ᠳᠠᠯ᠎ᠠ ᠨᠤᠲᠤᠭ ᠤ᠋ᠨ ᠰᠤᠩᠭᠤᠳᠠᠭ ᠳᠠᠭᠤᠤ ᠪᠦᠬᠦ ᠤᠯᠤᠰ ᠤ᠋ᠨ ᠦᠵᠡᠭᠴᠢᠳ ᠰᠤᠨᠤᠰᠤᠭᠴᠢᠳ ᠤ᠋ᠨ ᠰᠡᠳᠬᠢᠯ ᠳ᠋ᠦ ᠬᠠᠳᠠᠩᠰᠢᠵᠦ᠂ ᠦᠪᠦᠷ ᠮᠤᠨᠭᠭᠤᠯ ᠤ᠋ᠨ ᠰᠤᠶᠤᠯ ᠵᠢᠭᠤᠯᠴᠢᠯᠠᠯ ᠵᠠᠩ ᠦᠢᠯᠡ ᠪᠠᠢᠭᠠᠯᠢ ᠠᠬᠤᠢ ᠵᠢ ᠳᠡᠯᠡᠬᠡᠢ ᠵᠢᠨ ᠬᠦᠮᠦᠰ ᠲᠦ᠍ ᠳᠠᠨᠢᠭᠤᠯᠤᠨ᠎ᠠ᠃ ᠦᠪᠦᠷ ᠮᠤᠨᠭᠭᠤᠯ ᠤ᠋ᠨ ᠤᠷᠠᠯᠢᠭ ᠵᠦᠴᠦᠭᠡ ᠵᠢᠨ ᠬᠦᠷᠢᠶᠡᠯᠡᠩ ᠡᠴᠡ ᠤᠢᠯᠠᠭᠠᠭᠰᠠᠨ ᠵᠢᠡᠷ᠂ ᠰᠠᠷ᠎ᠠ ᠱᠢᠬᠠᠮ ᠤ᠋ᠨ ᠬᠤᠭᠤᠴᠠᠭᠠᠨ ᠳ᠋ᠦ 8 ᠬᠣᠲᠠ ᠪᠡᠷ ᠲᠤᠭᠤᠷᠢᠨ ᠲᠤᠭᠯᠠᠭᠰᠠᠨ 《ᠠᠶᠠᠯᠭᠤᠳᠤ ᠵᠢᠭᠤᠯᠴᠢᠯᠠᠯ ᠥᠪᠥᠷ ᠮᠣᠩᠭᠣᠯ》 — 《ᠪᠢ ᠲᠠᠯ᠎ᠠ ᠨᠤᠲᠤᠭ ᠲᠠᠶ ᠪᠠᠨ ᠪᠣᠯᠵᠣᠭ᠎ᠠ ᠲᠠᠶ》 ᠰᠣᠩᠭᠣᠳᠠᠭ ᠳᠠᠭᠤᠤ ᠶ᠋ᠢᠨ ᠲᠣᠭ᠍ᠯᠠᠯᠲᠠ ᠶ᠋ᠢᠨ 2025 ᠪᠥᠬᠥ᠌ ᠤᠯᠤᠰ ᠲᠡᠬᠢ ᠲᠣᠭᠣᠷᠢᠨ ᠲᠣᠭ᠍ᠯᠠᠯᠲᠠ ᠲᠦᠷᠦᠬᠦᠬᠡᠨ ᠲᠠᠮᠡᠬᠡᠳᠤ ᠬᠤᠳᠠ ᠳ᠋ᠦ ᠲᠡᠭᠦᠰ ᠠᠮᠵᠢᠯᠲᠠ ᠲᠠᠶ ᠥᠨᠳᠥᠷᠯᠡᠪᠡ᠃
ᠱᠠᠨᠰᠢ ᠮᠤᠵᠢ ᠵᠢᠨ ᠲᠡᠮᠡᠭᠡᠳᠦ ᠬᠤᠳᠠ ᠵᠢᠨ ᠲᠤᠭᠯᠠᠯᠳᠠ ᠳ᠋ᠦ ᠮᠠᠨ ᠤ᠋ ᠤᠷᠤᠨ ᠤ᠋ ᠤᠷᠠᠯᠢᠭᠴᠢᠳ ᠤ᠋ᠨ ᠲᠠᠭᠤᠤ ᠠᠢᠵᠠᠮ ᠪᠣᠯᠤᠨ ᠤᠷᠠᠨ ᠪᠥᠵᠢᠭ ᠨᠢ ᠲᠠᠯᠠᠪᠠᠢ ᠲᠠᠶᠠᠭᠠᠷ ᠤ᠋ᠨ ᠣᠷᠭᠢᠯᠤᠮ᠎ᠠ ᠬᠠᠯᠠᠭᠤᠨ ᠰᠡᠳᠭᠢᠯᠭᠡ ᠵᠢ ᠬᠥᠭ᠌ᠵᠢᠭᠡᠵᠦ᠂ ᠤᠯᠤᠰ ᠲᠠᠶᠠᠭᠠᠷ ᠲᠦ᠍ ᠲᠠᠭᠤᠷᠢᠰᠤᠭᠰᠠᠨ ᠰᠤᠩᠭᠤᠳᠠᠭ ᠳᠠᠭᠤᠤ 《ᠬᠤᠨ ᠭᠠᠯᠠᠭᠤ》 ᠶ᠋ᠢᠨ ᠠᠶᠠᠰ ᠬᠠᠩᠭᠢᠨᠠᠵᠤ ᠡᠬᠢᠯᠡᠬᠦ᠌ ᠳ᠋ᠦ ᠦᠵᠡᠭ᠌ᠴᠢᠳ ᠪᠦᠬᠦᠳᠡᠭᠡᠷ ᠳᠠᠭᠠᠨ ᠳᠠᠭᠤᠯᠠᠵᠦ᠂ ᠤᠨᠴᠠ ᠵᠢᠨ ᠬᠦᠷ ᠬᠦᠭᠵᠢᠶᠡᠨ ᠲᠠᠢ ᠶᠠᠪᠤᠭᠳᠠᠵᠠᠢ᠃ ᠦᠳᠡᠰᠢᠯᠡᠭᠡ ᠲᠤᠮᠳᠠ ᠬᠣᠶᠠᠷ ᠦᠵᠡᠭ᠌ᠴᠢ ᠲᠠᠢᠰᠠᠨ ᠳ᠋ᠦ ᠭᠠᠷᠴᠤ᠌᠂ ᠲᠣᠭ᠍ᠯᠠᠭ᠍ᠴᠢᠳ ᠲᠠᠶ ᠬᠠᠮᠲᠤ ᠪᠡᠷ ᠥᠪᠥᠷ ᠮᠣᠩᠭᠣᠯ ᠤ᠋ᠨ ᠠᠷᠠᠳ ᠤ᠋ᠨ ᠳᠠᠭᠤᠤ 《ᠣᠪᠣᠭᠠᠨ ᠳ᠋ᠡᠬᠢ ᠠᠭᠤᠯᠵᠠᠯᠲᠠ》 ᠪᠠ ᠱᠠᠨᠪᠸᠢ ᠶ᠋ᠢᠨ ᠠᠷᠠᠳ ᠤ᠋ᠨ ᠳᠠᠭᠤᠤ 《ᠬᠤᠨᠢᠴᠢᠨ ᠠᠬ᠎ᠠ》 ᠶ᠋ᠢ ᠳᠠᠭᠤᠯᠠᠵᠤ᠂ ᠥᠪᠥᠷ ᠮᠣᠩᠭᠣᠯ ᠤ᠋ᠨ ᠲᠠᠯ᠎ᠠ ᠨᠤᠲᠤᠭ ᠤ᠋ᠨ ᠷᠣᠮᠠᠨᠲ᠋ᠢᠭ ᠪᠤᠯᠤᠨ ᠱᠢᠷᠠ ᠬᠥᠷᠥᠰᠥᠲᠦ ᠥᠨᠳᠥᠷᠯᠢᠭ ᠤ᠋ᠨ ᠣᠮᠣᠭ᠍ᠯᠠᠩ ᠢ᠋ ᠢᠯᠡᠷᠡᠬᠦᠯᠦᠭᠰᠡᠨ ᠮᠥᠷᠲᠡᠭᠡᠨ ᠪᠠᠰᠠ ᠥᠪᠥᠷ ᠮᠣᠩᠭᠣᠯ ᠱᠠᠨᠰᠢ ᠵᠢᠨᠳᠣᠲᠣᠨᠣᠰᠤᠭ ᠬᠠᠷᠢᠴᠠᠭ᠎ᠠ ᠵᠢ ᠬᠠᠷᠠᠭᠤᠯᠵᠠᠢ᠃ ᠬᠡᠳᠦᠨ ᠦᠶ᠎ᠡ ᠶ᠋ᠢᠨ ᠬᠥᠮᠦᠰ ᠤ᠋ᠨ ᠳᠤᠷᠠᠰᠤᠮᠵᠢ ᠵᠢ ᠠᠴᠢᠶᠠᠯᠠᠭ᠍ᠰᠠᠨ ᠥᠪᠥᠷ ᠮᠣᠩᠭᠣᠯ ᠤ᠋ᠨ ᠰᠣᠩᠭᠣᠳᠠᠭ ᠲᠠᠭᠤᠤ ᠨᠢ ᠨᠠᠩ ᠪᠠᠶᠠᠯᠢᠭ ᠳᠦᠷᠢ ᠲᠥᠷᠬᠦ᠌ ᠪᠡᠷ ᠢᠯᠡᠷᠡᠵᠦ᠍᠂ ᠰᠣᠩᠭᠣᠳᠠᠭ ᠳᠠᠭᠤᠤ ᠬᠥᠭ᠌ᠵᠢᠮ ᠤ᠋ᠨ ᠱᠢᠨ᠎ᠡ ᠵᠢ ᠡᠭᠦᠳᠬᠦ᠌ ᠤᠯᠠᠮᠵᠢᠯᠠᠯ ᠳ᠋ᠦ ᠱᠢᠨ᠎ᠡ ᠰᠥᠪᠡᠭ᠌ᠴᠢᠯᠡᠯᠲᠡ ᠶ᠋ᠢᠨ ᠴᠢᠭ᠌ᠯᠡᠯ ᠬᠠᠩᠭᠠᠭ᠍ᠰᠠᠨ ᠵᠢᠡᠷ ᠪᠠᠷᠠᠬᠤ ᠥᠬᠡᠶ ᠡᠯ᠎ᠡ ᠭᠠᠵᠠᠷ ᠤ᠋ᠨ ᠦᠵᠡᠭ᠌ᠴᠢᠳ ᠤ᠋ᠨ ᠪᠠᠬ᠎ᠠ ᠵᠢ ᠳᠠᠳᠠᠵᠤ᠂ ᠥᠪᠥᠷ ᠮᠣᠩᠭᠣᠯ ᠤ᠋ᠨ ᠭᠤᠢᠳᠠ ᠰᠠᠢᠬᠠᠨ ᠦᠵᠡᠮᠵᠢ ᠵᠢ ᠳᠡᠯᠭᠡᠨ ᠦᠵᠡᠬᠦᠯᠵᠡᠢ᠃
ᠲᠤᠰ ᠤᠳᠠᠭᠠᠨ ᠤ᠋ ᠲᠤᠭᠤᠷᠢᠨ ᠲᠤᠭᠯᠠᠯᠳᠠ ᠳ᠋ᠦ 《ᠮᠠᠭ᠍ᠲᠠᠭᠠᠯ ᠳᠠᠭᠤᠤ》᠂ 《ᠲᠠᠯ᠎ᠠ ᠨᠤᠲᠤᠭ ᠤ᠋ᠨ ᠥᠷᠯᠥᠭᠡ ᠶ᠋ᠢᠨ ᠤᠶᠠᠩᠭ᠎ᠠ》᠂ 《ᠦᠵᠡᠰᠭᠦᠯᠡᠩᠲᠦ ᠰᠠᠢᠬᠠᠨ ᠮᠢᠨᠤ ᠨᠤᠲᠤᠭ》᠂ 《ᠣᠪᠣᠭᠠᠨ ᠳ᠋ᠡᠬᠢ ᠠᠭᠤᠯᠵᠠᠯᠲᠠ》᠂ 《ᠠᠪᠤ ᠡᠵᠢ ᠶ᠋ᠢᠨ ᠨᠤᠲᠤᠭ ᠤᠰᠤᠨ》᠂ 《ᠳᠠᠭᠤᠤ ᠪᠠᠨ ᠳᠠᠭᠤᠯᠠᠶ᠎ᠠ》 ᠵᠡᠷᠭᠡ ᠤᠯᠠᠨ ᠤ᠋ ᠪᠠᠬᠠᠷᠬᠠᠯ ᠢ᠋ ᠲᠠᠲᠠᠭ᠍ᠰᠠᠨ ᠥᠪᠥᠷ ᠮᠣᠩᠭᠣᠯ ᠤ᠋ᠨ ᠰᠣᠩᠭᠣᠳᠠᠭ ᠳᠠᠭᠤᠤ ᠵᠢ ᠳᠠᠬᠢᠨ ᠱᠢᠨ᠎ᠡ ᠪᠡᠷ ᠨᠠᠢᠷᠠᠭᠤᠯᠤᠨ ᠵᠣᠬᠢᠶᠠᠵᠤ᠂ ᠡᠯᠧᠺᠲ᠋ᠷᠤᠨ ᠬᠥᠭ᠌ᠵᠢᠮ ᠤ᠋ᠨ ᠬᠠᠮᠳᠤᠯᠢᠭ ᠪᠣᠯᠤᠨ ᠲᠠᠭᠤᠴᠢᠳ ᠤ᠋ᠨ ᠭᠣᠢᠳᠠ ᠰᠠᠢᠬᠠᠨ ᠲᠣᠭ᠍ᠯᠠᠯᠲᠠ ᠪᠠᠷ ᠳᠠᠮᠵᠢᠨ ᠴᠣ ᠱᠢᠨ᠎ᠡ ᠳᠦᠷᠰᠦ ᠪᠠᠢᠳᠠᠯ ᠵᠢᠡᠷ ᠦᠵᠡᠭ᠌ᠴᠢᠳ ᠲᠡᠶ ᠵᠤᠯᠭᠠᠵᠦ᠂ ᠰᠣᠩᠭᠣᠳᠠᠭ ᠪᠦᠲᠦᠭᠡᠯ ᠳ᠋ᠦ ᠱᠢᠨ᠎ᠡ ᠠᠮᠢᠵᠢᠷᠠᠯ ᠤ᠋ᠨ ᠬᠦᠴᠦᠨ ᠣᠯᠭᠣᠪᠠ᠃ ᠦᠪᠦᠷ ᠮᠤᠨᠭᠭᠤᠯ ᠤ᠋ᠨ ᠤᠷᠠᠯᠢᠭ ᠵᠦᠴᠦᠭᠡ ᠵᠢᠨ ᠬᠦᠷᠢᠶᠡᠯᠡᠩ ᠤ᠋ᠨ ᠲᠤᠷᠪᠢᠯᠢᠭ ᠲᠤᠭᠯᠠᠯᠳᠠ ᠪᠤᠯᠤᠭᠰᠠᠨ ᠤ᠋ ᠬᠤᠪᠢ ᠳ᠋ᠦ᠂ 《ᠪᠢ ᠲᠠᠯ᠎ᠠ ᠨᠤᠲᠤᠭ ᠲᠠᠶ ᠪᠠᠨ ᠪᠣᠯᠵᠣᠭ᠎ᠠ ᠲᠠᠶ》 ᠰᠣᠩᠭᠣᠳᠠᠭ ᠳᠠᠭᠤᠤ ᠶ᠋ᠢᠨ ᠲᠤᠭᠯᠠᠯᠳᠠ ᠳᠠᠷᠠᠭᠠᠴᠢ ᠵᠢᠨ ᠠᠶᠠᠨ ᠳ᠋ᠠᠭᠠᠨ ᠨᠡᠨᠭ ᠬᠤᠯᠠ ᠨᠡᠩ ᠤᠯᠠᠨ ᠭᠠᠵᠠᠷ ᠬᠦᠷᠴᠦ᠂ ᠨᠡᠩ ᠤᠯᠠᠨ ᠬᠦᠮᠦᠨ ᠳ᠋ᠦ ᠤᠮᠠᠷᠠᠳᠦ ᠬᠢᠯᠢ ᠵᠢᠨ ᠰᠤᠶᠤᠯ ᠤᠷᠠᠯᠢᠭ ᠤ᠋ᠨ ᠭᠠᠢᠬᠠᠮᠰᠢᠭ ᠢ᠋ ᠮᠡᠳᠡᠷᠡᠬᠦᠯᠬᠦ ᠪᠤᠯᠤᠨ᠎ᠠ᠃