ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠵᠢᠨ ᠵᠣᠬᠢᠶᠠᠨ ᠪᠠᠢᠭᠤᠯᠬᠤ ᠬᠡᠯᠲᠡᠰ ᠡᠴᠡ ᠤᠢ᠍ᠢᠯᠠᠭᠠᠭ᠍ᠰᠠᠠ ᠢ᠋ᠶ᠋ᠡᠷ᠂ ᠦᠨᠳᠦᠰᠦᠨ ᠱᠠᠲᠤᠨ ᠤ᠋ ᠺᠠᠳ᠋ᠷ ᠤ᠋ᠨ ᠳᠠᠷᠤᠭᠠᠰᠤ ᠤᠯᠠᠨ᠂ ᠳᠠᠷᠤᠭᠠᠰᠤ ᠬᠦᠨᠳᠦ ᠪᠠᠢᠭ᠎ᠠ ᠠᠰᠠᠭᠤᠳᠠᠯ ᠢ᠋ ᠱᠢᠢᠳᠪᠦᠷᠢᠯᠡᠬᠦ ᠳ᠋ᠤ ᠠᠩᠬᠠᠷᠤᠯ ᠢ᠋ᠶ᠋ᠡᠨ ᠲᠥᠪᠯᠡᠷᠡᠭᠦᠯᠵᠦ᠍᠂ ᠮᠠᠨ ᠤ᠋ ᠣᠷᠣᠨ ᠦᠨᠳᠦᠰᠦᠨ ᠱᠠᠲᠤᠨ ᠤ᠋ 《ᠳᠠᠷᠤᠭᠠᠰᠤ ᠬᠡᠲᠦᠷᠡᠭᠰᠡᠨ》 ᠲᠤᠪᠤᠢ᠌ᠮ᠎ᠠ ᠠᠰᠠᠭᠤᠳᠠᠯ ᠢ᠋ ᠲᠥᠪᠯᠡᠷᠡᠭᠦᠯᠦᠨ ᠴᠡᠭ᠌ᠴᠡᠯᠡᠨ ᠵᠠᠰᠠᠬᠤ ᠪᠣᠭᠣᠮᠲᠠ ᠱᠢᠪᠲᠤᠯᠬᠤ ᠠᠵᠢᠯ ᠢ᠋ ᠭᠦᠨᠵᠡᠭᠡᠢ ᠥᠷᠨᠢᠭᠦᠯᠪᠡ᠃ ᠨᠢᠳᠤᠨᠤᠨ ᠡᠴᠡ ᠣᠲᠣᠬᠠᠨ ᠪᠣᠯᠲᠠᠯ᠎ᠠ᠂ ᠫᠠᠢᠰᠠ ᠢᠯᠡᠷᠬᠡᠢᠯᠡᠯ ᠪᠠ ᠡᠬᠡ ᠲᠠᠩᠰᠠ ᠵᠢ ᠨᠢᠭᠡ ᠴᠣᠭ᠍ᠴᠠᠵᠢᠭᠤᠯᠤᠨ ᠢᠯᠭᠠᠷᠠᠭᠤᠯᠵᠤ᠂ ᠭᠠᠴᠠᠭ᠎ᠠ ᠲᠣᠰᠭᠣᠨ ᠨᠡᠢᠭᠡᠮ ᠲᠣᠭᠣᠷᠢᠭ ᠤ᠋ᠨ ᠭᠠᠳᠠᠨᠠᠬᠢ ᠫᠠᠢᠰᠠ ᠢᠯᠡᠷᠬᠡᠢᠯᠡᠯ ᠢ᠋ 6 ᠪᠣᠯᠭᠠᠨ ᠪᠠᠭᠠᠰᠭᠠᠵᠤ᠂ ᠦᠨᠳᠦᠰᠦᠨ ᠱᠠᠲᠤᠨ ᠤ᠋ ᠮᠡᠳᠡᠭᠦᠯᠬᠦ᠌ ᠬᠦᠰᠦᠨᠦᠭ᠌ᠲᠦ᠍ ᠵᠢ 80% ᠱᠢᠬᠠᠮ ᠪᠠᠭᠠᠰᠭᠠᠪᠠ᠃ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠵᠠᠰᠠᠭ ᠤ᠋ᠨ ᠣᠷᠳᠣᠨ ᠵᠢᠴᠢ ᠨᠠᠮ ᠤ᠋ᠨ ᠬᠣᠷᠢᠶ᠎ᠠ ᠵᠠᠰᠠᠭ ᠤ᠋ᠨ ᠣᠷᠳᠣᠨ ᠤ᠋ ᠰᠠᠯᠠᠭ᠎ᠠ ᠮᠥᠴᠢᠷᠦᠨ ᠳᠠᠷᠤᠮᠠᠯᠯᠠᠨ ᠲᠠᠷᠬᠠᠭᠠᠬᠤ ᠪᠢᠴᠢᠭ ᠮᠠᠲ᠋ᠧᠷᠢᠶᠠᠯ ᠢ᠋ ᠳᠡᠭᠡᠷ᠎ᠡ ᠵᠢᠯ ᠤ᠋ᠨ ᠠᠳᠠᠯᠢ ᠬᠤᠭᠤᠴᠠᠭᠠᠨ ᠤ᠋ ᠬᠢ ᠡᠴᠡ 18.08% ᠪᠡᠷ ᠴᠣᠮᠬᠠᠳᠬᠠᠵᠤ᠂ ᠬᠣᠱᠢᠭᠤ ᠱᠢᠶᠠᠨ (ᠬᠣᠲᠠ᠂ ᠲᠣᠭᠣᠷᠢᠭ)ᠳ᠋ᠤ ᠬᠤᠷᠠᠯᠳᠤᠭᠤᠯᠬᠤ ᠬᠤᠷᠠᠯ ᠢ᠋ 48.4% ᠪᠡᠷ ᠪᠠᠭᠠᠰᠬᠠᠪᠠ᠃
ᠳᠠᠷᠤᠭᠠᠰᠤ ᠵᠢ ᠬᠥᠩᠭᠡᠷᠡᠭᠦᠯᠬᠦ᠌ ᠳ᠋ᠤ ᠡᠩ ᠲᠡᠷᠢᠭᠦᠨ ᠳ᠋ᠤ ᠡᠷᠬᠡ ᠬᠠᠷᠢᠭᠤᠴᠠᠯᠭ᠎ᠠ ᠵᠢ ᠲᠣᠳᠣᠷᠬᠠᠢᠯᠠᠬᠤ ᠬᠡᠷᠡᠭᠲᠡᠢ᠃ ᠨᠢᠳᠤᠨᠤᠨ ᠡᠴᠡ ᠨᠠᠭᠠᠰᠢ᠂ ᠪᠥᠬᠥ᠌ ᠣᠷᠣᠨ ᠤ᠋ 30 ᠰᠤᠮᠤ ᠱᠢᠶᠠᠩ ᠪᠠᠯᠭᠠᠰᠤ ᠵᠡᠭᠡᠯᠢ ᠭᠤᠳᠤᠮᠵᠢ ᠶ᠋ᠢᠨ ᠲᠤᠷᠰᠢᠯᠲᠠ ᠶ᠋ᠢᠨ ᠴᠡᠭ ᠲᠦ᠍ ᠡᠭᠦᠷᠭᠡ ᠬᠠᠷᠢᠭᠤᠴᠠᠯᠭ᠎ᠠ ᠪᠠᠨ ᠭᠦᠶ᠋ᠴᠡᠳᠭᠡᠬᠦ᠌ 《ᠭᠤᠷᠪᠠᠨ ᠨᠠᠷᠢᠨ ᠲᠠᠩᠰᠠ》 ᠵᠢ ᠲᠡᠭᠦᠯᠳᠡᠷᠵᠢᠭᠦᠯᠵᠦ᠍᠂ ᠪᠤᠰᠤᠳ ᠰᠤᠮᠤ ᠱᠢᠶᠠᠩ ᠪᠠᠯᠭᠠᠰᠤ ᠵᠡᠭᠡᠯᠢ ᠭᠤᠳᠤᠮᠵᠢ ᠳ᠋ᠤ ᠡᠨᠡ ᠵᠢᠯᠦᠨ 6 ᠰᠠᠷ᠎ᠠ ᠶ᠋ᠢᠨ ᠰᠡᠭᠦᠯᠴᠢ ᠡᠴᠡ ᠡᠮᠦᠨ᠎ᠡ ᠲᠣᠬᠢᠷᠠᠭᠤᠯᠤᠯᠲᠠ ᠬᠢᠵᠦ᠍᠂ ᠭᠠᠴᠠᠭ᠎ᠠ ᠲᠣᠰᠭᠣᠨ ᠨᠡᠢᠭᠡᠮ ᠲᠣᠭᠣᠷᠢᠭ ᠤ᠋ᠨ 《ᠨᠢᠭᠡ ᠭᠠᠵᠠᠷ ᠲᠦ᠍ ᠨᠢᠭᠡ ᠠᠷᠭ᠎ᠠ ᠪᠣᠳᠣᠯᠭ᠎ᠠ ᠬᠡᠷᠡᠭ᠌ᠵᠢᠭᠦᠯᠬᠦ᠌》 ᠵᠢ ᠬᠡᠷᠡᠭ᠌ᠴᠡᠭᠡ ᠶᠣᠰᠣᠭᠠᠷ ᠱᠢᠯᠢᠳᠡᠭ᠌ᠵᠢᠭᠦᠯᠵᠦ᠍᠂ ᠦᠨᠳᠦᠰᠦᠨ ᠱᠠᠲᠤᠨ ᠤ᠋ ᠡᠷᠬᠡ ᠬᠠᠷᠢᠭᠤᠴᠠᠯᠭ᠎ᠠ ᠵᠢ ᠨᠢᠭᠡᠳᠦᠯᠲᠡᠶ ᠪᠠᠢᠯᠭᠠᠬᠤ᠂ ᠡᠷᠬᠡ ᠬᠠᠷᠢᠭᠤᠴᠠᠯᠭ᠎ᠠ ᠵᠢ ᠠᠳᠠᠯᠢ ᠲᠡᠭ᠌ᠰᠢ ᠪᠠᠢᠯᠭᠠᠬᠤ ᠵᠢ ᠦᠨᠡᠨ ᠬᠦ᠌ ᠪᠠᠲᠤᠯᠠᠪᠠ᠃ ᠥᠪᠡᠷᠲᠡᠭᠡᠨ ᠵᠠᠰᠠᠬᠤ ᠣᠷᠣᠨ ᠡᠴᠡ ᠦᠨᠳᠦᠰᠦᠨ ᠱᠠᠲᠤᠨ ᠤ᠋ ᠬᠢᠨᠠᠨ ᠰᠢᠯᠭᠠᠯᠲᠠ ᠶ᠋ᠢᠨ 《ᠶᠠᠷᠱᠢᠭ ᠲᠦᠪᠡᠭ᠌ ᠣᠯᠠᠨ》 ᠠᠰᠠᠭᠤᠳᠠᠯ ᠢ᠋ ᠱᠢᠶ᠋ᠳᠪᠦᠷᠢᠯᠡᠬᠦ᠌ ᠪᠡᠷ ᠳᠠᠷᠤᠭᠠᠰᠤ ᠵᠢ ᠬᠥᠩᠭᠡᠷᠡᠭᠦᠯᠬᠦ᠌ ᠵᠠᠩᠭᠢᠯᠠᠭ᠎ᠠ ᠶ᠋ᠢᠨ ᠠᠷᠭ᠎ᠠ ᠬᠡᠮᠵᠢᠶ᠎ᠡ ᠪᠣᠯᠭᠠᠵᠤ᠂ ᠬᠢᠨᠠᠨ ᠰᠢᠯᠭᠠᠬᠤ ᠲᠥᠷᠥᠯ ᠵᠦᠶ᠋ᠯ ᠢ᠋ ᠱᠠᠲᠤ ᠲᠥᠷᠥᠯ ᠬᠤᠪᠢᠶᠠᠨ ᠰᠢᠭᠰᠢᠨ ᠢᠯᠭᠠᠷᠠᠭᠤᠯᠵᠤ᠂ ᠰᠤᠳᠤᠯᠤᠨ ᠮᠠᠭᠠᠳᠯᠠᠬᠤ ᠵᠢ ᠠᠳᠭᠤᠵᠤ᠂ ᠥᠪᠡᠷᠲᠡᠭᠡᠨ ᠵᠠᠰᠠᠬᠤ ᠣᠷᠣᠨ᠂ ᠠᠢᠮᠠᠭ ᠬᠣᠲᠠ᠂ ᠬᠣᠱᠢᠭᠤ ᠱᠢᠶᠠᠨ ( ᠬᠣᠲᠠ᠂ ᠲᠣᠭᠣᠷᠢᠭ)ᠤ᠋ ᠳᠤᠤᠷ᠎ᠠ ᠱᠠᠲᠤᠨ ᠳ᠋ᠤ ᠴᠢᠭᠯᠡᠭᠦᠯᠦᠭᠰᠡᠨ ᠬᠢᠨᠠᠨ ᠰᠢᠯᠭᠠᠬᠤ ᠭᠦᠶ᠋ᠴᠡᠳᠭᠡᠯ ᠲᠣᠭ᠎ᠠ ᠵᠢ ᠲᠣᠰ ᠲᠣᠰ 20%᠂ 40%᠂ 55% ᠪᠡᠷ ᠪᠠᠭᠠᠰᠬᠠᠬᠤ ᠪᠤᠯᠤᠨ᠎ᠠ᠃
ᠦᠨᠳᠦᠰᠦᠨ ᠱᠠᠲᠤᠨ ᠤ᠋ ᠳᠠᠷᠤᠭᠠᠰᠤ ᠵᠢ ᠬᠥᠩᠭᠡᠷᠡᠭᠦᠯᠬᠦ᠌ ᠣᠷᠳᠣ ᠬᠤᠭᠤᠴᠠᠭᠠᠨ ᠤ᠋ ᠪᠦᠲᠦᠮᠵᠢᠲᠠᠢ ᠲᠣᠭ᠍ᠲᠠᠴᠠ ᠵᠢ ᠪᠠᠢᠭᠤᠯᠤᠨ ᠲᠡᠭᠦᠯᠳᠡᠷᠵᠢᠭᠦᠯᠬᠦ ᠳ᠋ᠤ ᠠᠩᠬᠠᠷᠤᠯ ᠢ᠋ᠶ᠋ᠡᠨ ᠲᠥᠪᠯᠡᠷᠡᠭᠦᠯᠵᠦ᠍᠂ ᠮᠠᠨ ᠤ᠋ ᠣᠷᠣᠨ ᠦᠨᠳᠦᠰᠦᠨ ᠱᠠᠲᠤᠨ ᠤ᠋ ᠳᠠᠷᠤᠭᠠᠰᠤ ᠵᠢ ᠬᠥᠩᠭᠡᠷᠡᠭᠦᠯᠬᠦ᠌ ᠵᠢ ᠡᠰᠡᠷᠭᠦ᠌ ᠴᠢᠭ᠌ᠯᠡᠯ ᠢ᠋ᠶ᠋ᠡᠷ ᠦᠨᠡᠯᠡᠨ ᠵᠢᠱ᠌ᠢᠬᠦ᠌ ᠪᠠ ᠬᠥᠳᠡᠯᠦᠩᠭᠦᠶ ᠪᠡᠷ ᠱᠢᠭᠤᠳ ᠮᠡᠳᠡᠭᠦᠯᠬᠦ᠌ ᠲᠣᠭ᠍ᠲᠠᠴᠠ ᠵᠢ ᠪᠠᠢᠭᠤᠯᠵᠤ᠂ ᠲᠣᠭ᠍ᠲᠠᠮᠠᠯ ᠬᠤᠭᠤᠴᠠᠭ᠎ᠠ ᠲᠠᠢ ᠪᠠᠷ ᠦᠨᠳᠦᠰᠦᠨ ᠱᠠᠲᠤᠨ ᠡᠴᠡ ᠳᠠᠷᠤᠭᠠᠰᠤ ᠵᠢ ᠬᠥᠩᠭᠡᠷᠡᠭᠦᠯᠬᠦ᠌ ᠰᠠᠨᠠᠯ ᠬᠤᠷᠢᠶᠠᠵᠤ᠂ ᠺᠠᠳ᠋ᠷ ᠤ᠋ᠨ ᠰᠠᠨᠠᠭᠤᠯᠭ᠎ᠠ ᠵᠢ ᠰᠣᠨᠣᠰᠴᠤ᠌᠂ ᠠᠰᠠᠭᠤᠳᠠᠯ ᠢᠯᠡᠷᠡᠮᠡᠭ᠌ᠴᠡ ᠴᠡᠭ᠌ᠴᠡᠯᠡᠨ ᠵᠠᠰᠠᠵᠤ᠂ ᠬᠡᠮ ᠰᠣᠭᠣᠭ ᠢᠯᠡᠷᠡᠮᠡᠭ᠌ᠴᠡ ᠠᠷᠢᠯᠭᠠᠬᠤ ᠵᠢ ᠦᠨᠡᠨ ᠬᠦ᠌ ᠪᠠᠲᠤᠯᠠᠪᠠ᠃
ᠥᠷᠭᠡᠨ ᠣᠯᠠᠨ ᠨᠠᠮ ᠤ᠋ᠨ ᠭᠡᠱᠢᠭᠦᠨ ᠺᠠᠳ᠋ᠷ ᠨᠡᠩ ᠤᠯᠠᠨ ᠴᠠᠭ ᠭᠡᠷᠡᠭᠰᠡᠨ ᠠᠢᠯ ᠡᠷᠦᠬᠡ ᠳ᠋ᠤ ᠬᠥᠨᠵᠡᠭᠡᠢᠷᠠᠵᠤ᠂ ᠣᠶᠤᠨ ᠴᠢᠳᠠᠯ ᠢ᠋ᠶ᠋ᠡᠨ ᠱᠢᠪᠬᠠᠨ ᠠᠷᠠᠳ ᠤ᠋ᠨ ᠬᠦᠴᠢᠷᠳᠡᠯ ᠢ᠋ ᠱᠢᠶ᠋ᠳᠪᠦᠷᠢᠯᠡᠵᠦ᠍᠂ ᠡᠷᠴᠢ ᠵᠣᠷᠢᠭ ᠢ᠋ᠶ᠋ᠡᠨ ᠬᠥᠪᠴᠢᠯᠡᠨ ᠵᠠᠰᠠᠯᠲᠠ ᠵᠢ ᠰᠠᠢᠲᠤᠷ ᠠᠳᠭᠤᠵᠦ ᠪᠤᠢ᠃ ᠣᠳᠣᠬᠠᠨ ᠪᠣᠯᠲᠠᠯ᠎ᠠ᠂ 11.4 ᠲᠦᠮᠡᠨ ᠲᠤᠰᠭᠠᠶ ᠪᠠ ᠲᠤᠱᠢᠶᠠᠯ ᠬᠠᠪᠰᠤᠷᠭᠠᠭ᠍ᠰᠠᠨ ᠲᠤᠤᠷᠵᠢᠯ ᠤ᠋ᠨ ᠠᠵᠢᠯᠲᠠᠨ ᠠᠷᠠᠳ ᠲᠦ᠍ ᠲᠥᠬᠥᠮ ᠦᠵᠡᠭᠦᠯᠬᠦ᠌ ᠦᠶ᠋ᠯᠡᠴᠢᠯᠡᠭᠡ ᠵᠢ 31.5 ᠲᠦᠮᠡᠨ ᠤᠳᠠᠭ᠎ᠠ ᠵᠣᠬᠢᠶᠠᠨ ᠪᠠᠢᠭᠤᠯᠵᠤ᠂ 40.5 ᠲᠦᠮᠡᠨ ᠪᠠᠢᠭᠤᠯᠭ᠎ᠠ ᠠᠵᠤ ᠠᠬᠤᠢᠯᠠᠯ ᠠᠵᠢᠯ ᠦᠶ᠋ᠯᠡᠰᠦᠨ ᠨᠢᠭᠡᠴᠢ ᠶ᠋ᠢᠨ ᠺᠠᠳ᠋ᠷ ᠨᠡᠢᠭᠡᠮ ᠲᠣᠭᠣᠷᠢᠭ ᠲᠠᠢ ᠬᠠᠮᠵᠢᠯᠴᠠᠨ ᠰᠠᠢᠨ ᠳᠤᠷ᠎ᠠ ᠶ᠋ᠢᠨ ᠦᠶ᠋ᠯᠡᠴᠢᠯᠡᠭᠡ ᠵᠢ 3.6 ᠲᠦᠮᠡᠨ ᠤᠳᠠᠭ᠎ᠠ ᠥᠷᠨᠢᠭᠦᠯᠵᠦ᠍᠂ ᠦᠨᠳᠦᠰᠦᠨ ᠱᠠᠲᠤᠨ ᠤ᠋ ᠳᠠᠷᠤᠭᠠᠰᠤ ᠵᠢ ᠬᠥᠩᠭᠡᠷᠡᠭᠦᠯᠬᠦ᠌ ᠦᠢᠯᠡᠳᠦᠯ ᠴᠢᠳᠠᠪᠤᠷᠢ ᠵᠢ ᠲᠠᠰᠤᠷᠠᠯᠲᠠ ᠥᠬᠡᠶ ᠪᠠᠳᠠᠷᠠᠭᠤᠯᠪᠠ᠃