《ᠡᠪᠡᠰᠦ ᠪᠡᠯᠴᠢᠭᠡᠷ ᠭᠡᠷᠡᠯᠴᠢ ᠴᠡᠨᠡᠭ᠎ᠢ ᠬᠠᠷᠢᠯᠴᠠᠨ ᠨᠥᠬᠥᠪᠦᠷᠢᠯᠡᠬᠦ》 ᠲᠤᠷᠰᠢᠯᠲᠠ᠎ᠶᠢᠨ ᠴᠡᠭ᠎ᠤᠨ ᠠᠵᠢᠯ ᠳᠠᠷᠬᠠᠨ ᠮᠤᠤᠮᠢᠩᠭᠠᠨ ᠬᠣᠯᠪᠣᠭᠠᠲᠤ ᠬᠣᠰᠢᠭᠤᠨ᠎ᠳᠤ ᠡᠬᠢᠯᠡᠪᠡ
2025-06-29 12:58:23
ᠵᠣᠬᠢᠶᠠᠭ᠍ᠴᠢ᠄
ᠼᠠᠢ ᠳ᠋ᠦᠩ ᠮᠧᠶ ᠂ ᠯᠢᠦ ᠰᠢᠶᠣᠣ ᠲᠢᠩ
ᠣᠩᠱᠢᠭ᠍ᠰᠠᠨ ᠣᠳᠠᠭ᠎ᠠ᠄
★★★☆☆

ᠳᠠᠷᠬᠠᠨ ᠮᠤᠤᠮᠢᠩᠭᠠᠨ ᠬᠣᠯᠪᠣᠭᠠᠲᠤ ᠬᠣᠰᠢᠭᠤᠨ᠎ᠤ ᠴᠠᠭᠠᠨᠬᠠᠳᠠ ᠰᠤᠮᠤ᠎ᠶᠢᠨ ᠪᠠᠶᠠᠨᠰᠠᠢᠬᠠᠨ ᠭᠠᠴᠠᠭᠠᠨ᠎ᠤ ᠥᠷᠭᠡᠨ ᠠᠭᠤᠳᠠᠮ ᠴᠦᠯᠯᠡᠷᠭᠡᠭ ᠨᠤᠲᠤᠭ ᠪᠡᠯᠴᠢᠭᠡᠷ᠎ᠤᠨ ᠭᠦᠨ᠎ᠳᠦ᠂ 《ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠬᠥᠬᠡ ᠦᠩᠭᠡᠲᠦ》 ᠬᠡᠷᠡᠯᠴᠢ ᠴᠡᠨᠡᠭ᠎ᠦᠨ ᠡᠩᠨᠡᠭᠡ ᠡᠬᠡ ᠭᠠᠵᠠᠷ᠎ᠤᠨ ᠳᠦᠷᠢ ᠲᠥᠷᠬᠦ᠎ᠶᠢ ᠰᠡᠮᠡᠭᠡᠷ ᠬᠤᠪᠢᠷᠠᠭᠤᠯᠵᠤ ᠪᠠᠢᠨ᠎ᠠ᠃ ᠡᠨᠳᠡ᠂ ᠪᠦᠬᠦ ᠤᠯᠤᠰ᠎ᠤᠨ ᠠᠩᠬᠠᠳᠠᠭ᠍ᠴᠢ ᠴᠦᠯᠯᠡᠷᠭᠡᠭ ᠨᠤᠲᠤᠭ ᠪᠡᠯᠴᠢᠭᠡᠷ᠎ᠤᠨ 《ᠡᠪᠡᠰᠦ ᠪᠡᠯᠴᠢᠭᠡᠷ ᠭᠡᠷᠡᠯᠴᠢ ᠴᠡᠨᠡᠭ᠎ᠢ ᠬᠠᠷᠢᠯᠴᠠᠨ ᠨᠥᠬᠥᠪᠦᠷᠢᠯᠡᠬᠦ》 ᠲᠤᠷᠰᠢᠯᠲᠠ᠎ᠶᠢᠨ ᠴᠡᠭ᠎ᠦᠨ ᠲᠦᠷᠦᠯ ᠵᠦᠢᠯ᠎ᠢ ᠨᠢᠭᠡᠨᠲᠡ ᠠᠵᠢᠯ ᠡᠬᠢᠯᠡᠭᠦᠯᠵᠦ᠂ 《ᠬᠠᠪᠲᠠᠰᠤᠨ ᠳᠡᠭᠡᠷ᠎ᠡ ᠴᠠᠬᠢᠯᠭᠠᠨ ᠭᠠᠷᠭᠠᠬᠤ᠂ ᠬᠠᠪᠲᠠᠰᠤᠨ ᠳᠣᠣᠷ᠎ᠠ ᠡᠪᠡᠰᠦ ᠲᠠᠷᠢᠬᠤ᠂ ᠡᠪᠡᠰᠦ ᠪᠡᠯᠴᠢᠭᠡᠷ ᠭᠡᠷᠡᠯᠴᠢ ᠴᠡᠨᠡᠭ᠎ᠢ ᠬᠠᠷᠢᠯᠴᠠᠨ ᠨᠥᠬᠥᠪᠦᠷᠢᠯᠡᠬᠦ᠂ ᠠᠮᠢ ᠠᠬᠤᠢ᠎ᠶᠢ ᠤᠷᠢᠳ᠎ᠢᠶᠠᠷ ᠪᠣᠳᠣᠯᠬᠢᠯᠠᠬᠤ》 ᠪᠣᠬᠢᠷᠲᠤᠯ ᠦᠭᠡᠢ ᠬᠥᠭᠵᠢᠯᠲᠡ᠎ᠶᠢᠨ ᠦᠵᠡᠮᠵᠢ᠎ᠶᠢ ᠵᠢᠷᠤᠭᠯᠠᠨ᠎ᠠ᠃

6 ᠰᠠᠷ᠎ᠠ᠎ᠶᠢᠨ 12᠎ᠤ᠋ᠨ ᠡᠳᠦᠷ᠂ ᠲᠤᠬᠠᠢ᠎ᠶᠢᠨ ᠲᠠᠯᠠᠪᠠᠢ᠎ᠳᠤ ᠲᠦᠷᠦᠯ ᠵᠦᠢᠯ᠎ᠦᠨ ᠪᠦᠲᠦᠭᠡᠨ ᠪᠠᠢᠭᠤᠯᠤᠯᠲᠠ ᠢᠳᠡ ᠬᠦᠭ᠎ᠲᠠᠢ ᠶᠠᠪᠤᠭᠳᠠᠵᠤ ᠪᠠᠢᠬᠤ᠎ᠶᠢ ᠰᠤᠷᠪᠤᠯᠵᠢᠯᠠᠭᠴᠢ ᠣᠯᠵᠤ ᠬᠠᠷᠠᠪᠠ᠃ ᠰᠠᠭᠤᠷᠢ ᠳᠠᠯᠪᠢᠬᠤ ᠠᠵᠢᠯ᠎ᠢ ᠨᠢᠭᠡᠨᠲᠡ ᠦᠨᠳᠦᠰᠦᠨ᠎ᠳᠡᠭᠡᠨ ᠪᠡᠶᠡᠯᠡᠭᠦᠯᠵᠦ᠂ ᠲᠡᠷᠢ ᠲᠡᠭᠰᠢ ᠵᠢᠭ᠍ᠰᠠᠭᠠᠭᠰᠠᠨ ᠪᠠᠭᠠᠨ᠎ᠠ ᠨᠢ ᠡᠬᠡ ᠭᠠᠵᠠᠷ ᠳᠡᠭᠡᠷᠡᠬᠢ ᠪᠠᠢᠷᠢᠰᠢᠯ ᠬᠡᠮᠡᠷ ᠰᠦᠨᠳᠡᠷᠯᠡᠨ᠎ᠡ; ᠬᠡᠷᠡᠯᠴᠢ ᠴᠡᠨᠡᠭ᠎ᠦᠨ ᠲᠤᠯᠬᠤ ᠵᠢᠶᠠᠰᠠ᠎ᠶᠢ ᠤᠭᠰᠠᠷᠠᠬᠤ ᠠᠵᠢᠯ ᠶᠠᠭ ᠯᠠᠪᠳᠠᠭᠤᠨ᠎ᠢᠶᠠᠷ ᠠᠬᠢᠵᠤ᠂ ᠣᠳᠣᠬᠠᠨ᠎ᠳᠤ ᠨᠢᠭᠡᠨᠲᠡ 616 ᠬᠡᠰᠡᠭ ᠤᠭᠰᠠᠷᠠᠵᠤ᠂ ᠵᠠᠯᠭᠠᠯᠳᠤᠭᠰᠠᠨ ᠪᠣᠯᠣᠳ ᠵᠢᠶᠠᠰᠠᠲᠤ ᠪᠦᠲᠦᠴᠡ ᠨᠢ ᠨᠡᠷᠡᠨ᠎ᠦ ᠬᠡᠷᠡᠯ᠎ᠳᠦ ᠭᠢᠯᠠᠯᠵᠠᠨ᠎ᠠ᠃ ᠣᠶ ᠰᠢᠭᠤᠢ ᠡᠪᠡᠰᠦ ᠪᠡᠯᠴᠢᠭᠡᠷ᠎ᠦᠨ ᠮᠡᠷᠭᠡᠵᠢᠯ᠎ᠦᠨ ᠠᠵᠢᠯᠲᠠᠨ ᠪᠠᠭᠠᠨ᠎ᠠ᠎ᠶᠢᠨ ᠵᠢᠭ᠍ᠰᠠᠭᠠᠯ᠎ᠤᠨ ᠬᠣᠭᠣᠷᠣᠨᠳᠤ ᠰᠦᠯᠵᠢᠯᠳᠦᠵᠦ᠂ ᠠᠮᠢ ᠠᠬᠤᠢ᠎ᠶᠢ ᠵᠠᠰᠠᠨ ᠰᠡᠷᠭᠦᠭᠡᠬᠦ ᠣᠷᠣᠨ᠎ᠤ ᠦᠨᠳᠦᠰᠦᠨ ᠲᠣᠭ᠎ᠠ ᠪᠠᠷᠢᠮᠲᠠ᠎ᠶᠢ ᠨᠠᠷᠢᠨ ᠲᠡᠮᠳᠡᠭᠯᠡᠵᠦ᠂ ᠲᠠᠷᠠᠭᠠᠴᠢ᠎ᠶᠢᠨ ᠬᠠᠪᠲᠠᠰᠤᠨ ᠳᠣᠣᠷᠠᠬᠢ ᠨᠤᠭᠤᠭᠠᠷᠠᠭᠤᠯᠤᠯᠲᠠ ᠳ᠋ᠤ ᠰᠢᠨᠵᠢᠯᠡᠬᠦ ᠤᠬᠠᠭᠠᠨᠴᠢ ᠰᠠᠭᠤᠷᠢ ᠲᠠᠯᠪᠢᠨ᠎ᠠ᠃ ᠬᠡᠳᠦᠢᠪᠡᠷ ᠪᠠᠷᠢᠯᠭ᠎ᠠ ᠳᠠᠭᠤᠰᠤᠭ᠎ᠠ ᠦᠭᠡᠢ ᠪᠣᠯᠪᠠᠴᠤ᠂ ᠲᠥᠷᠥᠯ ᠵᠦᠢᠯ᠎ᠦᠨ ᠪᠦᠲᠦᠬᠦᠪᠴᠢ ᠪᠠᠢᠳᠠᠯ ᠨᠢᠭᠡᠨᠲᠡ ᠲᠣᠳᠣᠷᠬᠠᠢ ᠪᠣᠯᠵᠠᠢ᠃

ᠡᠨᠡ᠎ᠬᠦ ᠰᠢᠨ᠎ᠡ᠎ᠶᠢ ᠡᠭᠦᠳᠦᠭᠰᠡᠨ ᠠᠵᠢᠯ᠎ᠤᠨ ᠨᠠᠢᠳᠠᠪᠤᠷᠢᠵᠢᠭᠤᠯᠤᠯᠲᠠ ᠨᠢ ᠴᠢᠩᠭ᠎ᠠ ᠬᠦᠴᠦᠲᠡᠢ ᠲᠦᠷᠦ᠎ᠶᠢᠨ ᠪᠣᠳᠣᠯᠭ᠎ᠠ᠎ᠶᠢᠨ ᠲᠤᠯᠭᠠᠭᠤᠷᠢᠯᠠᠯ᠎ᠠᠴᠠ ᠰᠠᠯᠵᠤ ᠴᠢᠳᠠᠬᠤ ᠦᠭᠡᠢ ᠶᠤᠮ᠃ 2024 ᠣᠨ᠎ᠤ ᠲᠥᠪ᠎ᠦᠨ ᠨᠢᠭᠡᠳᠦᠭᠡᠷ ᠲᠣᠭᠠᠲᠤ ᠪᠢᠴᠢᠭ ᠮᠠᠲᠧᠷᠢᠶᠠᠯ 《〈 ᠮᠢᠩᠭᠠᠨ ᠲᠣᠰᠬᠣᠨ᠎ᠢᠶᠠᠷ ᠵᠢᠱ᠌ᠢᠶ᠎ᠡ ᠦᠵᠡᠭᠦᠯᠵᠦ᠂ ᠲᠦᠮᠡᠨ ᠲᠣᠰᠬᠣᠨ᠎ᠢ ᠴᠡᠭᠴᠡᠯᠡᠨ ᠵᠠᠰᠠᠬᠤ〉 ᠢᠨᠵᠧᠨᠧᠷᠢᠩ᠎ᠦᠨ ᠲᠤᠷᠰᠢᠯᠭ᠎ᠠ ᠵᠢ ᠰᠤᠷᠤᠯᠴᠠᠨ ᠬᠡᠷᠡᠭᠯᠡᠵᠦ ᠬᠥᠳᠡᠭᠡ ᠲᠣᠰᠬᠣᠨ᠎ᠢ ᠪᠥᠬᠥ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠶᠢ ᠬᠦᠴᠦᠲᠡᠢ ᠪᠦᠲᠦᠮᠵᠢᠲᠡᠶ ᠠᠬᠢᠭᠤᠯᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠲᠥᠷᠥ᠎ᠶᠢᠨ ᠶᠠᠪᠤᠳᠠᠯ᠎ᠤᠨ ᠬᠣᠷᠢᠶ᠎ᠠ ᠵᠢᠨ ᠰᠠᠨᠠᠯ》 ᠳ᠋ᠤ ᠠᠩᠬ᠎ᠠ ᠤᠳᠠᠭ᠎ᠠ 《ᠴᠦᠯᠯᠡᠷᠭᠡᠭᠵᠢᠯ᠎ᠢ ᠶᠡᠷᠦᠩᠬᠡᠢᠯᠡᠨ ᠰᠡᠷᠭᠡᠢᠯᠡᠨ ᠵᠠᠰᠠᠬᠤ᠎ᠶᠢ ᠴᠢᠩᠭᠠᠳᠬᠠᠵᠤ᠂ 〈ᠡᠪᠡᠰᠦ ᠪᠡᠯᠴᠢᠭᠡᠷ ᠭᠡᠷᠡᠯᠴᠢ ᠴᠡᠨᠡᠭ ᠬᠠᠷᠢᠯᠴᠠᠨ ᠨᠥᠬᠥᠪᠦᠷᠢᠯᠡᠬᠦ〉 ᠵᠠᠭᠪᠤᠷ᠎ᠢ ᠰᠦᠪᠡᠭᠴᠢᠯᠡᠬᠦ》 ᠵᠢ ᠲᠣᠳᠣᠷᠬᠠᠢ ᠳᠤᠷᠠᠳᠴᠤ᠂ ᠴᠦᠯᠯᠡᠷᠭᠡᠭ ᠨᠤᠲᠤᠭ ᠪᠡᠯᠴᠢᠭᠡᠷ᠎ᠤᠨ ᠭᠠᠵᠠᠷ ᠣᠷᠣᠨ᠎ᠳᠤ ᠰᠢᠨ᠎ᠡ ᠴᠢᠭᠯᠡᠯ᠎ᠢ ᠵᠢᠭᠠᠵᠤ ᠥᠭᠴᠡᠢ᠃ ᠬᠡᠳᠦᠬᠡᠨ ᠰᠠᠷ᠎ᠠ᠎ᠶᠢᠨ ᠳᠠᠷᠠᠭ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠦᠨ ᠲᠣᠪᠴᠢᠶ᠎ᠠ᠎ᠶᠢᠨ 《ᠪᠤᠭᠤᠲᠤ ᠬᠣᠲᠠ᠎ᠳᠤ ᠴᠦᠯᠯᠡᠷᠭᠡᠭ ᠲᠠᠯ᠎ᠠ ᠨᠤᠲᠤᠭ᠎ᠦᠨ 〈ᠡᠪᠡᠰᠦ ᠪᠡᠯᠴᠢᠭᠡᠷ ᠭᠡᠷᠡᠯᠴᠢ ᠴᠡᠨᠡᠭ ᠬᠠᠷᠢᠯᠴᠠᠨ ᠨᠥᠬᠥᠪᠦᠷᠢᠯᠡᠬᠦ〉 ᠵᠠᠭᠪᠤᠷ᠎ᠤᠨ ᠲᠤᠷᠰᠢᠯᠲᠠ᠎ᠶᠢᠨ ᠴᠡᠭ᠎ᠤᠨ ᠠᠵᠢᠯ᠎ᠢ ᠰᠦᠪᠡᠭᠴᠢᠯᠡᠨ ᠦᠷᠨᠢᠭᠦᠯᠬᠦ ᠲᠤᠬᠠᠢ ᠵᠢᠭᠠᠪᠤᠷᠢ ᠠᠪᠬᠤ ᠬᠠᠷᠢᠭᠤ ᠵᠠᠬᠢᠳᠠᠯ》 (ᠥᠪᠥᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠲᠤᠭ ᠪᠡᠯᠴᠢᠭᠡᠷ᠎ᠤᠨ ᠲᠤᠪᠴᠢᠶ᠎ᠠ ᠵᠢᠨ ᠵᠠᠬᠢᠳᠠᠯ [2024]1362 ᠳ᠋ᠤᠭᠠᠷ ᠲᠣᠭᠠᠲᠤ)᠎ᠢ᠋ ᠵᠢᠩᠬᠢᠨᠢ᠎ᠪᠡᠷ ᠴᠣᠬᠣᠯᠠᠪᠤᠷᠢᠯᠠᠵᠤ᠂ ᠪᠤᠭᠤᠲᠤ ᠬᠣᠲᠠ᠎ᠶᠢᠨ ᠳᠠᠷᠬᠠᠨ ᠮᠤᠤᠮᠢᠩᠭᠠᠨ ᠬᠣᠯᠪᠣᠭᠠᠲᠤ ᠬᠣᠰᠢᠭᠤᠨ ᠳ᠋ᠤ ᠲᠤᠷᠰᠢᠯᠲᠠ᠎ᠶᠢᠨ ᠴᠡᠭ᠎ᠤᠨ ᠠᠵᠢᠯ ᠥᠷᠨᠢᠭᠦᠯᠬᠦ᠎ᠶᠢ ᠳᠡᠮᠵᠢᠬᠦ ᠵᠢ ᠲᠤᠳᠤᠷᠬᠠᠢᠯᠠᠬᠤ᠎ᠶᠢᠨ ᠬᠠᠮᠲᠤ ᠲᠡᠭᠦᠨ᠎ᠢ ᠥᠪᠡᠷᠲᠡᠭᠡᠨ ᠵᠠᠰᠠᠬᠤ ᠣᠷᠣᠨ᠎ᠤ ᠨᠤᠲᠤᠭ ᠪᠡᠯᠴᠢᠭᠡᠷ᠎ᠦᠨ ᠬᠠᠮᠠᠭᠠᠯᠠᠯᠲᠠ ᠬᠥᠭᠵᠢᠭᠦᠯᠦᠯᠲᠡ᠎ᠶᠢᠨ ᠶᠡᠷᠦᠩᠬᠡᠢᠯᠡᠭᠰᠡᠨ ᠥᠭᠡᠷᠡᠴᠢᠯᠡᠯᠲᠡ᠎ᠶᠢᠨ ᠲᠤᠷᠰᠢᠯᠲᠠ᠎ᠶᠢᠨ ᠣᠷᠣᠨ᠎ᠤ ᠪᠦᠲᠦᠭᠡᠨ ᠪᠠᠢᠭᠤᠯᠤᠯᠲᠠ᠎ᠳᠤ ᠣᠷᠣᠭᠤᠯᠵᠤ᠂ ᠲᠥᠷᠥᠯ ᠵᠦᠢᠯ᠎ᠢ ᠡᠬᠢᠯᠡᠭᠦᠯᠬᠦ᠎ᠳᠦ ᠬᠦᠴᠦᠷᠬᠡᠭ ᠶᠡᠬᠡ ᠬᠥᠳᠡᠯᠭᠡᠬᠦ ᠬᠦᠴᠦᠨ ᠨᠡᠮᠡᠷᠢᠯᠡᠪᠡ᠃ ᠳᠠᠷᠬᠠᠨ ᠮᠤᠤᠮᠢᠩᠭᠠᠨ ᠬᠣᠯᠪᠣᠭᠠᠲᠤ ᠬᠣᠰᠢᠭᠤᠨ᠎ᠤ ᠣᠶ ᠰᠢᠭᠤᠢ ᠨᠤᠲᠤᠭ ᠪᠡᠯᠴᠢᠭᠡᠷ᠎ᠦᠨ ᠲᠣᠪᠴᠢᠶ᠎ᠠ᠎ᠶᠢᠨ ᠡᠬᠢ ᠪᠠᠶᠠᠯᠢᠭ᠋᠎ᠤᠨ ᠬᠠᠮᠠᠭᠠᠯᠠᠯᠲᠠ᠎ᠶᠢᠨ ᠲᠥᠪ᠎ᠦᠨ ᠡᠷᠬᠢᠯᠡᠭᠴᠢ ᠵᠧᠦ ᠬᠣᠶ ᠰᠤᠷᠪᠤᠯᠵᠢᠯᠠᠭ᠍ᠴᠢ᠎ᠳᠤ ᠲᠠᠨᠢᠯᠴᠠᠭᠤᠯᠤᠭᠰᠠᠨ ᠵᠢᠡᠷ᠂《ᠡᠪᠡᠰᠦ ᠪᠡᠯᠴᠢᠭᠡᠷ ᠬᠡᠷᠡᠯᠴᠢ ᠴᠡᠨᠡᠭ ᠬᠠᠷᠢᠯᠴᠠᠨ ᠨᠥᠬᠥᠪᠦᠷᠢᠯᠡᠬᠦ》 ᠠᠮᠢ ᠠᠬᠤᠢ᠎ᠶᠢᠨ ᠵᠣᠬᠢᠴᠠᠬᠤ ᠴᠢᠨᠠᠷ᠎ᠤᠨ ᠦᠨᠡᠯᠡᠯᠲᠡ ᠪᠠ ᠰᠢᠯᠢᠨ ᠰᠣᠩᠭᠣᠬᠤ ᠴᠢᠩᠭ᠎ᠠ ᠪᠠᠷᠢᠮᠵᠢᠶ᠎ᠠ᠎ᠳᠤ ᠰᠠᠭᠤᠷᠢᠯᠠᠨ᠂ ᠲᠥᠷᠥᠯ ᠵᠦᠢᠯ᠎ᠢ ᠬᠠᠮᠤᠭ᠎ᠤᠨ ᠡᠴᠦᠰ᠎ᠲᠦ ᠴᠠᠭᠠᠨᠬᠠᠳᠠ ᠰᠤᠮᠤ᠎ᠶᠢᠨ ᠪᠠᠶᠠᠨᠰᠠᠢᠬᠠᠨ ᠭᠠᠴᠠᠭ᠎ᠠ ᠪᠠ ᠪᠠᠶᠠᠡᠡᠣᠪᠣᠭ᠎ᠠ ᠰᠤᠮᠤ᠎ᠶᠢᠨ ᠪᠠᠶᠠᠨᠪᠤᠯᠠᠭ ᠭᠠᠴᠠᠭ᠎ᠠ ᠳ᠋ᠤ ᠬᠡᠷᠡᠭᠵᠢᠭᠦᠯᠬᠦ ᠪᠡᠷ ᠰᠣᠩᠭᠣᠪᠠ᠃ ᠡᠨᠡ ᠬᠦ᠌ ᠶᠡᠷᠦᠩᠬᠡᠢ ᠲᠠᠯᠠᠪᠠᠶ ᠨᠢ 1.14 ᠲᠦᠮᠡ ᠭᠠᠷᠤᠢ ᠮᠦ᠍ ᠲᠤᠷᠰᠢᠯᠲᠠ᠎ᠶᠢᠨ ᠣᠷᠣᠨ᠎ᠤ ᠳᠣᠲᠣᠷᠠᠬᠢ ᠴᠦᠯᠯᠡᠷᠭᠡᠭ ᠨᠤᠲᠤᠭ ᠪᠡᠯᠴᠢᠬᠡᠷ᠎ᠦᠨ ᠡᠵᠡᠯᠡᠬᠦ ᠬᠠᠷᠢᠴᠠᠯ ᠨᠢ 99.99% ᠳ᠋ᠤ ᠬᠦᠷᠴᠦ᠂ ᠠᠮᠢ ᠠᠬᠤᠢ᠎ᠶᠢ ᠰᠡᠷᠭᠦᠭᠡᠬᠦ ᠪᠠ ᠴᠡᠪᠡᠷ ᠡᠨᠧᠷᠭᠢ᠎ᠶᠢ ᠬᠠᠮᠵᠢᠯᠴᠠᠨ ᠬᠥᠭᠵᠢᠭᠦᠯᠬᠦ᠎ᠶᠢ ᠰᠦᠪᠡᠭᠴᠢᠯᠡᠬᠦ ᠳᠤᠬᠢᠷᠠᠮᠵᠢᠳᠠᠢ ᠭᠠᠵᠠᠷ ᠪᠣᠯᠣᠨ᠎ᠠ᠃

ᠣᠢᠯᠠᠭᠠᠭᠰᠠᠨ᠎ᠢᠶᠠᠷ᠂ 《ᠡᠪᠡᠰᠦ ᠪᠡᠯᠴᠢᠭᠡᠷ ᠬᠡᠷᠡᠯ ᠴᠡᠨᠡᠭ᠎ᠢ ᠬᠠᠷᠢᠯᠴᠠᠨ ᠨᠥᠬᠥᠪᠦᠷᠢᠯᠡᠬᠦ》 ᠲᠤᠷᠰᠢᠯᠲᠠ᠎ᠶᠢᠨ ᠴᠡᠭ᠎ᠦᠨ ᠲᠥᠷᠥᠯ ᠵᠦᠢᠯ ᠪᠣᠯ ᠳᠠᠷᠬᠠᠨ ᠮᠤᠤᠮᠢᠩᠭᠠᠨ ᠬᠣᠯᠪᠣᠭᠠᠲᠤ ᠬᠣᠰᠢᠭᠤᠨ᠎ᠤ ᠰᠠᠯᠬᠢ ᠬᠡᠷᠡᠯ ᠨᠦᠬᠡᠴᠡ᠎ᠶᠢ ᠨᠢᠭᠡ ᠴᠣᠭᠴᠠᠵᠢᠭᠤᠯᠤᠬᠰᠠᠨ ᠲᠥᠷᠥᠯ ᠵᠦᠢᠯ᠎ᠦᠨ ᠴᠢᠬᠤᠯᠠ ᠪᠦᠷᠢᠯᠳᠦᠭᠦᠨ ᠬᠡᠰᠡᠭ ᠮᠥᠨ᠂ ᠶᠡᠷᠦᠩᠬᠡᠢ ᠮᠠᠰᠢᠨ ᠴᠣᠭᠴᠠᠯᠠᠪᠤᠷᠢ᠎ᠶᠢᠨ ᠪᠠᠭᠲᠠᠭᠠᠮᠵᠢ ᠨᠢ 5 ᠲᠦᠮᠡᠨ ᠺᠢᠯᠦᠸᠠᠲ ᠴᠠᠭ ᠪᠣᠯᠣᠨ᠎ᠠ᠃ ᠲᠥᠷᠥᠯ ᠵᠦᠢᠯ ᠨᠢ ᠬᠦᠷᠢᠶᠡᠯᠡᠩ ᠲᠣᠭᠣᠷᠢᠭ᠎ᠤᠨ ᠪᠣᠬᠢᠷᠲᠤᠯ ᠦᠭᠡᠢ ᠲᠥᠷᠥᠯ ᠵᠦᠢᠯ ᠪᠣᠯᠤᠭᠰᠠᠨ᠎ᠤ ᠬᠤᠪᠢ᠎ᠳᠤ᠂ ᠪᠠᠢᠭᠤᠯᠵᠤ ᠳᠠᠭᠤᠰᠤᠭᠰᠠᠨ᠎ᠤ ᠳᠠᠷᠠᠭ᠎ᠠ ᠳᠠᠷᠬᠠᠨ ᠮᠤᠤᠮᠢᠩᠭᠠᠨ ᠬᠣᠯᠪᠣᠭᠠᠲᠤ ᠬᠣᠰᠢᠭᠤᠨ᠎ᠤ ᠰᠢᠨ᠎ᠡ ᠬᠡᠯᠪᠡᠷᠢ᠎ᠶᠢᠨ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠋᠎ᠲᠠᠬᠢ ᠲᠦᠩ ᠸᠧᠢ ᠪᠣᠬᠢᠷᠲᠤᠯ ᠦᠭᠡᠢ ᠰᠠᠭᠤᠷᠢ ᠮᠠᠲᠧᠷᠢᠶᠠᠯ᠎ᠤᠨ ᠲᠥᠷᠥᠯ ᠵᠦᠢᠯ᠎ᠳᠦ ᠪᠣᠬᠢᠷᠲᠤᠯ ᠦᠭᠡᠢ ᠴᠡᠪᠡᠷ ᠡᠨᠧᠷᠭᠢ᠎ᠶᠢᠨ ᠴᠠᠬᠢᠯᠭᠠᠨ ᠬᠠᠩᠭᠠᠨ᠎ᠠ᠃ ᠣᠳᠣᠬᠠᠨ᠎ᠳᠤ᠂ ᠲᠥᠷᠥᠯ ᠵᠦᠢᠯ᠎ᠦᠨ ᠶᠡᠷᠦᠩᠬᠡᠢ ᠠᠬᠢᠴᠠ᠎ᠶᠢᠨ 55% ᠵᠢ ᠨᠢᠭᠡᠨᠲᠡ ᠪᠡᠶᠡᠯᠡᠭᠦᠯᠵᠦ᠂ ᠵᠢᠱ᠌ᠢᠯᠲᠡ᠎ᠪᠡᠷ ᠡᠨᠡ ᠵᠢᠯ᠎ᠦᠨ 9 ᠰᠠᠷ᠎ᠠ᠎ᠶᠢᠨ ᠰᠡᠭᠦᠯᠴᠢ᠎ᠪᠡᠷ ᠲᠣᠣᠷ᠎ᠲᠤ ᠨᠡᠢᠯᠡᠭᠦᠯᠦᠨ ᠴᠠᠬᠢᠯᠭᠠᠨ ᠭᠠᠷᠭᠠᠬᠤ ᠪᠣᠯᠣᠨ᠎ᠠ᠃ ᠲᠥᠷᠥᠯ ᠵᠦᠢᠯ ᠠᠰᠢᠭ᠍ᠯᠠᠯᠲᠠ᠎ᠳᠤ ᠣᠷᠣᠭᠰᠠᠨ᠎ᠤ ᠳᠠᠷᠠᠭ᠎ᠠ᠂ ᠵᠢᠯ᠎ᠦᠨ ᠠᠰᠢᠭ᠍ᠯᠠᠬᠤ ᠴᠠᠭ᠎ᠤᠨ ᠲᠣᠭ᠎ᠠ ᠵᠢᠱ᠌ᠢᠯᠲᠡ᠎ᠪᠡᠷ 1700 ᠴᠠᠭ᠎ᠲᠦ ᠬᠦᠷᠴᠦ᠂ ᠵᠢᠯ᠎ᠤᠨ ᠴᠠᠬᠢᠯᠭᠠᠨ ᠭᠠᠷᠭᠠᠬᠤ ᠬᠡᠮᠵᠢᠶ᠎ᠡ ᠪᠠᠷᠤᠭ 8500 ᠲᠦᠮᠡᠨ ᠭᠷᠡᠳᠦ᠋ᠰ᠎ᠲᠦ ᠬᠦᠷᠴᠦ᠂ ᠪᠠᠷᠢᠮᠵᠢᠶᠠᠲᠤ ᠨᠡᠭᠦᠷᠡᠰᠦ᠎ᠶᠢ ᠪᠠᠷᠤᠭ 3 ᠲᠦᠮᠡᠨ ᠲᠣᠨ ᠠᠷᠪᠢᠯᠠᠭᠰᠠᠨ ᠲᠠᠢ ᠲᠡᠩᠴᠡᠵᠦ᠂ ᠨᠡᠭᠦᠷᠡᠰᠦᠲᠥ᠋ᠷᠥᠭᠴᠢ᠎ᠶᠢᠨ ᠳᠠᠪᠬᠤᠷ ᠢᠰᠦᠯ᠎ᠤᠨ ᠭᠠᠳᠠᠭᠰᠢᠯᠠᠭᠤᠯᠤᠯᠲᠠ ᠵᠢ ᠪᠠᠷᠤᠭ 9 ᠲᠦᠮᠡᠨ ᠲᠣᠨ ᠪᠠᠭᠠᠰᠬᠠᠵᠤ᠂ 《ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠡᠮᠵᠢᠶ᠎ᠡ᠎ᠶᠢ ᠪᠠᠭᠠᠰᠬᠠᠬᠤ》 ᠦᠷ᠎ᠡ ᠠᠰᠢᠭ᠋᠎ᠢ ᠢᠯᠡᠳᠲᠡ ᠳᠡᠭᠡᠭᠰᠢᠯᠡᠭᠦᠯᠬᠦ ᠪᠣᠯᠣᠨ᠎ᠠ᠃

ᠤᠢᠯᠠᠭᠠᠬᠰᠠᠨ ᠵᠢᠡᠷ᠂ ᠲᠥᠷᠥᠯ ᠵᠦᠢᠯ᠎ᠦᠨ ᠭᠤᠤᠯᠯᠠᠬᠤ ᠰᠢᠨ᠎ᠡ ᠡᠭᠦᠳᠦᠯᠲᠡ ᠨᠢ ᠬᠡᠷᠡᠯ ᠴᠡᠨᠡᠭ᠎ᠦᠨ ᠬᠠᠪᠲᠠᠰᠤᠨ ᠳᠣᠣᠷᠠᠬᠢ ᠣᠷᠣᠨ ᠵᠠᠢ᠎ᠶᠢ ᠠᠰᠢᠭ᠍ᠯᠠᠨ ᠡᠪᠡᠰᠦ ᠳᠠᠷᠢᠵᠤ ᠮᠠᠯ ᠮᠠᠯᠵᠢᠬᠤ᠎ᠳᠤ ᠪᠤᠢ᠂ ᠡᠨᠡ ᠨᠢ ᠠᠵᠤ ᠠᠬᠤᠢ᠎ᠶᠢᠨ ᠦᠷ᠎ᠡ ᠠᠰᠢᠭ᠋ ᠬᠢᠭᠡᠳ ᠠᠮᠢ ᠠᠬᠤᠢ᠎ᠶᠢᠨ ᠦᠷ᠎ᠡ ᠠᠰᠢᠭ᠋᠎ᠤᠨ ᠬᠣᠣᠰ ᠠᠮᠵᠢᠯᠲᠠ᠎ᠶᠢ ᠪᠡᠶᠡᠯᠡᠭᠦᠯᠵᠦ᠂ 《ᠠᠮᠢ ᠠᠬᠤᠢ᠎ᠶᠢ ᠰᠡᠷᠭᠦᠭᠡᠬᠦ + ᠬᠡᠷᠡᠯ ᠴᠡᠨᠡᠭ᠎ᠦᠨ ᠪᠦᠲᠦᠭᠡᠨ ᠪᠠᠢᠭᠤᠯᠤᠯᠲᠠ + ᠣᠳᠣᠬᠢᠴᠢᠯᠠᠭᠰᠠᠨ ᠮᠠᠯ ᠠᠵᠤ ᠠᠬᠤᠢ》᠎ᠵᠢ  ᠠᠭᠤᠰᠤᠯᠴᠠᠭᠤᠯᠤᠨ ᠬᠥᠭᠵᠢᠭᠦᠯᠬᠦ ᠰᠢᠨ᠎ᠡ ᠰᠢᠰᠲᠧᠮ᠎ᠢ ᠪᠠᠶ᠋ᠢᠭᠤᠯᠬᠤ᠎ᠪᠡᠷ ᠵᠤᠷᠢᠯᠭ᠎ᠠ ᠪᠡᠨ ᠪᠤᠯᠭᠠᠵᠠᠢ᠃ ᠲᠥᠷᠥᠯ ᠵᠦᠢᠯ᠎ᠳᠦ ᠬᠣᠶᠠᠷ ᠵᠦᠢᠯ᠎ᠦᠨ ᠭᠣᠣᠯ ᠪᠤᠯᠬᠤ ᠠᠭᠤᠰᠤᠯᠴᠠᠬᠤ ᠵᠠᠭᠪᠤᠷ᠎ᠢ ᠲᠥᠯᠥᠪᠵᠢᠭᠦᠯᠪᠡ᠄ 《ᠲᠠᠴᠢᠷᠳᠠᠭᠰᠠᠨ ᠴᠦᠯᠯᠡᠷᠬᠡᠭ ᠨᠤᠲᠤᠭ ᠪᠡᠯᠴᠢᠭᠡᠷ᠎ᠢ ᠰᠡᠷᠭᠦᠭᠡᠬᠦ + ᠬᠡᠷᠡᠯᠴᠢ ᠴᠡᠨᠡᠭ + ᠨᠡᠭᠦᠷᠡᠰᠦᠲᠥ᠋ᠷᠥᠭᠴᠢ᠎ᠶᠢ ᠲᠣᠭᠲᠠᠪᠤᠷᠢᠵᠢᠭᠤᠯᠤᠨ ᠬᠤᠷᠠᠭᠤᠯᠬᠤ》 ᠵᠠᠭᠪᠤᠷ ᠵᠢᠡᠷ  ᠠᠮᠢ ᠠᠬᠤᠢ᠎ᠶᠢ ᠰᠡᠷᠭᠦᠭᠡᠬᠦ ᠦᠷ᠎ᠡ ᠪᠦᠲᠦᠮᠵᠢ ᠵᠢᠴᠢ ᠨᠡᠭᠦᠷᠡᠰᠦᠲᠥ᠋ᠷᠥᠭᠴᠢ᠎ᠶᠢ ᠰᠢᠩᠭᠡᠬᠡᠨ ᠠᠪᠬᠤ ᠨᠡᠮᠡᠭᠳᠡᠯ᠎ᠦᠨ ᠬᠡᠮᠵᠢᠶ᠎ᠡ᠎ᠶᠢ ᠭᠣᠣᠯᠳᠠᠯᠭ᠎ᠠ᠎ᠲᠠᠢ ᠬᠢᠨᠠᠨ ᠬᠡᠮᠵᠢᠨ᠎ᠡ; 《ᠲᠠᠴᠢᠷᠳᠠᠭᠰᠠᠨ ᠴᠦᠯᠯᠡᠷᠬᠡᠭ ᠨᠤᠲᠤᠭ ᠪᠡᠯᠴᠢᠭᠡᠷ᠎ᠢ ᠰᠡᠷᠭᠦᠭᠡᠬᠦ + ᠬᠡᠷᠡᠯᠴᠢ ᠴᠡᠨᠡᠭ + ᠣᠳᠣᠬᠢᠴᠢᠯᠠᠭᠰᠠᠨ ᠲᠠᠯ᠎ᠠ ᠨᠤᠲᠤᠭ᠎ᠦᠨ ᠠᠮᠢ ᠠᠬᠤᠢ᠎ᠶᠢᠨ ᠮᠠᠯᠵᠢᠯ᠎ᠤᠨ ᠲᠠᠯᠠᠪᠠᠶ》 ᠵᠢᠨ  ᠵᠠᠭᠪᠤᠷ᠎ᠵᠢᠡᠷ ᠂ ᠠᠳᠠᠯᠢ ᠪᠤᠰᠤ ᠲᠠᠴᠢᠷᠳᠠᠭᠰᠠᠨ ᠬᠡᠮᠵᠢᠶ᠎ᠡ ᠪᠦᠬᠦᠢ ᠴᠦᠯᠯᠡᠷᠬᠡᠭ ᠨᠤᠲᠤᠭ ᠪᠡᠯᠴᠢᠭᠡᠷ᠎ᠦᠨ ᠬᠡᠷᠡᠯᠴᠢ ᠴᠡᠨᠡᠭ᠎ᠦᠨ ᠰᠢᠰᠲᠧᠮ᠎ᠦᠨ ᠳᠣᠣᠷᠠᠬᠢ ᠪᠡᠯᠴᠢᠭᠡᠷ᠎ᠦᠨ ᠳᠠᠭᠠᠭᠠᠴᠠ᠎ᠶᠢᠨ ᠴᠢᠳᠠᠪᠤᠷᠢ ᠪᠠ ᠬᠠᠮᠤᠭ᠎ᠤᠨ ᠰᠢᠯᠢᠳᠡᠭ ᠪᠡᠯᠴᠢᠭᠡᠷᠯᠡᠭᠦᠯᠬᠦ ᠵᠠᠭᠪᠤᠷ᠎ᠢ ᠰᠦᠪᠡᠭᠴᠢᠯᠡᠨ᠎ᠡ᠃ ᠡᠲᠡᠭᠡᠷ ᠦᠢᠯᠡᠳᠦᠯᠭᠡ ᠨᠢ ᠨᠤᠲᠤᠭ ᠪᠡᠯᠴᠢᠭᠡᠷ᠎ᠦᠨ ᠠᠮᠢ ᠠᠬᠤᠢ᠎ᠶᠢ ᠬᠠᠮᠠᠭᠠᠯᠠᠨ ᠰᠡᠷᠭᠦᠭᠡᠬᠦ ᠪᠠ ᠦᠷᠭᠦᠯᠵᠢᠯᠡᠨ ᠠᠰᠢᠭ᠍ᠯᠠᠬᠤ᠎ᠳᠤ ᠰᠢᠨ᠎ᠡ ᠠᠷᠭ᠎ᠠ ᠵᠠᠮ᠎ᠢ ᠨᠡᠭᠡᠭᠡᠵᠦ ᠥᠭᠬᠦ ᠪᠣᠯᠣᠨ᠎ᠠ᠃

《ᠰᠠᠭᠤᠷᠢ ᠪᠣᠯᠭᠠᠨ᠎ᠢ ᠳᠡᠭᠡᠭᠰᠢᠯᠡᠭᠦᠯᠬᠦ ᠴᠢᠬᠤᠯᠠᠲᠠᠢ᠂ ᠡᠨᠡ ᠪᠣᠯ ᠲᠠᠯ᠎ᠠ ᠨᠤᠲᠤᠭ᠎ᠡᠴᠨ ᠪᠢᠳᠡᠨ᠎ᠳᠦ ᠳᠠᠯᠪᠢᠬᠰᠠᠨ ᠠᠮᠢ ᠠᠬᠤᠢ᠎ᠶᠢᠨ ᠰᠢᠯᠭᠠᠯᠲᠠ᠎ᠶᠢᠨ ᠬᠠᠭᠤᠳᠠᠰᠤ ᠪᠣᠯᠣᠨ᠎ᠠ》᠃ ᠲᠥᠷᠥᠯ ᠵᠦᠢᠯ᠎ᠦᠨ ᠬᠦᠴᠢᠷ ᠠᠰᠠᠭᠤᠳᠠᠯ ᠪᠠ ᠲᠦᠭᠵᠢᠷᠡᠯ᠎ᠦᠨ ᠴᠡᠭ᠎ᠢ ᠳᠤᠷᠠᠳᠬᠤ᠎ᠳᠤ᠂ ᠲᠦᠩ ᠸᠧᠢ ᠪᠣᠬᠢᠷᠲᠤᠯ ᠦᠭᠡᠢ ᠰᠠᠭᠤᠷᠢ ᠮᠠᠲᠧᠷᠢᠶᠠᠯ᠎ᠤᠨ ᠰᠢᠨ᠎ᠡ ᠡᠨᠧᠷᠭᠢ᠎ᠶᠢᠨ ᠲᠥᠷᠥᠯ ᠵᠦᠢᠯ᠎ᠦᠨ ᠳᠠᠭᠠᠭᠠᠮᠠᠯ ᠸᠠᠩ ᠬᠣᠩ ᠭᠠᠩ᠂ 2025 ᠣᠨ᠎ᠤ 2 ᠰᠠᠷ᠎ᠠ᠎ᠶᠢᠨ 22᠎ᠤ᠋ᠨ ᠡᠳᠦᠷ ᠪᠠᠷᠢᠯᠭ᠎ᠠ ᠡᠬᠢᠯᠡᠭᠰᠡᠨ᠎ᠡᠴᠡ ᠨᠠᠭᠠᠰᠢ᠂ ᠪᠦᠲᠦᠭᠡᠨ ᠪᠠᠢᠭᠤᠯᠤᠭ᠍ᠴᠢᠳ ᠳᠠᠷᠤᠢ ᠣᠨᠴᠠᠭᠠᠶ ᠥᠷᠢᠰᠦᠯᠳᠦᠭᠡᠨ᠎ᠳᠦ ᠲᠤᠯᠭᠠᠷᠠᠪᠠ᠄ ᠡᠩ᠎ᠦᠨ ᠬᠡᠷᠡᠯᠴᠢ ᠴᠡᠨᠡᠭ᠎ᠦᠨ ᠲᠤᠯᠬᠤ ᠵᠢᠶᠠᠰᠠ᠎ᠨᠢ ᠭᠠᠵᠠᠷ ᠡᠴᠨ  0.8 ᠮᠧᠲᠷ ᠵᠠᠢᠳᠠᠢ ᠪᠠᠢᠪᠠᠯ ᠪᠣᠯᠴᠢᠬᠠᠨ᠎ᠠ᠂ ᠭᠡᠪᠡᠴᠦ ᠡᠨᠳᠡ ᠡᠷᠬᠡᠪᠰᠢ 1.5 ᠮᠧᠲᠷ ᠬᠦᠷᠲᠡᠯ᠎ᠡ ᠳᠡᠭᠡᠭᠰᠢᠯᠡᠭᠦᠯᠬᠦ ᠬᠡᠷᠡᠭᠲᠡᠢ᠂ ᠡᠨᠡ ᠬᠦ᠌ ᠡᠭᠴᠡ ᠣᠷᠣᠨ ᠵᠠᠢ ᠨᠢ ᠬᠠᠪᠲᠠᠰᠤᠨ ᠳᠣᠣᠷᠠᠬᠢ ᠠᠮᠢ ᠠᠬᠤᠢ᠎ᠶᠢᠨ ᠰᠡᠷᠭᠦᠭᠡᠯᠲᠡ ᠬᠢᠭᠡᠳ ᠢᠷᠡᠭᠡᠳᠦᠢ᠎ᠶᠢᠨ ᠮᠠᠯ ᠠᠵᠤ ᠠᠬᠤᠢ᠎ᠶᠢᠨ ᠬᠥᠭᠵᠢᠯᠲᠡ᠎ᠶᠢᠨ ᠳᠠᠪᠬᠤᠷ ᠡᠭᠦᠷᠭᠡ᠎ᠶᠢ ᠡᠭᠦᠷᠭᠡᠯᠡᠵᠦ ᠪᠠᠢᠳᠠᠭ᠃ ᠨᠠᠩ ᠥᠨᠳᠥᠷ ᠲᠤᠯᠬᠤ ᠵᠢᠶᠠᠰᠠ᠎ᠶᠢᠨ ᠵᠢᠷᠤᠭ ᠲᠥᠯᠥᠪᠯᠡᠭᠡ ᠨᠢ ᠨᠠᠩ ᠴᠢᠩᠭ᠎ᠠ ᠰᠠᠯᠬᠢᠨ᠎ᠢ ᠳᠠᠭᠠᠭᠠᠬᠤ ᠬᠡᠷᠡᠭᠴᠡᠭᠡ ᠵᠢᠴᠢ ᠪᠣᠯᠣᠳ ᠮᠠᠲᠧᠷᠢᠶᠠᠯ᠎ᠤᠨ ᠬᠡᠷᠡᠭᠯᠡᠯᠲᠡ᠎ᠶᠢᠨ ᠬᠡᠮᠵᠢᠶ᠎ᠡ᠎ᠶᠢ ᠨᠡᠮᠡᠭᠳᠡᠭᠦᠯᠵᠦ᠂ ᠪᠠᠷᠢᠯᠭ᠎ᠠ᠎ᠶᠢᠨ ᠨᠠᠷᠢᠯᠢᠭ᠋᠎ᠤᠨ ᠬᠡᠮᠵᠢᠶ᠎ᠡ᠎ᠶᠢ ᠴᠦ᠍ ᠳᠡᠭᠡᠭᠰᠢᠯᠡᠭᠦᠯᠬᠦ ᠴᠢᠬᠤᠯᠠᠲᠠᠢ᠂ ᠠᠯᠬᠤᠮ ᠪᠦᠷᠢ ᠨᠢ ᠴᠥᠮ ᠪᠠᠷᠢᠯᠭ᠎ᠠ᠎ᠶᠢᠨ ᠨᠠᠷᠢᠯᠢᠭ᠋᠎ᠤᠨ ᠬᠡᠮᠵᠢᠶ᠎ᠡ᠎ᠶᠢ ᠰᠢᠯᠭᠠᠵᠤ ᠪᠠᠢᠳᠠᠭ ᠬᠡᠵᠦ ᠬᠡᠯᠡᠪᠡ᠃

ᠬᠣᠢᠰᠢᠳᠠ᠎ᠶᠢᠨ ᠠᠮᠢ ᠠᠬᠤᠢ᠎ᠶᠢ ᠵᠠᠰᠠᠨ ᠰᠡᠷᠭᠦᠭᠡᠬᠦ ᠲᠥᠯᠥᠪᠯᠡᠭᠡ᠎ᠶᠢᠨ ᠲᠤᠬᠠᠢ᠂ ᠵᠧᠦ ᠬᠣᠶ ᠢᠯᠡᠷᠬᠡᠢᠯᠡᠬᠦ᠎ᠳᠡᠭᠡᠨ᠂ ᠬᠡᠷᠡᠯᠴᠢ ᠴᠡᠨᠡᠭ᠎ᠦᠨ ᠲᠥᠷᠥᠯ ᠵᠦᠢᠯ ᠪᠠᠢᠭᠤᠯᠤᠭᠳᠠᠭᠰᠠᠨ᠎ᠤ ᠳᠠᠷᠠᠭ᠎ᠠ᠂ ᠪᠢᠳᠡ ᠳᠠᠷᠤᠢᠬᠠᠨ ᠬᠠᠪᠲᠠᠰᠤᠨ᠎ᠳᠣᠣᠷᠠᠬᠢ ᠣᠷᠣᠨ ᠪᠦᠰᠡ᠎ᠳᠦ ᠬᠦᠷᠢᠶᠡᠯᠡᠨ ᠪᠢᠲᠡᠭᠦᠮᠵᠢᠯᠡᠵᠦ ᠪᠣᠢᠵᠢᠭᠤᠯᠬᠤ᠂ ᠬᠠᠭᠠᠯᠪᠤᠷᠢᠯᠠᠬᠤ ᠦᠭᠡᠢ᠎ᠪᠡᠷ ᠨᠥᠬᠥᠵᠦ ᠳᠠᠷᠢᠬᠤ᠂ ᠪᠣᠷᠳᠣᠭᠤᠷ ᠣᠷᠣᠭᠤᠯᠬᠤ ᠵᠢᠴᠢ ᠬᠡᠷᠡᠯᠴᠢ ᠴᠡᠨᠡᠭ᠎ᠢᠶᠡᠷ ᠤᠰᠤ ᠨᠥᠬᠥᠪᠦᠷᠢᠯᠡᠬᠦ ᠵᠡᠷᠭᠡ ᠠᠯᠢ ᠣᠯᠠᠨ ᠲᠠᠴᠢᠷᠳᠠᠭᠰᠠᠨ ᠴᠦᠯᠯᠡᠷᠭᠡᠭ ᠨᠤᠲᠤᠭ ᠪᠡᠯᠴᠢᠭᠡᠷ᠎ᠢ ᠵᠠᠰᠠᠨ ᠰᠡᠷᠭᠦᠭᠡᠬᠦ ᠠᠵᠢᠯ᠎ᠢ ᠦᠷᠨᠢᠬᠦᠯᠦᠨ᠎ᠡ᠃ ᠰᠡᠷᠭᠦᠭᠡᠨ ᠵᠠᠰᠠᠭᠰᠠᠨ ᠦᠷ᠎ᠡ ᠪᠦᠲᠦᠮᠵᠢ᠎ᠶᠢ ᠰᠢᠨᠵᠢᠯᠡᠬᠦ ᠤᠬᠠᠭᠠᠨᠴᠢ᠎ᠪᠠᠷ ᠬᠢᠨᠠᠨ ᠬᠡᠮᠵᠢᠬᠦ᠎ᠪᠡᠷ ᠳᠡᠮᠵᠢᠨ ᠦᠨᠡᠯᠡᠨ ᠵᠢᠱ᠌ᠢᠨ᠎ᠡ ᠄ ᠲᠥᠷᠥᠯ ᠵᠦᠢᠯ᠎ᠢ ᠬᠡᠷᠡᠭᠵᠢᠭᠦᠯᠬᠦ ᠡᠮᠦᠨᠡᠬᠢ᠂ ᠳᠤᠮᠳᠠᠬᠢ᠂ ᠬᠣᠢᠨᠠᠬᠢ ᠭᠤᠷᠪᠠᠨ ᠱᠠᠲᠤ ᠦᠶ᠎ᠡ᠎ᠳᠦ᠂ ᠬᠡᠷᠡᠭᠵᠢᠭᠦᠯᠬᠦ ᠲᠥᠰᠥᠯ᠎ᠢ ᠦᠨᠳᠦᠰᠦᠯᠡᠨ 14 ᠬᠥᠷᠥᠰᠥ ᠰᠢᠷᠣᠢ᠎ᠶᠢᠨ ᠵᠠᠭᠪᠤᠷ᠎ᠢ ᠰᠣᠩᠭᠣᠵᠤ᠂ ᠤᠷᠭᠤᠮᠠᠯ᠎ᠤᠨ ᠬᠤᠴᠢᠯᠭ᠎ᠠ᠎ᠶᠢᠨ ᠪᠦᠷᠬᠦᠴᠡ᠂ ᠳᠦᠷᠰᠦ᠎ᠶᠢᠨ ᠪᠦᠷᠢᠯᠳᠦᠯ᠂ ᠬᠦᠶ ᠤᠷᠭᠤᠮᠠᠯ᠎ᠤᠨ ᠣᠯᠠᠨ ᠶᠠᠩᠵᠤᠲᠤ ᠴᠢᠨᠠᠷ᠂ ᠬᠥᠷᠥᠰᠥ ᠰᠢᠷᠣᠢ᠎ᠶᠢᠨ ᠣᠷᠭᠠᠨᠢᠭ᠋ ᠪᠣᠳᠠᠰ ᠵᠡᠷᠭᠡ ᠵᠠᠩᠭᠢᠯᠠᠭ᠎ᠠ᠎ᠶᠢᠨ ᠭᠦᠢᠴᠡᠳᠬᠡᠯ ᠲᠣᠭ᠎ᠠ᠎ᠶᠢᠨ ᠬᠤᠪᠢᠷᠠᠯᠲᠠ᠎ᠶᠢ ᠦᠷᠭᠦᠯᠵᠢᠯᠡᠨ ᠬᠢᠨᠠᠨ ᠬᠡᠮᠵᠢᠵᠦ᠂ ᠡᠭᠦᠨ᠎ᠢᠶᠡᠷ ᠦᠨᠳᠦᠰᠦᠯᠡᠯ ᠪᠣᠯᠭᠠᠵᠤ ᠲᠣᠰ ᠣᠷᠣᠨ ᠪᠦᠰᠡ᠎ᠶᠢᠨ ᠰᠡᠷᠭᠦᠭᠡᠬᠦ᠎ᠳᠦ ᠬᠠᠮᠤᠭ᠎ᠤᠨ ᠲᠣᠬᠢᠷᠠᠮᠵᠢᠲᠠᠢ ᠡᠪᠡᠰᠦᠨ ᠦᠷ᠎ᠡ᠎ᠶᠢᠨ ᠲᠥᠷᠥᠯ ᠵᠦᠢᠯ᠎ᠢ ᠰᠣᠩᠭᠣᠨ ᠭᠠᠷᠭᠠᠨ᠎ᠠ᠃ ᠳᠡᠭᠡᠷᠡᠬᠢ ᠠᠯᠢ ᠣᠯᠠᠨ ᠠᠷᠭ᠎ᠠ ᠪᠠᠷᠢᠯ᠎ᠢᠶᠠᠷ ᠤᠷᠭᠤᠮᠠᠯ᠎ᠤᠨ ᠬᠤᠴᠢᠯᠭ᠎ᠠ᠎ᠶᠢᠨ ᠪᠦᠷᠬᠦᠴᠡ᠎ᠶᠢ ᠳᠤᠮᠳᠠᠴᠢ᠎ᠪᠠᠷ ᠵᠠᠭᠤᠨ᠎ᠤ ᠬᠠᠷᠢᠴᠠᠯ ᠵᠢᠡᠷ 5 ᠬᠤᠪᠢ ᠳᠡᠭᠡᠭᠰᠢᠯᠡᠭᠦᠯᠵᠦ᠂ ᠡᠪᠡᠰᠦᠨ᠎ᠦ ᠭᠠᠷᠤᠯᠲᠠ᠎ᠶᠢᠨ ᠬᠡᠮᠵᠢᠶ᠎ᠡ᠎ᠶᠢ ᠳᠤᠮᠳᠠᠴᠢ ᠪᠠᠷ 15% ᠳᠡᠭᠡᠭᠰᠢᠯᠡᠭᠦᠯᠦᠨ᠎ᠡ᠃

ᠡᠭᠦᠨ᠎ᠦ ᠬᠠᠮᠲᠤ᠂ ᠲᠥᠷᠥᠯ ᠵᠦᠢᠯ᠎ᠦᠨ ᠳᠠᠯ᠎ᠠ ᠵᠢᠨ ᠬᠢᠨ ᠲᠤᠬᠠᠢ᠎ᠶᠢᠨ ᠭᠠᠵᠠᠷ᠎ᠤᠨ ᠮᠠᠯᠴᠢᠨ ᠲᠠᠷᠢᠶᠠᠴᠢᠨ᠎ᠢ ᠳᠠᠶ᠋ᠢᠴᠢᠯᠠᠨ ᠣᠷᠣᠯᠭ᠎ᠠ᠎ᠶᠢ ᠨᠢ ᠨᠡᠮᠡᠭᠳᠡᠭᠦᠯᠦᠨ ᠪᠠᠶᠠᠵᠢᠭᠤᠯᠬᠤ᠎ᠶᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ ᠪᠠᠢᠨ᠎ᠠ᠃ 《ᠠᠵᠤ ᠠᠬᠤᠢᠯᠠᠯ + ᠭᠠᠴᠠᠭᠠᠨ᠎ᠤ ᠬᠠᠮᠲᠤ  + ᠮᠠᠯᠴᠢᠨ》᠎ᠤ᠋ ᠬᠤᠷᠰᠢᠶᠠᠨ ᠤ᠋ ᠲᠤᠬᠳᠠᠴᠠ ᠵᠢ ᠪᠠᠢᠭᠤᠯᠬᠤ᠎ᠪᠠᠷ ᠳᠠᠮᠵᠢᠨ᠂ 《ᠨᠢᠭᠡ ᠯᠡ ᠤᠳᠠᠭ᠎ᠠ ᠵᠢᠨ ᠴᠢᠨᠠᠷᠲᠠᠢ ᠭᠠᠵᠠᠷ ᠰᠢᠷᠣᠢ᠎ᠶᠢᠨ ᠲᠠᠲᠠᠪᠤᠷᠢᠯᠠᠯᠲᠠ᠎ᠶᠢᠨ ᠨᠥᠬᠥᠪᠦᠷᠢ + ᠵᠢᠯ ᠪᠦᠷᠢ᠎ᠶᠢᠨ ᠲᠣᠨᠣᠭ ᠲᠥᠬᠦᠭᠡᠷᠦᠮᠵᠢ᠎ᠶᠢᠨ ᠬᠠᠮᠠᠭᠠᠯᠠᠯᠲᠠ᠎ᠶᠢᠨ ᠠᠰᠢᠭ᠋ ᠣᠷᠣᠯᠭ᠎ᠠ + ᠵᠢᠯ ᠳᠠᠷᠠᠭᠠᠯᠠᠨ ᠵᠠᠰᠠᠨ ᠰᠡᠷᠭᠦᠭᠡᠵᠦ ᠬᠠᠮᠢᠶᠠᠷᠤᠨ ᠬᠠᠮᠠᠭᠠᠯᠠᠬᠤ ᠬᠥᠳᠡᠯᠮᠦᠷᠢ ᠦᠢᠯᠡᠴᠢᠯᠡᠭᠡᠨ᠎ᠦ ᠤᠯᠭᠤᠮᠵᠢ》 ᠵᠢᠴᠢ 《ᠬᠦᠳᠡᠯᠮᠦᠷᠢᠯᠡᠬᠦ᠎ᠪᠠᠷ ᠲᠡᠳᠬᠦᠮᠵᠢ᠎ᠶ᠋ᠢ ᠣᠷᠣᠯᠠᠭᠤᠯᠬᠤ》 ᠵᠡᠷᠭᠡ ᠣᠯᠠᠨ ᠵᠦᠢᠯ᠎ᠦᠨ ᠠᠷᠭ᠎ᠠ ᠬᠡᠯᠪᠡᠷᠢ᠎ᠶᠢ ᠠᠪᠴᠤ᠂ ᠪᠣᠬᠢᠷᠲᠤᠯ ᠦᠭᠡᠢ ᠬᠥᠭᠵᠢᠯᠲᠡ᠎ᠶᠢᠨ ᠠᠰᠢᠭ᠋ ᠣᠯᠵᠠᠪᠤᠷᠢ᠎ᠶᠢ ᠮᠠᠯᠴᠢᠳ᠎ᠤᠨ ᠭᠠᠷ᠎ᠲᠡᠬᠢ ᠦᠨᠡᠨ ᠬᠦ᠌ ᠠᠰᠢᠭ᠋ ᠤᠷᠤᠯᠭ᠎ᠠ ᠪᠣᠯᠭᠠᠬᠤ᠎ᠪᠠᠷ ᠴᠢᠷᠮᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号