ᠪᠠᠭᠠᠷᠢᠨ ᠵᠡᠭᠦᠨ ᠬᠣᠱᠢᠭᠤ 《ᠴᠠᠬᠢᠯᠭᠠᠨ ᠵᠢᠡᠷ ᠤᠰᠤ ᠶ᠋ᠢ ᠡᠵᠡᠮᠳᠡᠵᠦ᠍》 ᠲᠠᠷᠢᠶᠠᠯᠠᠩ ᠤ᠋ᠨ ᠤᠰᠤ ᠠᠷᠪᠢᠯᠠᠬᠤ ᠡᠷᠴᠢᠮ ᠵᠢᠡᠨ ᠴᠢᠩᠭᠠᠷᠠᠭᠤᠯᠤᠨ᠎ᠠ
2025-06-04 09:22:42
ᠵᠣᠬᠢᠶᠠᠭ᠍ᠴᠢ᠄
ᠱᠢᠶᠤᠤ ᠯᠦ᠍
ᠣᠩᠱᠢᠭ᠍ᠰᠠᠨ ᠣᠳᠠᠭ᠎ᠠ᠄
★★★☆☆

《ᠤᠰᠤᠯᠠᠬᠤ ᠳ᠋ᠤ ᠬᠡᠳᠦᠶ ᠤᠰᠤ ᠬᠡᠷᠡᠭ᠌ᠯᠡᠭ᠌ᠰᠡᠨ ᠢ᠋ ᠮᠡᠳᠡᠶ᠎ᠡ ᠭᠡᠪᠡᠯ ᠴᠠᠬᠢᠯᠭᠠᠨ ᠬᠡᠮᠵᠢᠭᠦᠷ ᠬᠡᠳᠦᠶ ᠴᠠᠬᠢᠯᠭᠠᠨ ᠬᠡᠷᠡᠭ᠌ᠯᠡᠭ᠌ᠰᠡᠨ ᠢ᠋ ᠦᠵᠡᠪᠡᠯ ᠪᠣᠯᠴᠢᠬᠠᠨ᠎ᠠ᠂ ᠡᠨᠡ ᠠᠷᠭ᠎ᠠ ᠳᠥᠭᠥᠮ ᠪᠦᠭᠡᠳ ᠨᠠᠢᠳᠠᠪᠤᠷᠢᠲᠠᠢ》 ᠭᠡᠵᠦ᠍ 5 ᠰᠠᠷ᠎ᠠ ᠵᠢᠨ 15 ᠤ᠋ ᠡᠳᠦᠷ᠂ ᠤᠯᠠᠭᠠᠨᠬᠠᠳᠠ ᠬᠣᠲᠠ ᠵᠢᠨ ᠪᠠᠭᠠᠷᠢᠨ ᠵᠡᠭᠦᠨ ᠬᠣᠱᠢᠭᠤᠨ ᠤ᠋ ᠬᠤᠸᠠ ᠵᠢᠯᠠᠭ᠎ᠠ ᠱᠢᠶᠠᠩ ᠤ᠋ᠨ ᠱᠢᠶᠤᠤ ᠶᠢᠩᠽᠢ ᠲᠣᠰᠭᠣᠨ ᠤ᠋ ᠠᠷᠠᠳ ᠸᠠᠩ ᠱ᠌ᠢ ᠵᠢᠶᠦ᠋ᠨ ᠬᠡᠯᠡᠨ᠎ᠡ᠃

ᠸᠠᠩ ᠱ᠌ᠢ ᠵᠢᠶᠦ᠋ᠨ ᠤ᠋ ᠬᠡᠯᠡᠭ᠌ᠰᠡᠨ 《ᠰᠠᠢᠨ ᠠᠷᠭ᠎ᠠ》 ᠪᠣᠯ ᠳᠠᠷᠤᠢ 《ᠴᠠᠬᠢᠯᠭᠠᠨ ᠵᠢᠡᠷ ᠤᠰᠤ ᠶ᠋ᠢ ᠨᠤᠭᠤᠯᠤᠨ ᠪᠤᠳᠤᠬᠤ》 ᠪᠡᠷ ᠤᠰᠤ ᠬᠡᠷᠡᠭᠯᠡᠭᠰᠡᠨ ᠬᠡᠮᠵᠢᠶ᠎ᠡ ᠶ᠋ᠢ ᠬᠡᠮᠵᠢᠬᠦ᠌ ᠪᠠ 《ᠴᠠᠬᠢᠯᠭᠠᠨ ᠵᠢᠡᠷ ᠤᠰᠤ ᠶ᠋ᠢ ᠡᠵᠡᠮᠳᠡᠬᠦ᠌》 ᠬᠠᠮᠢᠶᠠᠷᠤᠯᠲᠠ ᠵᠢᠨ ᠵᠠᠭ᠍ᠪᠤᠷ ᠪᠣᠯᠤᠨ᠎ᠠ᠂ ᠪᠠᠭᠠᠷᠢᠨ ᠵᠡᠭᠦᠨ ᠬᠣᠱᠢᠭᠤ ᠲᠠᠷᠢᠶᠠᠯᠠᠩ ᠤ᠋ᠨ ᠤᠰᠤᠨ ᠤ᠋ ᠦᠨ᠎ᠡ ᠵᠢᠨ ᠶᠡᠷᠦᠩᠬᠡᠢᠯᠡᠭ᠌ᠰᠡᠨ ᠥᠭᠡᠷᠡᠴᠢᠯᠡᠯᠲᠡ ᠶ᠋ᠢ ᠨᠢᠭᠡ ᠵᠦᠶ᠋ᠯ ᠤ᠋ᠨ ᠴᠢᠬᠤᠯᠠ ᠠᠵᠢᠯ ᠪᠣᠯᠭᠠᠨ᠂ ᠥᠨᠳᠥᠷ ᠪᠡᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢᠭᠤᠯᠤᠯᠳᠠ ᠵᠢ ᠬᠡᠷᠡᠭ᠌ᠵᠢᠭᠦᠯᠦᠭ᠌ᠰᠡᠨ ᠰᠠᠭᠤᠷᠢᠨ ᠳᠡᠭᠡᠷ᠎ᠡ᠂ ᠪᠥᠬᠥ᠌ ᠬᠣᠱᠢᠭᠤᠨ ᠤ᠋ 48 ᠵᠠᠰᠠᠭ ᠵᠠᠬᠢᠷᠭᠠᠨ ᠤ᠋ ᠲᠣᠰᠭᠣᠨ 《ᠴᠠᠬᠢᠯᠭᠠᠨ ᠵᠢᠡᠷ ᠤᠰᠤ ᠶ᠋ᠢ ᠡᠵᠡᠮᠳᠡᠬᠦ᠌》 ᠬᠠᠮᠢᠶᠠᠷᠤᠯᠲᠠ ᠵᠢᠨ ᠵᠠᠭ᠍ᠪᠤᠷ ᠢ᠋ ᠬᠡᠷᠡᠭ᠌ᠵᠢᠭᠦᠯᠵᠦ᠍᠂ ᠤᠰᠤ ᠶ᠋ᠢ ᠠᠷᠪᠢᠯᠠᠵᠤ᠂ ᠤᠰᠤ ᠶ᠋ᠢ ᠠᠮᠢᠳᠤᠯᠢᠬ ᠵᠢᠡᠷ ᠭᠡᠷᠡᠭᠯᠡᠪᠡ᠃

《ᠴᠠᠬᠢᠯᠭᠠᠨ ᠵᠢᠡᠷ ᠤᠰᠤ ᠶ᠋ᠢ ᠨᠤᠭᠤᠯᠤᠨ ᠪᠤᠳᠤᠬᠤ》 ᠠᠷᠭ᠎ᠠ ᠪᠣᠯ ᠤᠰᠤᠯᠠᠯᠲᠠ ᠵᠢᠨ ᠮᠠᠱᠢᠨ ᠬᠤᠳᠳᠤᠭ ᠤ᠋ᠨ ᠴᠠᠬᠢᠯᠭᠠᠨ ᠤ᠋ ᠬᠣᠷᠣᠭ᠍ᠳᠠᠯ ᠢ᠋ ᠬᠡᠮᠵᠢᠵᠦ᠍᠂ ᠤᠰᠤ ᠴᠠᠬᠢᠯᠭᠠᠨ ᠢ᠋ ᠨᠤᠭᠤᠯᠤᠨ ᠪᠤᠳᠤᠬᠤ ᠢᠯᠡᠳᠭᠡᠮᠵᠢ᠎ᠲᠡᠶ ᠤᠶᠠᠯᠳᠤᠭᠤᠯᠤᠨ ᠲᠠᠷᠢᠶᠠᠯᠠᠩ ᠤ᠋ᠨ ᠤᠰᠤᠯᠠᠯᠲᠠ ᠵᠢᠨ ᠤᠰᠤ ᠬᠡᠷᠡᠭ᠌ᠯᠡᠬᠦ᠌ ᠬᠡᠮᠵᠢᠶ᠎ᠡ ᠶ᠋ᠢ ᠲᠥᠰᠦᠭᠡᠯᠡᠨ ᠪᠤᠳᠤᠬᠤ ᠮᠡᠷᠭᠡᠵᠢᠯ ᠤ᠋ᠨ ᠠᠷᠭ᠎ᠠ ᠪᠣᠯᠤᠨ᠎ᠠ᠃ ᠦᠭᠡᠷ᠎ᠡ ᠪᠡᠷ ᠬᠡᠯᠡᠪᠡᠯ᠂ ᠲᠣᠰᠭᠣᠨ ᠤ᠋ ᠠᠷᠠᠳ ᠬᠡᠳᠦᠶ ᠤᠰᠤ ᠬᠡᠷᠡᠭ᠌ᠯᠡᠭ᠌ᠰᠡᠨ ᠢ᠋ ᠮᠡᠳᠡᠶ᠎ᠡ ᠭᠡᠪᠡᠯ ᠴᠠᠬᠢᠯᠭᠠᠨ ᠬᠡᠮᠵᠢᠭᠦᠷ ᠤ᠋ᠨ ᠬᠡᠳᠦᠶ ᠴᠠᠬᠢᠯᠭᠠᠨ ᠬᠡᠷᠡᠭ᠌ᠯᠡᠭ᠌ᠰᠡᠨ ᠢ᠋ ᠦᠵᠡᠪᠡᠯ ᠪᠣᠯᠴᠢᠬᠠᠨ᠎ᠠ᠃

《ᠮᠠᠨ ᠤ᠋ 70 ᠮᠦ᠍ ᠡᠷᠳᠡᠨᠢ ᠱᠢᠰᠢ ᠵᠢᠨ ᠲᠠᠷᠢᠶ᠎ᠠ᠎ᠲᠠᠶ᠂ ᠬᠠᠪᠤᠷ ᠤ᠋ᠨ ᠤᠰᠤᠯᠠᠯᠲᠠ ᠵᠢᠨ ᠦᠶ᠎ᠡ ᠵᠢᠨ ᠴᠠᠬᠢᠯᠭᠠᠨ ᠤ᠋ ᠰᠦᠢᠳᠭᠡᠯ 500 ᠲᠥᠭᠥᠷᠢᠭ ᠴᠤ᠌ ᠬᠦᠷᠦᠭᠰᠡᠨ ᠦᠭᠡᠢ᠂ ᠮᠠᠨ ᠤ᠋ ᠲᠣᠰᠭᠣᠨ ᠳ᠋ᠤ 0.7ᠲᠥᠭᠥᠷᠢᠭ / ᠭᠷᠠᠳᠦ᠋ᠰ ᠪᠠᠢᠵᠤ᠂ ᠥᠭᠡᠷ᠎ᠡ ᠪᠡᠷ ᠬᠡᠯᠡᠪᠡᠯ 700 ᠭᠠᠷᠤᠢ ᠭᠷᠠᠳᠦ᠋ᠰ ᠤ᠋ᠨ ᠴᠠᠬᠢᠯᠭᠠᠨ ᠬᠡᠷᠡᠭ᠌ᠯᠡᠪᠡ᠃ 〈ᠴᠠᠬᠢᠯᠭᠠᠨ ᠵᠢᠡᠷ ᠤᠰᠤ ᠶ᠋ᠢ ᠨᠤᠭᠤᠯᠤᠨ ᠪᠤᠳᠤᠬᠤ〉 ᠢᠯᠡᠳᠭᠡᠮᠵᠢ ᠪᠡᠷ ᠨᠤᠭᠤᠯᠵᠤ ᠪᠤᠳᠤᠪᠠᠯ᠂ 70 ᠮᠥ᠍ ᠡᠷᠳᠡᠨᠢ ᠱᠢᠰᠢ ᠵᠢᠨ ᠲᠠᠷᠢᠶ᠎ᠠ 1400 ᠪᠣᠰᠣᠭ᠎ᠠ ᠳᠥᠷᠪᠡᠯᠵᠢᠨ ᠮᠧᠲ᠋ᠷ ᠤ᠋ᠨ ᠭᠠᠵᠠᠷ ᠳᠤᠤᠷᠠᠬᠢ ᠤᠰᠤ ᠶ᠋ᠢ ᠬᠡᠷᠡᠭ᠌ᠯᠡᠭ᠌ᠰᠡᠨ᠎ᠲᠡᠶ ᠲᠡᠩᠴᠡᠵᠦ᠍᠂ ᠳᠡᠭᠰᠢᠳᠭᠡᠪᠡᠯ 1 ᠮᠥ᠍ ᠭᠠᠵᠠᠷ ᠢ᠋ ᠤᠰᠤᠯᠠᠬᠤ ᠳ᠋ᠤ ᠵᠥᠪᠬᠡᠨ 20 ᠪᠣᠰᠣᠭ᠎ᠠ ᠳᠥᠷᠪᠡᠯᠵᠢᠨ ᠮᠧᠲ᠋ᠷ ᠤᠰᠤ ᠬᠡᠷᠡᠭ᠌ᠰᠡᠪᠡ᠃ ᠡᠨᠡ ᠠᠷᠭ᠎ᠠ᠎ᠪᠠᠷ ᠨᠡᠯᠢᠶᠡᠳ ᠤᠰᠤ ᠠᠷᠪᠢᠯᠠᠪᠠ》 ᠭᠡᠵᠤ ᠸᠠᠩ ᠱ᠌ᠢ ᠵᠢᠶᠦ᠋ᠨ ᠤᠰᠤ ᠠᠷᠪᠢᠯᠠᠭᠰᠠᠨ ᠲᠤᠬᠠᠢ ᠲᠠᠩᠰᠠ ᠪᠡᠨ ᠪᠤᠳᠤᠪᠠ᠃

ᠬᠤᠸᠠ ᠵᠢᠯᠠᠭ᠎ᠠ ᠱᠢᠶᠠᠩ ᠤ᠋ᠨ ᠱᠢᠶᠤᠤ ᠶᠢᠩᠽᠢ ᠲᠣᠰᠭᠣᠨ ᠪᠣᠯ ᠡᠬᠢ ᠪᠠᠶᠠᠯᠢᠭ ᠤ᠋ᠨ ᠴᠢᠨᠠᠷᠲᠠᠢ ᠤᠰᠤ ᠳᠤᠲᠠᠭ᠍ᠳᠠᠬᠤ ᠨᠡᠢᠲᠡᠯᠢᠭ ᠭᠠᠵᠠᠷ ᠣᠷᠣᠨ ᠪᠣᠯᠤᠨ᠎ᠠ᠂ ᠲᠠᠷᠢᠶᠠᠯᠠᠩ ᠤ᠋ᠨ ᠤᠰᠤᠯᠠᠯᠲᠠ ᠨᠢ ᠭᠣᠣᠯᠳᠠᠭᠤ ᠭᠠᠵᠠᠷ ᠳᠣᠣᠷᠠᠬᠢ ᠤᠰᠤ᠎ᠪᠠᠷ ᠤᠰᠤᠨ ᠰᠤᠷᠪᠤᠯᠵᠢ ᠪᠣᠯᠭᠠᠵᠤ᠂ ᠮᠠᠱᠢᠨ ᠴᠠᠬᠢᠯᠭᠠᠨ ᠬᠤᠳᠳᠤᠭ ᠤ᠋ᠨ ᠴᠡᠭ ᠤᠯᠠᠨ᠂ ᠬᠡᠪᠴᠢᠶ᠎ᠡ ᠥᠷᠭᠡᠨ᠂ ᠬᠠᠮᠢᠶᠠᠷᠤᠯᠲᠠ ᠵᠢᠨ ᠡᠷᠬᠡ ᠲᠠᠷᠠᠬᠠᠢ ᠪᠤᠲᠠᠷᠬᠠᠢ ᠪᠠᠢᠵᠤ᠂ ᠤᠰᠤ ᠲᠠᠲᠠᠬᠤ ᠶ᠋ᠢ ᠬᠠᠮᠢᠶᠠᠷᠤᠨ ᠡᠵᠡᠮᠳᠡᠬᠦ᠌ ᠨᠢ ᠤᠰᠤᠨ ᠤ᠋ ᠡᠬᠢ ᠪᠠᠶᠠᠯᠢᠭ ᠤ᠋ᠨ ᠬᠠᠮᠢᠶᠠᠷᠤᠯᠲᠠ ᠵᠢᠨ ᠡᠮᠵᠡᠭ ᠭᠠᠵᠠᠷ ᠪᠣᠯᠤᠭ᠍ᠰᠠᠭᠠᠷ ᠢᠷᠡᠵᠠᠢ᠃ 2022 ᠣᠨ ᠳ᠋ᠤ᠂ ᠱᠢᠶᠤᠤ ᠶᠢᠩᠽᠢ ᠲᠣᠰᠭᠣᠨ᠎ᠨᠠᠮ ᠤ᠋ᠨ ᠵᠣᠬᠢᠶᠠᠨ ᠪᠠᠢᠭᠤᠯᠤᠯᠲᠠ ᠵᠢᠨ ᠳᠠᠭᠠᠭᠤᠯᠭ᠎ᠠ ᠳᠤᠤᠷ᠎ᠠ᠂ ᠲᠣᠰᠭᠣᠨ ᠤ᠋ ᠠᠷᠠᠳ ᠤ᠋ᠨ ᠲᠥᠯᠥᠭᠡᠯᠡᠭ᠌ᠴᠢᠳ ᠤ᠋ᠨ ᠬᠤᠷᠠᠯ ᠢ᠋ ᠬᠤᠷᠠᠯᠳᠤᠭᠤᠯᠬᠤ᠎ᠪᠠᠷ ᠳᠡᠮᠵᠢᠨ᠂ ᠪᠥᠬᠥ᠌ ᠲᠣᠰᠭᠣᠨ ᠤ᠋ 17 ᠮᠠᠱᠢᠨ ᠴᠠᠬᠢᠯᠭᠠᠨ ᠬᠤᠳᠳᠤᠭ ᠢ᠋ ᠬᠣᠷᠢᠶᠠᠨ ᠠᠪᠴᠤ᠌ ᠲᠣᠰᠭᠣᠨ ᠤ᠋ ᠬᠠᠮᠲᠤ ᠵᠢᠨ ᠨᠢᠭᠡᠳᠦᠯᠲᠡᠶ ᠬᠠᠮᠢᠶᠠᠷᠤᠯᠲᠠ ᠳ᠋ᠤ ᠣᠷᠣᠭᠤᠯᠵᠤ᠂ ᠨᠢᠭᠡ ᠢᠵᠢ ᠲᠦᠷᠢᠮ ᠲᠣᠭ᠍ᠲᠠᠭᠠᠯ ᠲᠣᠭ᠍ᠲᠠᠭᠠᠨ᠂ ᠬᠠᠮᠢᠶᠠᠷᠴᠤ᠌ ᠬᠠᠮᠠᠭᠠᠯᠠᠬᠤ ᠬᠠᠷᠢᠭᠤᠴᠠᠯᠭᠠᠲᠠᠨ ᠲᠣᠭ᠍ᠲᠠᠭᠠᠵᠤ᠂ ᠬᠠᠮᠢᠶᠠᠷᠴᠤ᠌ ᠬᠠᠮᠠᠭᠠᠯᠠᠬᠤ ᠬᠡᠯᠡᠯᠴᠡᠭᠡᠷ ᠲᠣᠭ᠍ᠲᠠᠪᠠ᠃

《ᠮᠠᠨ ᠤ᠋ ᠲᠤᠰᠬᠤᠨ ᠤᠰᠤᠨ ᠬᠥᠭᠡᠷᠭᠡ ᠵᠢᠨ ᠤᠰᠤ ᠲᠠᠲᠠᠬᠤ ᠬᠡᠮᠵᠢᠶ᠎ᠡ ᠶ᠋ᠢ ᠦᠨᠳᠦᠰᠦᠯᠡᠨ᠂ ᠤᠰᠤᠯᠠᠯᠲᠠ ᠵᠢᠨ ᠲᠠᠯᠠᠪᠠᠢ ᠶ᠋ᠢ ᠬᠢᠨᠠᠨ ᠲᠣᠭ᠍ᠲᠠᠭᠠᠵᠤ᠂ ᠤᠰᠤᠯᠠᠯᠲᠠ ᠵᠢᠨ ᠬᠡᠰᠡᠭ ᠣᠷᠣᠨ ᠢ᠋ ᠵᠠᠭᠠᠭ᠍ᠯᠠᠨ ᠲᠣᠭ᠍ᠲᠠᠭᠠᠵᠤ᠂ ᠵᠦᠢ ᠵᠣᠬᠢᠰᠲᠠᠢ᠎ᠪᠠᠷ ᠳᠤᠭᠤᠢᠯᠠᠩ ᠬᠤᠪᠢᠶᠠᠵᠤ ᠤᠰᠤᠯᠠᠨ᠂ ᠤᠰᠤ ᠲᠠᠲᠠᠬᠤ ᠬᠡᠮᠵᠢᠶ᠎ᠡ ᠶ᠋ᠢ ᠤᠯᠠᠮ ᠨᠢᠭᠡ ᠠᠯᠬᠤᠮ ᠬᠢᠵᠠᠭᠠᠷᠯᠠᠵᠤ᠂ ᠤᠰᠤ ᠠᠷᠪᠢᠯᠠᠬᠤ ᠵᠣᠷᠢᠯᠭ᠎ᠠ᠎ᠳᠠᠭᠠᠨ ᠬᠦᠷᠴᠠᠢ》 ᠭᠡᠵᠤ ᠱᠢᠶᠤᠤ ᠶᠢᠩᠽᠢ ᠲᠣᠰᠭᠣᠨ ᠤ᠋ ᠨᠠᠮ ᠤ᠋ᠨ ᠡᠭᠦᠷ ᠤ᠋ᠨ ᠱᠦᠵᠢ ᠴᠢᠶᠠᠨ ᠱᠢᠤᠸᠠᠢ ᠵᠥᠩ ᠬᠡᠯᠡᠨ᠎ᠡ᠃ ᠤᠰᠤ ᠶ᠋ᠢ ᠨᠠᠩ ᠣᠨᠣᠪᠴᠢᠲᠠᠶ ᠡᠵᠡᠮᠳᠡᠬᠦ᠌ ᠵᠢᠨ ᠲᠥᠯᠥᠭᠡ᠂ ᠱᠢᠶᠤᠤ ᠶᠢᠩᠽᠢ ᠲᠣᠰᠭᠣᠨ ᠤᠤᠯ ᠤ᠋ᠨ ᠡᠩ ᠤ᠋ᠨ ᠴᠠᠬᠢᠯᠭᠠᠨ ᠬᠡᠮᠵᠢᠭᠦᠷ ᠵᠢᠡᠨ ᠪᠦᠬᠦᠨ ᠢ᠋ ᠺᠠᠷᠲ ᠤᠩᠰᠢᠬᠤ ᠤᠶᠤᠨᠴᠢ ᠴᠠᠬᠢᠯᠭᠠᠨ ᠬᠡᠮᠵᠢᠭᠦᠷ ᠵᠢᠡᠷ ᠰᠢᠨᠡᠳᠭᠡᠨ᠂ 《ᠴᠠᠬᠢᠯᠭᠠᠨ ᠵᠢᠡᠷ ᠤᠰᠤ ᠶ᠋ᠢ ᠨᠤᠭᠤᠯᠤᠨ ᠪᠤᠳᠤᠬᠤ》 ᠰᠠᠭᠤᠷᠢᠨ ᠳᠡᠭᠡᠷ᠎ᠡ 《ᠴᠠᠬᠢᠯᠭᠠᠨ ᠵᠢᠡᠷ ᠤᠰᠤ ᠶ᠋ᠢ ᠡᠵᠡᠮᠳᠡᠬᠦ》 ᠶ᠋ᠢ ᠪᠡᠶᠡᠯᠡᠭᠦᠯᠦᠭᠰᠡᠨ ᠪᠠᠢᠨ᠎ᠠ᠃

ᠤᠰᠤᠯᠠᠯᠲᠠ ᠵᠢᠨ ᠲᠠᠯᠠᠪᠠᠢ ᠶ᠋ᠢ ᠦᠨᠳᠦᠰᠦᠯᠡᠨ ᠲᠥᠯᠥᠪᠯᠡᠭᠡ ᠪᠡᠷ ᠴᠠᠬᠢᠯᠭᠠᠨ ᠬᠡᠮᠵᠢᠶ᠎ᠡ ᠶ᠋ᠢ ᠲᠦᠰᠦᠭᠡᠯᠡᠨ ᠪᠣᠳᠣᠵᠤ ᠭᠠᠷᠭᠠᠨ᠂ ᠤᠷᠢᠳᠴᠢᠯᠠᠵᠤ ᠲᠦᠰᠦᠭᠡᠯᠡᠭᠰᠡᠨ ᠴᠠᠬᠢᠯᠭᠠᠨ ᠬᠡᠷᠡᠭ᠌ᠯᠡᠬᠦ᠌ ᠬᠡᠮᠵᠢᠶ᠎ᠡ ᠪᠡᠷ ᠴᠠᠬᠢᠯᠭᠠᠨ ᠤ᠋ ᠰᠦᠢᠳᠭᠡᠯ ᠤ᠋ᠨ ᠺᠠᠷᠲ ᠲᠤ᠌ ᠵᠣᠭᠣᠰ ᠬᠠᠳᠠᠭᠠᠯᠠᠵᠤ᠂ ᠵᠣᠭᠣᠰ ᠬᠠᠳᠠᠭᠠᠯᠠᠬᠤ ᠶ᠋ᠢ ᠭᠠᠴᠠᠭᠠᠨ ᠤ᠋ ᠠᠷᠠᠳ ᠤ᠋ᠨ ᠵᠥᠪᠯᠡᠯ ᠡᠴᠡ ᠨᠢᠭᠡᠳᠦᠯᠲᠡᠢ ᠬᠠᠮᠢᠶᠠᠷᠬᠤ ᠵᠢᠨ ᠬᠠᠮᠲᠤ ᠤᠷᠢᠳᠴᠢᠯᠠᠨ ᠰᠦᠢᠳᠭᠡᠯ ᠲᠤᠱᠢᠶᠠᠬᠤ ᠶ᠋ᠢ ᠬᠡᠷᠡᠭ᠌ᠵᠢᠭᠦᠯᠦᠨ᠎ᠡ᠃ ᠡᠨᠡ ᠬᠦ᠌ ᠠᠷᠭ᠎ᠠ ᠬᠡᠮᠵᠢᠶ᠎ᠡ᠎ᠨᠢ ᠤᠰᠤᠯᠠᠯᠲᠠ ᠵᠢᠨ ᠬᠡᠮᠵᠢᠶ᠎ᠡ ᠶ᠋ᠢ ᠨᠠᠷᠢᠯᠢᠭ ᠣᠨᠣᠪᠴᠢᠲᠠᠶ᠎ᠪᠠᠷ ᠡᠵᠡᠮᠳᠡᠬᠦ᠌ ᠶ᠋ᠢ ᠪᠡᠶᠡᠯᠡᠭᠦᠯᠵᠦ᠍᠂ ᠥᠩᠭᠡᠷᠡᠭ᠌ᠰᠡᠨ ᠤ᠋ ᠤᠰᠤᠯᠠᠯᠲᠠ ᠵᠢᠨ ᠴᠠᠭ ᠤ᠋ᠨ ᠣᠷᠳᠣ ᠪᠠ ᠤᠰᠤ ᠬᠡᠷᠡᠭ᠌ᠯᠡᠬᠦ᠌ ᠬᠡᠮᠵᠢᠶ᠎ᠡ ᠶ᠋ᠢ ᠬᠢᠵᠠᠭᠠᠷᠯᠠᠬᠤ ᠥᠬᠡᠶ ᠡᠴᠡ ᠪᠣᠯᠵᠣ ᠤᠰᠤᠨ ᠤ᠋ ᠡᠬᠢ ᠪᠠᠶᠠᠯᠢᠭ ᠢ᠋ ᠪᠦᠷᠢᠯᠭᠡᠨ ᠰᠦᠢᠳᠭᠡᠬᠦ ᠶ᠋ᠢ ᠰᠡᠷᠭᠡᠢᠯᠡᠪᠡ᠃

ᠱᠢᠶᠣᠤ ᠶᠢᠩᠽᠢ ᠲᠣᠰᠭᠣᠨ 6 ᠲᠣᠰᠭᠣᠨ ᠤ᠋ ᠠᠷᠠᠳ ᠤ᠋ᠨ ᠪᠠᠭ᠎ᠠ ᠳᠤᠭᠤᠢᠯᠠᠩ ᠤ᠋ᠨ ᠳᠠᠷᠤᠭ᠎ᠠ ᠭᠠᠷᠭᠠᠵᠦ᠂ ᠲᠣᠨᠣᠭ ᠲᠥᠬᠥᠭᠡᠷᠦᠮᠵᠢ ᠶ᠋ᠢ ᠬᠠᠮᠢᠶᠠᠷᠴᠤ᠌ ᠬᠠᠮᠠᠭᠠᠯᠠᠬᠤ᠂ ᠤᠰᠤᠯᠠᠬᠤ ᠳᠡᠰ ᠳᠠᠷᠠᠭᠠᠯᠠᠯ ᠵᠡᠷᠭᠡ ᠶᠠᠪᠤᠳᠠᠯ ᠢ᠋ ᠬᠠᠷᠢᠭᠤᠴᠠᠭᠤᠯᠬᠤ ᠵᠢᠨ ᠬᠠᠮᠲᠤ 1 ᠴᠠᠬᠢᠯᠭᠠᠨ ᠤ᠋ ᠠᠵᠢᠯᠲᠠᠨ ᠢ᠋ ᠤᠷᠢᠨ ᠬᠡᠷᠡᠭ᠌ᠯᠡᠵᠦ᠍᠂ ᠲᠣᠨᠣᠭ ᠲᠥᠬᠥᠭᠡᠷᠦᠮᠵᠢ ᠶ᠋ᠢ ᠤᠭ᠍ᠰᠠᠷᠠᠬᠤ᠂ ᠲᠥᠬᠥᠭᠡᠷᠦᠮᠵᠢ ᠶ᠋ᠢ ᠪᠠᠢᠴᠠᠭᠠᠨ ᠵᠠᠰᠠᠬᠤ᠂ ᠭᠡᠮᠲᠦᠯ ᠢ᠋ ᠠᠷᠢᠯᠭᠠᠬᠤ ᠵᠡᠷᠭᠡ ᠠᠵᠢᠯ ᠢ᠋ ᠬᠠᠷᠢᠭᠤᠴᠠᠭᠤᠯᠪᠠ᠃ ᠥᠩᠭᠡᠷᠡᠭ᠌ᠰᠡᠨ ᠤ᠋ ᠤᠰᠤᠨ ᠬᠥᠭᠡᠷᠭᠡ᠂ ᠬᠣᠭᠣᠯᠠᠶ ᠵᠡᠷᠭᠡ᠎ᠡᠪᠳᠡᠷᠡᠵᠦ᠍ ᠬᠣᠬᠢᠷᠠᠪᠠᠯ ᠰᠡᠯᠪᠢᠨ ᠵᠠᠰᠠᠬᠤ ᠬᠥᠮᠦᠨ ᠦᠭᠡᠶ᠂ ᠳᠠᠭᠠᠭᠠᠴᠢᠯᠠᠭ᠍ᠰᠠᠨ ᠬᠥᠮᠦᠨ ᠳᠠᠬᠢᠨ ᠳᠠᠪᠲᠠᠨ ᠰᠦᠢᠳᠭᠡᠯ ᠬᠤᠷᠢᠶᠠᠬᠤ ᠶ᠋ᠢ ᠯᠡ ᠴᠢᠬᠤᠯᠠᠴᠢᠯᠠᠵᠤ ᠰᠡᠯᠪᠢᠨ ᠬᠠᠮᠠᠭᠠᠯᠠᠬᠤ ᠶ᠋ᠢ ᠤᠮᠳᠤᠭᠠᠢᠯᠠᠬᠤ ᠵᠡᠷᠭᠡ ᠠᠰᠠᠭᠤᠳᠠᠯ ᠢ᠋ ᠲᠤᠢᠯᠪᠤᠷᠢᠲᠠᠶ ᠱᠢᠶ᠋ᠳᠪᠦᠷᠢᠯᠡᠪᠡ᠃

《ᠮᠠᠨ ᠤ᠋ ᠲᠣᠰᠭᠣᠨ ᠦᠶ᠋ᠯᠡᠴᠢᠯᠡᠭᠡᠨ ᠤ᠋ ᠰᠦᠶ᠋ᠳᠭᠡᠯ ᠪᠠ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠵᠠᠷᠤᠳᠠᠯ ᠢ᠋ ᠴᠠᠬᠢᠯᠭᠠᠨ ᠤ᠋ ᠬᠡᠮᠵᠢᠶ᠎ᠡ ᠳ᠋ᠤ ᠣᠷᠣᠭᠤᠯᠤᠨ ᠪᠤᠳᠤᠵᠤ᠂ ᠤᠰᠤᠨ ᠤ᠋ ᠦᠨ᠎ᠡ ᠵᠢᠨ ᠥᠪᠡᠷ ᠤ᠋ᠨ ᠥᠷᠲᠡᠭ ᠢ᠋ ᠭᠷᠠᠳᠦ᠋ᠰ ᠪᠦᠷᠢ ᠵᠢᠨ ᠴᠠᠬᠢᠯᠭᠠᠨ ᠤ᠋ ᠳᠣᠲᠣᠷ᠎ᠠ ᠨᠤᠭᠤᠯᠤᠨ ᠪᠤᠳᠤᠵᠤ ᠤᠰᠤᠨ ᠤ᠋ ᠰᠦᠶ᠋ᠳᠭᠡᠯ ᠬᠤᠷᠢᠶᠠᠪᠠ》 ᠭᠡᠵᠤ ᠴᠢᠶᠠᠨ ᠱᠢᠤᠸᠠᠢ ᠵᠥᠩ ᠬᠡᠯᠡᠨ᠎ᠡ᠃ 2025 ᠣᠨ ᠳ᠋ᠤ᠂ ᠱᠢᠶᠤᠤ ᠶᠢᠩᠽᠢ ᠲᠣᠰᠭᠣᠨ ᠭᠷᠠᠳᠦ᠋ᠰ ᠪᠦᠷᠢ ᠵᠢᠨ ᠴᠠᠬᠢᠯᠭᠠᠨ ᠢ᠋ 0.7 ᠲᠥᠭᠥᠷᠢᠭ ᠤ᠋ᠨ ᠪᠡᠷᠢᠮᠵᠢᠶ᠎ᠠ᠎ᠪᠠᠷ ᠰᠦᠶ᠋ᠳᠭᠡᠯ ᠬᠤᠷᠢᠶᠠᠵᠤ᠂ ᠡᠨᠡ ᠬᠦ᠌ ᠪᠡᠷᠢᠮᠵᠢᠶ᠎ᠠ ᠶ᠋ᠢ ᠤᠤᠯ ᠤ᠋ᠨ ᠰᠦᠢᠳᠭᠡᠯ ᠬᠤᠷᠢᠶᠠᠬᠤ ᠪᠡᠷᠢᠮᠵᠢᠶ᠎ᠠ ᠲᠠᠢ ᠬᠠᠷᠢᠴᠠᠭᠤᠯᠪᠠᠯ  0.1 ᠲᠥᠭᠥᠷᠢᠭ ᠬᠢᠮᠳᠠᠷᠠᠪᠠ᠃

ᠣᠳᠣ ᠵᠢᠨ ᠬᠡᠷᠡᠭ᠌ᠵᠢᠭᠦᠯᠵᠦ᠍ ᠪᠠᠢᠭ᠎ᠠ ᠲᠥᠷᠥ ᠵᠢᠨ ᠪᠣᠳᠣᠯᠭ᠎ᠠ ᠵᠢᠨ ᠳᠣᠣᠷ᠎ᠠ᠂ ᠦᠨᠳᠦᠰᠦᠨ ᠴᠠᠬᠢᠯᠭᠠᠨ ᠤ᠋ ᠦᠨ᠎ᠡ ᠨᠢ ᠭᠷᠠᠳᠦ᠋ᠰ ᠪᠦᠷᠢ᠎ᠳᠡᠭᠡᠨ 0.421 ᠲᠥᠭᠥᠷᠢᠭ ᠪᠠᠢᠵᠤ᠂ ᠦᠨᠳᠦᠰᠦᠨ ᠴᠠᠬᠢᠯᠭᠠᠨ ᠤ᠋ ᠦᠨ᠎ᠡ ᠡᠴᠡ ᠳᠠᠪᠠᠭ᠍ᠰᠠᠨ ᠬᠡᠰᠡᠭ ᠢ᠋ ᠵᠠᠮ ᠱᠤᠭᠤᠮ ᠢ᠋ ᠰᠡᠯᠪᠢᠨ ᠵᠠᠰᠠᠬᠤ᠂ ᠬᠣᠭᠣᠯᠠᠶ ᠶ᠋ᠢ ᠬᠠᠮᠠᠭᠠᠯᠠᠬᠤ᠂ ᠲᠥᠬᠥᠭᠡᠷᠦᠮᠵᠢ ᠶ᠋ᠢ ᠪᠠᠢᠴᠠᠭᠠᠨ ᠵᠠᠰᠠᠬᠤ ᠳ᠋ᠤ ᠬᠡᠷᠡᠭ᠌ᠯᠡᠨ᠂ 《ᠬᠤᠳᠳᠤᠭ ᠵᠢᠡᠷ ᠬᠤᠳᠳᠤᠭ ᠢ᠋ ᠲᠡᠵᠢᠭᠡᠬᠦ᠌》 ᠵᠣᠷᠢᠯᠭ᠎ᠠ ᠳ᠋ᠤ ᠬᠦᠷᠦᠨ᠎ᠡ᠃ 《ᠴᠠᠬᠢᠯᠭᠠᠨ ᠵᠢᠡᠷ ᠤᠰᠤ ᠶ᠋ᠢ ᠡᠵᠡᠮᠳᠡᠬᠦ᠌》 ᠵᠠᠭ᠍ᠪᠤᠷ ᠢ᠋ ᠬᠡᠷᠡᠭ᠌ᠵᠢᠭᠦᠯᠦᠭ᠌ᠰᠡᠨ ᠠᠩᠬᠠᠨ ᠤ᠋ ᠵᠢᠯ ᠳ᠋ᠤ᠂ ᠱᠢᠶᠤᠤ ᠶᠢᠩᠽᠢ ᠲᠣᠰᠭᠣᠨ᠎ᠣᠷᠣᠯᠭ᠎ᠠ ᠵᠢᠨ ᠪᠡᠯᠡ ᠮᠥᠩᠭᠥ ᠪᠡᠷ ᠵᠢᠡᠨ ᠴᠠᠬᠢᠯᠭᠠᠨ ᠬᠡᠮᠵᠢᠭᠦᠷ᠂ ᠴᠠᠬᠢᠯᠭᠠᠨ ᠤᠲᠠᠰᠤ ᠵᠢᠴᠢ ᠬᠡᠰᠡᠭ ᠤᠰᠤᠨ ᠬᠥᠭᠡᠷᠭᠡ ᠶ᠋ᠢ ᠰᠣᠯᠢᠵᠤ᠂ ᠴᠠᠬᠢᠯᠭᠠᠨ ᠤ᠋ ᠠᠵᠢᠯᠴᠢᠨ ᠤ᠋ ᠴᠠᠯᠢᠩ ᠢ᠋ ᠦᠭᠭᠦᠭᠰᠡᠨ ᠪᠥᠭᠡᠳ ᠦᠯᠡᠳᠡᠪᠦᠷᠢ ᠲᠠᠢ ᠪᠠᠢᠬᠤ ᠶ᠋ᠢ ᠨᠢ ᠪᠡᠶᠡᠯᠡᠭᠦᠯᠤᠨ᠂ ᠲᠣᠰᠭᠣᠨ ᠤ᠋ ᠬᠠᠮᠲᠤ ᠵᠢᠨ ᠣᠷᠣᠯᠭ᠎ᠠ ᠶ᠋ᠢ ᠨᠡᠮᠡᠭ᠌ᠳᠡᠭᠦᠯᠪᠡ᠃

《ᠬᠣᠱᠢᠭᠤᠨ ᠤ᠋ ᠤᠰᠤᠨ ᠠᠱᠢᠭ᠍ᠯᠠᠯᠲᠠ ᠵᠢᠨ ᠲᠣᠪᠴᠢᠶ᠎ᠠ ᠵᠢᠨ ᠤᠰᠤ ᠬᠤᠪᠢᠶᠠᠷᠢᠯᠠᠬᠤ ᠭᠦᠶ᠋ᠴᠡᠳᠭᠡᠯ ᠲᠣᠭ᠎ᠠ ᠵᠢᠴᠢ ᠬᠢᠵᠠᠭᠠᠷᠯᠠᠬᠤ ᠲᠠᠯᠠᠪᠠᠶ ᠵᠢᠨ ᠵᠢᠯ ᠤ᠋ᠨ ᠡᠬᠢᠨ ᠳ᠋ᠤ ᠲᠣᠭ᠍ᠲᠠᠭᠠᠭ᠍ᠰᠠᠨ ᠤᠰᠤᠯᠠᠯᠲᠠ ᠵᠢᠨ ᠲᠥᠯᠥᠪᠯᠡᠭᠡ ᠶ᠋ᠢ ᠦᠨᠳᠦᠰᠦᠯᠡᠨ ᠤᠰᠤ ᠬᠡᠷᠡᠭ᠌ᠯᠡᠬᠦ᠌ ᠬᠡᠮᠵᠢᠶ᠎ᠡ ᠶ᠋ᠢ ᠲᠣᠭ᠍ᠲᠠᠭᠠᠭ᠍ᠰᠠᠨ ᠤ᠋ ᠳᠠᠷᠠᠭ᠎ᠠ᠂ ᠮᠠᠨ ᠤ᠋ ᠲᠣᠰᠭᠣᠨ ᠤ᠋ 6 ᠲᠣᠰᠭᠣᠨ ᠤ᠋ ᠠᠷᠠᠳ ᠤ᠋ᠨ  ᠪᠠᠭ᠎ᠠ ᠳᠤᠭᠤᠢᠯᠠᠩ ᠤ᠋ᠨ ᠳᠠᠷᠤᠭ᠎ᠠ ᠮᠠᠱᠢᠨ ᠬᠤᠳᠳᠤᠭ ᠪᠦᠷᠢ ᠵᠢᠨ ᠴᠠᠭ ᠪᠦᠷᠢ ᠵᠢᠨ ᠤᠰᠤ ᠲᠠᠲᠠᠬᠤ ᠬᠡᠮᠵᠢᠶ᠎ᠡ ᠶ᠋ᠢ ᠦᠨᠳᠦᠰᠦᠯᠡᠨ᠂ ᠡᠭᠡᠯᠵᠢ ᠪᠦᠷᠢ ᠵᠢᠨ ᠤᠰᠤᠯᠠᠯᠲᠠ ᠵᠢᠨ ᠴᠠᠭ ᠢ᠋ ᠲᠣᠭ᠍ᠲᠠᠭᠠᠵᠤ᠂ ᠤᠰᠤᠯᠠᠯᠲᠠ ᠵᠢᠨ ᠤᠰᠤ ᠬᠡᠷᠡᠭ᠌ᠯᠡᠬᠦ᠌ ᠬᠡᠮᠵᠢᠶ᠎ᠡ ᠶ᠋ᠢ ᠴᠢᠩᠭ᠎ᠠ ᠡᠵᠡᠮᠳᠡᠪᠡ》 ᠭᠡᠵᠦ᠍ ᠴᠢᠶᠠᠨ ᠱᠢᠤᠸᠠᠢ ᠵᠦᠩ ᠬᠡᠯᠡᠪᠡ᠃

ᠣᠳᠣ ᠱᠢᠶᠣᠤ ᠶᠢᠩᠽᠢ ᠲᠣᠰᠭᠣᠨ ᠤ᠋ ᠠᠷᠠᠳ ᠴᠥᠮ ᠤᠬᠠᠮᠰᠠᠷ᠎ᠠᠴᠠ᠎ᠪᠠᠨ ᠬᠡᠷᠡᠭ᠌ᠴᠡᠭᠡ ᠪᠡᠨ ᠦᠨᠳᠦᠰᠦᠯᠡᠨ ᠤᠰᠤ ᠬᠡᠷᠡᠭ᠌ᠯᠡᠵᠦ᠍᠂ ᠤᠳᠠᠭ᠎ᠠ ᠪᠦᠷᠢ ᠵᠢᠨ ᠤᠰᠤᠯᠠᠯᠲᠠ ᠳ᠋ᠤ ᠬᠡᠷᠡᠭ᠌ᠯᠡᠬᠦ᠌ ᠤᠰᠤᠨ ᠤ᠋ ᠬᠡᠮᠵᠢᠶ᠎ᠡ ᠶ᠋ᠢ ᠬᠠᠮᠤᠭ ᠤ᠋ᠨ ᠶᠡᠬᠡ ᠦᠷ᠎ᠡ ᠪᠦᠲᠦᠮᠵᠢ᠎ᠲᠡᠶ ᠪᠡᠷ ᠠᠰᠢᠭᠯᠠᠨ᠂ ᠤᠰᠤᠨ ᠤ᠋ ᠡᠬᠢ ᠪᠠᠶᠠᠯᠢᠭ ᠢ᠋ ᠭᠦᠶ᠋ᠴᠡᠳ ᠠᠷᠪᠢᠯᠠᠬᠤ ᠦᠷ᠎ᠡ ᠳ᠋ᠦᠩ ᠳ᠋ᠤ ᠬᠦᠷᠴᠡᠶ᠃ 《ᠪᠢᠳᠡ ᠨᠠᠮ ᠤ᠋ᠨ ᠵᠣᠬᠢᠶᠠᠨ ᠪᠠᠢᠭᠤᠯᠤᠯᠲᠠ ᠵᠢᠨ ᠬᠥᠲᠥᠯᠥᠨ ᠳᠠᠭᠠᠭᠤᠯᠬᠤ ᠦᠶ᠋ᠯᠡᠳᠦᠯ ᠢ᠋ ᠭᠦᠶ᠋ᠴᠡᠳ ᠪᠠᠳᠠᠷᠠᠭᠤᠯᠤᠨ᠂ ᠪᠦᠳᠦᠭᠦᠯᠢᠭ ᠵᠢᠡᠷ ᠤᠰᠤ ᠬᠡᠷᠡᠭ᠌ᠯᠡᠵᠤ ᠪᠠᠢᠭᠰᠠᠨ ᠢ᠋᠎ᠨᠠᠷᠢᠯᠢᠬ᠍ᠵᠢᠭᠤᠯᠤᠭ᠍ᠰᠠᠨ ᠬᠠᠮᠢᠶᠠᠷᠤᠯᠲᠠ ᠪᠣᠯᠭᠠᠨ ᠬᠤᠪᠢᠷᠠᠭᠤᠯᠵᠤ᠂ ᠲᠠᠷᠢᠶᠠᠴᠢᠨ ᠡᠷᠦᠬᠡ ᠵᠢᠨ ᠤᠰᠤ ᠠᠷᠪᠢᠯᠠᠬᠤ ᠦᠵᠡᠯ ᠤᠬᠠᠮᠰᠠᠷ ᠢ᠋ ᠲᠠᠰᠤᠷᠠᠯᠲᠠ ᠥᠬᠡᠶ ᠳᠡᠭᠡᠭᠰᠢᠯᠡᠭᠦᠯᠦᠨ᠂ ᠱᠢᠨᠵᠢᠯᠡᠬᠦ᠌ ᠤᠬᠠᠭᠠᠨᠴᠢ᠎ᠪᠠᠷ ᠤᠰᠤ ᠬᠡᠷᠡᠭ᠌ᠯᠡᠬᠦ᠌᠂ ᠥᠨᠳᠥᠷ ᠪᠦᠲᠦᠮᠵᠢᠲᠡᠶ ᠪᠡᠷ ᠤᠰᠤ ᠬᠡᠷᠡᠭ᠌ᠯᠡᠬᠦ᠌ ᠰᠠᠢᠨ ᠰᠠᠢᠬᠠᠨ ᠬᠡᠪ ᠰᠤᠷᠲᠠᠯ ᠢ᠋ ᠠᠯᠬᠤᠮ ᠠᠯᠬᠤᠮ ᠵᠢᠡᠷ ᠪᠣᠶ ᠪᠣᠯᠭᠠᠪᠠ》 ᠭᠡᠵᠦ᠍ ᠬᠤᠸᠠ ᠵᠢᠯᠠᠭ᠎ᠠ ᠱᠢᠶᠠᠩ ᠤ᠋ᠨ ᠳᠡᠳ᠋ ᠳᠠᠷᠤᠭ᠎ᠠ ᠵᠠᠩ ᠬᠤᠤ ᠬᠡᠯᠡᠨ᠎ᠡ᠃

《〈ᠴᠠᠬᠢᠯᠭᠠᠨ ᠵᠢᠡᠷ ᠤᠰᠤ ᠵᠢ ᠨᠤᠭᠤᠯᠤᠨ ᠪᠤᠳᠤᠬᠤ〉 ᠬᠡᠮᠵᠢᠬᠦ᠌ ᠠᠷᠭ᠎ᠠ ᠮᠠᠶᠢᠭ ᠪᠠ 〈ᠴᠠᠬᠢᠯᠭᠠᠨ ᠵᠢᠡᠷ ᠤᠰᠤ ᠶ᠋ᠢ ᠡᠵᠡᠮᠳᠡᠬᠦ᠌〉 ᠬᠠᠮᠢᠶᠠᠷᠤᠯᠲᠠ ᠵᠢᠨ ᠵᠠᠭ᠍ᠪᠤᠷ ᠨᠢ ᠪᠠᠭᠠᠷᠢᠨ ᠵᠡᠭᠦᠨ ᠬᠣᠱᠢᠭᠤᠨ ᠤ᠋ ᠲᠠᠷᠢᠶᠠᠯᠠᠩ ᠤ᠋ᠨ ᠤᠰᠤᠯᠠᠯᠲᠠ ᠵᠢᠨ ᠡᠷᠴᠢᠮ ᠢ᠋ ᠴᠢᠩᠭᠠᠷᠠᠭᠤᠯᠵᠤ᠂ ᠭᠠᠵᠠᠷ ᠳᠤᠤᠷᠠᠬᠢ ᠤᠰᠤᠨ ᠤ᠋ ᠡᠬᠢ ᠪᠠᠶᠠᠯᠢᠭ ᠢ᠋ ᠥᠨᠳᠥᠷ ᠪᠦᠲᠦᠮᠵᠢᠲᠡᠶ ᠠᠱᠢᠭ᠍ᠯᠠᠬᠤ ᠶ᠋ᠢ ᠬᠦᠴᠦᠲᠡᠶ ᠠᠬᠢᠭᠤᠯᠪᠠ》 ᠭᠡᠵᠤ ᠪᠠᠭᠠᠷᠢᠨ ᠵᠡᠭᠦᠨ ᠬᠣᠱᠢᠭᠤᠨ ᠤ᠋ ᠤᠰᠤᠨ ᠠᠱᠢᠭ᠍ᠯᠠᠯᠲᠠ ᠵᠢᠨ ᠲᠣᠪᠴᠢᠶ᠎ᠠ ᠵᠢᠨ ᠲᠤᠬᠠᠢᠯᠠᠭ᠍ᠰᠠᠨ ᠠᠵᠢᠯ ᠤ᠋ᠨ ᠲᠠᠰᠤᠭ ᠤ᠋ᠨ ᠳᠠᠷᠤᠭ᠎ᠠ ᠯᠢᠨ ᠮᠤᠤ ᠷᠠᠨ ᠬᠡᠯᠡᠪᠡ᠃ ᠪᠠᠭᠠᠷᠢᠨ ᠵᠡᠭᠦᠨ ᠬᠣᠱᠢᠭᠤ ᠥᠪᠡᠷᠲᠡᠭᠡᠨ ᠵᠠᠰᠠᠬᠤ ᠣᠷᠣᠨ ᠤ᠋ ᠤᠰᠤ ᠠᠷᠪᠢᠯᠠᠬᠤ ᠠᠵᠢᠯᠯᠠᠭ᠎ᠠ᠎ᠲᠠᠶ ᠨᠢᠭ᠍ᠲᠠ ᠤᠶᠠᠯᠳᠤᠭᠤᠯᠤᠨ᠂ ᠤᠰᠤ ᠠᠷᠪᠢᠯᠠᠬᠤ ᠬᠠᠮᠢᠶᠠᠷᠤᠯᠲᠠ ᠵᠢᠨ ᠲᠦᠷᠢᠮ ᠤ᠋ᠨ ᠲᠥᠷᠥ ᠵᠢᠨ ᠪᠣᠳᠣᠯᠭ᠎ᠠ ᠶ᠋ᠢ ᠪᠥᠬᠥ᠌ ᠬᠦᠴᠦᠨ ᠵᠢᠡᠷ ᠵᠢᠡᠨ ᠲᠡᠭᠦᠯᠳᠡᠷᠵᠢᠭᠦᠯᠵᠦ᠍᠂ ᠲᠠᠷᠢᠶᠠᠯᠠᠩ ᠤ᠋ᠨ ᠬᠦᠷᠢᠶᠡᠨ᠎ᠳᠡᠬᠢ ᠤᠰᠤ ᠠᠷᠪᠢᠯᠠᠬᠤ ᠬᠢᠷᠢ ᠲᠦᠪᠱᠢᠨ ᠢ᠋ ᠳᠡᠭᠡᠭ᠌ᠰᠢᠯᠡᠭᠦᠯᠦᠨ᠂ ᠤᠰᠤ ᠠᠷᠪᠢᠯᠠᠬᠤ ᠭᠦᠨ ᠵᠤᠵᠠᠭᠠᠨ ᠠᠭᠤᠷ ᠠᠮᠢᠰᠭᠤᠯ ᠢ᠋ ᠪᠣᠶ ᠪᠣᠯᠭᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号