6 ᠰᠠᠷ᠎ᠠ᠎ᠶᠢᠨ 6 ᠤ ᠦᠳᠡ᠎ᠶᠢᠨ
ᠡᠮᠦᠨ᠎ᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠴᠥᠭᠡᠨ
ᠲᠣᠭᠠᠲᠤ᠌ ᠦᠨᠳᠦᠰᠦᠲᠡᠨ᠎ᠦ ᠤᠯᠠᠮᠵᠢᠯᠠᠯᠲᠤ᠌ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ ᠭᠠᠯ ᠪᠠᠮᠪᠠᠷ ᠳᠠᠮᠵᠢᠭᠤᠯᠬᠤ
ᠠᠵᠢᠯᠯᠠᠭ᠎ᠠ ᠤᠯᠠᠭᠠᠨᠬᠠᠳᠠ᠎ᠳᠤ ᠶᠠᠪᠤᠭᠳᠠᠵᠤ᠂ ᠨᠡᠶ᠋ᠢᠲᠡ 21 ᠭᠠᠯ ᠪᠠᠮᠪᠠᠷᠴᠢᠨ ᠣᠷᠣᠯᠴᠠᠪᠡ᠃
ᠲᠠᠯᠠᠪᠠᠢ ᠳᠠᠶᠠᠭᠠᠷ᠎ᠤᠨ ᠠᠩᠬᠠᠷᠤᠯ
ᠳᠣᠣᠷ᠎ᠠ᠂ 《ᠳᠡᠭᠦᠯᠢᠯᠲᠡ》 ᠭᠠᠯ ᠪᠠᠮᠪᠠᠷ ᠠᠩᠬ᠎ᠠ ᠤᠳᠠᠭ᠎ᠠ ᠣᠯᠠᠨ᠎ᠤ
ᠬᠠᠷᠠᠭᠠᠨ ᠳ᠋ᠤ ᠲᠤᠳᠤᠷᠠᠯ᠎ᠠ᠃ ᠯᠢᠦ ᠶᠧ ᠶᠠᠩ ᠪᠣᠯ ᠬᠠᠷᠠᠴᠢᠨ ᠬᠣᠰᠢᠭᠤᠨ᠎ᠤ ᠾᠧ ᠪᠧᠢ
ᠵᠡᠭᠡᠯᠢ ᠭᠤᠳᠤᠮᠵᠢ᠎ᠶᠢᠨ ᠬᠠᠮᠢᠶᠠᠷᠤᠯᠲᠠ᠎ᠶᠢᠨ ᠠᠯᠪᠠᠨ ᠭᠡᠷ᠎ᠦᠨ ᠡᠷᠬᠢᠯᠡᠭᠴᠢ᠂ ᠡᠨᠡ ᠤᠳᠠᠭ᠎ᠠ ᠭᠠᠯ ᠪᠠᠮᠪᠠᠷᠴᠢᠨ
ᠪᠣᠯᠤᠭᠰᠠᠨ
ᠳ᠋ᠠᠭᠠᠨ ᠲᠡᠷᠡ ᠮᠠᠰᠢ ᠰᠡᠳᠬᠢᠯ ᠳᠣᠭᠳᠣᠯᠵᠤ᠂ 《ᠲᠤᠰ ᠬᠤᠭᠤᠴᠠᠭᠠᠨ᠎ᠤ ᠴᠥᠭᠡᠨ
ᠲᠣᠭᠠᠲᠤ᠌ ᠦᠨᠳᠦᠰᠦᠲᠡᠨ᠎ᠦ ᠤᠯᠠᠮᠵᠢᠯᠠᠯᠲᠤ᠌ ᠪᠡᠶ᠎ᠡ᠎ᠶᠢᠨ ᠲᠠᠮᠢᠷ᠎ᠤᠨ ᠴᠤᠭᠯᠠᠭᠠᠨ ᠤᠯᠠᠭᠠᠨᠬᠠᠳᠠ᠎ᠳᠤ ᠶᠠᠪᠤᠭᠳᠠᠬᠤ
ᠪᠤᠯᠤᠬᠰᠠᠨ ᠨᠢ ᠪᠢᠳᠡᠨ᠎ᠦ ᠡᠷᠴᠢ ᠵᠣᠷᠢᠭ᠎ᠢ ᠬᠥᠪᠴᠢᠯᠡᠪᠡ᠃ ᠡᠨᠡ ᠪᠣᠯ ᠨᠤᠲᠤᠭ᠎ᠤᠨ ᠰᠣᠶᠣᠯ ᠪᠡᠶ᠎ᠡ᠎ᠶᠢᠨ ᠲᠠᠮᠢᠷ᠎ᠤᠨ
ᠦᠢᠯᠡᠰ᠎ᠦᠨ ᠥᠷᠨᠢᠩᠭᠦᠶ ᠬᠥᠭᠵᠢᠯᠲᠡ᠎ᠶᠢᠨ ᠠᠮᠢᠳᠤᠯᠢᠭ ᠢᠯᠡᠷᠡᠯ ᠪᠣᠯᠬᠤ᠎ᠪᠠᠷ ᠪᠠᠷᠠᠬᠤ ᠥᠬᠡᠶ᠂ ᠪᠠᠰᠠ ᠴᠤ᠌ ᠬᠣᠲᠠ᠎ᠶᠢᠨ
ᠶᠡᠷᠦᠩᠬᠡᠶ᠋ᠢᠯᠡᠭᠰᠡᠨ ᠪᠣᠳᠠᠲᠤ᠌ ᠬᠦᠴᠦᠨ᠎ᠦ ᠦᠵᠡᠭᠦᠯᠭᠡ ᠮᠥᠨ᠃ ᠪᠢᠳᠡ ᠡᠨᠡᠬᠦ᠌ ᠪᠠᠶᠠᠷᠲᠤ᠌ ᠰᠡᠳᠬᠢᠯᠭᠡ᠎ᠪᠡᠨ
ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠵᠤ᠂ ᠠᠵᠤ ᠠᠬᠤᠢ ᠨᠡᠶ᠋ᠢᠭᠡᠮ᠎ᠦᠨ ᠴᠢᠨᠠᠷ ᠰᠠᠶ᠋ᠢᠲᠠᠢ ᠬᠥᠭᠵᠢᠯᠲᠡ᠎ᠶᠢ
ᠠᠬᠢᠭᠤᠯᠬᠤ᠎ᠳᠤ ᠬᠦᠴᠦ᠍ᠨ ᠨᠡᠮᠡᠷᠢᠯᠡᠨ᠎ᠡ 》 ᠭᠡᠪᠡ᠃
ᠭᠠᠯ ᠪᠠᠮᠪᠠᠷᠴᠢᠳᠲᠤ᠌ ᠦᠨᠳᠦᠰᠦᠨ
ᠱᠠᠲᠤᠨ᠎ᠳᠤ ᠰᠠᠭᠤᠷᠢᠰᠢᠬᠰᠠᠨ ᠦᠨᠳᠦᠰᠦᠲᠡᠨ᠎ᠦ ᠪᠦᠯᠬᠦᠮᠳᠡᠯ ᠲᠠᠪᠰᠢᠯᠳᠠ᠎ᠶᠢᠨ ᠵᠢᠱ᠌ᠢᠶᠡᠴᠢ ᠪᠤᠢ᠂ ᠪᠡᠶ᠎ᠡ᠎ᠶᠢᠨ
ᠲᠠᠮᠢᠷ᠎ᠤᠨ ᠬᠦᠷᠢᠶᠡᠨ᠎ᠦ ᠭᠠᠷᠮᠠᠭᠠᠢ ᠲᠥᠯᠥᠭᠡᠯᠡᠭᠴᠢ ᠪᠤᠢ᠂ ᠪᠠᠰᠠ ᠡᠮᠦᠨ᠎ᠡ ᠹᠷᠣᠨᠲ᠎ᠲᠤ᠌ ᠡᠷᠡᠯᠬᠡᠭᠯᠡᠨ ᠲᠡᠮᠡᠴᠡᠭᠰᠡᠨ
ᠠᠵᠢᠯ ᠲᠦᠷᠦᠯ᠎ᠦᠨ ᠬᠣᠰᠢᠭᠤᠴᠢ ᠪᠠ ᠴᠤᠭ ᠪᠠᠳᠠᠷᠠᠩᠭᠤᠢ ᠰᠢᠯᠢᠳᠡᠭ ᠵᠠᠯᠠᠭᠤᠴᠤᠳ ᠪᠤᠢ᠃ ᠲᠠᠳᠠ ᠭᠠᠯ ᠪᠠᠮᠪᠠᠷ᠎ᠢ
ᠥᠨᠳᠥᠷ ᠡᠷᠭᠦᠵᠦ᠍᠂ ᠢᠳᠡᠷᠡᠭᠦᠨ ᠠᠯᠬᠤᠭ᠎ᠠ᠎ᠪᠠᠷ ᠤᠷᠤᠬᠰᠢᠯᠠᠨ᠂ ᠵᠠᠮ ᠳᠠᠭᠠᠤ ᠬᠣᠲᠠ᠎ᠶᠢᠨ ᠠᠷᠠᠳ ᠲᠣᠭ ᠳᠠᠯᠪᠠᠭ᠎ᠠ
ᠬᠤᠷᠤᠶ᠋ᠢᠯᠠᠵᠥ᠂ ᠤᠷᠠᠶ᠋ᠢᠯᠠᠨ ᠬᠠᠰᠬᠢᠷᠴᠤ᠌᠂ ᠲᠤᠬᠠᠶ᠎ᠶᠢᠨ ᠲᠠᠯᠠᠪᠠᠶ᠎ᠶᠢᠨ ᠠᠮᠤᠷ᠎ᠢ ᠬᠠᠮᠠᠭᠠᠯᠠᠬᠤ᠂ ᠡᠮ ᠡᠮᠨᠡᠯᠭᠡ᠂
ᠰᠠᠶ᠋ᠢᠨ ᠳᠤᠷ᠎ᠠ᠎ᠶᠢᠨ ᠦᠢᠯᠡᠴᠢᠯᠡᠭᠡᠨᠢ ᠡᠮᠬᠢ ᠵᠢᠷᠤᠮ᠎ᠲᠠᠶ ᠪᠠᠶ᠋ᠢᠵᠤ᠂ 《ᠳᠤᠮᠳᠠᠳᠤ᠎ᠶᠢᠨ ᠦᠨᠳᠦᠰᠦᠲᠡᠨ ᠨᠢᠭᠡ ᠬᠡᠷ᠎ᠦᠨ ᠬᠥᠮᠦᠨ ᠮᠡᠲᠦ᠍ ᠳᠣᠲᠣᠨᠣ》 ᠬᠠᠯᠠᠭᠤᠨ ᠳᠤᠯᠠᠭᠠᠨ ᠦᠵᠡᠮᠵᠢ᠎ᠶᠢ ᠬᠠᠮᠲᠤ᠎ᠪᠠᠷ ᠵᠢᠷᠤᠭᠯᠠᠵᠤ᠂ ᠦᠨᠳᠦᠰᠦᠲᠡᠨ᠎ᠨᠦᠭᠦᠳ᠎ᠦᠨ
ᠬᠥᠪᠡᠭᠦᠳ ᠥᠬᠢᠳ᠎ᠦᠨ ᠭᠠᠷ ᠬᠣᠯᠪᠣᠨ ᠰᠢᠨ᠎ᠡ ᠠᠶᠠᠨ᠎ᠳᠠᠭᠠᠨ ᠡᠷᠡᠯᠬᠡᠭᠯᠡᠨ ᠤᠷᠤᠭᠰᠢᠯᠠᠬᠤ ᠣᠶᠤᠨ ᠰᠠᠨᠠᠭᠠᠨ᠎ᠤ
ᠳᠦᠷᠰᠦ ᠪᠠᠶ᠋ᠢᠳᠠᠯ᠎ᠢ ᠢᠯᠡᠷᠡᠭᠦᠯᠪᠡ᠃
ᠪᠥᠬᠥ᠌ ᠣᠷᠣᠨ᠎ᠤ ᠴᠥᠭᠡᠨ ᠲᠣᠭᠠᠲᠤ᠌
ᠦᠨᠳᠦᠰᠦᠲᠡᠨ᠎ᠦ ᠤᠯᠠᠮᠵᠢᠯᠠᠯᠲᠤ᠌ ᠪᠡᠶ᠎ᠡ᠎ᠶᠢᠨ ᠲᠠᠮᠢᠷ᠎ᠤᠨ ᠴᠤᠭᠯᠠᠭᠠᠨ᠎ᠢ 1985 ᠣᠨ᠎ᠳᠤ ᠡᠭᠦᠰᠭᠡᠨ ᠡᠷᠭᠢᠯᠡᠭᠰᠡᠨ᠎ᠡᠴᠡ
ᠨᠠᠭᠠᠰᠢ ᠨᠢᠭᠡᠨᠲᠡ ᠠᠷᠪᠠᠨ ᠬᠤᠭᠤᠴᠠᠭ᠎ᠠ ᠠᠮᠵᠢᠯᠲᠠ᠎ᠲᠠᠶ ᠡᠷᠭᠢᠯᠡᠪᠡ᠃ 7 ᠰᠠᠷ᠎ᠠ᠎ᠶᠢᠨ 20 ᠤ ᠡᠳᠦᠷ᠎ᠡᠴᠡ
31 ᠦ ᠡᠳᠦᠷ ᠪᠣᠯᠲᠠᠯ᠎ᠠ ᠶᠠᠪᠤᠭᠳᠠᠬᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ
ᠬᠤᠭᠤᠴᠠᠭᠠᠨ᠎ᠤ ᠴᠥᠭᠡᠨ ᠲᠣᠭᠠᠲᠤ᠌ ᠦᠨᠳᠦᠰᠦᠲᠡᠨ᠎ᠦ ᠤᠯᠠᠮᠵᠢᠯᠠᠯᠲᠤ᠌ ᠪᠡᠶ᠎ᠡ᠎ᠶᠢᠨ ᠲᠠᠮᠢᠷ᠎ᠤᠨ ᠴᠤᠭᠯᠠᠭᠠᠨ᠎ᠳᠤ
18 ᠤᠷᠤᠯᠳᠤᠭᠠᠨ᠎ᠤ ᠲᠥᠷᠥᠯ ᠵᠦᠢᠯ ᠲᠣᠬᠢᠷᠠᠭᠤᠯᠵᠤ᠂ ᠤᠷᠤᠯᠳᠤᠭᠠᠨ᠎ᠤ ᠲᠥᠷᠥᠯ ᠵᠦᠢᠯ ᠬᠠᠮᠤᠭ᠎ᠤᠨ ᠪᠦᠷᠢᠨ ᠲᠣᠬᠢᠷᠠᠭᠤᠯᠤᠭᠰᠠᠨ᠂
ᠤᠷᠤᠯᠳᠤᠭᠠᠨ᠎ᠳᠤ ᠣᠷᠣᠯᠴᠠᠬᠤ ᠬᠥᠮᠦᠨ᠎ᠦ ᠲᠣᠭ᠎ᠠ᠎ᠪᠠᠷ ᠬᠠᠮᠤᠭ᠎ᠤᠨ ᠣᠯᠠᠨ᠂ ᠠᠭᠤᠯᠭ᠎ᠠ ᠬᠡᠯᠪᠡᠷᠢ ᠨᠢ ᠬᠠᠮᠤᠭ᠎ᠤᠨ
ᠪᠠᠶᠠᠯᠢᠭ ᠨᠢᠭᠡ ᠬᠤᠭᠤᠴᠠᠭᠠᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ ᠪᠣᠯᠬᠤ ᠪᠤᠯᠤᠨ᠎ᠠ᠃
ᠢᠷᠡᠯᠲᠡ᠄ ᠰᠢᠨᠬᠤᠸᠠ ᠰᠦᠯᠵᠢᠶ᠎ᠡ