《ᠮᠣᠩᠭᠣᠯ ᠮᠣᠷᠢᠨ᠎ᠤ ᠵᠣᠷᠢᠭ ᠰᠠᠨᠠᠭ᠎ᠠ》 ᠭᠤᠤᠯ ᠰᠡᠳᠦᠪᠲᠦ ᠬᠢᠴᠢᠶᠡᠯ᠎ᠦᠨ ᠬᠡᠷ ᠨᠢ ᠨᠠᠮᠴᠢ ᠴᠢᠨᠠᠷ᠎ᠤᠨ ᠬᠥᠮᠦᠵᠢᠯ᠎ᠦᠨ ᠱᠢᠨ᠎ᠡ ᠪᠡᠯᠭᠡ ᠲᠡᠮᠳᠡᠭ ᠪᠣᠯᠪᠠ
2025-06-30 10:53:06
ᠵᠣᠬᠢᠶᠠᠭ᠍ᠴᠢ᠄
ᠭᠣᠣ ᠮᠢᠨ ᠨᠠ ᠂ ᠯᠢ ᠱᠢᠤᠸᠠᠢ
ᠣᠩᠱᠢᠭ᠍ᠰᠠᠨ ᠣᠳᠠᠭ᠎ᠠ᠄
★★★☆☆

《ᠦᠵᠡᠭᠡᠴᠢ᠂ ᠮᠠᠨ᠎ᠤ ᠭᠤᠤᠯ ᠰᠡᠳᠦᠪᠲᠦ ᠬᠢᠴᠢᠶᠡᠯ᠎ᠦᠨ ᠬᠡᠷ᠎ᠦᠨ ᠨᠡᠷ᠎ᠡ ᠨᠢ ᠲᠠᠮᠠᠭ᠎ᠠ᠎ᠶ᠋ᠢᠨ ᠬᠡᠯᠪᠡᠷᠢ ᠪᠡᠷ ᠡᠨᠡ ᠬᠡᠷᠡᠮ ᠳᠡᠭᠡᠷ᠎ᠡ ᠰᠡᠢᠯᠦᠭ᠌ᠳᠡᠵᠦ᠍᠂ ᠮᠣᠩᠭᠣᠯ ᠮᠣᠷᠢᠨ᠎ᠤ ᠵᠣᠷᠢᠭ ᠰᠠᠨᠠᠭ᠎ᠠ ᠪᠣᠯ ᠤᠮᠠᠷᠠᠲᠤ ᠬᠢᠯᠢ᠎ᠶ᠋ᠢᠨ ᠰᠣᠶᠣᠯ᠎ᠤᠨ ᠣᠶᠤᠨ ᠰᠠᠨᠠᠭᠠᠨ᠎ᠤ ᠪᠡᠯᠭᠡ ᠲᠡᠮᠳᠡᠭ ᠮᠥᠨ᠂ ᠨᠠᠩ ᠴᠤ᠌ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠬᠥᠪᠡᠭᠦᠳ ᠥᠬᠢᠳ᠎ᠦᠨ ᠬᠠᠮᠲᠤ᠎ᠶ᠋ᠢᠨ ᠣᠶᠤᠨ ᠰᠠᠨᠠᠭᠠᠨ᠎ᠤ ᠢᠮ ᠲᠠᠮᠠᠭ᠎ᠠ ᠪᠠᠢᠵᠤ᠂ ᠪᠢᠳᠡ ᠰᠡᠳᠭᠢᠯ ᠵᠢᠷᠦᠬᠡᠨ᠎ᠳᠡᠭᠡᠨ ᠰᠢᠨᠭᠭᠡᠭᠡᠵᠦ᠂  ᠶᠠᠰᠤ ᠴᠢᠮᠥᠭᠡᠨ᠎ᠳ᠋ᠡᠭᠡᠨ ᠠᠭᠤᠰᠬᠠᠵᠤ᠂ ᠦᠪᠡᠷ᠎ᠤᠨ ᠪᠡᠶ᠎ᠡ᠎ᠪᠡᠷ᠎ᠢᠶᠡᠨ ᠴᠢᠷᠮᠠᠢᠨ ᠬᠢᠬᠦ᠌ ᠴᠢᠬᠤᠯᠠᠲᠠᠶ ᠶᠤᠮ ᠁》 6 ᠰᠠᠷ᠎ᠠ᠎ᠶ᠋ᠢᠨ 26᠎ᠤ᠋ ᠡᠳᠦᠷ᠂ ᠬᠢᠩᠭᠠᠨ ᠠᠢᠮᠠᠭ᠎ᠤᠨ ᠨᠠᠮ᠎ᠤᠨ ᠬᠤᠷᠢᠶ᠎ᠠ ᠵᠢᠨ ᠨᠠᠮ᠎ᠤᠨ ᠰᠤᠷᠭᠠᠭᠤᠯᠢ᠎ᠳᠤ ᠪᠠᠢᠭ᠎ᠠ 《ᠮᠣᠩᠭᠣᠯ ᠮᠣᠷᠢᠨ᠎ᠤ ᠵᠣᠷᠢᠭ ᠰᠠᠨᠠᠭ᠎ᠠ》 ᠭᠤᠤᠯ ᠰᠡᠳᠦᠪᠲᠦ ᠬᠢᠴᠢᠶᠡᠯ᠎ᠦᠨ ᠬᠡᠷ᠎ᠲᠦ ᠣᠷᠣᠬᠤ᠎ᠳᠦ᠂ ᠬᠢᠴᠢᠶᠡᠯᠯᠡᠭᠴᠢ ᠪᠠᠭ᠍ᠰᠢ᠎ᠶ᠋ᠢᠨ ᠶᠠᠷᠢᠬᠤ᠎ᠶ᠋ᠢ ᠳᠠᠭᠠᠯᠳᠤᠨ᠂ ᠭᠦᠨ ᠵᠤᠵᠠᠭᠠᠨ ᠲᠡᠦᠬᠡ ᠨᠢ ᠱᠢᠷᠠᠪᠳᠤᠷ ᠪᠤᠯᠤᠭᠰᠠᠨ ᠨᠣᠮ ᠪᠢᠴᠢᠭ᠎ᠦᠨ ᠬᠠᠭᠤᠳᠠᠰᠤᠨ᠎ᠳᠤ ᠵᠣᠭ᠍ᠰᠣᠩᠭᠢᠷᠠᠬᠤ᠎ᠪᠠᠨ ᠪᠤᠯᠢᠵᠤ᠂ 《ᠲᠡᠰᠪᠦᠷᠢ ᠬᠠᠳᠠᠭᠤᠵᠢᠯᠳᠠᠢ᠂ ᠴᠤᠴᠠᠯᠲᠠ ᠥᠬᠡᠶ ᠤᠷᠤᠭ᠍ᠰᠢᠯᠠᠵᠤ᠂ ᠵᠣᠷᠢᠭ᠍ᠰᠠᠨ᠎ᠳᠠᠭᠠᠨ ᠵᠠᠪᠠᠯ ᠬᠥᠷᠬᠥ᠌》 16 ᠦᠰᠦᠭ ᠬᠦᠮᠦᠰ᠎ᠤᠨ ᠰᠡᠳᠭᠢᠯ᠎ᠳᠦ ᠭᠦᠨ ᠰᠠᠭᠤᠭᠳᠠᠪᠠ᠃

ᠬᠡᠷᠬᠢᠨ ᠬᠡᠢᠰᠪᠦᠷᠢ ᠣᠶᠤᠨ ᠰᠠᠨᠠᠭ᠎ᠠ᠎ᠶ᠋ᠢ ᠪᠣᠳᠠᠲᠠᠢᠵᠢᠭᠤᠯᠬᠤ ᠪᠤᠢ? ᠬᠢᠩᠭᠠᠨ ᠠᠢᠮᠠᠭ ᠱᠢᠨ᠎ᠡ᠎ᠶ᠋ᠢ ᠡᠭᠦᠳᠬᠦ᠌ ᠴᠢᠨᠠᠷᠲᠠᠢ᠎ᠪᠠᠷ ᠠᠢᠮᠠᠭ᠎ᠤᠨ ᠨᠠᠮ᠎ᠤᠨ ᠬᠤᠷᠢᠶ᠎ᠠ ᠵᠢᠨ ᠨᠠᠮ᠎ᠤᠨ ᠰᠤᠷᠭᠠᠭᠤᠯᠢ᠎ᠳᠤ ᠪᠦᠬᠦ᠌ ᠣᠷᠣᠨ᠎ᠤ ᠠᠩᠬᠠᠳᠠᠭ᠍ᠴᠢ 《ᠮᠣᠩᠭᠣᠯ ᠮᠤᠷᠢᠨ᠎ᠤ ᠵᠣᠷᠢᠭ ᠰᠠᠨᠠᠭ᠎ᠠ》 ᠭᠣᠣᠯ ᠰᠡᠳᠦᠪᠲᠦ ᠬᠢᠴᠢᠶᠡᠯ᠎ᠦᠨ ᠭᠡᠷ᠎ᠢ ᠪᠠᠢᠭᠤᠯᠵᠤ᠂ ᠮᠣᠩᠭᠣᠯ ᠮᠤᠷᠢᠨ᠎ᠤ ᠵᠣᠷᠢᠭ ᠰᠠᠨᠠᠭ᠎ᠠ᠎ᠶ᠋ᠢ ᠨᠠᠮ᠎ᠤᠨ ᠰᠤᠷᠭᠠᠭᠤᠯᠢ᠎ᠳᠤ ᠰᠤᠷᠤᠯᠴᠠᠬᠤ᠎ᠪᠠᠷ ᠢᠷᠡᠭ᠌ᠰᠡᠨ ᠨᠠᠮ᠎ᠤᠨ ᠭᠡᠱᠢᠭᠦᠨ ᠺᠠᠳ᠋ᠷ ᠨᠢᠭᠡᠪᠦᠷᠢ᠎ᠶ᠋ᠢᠨ ᠰᠡᠳᠭᠢᠯ᠎ᠦᠨ ᠭᠦᠨ᠎ᠳᠦ ᠦᠨᠳᠦᠰᠦᠯᠡᠭᠦᠯᠪᠡ᠃

《ᠮᠣᠩᠭᠣᠯ ᠮᠤᠷᠢᠨ᠎ᠤ ᠵᠣᠷᠢᠭ ᠰᠠᠨᠠᠭ᠎ᠠ》 ᠭᠣᠣᠯ ᠰᠡᠳᠦᠪᠲᠦ ᠬᠢᠴᠢᠶᠡᠯ᠎ᠦᠨ ᠭᠡᠷ 《ᠬᠤᠷᠴᠠ ᠵᠡᠪᠰᠡᠭ ᠬᠤᠶᠠᠭᠳᠤ ᠮᠤᠷᠢ ᠪᠡᠷ ᠤᠮᠠᠷᠠᠲᠤ ᠬᠢᠯᠢ᠎ᠳ᠋ᠦ ᠳᠣᠪᠲᠣᠯᠤᠨ᠎ᠠ》᠂《ᠬᠤᠱᠢᠭᠤᠴᠢᠯᠠᠨ ᠤᠷᠤᠭᠰᠢᠯᠠᠵᠤ ᠢᠷᠠᠭᠤ ᠠᠯᠳᠠᠷ᠎ᠢ ᠪᠢᠴᠢᠭ᠌ᠯᠡᠨ᠎ᠡ》᠂ 《ᠤᠷᠤᠭᠰᠢ ᠳᠠᠪᠬᠢᠭᠤᠯᠤᠨ ᠡᠷᠡᠮᠡᠬᠡᠢᠯᠡᠨ ᠤᠷᠤᠭ᠍ᠰᠢᠯᠠᠨ᠎ᠠ》᠂ 《ᠲᠦᠮᠡᠨ ᠠᠬ᠍ᠳᠠ ᠲᠦᠪᠡᠷᠭᠡᠯᠡᠨ ᠳᠠᠬᠢᠨᠲᠠ ᠭᠡᠷᠡᠯ ᠰᠠᠴᠤᠷᠠᠩᠭᠤᠢ ᠠᠮᠵᠢᠯᠲᠠ᠎ᠶ᠋ᠢ ᠡᠭᠦᠳᠦᠨ᠎ᠡ》 ᠭᠡᠬᠦ᠌ ᠲᠦᠷᠪᠡᠨ ᠪᠦᠯᠦᠭ ᠭᠣᠣᠯ ᠰᠡᠳᠦᠪᠲᠦ ᠢᠷᠠᠭᠤ ᠬᠠᠭᠤᠳᠠᠰᠤ᠎ᠶ᠋ᠢ ᠪᠢᠴᠢᠭ᠌ᠯᠡᠪᠡ᠃ ᠬᠡᠷᠡᠯ ᠵᠢᠷᠤᠭ᠂ ᠲᠠᠭᠤ ᠸᠢᠳᠢᠣ᠋᠂ ᠠᠬᠤᠶ ᠲᠠᠯᠠᠪᠠᠶ᠎ᠶ᠋ᠢᠨ ᠰᠡᠷᠭᠦᠭᠡᠯᠲᠡ ᠪᠠ ᠬᠤᠷᠰᠢᠯᠴᠠᠬᠤ ᠪᠠᠷ ᠳᠡᠮᠵᠢᠨ᠂ ᠰᠤᠷᠤᠭ᠍ᠴᠢᠳ ᠶᠠᠭ ᠯᠠ ᠮᠣᠷᠢ ᠳᠠᠪᠬᠢᠭᠤᠯᠤᠨ ᠴᠠᠭ ᠤᠷᠤᠨ ᠵᠠᠶ᠎ᠶᠢ ᠳᠤᠭᠤᠯᠵᠤ᠂ ᠥᠪᠥᠷ ᠮᠣᠩᠭᠣᠯ᠎ᠤᠨ ᠬᠤᠪᠢᠰᠭᠠᠯ᠎ᠤᠨ ᠭᠠᠯ᠂ ᠪᠥᠲᠥᠭᠡᠨ ᠪᠠᠢᠭᠤᠯᠤᠯᠲᠠ᠎ᠶ᠋ᠢᠨ ᠬᠠᠯᠠᠭᠤᠨ ᠤᠷᠤᠰᠭᠠᠯ᠂ ᠥᠭᠡᠷᠡᠴᠢᠯᠡᠯᠲᠡ᠎ᠶ᠋ᠢᠨ ᠳᠠᠪᠠᠯᠭᠠᠨ ᠪᠠ ᠱᠢᠨ᠎ᠡ ᠴᠠᠭ ᠦᠶ᠎ᠡ ᠱᠢᠨ᠎ᠡ ᠠᠶᠠᠨ ᠵᠠᠮ᠎ᠳᠤ ᠮᠣᠩᠭᠣᠯ ᠮᠣᠷᠢᠨ᠎ᠤ ᠵᠣᠷᠢᠭ ᠰᠠᠨᠠᠭ᠎ᠠ ᠬᠡᠷᠬᠢᠨ ᠲᠩᠷᠢ ᠭᠠᠵᠠᠷ᠎ᠢ ᠬᠤᠪᠢᠷᠠᠭᠤᠯᠤᠭ᠍ᠰᠠᠨ ᠠᠮᠢᠳᠤᠯᠢᠭ ᠦᠶ᠋ᠯᠡᠳᠦᠯᠭᠡ ᠪᠣᠯᠤᠭ᠍ᠰᠠᠨ᠎ᠢ ᠨᠢᠳᠦ᠍᠎ᠪᠡᠷ᠎ᠢᠶᠡᠨ ᠬᠠᠷᠠᠭᠰᠠᠨ ᠱᠢᠭ᠋ ᠪᠠᠢᠯ᠎ᠠ᠃

《ᠲᠠᠭᠤ ᠬᠡᠷᠡᠯ ᠴᠠᠬᠢᠯᠭᠠᠨ᠎ᠤ ᠮᠡᠷᠭᠡᠵᠢᠯ᠎ᠦᠨ ᠬᠡᠷᠡᠭ᠌ᠯᠡᠯᠲᠡ ᠪᠠ ᠱᠢᠨ᠎ᠡ ᠰᠡᠪᠡᠭᠦᠨ ᠵᠢᠭᠠᠨ ᠰᠤᠷᠭᠠᠯᠲᠠ᠎ᠶ᠋ᠢᠨ ᠬᠡᠯᠪᠡᠷᠢ ᠨᠢ ᠰᠤᠷᠤᠯᠴᠠᠯᠭ᠎ᠠ᠎ᠶ᠋ᠢᠨ ᠦᠷ᠎ᠡ ᠪᠦᠲᠦᠮᠵᠢ᠎ᠶ᠋ᠢ ᠳᠠᠬᠢᠨ᠎ᠢᠶᠠᠷ ᠨᠡᠮᠡᠭ᠌ᠳᠡᠭᠦᠯᠪᠡ! ᠪᠢᠳᠡ ᠮᠣᠩᠭᠣᠯ ᠮᠣᠷᠢᠨ᠎ᠤ ᠵᠣᠷᠢᠭ ᠰᠠᠨᠠᠭ᠎ᠠ᠎ᠶ᠋ᠢ 〈ᠣᠯᠵᠤ ᠬᠠᠷᠠᠭ᠍ᠰᠠᠨ〉 ᠵᠢᠡᠷ ᠪᠠᠷᠠᠬᠤ ᠥᠬᠡᠶ ᠲᠡᠭᠦᠨ᠎ᠦ ᠪᠣᠳᠠᠲᠠᠶ ᠠᠵᠢᠯ᠎ᠳᠠᠬᠢ ᠵᠢᠯᠣᠭᠣᠳᠭᠤ ᠠᠴᠢ ᠬᠣᠯᠪᠣᠭ᠍ᠳᠠᠯ᠎ᠢ ᠨᠠᠩ ᠭᠦᠨᠵᠡᠭᠡᠶ ᠣᠢᠯᠠᠭᠠᠵᠠᠶ》 ᠭᠡᠵᠦ ᠥᠪᠥᠷ ᠮᠣᠩᠭᠣᠯ᠎ᠤᠨ ᠪᠸᠢ ᠹᠸᠩ ᠯᠢᠩ ᠠᠮᠤ ᠪᠤᠳᠠᠭ᠎ᠠ ᠲᠣᠰᠣᠨ᠎ᠤ ᠬᠢᠵᠠᠭᠠᠷᠲᠤ ᠺᠣᠮᠫᠠᠨᠢ᠎ᠶ᠋ᠢᠨ ᠬᠠᠮᠲᠤᠷᠠᠭ᠍ᠰᠠᠨ ᠨᠠᠮ᠎ᠤᠨ ᠡᠭᠦᠷ᠎ᠦᠨ ᠱᠦᠵᠢ ᠸᠠᠩ ᠢ ᠭᠦᠨ ᠲᠥᠷᠥᠭ᠌ᠳᠡᠯ  ᠵᠢᠨᠨ ᠶᠠᠷᠢᠨ᠎ᠠ᠃

2024 ᠣᠨ᠎ᠤ 5 ᠰᠠᠷ᠎ᠠ᠎ᠶ᠋ᠢᠨ 11 ᠤ᠋ ᠡᠳᠦᠷ᠎ᠡᠴᠡ ᠡᠬᠢᠯᠡᠨ ᠠᠩᠬᠠᠨ᠎ᠤ ᠬᠢᠴᠢᠶᠡᠯ ᠣᠷᠣᠵᠤ᠂ ᠡᠨᠡ ᠬᠦ᠌ 1000 ᠲᠡᠭ᠌ᠰᠢ ᠳᠥᠷᠪᠡᠯᠵᠢᠨ ᠮᠧᠲ᠋ᠷ᠎ᠦᠨ ᠵᠢᠭᠠᠨ ᠰᠤᠷᠭᠠᠯᠲᠠ᠎ᠶ᠋ᠢᠨ ᠣᠷᠣᠨ ᠵᠠᠶ᠎ᠨᠢ ᠮᠠᠰᠢ ᠲᠦᠷᠭᠡᠨ᠎ᠢᠶᠡᠷ ᠨᠠᠮ᠎ᠤᠨ ᠭᠡᠱᠢᠭᠦᠨ ᠺᠠᠳ᠋ᠷᠴᠤᠳ᠎ᠤᠨ ᠬᠥᠮᠦᠵᠢᠯ ᠪᠣᠯᠪᠠᠰᠤᠷᠠᠯ᠎ᠤᠨ 《ᠱᠢᠨ᠎ᠡ ᠭᠠᠵᠠᠷ ᠵᠦᠢ ᠵᠢᠨ ᠢᠯᠡᠷᠭᠡᠢᠯᠡᠯ》 ᠪᠣᠯᠤᠭ᠍ᠰᠠᠨ ᠪᠠᠢᠨ᠎ᠠ᠃ ᠲᠡᠭᠦᠨ᠎ᠦ 《ᠵᠠᠩᠭᠢᠯᠠᠭ᠎ᠠ》 ᠶ᠋ᠢᠨ ᠥᠷᠲᠡᠭ ᠨᠢ ᠦᠨᠡᠨ ᠪᠣᠳᠠᠲᠠᠶ ᠠᠵᠢᠯᠯᠠᠭ᠎ᠠ᠎ᠶ᠋ᠢ ᠬᠤᠪᠢᠷᠠᠭᠤᠯᠬᠤ᠎ᠳᠤ ᠣᠷᠣᠱᠢᠨ᠎ᠠ᠃ ᠬᠢᠩᠭᠠᠨ ᠠᠢᠮᠠᠭ᠎ᠤᠨ ᠦ᠋ ᠴᠠ ᠭᠸᠤ ᠤᠢ ᠱᠢᠭᠤᠢ᠎ᠶ᠋ᠢᠨ ᠲᠣᠪᠴᠢᠶ᠎ᠠ᠎ᠶ᠋ᠢᠨ ᠪᠠᠢᠭᠠᠯᠢ᠎ᠶ᠋ᠢᠨ ᠤᠢ ᠱᠢᠭᠤᠢ᠎ᠶ᠋ᠢᠨ ᠬᠠᠮᠠᠭᠠᠯᠠᠯᠲᠠ᠎ᠶ᠋ᠢᠨ ᠠᠯᠪᠠᠨ ᠭᠡᠷ᠎ᠦᠨ ᠡᠷᠬᠢᠯᠡᠭ᠌ᠴᠢ ᠾᠧᠦ ᠮᠸᠩ ᠶᠣᠣ ᠬᠢᠴᠢᠶᠡᠯ᠎ᠦᠨ ᠭᠡᠷ᠎ᠡᠴᠡ ᠤᠶᠤᠨ ᠰᠠᠨᠠᠭᠠᠨ᠎ᠤ ᠪᠠᠢᠷᠢᠱᠢᠯ ᠪᠣᠯᠤᠨ ᠠᠮᠢ ᠠᠬᠤᠢ᠎ᠶ᠋ᠢᠨ ᠡᠭᠦᠷᠭᠡ ᠬᠠᠷᠢᠭᠤᠴᠠᠯᠭ᠎ᠠ᠎ᠶ᠋ᠢᠨ ᠬᠠᠮᠲᠤ᠎ᠶ᠋ᠢᠨ ᠲᠤᠰᠭᠠᠯ᠎ᠢᠶᠠᠨ ᠤᠯᠪᠠ; 《ᠨᠤᠮᠢᠨ ᠤᠰᠤ ᠬᠦᠭᠡᠮᠳᠦᠭ ᠠᠭᠤᠯᠠ᠎ᠶ᠋ᠢ ᠰᠠᠬᠢᠨ ᠬᠠᠮᠠᠭᠠᠯᠠᠵᠤ᠂ ᠠᠮᠢ ᠠᠬᠤᠢ᠎ᠶ᠋ᠢᠨ ᠬᠠᠮᠠᠭᠠᠯᠠᠯᠲᠠ᠎ᠶ᠋ᠢ ᠠᠬᠢᠭᠤᠯᠬᠤ᠎ᠳᠤ ᠮᠣᠩᠭᠣᠯ ᠮᠣᠷᠢ ᠱᠢᠭ᠋ ᠵᠣᠷᠢᠬᠰᠡᠨ᠎ᠳᠠᠭᠠᠨ ᠬᠦᠷᠬᠦ᠌ ᠦᠭᠡᠢ ᠪᠣᠯ ᠪᠤᠴᠠᠬᠤ ᠦᠭᠡᠢ ᠪᠠᠢᠬᠤ ᠬᠠᠳᠠᠨ ᠵᠣᠷᠢᠭ ᠱᠠᠭᠠᠷᠳᠠᠭ᠍ᠳᠠᠨ᠎ᠠ! ᠪᠢ ᠡᠨᠡ ᠬᠦ᠌ ᠵᠣᠷᠢᠭ ᠰᠠᠨᠠᠭ᠎ᠠ᠎ᠶ᠋ᠢ ᠦᠢᠯᠡᠳᠦᠯᠭᠡ᠎ᠳᠦ ᠭᠦᠨᠵᠡᠭᠡᠢ ᠠᠭᠤᠰᠤᠯᠴᠠᠭᠤᠯᠵᠤ᠂ ᠡᠭᠦᠨ᠎ᠦ ᠳᠤᠮᠳᠠ᠎ᠡᠴᠡ ᠤᠷᠤᠭ᠍ᠰᠢᠯᠠᠨ ᠳᠠᠪᠱᠢᠬᠤ ᠬᠦᠴᠦᠨ ᠴᠢᠳᠠᠯ ᠣᠯᠵᠤ᠂ ᠪᠣᠳᠠᠲᠤ ᠠᠵᠢᠯᠯᠠᠭ᠎ᠠ᠎ᠪᠠᠷ᠎ᠢᠶᠠᠨ ᠱᠢᠨ᠎ᠡ ᠴᠠᠭ ᠦᠶ᠎ᠡ᠎ᠶ᠋ᠢᠨ ᠤᠢ ᠱᠢᠭᠤᠢ᠎ᠶ᠋ᠢᠨ ᠠᠵᠢᠯᠳᠠᠨ ᠤ᠋ ᠡᠭᠦᠷᠭᠡ ᠬᠠᠷᠢᠭᠤᠴᠠᠯᠭ᠎ᠠ᠎ᠶ᠋ᠢ ᠦᠢᠯᠡᠳᠦᠯᠭᠡᠵᠢᠭᠦᠯᠦᠨ᠎ᠡ》᠃ ᠡᠨᠡ ᠬᠦ᠌ ᠴᠠᠭ ᠮᠥᠴᠡ᠎ᠳᠦ᠂ ᠵᠣᠷᠢᠭ ᠰᠠᠨᠠᠭ᠎ᠠ ᠨᠢ ᠨᠢᠭᠡᠨᠲᠡ ᠬᠢᠴᠢᠶᠡᠯ᠎ᠦᠨ ᠲᠠᠩᠬᠢᠮ᠎ᠡᠴᠡ ᠦᠷᠭᠡᠵᠢᠵᠤ᠂ ᠺᠠᠳ᠋ᠷ᠎ᠤᠨ ᠬᠦᠴᠢᠷ᠎ᠢ ᠲᠤᠭᠤᠯᠤᠨ ᠪᠡᠷᠬᠡ᠎ᠶ᠋ᠢ ᠳᠠᠪᠠᠬᠤ ᠳᠣᠲᠣᠭᠠᠳᠤ ᠬᠥᠳᠡᠯᠭᠡᠬᠦ᠌ ᠬᠦᠴᠦᠨ ᠪᠣᠯᠤᠬᠰᠡᠨ ᠪᠠᠢᠨ᠎ᠠ᠃

ᠡᠨᠡ ᠬᠦ᠌ ᠬᠢᠴᠢᠶᠡᠯ᠎ᠦᠨ ᠭᠡᠷ ᠨᠢ ᠬᠢᠩᠭᠠᠨ ᠠᠢᠮᠠᠭ᠎ᠤᠨ ᠺᠠᠳ᠋ᠷ᠎ᠤᠨ ᠡᠭᠦᠷᠭᠡᠯᠡᠯ᠎ᠢ ᠳᠠᠪᠲᠠᠨ ᠪᠣᠯᠪᠠᠰᠤᠷᠠᠭᠤᠯᠬᠤ ᠴᠣ ᠱᠢᠨ᠎ᠡ ᠪᠤᠯᠪᠠᠰᠤᠷᠠᠯ ᠎ᠤᠨ ᠲᠠᠯᠠᠪᠠᠢ ᠪᠣᠯᠵᠠᠢ᠃ ᠬᠢᠩᠭᠠᠨ ᠠᠢᠮᠠᠭ᠎ᠤᠨ ᠨᠠᠮ᠎ᠤᠨ ᠬᠣᠷᠢᠶ᠎ᠠ ᠵᠢᠨ ᠨᠠᠮ᠎ᠤᠨ ᠰᠤᠷᠭᠠᠭᠤᠯᠢ᠎ᠶ᠋ᠢᠨ ᠪᠠᠢᠩᠭᠤ᠎ᠶ᠋ᠢᠨ ᠳᠡᠳ᠋ ᠵᠠᠬᠢᠷᠤᠯ ᠳ᠋ᠦ᠋ ᠱᠢᠨ᠂ 《ᠮᠣᠩᠭᠣᠯ ᠮᠣᠷᠢᠨ᠎ᠤ ᠵᠣᠷᠢᠭ ᠰᠠᠨᠠᠭ᠎ᠠ》 ᠭᠤᠤᠯ ᠰᠡᠳᠦᠪᠲᠦ ᠬᠢᠴᠢᠶᠡᠯ᠎ᠦᠨ ᠬᠡᠷ᠎ᠨᠢ ᠤᠯᠠᠮᠵᠢᠯᠠᠯᠲᠤ ᠬᠢᠴᠢᠶᠡᠯ᠎ᠦᠨ ᠲᠠᠩᠬᠢᠮ᠎ᠤᠨ ᠳᠠᠬᠢᠨ ᠪᠠᠢᠭᠤᠯᠤᠯᠳᠠ ᠪᠢᠰᠢ᠂ ᠬᠠᠷᠢᠨ ᠬᠢᠩᠭᠠᠨ ᠠᠢᠮᠠᠭ᠎ᠤᠨ ᠨᠠᠮ᠎ᠤᠨ ᠬᠣᠷᠢᠶ᠎ᠠ ᠬᠦᠴᠦᠨ᠎ᠢᠶᠡᠨ ᠲᠥᠪᠯᠡᠷᠡᠭᠦᠯᠦᠨ ᠪᠠᠢᠭᠤᠯᠤᠭ᠍ᠰᠠᠨ ᠬᠦᠨᠵᠡᠭᠡᠢ ᠪᠠᠶᠠᠴᠢᠯᠡᠨ ᠤᠢᠯᠠᠭᠠᠬᠤ ᠮᠠᠶᠢᠭ᠎ᠤᠨ᠂ ᠬᠠᠷᠢᠯᠴᠠᠨ ᠬᠤᠷᠰᠢᠯᠴᠠᠬᠤ ᠮᠠᠶᠢᠭ᠎ᠤᠨ᠂ ᠪᠡᠶᠡᠴᠢᠯᠡᠨ ᠣᠢᠯᠠᠭᠠᠬᠤ ᠮᠠᠶᠢᠭ᠎ᠤᠨ ᠺᠠᠳ᠋ᠷ᠎ᠢ ᠬᠥᠮᠦᠵᠢᠭᠦᠯᠦᠨ ᠪᠣᠯᠪᠠᠰᠤᠷᠠᠭᠤᠯᠬᠤ ᠲᠠᠯᠠᠪᠤᠷ ᠪᠣᠯᠤᠨ᠎ᠠ᠂ ᠡᠭᠦᠨ᠎ᠢᠶᠡᠷ ᠲᠠᠪᠴᠠᠩ ᠪᠣᠯᠭᠠᠵᠤ ᠨᠠᠮ᠎ᠤᠨ ᠭᠡᠱᠢᠭᠦᠨ ᠺᠠᠳ᠋ᠷ ᠣᠯᠠᠨ ᠲᠦᠮᠡᠨ᠎ᠳᠦ ᠮᠣᠩᠭᠣᠯ ᠮᠣᠷᠢᠨ᠎ᠤ ᠵᠣᠷᠢᠭ ᠰᠠᠨᠠᠭᠠᠨ᠎ᠤ ᠬᠥᠮᠦᠵᠢᠯ ᠪᠠ ᠨᠠᠮᠴᠢ ᠴᠢᠨᠠᠷ᠎ᠤᠨ ᠬᠥᠮᠦᠵᠢᠯ ᠥᠷᠨᠢᠭᠦᠯᠦᠨ᠎ᠡ᠃ ᠲᠡᠭᠦᠨ᠎ᠦ ᠬᠥᠮᠦᠨ᠎ᠢ ᠬᠥᠮᠦᠵᠢᠭᠦᠯᠬᠦ᠌ ᠦᠷ᠎ᠡ ᠪᠦᠲᠦᠮᠵᠢ ᠨᠢ ᠨᠢᠭᠡᠨᠲᠡ ᠨᠠᠮ᠎ᠤᠨ ᠰᠤᠷᠭᠠᠭᠤᠯᠢ᠂ ᠨᠡᠢᠭᠡᠮ ᠵᠢᠷᠤᠮ᠎ᠤᠨ ᠳᠡᠭᠡᠳᠦ ᠰᠤᠷᠭᠠᠭᠤᠯᠢ᠎ᠶ᠋ᠢᠨ ᠡᠯ᠎ᠡ ᠲᠥᠷᠥᠯ᠎ᠦᠨ ᠪᠣᠯᠪᠠᠰᠤᠷᠠᠯ᠎ᠤᠨ ᠠᠩᠭᠢ᠎ᠶ᠋ᠢᠨ ᠵᠠᠪᠠᠯ ᠰᠤᠷᠬᠤ ᠬᠢᠴᠢᠶᠡᠯ᠎ᠳᠦ ᠵᠢᠭ᠍ᠰᠠᠭᠠᠭ᠍ᠳᠠᠭ᠍ᠰᠠᠨ᠎ᠪᠦᠭᠡᠳ ᠨᠠᠩ ᠴᠤ᠌ ᠥᠪᠥᠷ ᠮᠣᠩᠭᠣᠯ᠎ᠤᠨ ᠨᠡᠢᠭᠡᠮ ᠵᠢᠷᠤᠮ᠎ᠤᠨ ᠳᠡᠭᠡᠳᠦ ᠰᠤᠷᠭᠠᠭᠤᠯᠢ᠎ᠶ᠋ᠢᠨ ᠠᠩᠬᠠᠳᠠᠭ᠍ᠴᠢ ᠪᠦᠯᠦᠭ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠦᠶ᠋ᠯᠡᠳᠦᠯᠭᠡ᠎ᠶ᠋ᠢᠨ ᠵᠢᠭᠠᠨ ᠰᠤᠷᠭᠠᠯᠲᠠ᠎ᠶ᠋ᠢᠨ ᠰᠠᠭᠤᠷᠢᠨ ᠪᠠ ᠲᠤᠬᠠᠶ᠎ᠶ᠋ᠢᠨ ᠲᠠᠯᠠᠪᠠᠶ᠎ᠶ᠋ᠢᠨ ᠵᠢᠭᠠᠨ ᠰᠤᠷᠭᠠᠯᠲᠠ᠎ᠶ᠋ᠢᠨ ᠴᠡᠭ᠎ᠢᠶᠡᠷ ᠲᠣᠭ᠍ᠲᠠᠭᠠᠭ᠍ᠳᠠᠵᠠᠢ ᠭᠡᠵᠤ ᠢᠯᠡᠳᠭᠡᠪᠡ᠃

ᠭᠣᠣᠯ ᠰᠡᠳᠦᠪᠲᠦ ᠬᠢᠴᠢᠶᠡᠯ᠎ᠦᠨ ᠭᠡᠷ᠎ᠨᠢ ᠤᠯᠤᠰ ᠲᠥᠷᠥᠴᠢ ᠴᠢᠨᠠᠷ᠂ ᠦᠵᠡᠯ ᠰᠠᠨᠠᠭᠠᠴᠢ ᠴᠢᠨᠠᠷ᠂ ᠮᠡᠳᠡᠯᠭᠡᠴᠢ ᠴᠢᠨᠠᠷ ᠪᠠ ᠰᠣᠨᠢᠷᠬᠠᠯᠲᠤ ᠴᠢᠨᠠᠷ ᠢ᠋ ᠤᠷᠠᠯᠢᠭ᠎ᠢᠶᠠᠷ ᠠᠭᠤᠰᠤᠯᠴᠠᠭᠤᠯᠵᠤ᠂ ᠠᠢᠮᠠᠭ᠎ᠤᠨ ᠱᠢᠭᠤᠳ ᠬᠠᠷᠢᠶ᠎ᠠ ᠪᠠᠢᠭᠤᠯᠭ᠎ᠠ᠂ ᠮᠠᠯᠵᠢᠬᠤ ᠲᠠᠷᠢᠶᠠᠯᠠᠬᠤ ᠣᠷᠣᠨ᠂ ᠬᠣᠲᠠ᠎ᠶ᠋ᠢᠨ ᠨᠡᠢᠭᠡᠮ ᠲᠣᠭᠣᠷᠢᠭ᠂ ᠠᠵᠤ ᠠᠬᠤᠢᠯᠠᠯ ᠠᠵᠢᠯ ᠦᠢᠯᠡᠰ᠎ᠦᠨ ᠨᠢᠭᠡᠴᠢ᠂ ᠱᠢᠨ᠎ᠡ᠎ᠪᠡᠷ ᠮᠠᠨᠳᠤᠭ᠍ᠰᠠᠨ ᠬᠦᠷᠢᠶ᠎ᠡ ᠴᠠᠷᠠᠭ᠎ᠠ ᠵᠡᠷᠭᠡ ᠣᠯᠠᠨ ᠬᠦᠷᠢᠶ᠎ᠡ ᠴᠠᠷᠠᠭ᠎ᠠ᠎ᠶ᠋ᠢᠨ ᠬᠥᠮᠦᠰ᠎ᠢ ᠨᠠᠷᠢᠯᠢᠭ ᠣᠨᠣᠪᠴᠢᠲᠠᠢ᠎ᠪᠠᠷ ᠬᠠᠮᠤᠷᠴᠤ᠌᠂ ᠡᠯ᠎ᠡ ᠦᠨᠳᠦᠰᠦᠲᠡᠨ ᠡᠯ᠎ᠡ ᠡᠲᠡᠭᠡᠳ᠎ᠦᠨ ᠺᠠᠳ᠋ᠷ ᠣᠯᠠᠨ ᠲᠦᠮᠡᠨ᠎ᠢ ᠨᠥᠯᠥᠭᠡᠯᠡᠨ ᠳᠠᠢᠴᠢᠯᠠᠵᠤ᠂ ᠬᠣᠶᠠᠷ ᠶᠡᠬᠡ ᠶᠠᠪᠤᠳᠠᠯ᠎ᠢ ᠰᠠᠢᠲᠤᠷ ᠬᠢᠵᠦ᠍᠂ 《ᠱᠢᠨ᠎ᠡ ᠵᠠᠮ ᠨᠡᠭᠡᠭᠡᠵᠦ᠂ ᠳᠤᠮᠳᠠ ᠲᠦᠪᠰᠢᠨ᠎ᠳᠦ ᠣᠷᠣᠬᠤ》 ᠬᠠᠷᠠᠯᠲᠠ᠎ᠶ᠋ᠢ ᠴᠢᠷᠮᠠᠢᠨ ᠪᠡᠶᠡᠯᠡᠭᠦᠯᠬᠦ᠌᠎ᠳᠦ ᠬᠦᠴᠦᠷᠬᠡᠭ ᠶᠡᠬᠡ ᠣᠶᠤᠨ ᠰᠠᠨᠠᠭᠠᠨ᠎ᠤ ᠬᠥᠳᠡᠯᠭᠡᠬᠦ᠌ ᠬᠦᠴᠦᠨ ᠨᠡᠮᠡᠷᠢᠯᠡᠪᠡ᠃ ᠬᠢᠴᠢᠶᠡᠯ ᠡᠬᠢᠯᠡᠭ᠌ᠰᠡᠨ᠎ᠡᠴᠡ ᠣᠲᠣ ᠪᠣᠯᠲᠠᠯ᠎ᠠ᠂ ᠨᠢᠭᠡᠨᠲᠡ 129 ᠠᠩᠭᠢ ᠤᠳᠠᠭ᠎ᠠ᠎ᠶ᠋ᠢᠨ ᠲᠤᠬᠠᠶ᠎ᠶ᠋ᠢᠨ ᠲᠠᠯᠠᠪᠠᠶ᠎ᠶ᠋ᠢᠨ ᠵᠢᠭᠠᠨ ᠰᠤᠷᠭᠠᠯᠲᠠ᠎ᠶ᠋ᠢ ᠭᠥᠯᠢᠶᠡᠨ ᠠᠪᠴᠤ᠌᠂ 283 ᠨᠢᠭᠡᠴᠢ 《ᠲᠤᠷᠰᠢᠯᠭ᠎ᠠ ᠰᠤᠷᠤᠯᠴᠠᠬᠤ》 ᠪᠡᠷ ᠢᠷᠡᠵᠦ᠍᠂ ᠨᠡᠢᠲᠡ 2.2 ᠲᠦᠮᠡᠨ ᠬᠥᠮᠦᠨ ᠤᠳᠠᠭ᠎ᠠ ᠪᠣᠯᠪᠠᠰᠤᠷᠠᠭᠤᠯᠵᠤ᠂ ᠭᠤᠤᠯ ᠰᠡᠳᠦᠪᠲᠦ ᠬᠢᠴᠢᠶᠡᠯ᠎ᠦᠨ ᠬᠡᠷ᠎ᠦᠨ 《ᠬᠥᠭ᠌ᠵᠢᠶᠡᠨᠲᠡᠶ ᠪᠣᠯᠬᠤ》᠂ ᠤᠬᠠᠭᠤᠯᠤᠨ ᠲᠠᠢᠯᠪᠤᠷᠢᠯᠠᠯᠲᠠ 《ᠠᠮᠢᠳᠤᠯᠢᠭ ᠪᠣᠯᠬᠤ》᠂ ᠣᠶᠤᠨ ᠰᠠᠨᠠᠭᠠᠨ᠎ᠤ ᠬᠥᠮᠦᠵᠢᠯ 《ᠥᠷᠨᠢᠨᠭᠭᠦᠢ ᠪᠤᠯᠬᠤ》 ᠵᠢ ᠦᠨᠡᠨ ᠬᠦ᠌ ᠪᠡᠶᠡᠯᠡᠭᠦᠯᠪᠡ᠃

ᠢᠷᠡᠭᠡᠳᠦᠶ᠎ᠳᠦ ᠬᠠᠨᠳᠤᠭᠤᠯᠤᠨ᠂ ᠬᠢᠩᠭᠠᠨ ᠠᠢᠮᠠᠭ᠎ᠤᠨ ᠨᠠᠮ᠎ᠤᠨ ᠬᠣᠷᠢᠶ᠎ᠠ᠎ᠶᠢᠨ ᠵᠣᠬᠢᠶᠠᠨ ᠪᠠᠢᠭᠤᠯᠬᠤ ᠬᠡᠯᠲᠡᠰ᠎ᠦᠨ ᠳᠡᠳ᠋ ᠳᠠᠷᠤᠭ᠎ᠠ ᠸᠠᠩ ᠳ᠋ᠠ ᠢ᠄ 《ᠪᠢᠳᠡ 〈ᠵᠣᠷᠢᠭ ᠰᠠᠨᠠᠭ᠎ᠠ᠎ᠶ᠋ᠢ ᠤᠯᠠᠮᠵᠢᠯᠠᠨ ᠵᠠᠯᠭᠠᠮᠵᠢᠯᠠᠬᠤ᠂ ᠬᠥᠭ᠌ᠵᠢᠯᠲᠡ᠎ᠳᠦ ᠬᠦᠴᠦᠨ ᠤᠯᠭᠤᠬᠤ〉 ᠭᠤᠤᠯ ᠱᠢᠵᠢᠮ᠎ᠲᠡᠶ ᠨᠢᠭ᠍ᠲᠠ ᠤᠶᠠᠯᠳᠤᠭᠤᠯᠤᠨ᠂ 〈ᠮᠣᠩᠭᠣᠯ ᠮᠣᠷᠢᠨ᠎ᠤ ᠵᠣᠷᠢᠭ ᠰᠠᠨᠠᠭ᠎ᠠ〉 ᠭᠤᠤᠯ ᠰᠡᠳᠦᠪᠲᠦ ᠬᠢᠴᠢᠶᠡᠯ᠎ᠦᠨ ᠬᠡᠷ᠎ᠢᠶᠡᠷ ᠭᠤᠤᠯ ᠵᠢᠭ᠍ᠰᠠᠭᠠᠯ᠎ᠤᠨ ᠭᠠᠵᠠᠷ ᠪᠣᠯᠭᠠᠵᠤ᠂ ᠣᠯᠠᠨ ᠲᠠᠯ᠎ᠠ ᠪᠠᠷ ᠬᠦᠴᠦᠯᠡᠵᠦ᠍᠂ ᠣᠨᠣᠯ᠎ᠤᠨ ᠲᠠᠢᠯᠪᠤᠷᠢᠯᠠᠯᠲᠠ ᠪᠠ ᠵᠣᠷᠢᠭ ᠰᠠᠨᠠᠭᠠᠨ᠎ᠤ ᠳᠣᠲᠣᠭᠠᠳᠤ ᠡᠯᠸᠮᠸᠨ᠋ᠲ᠎ᠤᠨ ᠬᠥᠮᠦᠵᠢᠯ᠎ᠢ ᠭᠦᠨᠵᠡᠭᠡᠢᠷᠡᠭᠦᠯᠦᠨ᠎ᠡ᠃ ᠡᠭᠦᠨ᠎ᠦ ᠬᠠᠮᠲᠤ᠂ ᠣᠳᠣᠬᠠᠨ᠎ᠤ ᠭᠦᠨᠵᠡᠭᠡᠶ ᠥᠷᠨᠢᠭᠦᠯᠵᠦ᠍ ᠪᠠᠢᠭ᠎ᠠ ᠰᠤᠷᠤᠯᠴᠠᠯᠭ᠎ᠠ ᠬᠥᠮᠦᠵᠢᠯ᠎ᠲᠡᠶ ᠤᠶᠠᠯᠳᠤᠭᠤᠯᠵᠤ᠂ 〈ᠪᠠᠷᠢᠮᠵᠢᠶᠠᠯᠠᠨ ᠴᠢᠳᠠᠪᠤᠷᠢ᠎ᠪᠠᠨ ᠳᠡᠭᠡᠭ᠌ᠰᠢᠯᠡᠭᠦᠯᠬᠦ᠌〉 ᠠᠵᠢᠯᠯᠠᠭ᠎ᠠ᠎ᠶ᠋ᠢ ᠬᠡᠷᠡᠭ᠌ᠵᠢᠭᠦᠯᠵᠦ᠍᠂ ᠥᠷᠭᠡᠨ ᠣᠯᠠᠨ ᠺᠠᠳ᠋ᠷ᠎ᠢ ᠵᠣᠷᠢᠭ᠍ᠵᠢᠭᠤᠯᠤᠨ ᠬᠦᠴᠢᠷ᠎ᠢ ᠳᠤᠭᠤᠯᠤᠨ ᠪᠡᠷᠬᠡ᠎ᠶ᠋ᠢ ᠳᠠᠪᠠᠬᠤ ᠳᠤᠮᠳᠠ ᠴᠤᠴᠠᠯᠲᠠ ᠥᠬᠡᠶ ᠤᠷᠤᠭ᠍ᠰᠢᠯᠠᠬᠤ ᠮᠣᠩᠭᠣᠯ ᠮᠣᠷᠢᠨ᠎ᠤ ᠵᠣᠷᠢᠭ ᠰᠠᠨᠠᠭ᠎ᠠ᠎ᠶ᠋ᠢ ᠦᠶ᠋ᠯᠡᠳᠦᠯᠭᠡᠵᠢᠭᠦᠯᠵᠦ᠍᠂ ᠪᠣᠳᠠᠲᠠᠶ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ᠌ ᠱᠢᠯᠭᠠᠷᠠᠭ᠍ᠰᠠᠨ ᠰᠤᠷᠲᠠᠯ᠎ᠢ ᠳᠠᠪᠲᠠᠨ ᠪᠣᠯᠪᠠᠰᠤᠷᠠᠭᠤᠯᠤᠨ᠎ᠠ᠃ ᠮᠣᠩᠭᠣᠯ ᠮᠣᠷᠢᠨ᠎ᠤ ᠵᠣᠷᠢᠭ ᠰᠠᠨᠠᠭ᠎ᠠ᠎ᠶ᠋ᠢ ᠱᠢᠨ᠎ᠡ ᠴᠠᠭ ᠦᠶ᠎ᠡ᠎ᠶ᠋ᠢᠨ ᠡᠯ᠎ᠡ ᠵᠦᠶ᠋ᠯ᠎ᠦᠨ ᠠᠵᠢᠯ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢᠨ ᠭᠤᠤᠯ ᠲᠡᠢᠨ᠎ᠦ ᠲᠠᠯᠠᠪᠤᠷ᠎ᠲᠤ ᠱᠢᠨ᠎ᠡ ᠦᠷᠨᠢᠯ ᠬᠦᠭᠵᠢᠯ ᠪᠠ ᠠᠮᠢᠵᠢᠷᠠᠯ᠎ᠤᠨ ᠬᠦᠴᠦᠨ᠎ᠲᠡᠶ ᠪᠣᠯᠭᠠᠶ᠎ᠠ! 》 ᠭᠡᠵᠦ ᠪᠠᠲᠤ ᠴᠢᠨᠭᠭ᠎ᠠ ᠬᠡᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号