ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠦ ᠴᠤᠬᠴᠠᠯᠠᠬᠤ ᠪᠠ ᠦᠨᠳᠦᠰᠦᠲᠡᠨ᠎ᠦ ᠲᠥᠷᠥ᠎ᠶ᠋ᠢᠨ ᠪᠣᠳᠣᠯᠭ᠎ᠠ᠂ ᠦᠨᠳᠦᠰᠦᠲᠡᠨ᠎ᠦ ᠬᠠᠤᠯᠢ ᠪᠡᠷ ᠵᠠᠰᠠᠬᠤ ᠤᠬᠠᠭᠤᠯᠭ᠎ᠠ ᠬᠥᠮᠦᠵᠢᠯ᠎ᠢ ᠭᠦᠨᠵᠡᠭᠡᠶ ᠥᠷᠨᠢᠭᠦᠯᠬᠦ᠌᠎ᠶ᠋ᠢᠨ ᠲᠥᠯᠥᠭᠡ᠂ ᠲᠦᠷᠦᠬᠦᠭᠡᠨ ᠥᠪᠡᠷᠲᠡᠭᠡᠨ ᠵᠠᠰᠠᠬᠤ ᠣᠷᠣᠨ᠎ᠤ ᠵᠡᠮᠳᠡᠭ᠌ᠴᠦᠳ᠎ᠦᠨ ᠬᠤᠯᠪᠤᠭ᠎ᠠ 《ᠳᠤᠮᠳᠠᠳᠤ ᠶ᠋ᠢᠨ ᠦᠨᠳᠦᠰᠦᠲᠡᠨ ᠦ ᠬᠠᠮᠲᠤ ᠶ᠋ᠢᠨ ᠴᠣᠭ᠍ᠴᠠ᠎ᠶ᠋ᠢᠨ ᠤᠬᠠᠮᠰᠠᠷ ᠢ ᠪᠠᠲᠤ ᠴᠣᠭ᠍ᠴᠠᠯᠠᠵᠤ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠬᠥᠮᠦᠵᠢᠯ ᠢ ᠭᠦᠨᠵᠡᠭᠡᠢᠷᠡᠭᠦᠯᠬᠦ᠌》 ᠲᠤᠰᠭᠠᠶ ᠰᠡᠳᠦᠪᠲᠦ ᠲᠠᠢᠯᠤᠮᠵᠢ ᠡᠷᠭᠢᠯᠡᠪᠡ᠃
ᠲᠤᠰ ᠤᠳᠠᠭ᠎ᠠ᠎ᠶ᠋ᠢᠨ ᠲᠠᠢᠯᠤᠮᠵᠢ᠎ᠳᠤ ᠥᠪᠥᠷ ᠮᠣᠩᠭᠣᠯ᠎ᠤᠨ ᠨᠡᠢᠭᠡᠮ ᠵᠢᠷᠤᠮ᠎ᠤᠨ ᠳᠡᠭᠡᠳᠦ ᠰᠤᠷᠭᠠᠭᠤᠯᠢ᠎ᠶ᠋ᠢᠨ ᠼᠦᠢ ᠸᠸᠨ ᠵᠢᠩ ᠫᠷᠤᠹᠸᠰᠰᠤᠷ ᠢ ᠤᠷᠢᠵᠤ ᠲᠤᠰᠭᠠᠢ ᠰᠡᠳᠦᠪᠲᠦ ᠲᠠᠢᠯᠤᠮᠵᠢ ᠬᠢᠯᠭᠡᠵᠡᠢ᠃ ᠼᠦᠢ ᠸᠧᠨ ᠵᠢᠩ ᠫᠷᠤᠹᠧᠰᠰᠤᠷ 《ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠪᠠᠷ ᠭᠣᠣᠯ ᠱᠢᠵᠢᠮ ᠪᠣᠯᠭᠠᠵᠤ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠦᠢᠯᠡᠰ᠎ᠢ ᠪᠦᠬᠦ᠌ ᠲᠠᠯ᠎ᠠ᠎ᠪᠠᠷ ᠠᠬᠢᠭᠤᠯᠤᠶ᠎ᠠ》 ᠭᠡᠬᠦ᠌ ᠰᠡᠳᠦᠪ᠎ᠢᠶᠡᠷ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ ᠶ᠋ᠢᠨ ᠤᠬᠠᠮᠰᠠᠷ ᠢ ᠪᠠᠲᠤ ᠴᠣᠭ᠍ᠴᠠᠯᠠᠬᠤ᠎ᠶ᠋ᠢᠨ ᠭᠦᠨᠵᠡᠭᠡᠢ ᠠᠭᠤᠯᠤᠭ᠍ᠳᠠᠬᠤᠨ ᠪᠠ ᠴᠢᠬᠤᠯᠠ ᠠᠴᠢ ᠬᠣᠯᠪᠣᠭ᠍ᠳᠠᠯ᠎ᠢ ᠭᠦᠨᠵᠡᠭᠡᠢ ᠪᠥᠭᠡᠳ ᠣᠢᠯᠠᠭᠠᠮᠵᠢᠲᠠᠢ ᠲᠠᠢᠯᠪᠤᠷᠢᠯᠠᠵᠤ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠦᠢᠯᠡᠰ ᠢ ᠪᠦᠬᠦ᠌ ᠲᠠᠯ᠎ᠠ᠎ᠪᠠᠷ ᠠᠬᠢᠭᠤᠯᠬᠤ ᠠᠷᠭ᠎ᠠ ᠵᠠᠮ᠎ᠢ ᠱᠢᠨᠵᠢᠯᠡᠬᠦ᠌ ᠤᠬᠠᠭᠠᠨᠴᠢ᠎ᠪᠠᠷ ᠵᠠᠳᠠᠯᠤᠨ ᠳᠠᠢᠯᠪᠤᠷᠢᠯᠠᠪᠠ᠃ ᠲᠠᠢᠯᠤᠮᠵᠢ᠎ᠶ᠋ᠢᠨ ᠭᠣᠣᠯ ᠰᠡᠳᠦᠪ ᠨᠢ ᠢᠯᠡ ᠲᠣᠳᠣ᠂ ᠠᠭᠤᠯᠤᠭ᠍ᠳᠠᠬᠤᠨ ᠨᠢ ᠡᠯᠪᠡᠭ ᠪᠠᠶᠠᠯᠢᠭ ᠪᠠᠢᠵᠦ᠂ ᠤᠨᠤᠯ᠎ᠤᠨ ᠦᠨᠳᠦᠷᠴᠡ ᠲᠠᠢ᠂ ᠦᠵᠡᠯ ᠰᠠᠨᠠᠭᠠᠨ᠎ᠤ ᠭᠦᠨᠴᠡ᠎ᠲᠡᠶ ᠪᠦᠭᠡᠳ ᠮᠠᠰᠢ ᠴᠢᠩᠭ᠎ᠠ ᠬᠠᠨᠳᠤᠯᠭᠠᠲᠤ ᠴᠢᠨᠠᠷ ᠪᠠ ᠠᠬᠤᠢᠴᠢ ᠴᠢᠨᠠᠷᠲᠠᠶ ᠪᠤᠯᠵᠦ᠂ ᠨᠠᠮ᠎ᠤᠨ ᠭᠡᠱᠢᠭᠦᠨ᠂ ᠺᠠᠳ᠋ᠷᠴᠤᠳ᠎ᠤᠨ ᠨᠠᠮ᠎ᠤᠨ ᠦᠨᠳᠦᠰᠦᠲᠡᠨ᠎ᠦ ᠲᠦᠷᠦ᠍᠎ᠶ᠋ᠢᠨ ᠪᠤᠳᠤᠯᠭ᠎ᠠ ᠬᠠᠤᠯᠢ ᠲᠣᠭ᠍ᠲᠠᠭᠠᠯ᠎ᠢ ᠭᠦᠨᠵᠡᠭᠡᠢ ᠣᠢᠯᠠᠭᠠᠬᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠂ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢ ᠡᠭᠦᠳᠦᠨ ᠪᠠᠢᠭᠤᠯᠬᠤ᠎ᠶ᠋ᠢ ᠭᠦᠨᠵᠡᠭᠡᠢᠷᠡᠭᠦᠯᠬᠦ᠌ ᠳᠦ ᠮᠠᠰᠢ ᠰᠠᠢ᠌ᠨ ᠰᠡᠩᠬᠡᠷᠡᠭᠦᠯᠦᠯ ᠪᠠ ᠬᠠᠪᠰᠤᠷᠤᠯᠭᠠᠬᠠᠩᠭᠠᠪᠠ᠃
ᠲᠠᠢᠯᠤᠮᠵᠢ ᠪᠠᠷ ᠳᠠᠮᠵᠢᠨ ᠤᠯᠠᠨ᠎ᠢᠶᠡᠷ᠎ᠢᠶᠡᠨ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ ᠢ ᠪᠠᠲᠤ ᠴᠣᠭ᠍ᠴᠠᠯᠠᠬᠤ᠎ᠶ᠋ᠢᠨ ᠭᠦᠨᠵᠡᠭᠡᠶ ᠠᠭᠤᠯᠤᠭ᠍ᠳᠠᠬᠤᠨ᠎ᠢ ᠣᠨᠣᠪᠴᠢᠲᠠᠶ ᠡᠵᠡᠮᠳᠡᠵᠦ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ ᠠᠵᠢᠯ᠎ᠢ ᠤᠯᠠᠮ ᠨᠢᠭᠡ ᠠᠯᠬᠤᠮ ᠭᠦᠨᠵᠡᠭᠡᠢᠷᠡᠭᠦᠯᠦᠨ᠂ ᠦᠨᠳᠦᠰᠦᠲᠡᠨ᠎ᠨᠦᠭᠦᠳ᠎ᠦᠨ ᠵᠡᠮᠳᠡᠭ᠌ᠴᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠵᠦ᠂ ᠵᠡᠮᠳᠡᠭ᠌ᠴᠦᠳ ᠪᠠ ᠵᠡᠮᠳᠡᠭ᠌ᠴᠦᠳ᠎ᠦᠨ ᠠᠵᠢᠯᠲᠠᠨ᠎ᠤ ᠨᠠᠮ᠎ᠤᠨ ᠠᠴᠢ᠎ᠳᠤ ᠲᠠᠯᠠᠷᠬᠠᠵᠦ᠂ ᠨᠠᠮ᠎ᠤᠨ ᠦᠭᠡ᠎ᠶ᠋ᠢ ᠰᠣᠨᠣᠰᠴᠦ᠂ ᠨᠠᠮ᠎ᠢᠶᠠᠨ ᠳᠠᠭᠠᠨ ᠤᠷᠤᠬᠰᠢᠯᠠᠬᠤ᠎ᠶᠢ ᠬᠦᠲᠦᠯᠦᠨ ᠳᠠᠭᠠᠭᠤᠯᠵᠦ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠨ᠂ ᠪᠦᠯᠬᠦᠮᠳᠡᠨ ᠲᠡᠮᠡᠴᠡᠵᠦ᠂ ᠳᠤᠮᠳᠠᠳᠤ ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠳᠤ ᠬᠦᠴᠦᠨ ᠴᠢᠳᠠᠯ᠎ᠢᠶᠠᠨ ᠡᠷᠭᠦᠨ᠎ᠠ ᠭᠡᠵᠦ ᠢᠯᠡᠷᠬᠡᠢᠯᠡᠵᠡᠭᠡᠪᠡ᠃