭᠤᠭᠠᠯᠢ ᠠᠷᠠᠳ᠎ᠤᠨ ᠲᠦᠪᠡᠭᠳᠡᠢ ᠠᠰᠠᠭᠤᠳᠠᠯ᠎ᠢ ᠱᠢᠶ᠋ᠳᠪᠦᠷᠢᠯᠡᠬᠦ᠌ ᠴᠢᠬᠤᠯᠠ ᠲᠠᠪᠴᠠᠩ ᠪᠣᠯᠪᠠ᠃ ᠨᠡᠢᠭᠡᠮ ᠲᠣᠭᠣᠷᠢᠭ᠎ᠤᠨ ᠠᠬᠠᠮᠠᠳ ᠨᠠᠮ᠎ᠤᠨ ᠭᠡᠱᠢᠭᠦᠨ ᠬᠠᠨ ᠯᠢᠦ ᠵᠦ᠍ ᠣᠯᠠᠨ ᠲᠦᠮᠡᠨ᠎ᠲᠡᠶ ᠣᠢᠷᠠᠳᠤᠬᠤ ᠠᠷᠭ᠎ᠠ ᠮᠠᠶᠢᠬ ᠵᠢᠡᠷ ᠬᠥᠷᠰᠢ ᠵᠡᠷᠭᠡᠯᠡᠳᠡᠭᠡ᠎ᠶ᠋ᠢᠨ ᠣᠯᠠᠨ ᠵᠠᠭᠤᠷᠠᠯᠳᠤᠭᠠᠨ ᠪᠣᠯᠤᠨ ᠭᠡᠷ ᠪᠦᠯᠢ ᠎ᠶ᠋ᠢᠨ ᠵᠥᠷᠢᠴᠡᠯ᠎ᠢ ᠱᠢᠶ᠋ᠳᠪᠦᠷᠢᠯᠡᠪᠡ᠃ 《ᠨᠡᠢᠭᠡᠮ ᠲᠣᠭᠣᠷᠢᠭ᠎ᠤᠨ ᠬᠢᠨ 〈ᠠᠨᠠᠷ᠎ᠤᠨ ᠦᠷ᠎ᠡ〉 ᠬᠡᠷᠡᠭ ᠵᠥᠪᠯᠡᠬᠦ᠌ ᠲᠢᠩᠬᠢᠮ ᠂ 〈 ᠬᠠᠨ ᠭᠤᠸᠠᠢ 〉 ᠵᠢᠨ ᠠᠵᠢᠯ᠎ᠤᠨ ᠦᠷᠦᠭᠡ᠂ 〈 ᠪᠢᠴᠢᠬᠠᠨ ᠡᠶᠡᠳᠡᠭᠦᠯᠦᠭ᠌ᠴᠢ 〉᠂ ᠠᠷᠠᠳ᠎ᠤᠨ ᠡᠶᠡᠳᠡᠭᠦᠯᠭᠡ ᠵᠢᠨ ᠡᠩᠨᠡᠭᠡ ᠵᠡᠷᠭᠡ᠎ᠶ᠋ᠢ ᠪᠠᠢᠭᠤᠯᠵᠤ᠂ ᠵᠥᠷᠢᠴᠡᠯ ᠎ᠢ ᠴᠤᠬᠤᠢᠵᠤ ᠪᠠᠢᠭ᠎ᠠ ᠱᠠᠳᠤᠨ ᠎ᠳᠦᠨᠢ ᠨᠠᠮᠳᠠᠭᠤᠯᠪᠠ 》 ᠭᠡᠵᠦ᠍ ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤᠨ᠎ᠤ ᠨᠠᠮ  ᠪᠡ ᠤᠯᠠᠨ ᠲᠦᠮᠡᠨ᠎ᠦ ᠦᠢᠯᠡᠴᠢᠯᠡᠭᠡᠨ᠎ᠦ ᠲᠥᠪ᠎ᠦᠨ ᠬᠠᠨ ᠠᠭᠤᠯᠠ ᠨᠡᠢᠭᠡᠮ ᠲᠣᠭᠣᠷᠢᠭ᠎ᠤᠨ ᠨᠠᠮ᠎ᠤᠨ ᠬᠣᠷᠢᠶᠠᠨ᠎ᠤ ᠱᠦᠵᠢ ᠢᠦᠢ ᠸᠧᠢ ᠫᠸᠩ ᠬᠡᠯᠡᠪᠡ᠃

ᠲᠦᠴᠢᠦᠸᠠᠨ ᠱᠢᠶᠠᠨ᠎ᠤ ᠵᠢᠷᠭᠤᠭᠠᠨ ᠬᠡᠷ ᠪᠠᠯᠭᠠᠰᠤᠨ᠎ᠤ ᠶᠦᠩ ᠹᠠᠨ ᠲᠣᠰᠭᠣᠨ᠎ᠤ ᠬᠥᠳᠡᠯᠭᠡᠭᠡᠨ᠎ᠦ ᠲᠠᠰᠤᠭ᠎ᠲᠤ᠂ ᠰᠣᠶᠣᠯ᠎ᠢ ᠬᠠᠮᠲᠤ ᠪᠠᠷ ᠡᠳ᠋ᠯᠡᠬᠦ᠌ ᠴᠠᠭᠠᠰᠤᠨ ᠬᠠᠢᠴᠢᠯᠠᠮᠠᠯ᠎ᠤᠨ ᠪᠣᠯᠪᠠᠰᠤᠷᠠᠯ᠎ᠤᠨ ᠠᠵᠢᠯᠯᠠᠭ᠎ᠠ ᠶᠠᠭ ᠬᠥᠷ ᠬᠥᠭ᠌ᠵᠢᠶᠡᠨ᠎ᠲᠡᠶ ᠶᠠᠪᠤᠭ᠍ᠳᠠᠵᠤ᠂ ᠲᠣᠰᠭᠣᠨ᠎ᠤ ᠠᠷᠠᠳ ᠴᠠᠭᠠᠰᠤᠨ ᠬᠠᠢᠴᠢᠯᠠᠮᠠᠯ᠎ᠤᠨ ᠪᠠᠭ᠍ᠰᠢ᠎ᠶ᠋ᠢᠨ ᠳᠠᠭᠠᠭᠤᠯᠭ᠎ᠠ ᠳᠤᠤᠷ᠎ᠠ ᠪᠦᠯᠬᠦᠮ᠎ᠦᠨ ᠬᠠᠢᠴᠢᠯᠠᠮᠠᠯ᠎ᠤᠨ ᠠᠵᠢᠯᠯᠠᠭ᠎ᠠ᠎ᠶ᠋ᠢ ᠰᠤᠷᠤᠯᠴᠠᠵᠤ ᠪᠠᠢᠯ᠎ᠡ᠃ ᠤᠯᠠᠨ ᠲᠦᠮᠡᠨ ᠲᠠᠢ  ᠣᠢᠷᠠᠲᠤᠵᠤ ᠂ ᠠᠷᠠᠳ᠎ᠤᠨ ᠰᠡᠳᠭᠢᠯ ᠎ᠢ ᠳᠤᠯᠠᠭᠠᠴᠠᠭᠤᠯᠬᠤ ᠴᠠᠭᠠᠰᠤᠨ ᠬᠠᠢᠴᠢᠯᠠᠮᠠᠯ ᠎ᠤᠨ  ᠪᠣᠯᠪᠠᠰᠤᠷᠠᠯ᠎ᠨᠢ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠳᠦ ᠳᠤᠮᠳᠠᠳᠤ ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠤᠨ ᠷᠢᠳᠢ ᠱᠢᠳᠢ᠎ᠶ᠋ᠢ ᠮᠡᠳᠡᠷᠡᠭᠦᠯᠪᠡ᠃

ᠵᠠᠯᠠᠢᠳ ᠬᠣᠱᠢᠭᠤᠨ᠎ᠤ ᠪᠠᠶᠠᠨᠭᠤᠤᠯ ᠪᠠᠯᠭᠠᠰᠤᠨ᠎ᠤ ᠪᠠᠶᠠᠨ ᠵᠢᠷᠦᠬᠡ ᠲᠣᠰᠭᠣᠨ᠎ᠤ  ᠵᠠᠮ  ᠴᠡᠪᠡᠷ ᠴᠡᠮᠴᠡᠭᠡᠷ᠂ ᠭᠡᠷ ᠪᠠᠢᠱᠢᠩ ᠨᠢ ᠲᠠᠷᠢ ᠲᠡᠭ᠌ᠰᠢ᠂ ᠬᠦᠷᠢᠶ᠎ᠡ ᠬᠠᠱᠢᠶ᠎ᠠ ᠨᠢ ᠲᠤᠬᠢᠯᠢᠬ ᠭᠤᠶᠤ ᠪᠠᠢᠳᠠᠭ᠃ ᠲᠣᠰ ᠲᠣᠰᠭᠣᠨ ᠣᠷᠣᠱᠢᠨ ᠰᠠᠭᠤᠷᠢᠱᠢᠬᠤ ᠣᠷᠴᠢᠨ ᠲᠣᠭᠣᠷᠢᠨ᠎ᠢ ᠴᠡᠭ᠌ᠴᠡᠯᠡᠨ ᠵᠠᠰᠠᠬᠤ ᠬᠤᠪᠢ ᠬᠤᠷᠠᠮᠳᠤᠭᠤᠯᠬᠤ ᠲᠦᠷᠢᠮ᠎ᠢ ᠬᠡᠷᠡᠭ᠌ᠵᠢᠭᠦᠯᠬᠦ᠌᠎ᠪᠡᠷ ᠳᠠᠮᠵᠢᠭᠤᠯᠤᠨ᠂ ᠲᠣᠰᠭᠣᠨ᠎ᠤ ᠠᠷᠠᠳ᠎ᠤᠨ ᠣᠷᠴᠢᠨ ᠲᠣᠭᠣᠷᠢᠨ᠎ᠢ ᠴᠡᠭ᠌ᠴᠡᠯᠡᠨ ᠵᠠᠰᠠᠬᠤ ᠎ᠳᠤ ᠣᠷᠣᠯᠴᠠᠬᠤ᠂ ᠬᠣᠭ ᠨᠣᠪᠰᠢ᠎ᠶ᠋ᠢ ᠱᠢᠶ᠋ᠳᠪᠦᠷᠢᠯᠡᠬᠦ᠌᠂ ᠨᠣᠭᠣᠭᠠᠷᠠᠭᠤᠯᠵᠤ ᠭᠣᠶᠣᠯᠠᠬᠤ ᠵᠡᠷᠭᠡ ᠦᠶ᠋ᠯᠡ ᠠᠵᠢᠯᠯᠠᠭ᠎ᠠ᠎ᠶ᠋ᠢ ᠬᠤᠪᠢ ᠬᠤᠷᠠᠮᠳᠤᠭᠤᠯᠬᠤ ᠪᠣᠯᠭᠠᠨ ᠬᠡᠮᠵᠢᠶᠡᠯᠡᠬᠦ᠌᠎ᠶ᠋ᠢᠨ ᠬᠠᠮᠲᠤ ᠣᠯᠤᠭ᠍ᠰᠠᠨ ᠬᠤᠪᠢ᠎ᠪᠠᠨ ᠱᠠᠩᠨᠠᠯ ᠪᠣᠯᠭᠠᠨ ᠰᠣᠯᠢᠪᠠ᠃ ᠡᠨᠡ ᠬᠦ᠌ ᠠᠷᠭ᠎ᠠ ᠬᠡᠮᠵᠢᠶ᠎ᠡ ᠨᠢ ᠲᠣᠰᠭᠣᠨ ᠎ᠤ ᠠᠷᠠᠳ᠎ᠤᠨ ᠣᠷᠴᠢᠨ ᠲᠣᠭᠣᠷᠢᠨ᠎ᠢ ᠴᠡᠭ᠌ᠴᠡᠯᠡᠨ ᠵᠠᠰᠠᠬᠤ᠎ᠳᠤ ᠣᠷᠣᠯᠴᠠᠬᠤ ᠬᠥᠳᠡᠯᠭᠡᠬᠦ᠌ ᠬᠦᠴᠦᠨ ᠎ᠢ ᠬᠥᠭ᠌ᠵᠢᠭᠡᠭ᠌ᠰᠡᠨ᠎ᠢᠶᠡᠷ ᠪᠠᠷᠠᠬᠤ ᠥᠬᠡᠶ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠳᠦ ᠭᠣᠶᠣ ᠰᠠᠢᠬᠠᠨ ᠦᠵᠡᠮᠵᠢ᠎ᠶ᠋ᠢ ᠬᠠᠮᠲᠤ᠎ᠪᠠᠷ ᠡᠳ᠋ᠯᠡᠭᠦᠯᠪᠡ᠃

《ᠤᠯᠠᠨ ᠲᠦᠮᠡᠨ᠎ᠦ ᠰᠤᠷᠭᠠᠨ ᠬᠥᠮᠦᠵᠢᠯ᠂ ᠠᠵᠤ ᠦᠢᠯᠡᠰ᠎ᠦᠨ ᠬᠥᠭ᠌ᠵᠢᠯᠲᠡ᠂ ᠰᠣᠶᠣᠯ᠎ᠤᠨ ᠰᠣᠯᠢᠯᠴᠠᠭ᠎ᠠ᠂ ᠣᠷᠴᠢᠨ ᠲᠣᠭᠣᠷᠢᠨ᠎ᠤ ᠪᠠᠢᠭᠤᠯᠤᠯᠲᠠ᠂ ᠦᠨᠳᠦᠰᠦᠨ ᠱᠠᠲᠤᠨ᠎ᠤ ᠵᠠᠰᠠᠯᠲᠠ ᠵᠡᠷᠭᠡ ᠲᠠᠯ᠎ᠠ᠎ᠪᠠᠷ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ 〈ᠲᠠᠪᠤᠨ ᠨᠢᠭᠡ〉 ᠵᠢᠨ ᠤᠯᠠᠨ ᠲᠦᠮᠡᠨᠴᠢ ᠠᠵᠢᠯ᠎ᠤᠨ ᠠᠷᠭ᠎ᠠ ᠪᠣᠯ ᠬᠢᠩᠭᠠᠨ ᠠᠢᠮᠠᠭ᠎ᠤᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ ᠎ᠢ ᠪᠠᠲᠤ ᠴᠣᠭ᠍ᠴᠠᠯᠠᠬᠤ ᠭᠣᠣᠯ ᠱᠢᠵᠢᠮ ᠪᠠ 〈ᠬᠣᠶᠠᠷ ᠣᠷᠣᠨ ᠨᠢᠭᠡ ᠴᠤᠩᠬᠤᠪᠴᠢ〉ᠵᠢᠨ ᠲᠤᠷᠱᠢᠯᠲᠠ᠎ᠶ᠋ᠢᠨ ᠴᠡᠭ ᠎ᠦᠨ ᠪᠠᠢᠭᠤᠯᠤᠯᠲᠠ ᠎ᠶ᠋ᠢ ᠢᠳᠡᠪᠬᠢᠲᠡᠢ ᠠᠬᠢᠭᠤᠯᠬᠤ ᠴᠢᠬᠤᠯᠠ ᠠᠷᠭ᠎ᠠ ᠪᠠᠷᠢᠯ ᠪᠠ ᠪᠠᠲᠤᠯᠠᠭ᠎ᠠ ᠪᠣᠯᠤᠨ᠎ᠠ》 ᠭᠡᠵᠦ ᠬᠢᠩᠭᠠᠨ ᠠᠢᠮᠠᠭ᠎ᠤᠨ ᠨᠠᠮ᠎ᠤᠨ ᠬᠣᠷᠢᠶᠠᠨ᠎ᠤ ᠨᠢᠭᠡᠳᠦᠮᠡᠯ ᠹᠷᠣᠨᠲ᠎ᠤᠨ ᠬᠡᠯᠲᠡᠰ᠎ᠦᠨ ᠦᠨᠳᠦᠰᠦᠲᠡᠨ᠎ᠦ ᠠᠵᠢᠯ᠎ᠤᠨ ᠰᠠᠯᠠᠭᠠᠨ᠎ᠤ ᠳᠠᠷᠤᠭ᠎ᠠ ᠯᠢ ᠶᠢᠩ ᠬᠡᠯᠡᠪᠡ᠃

ᠣᠳᠣᠬᠠᠨ ᠪᠣᠯᠲᠠᠯ᠎ᠠ᠂ ᠬᠢᠩᠭᠠᠨ ᠠᠢᠮᠠᠭ 《ᠲᠠᠪᠤᠨ ᠨᠢᠭᠡ》 ᠶ᠋ᠢᠨ ᠣᠯᠠᠨ ᠲᠦᠮᠡᠨᠴᠢ ᠠᠵᠢᠯᠯᠠᠭ᠎ᠠ᠎ᠶ᠋ᠢ 8136 ᠤᠳᠠᠭ᠎ᠠ ᠥᠷᠨᠢᠭᠦᠯᠵᠦ᠍᠂ ᠦᠨᠳᠦᠰᠦᠲᠡᠨ᠎ᠨᠦᠭᠦᠳ᠎ᠦᠨ 65.8 ᠲᠦᠮᠡ ᠱᠢᠬᠠᠮ ᠣᠯᠠᠨ ᠲᠦᠮᠡᠨ᠎ᠢ ᠬᠠᠮᠤᠷᠴᠠᠶ᠃

ᠲᠠᠷᠢᠶᠠᠨ ᠭᠠᠵᠠᠷ ᠡᠴᠡ ᠵᠡᠭᠡᠯᠢ ᠭᠤᠳᠤᠮᠵᠢ ᠬᠦᠷᠳᠡᠯ᠎ᠡ᠂ ᠨᠠᠮ᠎ᠤᠨ ᠲᠦᠷᠦ ᠵᠢᠨ ᠪᠤᠳᠤᠯᠭ᠎ᠠ ᠵᠢ ᠤᠬᠠᠭᠤᠯᠤᠨ ᠲᠠᠢᠯᠪᠤᠷᠢᠯᠠᠬᠤ ᠡᠴᠡ ᠵᠦᠷᠢᠴᠡᠯ ᠵᠠᠭᠤᠷᠠᠯᠳᠤᠭᠠᠨ ᠎ᠢ ᠡᠶᠡᠳᠡᠭᠦᠯᠬᠦ ᠬᠦᠷᠳᠡᠯ᠎ᠡ᠂ ᠤᠯᠠᠷᠢᠯ ᠪᠦᠷᠢ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠢ ᠳᠠᠭᠠᠭᠤᠯᠤᠨ《ᠲᠠᠪᠤᠨ ᠨᠢᠭᠡ》 ᠵᠢᠨ ᠤᠯᠠᠨ ᠲᠦᠮᠡᠨᠴᠢ ᠠᠵᠢᠯᠯᠠᠭ᠎ᠠ ᠥᠷᠨᠢᠭᠦᠯᠬᠦ᠌᠎ᠪᠡᠷ ᠳᠠᠮᠵᠢᠨ ᠬᠢᠩᠭᠠᠨ ᠠᠢᠮᠠᠭ᠎ᠤᠨ ᠬᠢᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠦᠨᠳᠦᠰᠦᠨ ᠱᠠᠲᠤᠨ᠎ᠤ ᠵᠠᠰᠠᠯᠲᠠ᠎ᠶ᠋ᠢᠨ ᠰᠠᠯᠠᠭ᠎ᠠ ᠮᠥᠴᠢᠷ ᠪᠦᠬᠦᠨ᠎ᠳᠦ ᠠᠭᠤᠰᠤᠯᠴᠠᠭᠤᠯᠪᠠ᠃ ᠦᠨᠳᠦᠰᠦᠲᠡᠨ᠎ᠦ ᠠᠵᠢᠯ᠎ᠤᠨ ᠲᠦᠷᠢᠮ᠎ᠦᠨ ᠱᠢᠨ᠎ᠡ ᠵᠢ ᠡᠬᠦᠳᠦᠭᠰᠡᠨ ᠪᠠᠲᠤ ᠪᠠᠬᠢ ᠪᠠᠲᠤᠯᠠᠭ᠎ᠠ ᠳᠤᠤᠷ᠎ᠠ᠂ ᠦᠨᠳᠦᠰᠦᠨ ᠱᠠᠲᠤᠨ ᠎ᠤ ᠱᠢᠮᠡᠯᠢᠭ ᠬᠥᠷᠥᠰᠥᠨ᠎ᠳᠦ ᠭᠦᠨ ᠦᠨᠳᠦᠰᠦᠯᠡᠭ᠌ᠰᠡᠨ ᠪᠦᠯᠬᠦᠮᠳᠡᠯ᠎ᠦᠨ ᠦᠷ᠎ᠡ ᠶᠠᠭ ᠬᠥᠷᠥᠰᠥ᠍ ᠱᠢᠷᠣᠶ᠎ᠠᠴᠠ ᠴᠤᠬᠤᠢᠵᠤ᠂ ᠢᠳᠡᠷᠡᠭᠦᠨ ᠎ᠢᠶᠡᠷ ᠦᠰᠦᠨ ᠪᠣᠢᠵᠢᠵᠤ ᠰᠠᠯᠠᠭ᠎ᠠ ᠨᠠᠮᠠᠭ᠎ᠠ ᠎ᠨᠢ ᠢᠭ᠍ᠴᠤ ᠰᠠᠬᠤᠯᠢᠭ ᠵᠣᠯ ᠵᠢᠷᠭᠠᠯ ᠎ᠤᠨ ᠮᠣᠳᠣ ᠪᠣᠯᠵᠣ᠂ ᠦᠨᠳᠦᠰᠦᠲᠡᠨ᠎ᠨᠦᠭᠦᠳ᠎ᠦᠨ ᠬᠥᠪᠡᠭᠦᠳ ᠥᠬᠢᠳ᠎ᠦᠨ ᠰᠡᠳᠭᠢᠯ ᠵᠢᠡᠨ ᠨᠢᠭᠡᠳᠭᠡᠨ ᠳᠤᠮᠳᠠᠳᠤ᠎ᠶ᠋ᠢᠨ ᠵᠡᠭᠦᠳᠦ᠍᠎ᠵᠢ ᠬᠠᠮᠲᠤ᠎ᠪᠠᠷ ᠲᠡᠷᠭᠡᠯᠱᠢᠭᠦᠯᠬᠦ᠌ ᠰᠦᠷ ᠵᠢᠪᠬᠤᠯᠠᠩᠲᠤ ᠠᠶᠠᠨ ᠵᠠᠮ᠎ᠢ ᠭᠡᠷᠡᠴᠢᠯᠡᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号