ᠨᠢᠬᠡᠯᠡ ᠭᠠᠵᠠᠷ ᠲᠦ᠍ ᠲᠦᠭ ᠲᠦᠮᠡᠨ ᠡᠷᠦᠬᠡ ᠵᠢᠨ ᠶᠠᠪᠤᠳᠠᠯ ᠎ᠢ ᠱᠢᠶ᠋ᠳᠪᠦᠷᠢᠯᠡᠵᠦ ᠶᠡᠷᠦᠩᠬᠡᠢᠯᠡᠨ ᠵᠠᠰᠠᠬᠤ ᠲᠥᠪ ᠵᠢᠡᠷ ᠠᠮᠤᠷ ᠲᠣᠭ᠍ᠲᠠᠭᠤᠨ ᠎ᠤ 《 ᠨᠢᠭᠡᠳᠦᠭᠡᠷ ᠰᠡᠷᠭᠡᠢᠯᠡᠯᠲᠡ᠎ᠶ᠋ᠢᠨ ᠱᠤᠭᠤᠮ 》 ᠎ᠢ᠋ ᠪᠠᠲᠤ ᠴᠤᠬᠴᠠᠯᠠᠨᠠᠮ
2025-06-03 09:38:43
ᠵᠣᠬᠢᠶᠠᠭ᠍ᠴᠢ᠄
ᠸᠠᠩ ᠬᠤᠤ
ᠣᠩᠱᠢᠭ᠍ᠰᠠᠨ ᠣᠳᠠᠭ᠎ᠠ᠄
★★★☆☆

ᠵᠤᠨ ᠎ᠤ ᠰᠠᠢᠬᠠᠨ ᠤᠯᠠᠷᠢᠯ ᠎ᠳᠤ ᠦᠬᠠᠢ ᠬᠤᠳᠠ ᠎ᠶᠢᠨ ᠬᠠᠢᠷᠤᠪ ᠎ᠤᠨ ᠲᠣᠬᠣᠢ ᠲᠣᠭᠣᠷᠢᠭ᠋᠎ᠤᠨ ᠶᠡᠷᠦᠩᠬᠡᠢᠯᠡᠨ ᠵᠠᠰᠠᠬᠤ ᠲᠥᠪ᠎ᠲᠦ ᠬᠦᠷᠬᠦ ᠪᠡᠷ ᠠᠭᠤᠵᠢᠮ ᠰᠠᠷᠠᠭᠤᠯ ᠬᠦᠯᠢᠶᠡᠨ ᠠᠪᠴᠤ ᠰᠢᠢᠳᠪᠦᠷᠢᠯᠡᠬᠦ ᠲᠢᠩᠬᠢᠮ ᠎ᠤᠨ 10 ᠶᠡᠷᠦᠩᠬᠡᠢᠯᠡᠭᠰᠡᠨ ᠬᠦᠯᠢᠶᠡᠨ ᠠᠪᠬᠤ ᠴᠣᠩᠬᠤᠪᠴᠢ ᠎ᠳᠤ ᠤᠯᠠᠨ ᠲᠦᠮᠡᠨ ᠡᠮᠬᠢ ᠲᠢᠭᠯᠢᠮ ᠲᠠᠢ ᠪᠡᠷ ᠠᠰᠠᠭᠤᠨ ᠯᠠᠪᠯᠠᠵᠠᠭᠠᠨ᠎ᠠ᠃ ᠴᠢᠳᠠᠮᠵᠢᠲᠤ ᠲᠤᠭᠤᠷᠢᠭ ᠲᠡᠬᠢ ᠲᠤᠰ ᠲᠤᠰ᠎ᠤᠨ ᠤᠨᠴᠠᠯᠢᠬ ᠲᠠᠢ 8 ᠡᠶᠡᠳᠡᠭᠦᠯᠬᠦ ᠲᠠᠰᠤᠭ ᠪᠠ 5 ᠴᠢᠳᠠᠮᠵᠢᠲᠤ ᠲᠠᠰᠤᠭ ᠨᠢ ᠣᠯᠠᠨ ᠲᠦᠮᠡᠨ᠎ᠳᠦ ᠬᠠᠤᠯᠢ ᠴᠠᠭᠠᠵᠠ᠎ᠶᠢᠨ ᠵᠥᠪᠯᠡᠯᠭᠡ ᠥᠭᠬᠦ᠂ ᠰᠡᠳᠬᠢᠴᠡ᠎ᠶᠢᠨ ᠵᠢᠯᠣᠭᠣᠳᠤᠯᠭ᠎ᠠ ᠬᠢᠬᠦ ᠵᠡᠷᠭᠡ ᠣᠯᠠᠨ ᠲᠠᠯ᠎ᠠ ᠵᠢᠨ ᠦᠢᠯᠡᠴᠢᠯᠡᠭᠡ ᠬᠠᠩᠭᠠᠵᠦ ᠪᠠᠢᠨ᠎ᠠ᠃

ᠡᠨᠡ ᠵᠢᠯ ᠎ᠦᠨ 2 ᠰᠠᠷ᠎ᠠ᠎ᠳᠤ ᠪᠣᠳᠠᠲᠤ ᠴᠣᠭᠴᠠᠵᠢᠭᠤᠯᠤᠨ ᠠᠵᠢᠯᠯᠠᠭᠤᠯᠤᠭᠰᠠᠨ᠎ᠡᠴᠠ ᠨᠠᠭᠠᠰᠢ᠂ ᠬᠠᠢᠷᠤᠪ ᠎ᠤᠨ ᠲᠣᠬᠣᠢ ᠲᠣᠭᠣᠷᠢᠭ᠋᠎ᠤᠨ ᠶᠡᠷᠦᠩᠬᠡᠢᠯᠡᠨ ᠵᠠᠰᠠᠬᠤ ᠲᠥᠪ ᠎ᠦᠨ ᠬᠢᠨ ᠨᠡᠢ᠍ᠢᠳᠡ 458 ᠤᠯᠠᠨ ᠲᠦᠮᠡᠨ᠎ᠢ ᠬᠦᠯᠢᠶᠡᠨ ᠠᠪᠴᠤ᠂ 167 ᠵᠥᠷᠢᠴᠡᠯ ᠵᠠᠭᠤᠷᠠᠯᠳᠤᠭᠠᠨ᠎ᠢ ᠰᠢᠢᠳᠪᠦᠷᠢᠯᠡᠨ᠂ 157 ᠬᠡᠷᠡᠭ᠎ᠢ ᠰᠢᠢᠳᠪᠦᠷᠢᠯᠡᠵᠦ᠂ ᠰᠢᠢᠳᠪᠦᠷᠢᠯᠡᠵᠦ ᠳᠠᠭᠤᠰᠬᠠᠭᠰᠠᠨ ᠨᠤᠷᠮ᠎ᠠ ᠨᠢ 94% ᠵᠢ ᠲᠠᠪᠠᠵᠠᠢ᠃

ᠨᠢᠳᠤᠨᠤᠨ᠂ ᠦᠬᠠᠢ ᠬᠣᠲᠠ ᠪᠥᠬᠥ ᠣᠷᠣᠨ᠎ᠳᠤ 《ᠶᠡᠷᠦᠩᠬᠡᠢᠯᠡᠨ ᠵᠠᠰᠠᠬᠤ ᠲᠥᠪ᠎ᠤᠨ ᠵᠢᠷᠤᠮᠵᠢᠭᠰᠠᠨ ᠪᠠᠢᠭᠤᠯᠤᠯᠲᠠ᠎ᠶᠢ ᠤᠯᠠᠮ ᠴᠢᠩᠭᠠᠳᠬᠠᠬᠤ ᠲᠤᠬᠠᠢ ᠬᠡᠷᠡᠭᠵᠢᠭᠦᠯᠬᠦ ᠲᠥᠰᠥᠯ》 ᠢ᠋ ᠤᠷᠢᠳ᠎ᠢᠶᠠᠷ ᠲᠣᠭᠲᠠᠭᠠᠵᠤ᠂ ᠬᠣᠲᠠ᠂ ᠲᠣᠭᠣᠷᠢᠭ᠋᠂ ᠪᠠᠯᠭᠠᠰᠤ (ᠵᠡᠭᠡᠯᠢ ᠭᠤᠳᠤᠮᠵᠢ) ᠭᠤᠷᠪᠠᠨ ᠱᠠᠲᠤᠨ᠎ᠤ ᠶᠡᠷᠦᠩᠬᠡᠢᠯᠡᠨ ᠵᠠᠰᠠᠬᠤ ᠲᠥᠪ ᠎ᠤᠨ ᠵᠢᠷᠤᠮᠵᠢᠬᠰᠠᠨ ᠪᠠᠢᠭᠤᠯᠤᠯᠲᠠ᠂ ᠪᠣᠳᠠᠲᠤ ᠪᠠᠢᠯᠳᠤᠭᠠᠨ ᠎ᠤ ᠠᠵᠢᠯᠯᠠᠭᠠᠨ᠎ᠤ ᠬᠠᠷᠠᠯᠲᠠ᠎ᠶᠢ 3 ᠵᠢᠯ ᠬᠤᠪᠢᠶᠠᠨ ᠪᠡᠶᠡᠯᠡᠭᠦᠯᠦᠨ᠎ᠡ ᠭᠡᠵᠦ ᠲᠣᠳᠣᠷᠬᠠᠢ ᠲᠣᠭᠲᠠᠭᠠᠵᠠᠢ᠃ ᠡᠨᠡ ᠵᠢᠯ᠎ᠦᠨ ᠡᠬᠢ᠎ᠪᠡᠷ᠂ ᠬᠣᠯᠪᠣᠭᠳᠠᠯ ᠪᠦᠬᠦᠢ ᠬᠠᠮᠤᠭ᠎ᠤᠨ ᠰᠢᠨ᠎ᠡ ᠪᠠᠢᠷᠢᠯᠠᠭᠤᠯᠤᠯᠲᠠ᠎ᠶᠢᠨ ᠱᠠᠭᠠᠷᠳᠠᠯᠭ᠎ᠠ ᠶᠣᠰᠣᠭᠠᠷ᠂ ᠦᠬᠠᠢ ᠬᠤᠳᠠ᠎ᠶᠢᠨ ᠨᠠᠮ᠎ᠤᠨ ᠬᠣᠷᠢᠶ᠎ᠠ᠎ᠶᠢᠨ ᠤᠯᠤᠰ ᠲᠦᠷᠦ ᠬᠠᠤᠯᠢ ᠴᠠᠭᠠᠵᠠ᠎ᠶᠢᠨ ᠬᠣᠷᠢᠶ᠎ᠠ ᠦᠬᠠᠢ ᠬᠤᠳᠠ᠎ᠶᠢᠨ ᠨᠠᠮ᠎ᠤᠨ ᠬᠣᠷᠢᠶ᠎ᠠ᠎ᠶᠢᠨ ᠵᠣᠬᠢᠶᠠᠨ ᠪᠠᠶ᠋ᠢᠭᠤᠯᠬᠤ ᠬᠡᠯᠲᠡᠰ᠂ ᠨᠡᠢᠭᠡᠮ᠎ᠦᠨ ᠠᠵᠢᠯ᠎ᠤᠨ ᠬᠡᠯᠲᠡᠰ᠂ ᠣᠷᠣᠨ ᠲᠣᠭ᠎ᠠ᠎ᠶᠢᠨ ᠠᠯᠪᠠᠨ ᠭᠡᠷ ᠵᠡᠷᠭᠡ 15 ᠰᠠᠯᠠᠭ᠎ᠠ ᠮᠥᠴᠢᠷ᠎ᠲᠠᠢ ᠬᠠᠮᠲᠤᠷᠠᠨ᠂ ᠬᠡᠷᠡᠭᠵᠢᠭᠦᠯᠬᠦ ᠲᠥᠰᠥᠯ ᠎ᠢ ᠰᠢᠨ᠎ᠡ᠎ᠪᠡᠷ ᠵᠠᠰᠠᠨ ᠲᠡᠭᠦᠯᠳᠡᠷᠵᠢᠭᠦᠯᠵᠦ᠂ ᠪᠠᠶ᠋ᠢᠭᠤᠯᠤᠯᠳᠠ᠂ ᠡᠭᠦᠷᠭᠡ ᠴᠢᠳᠠᠪᠬᠢ᠂ ᠠᠵᠢᠯᠯᠠᠭᠠᠨ ᠵᠡᠷᠭᠡ 3 ᠲᠠᠯ᠎ᠠ ᠎ᠪᠠᠷ ᠴᠢᠭᠯᠡᠯ ᠪᠠ ᠠᠷᠭ᠎ᠠ ᠵᠠᠮ᠎ᠢ ᠤᠯᠠᠮ ᠲᠣᠳᠣᠷᠬᠠᠢᠯᠠᠵᠤ᠂ ᠠᠵᠢᠯ ᠎ᠤᠨ ᠠᠷᠭ᠎ᠠ ᠬᠡᠮᠵᠢᠶ᠎ᠡ ᠎ᠶᠢ ᠨᠠᠷᠢᠯᠢᠭ᠍ᠵᠢᠭᠤᠯᠤᠨ ᠪᠣᠳᠠᠲᠠᠢᠵᠢᠭᠤᠯᠵᠤ᠂ ᠶᠡᠷᠦᠩᠬᠡᠢᠯᠡᠨ ᠵᠠᠰᠠᠬᠤ ᠲᠥᠪ᠎ᠦᠨ ᠵᠢᠷᠤᠮᠵᠢᠭ᠍ᠰᠠᠨ ᠪᠠᠢᠭᠤᠯᠤᠯᠲᠠ᠎ᠶᠢ ᠯᠠᠪᠳᠠᠭᠤᠨ ᠪᠠᠲᠤᠲᠠᠢ ᠠᠬᠢᠭᠤᠯᠬᠤ᠎ᠳᠤ ᠪᠠᠲᠤ ᠪᠡᠬᠢ ᠳᠦᠷᠢᠮ᠎ᠦᠨ ᠪᠠᠲᠤᠯᠠᠭ᠎ᠠ ᠬᠠᠩᠭᠠᠵᠠᠢ᠃

《ᠶᠡᠷᠦᠩᠬᠡᠢᠯᠡᠨ ᠵᠠᠰᠠᠬᠤ ᠲᠥᠪ ᠎ᠤᠨ ᠬᠢᠨ ᠲᠠᠪᠴᠠᠩ ᠭᠠᠷᠭᠠᠵᠦ᠂ ᠣᠷᠣᠵᠤ ᠰᠠᠭᠤᠭᠰᠠᠨ ᠰᠠᠯᠠᠭ᠎ᠠ ᠮᠥᠴᠢᠷ᠎ᠦᠨ ᠬᠢᠨ ᠦᠢᠯᠡᠲᠦᠯ ᠢ᠋ᠢᠡᠨ ᠪᠠᠲᠠᠷᠠᠭᠤᠯᠵᠦ᠂ ᠵᠥᠷᠢᠴᠡᠯ ᠵᠠᠭᠤᠷᠠᠯᠳᠤᠭᠠᠨ ᠢ᠋ ᠦᠨᠡᠨ ᠪᠣᠳᠠᠲᠠᠢ ᠰᠢᠢᠳᠪᠦᠷᠢᠯᠡᠵᠡᠢ》᠃ ᠬᠣᠲᠠ᠎ᠶᠢᠨ ᠳᠡᠰ ᠳᠠᠪᠬᠤᠷᠭ᠎ᠠ᠎ᠳᠤ᠂ ᠦᠬᠠᠢ ᠬᠤᠳᠠ᠎ᠶᠢᠨ ᠶᠡᠷᠦᠩᠬᠡᠢᠯᠡᠨ ᠵᠠᠰᠠᠬᠤ ᠲᠥᠪ ᠨᠢ ᠬᠤᠳᠠ᠎ᠶᠢᠨ ᠲᠣᠭᠠᠴᠢᠯᠠᠭᠰᠠᠨ ᠬᠤᠳᠠ᠎ᠶᠢᠨ ᠠᠵᠢᠯᠯᠠᠭᠠᠨ ᠪᠠ ᠵᠠᠰᠠᠯᠲᠠ᠎ᠶᠢᠨ ᠲᠥᠪ᠎ᠲᠠᠢ ᠬᠠᠮᠲᠤᠷᠠᠨ ᠠᠵᠢᠯᠯᠠᠵᠤ᠂ 48 ᠰᠠᠯᠠᠭ᠎ᠠ ᠮᠥᠴᠢᠷ᠎ᠦᠨ 15 ᠳ᠋ᠦᠩᠰᠢᠭᠤᠷ ᠰᠢᠬᠠᠮ ᠲᠣᠭ᠎ᠠ ᠪᠠᠷᠢᠮᠲᠠ᠎ᠶᠢ ᠴᠤᠭᠯᠠᠭᠤᠯᠵᠤ 《ᠲᠣᠭ᠎ᠠ ᠪᠠᠷᠢᠮᠲᠠ᠎ᠶᠢᠨ ᠬᠦᠮᠦᠷᠭᠡ》 ᠢ᠋ᠢ ᠪᠦᠷᠢᠯᠳᠦᠭᠦᠯᠵᠦ᠂ ᠵᠥᠷᠢᠴᠡᠯ ᠵᠠᠭᠤᠷᠠᠯᠳᠤᠭᠠᠨ᠎ᠤ ᠲᠣᠭ᠎ᠠ ᠪᠠᠷᠢᠮᠲᠠ᠎ᠶᠢᠨ ᠪᠦᠲᠦᠴᠡ᠎ᠳᠦ ᠵᠠᠳᠠᠯᠤᠯᠲᠠ ᠬᠢᠬᠦ᠂ ᠣᠶᠤᠨᠴᠢ ᠪᠠᠷ ᠰᠤᠳᠤᠯᠤᠨ ᠮᠠᠭᠠᠳᠯᠠᠬᠤ᠎ᠶᠢ ᠴᠢᠩᠭᠠᠳᠬᠠᠵᠤ᠂ ᠵᠥᠷᠢᠴᠡᠯ ᠵᠠᠭᠤᠷᠠᠯᠳᠤᠭᠠᠨ᠎ᠤ ᠬᠥᠭᠵᠢᠯᠲᠡ᠎ᠶᠢᠨ ᠪᠠᠢᠳᠠᠯ᠎ᠢ ᠬᠥᠳᠡᠯᠦᠩᠭᠦᠢ᠎ᠪᠡᠷ ᠲᠤᠰᠬᠠᠵᠤ᠂ ᠴᠠᠭ ᠲᠤᠬᠠᠢ ᠳ᠋ᠤᠨᠢ ᠰᠡᠷᠡᠮᠵᠢᠯᠡᠭᠦᠯᠬᠦ᠂ ᠬᠥᠳᠡᠯᠦᠩᠭᠦᠢ᠎ᠪᠡᠷ ᠰᠤᠳᠤᠯᠤᠨ ᠮᠠᠭᠠᠳᠯᠠᠬᠤ᠂ ᠪᠦᠲᠦᠮᠵᠢᠲᠡᠢ ᠰᠢᠢᠳᠪᠦᠷᠢᠯᠡᠬᠦ᠎ᠶᠢ ᠪᠡᠶᠡᠯᠡᠭᠦᠯᠵᠦ᠂ ᠪᠦᠬᠦ ᠡᠯᠧᠮᠧᠨ᠋ᠲ ᠵᠢᠨᠷ ᠶᠡᠷᠦᠩᠬᠡᠢᠯᠡᠨ ᠵᠠᠰᠠᠬᠤ ᠲᠥᠪ᠎ᠦᠨ ᠪᠣᠳᠠᠲᠤ ᠠᠵᠢᠯᠯᠠᠭᠠᠨ᠎ᠤ ᠦᠷ᠎ᠡ ᠪᠦᠲᠦᠮᠵᠢ᠎ᠶᠢ ᠲᠤᠯᠭᠠᠭᠤᠷᠢᠯᠠᠪᠠ᠃

ᠣᠢᠷ᠎ᠠ᠎ᠶ᠋ᠢᠨ ᠵᠢᠯ᠎ᠦᠨ ᠲᠣᠰ ᠬᠣᠲᠠ᠎ᠶ᠋ᠢᠨ ᠵᠥᠷᠢᠴᠡᠯ ᠵᠠᠭᠤᠷᠠᠯᠳᠤᠭᠠᠨ ᠠᠮᠠᠷᠬᠠᠨ ᠡᠭᠦᠰᠭᠦ ᠪᠠ ᠪᠠᠢᠨ ᠳᠠᠬᠢᠨ ᠡᠭᠦᠰᠭᠦ ᠬᠦᠷᠢᠶᠡᠨ᠎ᠦ ᠲᠣᠭ᠎ᠠ ᠪᠦᠷᠢᠳᠭᠡᠯ᠎ᠦᠨ ᠵᠠᠳᠠᠯᠤᠯᠲᠠ᠎ᠶ᠋ᠢ ᠦᠨᠳᠦᠰᠦᠯᠡᠵᠤ᠂ ᠦᠬᠠᠶ ᠬᠣᠲᠠ᠎ᠶ᠋ᠢᠨ ᠡᠯ᠎ᠡ ᠲᠣᠭᠣᠷᠢᠭ᠎ᠤᠨ ᠶᠡᠷᠦᠩᠬᠡᠢᠯᠡᠨ ᠵᠠᠰᠠᠬᠤ ᠲᠥᠪ ᠤᠯᠤᠰ ᠲᠥᠷᠥ᠍ ᠬᠠᠤᠯᠢ ᠴᠠᠭᠠᠵᠠ᠎ᠶ᠋ᠢᠨ ᠰᠠᠯᠠᠭ᠎ᠠ ᠮᠥᠴᠢᠷ ᠎ᠢ ᠨᠡᠢᠳᠭᠡᠬᠦ᠌᠎ᠶ᠋ᠢᠨ ᠬᠠᠮᠲᠤ᠂ ᠣᠷᠣᠨ ᠰᠠᠭᠤᠴᠠ ᠪᠠ ᠬᠣᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠡᠮᠡᠭ᠌ᠲᠡᠢᠴᠦᠳ ᠎ᠦᠨ ᠬᠣᠯᠪᠣᠭ᠎ᠠ᠂ ᠠᠵᠢᠯᠴᠢᠨ ᠎ᠤ ᠡᠪᠯᠡᠯ᠂ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ ᠎ᠦᠨ ᠪᠠᠲᠤᠯᠠᠭ᠎ᠠ ᠵᠡᠷᠭᠡ ᠰᠠᠯᠠᠭ᠎ᠠ ᠮᠥᠴᠢᠷ᠎ᠦᠨ ᠡᠬᠢ ᠪᠠᠶᠠᠯᠢᠭ᠎ᠤᠨ ᠬᠦᠴᠦᠨ᠎ᠢ ᠶᠡᠷᠦᠩᠬᠡᠢᠯᠨᠨ ᠵᠠᠰᠠᠬᠤ ᠲᠥᠪ᠎ᠲᠦ ᠲᠥᠪᠯᠡᠷᠡᠬᠦᠯᠤᠨ ᠠᠵᠢᠯᠯᠠᠭᠤᠯᠵᠤ᠂ ᠣᠷᠣᠭ᠎ᠤᠨ ᠡᠶᠡᠳᠡᠬᠦᠯᠤᠯᠳᠠ ᠵᠢᠨ ᠵᠥᠪᠯᠡᠯ᠂ ᠵᠠᠮ ᠬᠠᠷᠢᠯᠴᠠᠭᠠᠨ᠎ᠤ ᠡᠨᠳᠡᠯ ᠎ᠢ ᠡᠶᠡᠳᠡᠬᠦᠯᠬᠦ ᠵᠥᠪᠯᠡᠯ᠂ ᠠᠳᠠᠯ ᠠᠬᠤᠶ᠎ᠶ᠋ᠢᠨ ᠡᠶᠡᠳᠡᠭᠦᠯᠭᠡ᠎ᠶ᠋ᠢᠨ ᠵᠥᠪᠯᠡᠯ ᠵᠡᠷᠭᠡ ᠨᠢᠭᠡ ᠪᠦᠯᠦᠭ ᠲᠤᠰᠭᠠᠶ ᠮᠡᠷᠭᠡᠵᠢᠯ᠎ᠦᠨ ᠴᠢᠨᠠᠷᠲᠠᠶ ᠠᠵᠢᠯ ᠲᠥᠷᠥᠯ᠎ᠦᠨ ᠴᠢᠨᠠᠷᠲᠠᠶ ᠡᠶᠡᠳᠡᠭᠦᠯᠬᠦ᠌ ᠵᠣᠬᠢᠶᠠᠨ ᠪᠠᠢᠭᠤᠯᠤᠯᠲᠠ᠎ᠶ᠋ᠢ ᠪᠣᠢᠵᠢᠭᠤᠯᠵᠤ᠂ ᠡᠭᠡᠯᠵᠢᠯᠡᠨ ᠰᠠᠭᠤᠬᠤ᠂ ᠲᠠᠭᠤᠳᠠᠮᠠᠬᠴᠠ ᠢᠷᠡᠵᠤ ᠰᠠᠭᠤᠬᠤ ᠵᠡᠷᠭᠡ ᠠᠷᠭ᠎ᠠ ᠮᠠᠶᠢᠭ᠎ᠢᠶᠠᠷ ᠳᠡᠮᠵᠢᠨ ᠵᠥᠷᠢᠴᠡᠯ ᠵᠠᠭᠤᠷᠠᠯᠳᠤᠭᠠᠨ᠎ᠢ ᠰᠢᠢᠳᠪᠤᠷᠢᠯᠡᠬᠦ᠎ᠳᠤ ᠣᠷᠣᠯᠴᠠᠪᠠ᠃ ᠡᠯ᠎ᠡ ᠪᠠᠯᠭᠠᠰᠤ(ᠵᠡᠭᠡᠯᠢ ᠭᠤᠳᠤᠮᠵᠢ) ᠶ᠋ᠢᠨ ᠤᠯᠤᠰ ᠲᠥᠷᠥ᠍ ᠬᠠᠤᠯᠢ ᠴᠠᠭᠠᠵᠠ᠎ᠶ᠋ᠢᠨ ᠭᠡᠱᠢᠭᠦᠳ ᠨᠡᠢᠭᠡᠮ᠎ᠦᠨ ᠵᠠᠰᠠᠯᠲᠠ᠎ᠶ᠋ᠢᠨ ᠠᠯᠪᠠᠨ ᠬᠡᠷ᠂ 《ᠦᠨᠳᠤᠰᠤᠨ ᠱᠠᠳᠤᠨ᠎ᠤ ᠬᠠᠤᠯᠢ ᠴᠠᠭᠠᠵᠠ ᠵᠢᠨ ᠭᠠᠵᠠᠷ᠂ ᠲᠤᠳᠤᠭᠠᠳᠤ ᠵᠢ ᠬᠠᠮᠠᠭᠠᠯᠠᠬᠤ ᠲᠤᠮᠢᠯᠠᠭᠰᠠᠨ ᠰᠠᠯᠪᠤᠷᠢ᠂ ᠬᠠᠦᠯᠢᠴᠢ ᠵᠢᠨ ᠬᠡᠷᠡᠭ ᠡᠷᠬᠢᠯᠡᠬᠦ ᠭᠠᠵᠠᠷ᠂ ᠦᠨᠳᠤᠰᠤᠨ ᠱᠠᠳᠤᠨ᠎ᠤ ᠬᠠᠦᠯᠢ ᠴᠠᠭᠠᠵᠠ ᠵᠢᠨ ᠦᠢᠯᠡᠴᠢᠯᠡᠭᠡᠨ᠎ᠤ ᠭᠠᠵᠠᠷ ᠪᠠ ᠠᠷᠠᠳ᠎ᠦᠨ ᠰᠢᠬᠦᠬᠦ  ᠲᠢᠩᠬᠢᠮ》 ᠵᠡᠷᠭᠡ ᠡᠬᠢ ᠪᠠᠶᠠᠯᠢᠭ᠎ᠤᠨ ᠬᠦᠴᠦᠨ ᠎ᠢ ᠨᠡᠢᠳᠭᠡᠵᠦ᠍ ᠣᠯᠠᠨ ᠵᠦᠶ᠋ᠯ᠎ᠦᠨ ᠠᠷᠭ᠎ᠠ ᠬᠡᠯᠪᠡᠷᠢ᠎ᠪᠡᠷ ᠶᠡᠷᠦᠨᠭᠬᠡᠢᠯᠡᠨ ᠵᠠᠰᠠᠬᠤ ᠲᠥᠪ᠎ᠲᠦ ᠤᠶᠠᠨ ᠬᠠᠳᠠᠨ ᠴᠢᠨᠠᠷᠳᠠᠢ ᠣᠷᠣᠵᠤ ᠰᠠᠭᠤᠨ᠂ ᠡᠯ᠎ᠡ ᠲᠥᠷᠥᠯ᠎ᠦᠨ ᠵᠥᠷᠢᠴᠡᠯ ᠵᠠᠭᠤᠷᠠᠯᠳᠤᠭᠠᠨ ᠭᠣᠮᠣᠳᠠᠯ ᠲᠤᠭᠠᠴᠢᠯᠲᠠ᠎ᠶ᠋ᠢ ᠲᠤᠬᠠᠶ᠎ᠶ᠋ᠢᠨ ᠲᠠᠯᠠᠪᠤᠷ᠎ᠲᠤ ᠱᠢᠶ᠋ᠳᠪᠦᠷᠢᠯᠡᠬᠦ᠌᠂ ᠬᠠᠮᠲᠤᠷᠠᠨ ᠡᠶᠡᠳᠡᠭᠦᠯᠦᠨ ᠱᠢᠶ᠋ᠳᠪᠦᠷᠢᠯᠡᠬᠦ᠌᠂ ᠦᠨᠡᠨ ᠪᠣᠳᠠᠲᠠᠶ ᠱᠢᠶ᠋ᠳᠪᠦᠷᠢᠯᠡᠬᠦ᠌᠎ᠶ᠋ᠢ ᠪᠡᠶᠡᠯᠡᠭᠦᠯᠪᠡ᠃ ᠲᠣᠰ ᠬᠣᠲᠠ᠎ᠶ᠋ᠢᠨ ᠲᠣᠭᠣᠷᠢᠭ᠎ᠤᠨ ᠲᠠᠰ ᠎ᠤᠨ ᠶᠡᠷᠦᠩᠬᠡᠢᠯᠡᠨ ᠵᠠᠰᠠᠬᠤ ᠲᠥᠪ ᠪᠦᠬᠦᠨ᠎ᠢ 《ᠲᠠᠪᠤᠨ ᠪᠠᠷᠢᠮᠵᠢᠶ᠎ᠠ》 ᠪᠠᠷ ᠪᠥᠲᠥᠭᠡᠨ ᠪᠠᠢᠭᠤᠯᠬᠤ᠎ᠶ᠋ᠢᠨ ᠬᠠᠮᠲᠤ᠂ ᠶᠡᠷᠦᠩᠬᠡᠢᠯᠡᠨ ᠵᠠᠰᠠᠬᠤ ᠲᠥᠪ᠎ᠦᠨ ᠬᠠᠶᠢᠭ ᠪᠠ ᠬᠠᠷᠢᠯᠴᠠᠬᠤ ᠠᠷᠭ᠎ᠠ ᠬᠡᠯᠪᠡᠷᠢ᠎ᠶ᠋ᠢ ᠣᠯᠠᠨ ᠠᠷᠭ᠎ᠠ ᠵᠠᠮ᠎ᠢᠶᠠᠷ ᠨᠡᠢᠲᠡᠯᠡᠵᠦ᠍᠂ ᠪᠦᠬᠦᠨ ᠎ᠢ ᠭᠠᠵᠠᠷ᠎ᠤᠨ ᠵᠢᠷᠤᠭ᠎ᠤᠨ ᠵᠠᠮᠴᠢᠯᠠᠭᠤᠷ ᠳᠡᠭᠡᠷ᠎ᠡ ᠣᠷᠣᠨ ᠪᠠᠢᠷᠢ᠎ᠶ᠋ᠢᠨ ᠮᠡᠳᠡᠭᠡ ᠵᠠᠩᠭᠢ ᠎ᠪᠠᠨ ᠱᠢᠨᠡᠳᠭᠡᠵᠦ᠍᠂ ᠠᠷᠪᠠᠨ ᠲᠠᠪᠤᠨ ᠮᠢᠨᠦ᠋ᠲ ᠎ᠤᠨ  ᠶᠡᠷᠦᠩᠬᠡᠢᠯᠡᠨ ᠵᠠᠰᠠᠬᠤ ᠲᠥᠪ ᠎ᠦᠨ ᠳᠥᠭᠥᠮ ᠳᠥᠲᠡ ᠦᠶ᠋ᠯᠡᠴᠢᠯᠡᠭᠡᠨ ᠎ᠦ ᠲᠣᠭᠣᠷᠢᠭ᠎ᠢ ᠪᠣᠶ ᠪᠣᠯᠭᠠᠪᠠ᠃ 《ᠶᠡᠷᠦᠩᠬᠡᠢᠯᠡᠨ ᠵᠠᠰᠠᠬᠤ ᠲᠥᠪ᠎ᠨᠢ ᠲᠠᠰ ᠳᠠᠷᠠᠭᠠᠯᠠᠯ ᠎ᠤᠨ ᠴᠢᠨᠠᠷᠲᠠᠶ ᠠᠬᠢᠭᠤᠯᠬᠤ᠎ᠶ᠋ᠢ ᠬᠠᠷᠢᠭᠤᠴᠠᠬᠤ᠂ ᠭᠦᠶ᠋ᠴᠡᠳᠭᠡᠬᠦ᠌ ᠰᠠᠯᠠᠭ᠎ᠠ ᠮᠥᠴᠢᠷ᠎ᠨᠢ ᠮᠥᠨ ᠴᠢᠨᠠᠷ ᠎ᠤᠨ ᠴᠢᠨᠠᠷᠲᠠᠶ ᠱᠢᠶ᠋ᠳᠪᠦᠷᠢᠯᠡᠬᠦ᠌᠎ᠶ᠋ᠢ ᠬᠠᠷᠢᠭᠤᠴᠠᠬᠤ》 ᠵᠠᠷᠴᠢᠮ ᠎ᠢ  ᠪᠠᠷᠢᠮᠲᠠᠯᠠᠵᠤ᠂ ᠵᠢᠯᠣᠭᠣᠳᠤᠨ ᠳᠣᠭᠢᠷᠠᠭᠤᠯᠬᠤ᠂ ᠳᠡᠭᠡᠷ᠎ᠠ ᠱᠠᠲᠤᠨ᠎ᠠᠴᠠ ᠲᠤᠱᠢᠶᠠᠨ ᠱᠢᠶ᠋ᠳᠪᠦᠷᠢᠯᠡᠭᠦᠯᠬᠦ᠌ ᠪᠠ ᠳᠤᠤᠷ᠎ᠠ ᠱᠠᠲᠤᠨ᠎ᠠᠴᠠ ᠳᠡᠭᠡᠭ᠌ᠰᠢ ᠮᠡᠳᠡᠭᠦᠯᠬᠦ᠌᠂ ᠶᠡᠷᠦᠩᠬᠡᠢᠯᠡᠨ ᠵᠠᠰᠠᠬᠤ ᠲᠥᠪ ᠬᠢᠭᠡᠳ ᠣᠷᠣᠵᠤ ᠰᠠᠭᠤᠬᠰᠠᠨ ᠰᠠᠯᠠᠭ᠎ᠠ ᠮᠥᠴᠢᠷ᠎ᠦᠨ ᠲᠤᠬᠠᠢᠯᠠᠭ᠍ᠰᠠᠨ ᠠᠵᠢᠯ᠎ᠢ ᠬᠠᠮᠵᠢᠯᠴᠠᠨ ᠵᠣᠯᠭᠠᠭᠤᠯᠬᠤ ᠵᠡᠷᠭᠡ ᠠᠯᠢ ᠣᠯᠠᠨ ᠠᠵᠢᠯᠯᠠᠭᠠᠨ᠎ᠤ ᠲᠣᠭ᠍ᠲᠠᠴᠠ᠎ᠶ᠋ᠢ ᠪᠠᠢᠭᠤᠯᠤᠨ ᠪᠦᠷᠢᠨᠱᠢᠭᠦᠯᠵᠦ᠍᠂ ᠭᠥᠯᠢᠶᠡᠨ ᠠᠪᠴᠤ᠌ ᠱᠢᠶ᠋ᠳᠪᠦᠷᠢᠯᠡᠬᠦ᠌ ᠵᠦᠶ᠋ᠯᠡᠰ᠎ᠢ ᠲᠥᠷᠥᠯ ᠬᠤᠪᠢᠶᠠᠨ ᠳᠠᠩᠰᠠ ᠭᠠᠷᠭᠠᠬᠤ᠎ᠶ᠋ᠢᠨ ᠬᠠᠮᠲᠤ ᠡᠭᠦᠷᠭᠡ ᠴᠢᠳᠠᠪᠬᠢᠲᠤ ᠰᠠᠯᠠᠭ᠎ᠠ ᠮᠥᠴᠢᠷ᠎ᠲᠦ ᠲᠤᠰᠢᠶᠠᠵᠦ ᠪᠥᠬᠥ᠌ ᠶᠠᠪᠤᠴᠠ᠎ᠪᠡᠷ ᠮᠥᠷᠳᠡᠨ ᠱᠠᠯᠠᠪᠳᠠᠭᠤᠯᠪᠡ᠃

ᠦᠬᠠᠶ ᠬᠣᠲᠠ ᠪᠠᠰᠠ ᠲᠤᠤᠷᠵᠢᠯ ᠎ᠤᠨ  《ᠵᠢᠭ᠍ᠰᠠᠭᠠᠨ ᠪᠠᠢᠴᠠᠭᠠᠯᠲᠠ》 ᠂ ᠲᠣᠰᠭᠣᠨ ᠨᠡᠢᠭᠡᠮ ᠲᠤᠭᠤᠷᠢᠭ᠎ᠦᠨ 《ᠠᠩᠬᠠᠨ ᠎ᠤ ᠡᠶᠡᠳᠡᠬᠦᠯᠭᠡ》᠂ ᠪᠠᠯᠭᠠᠰᠤ ᠵᠡᠭᠡᠯᠢ ᠭᠤᠳᠤᠮᠵᠢ᠎ᠶ᠋ᠢᠨ《ᠬᠤᠷᠠᠯ᠎ᠦᠨ ᠡᠶᠡᠳᠡᠬᠦᠯᠭᠡ》᠂ ᠬᠣᠲᠠ ᠲᠣᠭᠣᠷᠢᠭ᠎ᠤᠨ 《ᠬᠠᠮᠲᠤᠷᠠᠭ᠍ᠰᠠᠨ ᠡᠶᠡᠳᠡᠬᠦᠯᠭᠡ》 ᠵᠡᠷᠭᠡ ᠳᠥᠷᠪᠡᠨ ᠱᠠᠲᠤᠨ ᠎ᠤ ᠵᠥᠷᠢᠴᠡᠯ ᠵᠠᠭᠤᠷᠠᠯᠳᠤᠭᠠᠨ᠎ᠢ ᠬᠠᠮᠲᠤᠷᠠᠨ ᠡᠶᠡᠳᠡᠭᠦᠯᠦᠨ ᠱᠢᠶ᠋ᠳᠪᠦᠷᠢᠯᠡᠬᠦ᠌ ᠵᠠᠭ᠍ᠪᠤᠷ᠎ᠢ ᠢᠳᠡᠪᠬᠢᠲᠡᠶ ᠬᠡᠷᠡᠭ᠌ᠵᠢᠭᠦᠯᠵᠦ᠍᠂ 《ᠦᠨᠳᠤᠰᠤᠨ ᠱᠠᠳᠤᠨ ᠎ᠤ ᠬᠠᠤᠯᠢ ᠴᠠᠭᠠᠵᠠ ᠵᠢᠨ ᠭᠠᠵᠠᠷ᠂ ᠲᠤᠳᠤᠭᠠᠳᠤ ᠵᠢ ᠬᠠᠮᠠᠭᠠᠯᠠᠬᠤ ᠲᠤᠮᠢᠯᠠᠭᠰᠠᠨ ᠰᠠᠯᠪᠤᠷᠢ᠂ ᠬᠠᠦᠯᠢᠴᠢ ᠵᠢᠨ ᠬᠡᠷᠡᠭ ᠡᠷᠬᠢᠯᠡᠬᠦ ᠭᠠᠵᠠᠷ᠂ ᠦᠨᠳᠤᠰᠤᠨ ᠱᠠᠳᠤᠨ᠎ᠤ ᠬᠠᠦᠯᠢ ᠴᠠᠭᠠᠵᠠ ᠵᠢᠨ ᠦᠢᠯᠡᠴᠢᠯᠡᠭᠡᠨ᠎ᠤ ᠭᠠᠵᠠᠷ ᠪᠠ ᠠᠷᠠᠳ ᠎ᠦᠨ ᠰᠢᠬᠦᠬᠦ  ᠲᠢᠩᠬᠢᠮ》᠂ 《ᠰᠠᠯᠪᠤᠷᠢ ᠬᠣᠯᠪᠣᠭᠠᠯᠠᠭ᠍ᠰᠠᠨ》᠂ 《ᠴᠠᠭ᠍ᠳᠠᠭ᠎ᠠ ᠨᠡᠢᠭᠡᠮ ᠎ᠦᠨ᠎ᠬᠢᠨ ᠬᠣᠯᠪᠣᠭᠠᠯᠠᠨ ᠬᠥᠳᠡᠯᠦᠯᠴᠡᠭ᠌ᠰᠡᠨ》 ᠬᠠᠮᠵᠢᠯᠴᠠᠬᠤ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠵᠠᠭᠠᠯᠳᠤᠯᠭ᠎ᠠ᠎ᠪᠠᠷ ᠲᠠᠮᠵᠢᠨ ᠡᠶᠡᠳᠡᠭᠦᠯᠬᠦ᠌᠂ ᠴᠠᠭ᠍ᠳᠠᠭ᠎ᠠ ᠵᠢᠨ ᠲᠠᠯ᠎ᠠ ᠡᠴᠡ ᠡᠶᠡᠳᠡᠭᠦᠯᠬᠦ᠌᠂ ᠪᠠᠢᠴᠠᠭᠠᠬᠤ ᠬᠤᠷᠢᠶ᠎ᠠ ᠡᠴᠡ ᠡᠶᠡᠳᠡᠭᠦᠯᠬᠦ᠌᠂ ᠬᠦᠨᠳᠡᠯᠡᠨ ᠡᠴᠡ ᠲᠠᠰᠤᠯᠬᠤ ᠭᠠᠵᠠᠷ ᠡᠴᠡ ᠡᠶᠡᠳᠡᠭᠦᠯᠬᠦ᠌᠂ ᠠᠷᠠᠳ᠎ᠦᠨ ᠡᠶᠡᠳᠡᠬᠦᠯᠬᠦ ᠵᠦᠪᠯᠡᠯ ᠡᠴᠡ ᠡᠶᠡᠳᠡᠬᠦᠯᠬᠦ᠂ ᠵᠠᠬᠢᠳᠠᠯ ᠰᠤᠷᠪᠤᠯᠵᠢᠯᠠᠯ ᠎ᠢᠶᠡᠷ ᠲᠠᠮᠵᠢᠨ ᠡᠶᠡᠳᠡᠭᠦᠯᠬᠦ᠌ 《ᠵᠢᠷᠭᠤᠭᠠᠨ ᠡᠶᠡᠳᠡᠭᠦᠯᠭᠡ》 ᠎ᠶ᠋ᠢ ᠬᠠᠮᠲᠤᠷᠠᠨ ᠬᠢᠬᠦ᠌᠎ᠶ᠋ᠢ ᠭᠦᠨᠵᠡᠭᠡᠢᠷᠡᠭᠦᠯᠵᠦ᠍᠂ 《ᠬᠥᠷᠰᠢ ᠵᠡᠷᠭᠡᠯᠡᠳᠡᠭᠡ᠎ᠶ᠋ᠢᠨ ᠬᠡᠷᠡᠭ ᠡᠷᠬᠢᠯᠡᠭ᠌ᠴᠢᠳ᠎ᠦᠨ ᠳᠠᠷᠤᠭ᠎ᠠ》 ᠵᠡᠷᠭᠡ ᠣᠨᠴᠠᠯᠢᠭ᠎ᠲᠠᠶ ᠡᠶᠡᠳᠡᠭᠦᠯᠬᠦ᠌ ᠲᠦᠷᠦᠯ ᠲᠡᠮᠳᠡᠭ ᠎ᠢ᠋ 38 ᠪᠣᠶ ᠪᠣᠯᠭᠠᠵᠤ᠂ ᠵᠥᠷᠢᠴᠡᠯ ᠵᠠᠭᠤᠷᠠᠯᠳᠤᠭᠠᠨ᠎ᠢ ᠠᠯᠢ ᠴᠢᠳᠠᠬᠤ ᠪᠡᠷ ᠵᠢᠭᠰᠠᠭᠠᠨ᠂ ᠠᠯᠢ ᠴᠢᠳᠠᠬᠤ ᠪᠡᠷ ᠲᠤᠬᠢᠷᠠᠭᠤᠯᠬᠤ ᠵᠢ ᠪᠦᠬᠦ ᠬᠦᠴᠦᠨ᠎ᠢᠶᠡᠷ᠎ᠢᠶᠡᠨ ᠠᠭᠢᠭᠤᠯᠪᠠ᠃ ᠡᠨᠡ ᠵᠢᠯ᠎ᠡᠴᠡ ᠨᠠᠭᠠᠰᠢ᠂ ᠡᠯ᠎ᠡ ᠱᠠᠲᠤᠨ᠎ᠤ ᠶᠡᠷᠦᠩᠬᠡᠢᠯᠡᠨ ᠵᠠᠰᠠᠬᠤ ᠲᠥᠪ ᠨᠡᠢᠲᠡ 2695 ᠵᠥᠷᠢᠴᠡᠯ ᠵᠠᠭᠤᠷᠠᠯᠳᠤᠭᠠᠨ ᠎ᠢ ᠭᠥᠯᠢᠶᠡᠨ ᠠᠪᠴᠤ᠌ ᠱᠢᠶ᠋ᠳᠪᠦᠷᠢᠯᠡᠨ᠂ 2608 ᠬᠡᠷᠡᠭ᠎ᠢ ᠠᠮᠵᠢᠯᠲᠠ ᠳᠠᠢ ᠡᠶᠡᠳᠡᠭᠦᠯᠵᠤ᠂ ᠠᠮᠵᠢᠯᠲᠠ ᠲᠠᠢ ᠡᠶᠡᠳᠡᠭᠦᠯᠦᠭᠰᠠᠨ ᠨᠣᠷᠮ᠎ᠠ 97% ᠎ᠳ᠋ᠤ ᠬᠦᠷᠴᠡᠶ᠃ ᠡᠭᠦᠨ ᠎ᠦ ᠬᠠᠮᠲᠤ᠂ 《ᠲᠤᠤᠷᠵᠢᠯ᠎ᠦᠨ ᠨᠠᠮ᠎ᠤᠨ ᠪᠠᠭ᠎ᠠ ᠳᠤᠭᠤᠢᠯᠠᠩ + ᠲᠤᠰᠭᠠᠶ ᠲᠤᠱᠢᠶᠠᠯᠲᠤ ᠲᠤᠤᠷᠵᠢᠯ᠎ᠦᠨ ᠠᠵᠢᠯᠲᠠᠨ + ᠠᠰᠠᠷ  (ᠨᠢᠭᠡᠴᠢ᠂ ᠡᠷᠦᠬᠡ ᠬᠣᠯᠪᠣᠭᠠᠯᠠᠭ᠍ᠰᠠᠨ) ᠤ᠋ᠨ ᠳᠠᠷᠤᠭ᠎ᠠ》 ᠶ᠋ᠢᠨ ᠦᠨᠳᠦᠰᠦᠨ ᠱᠠᠲᠤᠨ᠎ᠤ ᠪᠢᠴᠢᠯ ᠵᠠᠰᠠᠯᠲᠠ᠎ᠶ᠋ᠢᠨ《ᠭᠤᠷᠪᠠᠯᠵᠢᠨ ᠬᠤᠯᠪᠤᠭᠠᠰᠦ》ᠢ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠲᠤᠤᠷᠵᠢᠯ᠎ᠦᠨ ᠨᠠᠮ᠎ᠤᠨ ᠪᠠᠭ᠎ᠠ ᠳᠤᠭᠤᠢᠯᠠᠩ᠎ᠢ 390 ᠪᠠᠢᠭᠤᠯᠵᠤ᠂ ᠲᠤᠰᠭᠠᠶ ᠲᠤᠱᠢᠶᠠᠯᠲᠤ ᠲᠤᠤᠷᠵᠢᠯ᠎ᠦᠨ ᠠᠵᠢᠯᠲᠠᠨ ᠎ᠢ 554 ᠲᠣᠬᠢᠷᠠᠭᠤᠯᠵᠤ᠂ ᠠᠰᠠᠷ (ᠨᠢᠭᠡᠴᠢ᠂ ᠡᠷᠦᠬᠡ ᠬᠣᠯᠪᠣᠭᠠᠯᠠᠭ᠍ᠰᠠᠨ) ᠎ᠤ᠋ᠨ ᠳᠠᠷᠤᠭ᠎ᠠ ᠵᠢ 4049 ᠰᠣᠩᠭᠣᠨ ᠭᠠᠷᠭᠠᠵᠤ᠂ ᠦᠨᠳᠦᠰᠦᠨ ᠱᠠᠲᠤᠨ᠎ᠤ ᠡᠯ᠎ᠡ ᠲᠥᠷᠥᠯ᠎ᠦᠨ ᠵᠥᠷᠢᠴᠡᠯ ᠵᠠᠭᠤᠷᠠᠯᠳᠤᠭᠠᠨ ᠎ᠢ ᠪᠥᠬᠥ᠌ ᠲᠠᠯ᠎ᠠ ᠎ᠪᠠᠷ ᠭᠦᠨᠵᠡᠭᠡᠶ ᠪᠠᠢᠴᠠᠭᠠᠨ ᠱᠢᠶ᠋ᠳᠪᠦᠷᠢᠯᠡᠵᠦ᠍᠂ ᠦᠨᠳᠦᠰᠦᠨ ᠱᠠᠲᠤᠨ ᠎ᠤ ᠠᠮᠤᠷ ᠲᠣᠭ᠍ᠲᠠᠭᠤᠨ ᠪᠠᠢᠳᠠᠯ᠎ᠢ ᠬᠠᠮᠠᠭᠠᠯᠠᠬᠤ《ᠨᠢᠭᠡᠳᠦᠭᠡᠷ ᠰᠡᠷᠭᠡᠢᠯᠡᠯᠲᠡ᠎ᠶ᠋ᠢᠨ ᠱᠤᠭᠤᠮ》 ᠎ᠢ᠋ ᠬᠦᠴᠦᠲᠡᠶ ᠪᠠᠲᠤ ᠰᠠᠬᠢᠪᠠ᠃

ᠨᠢᠬᠡᠯᠡ ᠭᠠᠵᠠᠷ ᠲᠦ᠍ ᠲᠦᠮᠡᠨ ᠡᠷᠦᠬᠡ᠎ᠶ᠋ᠢᠨ ᠶᠠᠪᠤᠳᠠᠯ᠎ᠢ ᠱᠢᠶ᠋ᠳᠪᠦᠷᠢᠯᠡᠨ᠎ᠠ᠃ ᠡᠳᠦᠭᠡ ᠦᠬᠠᠶ ᠬᠣᠲᠠ᠂ ᠶᠡᠷᠦᠩᠬᠡᠢᠯᠡᠨ ᠵᠠᠰᠠᠬᠤ ᠲᠥᠪ ᠎ᠢ ᠶᠠᠭ ᠪᠥᠬᠥ᠌ ᠬᠦᠴᠦᠨ᠎ᠢᠶᠡᠷ᠎ᠢᠶᠡᠨ 《ᠰᠡᠳᠭᠢᠯ᠎ᠢ ᠳᠤᠯᠠᠭᠠᠴᠠᠭᠤᠯᠬᠤ ᠥᠷᠲᠡᠭᠡ》᠂ ᠵᠥᠷᠢᠴᠡᠯ ᠎ᠦᠨ《ᠡᠴᠦᠰ᠎ᠦᠨ ᠥᠷᠲᠡᠭᠡ》᠂ ᠠᠮᠤᠷ ᠠᠮᠤᠭᠤᠯᠠᠩᠳᠤ《ᠰᠠᠬᠢᠨ ᠬᠠᠮᠠᠭᠠᠯᠠᠬᠤ ᠥᠷᠲᠡᠭᠡ》 ᠪᠣᠯᠭᠠᠨ ᠪᠥᠲᠥᠭᠡᠨ ᠪᠠᠢᠭᠤᠯᠵᠤ᠂ ᠶᠡᠷᠦᠩᠬᠡᠢᠯᠡᠨ ᠵᠠᠰᠠᠬᠤ ᠲᠥᠪ ᠎ᠢ ᠵᠢᠷᠤᠮᠵᠢᠭᠤᠯᠬᠤ  ᠪᠠᠢᠭᠤᠯᠤᠯᠲᠠ᠎ᠪᠠᠷ ᠠᠮᠤᠷ ᠠᠮᠤᠭᠤᠯᠠᠩᠳᠤ ᠦᠬᠠᠶ᠂ ᠬᠠᠤᠯᠢ᠎ᠪᠠᠷ ᠵᠠᠰᠠᠬᠤ ᠦᠬᠠᠶ᠎ᠶ᠋ᠢ ᠪᠠᠢᠭᠤᠯᠬᠤ ᠳ᠋ᠤ ᠬᠦᠴᠦᠨ ᠨᠠᠮᠡᠷᠢᠯᠡᠵᠤ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号