ᠬᠥᠯᠥᠨ ᠪᠣᠢᠷ ᠬᠣᠲᠠ ᠶ᠋ᠢᠨ ᠪᠠᠷᠠᠭᠤᠨ ᠡᠮᠦᠨ᠎ᠡ ᠬᠡᠰᠡᠭ ᠲᠦ᠍ ᠨᠠᠮ ᠰᠡᠯᠡᠭᠦᠨ ᠡᠶ᠎ᠡ ᠵᠣᠬᠢᠴᠠᠯ ᠲᠠᠶ ᠬᠢᠯᠢ ᠶ᠋ᠢᠨ ᠬᠣᠲᠠ — ᠱᠢᠨ᠎ᠡ ᠪᠠᠷᠭᠤ ᠵᠡᠭᠦᠨ ᠬᠣᠱᠢᠭᠤ ᠪᠠᠢᠷᠢᠯᠠᠵᠤ ᠪᠠᠢᠳᠠᠭ᠃
ᠱᠢᠨ᠎ᠡ ᠪᠠᠷᠭᠤ ᠵᠡᠭᠦᠨ ᠬᠣᠱᠢᠭᠤ ᠤᠮᠠᠷᠠᠰᠢ ᠪᠠᠨ ᠣᠷᠣᠰ ᠲᠠᠶ ᠡᠷᠭᠦᠨ᠎ᠡ ᠭᠣᠣᠯ ᠢ᠋ᠶ᠋ᠠᠷ ᠬᠢᠯᠢᠯᠡᠵᠦ᠂ ᠪᠠᠷᠠᠭᠤᠨ ᠡᠮᠦᠨ᠎ᠡ ᠲᠠᠯ᠎ᠠ ᠪᠠᠷ ᠢ᠋ᠶ᠋ᠠᠨ ᠮᠣᠩᠭᠣᠯ ᠤᠯᠤᠰ ᠲᠠᠶ ᠵᠠᠬ᠎ᠠ ᠨᠡᠢᠯᠡᠵᠦ᠍᠂ 311.24 ᠺᠢᠯᠣᠮᠧᠲ᠋ᠷ ᠤ᠋ᠨ ᠬᠢᠯᠢ ᠶ᠋ᠢᠨ ᠱᠤᠭᠤᠮ ᠲᠠᠢ ᠪᠠᠢᠳᠠᠭ᠃
ᠱᠢᠨ᠎ᠡ ᠪᠠᠷᠭᠤ ᠵᠡᠭᠦᠨ ᠬᠣᠱᠢᠭᠤ 《ᠳᠤᠮᠳᠠᠳᠤ ᠤᠯᠤᠰ ᠤ᠋ᠨ ᠮᠣᠩᠭᠣᠯ ᠦᠨᠳᠦᠰᠦᠲᠡᠨ ᠤ᠋ ᠤᠷᠳᠤ ᠶ᠋ᠢᠨ ᠳᠠᠭᠤᠤ ᠶ᠋ᠢᠨ ᠨᠤᠲᠤᠭ》 ᠬᠡᠮᠡᠭ᠌ᠳᠡᠵᠦ᠍᠂ ᠡᠨᠳᠡᠬᠢ ᠮᠠᠯᠴᠢᠳ ᠪᠦᠷ ᠤᠷᠳᠤ ᠶ᠋ᠢᠨ ᠳᠠᠭᠤᠤ ᠰᠠᠢᠨ ᠳᠠᠭᠤᠯᠠᠳᠠᠭ᠃ ᠡᠨᠡ ᠨᠤᠲᠤᠭ ᠡᠴᠡ ᠪᠠᠳᠮ᠎ᠠ᠂ ᠪᠤᠶᠠᠨᠳᠡᠯᠭᠡᠷ ᠵᠡᠷᠭᠡ ᠠᠯᠳᠠᠷᠳᠦ ᠤᠷᠳᠤ ᠶ᠋ᠢᠨ ᠳᠠᠭᠤᠴᠢᠳ ᠴᠣᠯᠭᠣᠷᠠᠨ ᠭᠠᠷᠴᠠᠢ ᠃
ᠣᠯᠠᠨ ᠡᠱᠢᠲᠦ ᠰᠣᠶᠣᠯ ᠱᠢᠨ᠎ᠡ ᠪᠠᠷᠭᠤ ᠵᠡᠭᠦᠨ ᠬᠣᠱᠢᠭᠤᠨ ᠳ᠋ᠦ ᠠᠭᠤᠰᠤᠯᠴᠠᠵᠤ᠂ ᠠᠭᠤᠳᠠᠮ ᠠᠪᠠᠭ᠍ᠲᠠᠭᠠᠮᠵᠢᠲᠠᠶ ᠠᠭᠤᠷ ᠠᠮᠢᠰᠭᠤᠯ ᠢ᠋ ᠪᠦᠷᠢᠯᠳᠦᠬᠦᠯᠪᠡ᠃
ᠠᠭᠤᠰᠤᠯᠴᠠᠯ ᠨᠡᠢᠯᠡᠯᠳᠦᠯ
ᠴᠢᠯᠠᠭᠤᠨ ᠴᠥᠮ᠎ᠡ᠂ ᠬᠤᠰᠤᠭᠤᠷ᠂ ᠴᠢᠯᠠᠭᠤᠨ ᠳᠡᠯᠪᠢ ᠵᠡᠷᠭᠡ ᠴᠢᠯᠠᠭᠤᠨ ᠪᠠᠭᠠᠵᠢ ᠨᠤᠭᠤᠳ ᠮᠦᠽᠧᠶ ᠳ᠋ᠦ ᠦᠷᠦᠭᠳᠡᠵᠦ᠂ ᠦᠨᠢ ᠡᠷᠲᠡᠨ ᠤ᠋ ᠦᠯᠢᠭᠡᠷ ᠢ᠋ ᠶᠠᠷᠢᠵᠤ ᠪᠠᠢᠭ᠎ᠠ ᠮᠡᠲᠦ᠍᠃ ᠠᠯᠢ ᠡᠷᠲᠡ 1 ᠲᠦᠮᠡᠨ ᠵᠢᠯ ᠤ᠋ᠨ ᠡᠮᠦᠨᠡᠬᠢ ᠬᠠᠭᠤᠴᠢᠨ ᠴᠢᠯᠠᠭᠤᠨ ᠵᠡᠪᠰᠡᠭ ᠤ᠋ᠨ ᠰᠡᠭᠦᠯᠴᠢ ᠶ᠋ᠢᠨ ᠦᠶ᠎ᠡ ᠳ᠋ᠦ ᠱᠢᠨ᠎ᠡ ᠪᠠᠷᠭᠤ ᠵᠡᠭᠦᠨ ᠬᠣᠱᠢᠭᠤᠨ ᠤ᠋ ᠭᠠᠵᠠᠷ ᠣᠷᠣᠨ ᠳ᠋ᠦ ᠡᠷᠲᠡᠨ ᠤ᠋ ᠬᠥᠮᠦᠨ ᠲᠥᠷᠥᠯᠬᠢᠲᠡᠨ 《ᠵᠠᠯᠠᠢᠨᠠᠭᠤᠷ ᠬᠥᠮᠦᠨ》 ᠠᠮᠢᠳᠤᠷᠠᠵᠤ ᠪᠠᠢᠵᠠᠶ᠃ ᠡᠨᠳᠡ ᠶᠡᠬᠡᠠᠠᠭᠤᠯᠠ ᠡᠷᠲᠡᠨ ᠤ᠋ ᠬᠣᠲᠠ ᠶ᠋ᠢᠨ ᠪᠠᠭᠤᠷᠢ᠂ ᠬᠥᠬᠡᠨᠠᠭᠤᠷ ᠤ᠋ᠨ ᠪᠠᠭᠤᠷᠢ ᠵᠡᠷᠭᠡ ᠬᠡᠳᠦᠨ ᠮᠢᠩᠭᠠᠨ ᠵᠢᠯ ᠤ᠋ᠨ ᠡᠮᠦᠨᠡᠬᠢ ᠱᠢᠨ᠎ᠡ ᠴᠢᠯᠠᠭᠤᠨ ᠵᠡᠪᠰᠡᠭ ᠤ᠋ᠨ ᠦᠶ᠎ᠡ ᠶ᠋ᠢᠨ ᠪᠠᠭᠤᠷᠢ ᠵᠢ ᠢᠯᠡᠷᠡᠭᠦᠯᠦᠭ᠌ᠰᠡᠨ ᠨᠢ ᠲᠤᠬᠠᠢ ᠶ᠋ᠢᠨ ᠦᠶ᠎ᠡ ᠳ᠋ᠦ ᠬᠠᠷᠢᠴᠠᠩᠭᠤᠢ ᠴᠡᠴᠡᠭ᠌ᠯᠡᠨ ᠬᠥᠭ᠌ᠵᠢᠭ᠌ᠰᠡᠨ ᠨᠡᠢᠭᠡᠮ ᠬᠢᠭᠡᠳ ᠬᠥᠮᠦᠨ ᠲᠥᠷᠥᠯᠬᠢᠲᠡᠨ ᠠᠵᠤ ᠲᠥᠷᠦᠵᠦ ᠪᠠᠢᠭ᠍ᠰᠠᠨ ᠢ᠋ ᠬᠠᠷᠠᠭᠤᠯᠵᠤ ᠪᠠᠢᠨ᠎ᠠ᠃
ᠡᠨᠡ ᠬᠦ᠌ ᠲᠠᠯ᠎ᠠ ᠨᠤᠲᠤᠭ ᠳᠡᠭᠡᠷ᠎ᠡ ᠳ᠋ᠦᠩᠬᠤ᠂ ᠱᠢᠶᠠᠨᠪᠸᠢ᠂ ᠱ᠌ᠢ ᠸᠧᠢ᠂ ᠬᠢᠳᠠᠨ᠂ ᠵᠦᠷᠴᠢᠨ ᠵᠡᠷᠭᠡ ᠳᠤᠮᠳᠠᠳᠤ ᠤᠯᠤᠰ ᠤ᠋ᠨ ᠤᠮᠠᠷᠠᠲᠤ ᠶ᠋ᠢᠨ ᠨᠡᠭᠦᠳᠡᠯᠴᠢᠨ ᠦᠨᠳᠦᠰᠦᠲᠡᠨ ᠲᠠᠰᠤᠷᠠᠯᠲᠠ ᠦᠭᠡᠶ ᠬᠥᠭ᠌ᠵᠢᠨ ᠮᠠᠨᠳᠤᠭᠰᠠᠨ ᠪᠥᠭᠡᠳ ᠳᠤᠮᠳᠠᠳᠤ ᠣᠷᠣᠨ ᠲᠠᠶ ᠨᠢᠭ᠍ᠲᠠ ᠶᠠᠪᠤᠯᠴᠠᠵᠤ ᠪᠠᠢᠵᠠᠢ᠃
ᠨᠡᠢᠲᠡ ᠶ᠋ᠢᠨ ᠣᠨ ᠲᠣᠭᠠᠯᠠᠯ ᠡᠴᠡ ᠡᠮᠦᠨ᠎ᠡ 209 ᠣᠨ ᠳ᠋ᠦ ᠳ᠋ᠦᠩᠬᠤ ᠾᠦᠩᠨᠦ᠍ ᠳ᠋ᠦ ᠢᠯᠠᠭ᠍ᠳᠠᠨ᠂ ᠾᠦᠩᠨᠦ᠍ ᠶ᠋ᠢᠨ ᠽᠦᠸᠧ ᠱᠢᠶᠠᠨ ᠸᠠᠩ ᠤ᠋ᠨ ᠬᠠᠷᠢᠶᠠᠨ ᠳ᠋ᠦ ᠬᠠᠷᠢᠶᠠᠯᠠᠭ᠍ᠳᠠᠵᠤ᠂ ᠰᠦᠶ ᠳᠠᠩ ᠤᠯᠤᠰ ᠤ᠋ᠨ ᠦᠶ᠎ᠡ ᠳ᠋ᠦ ᠱ᠌ᠢ ᠸᠧᠶ ᠵᠢᠴᠢ ᠱ᠌ᠢ ᠸᠧᠶ ᠶ᠋ᠢᠨ ᠪᠥᠬᠥᠳᠡ ᠵᠢ ᠵᠠᠬᠢᠷᠤᠭ᠍ᠴᠢ ᠶ᠋ᠢᠨ ᠣᠷᠳᠣᠨ ᠳ᠋ᠦ ᠬᠠᠷᠢᠶᠠᠯᠠᠭᠳᠠᠪᠠ᠃ ᠴᠢᠩᠭᠢᠰ ᠬᠠᠭᠠᠨ ᠮᠣᠩᠭᠣᠯ ᠤ᠋ᠨ ᠥᠨᠳᠥᠷᠯᠢᠭ ᠢ᠋ ᠨᠢᠭᠡᠳᠭᠡᠭ᠌ᠰᠡᠨ ᠤ᠋ ᠳᠠᠷᠠᠭ᠎ᠠ᠂ ᠪᠠᠷᠠᠭᠤᠨ ᠭᠠᠷᠤᠨ ᠲᠦᠮᠡᠳᠦ ᠶ᠋ᠢᠨ ᠨᠤᠶᠠᠨ ᠮᠤᠬᠤᠯᠠᠢ ᠶ᠋ᠢᠨ ᠨᠣᠶᠠᠷᠬᠠᠯ ᠳ᠋ᠦ ᠪᠠᠭᠳᠠᠵᠦ᠂ ᠬᠣᠵᠢᠮ ᠨᠢ ᠬᠠᠪᠤᠲᠤ ᠬᠠᠰᠠᠷ ᠤ᠋ᠨ ᠡᠷᠭᠦᠮᠵᠢᠯᠡᠯ ᠤ᠋ᠨ ᠭᠠᠵᠠᠷ ᠪᠤᠯᠵᠠᠢ᠃
ᠴᠢᠩ ᠤᠯᠤᠰ ᠤ᠋ᠨ ᠨᠠᠢᠷᠠᠯᠲᠤ ᠲᠥᠪ ᠤ᠋ᠨ ᠠᠷᠪᠠᠨ ᠬᠣᠶᠠᠳᠤᠭᠠᠷ ᠣᠨ(1734 ᠣᠨ)ᠳ᠋ᠤ ᠴᠢᠩ ᠤᠯᠤᠰ ᠤ᠋ᠨ ᠵᠠᠰᠠᠭ ᠤ᠋ᠨ ᠭᠠᠵᠠᠷ ᠰᠠᠢᠨ ᠳᠤᠷ᠎ᠠ ᠡᠴᠡ ᠪᠠᠨ ᠣᠷᠣᠵᠤ ᠥᠭ᠌ᠭᠦᠭ᠌ᠰᠡᠨ ᠬᠠᠯᠬ᠎ᠠ ᠮᠣᠩᠭᠣᠯ ᠤ᠋ᠨ ᠰᠡᠴᠡᠨ ᠬᠠᠨ ᠠᠢᠮᠠᠭ ᠤ᠋ᠨ ᠪᠠᠷᠭᠤ ᠴᠡᠷᠢᠭ ᠤ᠋ᠨ 2984 ᠬᠥᠮᠦᠨ ᠢ᠋ ᠬᠥᠯᠥᠨ ᠪᠣᠢᠷ ᠣᠷᠣᠨ ᠳ᠋ᠦ ᠨᠡᠭᠦᠯᠭᠡᠪᠡ᠃ ᠲᠦᠷᠦᠬᠦᠦ ᠬᠣᠶᠠᠷ ᠵᠢᠯ ᠳ᠋ᠦ ᠬᠥᠯᠥᠨ ᠪᠣᠢᠷ ᠣᠷᠣᠨ ᠳ᠋ᠦ ᠨᠡᠭᠦᠵᠦ᠍ ᠰᠠᠭᠤᠭ᠍ᠰᠠᠨ ᠪᠠᠷᠭᠤ ᠮᠣᠩᠭᠣᠯ ᠠᠢᠮᠠᠭ ᠡᠴᠡ ᠢᠯᠭᠠᠬᠤ ᠶ᠋ᠢᠨ ᠲᠥᠯᠥᠭᠡ᠂ ᠰᠡᠬᠦᠯ ᠳ᠋ᠤ ᠨᠡᠭᠦᠵᠦ᠍ ᠢᠷᠡᠭ᠌ᠰᠡᠨ ᠬᠥᠮᠦᠰ ᠢ᠋ 《ᠱᠢᠨ᠎ᠡ ᠪᠠᠷᠭᠤ》 ᠭᠡᠮᠡᠵᠦ᠍᠂ ᠤᠷᠢᠳ ᠵᠢᠡᠷ ᠨᠡᠬᠦᠵᠤ ᠢᠷᠡᠭᠰᠡᠨ ᠬᠥᠮᠦᠰ ᠢ᠋ 《ᠬᠠᠭᠤᠴᠢᠨ ᠪᠠᠷᠭᠤ》 ᠭᠡᠳᠡᠭ᠃ ᠴᠢᠩ ᠤᠯᠤᠰ ᠤ᠋ᠨ ᠵᠠᠰᠠᠭ ᠤ᠋ᠨ ᠭᠠᠵᠠᠷ ᠤ᠋ᠨ ᠴᠡᠷᠢᠭ ᠤ᠋ᠨ ᠵᠠᠬᠢᠷᠭᠠᠨ ᠤ᠋ ᠭᠠᠵᠠᠷ ᠡᠴᠡ ᠵᠠᠬᠢᠷᠤᠭ᠍ᠴᠢ ᠲᠣᠮᠢᠯᠠᠨ ᠵᠠᠬᠢᠷᠤᠭᠤᠯᠵᠠᠶ᠃
ᠱᠢᠨ᠎ᠡ ᠪᠠᠷᠭᠤ ᠵᠡᠭᠦᠨ ᠬᠣᠱᠢᠭᠤᠨ ᠳ᠋ᠤ ᠡᠷᠲᠡᠨ ᠤ᠋ ᠦᠯᠡᠳᠡᠭ᠌ᠳᠡᠯ ᠮᠠᠰᠢ ᠣᠯᠠᠨ᠃ ᠳᠥᠷᠪᠡᠳᠦᠭᠡᠷ ᠤᠳᠠᠭ᠎ᠠ ᠵᠢᠨ ᠪᠥᠬᠥ᠌ ᠤᠯᠤᠰ ᠤ᠋ᠨ ᠲᠡᠦᠬᠡ ᠶ᠋ᠢᠨ ᠳᠤᠷᠠᠰᠭᠠᠯᠲᠤ ᠵᠦᠶ᠋ᠯᠡᠰ ᠤ᠋ᠨ ᠨᠡᠢᠳᠡᠮ ᠪᠠᠢᠴᠠᠭᠠᠯᠲᠠ ᠶ᠋ᠢᠨ ᠪᠦᠷᠢᠳᠭᠡᠯ ᠢ᠋ ᠦᠨᠳᠦᠰᠦᠯᠡᠪᠡᠯ ᠂ ᠲᠤᠰ ᠬᠣᠱᠢᠭᠤᠨ ᠳ᠋ᠤ 98 ᠲᠡᠦᠬᠡ ᠶ᠋ᠢᠨ ᠳᠤᠷᠠᠰᠭᠠᠯᠲᠤ ᠵᠦᠶ᠋ᠯᠡᠰ ᠤ᠋ᠨ ᠪᠠᠭᠤᠷᠢ ᠡᠴᠡ ᠭᠠᠳᠠᠨ᠎ᠠ 4 ᠪᠠᠭᠤᠷᠢ ᠵᠢ ᠱᠢᠨᠡᠪᠡᠷ ᠢᠯᠡᠷᠡᠭᠦᠯᠵᠦ᠍᠂ ᠤᠳᠤ ᠨᠡᠢᠲᠡ 102 ᠲᠡᠦᠬᠡ ᠶ᠋ᠢᠨ ᠳᠤᠷᠠᠰᠭᠠᠯᠲᠤ ᠵᠦᠶ᠋ᠯᠡᠰ ᠤ᠋ᠨ ᠪᠠᠭᠤᠷᠢ ᠪᠤᠢ᠃ 2023 ᠣᠨ ᠳ᠋ᠦ᠂ ᠱᠢᠨ᠎ᠡ ᠪᠠᠷᠭᠤ ᠵᠡᠭᠦᠨ ᠬᠣᠱᠢᠭᠤᠨ ᠤ᠋ ᠴᠠᠭᠠᠨ ᠪᠠᠯᠭᠠᠰᠤ ᠶ᠋ᠢᠨ ᠶᠡᠬᠡᠠᠠᠭᠤᠯᠠ ᠦᠵᠡᠮᠵᠢ ᠶ᠋ᠢᠨ ᠣᠷᠣᠨ ᠳ᠋ᠡᠬᠢ ᠨᠢᠭᠡᠨ ᠠᠪᠤᠷᠭᠤ ᠲᠣᠮᠣ ᠬᠠᠳᠠᠨ ᠵᠢᠷᠤᠭ ᠡᠴᠡ ᠪᠤᠳᠤᠭ᠍ᠲᠤ ᠬᠠᠳᠠᠨ ᠵᠢᠷᠤᠭ ᠢᠯᠡᠷᠡᠬᠦᠯᠦᠭᠰᠡᠨ ᠨᠢ ᠵᠤᠰᠤᠨ ᠴᠢᠯᠠᠭᠤᠨ ᠵᠢᠷᠤᠭ ᠪᠣᠯᠬᠤ ᠵᠢ ᠨᠤᠲᠠᠯᠠᠵᠤ᠂ ᠬᠥᠯᠥᠨ ᠪᠤᠢ᠌ᠷ ᠣᠷᠣᠨ ᠡᠴᠡ ᠬᠠᠳᠠᠨ ᠵᠢᠷᠤᠭ ᠢ᠋ ᠬᠠᠷᠠᠬᠠᠨ ᠢᠯᠡᠷᠡᠭᠦᠯᠦᠭᠡᠳᠦᠢ ᠪᠠᠢᠭ᠍ᠰᠠᠨ ᠬᠣᠭᠣᠰᠣᠨ ᠢ᠋ ᠨᠥᠬᠥᠪᠥᠷᠢᠯᠡᠪᠡ᠃
ᠱᠢᠨ᠎ᠡ ᠪᠠᠷᠭᠤ ᠵᠡᠭᠦᠨ ᠬᠣᠱᠢᠭᠤᠨ ᠤ᠋ ᠮᠦᠽᠧᠶ ᠶ᠋ᠢᠨ ᠳᠠᠷᠤᠭ᠎ᠠ ᠭᠤᠸᠠᠨ ᠷᠦᠩ᠄《ᠠᠯᠢ ᠣᠯᠠᠨ ᠪᠠᠭᠤᠷᠢ᠂ ᠠᠯᠢ ᠣᠯᠠᠨ ᠲᠡᠦᠬᠡ ᠶ᠋ᠢᠨ ᠳᠤᠷᠠᠰᠭᠠᠯᠲᠤ ᠵᠦᠶ᠋ᠯᠡᠰ ᠨᠢ ᠡᠨᠳᠡᠬᠢ ᠵᠢᠨ ᠥᠨᠢ ᠤᠳᠠᠭᠠᠨ ᠲᠡᠦᠬᠡ ᠪᠠ ᠬᠡᠷᠡᠯ ᠰᠠᠴᠤᠷᠠᠩᠭᠤᠶ ᠰᠣᠶᠣᠯ ᠢ᠋ ᠭᠡᠷᠡᠴᠢᠯᠡᠵᠤ᠂ ᠳᠤᠮᠳᠠᠳᠤ ᠣᠷᠣᠨ ᠬᠥᠭ᠌ᠵᠢᠵᠦ᠍ ᠪᠠᠢᠭ᠎ᠠ ᠦᠶ᠎ᠡ ᠳ᠋ᠦ ᠤᠮᠠᠷᠠᠲᠤ ᠶ᠋ᠢᠨ ᠨᠡᠭᠦᠳᠡᠯᠴᠢᠨ ᠦᠨᠳᠦᠰᠦᠲᠡᠨ ᠴᠦ᠍ ᠬᠥᠭ᠌ᠵᠢᠵᠦ᠍᠂ ᠪᠣᠳᠠᠰ ᠤ᠋ᠨ ᠦᠶ᠋ᠯᠡᠳᠪᠦᠷᠢᠯᠡᠯ᠂ ᠰᠣᠶᠣᠯ ᠤ᠋ᠨ ᠬᠡᠯᠪᠡᠷᠢ ᠵᠡᠷᠭᠡ ᠲᠠᠯ᠎ᠠ ᠪᠠᠷ ᠳᠤᠮᠳᠠᠳᠤ ᠣᠷᠣᠨ ᠲᠠᠶ ᠲᠠᠰᠤᠷᠠᠯᠲᠠ ᠥᠬᠡᠶ ᠶᠠᠪᠤᠯᠴᠠᠨ ᠰᠣᠯᠢᠯᠴᠠᠵᠤ᠂ ᠳᠤᠮᠳᠠᠳᠤ ᠶ᠋ᠢᠨ ᠰᠣᠶᠣᠯ ᠤ᠋ᠨ ᠤᠷᠤᠰᠭᠠᠯ ᠳ᠋ᠦ ᠨᠡᠢᠯᠡᠵᠤ ᠣᠷᠣᠭᠰᠠᠨ ᠭᠡᠳᠡᠭ ᠢ᠋ ᠲᠡᠥᠬᠡ ᠶ᠋ᠢᠨ ᠵᠢᠮ᠎ᠠ ᠬᠠᠥᠯᠢ ᠬᠡᠷᠡᠴᠢᠯᠡᠵᠦ ᠪᠤᠢ》 ᠭᠡᠪᠡ᠃
ᠤᠷᠲᠤ ᠶ᠋ᠢᠨ ᠳᠠᠭᠤᠤ ᠢᠰᠡᠭᠡᠢ ᠬᠡᠷ
ᠬᠥᠯᠥᠨ ᠪᠣᠢᠷ ᠨᠤᠲᠤᠭ ᠲᠦ᠍ ᠦᠶ᠎ᠠ ᠳᠠᠮᠵᠢᠭᠳᠠᠨ ᠳᠠᠭᠤᠯᠠᠭᠳᠠᠭᠰᠠᠨ ᠪᠠᠷᠭᠤ ᠤᠷᠲᠤ ᠶ᠋ᠢᠨ ᠳᠠᠭᠤᠤ ᠨᠢ ᠠᠭᠤᠵᠢᠮ ᠴᠡᠬᠡᠯᠬᠡᠨ ᠢ᠋ᠶ᠋ᠡᠷ ᠤᠨᠴᠠᠯᠢᠭᠳᠠᠵᠦ᠂ ᠡᠬᠡ ᠪᠠᠢᠭᠠᠯᠢ ᠪᠠᠨ ᠡᠷᠬᠢᠮᠨᠠᠨ ᠳᠡᠭᠡᠳᠦᠯᠡᠭᠰᠡᠨ ᠵᠠᠩ ᠦᠢᠯᠡ ᠵᠢᠴᠢ ᠰᠡᠳᠬᠢᠯᠬᠡ ᠵᠢ ᠢᠯᠡᠳᠭᠡᠵᠦ᠍᠂ ᠠᠮᠢᠳᠤᠷᠠᠯ ᠤ᠋ᠨ ᠵᠢᠷᠭᠠᠯ ᠵᠣᠪᠠᠯᠠᠩ ᠢ᠋ᠶ᠋ᠠᠨ ᠲᠣᠭᠠᠴᠢᠵᠤ ᠪᠠᠢᠳᠠᠭ᠃
ᠪᠠᠷᠭᠤ ᠤᠷᠲᠤ ᠶ᠋ᠢᠨ ᠳᠠᠭᠤᠤ ᠪᠣᠯ ᠮᠣᠩᠭᠣᠯ ᠦᠨᠳᠦᠰᠦᠲᠡᠨ ᠤ᠋ ᠤᠷᠲᠤ ᠶ᠋ᠢᠨ ᠳᠠᠭᠤᠤ ᠵᠢᠨ ᠴᠢᠬᠤᠯᠠ ᠰᠠᠯᠪᠤᠷᠢ᠂ ᠳᠦᠷᠪᠡᠳᠦᠭᠡᠷ ᠪᠦᠯᠦᠭ ᠤ᠋ᠨ ᠤᠯᠤᠰ ᠤ᠋ᠨ ᠳᠡᠰ ᠤ᠋ᠨ ᠪᠤᠳᠠᠰ ᠤ᠋ᠨ ᠪᠤᠰᠤ ᠰᠤᠶᠤᠯ ᠤ᠋ᠨ ᠦᠪ ᠮᠦᠨ᠃ 2007 ᠣᠨ ᠳ᠋ᠦ ᠳᠤᠮᠳᠠᠳᠤ ᠤᠯᠤᠰ ᠤ᠋ᠨ ᠠᠷᠠᠳ ᠤ᠋ᠨ ᠤᠷᠠᠯᠢᠭ᠍ᠴᠢᠳ ᠤ᠋ᠨ ᠨᠡᠢᠭᠡᠮᠯᠢᠭ ᠡᠴᠡ ᠱᠢᠨ᠎ᠡ ᠪᠠᠷᠭᠤ ᠵᠡᠭᠦᠨ ᠬᠣᠱᠢᠭᠤ ᠵᠢ 《ᠳᠤᠮᠳᠠᠳᠤ ᠤᠯᠤᠰ ᠤ᠋ᠨ ᠮᠣᠩᠭᠣᠯ ᠦᠨᠳᠦᠰᠦᠲᠡᠨ ᠤ᠋ ᠤᠷᠳᠤ ᠶ᠋ᠢᠨ ᠳᠠᠭᠤᠤ ᠶ᠋ᠢᠨ ᠨᠤᠲᠤᠭ》ᠵᠢᠡᠷ ᠨᠡᠷᠡᠢᠳᠴᠠᠢ᠃
1955 ᠣᠨ ᠳ᠋ᠦ ᠱᠢᠨ᠎ᠡ ᠪᠠᠷᠭᠤ ᠵᠡᠭᠦᠨ ᠬᠣᠱᠢᠭᠤᠨ ᠤ᠋ ᠪᠤᠶᠠᠨᠳᠡᠯᠭᠡᠷ ᠫᠤᠯᠠᠨᠳ᠋ ᠤ᠋ᠨ ᠨᠡᠢᠰᠯᠡᠯ ᠸᠠᠷᠱᠠᠸᠠ ᠳ᠋ᠦ ᠪᠣᠯᠤᠭ᠍ᠰᠠᠨ ᠲᠠᠪᠤᠳᠤᠭᠠᠷ ᠬᠤᠭᠤᠴᠠᠭᠠᠨ ᠤ᠋ ᠳᠡᠯᠡᠬᠡᠶ ᠶ᠋ᠢᠨ ᠵᠠᠯᠠᠭᠤᠴᠤᠳ ᠤ᠋ᠨ ᠬᠠᠮᠲᠤᠷᠠᠭ᠍ᠰᠠᠨ ᠨᠠᠢᠷ ᠲᠦ᠍ ᠣᠷᠣᠯᠴᠠᠵᠤ᠂ ᠣᠷᠳᠣ ᠶ᠋ᠢᠨ ᠳᠠᠭᠤᠤ 《ᠰᠠᠷᠠᠭᠤᠯ ᠳᠠᠯ᠎ᠠ》 ᠪᠡᠷ ᠳᠡᠯᠡᠬᠡᠶ ᠶ᠋ᠢᠨ ᠲᠠᠰ ᠤ᠋ᠨ ᠳᠠᠭᠤᠤ ᠬᠥᠭ᠌ᠵᠢᠮ ᠤ᠋ᠨ ᠶᠡᠬᠡ ᠳᠠᠷᠬᠠᠳ ᠢ᠋ 《ᠰᠣᠴᠢᠭᠠᠨ》 ᠠᠯᠲᠠᠨ ᠮᠧᠳᠠᠯ ᠭᠠᠷᠳᠠᠪᠠ᠃ ᠡᠨᠡ ᠪᠣᠯ ᠱᠢᠨ᠎ᠡ ᠳᠤᠮᠳᠠᠳᠤ ᠤᠯᠤᠰ ᠪᠠᠢᠭᠤᠯᠤᠭ᠍ᠳᠠᠭ᠍ᠰᠠᠨ ᠤ᠋ ᠳᠠᠷᠠᠭ᠎ᠠ ᠳᠤᠮᠳᠠᠳᠤ ᠤᠯᠤᠰ ᠤ᠋ᠨ ᠴᠥᠭᠡᠨ ᠲᠣᠭᠠᠲᠤ ᠦᠨᠳᠦᠰᠦᠲᠡᠨ ᠤ᠋ ᠳᠠᠭᠤᠴᠢᠨ ᠤ᠋ ᠣᠯᠤᠭ᠍ᠰᠠᠨ ᠠᠩᠬᠠᠳᠠᠭ᠍ᠴᠢ ᠣᠯᠠᠨ ᠤᠯᠤᠰ ᠤ᠋ᠨ ᠠᠯᠲᠠᠨ ᠱᠠᠩᠨᠠᠯ ᠪᠣᠯᠤᠨ᠎ᠠ ᠃
ᠡᠨᠡ ᠵᠢᠯ 77 ᠨᠠᠰᠤᠲᠠᠶ ᠲᠤᠭᠠᠷᠰᠦ᠋ᠷᠦᠩ ᠪᠣᠯ ᠪᠤᠶᠠᠨᠳᠡᠯᠭᠡᠷ ᠤ᠋ᠨ ᠱᠠᠪᠢ᠂ ᠮᠥᠨ ᠴᠦ᠍ ᠤᠯᠤᠰ ᠤ᠋ᠨ ᠲᠠᠰ ᠤ᠋ᠨ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠲᠥᠯᠥᠭᠡᠯᠡᠬᠦ᠌ ᠴᠢᠨᠠᠷᠲᠠᠶ ᠲᠥᠷᠥᠯ ᠵᠦᠶ᠋ᠯ ᠪᠤᠯᠬᠤ ᠮᠣᠩᠭᠣᠯ ᠦᠨᠳᠦᠰᠦᠲᠡᠨ ᠤ᠋ ᠣᠷᠳᠣ ᠶ᠋ᠢᠨ ᠳᠠᠭᠤᠤ (ᠪᠠᠷᠭᠤ ᠣᠷᠳᠣ ᠶ᠋ᠢᠨ ᠳᠠᠭᠤᠤ) ᠶ᠋ᠢᠨ ᠲᠥᠯᠥᠭᠡᠯᠡᠬᠦ᠌ ᠴᠢᠨᠠᠷᠲᠠᠶ ᠦᠪᠯᠡᠨ ᠤᠯᠠᠮᠵᠢᠯᠠᠭ᠍ᠴᠢ ᠪᠣᠯᠤᠨ᠎ᠠ᠃ 5 ᠨᠠᠰᠤᠲᠠᠢ ᠲᠡᠷᠡ ᠵᠢᠯ ᠳ᠋ᠤᠨᠢ ᠨᠠᠭᠠᠴᠤ᠌ ᠡᠮᠡᠭᠡ ᠨᠢ ᠲᠡᠭᠦᠨ ᠳ᠋ᠦ ᠤᠷᠲᠤ ᠶ᠋ᠢᠨ ᠳᠠᠭᠤᠤ 《ᠪᠦᠵᠦᠩᠬᠡᠨ ᠲᠠᠤᠯᠠᠢ》 ᠶ᠋ᠢ ᠵᠢᠭᠠᠵᠤ ᠥᠭ᠌ᠪᠡ᠃
ᠤᠯᠠᠨ ᠵᠢᠯ ᠤ᠋ᠨ ᠲᠤᠷᠰᠢ ᠲᠤᠭᠠᠷᠰᠦ᠋ᠷᠦᠩ ᠪᠠᠷᠭᠤ ᠤᠷᠲᠤ ᠶ᠋ᠢᠨ ᠳᠠᠭᠤᠤ ᠵᠢ ᠤᠯᠠᠮᠵᠢᠯᠠᠨ ᠬᠥᠭ᠌ᠵᠢᠭᠦᠯᠬᠦ᠌ ᠪᠡᠷ ᠴᠢᠷᠮᠠᠢᠭ᠍ᠰᠠᠭᠠᠷ ᠢᠷᠡᠵᠡᠢ᠃ 《ᠪᠢ ᠤᠳᠤ ᠠᠷᠠᠳ ᠤ᠋ᠨ ᠳᠠᠭᠤᠤ〈ᠪᠠᠶᠠᠨ ᠪᠠᠷᠭᠤ〉 ᠶ᠋ᠢᠨ ᠲᠤᠬᠠᠢ ᠥᠭᠦᠯᠡᠯ ᠪᠢᠴᠢᠵᠦ᠍ ᠪᠠᠢᠨ᠎ᠠ᠃ ᠪᠦᠭᠦᠳᠡᠭᠡᠷ ᠢ᠋ᠶ᠋ᠡᠨ ᠶᠡᠷᠦ᠍ ᠨᠢ ᠡᠨᠡ ᠳᠠᠭᠤᠤ ᠵᠢᠨ ᠡᠬᠢᠨᠤ ᠬᠣᠶᠠᠷ ᠪᠠᠳᠠᠭ ᠢ᠋ ᠳᠠᠭᠤᠯᠠᠭᠠᠳ ᠵᠤᠭᠰᠤᠴᠢᠬᠠᠳᠠᠭ᠃ ᠪᠢ ᠡᠨᠡ ᠳᠠᠭᠤᠤ ᠶ᠋ᠢᠨ 60 ᠭᠠᠷᠤᠢ ᠪᠠᠳᠠᠭ ᠢ᠋ ᠴᠤᠭ᠍ᠯᠠᠭᠤᠯᠵᠤ ᠡᠮᠬᠢᠳᠭᠡᠪᠠ᠂ ᠬᠥᠮᠦᠰ ᠡᠨᠡ ᠳᠠᠭᠤᠤ ᠵᠢ ᠪᠦᠷᠢᠨ ᠪᠦᠳᠦᠨ ᠢ᠋ᠶ᠋ᠡᠷ ᠨᠢ ᠳᠠᠭᠤᠯᠠᠬᠤ ᠵᠢ ᠬᠦᠰᠡᠵᠦ᠍ ᠪᠠᠢᠨ᠎ᠠ᠃ ᠮᠠᠰᠢ ᠣᠯᠠᠨ ᠤᠯᠠᠮᠵᠢᠯᠠᠯᠲᠤ ᠠᠷᠠᠳ ᠤ᠋ᠨ ᠳᠠᠭᠤᠤ ᠵᠢ ᠣᠲᠣ ᠦᠶ᠎ᠡ ᠶ᠋ᠢᠨ ᠳᠠᠭᠤᠤ ᠬᠥᠭ᠌ᠵᠢᠮ ᠪᠣᠯᠭᠠᠨ ᠥᠭᠡᠷᠡᠴᠢᠯᠡᠨ ᠨᠠᠢᠷᠠᠭᠤᠯᠵᠤ ᠪᠤᠢ᠂ ᠪᠢ ᠤᠷᠬᠢᠭᠳᠠᠵᠦ ᠮᠠᠷᠳᠠᠭᠳᠠᠵᠦ ᠪᠠᠢᠭ᠎ᠠ ᠠᠷᠠᠳ ᠤ᠋ᠨ ᠳᠠᠭᠤᠤ ᠵᠢ ᠴᠢᠷᠮᠠᠢᠨ ᠴᠤᠭᠯᠠᠭᠤᠯᠵᠦ᠂ ᠪᠠᠷᠭᠤ ᠶ᠋ᠢᠨ ᠳᠠᠭᠤᠤ ᠵᠢ ᠤᠯᠠᠮᠵᠢᠯᠠᠨ ᠵᠠᠯᠭᠠᠮᠵᠢᠯᠠᠬᠤ ᠵᠢ ᠬᠦᠰᠡᠨ ᠵᠤᠷᠢᠵᠦ ᠪᠠᠢᠨ᠎ᠠ》 ᠭᠡᠵᠦ ᠲᠤᠭᠠᠷᠰᠦ᠋ᠷᠦᠩ ᠨᠠᠰᠤᠳᠠᠨ ᠬᠡᠯᠡᠨ᠎ᠠ᠃
ᠱᠢᠨ᠎ᠡ ᠪᠠᠷᠭᠤ ᠵᠡᠭᠦᠨ ᠬᠣᠱᠢᠭᠤᠨ ᠤ᠋ ᠦᠪᠡᠷᠮᠢᠴᠡ ᠣᠨᠴᠠᠯᠢᠭ ᠲᠠᠶ ᠪᠣᠳᠠᠰ ᠤ᠋ᠨ ᠪᠤᠰᠤ ᠰᠣᠶᠣᠯ ᠤ᠋ᠨ ᠥᠪ ᠲᠦ᠍ ᠢᠷᠠᠭᠤ ᠰᠠᠢᠬᠠᠨ ᠤᠷᠲᠤ ᠶ᠋ᠢᠨ ᠳᠠᠭᠤᠤ ᠪᠠᠢᠬᠤ ᠪᠠᠷ ᠪᠠᠷᠠᠬᠤ ᠦᠭᠡᠢ ᠪᠠᠰᠠ ᠪᠤᠰᠤᠳ ᠤᠯᠠᠨ ᠤᠷ᠎ᠠ ᠮᠡᠷᠭᠡᠵᠢᠯ ᠪᠤᠢ᠃ ᠡᠭᠦᠨ ᠳ᠋ᠦ ᠪᠠᠷᠭᠤ ᠤᠯᠠᠮᠵᠢᠯᠠᠯᠲᠤ ᠢᠰᠡᠭᠡᠶ ᠬᠢᠬᠦ᠌ ᠪᠠ ᠳᠡᠭᠡᠰᠦ ᠲᠠᠮᠤᠬᠤ ᠮᠡᠷᠭᠡᠵᠢᠯ ᠨᠢ 2015 ᠣᠨ ᠳ᠋ᠦ ᠥᠪᠡᠷᠲᠡᠭᠡᠨ ᠵᠠᠰᠠᠬᠤ ᠣᠷᠣᠨ ᠤ᠋ ᠲᠠᠰ ᠤ᠋ᠨ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠲᠥᠯᠥᠭᠡᠯᠡᠬᠦ᠌ ᠴᠢᠨᠠᠷᠲᠠᠶ ᠲᠥᠷᠥᠯ ᠵᠦᠶ᠋ᠯ ᠢ᠋ᠶ᠋ᠡᠷ ᠦᠨᠡᠯᠡᠭ᠌ᠳᠡᠪᠡ᠃ 2020 ᠣᠨ ᠤ᠋ 6 ᠰᠠᠷ᠎ᠠ ᠳ᠋ᠦ ᠱᠢᠨ᠎ᠡ ᠪᠠᠷᠭᠤ ᠵᠡᠭᠦᠨ ᠬᠣᠱᠢᠭᠤᠨ ᠤ᠋ ᠰᠣᠶᠣᠯ ᠤ᠋ᠨ ᠣᠷᠳᠣᠨ ᠳ᠋ᠤ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠤᠯᠠᠮᠵᠢᠯᠠᠯᠲᠤ ᠭᠠᠷ ᠤᠷᠠᠯᠠᠯ ᠤ᠋ᠨ ᠠᠵᠢᠯ ᠤ᠋ᠨ ᠥᠷᠲᠡᠭᠡ ᠵᠢᠨ ᠱᠢᠨ᠎ᠡ ᠪᠠᠷᠭᠤ ᠵᠡᠭᠦᠨ ᠬᠣᠱᠢᠭᠤᠨ ᠤ᠋ ᠬᠤᠪᠢᠶᠠᠷᠢ ᠥᠷᠲᠡᠭᠡ ᠵᠢᠨ ᠫᠠᠢᠰᠠ ᠵᠢ ᠡᠯᠭᠦᠵᠤ᠂ ᠲᠤᠰ ᠬᠤᠰᠢᠭᠤᠨ ᠤ᠋ ᠤᠯᠠᠮᠵᠢᠯᠠᠯᠳᠤ ᠭᠠᠷ ᠤᠷᠠᠯᠠᠯ ᠢ᠋ ᠨᠡᠩ ᠰᠠᠢᠨ ᠤᠯᠠᠮᠵᠢᠯᠠᠨ ᠪᠠᠳᠠᠷᠠᠭᠤᠯᠵᠤ ᠪᠠᠢᠨ᠎ᠠ᠃
ᠮᠤᠷᠢᠳᠠᠢ ᠬᠢᠯᠢᠴᠢᠳ
3 ᠰᠠᠷ᠎ᠠ ᠶ᠋ᠢᠨ ᠬᠠᠯᠬ᠎ᠠ ᠭᠤᠤᠯ ᠮᠦᠰᠦ ᠴᠠᠰᠤᠨ ᠳ᠋ᠦ ᠬᠤᠴᠢᠭ᠍ᠳᠠᠵᠤ᠂ ᠠᠯᠲᠠᠨ ᠱᠢᠷᠭᠠᠯ ᠬᠤᠯᠤᠰᠤ ᠵᠡᠬᠡᠰᠤ ᠬᠥᠬᠡ ᠲᠩᠷᠢ ᠴᠠᠭᠠᠨ ᠡᠭᠦᠯᠡᠲᠡᠶ ᠥᠩᠭᠡ ᠢᠯᠭᠠᠷᠠᠨ ᠬᠠᠷᠠᠭ᠍ᠳᠠᠨᠠ᠃ 1939 ᠣᠨ ᠤ᠋ 5 ᠰᠠᠷ᠎ᠠ ᠡᠴᠡ 9 ᠰᠠᠷ᠎ᠠ ᠪᠤᠯᠳᠠᠯ᠎ᠠ᠂ ᠥᠨᠥ ᠶ᠋ᠢᠨ ᠱᠢᠨ᠎ᠡ ᠪᠠᠷᠭᠤ ᠵᠡᠭᠦᠨ ᠬᠣᠱᠢᠭᠤᠨ ᠤ᠋ ᠨᠣᠮᠣᠨ ᠬᠠᠨ ᠪᠦᠷᠢᠳᠦ ᠨᠤᠲᠤᠭ ᠪᠣᠯᠤᠨ ᠥᠨᠥ ᠶ᠋ᠢᠨ ᠮᠣᠩᠭᠣᠯ ᠤᠯᠤᠰ ᠤ᠋ᠨ ᠬᠠᠯᠬ᠎ᠠ ᠭᠣᠣᠯ ᠤ᠋ᠨ ᠳᠤᠮᠳᠠ ᠲᠤᠤᠷᠠᠳᠦ ᠤᠷᠤᠰᠭᠠᠯ ᠤ᠋ᠨ ᠬᠣᠶᠠᠷ ᠡᠷᠭᠢ ᠳ᠋ᠦ ᠪᠣᠯᠤᠭ᠍ᠰᠠᠨ ᠨᠣᠮᠣᠨ ᠬᠠᠨ ᠤ᠋ ᠲᠤᠯᠤᠯᠳᠤᠭᠠᠨ ᠨᠢ ᠡᠨᠡ ᠬᠦ᠌ ᠭᠣᠣᠯ ᠤ᠋ᠨ ᠨᠡᠷ᠎ᠡ ᠠᠯᠳᠠᠷ ᠢ᠋ ᠮᠠᠨᠳᠤᠭᠤᠯᠤᠭ᠍ᠰᠠᠨ ᠶᠤᠮ᠃
ᠱᠢᠨ᠎ᠡ ᠪᠠᠷᠭᠤ ᠵᠡᠭᠦᠨ ᠬᠣᠱᠢᠭᠤᠨ ᠤ᠋ ᠬᠢᠯᠢ ᠳ᠋ᠡᠬᠢ ᠡᠪᠦᠳᠦᠭ ᠬᠢᠯᠢ ᠶ᠋ᠢᠨ ᠪᠣᠭᠣᠮᠲᠠ ᠨᠢ ᠮᠣᠩᠭᠣᠯ ᠤᠯᠤᠰ ᠤ᠋ᠨ ᠪᠠᠶᠠᠨᠬᠤᠱᠢᠭᠤ ᠬᠢᠯᠢ ᠶ᠋ᠢᠨ ᠪᠣᠭᠣᠮᠲᠠ ᠲᠠᠶ ᠭᠣᠣᠯ ᠠᠯᠤᠰᠯᠠᠵᠤ᠂ ᠥᠪᠥᠷ ᠮᠣᠩᠭᠣᠯ ᠤ᠋ᠨ 20 ᠭᠠᠳᠠᠭᠠᠳᠤ ᠨᠡᠬᠡᠬᠡᠯᠳᠡ ᠶ᠋ᠢᠨ ᠬᠢᠯᠢ ᠵᠢᠨ ᠪᠣᠭᠣᠮᠲᠠ ᠶ᠋ᠢᠨ ᠨᠢᠭᠡ ᠪᠣᠯᠤᠨ᠎ᠠ᠃ 2024 ᠣᠨ ᠤ᠋ 3 ᠰᠠᠷ᠎ᠠ ᠶ᠋ᠢᠨ 20 ᠤ᠋ ᠡᠳᠦᠷ 8 ᠰᠠᠭᠤᠳᠠᠯ ᠡᠴᠡ ᠲᠤᠷᠤᠭᠰᠢᠬᠢ ᠮᠠᠱᠢᠨ ᠲᠡᠷᠭᠡ ᠨᠡᠪᠲᠡᠷᠡᠬᠦ᠌ ᠵᠢ ᠰᠡᠷᠭᠦᠭᠡᠭ᠌ᠰᠡᠨ ᠡᠴᠡ ᠨᠠᠭᠠᠰᠢ᠂ ᠡᠪᠦᠳᠦᠭ ᠬᠢᠯᠢ ᠵᠢᠨ ᠪᠣᠭᠣᠮᠲᠠ ᠶ᠋ᠢᠨ ᠬᠥᠮᠦᠨ ᠪᠣᠯᠤᠨ ᠮᠠᠱᠢᠨ ᠲᠡᠷᠭᠡᠨ ᠤ᠋ ᠤᠷᠤᠰᠬᠠᠯ ᠡᠳᠦᠷ ᠢᠷᠡᠬᠦᠶ᠎ᠡ ᠨᠡᠮᠡᠭᠳᠡᠵᠤ᠂ ᠲᠤᠬᠠᠶ ᠶ᠋ᠢᠨ ᠭᠠᠵᠠᠷ ᠤ᠋ᠨ ᠵᠢᠭᠤᠯᠴᠢᠯᠠᠯ᠂ ᠢᠳᠡᠭᠡᠨ ᠤᠮᠳᠠᠭᠠᠨ ᠪᠠ ᠬᠣᠨᠣᠭ ᠪᠠᠭᠤᠳᠠᠯ ᠵᠡᠷᠭᠡ ᠬᠠᠮᠢᠶ᠎ᠠ ᠪᠥᠬᠥᠶ ᠠᠵᠤ ᠦᠶ᠋ᠯᠡᠰ ᠢ᠋ ᠳᠠᠢᠴᠢᠯᠠᠪᠠ᠃
ᠡᠪᠦᠳᠦᠭ ᠬᠢᠯᠢ ᠵᠢᠨ ᠪᠣᠭᠣᠮᠲᠠ ᠡᠴᠡ ᠳᠡᠮᠡᠢ ᠬᠤᠯᠠ ᠦᠭᠡᠢ ᠭᠠᠵᠠᠷ ᠲᠦ᠍ 《ᠬᠢᠯᠢᠴᠢᠨ》 ᠴᠠᠭ᠍ᠳᠠᠨ ᠰᠡᠷᠭᠡᠢᠯᠡᠬᠦ᠌ ᠠᠩᠬᠢ ᠶ᠋ᠢᠨ ᠭᠡᠱᠢᠭᠦᠳ ᠮᠣᠷᠢ ᠤᠨᠤᠨ ᠴᠠᠰᠤᠲᠤ ᠲᠠᠯ᠎ᠠ ᠪᠠᠷ ᠳᠠᠪᠬᠢᠭᠤᠯᠵᠤ᠂ ᠳᠤᠮᠳᠠᠳᠤ ᠮᠣᠩᠭᠣᠯ ᠤ᠋ᠨ ᠬᠢᠯᠢ ᠶ᠋ᠢᠨ ᠱᠤᠭᠤᠮ ᠢ᠋ ᠴᠠᠭ᠍ᠳᠠᠨ ᠪᠠᠢᠴᠠᠭᠠᠵᠦ᠂ ᠬᠠᠮᠢᠶᠠᠷᠤᠨ ᠬᠠᠮᠠᠭᠠᠯᠠᠵᠤ ᠪᠠᠢᠯ᠎ᠠ᠃
《ᠬᠢᠯᠢᠴᠢᠨ》 ᠴᠠᠭ᠍ᠳᠠᠨ ᠰᠡᠷᠭᠡᠢᠯᠡᠬᠦ᠌ ᠠᠩᠭᠢ 2022 ᠣᠨ ᠤ᠋ 4 ᠰᠠᠷ᠎ᠠ ᠳ᠋ᠦ ᠪᠠᠢᠭᠤᠯᠤᠭ᠍ᠳᠠᠨ᠂ 4 ᠠᠷᠠᠳ ᠤ᠋ᠨ ᠴᠠᠭ᠍ᠳᠠᠭᠠ᠂ 4 ᠬᠢᠯᠢ ᠬᠠᠮᠠᠭᠠᠯᠠᠭ᠍ᠴᠢ᠂ 4 ᠴᠢᠯᠥᠭᠡᠯᠡᠬᠦ᠌ ᠴᠡᠷᠢᠭ ᠤ᠋ᠨ ᠪᠠᠢᠯᠳᠤᠭ᠍ᠴᠢ ᠪᠠᠷ ᠪᠦᠷᠢᠯᠳᠦᠵᠦ᠍᠂ ᠬᠠᠷᠢᠶᠠᠲᠤ ᠣᠷᠣᠨ ᠤ᠋ ᠠᠷᠠᠳ ᠢᠷᠭᠡᠳ ᠤ᠋ᠨ ᠠᠮᠢ ᠨᠠᠰᠤ ᠡᠳ᠋ ᠬᠥᠷᠥᠩᠭᠡ ᠶ᠋ᠢᠨ ᠠᠮᠤᠷ ᠲᠦᠪᠱᠢᠨ ᠢ᠋ ᠬᠠᠮᠠᠭᠠᠯᠠᠵᠤ ᠪᠠᠢᠨ᠎ᠠ᠃
ᠱᠢᠨ᠎ᠡ ᠪᠠᠷᠭᠤ ᠵᠡᠭᠦᠨ ᠬᠣᠱᠢᠭᠤᠨ ᠤ᠋ ᠬᠢᠯᠢ ᠶ᠋ᠢᠨ ᠬᠠᠮᠢᠶᠠᠷᠤᠯᠲᠠ ᠶ᠋ᠢᠨ ᠨᠢᠭᠡᠳᠦᠭᠡᠷ ᠶᠡᠬᠡ ᠠᠩᠭᠢ ᠶ᠋ᠢᠨ ᠡᠪᠦᠳᠦᠭ ᠬᠢᠯᠢ ᠶ᠋ᠢᠨ ᠲᠣᠮᠢᠯᠠᠭ᠍ᠰᠠᠨ ᠰᠠᠯᠪᠤᠷᠢ ᠶ᠋ᠢᠨ ᠳᠠᠷᠤᠭ᠎ᠠ ᠪᠦᠦ ᠬᠠᠶ ᠱᠧᠩ ᠲᠠᠨᠢᠯᠴᠠᠭᠤᠯᠬᠤ ᠳ᠋ᠠᠭᠠᠨ᠄ 《ᠬᠠᠷᠢᠶᠠᠲᠤ ᠣᠷᠣᠨ ᠤ᠋ ᠬᠢᠯᠢ ᠶ᠋ᠢᠨ ᠱᠤᠭᠤᠮ 38.125 ᠺᠢᠯᠣᠮᠧᠲ᠋ᠷ ᠪᠠᠢᠳᠠᠭ᠃ ᠡᠬᠦᠨ ᠳ᠋ᠤ ᠵᠠᠷᠢᠮ ᠭᠠᠵᠠᠷ ᠤ᠋ᠨ ᠵᠠᠮ ᠨᠡᠪᠳᠡᠷᠡᠯᠬᠡ ᠪᠤᠳᠤᠯᠢᠶᠠᠨᠳᠠᠢ᠂ ᠵᠣᠨ ᠳ᠋ᠠᠭᠠᠨ ᠱᠢᠪᠠᠷ ᠱᠠᠯᠴᠢᠭᠶᠡᠬᠡᠳᠡᠢ ᠪᠠᠢᠵᠤ᠂ ᠡᠪᠦᠯ ᠳ᠋ᠡᠭᠡᠨ ᠴᠠᠰᠤᠨ ᠳ᠋ᠦ ᠳᠠᠷᠤᠭᠳᠠᠭᠠᠳ ᠮᠠᠰᠢᠨ ᠲᠡᠷᠭᠡ ᠶᠠᠪᠤᠬᠤ ᠶ᠋ᠢᠨ ᠠᠷᠭ᠎ᠠ ᠥᠬᠡᠶ ᠪᠣᠯᠬᠣᠷ ᠲᠤᠰ ᠴᠠᠭ᠍ᠳᠠᠨ ᠰᠡᠷᠭᠡᠢᠯᠡᠬᠦ᠌ ᠠᠩᠭᠢ ᠵᠢ ᠪᠠᠢᠭᠤᠯᠵᠤ᠂ ᠮᠣᠷᠢ ᠪᠤᠶᠤ ᠮᠣᠲ᠋ᠣᠷ ᠤᠨᠤᠨ ᠬᠢᠯᠢ ᠴᠠᠭ᠍ᠳᠠᠵᠤ᠂ ᠮᠠᠯᠴᠢᠳ ᠤ᠋ᠨ ᠬᠠᠮᠤᠭ ᠤ᠋ᠨ ᠬᠡᠷᠡᠭ᠌ᠴᠡᠭᠡ ᠲᠡᠶ ᠭᠠᠵᠠᠷ ᠲᠦ᠍ ᠳᠠᠷᠤᠢ ᠲᠦᠷᠭᠡᠨ ᠬᠥᠷᠬᠥ ᠵᠢ ᠦᠨᠡᠨ ᠬᠦ᠌ ᠪᠠᠲᠤᠯᠠᠪᠠ》 ᠭᠡᠵᠦ ᠬᠡᠯᠡᠨ᠎ᠠ᠃
ᠴᠢᠯᠠᠭᠤ ᠪᠣᠯ ᠱᠢᠨ᠎ᠡ ᠪᠠᠷᠭᠤ ᠵᠡᠭᠦᠨ ᠬᠣᠱᠢᠭᠤᠨ ᠤ᠋ ᠬᠢᠯᠢ ᠶ᠋ᠢᠨ ᠬᠠᠮᠢᠶᠠᠷᠤᠯᠲᠠ ᠶ᠋ᠢᠨ ᠬᠣᠶᠠᠳᠤᠭᠠᠷ ᠶᠡᠬᠡ ᠠᠩᠭᠢ ᠶ᠋ᠢᠨ ᠬᠥᠬᠡᠬᠠᠳᠠᠳᠡᠬᠢ ᠬᠢᠯᠢ ᠶ᠋ᠢᠨ ᠲᠣᠮᠢᠯᠠᠭ᠍ᠰᠠᠨ ᠰᠠᠯᠪᠤᠷᠢ ᠶ᠋ᠢᠨ ᠨᠢᠭᠡᠨ ᠬᠢᠯᠢ ᠬᠠᠮᠠᠭᠠᠯᠠᠭ᠍ᠴᠢ ᠮᠥᠨ᠂ ᠲᠡᠭᠦᠨ ᠤ᠋ ᠭᠡᠷ ᠨᠢ ᠱᠢᠨ᠎ᠡ ᠪᠠᠷᠭᠤ ᠵᠡᠭᠦᠨ ᠬᠣᠱᠢᠭᠤᠨ ᠤ᠋ ᠴᠠᠭᠠᠨ ᠪᠠᠯᠭᠠᠰᠤ ᠵᠢᠨ ᠮᠠᠯᠵᠢᠯ ᠤ᠋ᠨ ᠲᠠᠯᠠᠪᠠᠶ ᠶ᠋ᠢᠨ ᠶᠢᠰᠦᠳᠦᠭᠡᠷ ᠲᠤᠭᠤᠢᠯᠠᠩ ᠳ᠋ᠦ ᠪᠠᠢᠵᠦ᠂ ᠳᠤᠮᠳᠠᠳᠤ ᠣᠷᠣᠰ ᠤ᠋ᠨ ᠬᠢᠯᠢ ᠶ᠋ᠢᠨ ᠱᠤᠭᠤᠮ ᠡᠴᠡ ᠬᠡᠳᠦᠬᠡᠨ ᠺᠢᠯᠣᠮᠧᠲ᠋ᠷ ᠵᠠᠢᠲᠠᠶ ᠪᠠᠢᠳᠠᠭ᠃ ᠲᠡᠷᠡ ᠡᠳᠦᠷ ᠪᠦᠷᠢ ᠮᠤᠷᠢ ᠤᠨᠤᠨ 40 ᠭᠠᠷᠤᠶ ᠺᠢᠯᠣᠮᠧᠲ᠋ᠷ ᠤ᠋ᠨ ᠬᠢᠯᠢ ᠴᠠᠭ᠍ᠳᠠᠵᠤ᠂ ᠰᠠᠯᠬᠢ ᠪᠣᠷᠣᠭᠠᠨ ᠳ᠋ᠦ ᠴᠦ᠍ ᠰᠠᠭᠠᠲᠠᠯ ᠥᠬᠡᠶ ᠶᠠᠪᠤᠳᠠᠭ ᠪᠠᠢᠯ᠎ᠠ᠃
ᠲᠡᠭᠦᠨ ᠤ᠋ ᠡᠪᠦᠭᠡ ᠪᠣᠯᠤᠨ ᠠᠪᠤ ᠨᠢ ᠵᠠᠯᠠᠭᠤ ᠳ᠋ᠠᠭᠠᠨ ᠪᠦᠷ ᠱᠢᠨ᠎ᠡ ᠪᠠᠷᠭᠤ ᠵᠡᠭᠦᠨ ᠬᠣᠱᠢᠭᠤᠨ ᠤ᠋ ᠴᠠᠭᠠᠨ ᠪᠠᠯᠭᠠᠰᠤ ᠵᠢᠨ ᠡᠷᠦᠬᠡ ᠶ᠋ᠢᠨ ᠴᠡᠷᠢᠭ ᠪᠠᠢᠵᠤ᠂ ᠬᠢᠯᠢ ᠶ᠋ᠢᠨ ᠣᠷᠣᠨ ᠳ᠋ᠦ ᠠᠮᠢᠳᠤᠷᠠᠵᠤ ᠪᠠᠢᠵᠠᠶ᠃ ᠴᠢᠯᠠᠭᠤ ᠪᠠᠭ᠎ᠠ ᠡᠴᠡ ᠪᠠᠨ ᠠᠪᠤ ᠪᠡᠨ ᠳᠠᠭᠠᠵᠤ ᠬᠢᠯᠢ ᠴᠠᠭ᠍ᠳᠠᠬᠤ ᠳᠤᠷᠠᠲᠠᠶ ᠪᠠᠢᠭᠰᠠᠨ ᠪᠤᠯ ᠣᠳᠣ ᠲᠡᠬᠦᠨ ᠤ᠋ 10 ᠨᠠᠰᠤᠲᠠᠶ ᠥᠬᠢᠨ ᠨᠢ ᠴᠤ᠌ ᠴᠢᠯᠠᠭᠤ ᠲᠠᠶ ᠬᠠᠮᠲᠤ ᠮᠣᠷᠢ ᠤᠨᠤᠨ ᠬᠢᠯᠢ ᠴᠠᠭ᠍ᠳᠠᠬᠤᠶᠡᠬᠡ ᠲᠤᠷᠠᠳᠠᠢ ᠶᠤᠮ᠃ ᠦᠨᠡᠨᠴᠢ ᠱᠢᠳᠤᠷᠭᠤ᠂ ᠴᠢᠩ ᠵᠢᠷᠤᠮᠳᠦ᠂ ᠬᠤᠪᠢ ᠨᠡᠮᠡᠷᠢ ᠦᠵᠡᠭᠦᠯᠬᠦ᠌ ᠨᠢ ᠡᠨᠡ ᠨᠤᠲᠤᠭ ᠤ᠋ᠨ ᠦᠶ᠎ᠡ ᠦᠶ᠎ᠡ ᠶ᠋ᠢᠨ ᠬᠢᠯᠢ ᠰᠠᠬᠢᠭ᠍ᠴᠢ ᠶ᠋ᠢᠨ ᠬᠠᠮᠲᠤ ᠶ᠋ᠢᠨ ᠣᠶᠤᠨ ᠰᠠᠨᠠᠭᠠᠨ ᠤ᠋ ᠪᠡᠯᠭᠡ ᠲᠡᠮᠳᠡᠭ ᠪᠣᠯᠵᠣ᠂ ᠬᠢᠯᠢ ᠬᠢᠵᠠᠭᠠᠷ ᠢ᠋ ᠬᠦᠴᠦᠷᠬᠡᠭ᠌ᠵᠢᠭᠦᠯᠵᠦ᠍ ᠬᠢᠯᠢ ᠵᠢ ᠪᠡᠬᠢᠵᠢᠭᠦᠯᠬᠦ᠌ᠪᠡᠷ ᠢᠷᠠᠭᠤ ᠠᠯᠳᠠᠷᠲᠤ ᠤᠯᠠᠮᠵᠢᠯᠠᠯ ᠪᠣᠯᠭᠠᠭ᠍ᠰᠠᠨ ᠬᠢᠯᠢ ᠬᠠᠮᠠᠭᠠᠯᠠᠯᠲᠠ ᠶ᠋ᠢᠨ ᠰᠣᠶᠣᠯ ᠢ᠋ ᠤᠯᠠᠮᠵᠢᠯᠠᠨ ᠵᠠᠯᠭᠠᠮᠵᠢᠯᠠᠵᠤ ᠶᠠᠪᠤᠨ᠎ᠠ᠃
ᠲᠡᠥᠬᠡ ᠶ᠋ᠢᠨ ᠬᠠᠭᠤᠴᠢ ᠪᠠᠭᠤᠷᠢ ᠨᠢ ᠪᠣᠯᠪᠠᠰᠤᠨ ᠤ᠋ ᠭᠡᠷᠡᠯ ᠭᠢᠯᠪᠠᠭ᠎ᠠ ᠵᠢ ᠰᠠᠴᠤᠷᠠᠭᠤᠯᠵᠤ᠂ ᠤᠷᠲᠤ ᠶ᠋ᠢᠨ ᠳᠠᠭᠤᠤ ᠨᠢ ᠲᠠᠯ᠎ᠠ ᠶ᠋ᠢᠨ ᠴᠡᠭᠡᠯ ᠮᠠᠯᠴᠢᠳ ᠤ᠋ᠨ ᠰᠡᠳᠬᠢᠯ ᠳ᠋ᠦ ᠮᠢᠩᠭᠠᠨ ᠤᠨ ᠦᠷᠳᠡᠭᠡᠯᠡᠨᠠ; ᠬᠢᠯᠢ ᠰᠠᠬᠢᠭᠴᠢᠳ ᠬᠦᠯᠦᠭ ᠮᠣᠷᠢᠨ ᠳ᠋ᠠᠭᠠᠨ ᠮᠣᠷᠳᠠᠵᠤ᠂ ᠡᠬᠡ ᠤᠯᠤᠰ ᠤ᠋ᠨ ᠤᠮᠠᠷᠠᠲᠤ ᠬᠢᠯᠢ ᠶ᠋ᠢᠨ ᠠᠮᠤᠷ ᠲᠣᠭ᠍ᠲᠠᠭᠤᠨ ᠡᠶ᠎ᠡ ᠵᠣᠬᠢᠴᠠᠯ ᠢ᠋ ᠰᠠᠬᠢᠨ ᠬᠠᠮᠠᠭᠠᠯᠠᠵᠤ ᠶᠠᠪᠤᠨ᠎ᠠ᠃ ᠱᠢᠨ᠎ᠡ ᠪᠠᠷᠭᠤ ᠵᠡᠭᠦᠨ ᠬᠣᠱᠢᠭᠤ ᠲᠡᠦᠬᠡ ᠪᠣᠯᠤᠨ ᠤᠳᠤ ᠦᠶ᠎ᠠ᠂ ᠪᠠᠢᠭᠠᠯᠢ ᠪᠣᠯᠤᠨ ᠰᠣᠶᠣᠯ ᠢᠷᠭᠡᠨᠱᠢᠯ ᠤ᠋ᠨ ᠰᠣᠯᠪᠢᠴᠠᠯ ᠳᠤᠮᠳᠠ ᠥᠪᠡᠷᠮᠢᠴᠡ ᠷᠢᠳᠢ ᠱᠢᠳᠢᠪᠡᠨ ᠪᠠᠳᠠᠷᠠᠭᠤᠯᠵᠤ᠂ ᠤᠮᠠᠷᠠᠲᠤ ᠬᠢᠯᠢ ᠶ᠋ᠢᠨ ᠦᠩᠭᠡ ᠪᠤᠳᠤᠭ ᠢ᠋ ᠭᠠᠢᠬᠠᠭᠤᠯᠤᠨ᠎ᠠ᠃