ᠥᠪᠥᠷ ᠮᠣᠩᠭᠣᠯ᠎ᠤᠨ ᠠᠵᠤ ᠦᠶ᠋ᠯᠡᠳᠪᠦᠷᠢ᠎ᠶ᠋ᠢᠨ ᠶᠡᠬᠡ ᠰᠤᠷᠭᠠᠭᠤᠯᠢ᠎ᠶ᠋ᠢᠨ ᠣᠨᠴᠠᠭᠠᠶ ᠠᠯᠪᠠ ᠬᠠᠭᠠᠬᠤ ᠣᠶᠤᠨᠴᠢ ᠮᠠᠱᠢᠨ ᠬᠥᠮᠦᠨ᠎ᠦ ᠭᠤᠤᠯᠳᠠᠯᠭ᠎ᠠ᠎ᠲᠠᠶ ᠲᠤᠷᠱᠢᠯᠲᠠ᠎ᠶ᠋ᠢᠨ ᠲᠠᠰᠤᠭ᠎ᠲᠤ᠂ ᠲᠤᠷᠱᠢᠯᠲᠠ᠎ᠶ᠋ᠢᠨ ᠲᠠᠰᠤᠭ᠎ᠤᠨ ᠡᠷᠬᠢᠯᠡᠭ᠌ᠴᠢ ᠲᠠᠩ ᠱᠤ᠌ ᠹᠧᠩ ᠫᠷᠤᠹᠧᠰᠰᠤᠷ ᠶᠠᠭ ᠪᠦᠯᠬᠦᠮ᠎ᠢᠶᠡᠨ ᠳᠠᠭᠠᠭᠤᠯᠤᠨ ᠵᠠᠩᠭᠢᠯᠠᠭ᠎ᠠ᠎ᠶ᠋ᠢᠨ ᠮᠡᠷᠭᠡᠵᠢᠯ᠎ᠦᠨ ᠪᠣᠭᠣᠮᠲᠠ ᠱᠢᠪᠲᠤᠯᠤᠯᠲᠠ ᠬᠢᠵᠦ᠍ ᠪᠠᠢᠯ᠎ᠡ᠃ ᠬᠢᠯᠢ ᠬᠢᠵᠠᠭᠠᠷ᠎ᠤᠨ ᠴᠠᠭ᠍ᠳᠠᠨ ᠰᠡᠷᠭᠡᠢᠯᠡᠬᠦ᠌ ᠮᠠᠱᠢᠨ ᠬᠥᠮᠦᠨ᠂ ᠴᠠᠬᠢᠯᠭᠠᠨ ᠬᠦᠴᠦᠨ᠎ᠦ ᠣᠶᠤᠨᠴᠢ᠎ᠪᠠᠷ ᠠᠵᠢᠯᠯᠠᠭᠤᠯᠵᠤ ᠬᠠᠮᠠᠭᠠᠯᠠᠬᠤ ᠮᠠᠱᠢᠨ ᠬᠥᠮᠦᠨ᠂ ᠲᠠᠯ᠎ᠠ ᠨᠤᠲᠤᠭ᠎ᠤᠨ ᠠᠮᠢ ᠠᠬᠤᠶ᠎ᠶ᠋ᠢᠨ ᠵᠢᠵᠢᠭᠦᠷᠯᠡᠬᠦ ᠵᠢᠯᠤᠭᠤᠴᠢ ᠥᠬᠡᠶ ᠮᠠᠱᠢᠨ ᠬᠥᠮᠦᠨ᠂ ᠠᠭᠤᠷᠬᠠᠶ᠎ᠶ᠋ᠢᠨ ᠣᠷᠣᠨ᠎ᠤ ᠴᠠᠭ᠍ᠳᠠᠨ ᠪᠠᠢᠴᠠᠭᠠᠬᠤ ᠠᠵᠢᠯ᠎ᠤᠨ ᠮᠠᠱᠢᠨ ᠬᠥᠮᠦᠨ ᠁ ᠡᠳᠡᠭᠡᠷ ᠱᠢᠨ᠎ᠡ᠎ᠶ᠋ᠢ ᠡᠭᠦᠳᠦᠭ᠌ᠰᠡᠨ ᠦᠷ᠎ᠡ ᠪᠦᠲᠦᠭᠡᠯ ᠨᠢ ᠳᠤᠮᠳᠠᠳᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ᠂ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠂ ᠤᠯᠤᠰ᠎ᠤᠨ ᠴᠢᠬᠤᠯᠠ ᠡᠨᠧᠷᠭᠢ ᠪᠠ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ᠎ᠢ ᠪᠥᠲᠥᠭᠡᠨ ᠪᠠᠢᠭᠤᠯᠬᠤ᠎ᠳᠤ ᠬᠦᠴᠦᠨ ᠪᠥᠬᠥᠶ ᠤᠶᠤᠨᠴᠢ ᠲᠣᠨᠣᠭ᠍ᠯᠠᠯ᠎ᠤᠨ ᠲᠤᠯᠭᠠᠭᠤᠷᠢᠯᠠᠯ ᠬᠠᠩᠭᠠᠬᠤ ᠪᠣᠯᠤᠨ᠎ᠠ᠃
ᠥᠪᠥᠷ ᠮᠣᠩᠭᠣᠯ᠎ᠤᠨ ᠠᠵᠤ ᠦᠶ᠋ᠯᠡᠳᠪᠦᠷᠢ᠎ᠶ᠋ᠢᠨ ᠶᠡᠬᠡ ᠰᠤᠷᠭᠠᠭᠤᠯᠢ᠎ᠶ᠋ᠢᠨ ᠮᠧᠬᠠᠨᠢᠭ᠎ᠤᠨ ᠢᠨᠵᠧᠨᠧᠷᠢᠩ᠎ᠦᠨ ᠳᠡᠭᠡᠳᠦ ᠰᠤᠷᠭᠠᠭᠤᠯᠢ᠎ᠶ᠋ᠢᠨ ᠳᠡᠳ᠋ ᠵᠠᠬᠢᠷᠤᠯ ᠪᠣᠯᠤᠭ᠍ᠰᠠᠨ᠎ᠤ ᠬᠤᠪᠢ᠎ᠳᠤ᠂ ᠲᠠᠩ ᠱᠤ᠌ ᠹᠸᠩ ᠢᠮᠠᠭ᠍ᠲᠠ 《ᠲᠠᠪᠤᠨ ᠶᠡᠬᠡ ᠡᠭᠦᠷᠭᠡ》 ᠳ᠋ᠤ ᠠᠩᠬᠠᠷᠤᠯ᠎ᠢᠶᠠᠨ ᠲᠥᠪᠯᠡᠷᠡᠭᠦᠯᠵᠦ᠍᠂ ᠵᠢᠭᠠᠨ ᠰᠤᠷᠭᠠᠯᠲᠠ ᠪᠠ ᠱᠢᠨᠵᠢᠯᠡᠬᠦ᠌ ᠤᠬᠠᠭᠠᠨ᠎ᠤ ᠰᠤᠳᠤᠯᠭᠠᠨ᠎ᠢ ᠵᠡᠷᠭᠡ᠎ᠪᠡᠷ ᠴᠢᠬᠤᠯᠠᠴᠢᠯᠠᠵᠤ᠂ ᠣᠨᠣᠯ᠎ᠤᠨ ᠱᠢᠨ᠎ᠡ ᠡᠭᠦᠳᠦᠯᠲᠡ ᠪᠠ ᠦᠶ᠋ᠯᠡᠳᠦᠯᠭᠡ᠎ᠶ᠋ᠢᠨ ᠬᠡᠷᠡᠭ᠌ᠯᠡᠭᠡ᠎ᠶ᠋ᠢ ᠤᠶᠠᠯᠳᠤᠭᠤᠯᠬᠤ᠎ᠶ᠋ᠢ ᠪᠠᠷᠢᠮᠲᠠᠯᠠᠵᠤ᠂ ᠪᠦᠯᠬᠦᠮ ᠵᠢᠡᠨ ᠳᠠᠭᠠᠭᠤᠯᠤᠨ ᠵᠣᠬᠢᠶᠠᠨ ᠪᠠᠢᠭᠤᠯᠤᠯᠲᠠ᠎ᠲᠠᠶ ᠴᠢᠳᠠᠪᠤᠷᠢᠲᠠᠨ᠎ᠢ ᠬᠥᠮᠦᠵᠢᠭᠦᠯᠬᠦ᠌ ᠪᠠ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠪᠣᠭᠣᠮᠲᠠ ᠱᠢᠪᠲᠤᠯᠬᠤ ᠠᠵᠢᠯ ᠥᠷᠨᠢᠭᠦᠯᠵᠦ᠍᠂ ᠡᠯᠪᠡᠭ ᠦᠷ᠎ᠡ ᠪᠦᠲᠦᠭᠡᠯ ᠤᠯᠪᠠ᠃
2010 ᠣᠨ᠎ᠳᠤ᠂ ᠲᠠᠩ ᠱᠤ᠌ ᠹᠸᠩ ᠬᠠᠷᠪᠢᠨ᠎ᠤ ᠠᠵᠤ ᠦᠢᠯᠡᠳᠪᠦᠷᠢ᠎ᠶ᠋ᠢᠨ ᠶᠡᠬᠡ ᠰᠤᠷᠭᠠᠭᠤᠯᠢ᠎ᠡᠴᠡ ᠳ᠋ᠣᠺᠲ᠋ᠣᠷᠵᠢᠡᠨ ᠲᠡᠭᠦᠰᠦᠭ᠌ᠰᠡᠨ᠎ᠦ ᠳᠠᠷᠠᠭ᠎ᠠ ᠥᠪᠡᠷᠲᠡᠭᠡᠨ ᠵᠠᠰᠠᠬᠤ ᠣᠷᠣᠨ᠎ᠤ ᠴᠠᠬᠢᠯᠭᠠᠨ ᠬᠦᠴᠦᠨ᠎ᠦ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ᠎ᠳᠦ ᠠᠵᠢᠯᠯᠠᠪᠠ᠃ ᠠᠵᠢᠯ ᠦᠢᠯᠡᠰ᠎ᠦᠨ ᠬᠥᠭ᠌ᠵᠢᠯᠲᠡ ᠨᠢ ᠤᠷᠤᠭ᠍ᠰᠢᠲᠠᠢ ᠪᠠᠢᠭ᠍ᠰᠠᠨ ᠴᠤ᠌᠂ ᠲᠡᠷᠡ ᠰᠤᠷᠭᠠᠨ ᠬᠥᠮᠦᠵᠢᠯ᠎ᠦᠨ ᠦᠢᠯᠡᠰ᠎ᠲᠦ ᠣᠷᠣᠯᠴᠠᠬᠤ ᠬᠦᠰᠡᠯ ᠵᠡᠭᠦᠳᠦ ᠡᠪᠦᠷᠯᠡᠭ᠌ᠰᠡᠭᠡᠷ ᠢᠷᠡᠵᠠᠢ᠃ 2016 ᠣᠨ᠎ᠳᠤ᠂ ᠲᠡᠷᠡ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ ᠡᠯᠪᠡᠭ ᠬᠠᠷᠠᠮᠵᠢ ᠵᠢ ᠡᠷᠡᠰ ᠲᠠᠶᠠᠭ᠍ᠳᠠᠵᠤ᠂ ᠥᠪᠥᠷ ᠮᠣᠩᠭᠣᠯ᠎ᠤᠨ ᠠᠵᠤ ᠦᠢᠯᠡᠳᠪᠦᠷᠢ᠎ᠶ᠋ᠢᠨ ᠶᠡᠬᠡ ᠰᠤᠷᠭᠠᠭᠤᠯᠢ᠎ᠶ᠋ᠢᠨ ᠨᠢᠭᠡᠨ ᠪᠠᠭ᠍ᠰᠢᠪᠤᠯᠵᠤ᠂ ᠱᠢᠨ᠎ᠡ ᠴᠠᠭ ᠦᠶ᠎ᠡ᠎ᠶ᠋ᠢᠨ ᠢᠨᠵᠧᠨᠧᠷᠢᠩ᠎ᠦᠨ ᠮᠡᠷᠭᠡᠵᠢᠯ᠎ᠦᠨ ᠴᠢᠳᠠᠪᠤᠷᠢᠲᠠᠨ᠎ᠢ ᠬᠥᠮᠦᠵᠢᠭᠦᠯᠬᠦ᠌᠎ᠪᠡᠷ ᠴᠢᠷᠮᠠᠢᠪᠠ᠃
ᠲᠤᠰ ᠵᠢᠯ᠎ᠳᠦ᠂ ᠲᠠᠩ ᠱᠤ᠌ ᠹᠸᠩ ᠤᠯᠤᠰ᠎ᠤᠨ ᠴᠢᠬᠤᠯᠠ ᠶᠡᠬᠡ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠰᠠᠭᠤᠷᠢ ᠲᠥᠬᠥᠭᠡᠷᠦᠮᠵᠢ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠲᠦᠷᠦᠯ ᠵᠦᠢᠯ ᠪᠤᠯᠬᠤ 《ᠣᠭ᠍ᠲᠠᠷᠭᠤᠢ᠎ᠶ᠋ᠢᠨ ᠣᠷᠴᠢᠨ ᠲᠣᠭᠣᠷᠢᠨ᠎ᠤ ᠭᠠᠵᠠᠷ᠎ᠤᠨ ᠭᠠᠳᠠᠷᠭᠤ᠎ᠶ᠋ᠢᠨ ᠳᠠᠭᠤᠷᠢᠶᠠᠮᠠᠯ ᠲᠣᠨᠣᠭ᠍ᠯᠠᠯ》 ᠤ᠋ᠨ ᠪᠦᠳᠦᠭᠡᠨ ᠪᠠᠢᠭᠤᠯᠤᠯᠲᠠ᠎ᠳᠤ ᠣᠷᠣᠯᠴᠠᠵᠤ᠂ ᠤᠯᠠᠨ ᠢᠵᠢ ᠵᠠᠩᠭᠢᠯᠠᠭ᠎ᠠ᠎ᠶ᠋ᠢᠨ ᠲᠣᠨᠣᠭ᠍ᠯᠠᠯ᠎ᠢ ᠰᠤᠳᠤᠯᠤᠨ ᠦᠢᠯᠡᠳᠬᠦ᠌ ᠡᠭᠦᠷᠭᠡ᠎ᠶ᠋ᠢ ᠡᠭᠦᠷᠭᠡᠯᠡᠪᠡ᠃ ᠬᠠᠮᠤᠭ ᠠᠩᠬᠠᠨ᠎ᠤ ᠨᠢᠭᠡ ᠪᠤᠳᠤᠯ᠎ᠠᠴᠠ ᠨᠢᠭᠡ ᠨᠢᠭᠡ ᠵᠢᠷᠤᠭ ᠲᠥᠰᠦᠯ ᠬᠦᠷᠲᠡᠯ᠎ᠡ᠂ ᠲᠠᠬᠢᠭᠠᠳ ᠨᠢᠭᠡ ᠨᠢᠭᠡ ᠰᠡᠯᠪᠢᠭ ᠲᠤᠨᠤᠭ ᠬᠦᠷᠲᠡᠯ᠎ᠡ᠂ 5 ᠵᠢᠯᠵᠠᠷᠤᠴᠠᠭᠤᠯᠤᠨ ᠬᠦᠴᠢᠷ᠎ᠢ ᠲᠤᠭᠤᠯᠤᠨ ᠪᠡᠷᠬᠡ᠎ᠶ᠋ᠢ ᠳᠠᠪᠠᠵᠤ᠂ ᠡᠳᠦᠷᠵᠢᠨ ᠰᠥᠨᠢᠵᠢᠨ ᠠᠵᠢᠯᠯᠠᠵᠤ᠂ ᠡᠴᠦᠰ᠎ᠲᠡᠬᠡᠨ ᠳᠡᠯᠡᠬᠡᠢ᠎ᠶ᠋ᠢᠨ ᠲᠡᠷᠢᠭᠦᠨ᠎ᠦ ᠣᠭ᠍ᠲᠠᠷᠭᠤᠢ᠎ᠶ᠋ᠢᠨ ᠲᠣᠭᠣᠷᠢᠯᠲᠠ᠎ᠶ᠋ᠢᠨ ᠵᠠᠮ ᠳᠡᠭᠡᠷᠡᠬᠢ ᠬᠥᠳᠡᠯᠭᠡᠭᠡᠨ᠎ᠦ ᠳᠠᠭᠤᠷᠢᠶᠠᠮᠠᠯ ᠮᠡᠷᠭᠡᠵᠢᠯ᠎ᠦᠨ ᠱᠢᠪᠲᠤᠯᠤᠯᠲᠠ᠎ᠶ᠋ᠢ ᠪᠡᠶᠡᠯᠡᠭᠦᠯᠪᠡ᠃ ᠱᠠᠩᠬᠠᠢ᠎ᠶ᠋ᠢᠨ ᠰᠠᠨᠰᠠᠷ᠎ᠤᠨ ᠠᠶᠠᠯᠠᠯ᠎ᠤᠨ ᠲᠥᠬᠥᠭᠡᠷᠦᠮᠵᠢ ᠦᠢᠯᠡᠳᠬᠦ᠌ ᠶᠡᠷᠦᠩᠬᠡᠢ ᠦᠢᠯᠡᠳᠪᠦᠷᠢ᠎ᠳᠤ ᠲᠤᠬᠢᠷᠠᠭᠤᠯᠤᠨ ᠲᠤᠷᠱᠢᠬᠤ ᠬᠤᠭᠤᠴᠠᠭᠠᠨ᠎ᠳᠤ᠂ ᠲᠤᠢᠯ᠎ᠤᠨ ᠣᠷᠴᠢᠨ ᠨᠥᠬᠥᠴᠡᠯ ᠳᠣᠣᠷᠠᠬᠢ ᠪᠦᠲᠦᠴᠡ᠎ᠶ᠋ᠢᠨ ᠬᠥᠳᠡᠯᠭᠡᠭᠡᠨ᠎ᠦ ᠣᠨᠴᠠᠯᠢᠭ᠎ᠢ ᠡᠵᠡᠮᠱᠢᠬᠦ᠌᠎ᠶ᠋ᠢᠨ ᠲᠥᠯᠥᠭᠡ᠂ 40°C ᠥᠨᠳᠥᠷ ᠬᠠᠯᠠᠭᠤᠨ ᠠᠭᠤᠷ ᠠᠮᠢᠰᠭᠤᠯ᠎ᠤᠨ ᠳᠣᠣᠷ᠎ᠠ᠂ ᠲᠡᠷᠡ ᠬᠥᠪᠥᠩ ᠬᠤᠪᠴᠠᠰᠤ ᠡᠮᠦᠰᠦᠨ ᠲᠡᠭ᠎ᠡᠴᠡ ᠳᠣᠷᠣᠭ᠍ᠰᠢ 60°C ᠤ᠋ᠨ ᠳᠣᠣᠷ᠎ᠠ ᠳᠤᠯᠠᠭᠠᠨ᠎ᠤ ᠬᠠᠢᠷᠴᠠᠭ᠎ᠲᠤ ᠣᠷᠣᠵᠤ᠂ ᠵᠥᠪᠬᠡᠨ ᠬᠣᠶᠠᠷ ᠳᠠᠪᠬᠤᠷ ᠪᠡᠭᠡᠯᠡᠢ ᠵᠡᠭᠦᠭ᠌ᠰᠡᠨ ᠭᠠᠷ᠎ᠢᠶᠠᠷ᠎ᠢᠶᠠᠨ ᠪᠦᠲᠦᠴᠡ᠎ᠶ᠋ᠢᠨ ᠬᠥᠳᠡᠯᠭᠡᠭᠡᠨ᠎ᠦ ᠦᠷ᠎ᠡ ᠪᠦᠲᠦᠮᠵᠢ᠎ᠶ᠋ᠢ ᠮᠡᠳᠡᠷᠡᠵᠦ᠍᠂ 《ᠬᠠᠬᠢᠷ ᠬᠦᠢᠳᠡᠨ ᠪᠠ ᠭᠠᠯ ᠬᠠᠯᠠᠭᠤᠨ》 ᠤ᠋ ᠳᠠᠪᠬᠤᠷ ᠱᠢᠯᠭᠠᠯᠲᠠ᠎ᠶ᠋ᠢ ᠦᠨᠡᠨ ᠬᠦ᠌ ᠳᠠᠭᠠᠭᠠᠵᠤ᠂ ᠪᠣᠳᠠᠲᠤ ᠠᠵᠢᠯᠯᠠᠭ᠎ᠠ᠎ᠪᠠᠷ᠎ᠢᠶᠠᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯᠲᠠᠳ᠎ᠤᠨ ᠴᠥᠬᠥᠷᠡᠰᠢ ᠦᠭᠡᠢ ᠬᠥᠭᠡᠭᠡᠴᠡᠯᠳᠦᠯ᠎ᠢ ᠲᠠᠢᠯᠪᠤᠷᠢᠯᠠᠭ᠍ᠰᠠᠨ ᠪᠠᠢᠨ᠎ᠠ᠃ ᠲᠣᠰ ᠲᠥᠷᠥᠯ ᠵᠦᠶ᠋ᠯ᠎ᠨᠢ ᠬᠣᠭᠣᠰᠣᠮ᠂ ᠥᠨᠳᠥᠷ ᠳᠤᠤᠷ᠎ᠠ ᠳᠤᠯᠠᠭᠠᠨ᠂ ᠣᠯᠠᠨ ᠡᠬᠢᠲᠦ ᠰᠠᠴᠤᠷᠠᠭ ᠲᠤᠰᠤᠯᠲᠠ ᠵᠡᠷᠭᠡ ᠪᠤᠳᠤᠯᠢᠶᠠᠨᠲᠠᠶ ᠣᠷᠴᠢᠨ ᠨᠥᠬᠥᠴᠡᠯ ᠳᠤᠤᠷᠠᠬᠢ ᠬᠥᠳᠡᠯᠭᠡᠭᠡᠨ᠎ᠦ ᠪᠦᠲᠦᠴᠡ᠎ᠶ᠋ᠢᠨ ᠵᠢᠷᠤᠭ ᠲᠥᠯᠥᠪᠯᠡᠭᠡ᠎ᠶ᠋ᠢᠨ ᠮᠡᠷᠭᠡᠵᠢᠯ᠎ᠢ ᠠᠮᠵᠢᠯᠲᠠ᠎ᠲᠠᠶ ᠱᠢᠪᠲᠤᠯᠵᠤ᠂ ᠣᠯᠠᠨ ᠤᠯᠤᠰ᠎ᠤᠨ ᠲᠡᠷᠢᠭᠦᠨ᠎ᠦ ᠤᠭᠲᠠᠷᠭᠤᠢ᠎ᠶ᠋ᠢᠨ ᠶᠡᠷᠦᠩᠬᠡᠢᠯᠡᠭ᠌ᠰᠡᠨ ᠰᠠᠴᠤᠷᠠᠭ ᠲᠤᠰᠤᠯᠲᠠ᠎ᠶ᠋ᠢᠨ ᠣᠷᠴᠢᠨ ᠲᠣᠭᠣᠷᠢᠨ᠎ᠤ ᠱᠢᠨᠵᠢᠯᠡᠬᠦ᠌ ᠤᠬᠠᠭᠠᠨ᠎ᠤ ᠲᠠᠪᠴᠠᠩ᠎ᠢ ᠪᠠᠢᠭᠤᠯᠬᠤ᠎ᠳᠤ ᠵᠠᠩᠭᠢᠯᠠᠭ᠎ᠠ᠎ᠶ᠋ᠢᠨ ᠲᠣᠨᠣᠭ ᠲᠥᠬᠥᠭᠡᠷᠦᠮᠵᠢ᠎ᠶ᠋ᠢᠨ ᠲᠤᠯᠭᠠᠭᠤᠷᠢᠯᠠᠯ ᠬᠠᠩᠭᠠᠪᠠ᠃ 《ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯ ᠤᠢᠳᠭᠠᠷᠢ ᠲᠡᠰᠪᠦᠷᠢᠯᠡᠵᠦ᠂ ᠱᠢᠯᠭᠠᠯᠲᠠ᠎ᠶ᠋ᠢ ᠳᠠᠭᠠᠭᠠᠵᠤ ᠳᠡᠢᠯᠬᠦ᠌ ᠬᠡᠷᠡᠭ᠌ᠲᠡᠢ᠂ ᠴᠠᠭ ᠬᠠᠮᠢᠭ᠎ᠠ ᠪᠠᠢᠪᠠᠯ ᠠᠮᠵᠢᠯᠲᠠ ᠪᠦᠲᠦᠮᠵᠢ ᠲᠡᠨᠳᠡ ᠪᠠᠢᠨ᠎ᠠ》 ᠭᠡᠵᠦ᠍ ᠲᠠᠩ ᠱᠤ᠌ ᠹᠸᠩ ᠬᠡᠯᠡᠨ᠎ᠡ᠃
ᠳᠡᠭᠡᠳᠦ ᠰᠤᠷᠭᠠᠭᠤᠯᠢ᠎ᠶ᠋ᠢᠨ ᠵᠢᠭᠠᠨ ᠰᠤᠷᠭᠠᠯᠲᠠ᠎ᠶ᠋ᠢᠨ ᠠᠵᠢᠯ᠎ᠢ ᠬᠤᠪᠢᠳᠠᠨ ᠬᠠᠮᠢᠶᠠᠷᠴᠤ᠌ ᠪᠠᠢᠭ᠎ᠠ ᠳᠡᠳ᠋ ᠵᠠᠬᠢᠷᠤᠯ ᠪᠣᠯᠤᠭ᠍ᠰᠠᠨ᠎ᠤ ᠬᠤᠪᠢ᠎ᠳᠤ᠂ ᠲᠠᠩ ᠱᠤ᠌ ᠹᠧᠩ ᠢᠮᠠᠭ᠍ᠲᠠ ᠶᠣᠰᠣ ᠰᠤᠷᠲᠠᠬᠤᠨ᠎ᠢᠶᠠᠷ ᠬᠥᠮᠦᠨ᠎ᠢ ᠬᠥᠮᠦᠵᠢᠭᠦᠯᠬᠦ᠌᠎ᠶ᠋ᠢ ᠰᠤᠷᠭᠠᠭᠤᠯᠢ ᠡᠷᠬᠢᠯᠡᠬᠦ᠌᠂ ᠵᠢᠭᠠᠨ ᠰᠤᠷᠭᠠᠯᠲᠠ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠲᠡᠷᠢᠭᠦᠨ ᠴᠢᠬᠤᠯᠠ ᠡᠭᠦᠷᠭᠡ ᠪᠣᠯᠭᠠᠵᠤ᠂ ᠭᠠᠷᠮᠠᠭᠠᠢ ᠢᠨᠵᠧᠨᠧᠷ᠎ᠢ ᠬᠥᠮᠦᠵᠢᠭᠦᠯᠬᠦ᠌ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠶ᠋ᠢ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠥᠭᠡᠷᠡᠴᠢᠯᠡᠯᠲᠡ᠎ᠶ᠋ᠢᠨ ᠲᠡᠷᠢᠭᠦᠨ ᠴᠢᠬᠤᠯᠠ ᠡᠭᠦᠷᠭᠡ ᠪᠣᠯᠭᠠᠵᠤ᠂ ᠬᠢᠴᠢᠶᠡᠯ᠎ᠦᠨ ᠵᠢᠭᠠᠨ ᠰᠤᠷᠭᠠᠯᠲᠠ᠎ᠶ᠋ᠢᠨ ᠥᠭᠡᠷᠡᠴᠢᠯᠡᠯᠲᠡ ᠪᠣᠯᠤᠨ ᠱᠢᠨ᠎ᠡ᠎ᠶ᠋ᠢ ᠡᠭᠦᠳᠬᠦ᠌ ᠦᠢᠯᠡᠰ ᠪᠤᠰᠭᠠᠬᠤ ᠰᠤᠷᠭᠠᠨ ᠬᠥᠮᠦᠵᠢᠯ᠎ᠢ ᠲᠦᠷᠦᠭᠦᠯᠡᠨ ᠠᠬᠢᠭᠤᠯᠪᠠ᠃ ᠲᠡᠷᠡ ᠠᠵᠢᠯ ᠲᠦᠷᠦᠯ᠎ᠦᠨ ᠬᠥᠭ᠌ᠵᠢᠯᠲᠡ᠎ᠶ᠋ᠢᠨ ᠬᠠᠨᠳᠤᠰᠢ᠎ᠶ᠋ᠢ ᠬᠤᠷᠴᠠ ᠰᠡᠷᠭᠡᠭ᠎ᠢᠶᠡᠷ ᠡᠵᠡᠮᠳᠡᠵᠦ᠍᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠱᠢᠨ᠎ᠡ ᠬᠡᠯᠪᠡᠷᠢ᠎ᠶ᠋ᠢᠨ ᠢᠨᠵᠧᠨᠧᠷᠢᠩ᠎ᠦᠨ ᠮᠡᠷᠭᠡᠵᠢᠯ᠎ᠦᠨ ᠴᠢᠳᠠᠪᠤᠷᠢᠲᠠᠨ᠎ᠤ ᠬᠡᠷᠡᠭ᠌ᠴᠡᠭᠡ ᠱᠠᠭᠠᠷᠳᠠᠯᠭ᠎ᠠ᠎ᠲᠠᠶ ᠰᠠᠨᠠᠭᠠᠴᠢᠯᠠᠭ᠎ᠠ᠎ᠠᠴᠠ᠎ᠪᠠᠨ ᠵᠣᠯᠭᠠᠭᠤᠯᠵᠤ᠂ ᠱᠢᠨᠵᠢᠯᠡᠭᠡᠨ᠎ᠦ ᠰᠠᠯᠠᠭ᠎ᠠ ᠲᠤᠰᠭᠠᠢ ᠮᠡᠷᠭᠡᠵᠢᠯ᠎ᠦᠨ ᠪᠠᠢᠷᠢᠱᠢᠭᠤᠯᠤᠯᠲᠠ᠎ᠶ᠋ᠢ ᠢᠳᠡᠪᠬᠢᠲᠡᠢ ᠱᠢᠯᠢᠳᠡᠭ᠌ᠵᠢᠭᠦᠯᠵᠦ᠍᠂ ᠴᠢᠳᠠᠪᠤᠷᠢᠲᠠᠨ᠎ᠢ ᠬᠥᠮᠦᠵᠢᠭᠦᠯᠬᠦ᠌ ᠱᠢᠰᠲᠸᠮ᠎ᠤᠨ ᠱᠢᠨ᠎ᠡ᠎ᠶ᠋ᠢ ᠡᠭᠦᠳᠬᠦ᠌᠎ᠶ᠋ᠢᠨ ᠬᠠᠮᠲᠤ 《ᠬᠢᠴᠢᠶᠡᠯ ᠲᠦᠷᠦᠯ᠎ᠦᠨ ᠱᠢᠯᠢᠳᠡᠭ᠎ᠢ ᠬᠥᠮᠦᠵᠢᠭᠦᠯᠬᠦ᠌ ᠲᠥᠯᠥᠪᠯᠡᠭᠡ》ᠵᠢ ᠬᠡᠷᠡᠭ᠌ᠵᠢᠭᠦᠯᠵᠦ᠍᠂ ᠵᠥᠪ ᠴᠢᠭ᠌ᠯᠡᠯ᠎ᠢᠶᠡᠷ ᠤᠷᠮᠠᠱᠢᠭᠤᠯᠬᠤ᠎ᠳᠤ ᠰᠠᠭᠤᠷᠢᠯᠠᠭ᠍ᠰᠠᠨ ᠪᠢᠲᠡᠭᠦᠦ ᠴᠠᠭᠠᠷᠢᠭ᠎ᠤᠨ ᠴᠢᠳᠠᠪᠤᠷᠢᠲᠠᠨ᠎ᠢ ᠬᠥᠮᠦᠵᠢᠭᠦᠯᠬᠦ᠌ ᠲᠣᠭ᠍ᠲᠠᠴᠠ᠎ᠶ᠋ᠢ ᠪᠠᠢᠭᠤᠯᠪᠠ᠃
ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠴᠢᠳᠠᠪᠤᠷᠢᠲᠠᠨ᠎ᠢ ᠬᠥᠮᠦᠵᠢᠭᠦᠯᠬᠦ᠌ ᠳᠤᠮᠳᠠ᠂ ᠲᠠᠩ ᠱᠤ᠌ ᠹᠸᠩ ᠦᠢᠯᠡᠳᠦᠯᠭᠡ᠎ᠶ᠋ᠢᠨ ᠴᠢᠳᠠᠪᠤᠷᠢ᠎ᠶ᠋ᠢᠨ ᠬᠥᠮᠦᠵᠢᠯ᠎ᠢ ᠣᠨᠴᠠᠭᠠᠢᠯᠠᠨ ᠴᠢᠬᠤᠯᠠᠴᠢᠯᠠᠵᠤ᠂ ᠦᠢᠯᠡᠳᠦᠯᠭᠡ᠎ᠶ᠋ᠢᠨ ᠠᠵᠢᠯᠯᠠᠭ᠎ᠠ ᠳᠤᠮᠳᠠ᠎ᠪᠠᠨ ᠵᠠᠯᠠᠭᠤ ᠴᠢᠳᠠᠪᠤᠷᠢᠲᠠᠨ᠎ᠢ ᠬᠥᠮᠦᠵᠢᠭᠦᠯᠬᠦ᠌ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠠᠯᠠᠭᠤᠨ ᠰᠡᠳᠭᠢᠯᠭᠡ᠎ᠶ᠋ᠢ ᠢᠯᠡᠷᠡᠭᠦᠯᠦᠭ᠌ᠰᠡᠨ ᠪᠠᠢᠨ᠎ᠠ᠃ 《ᠪᠦᠯᠬᠦᠮ᠎ᠦᠨ ᠪᠠᠭ᠍ᠰᠢ ᠰᠤᠷᠤᠭ᠍ᠴᠢᠳ ᠴᠥᠮ ᠪᠣᠳᠠᠲᠠᠶ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠲᠥᠷᠥᠯ ᠵᠦᠶ᠋ᠯ᠎ᠳᠦ ᠣᠷᠣᠯᠴᠠᠵᠤ᠂ ᠲᠤᠬᠠᠶ᠎ᠶ᠋ᠢᠨ ᠲᠠᠯᠠᠪᠠᠶ᠎ᠳᠤ ᠢᠷᠡᠵᠦ᠍᠂ ᠲᠥᠬᠥᠭᠡᠷᠦᠮᠵᠢ᠎ᠶ᠋ᠢ ᠨᠡᠭᠦᠯᠭᠡᠬᠦ᠌᠂ ᠱᠤᠷᠠᠭ᠎ᠢ ᠮᠤᠰᠭᠢᠬᠤ᠂ ᠤᠲᠠᠰᠤ᠎ᠶ᠋ᠢ ᠭᠠᠩᠨᠠᠬᠤ ᠵᠡᠷᠭᠡ ᠪᠠᠭ᠎ᠠ ᠶᠠᠪᠤᠳᠠᠯ᠎ᠠᠴᠠ ᠡᠬᠢᠯᠡᠨ ᠬᠢᠵᠦ᠍᠂ ᠬᠡᠷᠬᠢᠨ ᠪᠣᠳᠠᠲᠤ ᠬᠡᠷᠡᠭ᠌ᠴᠡᠭᠡ᠎ᠳᠦ ᠬᠠᠨᠳᠤᠭᠤᠯᠤᠨ ᠱᠢᠨᠵᠢᠯᠡᠬᠦ᠌ ᠤᠬᠠᠭᠠᠨ᠎ᠤ ᠠᠰᠠᠭᠤᠳᠠᠯ᠎ᠢ ᠪᠣᠯᠪᠠᠰᠤᠷᠠᠭᠤᠯᠬᠤ᠂ ᠥᠭᠦᠯᠡᠯ᠎ᠢ ᠬᠡᠷᠬᠢᠨ ᠦᠶ᠋ᠯᠡᠳᠪᠦᠷᠢᠯᠡᠯ᠎ᠦᠨ ᠱᠤᠭᠤᠮ᠎ᠳᠤ ᠪᠢᠴᠢᠬᠦ᠌᠎ᠶ᠋ᠢ ᠦᠨᠡᠨ ᠬᠦ᠌ ᠣᠢᠯᠠᠭᠠᠬᠤ ᠬᠡᠷᠡᠭ᠌ᠲᠡᠶ᠃ ᠭᠠᠭ᠍ᠴᠠ ᠬᠦ᠌ ᠬᠠᠯᠠᠭᠤᠨᠬᠠᠢᠷᠠ ᠪᠠᠢᠪᠠᠯ ᠰᠠᠶᠢ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠵᠠᠮ ᠳᠡᠭᠡᠷ᠎ᠡ ᠤᠷᠲᠤ ᠬᠤᠭᠤᠴᠠᠭ᠎ᠠ᠎ᠪᠠᠷ ᠪᠠᠷᠢᠮᠲᠠᠯᠠᠵᠤ᠂ ᠴᠢᠷᠮᠠᠢᠨ ᠲᠡᠮᠡᠴᠡᠵᠦ᠍᠂ ᠥᠪᠡᠷ᠎ᠢ᠎ᠪᠡᠨ ᠲᠠᠰᠤᠷᠠᠯᠲᠠ ᠦᠭᠡᠢ ᠥᠷᠢᠰᠦᠯᠳᠦᠵᠦ ᠴᠢᠳᠠᠨ᠎ᠠ》᠃ ᠲᠠᠩ ᠱᠤ᠌ ᠹᠸᠩ ᠶᠡᠷᠦ᠎ᠨᠢ ᠰᠠᠨᠰᠠᠷ᠎ᠤᠨ ᠠᠶᠠᠯᠠᠯ᠎ᠤᠨ ᠵᠣᠷᠢᠭ ᠰᠠᠨᠠᠭ᠎ᠠ ᠪᠣᠯᠤᠨ ᠳᠤᠮᠳᠠᠳᠤ ᠤᠯᠤᠰ᠎ᠤᠨ ᠦᠢᠯᠡᠳᠭᠡᠯ᠎ᠦᠨ ᠬᠥᠭ᠌ᠵᠢᠯ ᠮᠠᠨᠳᠤᠯ᠎ᠢᠶᠠᠷ ᠰᠤᠷᠤᠭ᠍ᠴᠢᠳ᠎ᠢ ᠬᠦᠳᠦᠯᠦᠨ ᠵᠢᠯᠣᠭᠣᠳᠴᠤ᠌᠂ ᠵᠣᠷᠢᠭ᠍ᠵᠢᠭᠤᠯᠵᠤ᠂ ᠥᠪᠡᠷ᠎ᠦᠨ ᠵᠢᠭᠠᠨ ᠰᠤᠷᠭᠠᠯᠲᠠ ᠪᠣᠯᠤᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠠᠲᠤ ᠪᠠᠷᠢᠮᠲᠠᠯᠠᠯᠢᠶᠠᠷᠢᠶᠠᠨ ᠰᠤᠷᠤᠭ᠍ᠴᠢᠳ᠎ᠢ ᠨᠥᠯᠥᠭᠡᠯᠡᠳᠡᠭ᠃ ᠤᠢ᠍ᠢᠷ᠎ᠠ᠎ᠶ᠋ᠢᠨ 5 ᠵᠢᠯ᠎ᠳᠦ᠂ ᠲᠡᠷᠡ ᠰᠤᠷᠤᠭ᠍ᠴᠢᠳ᠎ᠢ ᠵᠢᠯᠣᠭᠣᠳᠤᠨ ᠤᠯᠤᠰ᠂ ᠥᠪᠡᠷᠲᠡᠭᠡᠨ ᠵᠠᠰᠠᠬᠤ ᠣᠷᠣᠨ ᠵᠡᠷᠭᠡ ᠡᠯ᠎ᠡ ᠲᠦᠷᠦᠯ᠎ᠦᠨ ᠱᠢᠨ᠎ᠡ᠎ᠶ᠋ᠢ ᠡᠭᠦᠳᠬᠦ᠌ ᠦᠢᠯᠡᠰ ᠪᠤᠰᠭᠠᠬᠤ ᠱᠠᠩᠨᠠᠯ᠎ᠢ 22 ᠤᠳᠠᠭ᠎ᠠ ᠬᠦᠷᠲᠡᠭᠡᠪᠡ᠃
ᠲᠡᠭᠦᠨ᠎ᠦ ᠡᠷᠬᠢᠯᠡᠭ᠌ᠰᠡᠨ 《ᠱᠢᠨ᠎ᠡ ᠮᠡᠷᠭᠡᠵᠢᠯ᠎ᠦᠨ ᠰᠠᠯᠠᠭ᠎ᠠ᠎ᠳᠤ ᠬᠠᠨᠳᠤᠭᠤᠯᠤᠭ᠍ᠰᠠᠨ ᠣᠶᠤᠨᠴᠢ ᠦᠢᠯᠡᠳᠬᠡᠯ / ᠮᠠᠱᠢᠨ ᠬᠥᠮᠦᠨ᠎ᠦ ᠲᠤᠰᠭᠠᠢ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠴᠢᠳᠠᠪᠤᠷᠢᠲᠠᠨ᠎ᠢ ᠬᠥᠮᠦᠵᠢᠭᠦᠯᠬᠦ᠌ ᠱᠢᠰᠲᠸᠮ᠎ᠤᠨ ᠪᠠᠢᠭᠤᠯᠤᠯᠲᠠ ᠪᠠ ᠦᠢᠯᠡᠳᠦᠯᠭᠡ 》ᠭᠡᠬᠦ ᠥᠭᠡᠷᠡᠴᠢᠯᠡᠯᠲᠡ᠎ᠶ᠋ᠢᠨ ᠲᠦᠷᠦᠯ ᠵᠦᠢᠯ ᠨᠢ ᠳᠤᠮᠳᠠᠳᠤ ᠤᠯᠤᠰ᠎ᠤᠨ ᠨᠡᠭᠦᠷᠡᠰᠦᠨ᠎ᠦ ᠰᠤᠷᠭᠠᠨ ᠬᠥᠮᠦᠵᠢᠯ᠎ᠦᠨ ᠨᠡᠢᠭᠡᠮᠯᠢᠭ᠎ᠦᠨ ᠵᠢᠭᠠᠨ ᠰᠤᠷᠭᠠᠯᠲᠠ᠎ᠶ᠋ᠢᠨ ᠦᠷ᠎ᠡ ᠪᠦᠲᠦᠭᠡᠯ᠎ᠦᠨ ᠨᠢᠭᠡᠳᠦᠭᠡᠷ ᠳᠡᠰ᠎ᠤᠨ ᠱᠠᠩᠨᠠᠯ᠎ᠢ ᠬᠦᠷᠳᠡᠵᠦ᠍᠂《ᠵᠥᠪ ᠴᠢᠭ᠌ᠯᠡᠯ᠎ᠢᠶᠡᠷ ᠤᠷᠮᠠᠱᠢᠭᠤᠯᠬᠤ᠂ ᠬᠠᠷᠠᠯᠲᠠ᠎ᠪᠠᠷ ᠬᠦᠳᠦᠯᠦᠨ ᠵᠢᠯᠣᠭᠣᠳᠭᠤ᠂ ᠤᠯᠠᠨ ᠡᠱᠢ ᠪᠡᠷ ᠬᠥᠳᠡᠯᠭᠡᠬᠦᠷ ᠪᠤᠯᠭᠠᠬᠤ᠄ ᠮᠧᠬᠠᠨᠢᠭ ᠢᠨᠵᠧᠨᠧᠷᠢᠩ᠎ᠦᠨ ᠲᠤᠰᠭᠠᠢ ᠮᠡᠷᠭᠡᠵᠢᠯ᠎ᠦᠨ ᠴᠢᠳᠠᠪᠤᠷᠢᠲᠠᠨ᠎ᠢ ᠬᠥᠮᠦᠵᠢᠭᠦᠯᠬᠦ᠌ ᠦᠢᠯᠡᠳᠦᠯᠭᠡ ᠪᠠ ᠱᠢᠨ᠎ᠡ᠎ᠶ᠋ᠢ ᠡᠭᠦᠳᠬᠦ᠌》 ᠥᠭᠡᠷᠡᠴᠢᠯᠡᠯᠲᠡ᠎ᠶ᠋ᠢᠨ ᠲᠦᠷᠦᠯ ᠵᠦᠢᠯ ᠨᠢ ᠥᠪᠥᠷ ᠮᠣᠩᠭᠣᠯ᠎ᠤᠨ ᠠᠵᠤ ᠦᠢᠯᠡᠳᠪᠦᠷᠢ᠎ᠶ᠋ᠢᠨ ᠶᠡᠬᠡ ᠰᠤᠷᠭᠠᠭᠤᠯᠢ᠎ᠶ᠋ᠢᠨ ᠵᠢᠭᠠᠨ ᠰᠤᠷᠭᠠᠯᠲᠠ᠎ᠶ᠋ᠢᠨ ᠦᠷ᠎ᠡ ᠪᠦᠲᠦᠭᠡᠯ᠎ᠦᠨ ᠣᠨᠴᠠ ᠳᠡᠰ᠎ᠤᠨ ᠱᠠᠩᠨᠠᠯ᠎ᠢ ᠬᠦᠷᠳᠡᠵᠦ᠍᠂《ᠤᠯᠤᠰ ᠲᠦᠷᠦ᠍᠂ ᠤᠨᠤᠯ᠂ ᠦᠢᠯᠡᠳᠦᠯᠭᠡ᠂ ᠡᠭᠦᠳᠦᠯᠲᠡ᠂ ᠰᠤᠳᠤᠯᠭᠠᠨ᠂ ᠬᠡᠷᠡᠭ᠌ᠯᠡᠯᠲᠡ》 ᠵᠢᠨ ᠨᠢᠭᠡ ᠴᠤᠬ᠍ᠴᠠᠵᠢᠭᠤᠯᠤᠬ᠍ᠰᠠᠨ ᠮᠧᠬᠠᠨᠢᠭ᠎ᠤᠨ ᠲᠦᠷᠦᠯ᠎ᠦᠨ ᠲᠤᠰᠭᠠᠢ ᠮᠡᠷᠭᠡᠵᠢᠯ᠎ᠦᠨ ᠲᠤᠷᠱᠢᠯᠲᠠ᠎ᠶ᠋ᠢᠨ ᠵᠢᠭᠠᠨ ᠰᠤᠷᠭᠠᠯᠲᠠ᠎ᠶ᠋ᠢᠨ ᠱᠢᠰᠲᠸᠮ᠎ᠤᠨ ᠰᠤᠳᠤᠯᠭᠠᠨ ᠨᠢ ᠲᠦᠷᠦᠭᠦᠦ ᠪᠦᠯᠦᠭ᠎ᠤᠨ ᠰᠤᠷᠭᠠᠨ ᠬᠦᠮᠦᠵᠢᠯ᠎ᠤᠨ ᠶᠠᠮᠤᠨ᠎ᠤ ᠲᠤᠷᠰᠢᠯᠲᠠ᠎ᠵᠢᠨ ᠵᠢᠭᠠᠨ ᠰᠤᠷᠭᠠᠯᠲᠠᠪᠠ ᠵᠢᠭᠠᠨ ᠰᠤᠷᠭᠠᠯᠲᠠ᠎ᠵᠢᠨ ᠲᠤᠷᠰᠢᠯᠲᠡ᠎ᠵᠢᠨ ᠲᠠᠰᠤᠭ᠎ᠤᠨ ᠪᠦᠲᠦᠭᠡᠨ ᠪᠠᠢᠭᠤᠯᠤᠯᠲᠠ᠎ᠵᠢᠨ ᠰᠤᠳᠤᠯᠭᠠᠨ᠎ᠤ ᠲᠦᠷᠦᠯ ᠵᠦᠢᠯᠵᠢᠡᠷ ᠵᠦᠪᠰᠢᠶᠡᠷᠡᠭᠳᠡᠪᠡ᠃ ᠱᠢᠷᠢᠰ ᠥᠭᠡᠷᠡᠴᠢᠯᠡᠯᠲᠡ᠎ᠪᠡᠷ ᠳᠠᠮᠵᠢᠭᠤᠯᠤᠨ᠂ ᠮᠧᠬᠠᠨᠢᠭ ᠵᠢᠷᠤᠵᠤ ᠲᠥᠯᠥᠪᠯᠡᠨ ᠦᠶ᠋ᠯᠡᠳᠬᠦ᠌ ᠵᠢᠴᠢ ᠲᠡᠭᠦᠨ᠎ᠦ ᠠᠦ᠋ᠲ᠋ᠣᠴᠢᠯᠠᠯᠲᠠ᠂ ᠮᠧᠬᠠᠨᠢᠭ ᠡᠯᠧᠺᠲ᠋ᠷᠣᠨᠤ ᠢᠨᠵᠧᠨᠧᠷᠢᠩ ᠵᠡᠷᠭᠡ ᠲᠤᠰᠭᠠᠶ ᠮᠡᠷᠭᠡᠵᠢᠯ ᠨᠢ ᠤᠯᠤᠰ᠎ᠤᠨ ᠲᠡᠷᠢᠭᠦᠨ ᠵᠡᠷᠭᠡ᠎ᠶ᠋ᠢᠨ ᠵᠢᠩᠬᠢᠨᠢ ᠠᠩᠭᠢ᠎ᠶ᠋ᠢᠨ ᠲᠤᠰᠭᠠᠶ ᠮᠡᠷᠭᠡᠵᠢᠯ᠎ᠦᠨ ᠪᠥᠲᠥᠭᠡᠨ ᠪᠠᠢᠭᠤᠯᠤᠯᠲᠠ᠎ᠶ᠋ᠢᠨ ᠴᠡᠭ᠎ᠵᠢᠡᠷ ᠵᠦᠪᠰᠢᠶᠡᠷᠡᠭᠳᠡᠵᠦ᠂ ᠮᠧᠬᠠᠨᠢᠭ ᠵᠢᠷᠤᠭ ᠦᠶ᠋ᠯᠡᠳᠬᠦ᠌ ᠵᠡᠷᠭᠡ᠎ᠨᠢ ᠤᠯᠤᠰ᠎ᠤᠨ ᠲᠡᠷᠢᠭᠦᠨ ᠵᠡᠷᠭᠡ᠎ᠶ᠋ᠢᠨ ᠵᠢᠩᠬᠢᠨᠢ ᠠᠩᠭᠢ᠎ᠶ᠋ᠢᠨ ᠬᠢᠴᠢᠶᠡᠯ ᠲᠦᠷᠦᠯ᠎ᠳᠦ ᠵᠥᠪᠱᠢᠶᠡᠷᠡᠭ᠌ᠳᠡᠪᠡ᠃ ᠳᠡᠭᠡᠳᠦ ᠰᠤᠷᠭᠠᠭᠤᠯᠢ᠎ᠶ᠋ᠢᠨ ᠴᠢᠳᠠᠪᠤᠷᠢᠲᠠᠨ ᠬᠥᠮᠦᠵᠢᠭᠦᠯᠬᠦ᠌ ᠶᠠᠰᠤ ᠴᠢᠨᠠᠷ ᠢᠯᠡᠳᠲᠡ ᠳᠡᠭᠡᠭ᠌ᠰᠢᠯᠡᠵᠦ᠍᠂ 2024 ᠣᠨ᠎ᠳᠤ ᠲᠡᠭᠦᠰᠦᠭ᠌ᠰᠡᠳ᠎ᠦᠨ ᠠᠵᠢᠯ ᠣᠯᠤᠭ᠍ᠰᠠᠨ ᠨᠣᠷᠮ᠎ᠠ 85.53% ᠳ᠋ᠤ ᠬᠦᠷᠴᠦ᠍᠂ ᠥᠪᠡᠷᠲᠡᠭᠡᠨ ᠵᠠᠰᠠᠬᠤ ᠣᠷᠣᠨ᠎ᠤ ᠮᠧᠬᠠᠨᠢᠭ ᠦᠶ᠋ᠯᠡᠳᠬᠦ᠌ ᠵᠡᠷᠭᠡ ᠠᠵᠤ ᠠᠬᠤᠢᠯᠠᠯ᠎ᠳᠤ ᠴᠢᠳᠠᠪᠤᠷᠢᠲᠠᠨ᠎ᠤ ᠲᠤᠯᠭᠠᠭᠤᠷᠢᠯᠠᠯ ᠬᠠᠩᠭᠠᠪᠠ᠃
ᠤᠢ᠍ᠢᠷ᠎ᠠ᠎ᠶ᠋ᠢᠨ ᠵᠢᠯ᠎ᠳᠦ᠂ ᠲᠠᠩ ᠱᠤ᠌ ᠹᠸᠩ ᠤᠯᠤᠰᠪᠠ ᠥᠪᠡᠷᠲᠡᠭᠡᠨ ᠵᠠᠰᠠᠬᠤ ᠣᠷᠣᠨ᠎ᠤ ᠲᠡᠰ᠎ᠤᠨ ᠤᠯᠠᠨ ᠲᠦᠷᠦᠯ᠎ᠦᠨ ᠭᠣᠣᠯᠳᠠᠯᠭ᠎ᠠ᠎ᠲᠠᠶ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠲᠦᠷᠦᠯ ᠵᠦᠢᠯ᠎ᠢ ᠡᠷᠬᠢᠯᠡᠨ ᠪᠡᠶᠡᠯᠡᠭᠦᠯᠵᠦ᠍᠂ ᠮᠠᠱᠢᠨ ᠬᠥᠮᠦᠨ᠎ᠦ ᠬᠦᠷᠢᠶᠡᠨ᠎ᠳᠦ ᠠᠯᠢ ᠤᠯᠠᠨ ᠴᠢᠬᠤᠯᠠ ᠡᠭᠦᠳᠦᠯᠲᠡ᠎ᠶ᠋ᠢᠨ ᠴᠢᠨᠠᠷᠲᠠᠢ ᠦᠷ᠎ᠡ ᠪᠦᠲᠦᠭᠡᠯ ᠣᠯᠵᠠᠢ᠄ ᠰᠤᠳᠤᠯᠤᠨ ᠨᠡᠭᠡᠭᠡᠭ᠌ᠰᠡᠨ ᠱᠢᠷᠢᠰ ᠮᠧᠬᠠᠨᠢᠭ ᠭᠠᠷ ᠪᠣᠯᠤᠨ ᠮᠠᠱᠢᠨ ᠬᠥᠮᠦᠨ᠎ᠦ ᠦᠵᠦᠭᠦᠷ᠎ᠦᠨ ᠲᠤᠨᠤᠭ ᠲᠥᠬᠥᠭᠡᠷᠦᠮᠵᠢ ᠨᠢ ᠮᠠᠱᠢᠨ ᠬᠥᠮᠦᠨ᠎ᠦ ᠠᠳᠭᠤᠵᠤ ᠪᠠᠷᠢᠬᠤ᠎ᠳᠤ ᠵᠣᠬᠢᠴᠠᠬᠤ ᠴᠢᠨᠠᠷ᠂ ᠲᠣᠭ᠍ᠲᠠᠪᠤᠷᠢᠲᠤ ᠴᠢᠨᠠᠷ ᠵᠡᠷᠭᠡ ᠮᠡᠷᠭᠡᠵᠢᠯ᠎ᠦᠨ ᠬᠦᠴᠢᠷ ᠠᠰᠠᠭᠤᠳᠠᠯ᠎ᠢ ᠱᠢᠢᠳᠪᠦᠷᠢᠯᠡᠵᠦ᠍᠂ ᠢᠯᠡᠳᠲᠡ ᠠᠵᠤ ᠠᠬᠤᠢ᠎ᠶ᠋ᠢᠨ ᠦᠷ᠎ᠡ ᠠᠱᠢᠭ ᠤᠯᠪᠠ;ᠨᠡᠭᠡᠭᠡᠨ ᠬᠥᠭ᠌ᠵᠢᠭᠦᠯᠦᠭ᠌ᠰᠡᠨ ᠤᠶᠤᠨᠴᠢ ᠴᠠᠭᠳᠠᠨ ᠪᠠᠢᠴᠠᠭᠠᠯᠲᠠ᠂ ᠴᠠᠬᠢᠯᠭᠠᠨ ᠲᠠᠢ ᠪᠡᠷ ᠠᠵᠢᠯᠯᠠᠬᠤ ᠮᠠᠱᠢᠨ ᠬᠥᠮᠦᠨ ᠨᠢ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠰ᠎ᠦᠨ ᠬᠡᠯᠪᠡᠷᠢ᠎ᠶ᠋ᠢ ᠬᠤᠪᠢᠷᠠᠭᠤᠯᠤᠨ ᠲᠡᠰ ᠳᠡᠪᠱᠢᠭᠦᠯᠬᠦ᠌᠎ᠶ᠋ᠢ ᠬᠦᠴᠦᠲᠡᠢ ᠲᠤᠯᠭᠠᠭᠤᠷᠢᠯᠠᠪᠠ;ᠰᠤᠳᠤᠯᠤᠨ ᠦᠶ᠋ᠯᠡᠳᠦᠭ᠌ᠰᠡᠨ ᠦᠨᠳᠦᠷ ᠲᠡᠯᠡᠶ᠎ᠶ᠋ᠢᠨ ᠲᠦᠪᠱᠢᠨ᠎ᠤ ᠱᠢᠨᠵᠢᠯᠡᠭᠡᠨ᠎ᠦ ᠮᠠᠱᠢᠨ ᠬᠥᠮᠦᠨ᠎ᠢ ᠲᠡᠯᠡᠶ᠎ᠶ᠋ᠢᠨ ᠲᠦᠪᠱᠢᠨ᠎ᠡᠴᠡ 4730 ᠮᠧᠲ᠋ᠷ ᠡᠷᠭᠦᠭ᠌ᠳᠡᠭ᠌ᠰᠡᠨ ᠨᠠᠮᠽᠦ᠌ ᠱᠢᠨᠵᠢᠯᠡᠭᠡᠨ᠎ᠦ ᠥᠷᠲᠡᠭᠡ᠎ᠳᠦ ᠠᠮᠵᠢᠯᠲᠠ᠎ᠲᠠᠶ ᠬᠡᠷᠡᠭ᠌ᠯᠡᠵᠦ᠍᠂ ᠤᠯᠤᠰ᠎ᠤᠨ ᠴᠢᠬᠤᠯᠠ ᠶᠡᠬᠡ ᠪᠠᠢᠯᠳᠤᠬᠤ ᠪᠣᠳᠣᠯᠭ᠎ᠠ᠎ᠶ᠋ᠢᠨ ᠬᠡᠷᠡᠭ᠌ᠴᠡᠭᠡ᠎ᠳᠦ ᠦᠶ᠋ᠯᠡᠴᠢᠯᠡᠭᠦᠯᠪᠡ᠃ ᠲᠡᠷᠡ ᠤᠷᠢᠳ ᠬᠣᠵᠢᠳ ᠥᠪᠡᠷᠲᠡᠭᠡᠨ ᠵᠠᠰᠠᠬᠤ ᠣᠷᠣᠨ᠎ᠤ ᠱᠢᠯᠢᠳᠡᠭ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠠᠵᠢᠯᠲᠠᠨ ᠵᠡᠷᠭᠡ ᠢᠷᠠᠭᠤ ᠠᠯᠳᠠᠷ᠎ᠢ ᠭᠥᠷᠳᠡᠵᠦ᠍᠂ ᠥᠪᠡᠷᠲᠡᠭᠡᠨ ᠵᠠᠰᠠᠬᠤ ᠣᠷᠣᠨ᠎ᠤ ᠨᠢᠭᠡᠳᠦᠭᠡᠷ ᠪᠦᠯᠦᠭ᠎ᠦᠨ 《ᠰᠣᠳᠣᠨ ᠴᠢᠳᠠᠪᠤᠷᠢᠲᠠᠨᠵᠢᠡᠷ ᠥᠪᠥᠷ ᠮᠣᠩᠭᠣᠯ᠎ᠢᠶᠠᠨ ᠮᠠᠨᠳᠤᠭᠤᠯᠬᠤ 》 ᠢᠨᠵᠧᠨᠧᠷᠢᠩ᠎ᠦᠨ ᠪᠦᠯᠬᠦᠮ᠎ᠦᠨ ᠬᠠᠷᠢᠭᠤᠴᠠᠯᠭᠠᠲᠠᠨ ᠪᠣᠯᠤᠭ᠍ᠰᠠᠨ᠎ᠤ ᠬᠤᠪᠢ᠎ᠳᠤ᠂ ᠲᠠᠩ ᠱᠤ᠌ ᠹᠸᠩ ᠬᠥᠲᠥᠯᠥᠨ ᠳᠠᠭᠠᠭᠤᠯᠬᠤ ᠦᠶ᠋ᠯᠡᠳᠦᠯ᠎ᠢᠶᠡᠨ ᠢᠳᠡᠪᠬᠢᠲᠡᠶ ᠪᠠᠳᠠᠷᠠᠭᠤᠯᠵᠤ᠂ ᠲᠡᠭᠦᠨ᠎ᠦ ᠳᠠᠭᠠᠭᠤᠯᠤᠭ᠍ᠰᠠᠨ 《ᠮᠠᠱᠢᠨ ᠬᠥᠮᠦᠨ ᠬᠢᠭᠡᠳ ᠤᠶᠤᠨᠴᠢ ᠲᠣᠨᠣᠭ᠍ᠯᠠᠯ᠎ᠤᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠦᠯᠬᠦᠮ 》 ᠨᠢ ᠠᠭᠠᠵᠢᠮ᠎ᠢᠶᠠᠷ ᠣᠨᠣᠯ᠎ᠤᠨ ᠱᠢᠨ᠎ᠡ ᠡᠭᠦᠳᠦᠯᠲᠡ ᠬᠢᠭᠡᠳ ᠦᠶ᠋ᠯᠡᠳᠦᠯᠭᠡ᠎ᠶ᠋ᠢᠨ ᠬᠡᠷᠡᠭ᠌ᠯᠡᠭᠡᠨ᠎ᠦ ᠭᠦᠨᠵᠡᠭᠡᠶ ᠠᠭᠤᠰᠤᠯᠴᠠᠭ᠍ᠰᠠᠨ ᠬᠤᠤᠰ ᠬᠢᠷᠢ ᠬᠡᠮ᠎ᠲᠡᠶ ᠪᠦᠯᠬᠦᠮ ᠨᠢᠭᠡᠴᠢ ᠪᠣᠯᠵᠣ᠂ ᠣᠢᠷ᠎ᠠ᠎ᠶ᠋ᠢᠨ ᠵᠢᠯ᠎ᠳᠦ ᠡᠯ᠎ᠡ ᠲᠥᠷᠥᠯ᠎ᠦᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠲᠥᠷᠥᠯ ᠵᠦᠶ᠋ᠯ᠎ᠢ 50 ᠭᠠᠷᠤᠶ ᠡᠭᠦᠷᠭᠡᠯᠡᠵᠦ᠍᠂ ᠮᠤᠵᠢ ᠶᠠᠮᠤᠨ᠎ᠤ ᠲᠠᠰ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠠᠩᠨᠠᠯ᠎ᠢ 2 ᠭᠥᠷᠳᠡᠵᠦ᠍᠂ ᠥᠨᠳᠥᠷ ᠲᠦᠪᠱᠢᠨ ᠪᠥᠬᠥᠶ ᠥᠭᠦᠯᠡᠯ 100 ᠭᠠᠷᠤᠶ ᠨᠡᠢᠲᠡᠯᠡᠵᠦ᠍᠂ 80 ᠭᠠᠷᠤᠶ ᠬᠤᠪᠢ ᠲᠤᠰᠭᠠᠶ ᠠᠱᠢᠭ᠎ᠤᠨ ᠡᠷᠬᠡ ᠣᠯᠪᠠ᠃
《ᠶᠡᠬᠡ ᠳᠡᠭᠡᠳᠦ ᠰᠤᠷᠭᠠᠭᠤᠯᠢ᠎ᠶ᠋ᠢᠨ ᠪᠠᠭ᠍ᠰᠢ᠎ᠨᠠᠷ ᠨᠠᠮ᠎ᠤᠨ ᠲᠥᠯᠥᠭᠡ ᠬᠥᠮᠦᠨ ᠬᠥᠮᠦᠵᠢᠭᠦᠯᠬᠦ᠌᠂ ᠤᠯᠤᠰ᠎ᠤᠨ ᠲᠥᠯᠥᠭᠡ ᠴᠢᠳᠠᠪᠤᠷᠢᠲᠠᠨ ᠬᠥᠮᠦᠵᠢᠭᠦᠯᠬᠦ᠌ ᠪᠠ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠳᠠᠪᠬᠤᠷ ᠡᠭᠦᠷᠭᠡ᠎ᠶ᠋ᠢ ᠡᠭᠦᠷᠭᠡᠯᠡᠵᠦ᠍ ᠪᠠᠢᠳᠠᠭ》᠃ ᠲᠠᠩ ᠱᠤ᠌ ᠹᠸᠩ᠂ 《ᠪᠢ ᠤᠮᠠᠷᠠᠲᠤ ᠬᠢᠯᠢ᠎ᠳᠦ ᠦᠷᠭᠦᠯᠵᠢᠯᠡᠨ ᠦᠨᠳᠦᠰᠦᠯᠡᠵᠦ᠍᠂ ᠪᠦᠯᠬᠦᠮ᠎ᠢᠶᠡᠨ ᠳᠠᠭᠠᠭᠤᠯᠤᠨ ᠥᠪᠡᠷᠲᠡᠭᠡᠨ ᠵᠠᠰᠠᠬᠤ ᠣᠷᠣᠨ᠎ᠤ ᠲᠣᠨᠣᠭ᠍ᠯᠠᠯ ᠦᠢᠯᠡᠳᠬᠦ᠌ ᠦᠢᠯᠡᠰ᠎ᠦᠨ ᠴᠢᠨᠠᠷ ᠰᠠᠢᠲᠠᠢ ᠬᠥᠭ᠌ᠵᠢᠯᠲᠡ ᠪᠠ 〈ᠲᠠᠪᠤᠨ ᠶᠡᠬᠡ ᠡᠭᠦᠷᠭᠡ〉 ᠵᠢ ᠪᠡᠶᠡᠯᠡᠭᠦᠯᠬᠦ᠌᠎ᠳᠦ ᠤᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠨ᠎ᠡ 》 ᠭᠡᠵᠦ᠍ ᠢᠯᠡᠳᠭᠡᠪᠡ᠃