ᠶᠠᠩ ᠬᠤᠤ ᠶᠤᠸᠠᠨ᠄ ᠲᠡᠮᠦᠷ ᠰᠤᠪᠤᠷᠭ᠎ᠠ ᠴᠠᠬᠢᠯᠭᠠᠨ ᠤᠳᠠᠰᠤ᠎ᠶ᠋ᠢ ᠰᠠᠬᠢᠨ ᠬᠠᠮᠠᠭᠠᠯᠠᠵᠤ ᠲᠦᠭ ᠲᠦᠮᠡᠨ ᠠᠢᠯ ᠡᠷᠦᠬᠡ᠎ᠶ᠋ᠢ ᠭᠡᠷᠡᠯᠲᠦᠭᠦᠯᠦᠨ᠎ᠡ
2025-06-28 11:07:10
ᠵᠣᠬᠢᠶᠠᠭ᠍ᠴᠢ᠄
ᠹᠠᠩ ᠶᠤᠸᠠᠨ
ᠣᠩᠱᠢᠭ᠍ᠰᠠᠨ ᠣᠳᠠᠭ᠎ᠠ᠄
★★★☆☆

6 ᠰᠠᠷ᠎ᠠ᠎ᠶ᠋ᠢᠨ 16 ᠎ᠤ᠋ ᠦᠳᠡ᠎ᠶ᠋ᠢᠨ ᠬᠣᠢᠨ᠎ᠠ᠂ ᠬᠠᠯᠠᠭᠤᠨ ᠠᠭᠤᠷ ᠨᠢᠭᠤᠷ ᠦᠬᠡᠳᠡ ᠡᠴᠡ ᠦᠯᠢᠶᠡᠨ᠎ᠠ᠂ ᠪᠠᠶᠠᠨᠨᠠᠭᠤᠷ ᠬᠣᠲᠠ᠎ᠶ᠋ᠢᠨ ᠯᠢᠨ ᠾᠧ ᠲᠣᠭᠣᠷᠢᠭ᠎ᠤᠨ ᠬᠡᠷ᠎ᠦᠨ ᠭᠠᠳᠠᠨᠠᠬᠢ ᠳᠤᠯᠠᠭᠠᠨ᠎ᠤ ᠬᠡᠮᠵᠢᠶ᠎ᠡ 33°C ᠎ᠢ᠋ ᠳᠠᠪᠠᠪᠠ᠃ 10 ᠺᠢᠯᠤᠸᠤᠯᠲ᠎ᠤᠨ ᠴᠠᠬᠢᠯᠭᠠᠨ ᠱᠤᠭᠤᠮ᠎ᠢ ᠥᠭᠡᠷᠡᠴᠢᠯᠡᠨ ᠵᠠᠰᠠᠬᠤ ᠠᠵᠢᠯ ᠎ᠤᠨ ᠲᠤᠬᠠᠢ᠎ᠶ᠋ᠢᠨ ᠲᠠᠯᠠᠪᠠᠢ᠎ᠳᠤ᠂ ᠶᠠᠩ ᠬᠤᠤ ᠶᠤᠸᠠᠨ ᠬᠦᠯᠦᠰᠦᠨ ᠳ᠋ᠤᠨᠢ ᠲᠡᠪᠳᠦᠵᠤ ᠠᠷᠤ ᠨᠢᠷᠤᠭᠤᠨ ᠲᠡᠬᠡᠷ᠎ᠡ ᠨᠢ ᠨᠠᠭᠠᠯᠳᠤᠭ᠍ᠰᠠᠨ ᠠᠵᠢᠯ᠎ᠤᠨ ᠬᠤᠪᠴᠠᠰᠤ᠎ᠪᠠᠨ ᠬᠠᠮᠢᠶᠠᠷᠬᠤ ᠵᠠᠪ ᠦᠭᠡᠢ ᠨᠢᠳᠦ ᠭᠢᠯᠠᠰᠤᠮ᠎ᠠ ᠨᠡᠷᠡᠨ᠎ᠦ ᠭᠡᠷᠡᠯ᠎ᠳᠦ ᠬᠣᠶᠠᠷ ᠨᠢᠳᠦ᠍᠎ᠪᠡᠨ ᠠᠨᠢᠯᠭᠠᠨ᠂ ᠥᠨᠳᠥᠷ ᠲᠤ᠌ ᠠᠵᠢᠯᠯᠠᠵᠤ ᠪᠠᠢᠭ᠎ᠠ ᠬᠥᠮᠦᠰ᠎ᠦᠨ ᠠᠵᠢᠯᠯᠠᠬᠤ ᠶᠠᠪᠤᠴᠠ᠎ᠶ᠋ᠢ ᠨᠠᠷᠢᠨ ᠪᠠᠢᠴᠠᠭᠠᠨ ᠦᠵᠡᠵᠦ᠍᠂ ᠪᠠᠷᠢᠯᠭ᠎ᠠ᠎ᠶ᠋ᠢᠨ ᠠᠵᠢᠯ ᠬᠢᠵᠦ᠍ ᠪᠠᠢᠭ᠎ᠠ ᠬᠥᠮᠦᠰ᠎ᠦᠨ ᠬᠤᠪᠢ ᠬᠥᠮᠦᠨ᠎ᠦ ᠮᠡᠳᠡᠭᠡ ᠵᠠᠩᠭᠢ ᠪᠣᠯᠤᠨ ᠠᠮᠤᠷ ᠲᠦᠪᠱᠢᠨ᠎ᠦ ᠦᠨᠡᠮᠯᠡᠯ᠂ ᠪᠠᠷᠢᠯᠭ᠎ᠠ᠎ᠶ᠋ᠢᠨ ᠠᠵᠢᠯ᠎ᠤᠨ ᠪᠠᠭᠠᠵᠢ ᠬᠡᠷᠡᠭ᠌ᠰᠡᠯ᠎ᠢ ᠨᠢᠬᠡ ᠨᠢᠬᠡ ᠪᠡᠷ ᠪᠠᠢᠴᠠᠭᠠᠨ᠎ᠠ ᠁

《ᠥᠨᠳᠥᠷ ᠲᠤᠯᠠᠭᠠᠨ᠎ᠳᠤ ᠪᠠᠷᠢᠯᠭ᠎ᠠ᠎ᠶ᠋ᠢᠨ ᠠᠮᠤᠷ ᠲᠦᠪᠱᠢᠨ᠎ᠢ ᠨᠠᠩ ᠠᠩᠬᠠᠷᠬᠤ ᠬᠡᠷᠡᠭ᠌ᠲᠡᠶ!  ᠢᠯᠠᠩᠭᠤᠶ᠎ᠠ 〈ᠪᠦᠰᠡᠯᠡᠭᠦᠷ〉 〈ᠠᠷᠤ ᠨᠢᠷᠤᠭᠤᠨ ᠳ᠋ᠡᠬᠢ ᠬᠠᠮᠠᠭᠠᠯᠠᠯᠳᠠ ᠵᠢᠨ ᠪᠦᠰᠡ〉ᠵᠢ ᠡᠷᠬᠡᠪᠰᠢ ᠪᠡᠭᠢᠯᠡᠨ ᠤᠶᠠᠬᠤ ᠬᠡᠷᠡᠭ᠌ᠲᠡᠶ ᠁》᠃ ᠥᠪᠥᠷ ᠮᠣᠩᠭᠣᠯ᠎ᠤᠨ ᠴᠠᠬᠢᠯᠭᠠᠨ ᠬᠦᠴᠦᠨ᠎ᠦ(ᠪᠦᠯᠦᠭ᠌ᠯᠡᠯ) ᠬᠢᠵᠠᠭᠠᠷᠲᠤ ᠺᠣᠮᠫᠠᠨᠢ᠎ᠶ᠋ᠢᠨ ᠪᠠᠶᠠᠨᠨᠠᠭᠤᠷ᠎ᠤᠨ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ᠎ᠶ᠋ᠢᠨ ᠠᠮᠤᠷ ᠲᠦᠪᠱᠢᠨ ᠶᠠᠰᠤ ᠴᠢᠨᠠᠷ᠎ᠤᠨ ᠬᠢᠨᠠᠨ ᠪᠠᠢᠴᠠᠭᠠᠬᠤ ᠬᠡᠯᠲᠡᠰ᠎ᠦᠨ ᠲᠤᠬᠠᠢᠯᠠᠭ᠍ᠰᠠᠨ ᠠᠵᠢᠯ᠎ᠤᠨ ᠭᠤᠤᠯ ᠬᠠᠮᠢᠶᠠᠷᠤᠭ᠍ᠴᠢ ᠶᠠᠩ ᠬᠤᠤ ᠶᠤᠸᠠᠨ ᠦᠨᠳᠦᠷ ᠲᠤ᠌ ᠠᠵᠢᠯᠯᠠᠵᠤ ᠪᠠᠢᠭ᠎ᠠ ᠠᠵᠢᠯᠴᠢᠳ᠎ᠤᠨ ᠦᠬᠡᠳᠡ ᠬᠠᠨᠳᠤᠵᠤ ᠶᠡᠬᠡ ᠲᠠᠭᠤᠨ᠎ᠢᠶᠠᠷ ᠵᠠᠬᠢᠨ᠎ᠠ᠃

ᠠᠭᠠᠷ᠎ᠤᠨ ᠳᠤᠯᠠᠭᠠᠨ ᠳᠡᠭᠡᠭ᠌ᠰᠢᠯᠡᠬᠦ᠌᠎ᠶ᠋ᠢ ᠳᠠᠭᠠᠯᠳᠤᠨ᠂ ᠴᠠᠬᠢᠯᠭᠠᠨ ᠲᠤᠤᠷ᠎ᠤᠨ ᠳᠠᠭᠠᠭᠠᠴᠠ ᠶᠡᠬᠡ᠎ᠪᠡᠷ ᠨᠡᠮᠡᠭ᠌ᠳᠡᠵᠦ᠍᠂ ᠡᠯ᠎ᠡ ᠲᠥᠷᠥᠯ᠎ᠦᠨ ᠠᠮᠤᠷ ᠲᠦᠪᠱᠢᠨ᠎ᠦ ᠠᠶᠤᠯ ᠲᠦᠭ᠌ᠰᠢᠭᠦᠷᠢ ᠰᠣᠯᠪᠢᠴᠠᠨ ᠳᠠᠪᠬᠤᠴᠠᠵᠤ᠂ ᠶᠠᠩ ᠬᠤᠤ ᠶᠤᠸᠠᠨ ᠤ᠋ ᠦᠶ᠋ᠯᠡᠳᠪᠦᠷᠢᠯᠡᠯ᠎ᠦᠨ ᠲᠤᠬᠠᠶ᠎ᠶ᠋ᠢᠨ ᠲᠠᠯᠠᠪᠠᠶ᠎ᠳᠤ ᠬᠦᠷᠴᠦ᠍ ᠠᠮᠤᠷ ᠲᠦᠪᠱᠢᠨ᠎ᠦ ᠪᠠᠢᠴᠠᠭᠠᠯᠲᠠ ᠬᠢᠬᠦ᠌ ᠳᠠᠪᠲᠠᠮᠵᠢ ᠴᠤ᠌ ᠶᠠᠪᠤᠬᠤ ᠲᠤᠳᠤᠮ ᠥᠨᠳᠥᠷ ᠪᠣᠯᠪᠠ᠃ 《ᠠᠮᠤᠷ ᠲᠦᠪᠱᠢᠨ᠎ᠦ ᠡᠨᠡ ᠬᠦ᠌ ᠬᠥᠪᠴᠢ᠎ᠶ᠋ᠢ ᠴᠠᠭ ᠢᠮᠠᠬᠳᠠ ᠴᠢᠩᠭᠠᠯᠠᠬᠤ ᠬᠡᠷᠡᠭ᠌ᠲᠡᠢ》᠃ ᠡᠨᠡ ᠦᠭᠡ ᠨᠢ ᠣᠳᠣᠬᠠᠨ᠎ᠤ ᠠᠵᠢᠯ᠎ᠤᠨ ᠪᠠᠢᠷᠢ᠎ᠶ᠋ᠢᠨ ᠡᠭᠦᠷᠭᠡ ᠬᠠᠷᠢᠭᠤᠴᠠᠯᠭ᠎ᠠ᠎ᠶ᠋ᠢᠨ ᠱᠠᠭᠠᠷᠳᠠᠯᠭ᠎ᠠ ᠪᠣᠯᠬᠤ᠎ᠪᠠᠷ ᠪᠠᠷᠠᠬᠤ ᠥᠬᠡᠶ᠂ ᠨᠠᠩ ᠴᠤ᠌ ᠲᠡᠭᠦᠨ᠎ᠦ 7 ᠵᠢᠯ᠎ᠦᠨ ᠲᠤᠷᠰᠢ ᠠᠵᠢᠯ᠎ᠤᠨ ᠪᠠᠢᠷᠢ ᠲᠡᠬᠡᠷ᠎ᠡ ᠪᠠᠨ ᠳᠠᠪᠲᠠᠨ ᠪᠣᠯᠪᠠᠰᠤᠷᠠᠬᠰᠠᠨ ᠠᠵᠢᠯ ᠮᠡᠷᠭᠡᠵᠢᠯ᠎ᠦᠨ ᠠᠶᠠᠨᠳᠠᠭᠠᠨ᠎ᠤ ᠴᠢᠳᠠᠪᠤᠷᠢ ᠪᠣᠯᠤᠨ᠎ᠠ᠃

2018 ᠣᠨ᠎ᠳᠤ᠂ ᠶᠡᠬᠡ ᠰᠤᠷᠭᠠᠭᠤᠯᠢ ᠲᠡᠭᠦᠰᠦᠭ᠌ᠰᠡᠨ᠎ᠦ ᠳᠠᠷᠠᠭ᠎ᠠ ᠶᠠᠩ ᠬᠤᠤ ᠶᠤᠸᠠᠨ ᠥᠪᠥᠷ ᠮᠣᠩᠭᠣᠯ᠎ᠤᠨ ᠴᠠᠬᠢᠯᠭᠠᠨ ᠬᠦᠴᠦᠨ (ᠪᠦᠯᠦᠭ᠌ᠯᠡᠯ) ᠤ᠋ ᠬᠢᠵᠠᠭᠠᠷᠲᠤ ᠺᠣᠮᠫᠠᠨᠢ᠎ᠶ᠋ᠢᠨ ᠪᠠᠶᠠᠨᠨᠠᠭᠤᠷ᠎ᠤᠨ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ᠎ᠶ᠋ᠢᠨ ᠴᠠᠬᠢᠯᠭᠠᠨ ᠬᠦᠷᠭᠡᠬᠦ᠌ ᠬᠠᠮᠢᠶᠠᠷᠤᠯᠲᠠ᠎ᠶ᠋ᠢᠨ ᠭᠠᠵᠠᠷ᠎ᠲᠤ ᠱᠢᠯᠭᠠᠨ ᠣᠷᠣᠵᠤ᠂ ᠠᠩᠭᠢ ᠳᠤᠭᠤᠢᠯᠠᠩ᠎ᠤᠨ᠎ᠢᠶᠠᠨ ᠬᠠᠮᠤᠭ᠎ᠤᠨ ᠵᠠᠯᠠᠭᠤ ᠥᠨᠳᠥᠷ ᠲᠤ᠌ ᠠᠵᠢᠯᠯᠠᠭ᠍ᠴᠢ ᠪᠣᠯᠪᠠ᠃ ᠲᠡᠭᠦᠨ᠎ᠡᠴᠡ ᠬᠣᠢᠰᠢ᠂ ᠠᠭ᠍ᠯᠠᠭ ᠠᠭᠤᠯᠠ᠂ ᠡᠵᠡᠭᠦᠢ ᠬᠡᠭᠡᠷ᠎ᠡ᠂ ᠡᠯᠡᠰᠦᠨ ᠴᠦᠯ᠎ᠦᠨ ᠭᠣᠪᠢ᠎ᠶ᠋ᠢᠨ ᠲᠡᠮᠦᠷ ᠰᠤᠪᠤᠷᠭ᠎ᠠ᠂ ᠴᠠᠬᠢᠯᠭᠠᠨ ᠤᠳᠠᠰᠤ᠎ᠶ᠋ᠢᠨ ᠬᠣᠭᠣᠷᠣᠨᠳᠣ ᠠᠵᠢᠯᠯᠠᠵᠤ᠂ ᠲᠤᠬᠳᠠᠭᠰᠠᠨ ᠬᠤᠭᠤᠴᠠᠭ᠎ᠠ᠎ᠲᠠᠶ᠎ᠪᠠᠷ ᠲᠣᠭᠣᠷᠢᠨ ᠪᠠᠢᠴᠠᠭᠠᠬᠤ ᠪᠠ ᠰᠡᠯᠪᠢᠨ ᠵᠠᠰᠠᠬᠤ ᠨᠢ ᠲᠡᠭᠦᠨ᠎ᠦ ᠠᠵᠢᠯ᠎ᠤᠨ ᠬᠡᠪ᠎ᠦᠨ ᠪᠠᠢᠳᠠᠯ ᠪᠣᠯᠤᠭ᠍ᠰᠠᠨ ᠪᠠᠢᠨ᠎ᠠ᠃

ᠶᠠᠩ ᠬᠤᠤ ᠶᠤᠸᠠᠨ᠂ ᠥᠨᠳᠥᠷ ᠣᠭ᠍ᠲᠠᠷᠭᠤᠶ᠎ᠳᠤ ᠰᠤᠪᠤᠷᠭ᠎ᠠ ᠦᠬᠡᠳᠡ ᠠᠪᠠᠷᠢᠵᠤ᠂ ᠴᠠᠬᠢᠯᠭᠠᠨ ᠤᠳᠠᠰᠤᠨ ᠳᠡᠭᠡᠷ᠎ᠡ ᠠᠯᠬᠤᠯᠠᠬᠤ ᠡᠳᠡᠭᠡᠷ ᠡᠳᠦᠷ ᠲᠤᠲᠤᠮ᠎ᠤᠨ ᠠᠵᠢᠯ᠎ᠢ ᠬᠢᠬᠦ ᠡᠬᠢᠨ᠎ᠤ ᠦᠶ᠎ᠠ ᠳ᠋ᠤ ᠲᠡᠷᠡ ᠲᠤᠩ ᠠᠶᠤᠳᠠᠭ ᠪᠠᠢᠵᠠᠶ᠃ 《ᠭᠡᠪᠡᠴᠦ᠍ ᠦᠪᠡᠷ᠎ᠤᠨ ᠰᠣᠩᠭᠣᠬᠰᠠᠨ ᠵᠠᠮ ᠪᠤᠯ ᠳᠠᠷᠤᠢ ᠬᠠᠷᠢᠭᠤᠴᠠᠯᠭ᠎ᠠ ᠮᠥᠨ᠂ ᠡᠷᠬᠡᠪᠰᠢ ᠰᠠᠢ᠌ᠨ ᠬᠢᠬᠦ᠌ ᠬᠡᠷᠡᠭ᠌ᠲᠡᠢ!》᠃ ᠠᠬᠠᠮᠠᠳ ᠨᠢᠭᠡ ᠦᠶ᠎ᠡ᠎ᠶ᠋ᠢᠨ᠎ᠬᠢᠨ᠎ᠦ ᠨᠠᠷᠢᠨ ᠨᠢᠮᠪᠠᠶ ᠵᠢᠯᠣᠭᠣᠳᠣᠯᠭ᠎ᠠ ᠪᠠ ᠬᠦᠴᠢᠷ ᠪᠡᠷᠬᠡ ᠵᠢ ᠢᠯᠠᠨ ᠲᠠᠪᠠᠬᠤ ᠡᠷᠴᠢ ᠵᠣᠷᠢᠭ᠎ᠤᠨ ᠵᠤᠷᠢᠬᠵᠢᠭᠤᠯᠤᠯ ᠳᠤᠤᠷ᠎ᠠ᠂ ᠲᠡᠷᠡ ᠰᠠᠨᠠᠭᠠᠴᠢᠯᠠᠭ᠎ᠠ᠎ᠡᠴᠡ᠎ᠪᠠᠨ ᠥᠪᠡᠷ᠎ᠢ ᠪᠠᠨ ᠨᠠᠩ ᠴᠢᠩᠭ᠎ᠠ ᠱᠠᠭᠠᠷᠳᠠᠪᠠ᠄  ᠴᠠᠬᠢᠯᠭᠠᠨ ᠲᠤᠤᠷ᠎ᠤᠨ ᠵᠠᠮ ᠱᠤᠭᠤᠮ᠎ᠢ ᠪᠠᠢᠴᠠᠭᠠᠬᠤ᠂ ᠳᠠᠮᠵᠢᠭᠤᠯᠬᠤ ᠱᠤᠭᠤᠮ᠎ᠢᠶᠠᠷ ᠶᠠᠪᠤᠬᠤ᠂ ᠲᠡᠮᠦᠷ ᠰᠤᠪᠤᠷᠭ᠎ᠠ ᠦᠬᠡᠳᠡ ᠠᠪᠠᠷᠢᠬᠤ᠂ ᠰᠡᠯᠪᠢᠨ ᠵᠠᠰᠠᠵᠤ ᠵᠠᠪᠳᠤᠨ ᠵᠠᠰᠠᠬᠤ᠂ ᠡᠭᠦᠷᠭᠡ ᠨᠢᠭᠡ ᠪᠦᠷᠢ᠎ᠶ᠋ᠢ ᠪᠥᠬᠥ᠌ ᠬᠦᠴᠦᠨ᠎ᠢᠶᠡᠷ᠎ᠢᠶᠡᠨ ᠪᠡᠶᠡᠯᠡᠭᠦᠯᠪᠡ᠃

ᠴᠢᠷᠮᠠᠢᠯᠭ᠎ᠠ ᠬᠥᠮᠦᠨ ᠎ᠢ ᠭᠣᠮᠣᠳᠠᠭᠠᠬᠤ ᠦᠭᠡᠢ ᠶᠤᠮ᠃ ᠶᠠᠩ ᠬᠤᠤ ᠶᠤᠸᠠᠨ ᠠᠭᠠᠵᠢᠮ᠎ᠢᠶᠠᠷ ᠵᠠᠪᠳᠤᠨ ᠵᠠᠰᠠᠵᠤ ᠲᠦᠷᠭᠡᠨ ᠵᠠᠰᠠᠬᠤ᠂ ᠪᠠᠢᠴᠠᠭᠠᠨ ᠵᠠᠰᠠᠬᠤ᠂ ᠬᠡᠭᠡᠷ᠎ᠡ ᠭᠠᠳᠠᠨ᠎ᠠ ᠲᠣᠭᠣᠷᠢᠨ ᠪᠠᠢᠴᠠᠭᠠᠬᠤ ᠵᠡᠷᠭᠡ ᠠᠵᠢᠯ᠎ᠳᠤ ᠳᠠᠳᠮᠠᠭᠠᠢ ᠪᠤᠯᠵᠤ᠂ ᠵᠠᠯᠠᠭᠤ ᠰᠤᠷᠤᠭ᠍ᠴᠢ ᠪᠠᠢᠬᠰᠠᠨ᠎ᠡᠴᠡ ᠪᠠᠨ ᠮᠡᠷᠭᠡᠵᠢᠯ᠎ᠦᠨ ᠲᠠᠯ᠎ᠠ᠎ᠪᠠᠷ ᠪᠣᠯᠪᠠᠰᠤᠷᠠᠩᠭᠤᠢ ᠲᠤᠬᠠᠢᠯᠠᠭ᠍ᠰᠠᠨ ᠠᠵᠢᠯ᠎ᠤᠨ ᠭᠣᠣᠯᠯᠠᠭ᠍ᠴᠢ ᠬᠦᠴᠦᠨ ᠪᠣᠯᠤᠭ᠍ᠰᠠᠨ ᠪᠠᠢᠨ᠎ᠠ᠃ 2021 ᠣᠨ᠎ᠳᠤ᠂ ᠲᠡᠷᠡ ᠪᠡᠷ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠪᠠᠶᠠᠨᠨᠠᠭᠤᠷ ᠬᠤᠳᠠ᠎ᠶ᠋ᠢᠨ ᠬᠣᠷᠢᠶ᠎ᠠ᠎ᠶ᠋ᠢᠨ《ᠵᠠᠯᠠᠭᠤ ᠠᠵᠢᠯ ᠎ᠤᠨ ᠪᠠᠢᠷᠢ᠎ᠶ᠋ᠢᠨ ᠴᠢᠳᠠᠪᠤᠷᠢᠲᠠᠨ》 ᠵᠢᠡᠷ ᠦᠨᠡᠯᠡᠭ᠌ᠳᠡᠪᠡ᠃

ᠵᠠᠯᠠᠭᠤ ᠨᠠᠰᠤᠨ ᠎ᠤ ᠠᠯᠬᠤᠭ᠎ᠠ ᠴᠠᠭ ᠦᠶ᠎ᠡ᠎ᠲᠡᠶ ᠢᠮᠠᠭ᠍ᠲᠠ ᠵᠡᠷᠭᠡ ᠪᠡᠷ ᠤᠷᠤᠭ᠍ᠰᠢᠯᠠᠨ᠎ᠠ᠃ ᠠᠵᠢᠯ᠎ᠤᠨ ᠪᠠᠢᠷᠢ ᠲᠡᠬᠡᠷ᠎ᠡ ᠪᠠᠨ ᠨᠡᠩ ᠪᠤᠯᠪᠠᠰᠤᠷᠠᠩᠭᠤᠢ ᠪᠤᠯᠬᠤ ᠵᠢ ᠲᠠᠭᠠᠯᠳᠤᠨ᠂ ᠶᠠᠩ ᠬᠤᠤ ᠶᠤᠸᠠᠨ᠎ᠤ ᠬᠠᠷᠠᠴᠠ ᠨᠠᠩ ᠬᠣᠯᠠ ᠵᠢ ᠪᠠᠷᠠᠯᠠᠪᠠ  — ᠡᠳᠦᠷ ᠪᠦᠷᠢ ᠵᠢᠨ ᠴᠠᠬᠢᠯᠭᠠᠨ ᠳᠠᠮᠵᠢᠭᠤᠯᠬᠤ ᠪᠠᠢᠳᠠᠯ ᠎ᠢ ᠪᠠᠢᠴᠠᠭᠠᠨ ᠵᠠᠰᠠᠬᠤ ᠠᠵᠢᠯ᠎ᠤᠨ ᠳᠤᠮᠳᠠ᠂ ᠲᠡᠷᠡ ᠥᠨᠳᠥᠷ ᠬᠦᠴᠦᠳᠡᠯᠲᠦ ᠴᠠᠬᠢᠯᠭᠠᠨ ᠳᠠᠮᠵᠢᠭᠤᠯᠬᠤ ᠱᠤᠭᠤᠮ ᠦᠷᠭᠦᠯᠵᠢ ᠭᠠᠳᠠᠭᠠᠳᠤ ᠬᠦᠴᠦᠨ᠎ᠦ ᠡᠪᠳᠡᠯᠡᠭᠡ᠎ᠳᠦ ᠤᠴᠠᠷᠠᠳᠠᠭ ᠪᠣᠯᠪᠠᠴᠤ᠌ ᠤᠯᠠᠮᠵᠢᠯᠠᠯᠲᠤ ᠬᠢᠨᠠᠨ ᠡᠵᠡᠮᠳᠡᠬᠦ᠌ ᠰᠡᠷᠡᠮᠵᠢᠯᠡᠭᠦᠯᠦᠯ ᠨᠢ ᠤᠳᠠᠭᠠᠱᠢᠷᠠᠵᠤ᠂ ᠴᠠᠬᠢᠯᠭᠠᠨ ᠲᠤᠤᠷ᠎ᠤᠨ ᠠᠮᠤᠷ ᠲᠦᠪᠱᠢᠨ᠎ᠢᠶᠡᠷ ᠠᠵᠢᠯᠯᠠᠬᠤ ᠵᠢ ᠰᠦᠷᠳᠡᠭᠦᠯᠬᠦ᠌《ᠬᠠᠭᠤᠴᠢᠨ ᠬᠦᠴᠢᠷ ᠠᠰᠠᠭᠤᠳᠠᠯ》 ᠪᠣᠯᠤᠭ᠍ᠰᠠᠨ ᠢ᠋ ᠢᠯᠡᠷᠡᠬᠦᠯᠪᠡ᠃

ᠢᠩᠭᠢᠭᠡᠳ ᠶᠠᠩ ᠬᠤᠤ ᠶᠤᠸᠠᠨ 《ᠤᠷᠠᠨ ᠰᠠᠨᠠᠭ᠎ᠠ ᠦᠶ᠋ᠯᠡᠳᠭᠡᠯ᠎ᠤᠨ ᠭᠠᠵᠠᠷ》ᠵᠠᠯᠠᠭᠤᠴᠤᠳ᠎ᠤᠨ ᠱᠢᠨ᠎ᠡ᠎ᠶ᠋ᠢ ᠡᠭᠦᠳᠬᠦ᠌ ᠳᠤᠭᠤᠢᠯᠠᠩ ᠎ᠢ ᠲᠦᠷᠦᠬᠦᠯᠡᠨ ᠵᠣᠬᠢᠶᠠᠨ ᠪᠠᠢᠭᠤᠯᠵᠤ᠂ ᠰᠤᠷᠭᠠᠭᠤᠯᠢ ᠠᠵᠤ ᠠᠬᠤᠢᠯᠠᠯ ᠰᠤᠳᠤᠯᠭᠠᠨ᠎ᠤ ᠬᠠᠮᠲᠤᠷᠠᠨ ᠱᠢᠨ᠎ᠡ᠎ᠶ᠋ᠢ ᠡᠭᠦᠳᠬᠦ᠌ ᠲᠣᠭ᠍ᠲᠠᠴᠠ᠎ᠶ᠋ᠢ ᠰᠦᠪᠡᠭ᠌ᠴᠢᠯᠡᠵᠦ᠍᠂ ᠲᠣᠭᠠᠴᠢᠯᠠᠭ᠍ᠰᠠᠨ ᠮᠡᠷᠭᠡᠵᠢᠯ᠎ᠢ ᠴᠠᠬᠢᠯᠭᠠᠨ ᠳᠠᠮᠵᠢᠭᠤᠯᠬᠤ ᠠᠵᠢᠯᠯᠠᠭᠠᠨ᠎ᠤ ᠰᠡᠯᠪᠢᠨ ᠵᠠᠰᠠᠯᠲᠠ᠎ᠳᠤ ᠠᠭᠤᠰᠤᠯᠴᠠᠭᠤᠯᠵᠤ᠂ ᠥᠨᠳᠥᠷ ᠬᠦᠴᠦᠳᠡᠯᠲᠦ ᠴᠠᠬᠢᠯᠭᠠᠨ ᠳᠠᠮᠵᠢᠭᠤᠯᠬᠤ ᠱᠤᠭᠤᠮ᠎ᠤᠨ ᠭᠠᠳᠠᠭᠠᠳᠤ ᠬᠦᠴᠦᠨ᠎ᠦ ᠡᠪᠳᠡᠯᠡᠭᠡ᠎ᠶ᠋ᠢ ᠰᠡᠷᠭᠡᠢᠯᠡᠬᠦ᠌ ᠬᠢᠨᠠᠨ ᠡᠵᠡᠮᠳᠡᠬᠦ᠌ ᠲᠠᠪᠴᠠᠩ᠎ᠢ ᠠᠮᠵᠢᠯᠲᠠ᠎ᠲᠠᠶ ᠰᠤᠳᠤᠯᠤᠨ ᠦᠢᠯᠡᠳᠴᠦ᠍᠂ ᠮᠢᠩᠭ᠎ᠠ ᠭᠠᠷᠤᠢ ᠺᠢᠯᠤᠮᠸᠲᠷ᠎ᠤᠨ ᠱᠤᠭᠤᠮ᠎ᠳᠤ《ᠲᠣᠭᠣᠷᠢᠨ ᠪᠠᠢᠴᠠᠭᠠᠬᠤ ᠪᠦᠷᠭᠦᠳ᠎ᠦᠨ ᠨᠢᠳᠦ 》 ᠤᠭ᠍ᠰᠠᠷᠠᠵᠤ᠂ ᠴᠠᠬᠢᠯᠭᠠᠨ ᠲᠣᠣᠷ᠎ᠤᠨ ᠠᠮᠤᠷ ᠲᠦᠪᠱᠢᠨ ᠲᠣᠭ᠍ᠲᠠᠭᠤᠨ᠎ᠢᠶᠠᠷ ᠠᠵᠢᠯᠯᠠᠬᠤ᠎ᠳᠤ ᠪᠠᠲᠤᠯᠠᠭ᠎ᠠ ᠬᠠᠩᠭᠠᠪᠠ᠃

2022 ᠣᠨ᠎ᠳᠤ᠂ ᠶᠠᠩ ᠬᠤᠤ ᠶᠤᠸᠠᠨ ᠠᠮᠤᠷ ᠲᠦᠪᠱᠢᠨ᠎ᠦ ᠬᠠᠮᠢᠶᠠᠷᠤᠯᠲᠠ᠎ᠶ᠋ᠢᠨ ᠠᠵᠢᠯ᠎ᠤᠨ ᠪᠠᠢᠷᠢ᠎ᠳᠤ ᠰᠢᠯᠵᠢᠵᠦ᠂ ᠤᠳᠤ ᠦᠶ᠎ᠡ᠎ᠶ᠋ᠢᠨ ᠠᠮᠤᠷ ᠲᠦᠪᠱᠢᠨ᠎ᠦ ᠬᠠᠮᠢᠶᠠᠷᠤᠯᠲᠠ᠎ᠶ᠋ᠢᠨ ᠬᠦᠷᠢᠢ᠎ᠡ ᠴᠠᠷᠠᠭ᠎ᠠ᠎ᠶ᠋ᠢ ᠭᠦᠨᠵᠡᠭᠡᠢ ᠰᠦᠪᠡᠭ᠌ᠴᠢᠯᠡᠵᠦ᠍᠂ 《ᠳᠠᠪᠬᠤᠷ ᠤᠷᠢᠳᠴᠢᠯᠠᠨ ᠰᠡᠷᠭᠡᠢᠯᠡᠬᠦ᠌ ᠲᠣᠭ᠍ᠲᠠᠴᠠ᠎ᠶ᠋ᠢᠨ ᠪᠠᠢᠭᠤᠯᠤᠯᠲᠠ》᠂ 《ᠠᠶᠤᠯᠭᠦᠢ ᠦᠢᠯᠡᠳᠪᠦᠷᠢᠯᠡᠯ᠎ᠦᠨ ᠠᠰᠠᠭᠤᠳᠠᠯ᠎ᠢ ᠦᠨᠳᠦᠰᠦᠨ᠎ᠡᠴᠡ ᠨᠢ ᠵᠠᠰᠠᠵᠤ ᠪᠣᠭᠣᠮᠲᠠ ᠱᠢᠪᠲᠤᠯᠬᠤ ᠭᠤᠷᠪᠠᠨ ᠵᠢᠯ᠎ᠦᠨ ᠠᠵᠢᠯᠯᠠᠭ᠎ᠠ 》 ᠵᠡᠷᠭᠡ ᠭᠣᠣᠯᠳᠠᠯᠭ᠎ᠠ᠎ᠲᠠᠶ ᠠᠵᠢᠯ᠎ᠢ ᠥᠷᠨᠢᠭᠦᠯᠵᠦ᠍᠂ 《ᠴᠢᠨᠠᠷ ᠰᠠᠢᠲᠠᠢ ᠨᠠᠮ᠎ᠤᠨ ᠪᠠᠢᠭᠤᠯᠤᠯᠲᠠ᠎ᠪᠠᠷ ᠠᠮᠤᠷ ᠲᠦᠪᠱᠢᠨ᠎ᠤ ᠰᠣᠶᠣᠯ᠎ᠤᠨ ᠪᠠᠢᠭᠤᠯᠤᠯᠳᠠ ᠳ᠋ᠤ ᠬᠦᠴᠦᠨ ᠣᠯᠭᠣᠬᠤ》᠂ 《 〈 ᠲᠦᠷᠪᠡᠨ ᠨᠢᠭᠡ 〉 ᠲᠣᠭᠠᠴᠢᠯᠠᠭ᠍ᠰᠠᠨ ᠠᠶᠤᠯᠭᠦᠢ ᠦᠢᠯᠡᠳᠪᠦᠷᠢᠯᠡᠯ᠎ᠦᠨ ᠬᠢᠨᠠᠯᠲᠠ ᠲᠠᠯᠪᠢᠬᠤ ᠱᠢᠰᠲᠸᠮ᠎ᠢ ᠪᠠᠢᠭᠤᠯᠬᠤ 》 ᠵᠡᠷᠭᠡ ᠬᠠᠮᠢᠶᠠᠷᠤᠯᠲᠠ᠎ᠶ᠋ᠢᠨ ᠱᠢᠨ᠎ᠡ᠎ᠶ᠋ᠢ ᠡᠭᠦᠳᠬᠦ᠌ ᠲᠦᠷᠦᠯ ᠵᠦᠢᠯ᠎ᠳᠦ ᠣᠷᠣᠯᠴᠠᠪᠠ᠃

ᠲᠡᠭᠦᠨ᠎ᠦ ᠬᠠᠷᠢᠭᠤᠴᠠᠯᠭ᠎ᠠ ᠡᠭᠦᠷᠭᠡᠯᠡᠯ ᠵᠢᠳᠬᠦᠯ ᠴᠢᠷᠮᠠᠢᠯᠭ᠎ᠠ ᠨᠢ ᠳᠡᠷᠭᠡᠳᠡᠬᠢ ᠨᠡᠩ ᠤᠯᠠᠨ ᠵᠠᠯᠠᠭᠤᠴᠤᠳ᠎ᠤᠨ ᠱᠢᠨ᠎ᠡ᠎ᠶ᠋ᠢ ᠡᠭᠦᠳᠬᠦ᠌ ᠬᠠᠯᠠᠭᠤᠨ ᠰᠡᠳᠭᠢᠯᠭᠡ᠎ᠶ᠋ᠢ ᠬᠥᠭ᠌ᠵᠢᠭᠡᠪᠡ᠃ 2019 ᠣᠨ᠎ᠠᠴᠠ ᠣᠲᠣ ᠪᠣᠯᠲᠠᠯ᠎ᠠ᠂ ᠲᠡᠷᠡ 《ᠤᠷᠠᠨ ᠰᠠᠨᠠᠭ᠎ᠠ᠎ᠦᠶ᠋ᠯᠡᠳᠭᠡᠯ᠎ᠤᠨ ᠭᠠᠵᠠᠷ 》᠂ 《ᠵᠤᠷᠢᠯᠳᠠ ᠨᠢᠭᠡᠲᠡᠨ 》᠂ 《ᠬᠦᠴᠢᠷ᠎ᠢ ᠲᠠᠪᠠᠨ ᠱᠢᠨ᠎ᠡ᠎ᠶ᠋ᠢ ᠡᠭᠦᠳᠬᠦ᠌》 ᠵᠡᠷᠭᠡ ᠵᠠᠯᠠᠭᠤᠴᠤᠳ᠎ᠤᠨ ᠱᠢᠨ᠎ᠡ᠎ᠶ᠋ᠢ ᠡᠭᠦᠳᠬᠦ᠌ ᠳᠤᠭᠤᠢᠯᠠᠩ᠎ᠢ ᠳᠠᠭᠠᠭᠤᠯᠤᠨ᠂ ᠠᠯᠢ ᠣᠯᠠᠨ ᠮᠡᠷᠭᠡᠵᠢᠯ᠎ᠦᠨ ᠬᠦᠴᠢᠷ ᠠᠰᠠᠭᠤᠳᠠᠯ᠎ᠢ ᠢᠯᠡᠨ ᠳᠠᠪᠠᠵᠤ᠂ ᠦᠯᠡᠮᠵᠢ ᠠᠮᠵᠢᠯᠳᠠ ᠤᠯᠵᠠᠢ᠄ ᠤᠯᠤᠰ᠎ᠤᠨ ᠲᠠᠰ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠱᠢᠨ᠎ᠡ᠎ᠶ᠋ᠢ ᠡᠭᠦᠳᠦᠭ᠌ᠰᠡᠨ ᠦᠷ᠎ᠡ ᠪᠦᠲᠦᠭᠡᠯ᠎ᠢ 40 ᠱᠢᠬᠠᠮ ᠡᠭᠦᠳᠴᠤ᠂   3 ᠵᠦᠶ᠋ᠯ᠎ᠦᠨ ᠤᠯᠤᠰ᠎ᠤᠨ ᠲᠤᠰᠭᠠᠶ ᠠᠱᠢᠭ ᠪᠠ 1 ᠵᠦᠶ᠋ᠯ᠎ᠦᠨ ᠵᠥᠭᠡᠯᠡᠨ ᠲᠣᠨᠣᠭ᠎ᠢ ᠦᠢᠯᠡᠳᠦᠭᠰᠡᠨ ᠵᠤᠬᠢᠶᠠᠨ ᠪᠦᠳᠦᠬᠡᠯᠬᠡ ᠵᠢᠨ ᠡᠷᠬᠡ᠎ᠶ᠋ᠢ ᠤᠯᠤᠬᠰᠠᠨ ᠪᠥᠭᠡᠳ ᠣᠯᠠᠨ ᠤᠯᠤᠰ᠎ᠤᠨ ᠶᠠᠰᠤ ᠴᠢᠨᠠᠷ᠎ᠤᠨ ᠬᠠᠮᠢᠶᠠᠷᠤᠯᠲᠠ᠎ᠶ᠋ᠢᠨ ᠬᠠᠮᠤᠭ᠎ᠤᠨ ᠥᠨᠳᠥᠷ ᠢᠷᠠᠭᠤ ᠠᠯᠳᠠᠷ ᠪᠣᠯᠬᠤ ICQC ᠠᠯᠲᠠᠨ ᠮᠧᠳᠠᠯ᠎ᠢ ᠬᠦᠷᠲᠡᠵᠦ᠂ ᠡᠬᠡ ᠤᠯᠤᠰ᠎ᠤᠨ ᠤᠮᠠᠷᠠᠲᠤ᠎ᠶ᠋ᠢᠨ ᠵᠠᠯᠠᠭᠤᠴᠤᠳ᠎ᠤᠨ ᠴᠣᠭ ᠵᠢᠪᠬᠤᠭ᠎ᠠ᠎ᠶ᠋ᠢ ᠳᠡᠯᠡᠬᠡᠶ᠎ᠶ᠋ᠢᠨ ᠲᠠᠪᠴᠠᠩ᠎ᠳᠤ ᠭᠠᠢᠬᠠᠭᠤᠯᠤᠭ᠍ᠰᠠᠨ ᠪᠠᠢᠨ᠎ᠠ᠃

2023 ᠣᠨ᠎ᠤ 6 ᠰᠠᠷ᠎ᠠ᠎ᠶ᠋ᠢᠨ 19᠎ᠤ᠋ ᠡᠳᠦᠷ᠂ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ᠂ ᠶᠠᠩ ᠬᠤᠤ ᠶᠤᠸᠠᠨ ᠨᠠᠮ᠎ᠤᠨ ᠲᠥᠪ ᠬᠣᠷᠢᠶ᠎ᠠ ᠡᠴᠡ ᠵᠠᠯᠠᠭᠤᠴᠤᠳ ᠲᠤ᠌ ᠲᠠᠯᠪᠢᠬᠰᠠᠨ ᠴᠢᠩ ᠰᠡᠳᠭᠢᠯ᠎ᠦᠨ ᠨᠠᠢᠳᠠᠯᠭ᠎ᠠ᠎ᠶ᠋ᠢ ᠰᠣᠨᠣᠰᠤᠭ᠍ᠰᠠᠨ ᠪᠥᠭᠡᠳ ᠢᠷᠠᠭᠤ ᠠᠯᠳᠠᠷ ᠲᠠᠢ᠎ᠪᠠᠷ ᠳᠤᠮᠳᠠᠳᠤ ᠤᠯᠤᠰ᠎ᠤᠨ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠣᠷᠣᠯᠠᠭ᠍ᠴᠢ ᠭᠡᠱᠢᠭᠦᠨ᠎ᠢᠶᠡᠷ ᠰᠣᠩᠭᠣᠭ᠍ᠳᠠᠪᠠ᠂ ᠡᠨᠡ ᠪᠣᠯ ᠲᠡᠭᠦᠨ᠎ᠦ ᠨᠠᠰᠤᠨ ᠲᠤᠷᠱᠢᠳᠠ᠎ᠪᠠᠨ ᠮᠠᠷᠳᠠᠬᠳᠠᠰᠢ ᠦᠬᠡᠢ ᠢᠷᠠᠭᠤ ᠠᠯᠳᠠᠷᠲᠤ ᠴᠠᠭ ᠮᠥᠴᠡ ᠪᠣᠯᠤᠨ᠎ᠠ᠃ ᠡᠭᠦᠨ᠎ᠡᠴᠡ ᠡᠬᠢᠯᠡᠨ᠂ ᠲᠡᠷᠡ ᠵᠠᠯᠠᠭᠤᠴᠤᠳ᠎ᠲᠠᠶ ᠢᠳᠡᠪᠬᠢᠲᠡᠢ ᠬᠠᠷᠢᠯᠴᠠᠵᠤ᠂ ᠵᠠᠯᠠᠭᠤᠴᠤᠳ᠎ᠲᠤ ᠦᠢᠯᠡᠴᠢᠯᠡᠵᠦ᠍᠂ 《1 + 4 ᠵᠢᠭ᠍ᠰᠠᠭᠠᠯ· ᠵᠠᠯᠠᠭᠤ ᠨᠠᠰᠤ ᠪᠠᠨ ᠨᠠᠮ᠎ᠳᠠᠭᠠᠨ ᠵᠤᠷᠢᠭᠤᠯᠬᠤ》ᠤᠨᠤᠯ᠎ᠤᠨ ᠤᠬᠠᠭᠤᠯᠤᠨ ᠲᠠᠢᠯᠪᠤᠷᠢᠯᠠᠬᠤ ᠱᠢᠰᠲ᠋ᠧᠮ᠎ᠢ ᠪᠠᠢᠭᠤᠯᠵᠤ᠂ ᠵᠠᠯᠠᠭᠤᠴᠤᠳ᠎ᠤᠨ ᠣᠢᠯᠠᠭᠠᠬᠤ᠎ᠳᠤ ᠠᠮᠠᠷᠬᠠᠨ᠂ ᠰᠤᠨᠤᠰᠬᠤ ᠳᠤᠷᠠᠲᠠᠢ ᠦᠭᠡ ᠬᠡᠯᠡ᠎ᠪᠡᠷ ᠨᠠᠮ᠎ᠤᠨ ᠱᠢᠨ᠎ᠡ ᠡᠬᠦᠳᠦᠯᠳᠡ ᠵᠢᠨ᠌ ᠤᠨᠤᠯ᠎ᠢ ᠦᠢᠯᠡᠳᠪᠦᠷᠢᠯᠡᠯ᠎ᠦᠨ ᠡᠮᠦᠨ᠎ᠡ ᠹᠷᠣᠨᠲ᠎ᠲᠤ ᠬᠦᠷᠭᠡᠵᠦ᠍᠂ ᠨᠡᠩ ᠤᠯᠠᠨ ᠵᠠᠯᠠᠭᠤᠴᠤᠳ᠎ᠤᠨ ᠰᠡᠳᠭᠢᠯ᠎ᠳᠦ ᠬᠠᠳᠠᠩᠱᠢᠭᠤᠯᠵᠠᠢ᠃

ᠡᠨᠡ ᠵᠢᠯ᠎ᠦᠨ 4 ᠰᠠᠷ᠎ᠠ᠎ᠶ᠋ᠢᠨ 30 ᠎ᠤ᠋ ᠡᠳᠦᠷ᠂ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠲᠥᠪ ᠬᠣᠷᠢᠶ᠎ᠠ 2025 ᠣᠨ᠎ᠤ ᠱᠢᠨ᠎ᠡ ᠴᠠᠭ ᠦᠶ᠎ᠡ᠎ᠶ᠋ᠢᠨ ᠵᠠᠯᠠᠭᠤᠴᠤᠳ᠎ᠤᠨ ᠬᠣᠱᠢᠭᠤᠴᠢ᠎ᠶ᠋ᠢᠨ ᠱᠠᠩᠨᠠᠯ ᠭᠥᠷᠳᠡᠭ᠌ᠰᠡᠳ᠎ᠤᠨ ᠨᠡᠷᠡᠰ᠎ᠢ ᠨᠡᠢᠲᠡᠯᠡᠵᠦ᠍᠂ ᠶᠠᠩ ᠬᠤᠤ ᠶᠤᠸᠠᠨ ᠡᠳᠡᠬᠡᠷ ᠨᠡᠷᠡᠰ᠎ᠦᠨ ᠨᠢᠬᠡ ᠪᠡᠷ ᠲᠣᠳᠣᠷᠠᠪᠠ᠃ ᠰᠡᠳᠭᠢᠯ ᠳᠣᠭ᠍ᠳᠣᠯᠬᠤ ᠵᠢᠨ ᠡᠷᠬᠡ ᠪᠡᠷ᠂ ᠲᠡᠬᠦᠨ᠎ᠤ ᠬᠠᠷᠢᠭᠤᠴᠠᠯᠭ᠎ᠠ ᠨᠡᠩ ᠬᠦᠨᠳᠦ ᠶᠡᠬᠡ ᠪᠤᠯᠤᠬᠰᠠᠨ ᠰᠢᠭ᠋ ᠰᠠᠨᠠᠭ᠍ᠳᠠᠪᠠ᠃ 《ᠲᠦᠭ ᠲᠦᠮᠡᠨ ᠠᠢᠯ ᠡᠷᠦᠬᠡ᠎ᠵᠢᠨ ᠰᠠᠬᠢᠨ ᠬᠠᠮᠠᠭᠠᠯᠠᠭ᠍ᠴᠢ ᠪᠣᠯᠬᠤ᠎ᠪᠠᠷ ᠪᠠᠷᠠᠬᠤ ᠥᠬᠡᠶ ᠪᠠᠰᠠ ᠱᠢᠨ᠎ᠡ᠎ᠶ᠋ᠢ ᠡᠭᠦᠳᠬᠦ᠌ ᠵᠠᠮ ᠳᠡᠭᠡᠷ᠎ᠡ ᠡᠭᠦᠷᠢᠳᠡ ᠵᠣᠭ᠍ᠰᠣᠰᠢ ᠥᠬᠡᠶ ᠬᠠᠢᠨ ᠱᠢᠨᠵᠢᠯᠡᠭ᠌ᠴᠢ ᠪᠣᠯᠤᠨ᠎ᠠ !》 ᠶᠠᠩ ᠬᠤᠤ ᠶᠤᠸᠠᠨ᠂ ᠪᠢ ᠡᠳᠡᠬᠡᠷ ᠡᠷᠬᠢᠮ ᠲᠡᠬᠡᠳᠤ ᠢᠷᠠᠭᠤ ᠠᠯᠳᠠᠷ᠎ᠢᠶᠡᠨ ᠤᠷᠤᠭ᠍ᠰᠢᠯᠠᠨ ᠲᠠᠪᠰᠢᠬᠤ ᠵᠢᠨ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠵᠤ᠂ ᠨᠠᠩ ᠣᠷᠭᠢᠯᠤᠮ᠎ᠠ ᠬᠠᠯᠠᠭᠤᠨ ᠰᠡᠳᠭᠢᠯᠭᠡ᠎ᠪᠡᠷ ᠠᠶᠤᠯᠭᠦᠶ ᠦᠶ᠋ᠯᠡᠳᠪᠦᠷᠢᠯᠡᠯ᠎ᠦᠨ ᠡᠮᠦᠨ᠎ᠡ ᠹᠷᠣᠨᠲ᠎ᠲᠤ ᠦᠨᠳᠦᠰᠦᠯᠡᠬᠦ᠌᠎ᠶ᠋ᠢᠨ ᠬᠠᠮᠲᠤ ᠨᠠᠩ ᠣᠯᠠᠨ ᠵᠠᠯᠠᠭᠤ ᠬᠠᠮᠳᠤ ᠠᠵᠢᠯᠯᠠᠬᠰᠠᠳ᠎ᠢᠶᠡᠨ ᠳᠠᠢᠴᠢᠯᠠᠨ ᠱᠢᠨ᠎ᠡ᠎ᠶ᠋ᠢ ᠡᠭᠦᠳᠬᠦ᠌ ᠦᠶ᠋ᠯᠡᠳᠦᠯᠭᠡ᠎ᠳᠦ ᠣᠷᠣᠯᠴᠠᠭᠤᠯᠵᠤ᠂ ᠤᠮᠠᠷᠠᠲᠤ ᠬᠢᠯᠢ᠎ᠶ᠋ᠢᠨ ᠪᠥᠲᠥᠭᠡᠨ ᠪᠠᠢᠭᠤᠯᠤᠯᠲᠠ᠎ᠳᠤ ᠵᠠᠯᠠᠭᠤ ᠨᠠᠰᠤᠨ᠎ᠤ ᠬᠦᠴᠦᠨ ᠴᠢᠳᠠᠯ᠎ᠢᠶᠠᠨ ᠡᠷᠭᠦᠨ᠎ᠡ ᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号