ᠬᠡᠳᠦ ᠵᠢᠵᠢᠭ ᠰᠤᠷᠢᠨᠵᠢᠨᠳᠤ ᠲᠤᠨᠤᠭ ᠤ᠋ᠨ ᠬᠡᠮᠵᠢᠶᠡᠯᠡᠰᠢ ᠦᠭᠡᠢ ᠶᠡᠬᠡ ᠡᠨ᠋ᠸᠷᠬᠢ
2025-07-10 10:50:40
ᠵᠣᠬᠢᠶᠠᠭ᠍ᠴᠢ᠄
ᠼᠠᠢ ᠳ᠋ᠦᠩ ᠮᠧᠶ ᠯᠢ ᠪᠦᠦ ᠯᠸ
ᠣᠩᠱᠢᠭ᠍ᠰᠠᠨ ᠣᠳᠠᠭ᠎ᠠ᠄
★★★☆☆

7 ᠰᠠᠷ᠎ᠠ ᠶ᠋ᠢᠨ 7 ᠤ᠋ ᠡᠳᠦᠷ ᠂ ᠪᠤᠭᠤᠲᠤ ᠬᠣᠲᠠ ᠶ᠋ᠢᠨ ᠶᠢᠩ ᠰᠧ ᠲᠧ ᠬᠣᠪᠣᠷ ᠰᠢᠷᠤᠢ ᠶ᠋ᠢᠨ ᠰᠣᠷᠢᠨᠵᠢᠨᠳᠤ ᠱᠢᠨ᠎ᠡ ᠮᠠᠲ᠋ᠧᠷᠢᠶᠠᠯ ᠤ᠋ᠨ ᠬᠢᠵᠠᠭᠠᠷᠲᠤ ᠺᠣᠮᠫᠠᠨᠢ ᠶ᠋ᠢᠨ ᠬᠣᠪᠣᠷ ᠱᠢᠷᠣᠶ ᠶ᠋ᠢᠨ ᠲᠣᠭ᠍ᠲᠠᠮᠠᠯ ᠰᠣᠷᠢᠨᠵᠢᠨᠳᠤ ᠲᠣᠨᠣᠭ᠍ᠯᠠᠯ ᠤ᠋ᠨ ᠦᠶ᠋ᠯᠡᠳᠪᠦᠷᠢ ᠶ᠋ᠢᠨ ᠲᠠᠰᠤᠭ ᠡᠴᠡ ᠨᠢᠭᠡ ᠪᠦᠯᠦᠭ ᠵᠢᠵᠢᠭ ᠪᠦᠭᠡᠳ ᠨᠠᠷᠢᠯᠢᠭ ᠴᠠᠬᠢᠯᠭᠠᠨ ᠰᠣᠷᠢᠨᠵᠢᠨᠳᠤ ᠲᠣᠨᠣᠭ᠍ᠯᠠᠯ 《ᠮᠡᠨᠳᠤᠯᠡᠪᠡ》᠃ ᠡᠲᠡᠭᠡᠷ ᠬᠡᠳᠦ ᠵᠢᠵᠢᠭ 《ᠠᠵᠤ ᠦᠶ᠋ᠯᠡᠳᠪᠦᠷᠢ ᠶ᠋ᠢᠨ ᠵᠢᠷᠦᠭᠡ》ᠨᠢ ᠨᠠᠮ ᠤ᠋ᠨ ᠭᠡᠱᠢᠭᠦᠨ ᠤ᠋ ᠪᠣᠭᠣᠮᠲᠠ ᠱᠢᠪᠲᠤᠯᠬᠤ ᠳᠤᠭᠤᠢᠯᠠᠩ ᠤ᠋ᠨ ᠤᠷ᠎ᠠ ᠡᠷᠳᠡᠮ ᠵᠢᠡᠷ ᠪᠥᠬᠥ᠌ ᠪᠥᠮᠪᠥᠷᠴᠡᠭ ᠤ᠋ᠨ ᠳᠡᠭᠡᠳᠦ ᠲᠠᠰ ᠤ᠋ᠨ ᠡᠯᠧᠺᠲ᠋ᠷᠣᠨ ᠦᠶ᠋ᠯᠡᠳᠬᠦᠨ ᠳ᠋ᠦ ᠤᠭᠰᠠᠷᠠᠭᠳᠠᠵᠤ ᠪᠣᠶ ᠃

ᠣᠢᠷ᠎ᠠ ᠶ᠋ᠢᠨ ᠬᠤᠭᠤᠴᠠᠭᠠᠨ ᠳ᠋ᠦ ᠣᠨᠳᠣᠣ ᠬᠡᠯᠪᠡᠷᠢ ᠶ᠋ᠢᠨ ᠰᠣᠷᠢᠨᠵᠢᠨᠳᠤ ᠲᠣᠨᠣᠭ᠍ᠯᠠᠯ ᠤᠭ᠍ᠰᠠᠷᠠᠬᠤ ᠠᠵᠢᠯ ᠲᠥᠷᠥᠯ ᠤ᠋ᠨ ᠬᠦᠴᠢᠷ ᠠᠰᠠᠭᠤᠳᠠᠯ ᠳ᠋ᠤ ᠴᠢᠭᠯᠡᠭᠦᠯᠦᠨ᠂ ᠪᠤᠭᠤᠲᠤ ᠬᠣᠲᠠ ᠶ᠋ᠢᠨ ᠶᠢᠩ ᠰᠧ ᠲᠧ ᠬᠣᠪᠣᠷ ᠰᠢᠷᠤᠢ ᠶ᠋ᠢᠨ ᠰᠣᠷᠢᠨᠵᠢᠨᠳᠤ ᠱᠢᠨ᠎ᠡ ᠮᠠᠲ᠋ᠧᠷᠢᠶᠠᠯ ᠤ᠋ᠨ ᠬᠢᠵᠠᠭᠠᠷᠲᠤ ᠺᠣᠮᠫᠠᠨᠢ ᠶ᠋ᠢᠨ ᠨᠠᠮ ᠤ᠋ᠨ ᠭᠡᠱᠢᠭᠦᠨ ᠤ᠋ 《ᠬᠤᠪᠢᠰᠬᠠᠯᠲᠤ ᠪᠣᠭᠣᠮᠲᠠ ᠱᠢᠪᠲᠤᠯᠬᠤ》 ᠳᠤᠭᠤᠢᠯᠠᠩ ᠤ᠋ᠨ ᠬᠢᠨ ᠪᠣᠭᠣᠮᠲᠠ ᠱᠢᠪᠲᠤᠯᠬᠤ ᠠᠵᠢᠯ ᠥᠷᠨᠢᠭᠦᠯᠪᠡ᠃ ᠡᠨᠡ ᠬᠦ᠌ ᠦᠢᠯᠡᠳᠬᠦᠨ ᠢ᠋ ᠭᠤᠤᠯᠳᠠᠭᠤ ᠤᠶᠤᠨᠲᠤ ᠭᠠᠷ ᠤᠲᠠᠰᠤ᠂ ᠺᠣᠮᠫᠢᠦ᠋ᠲ᠋ᠧᠷ ᠵᠡᠷᠭᠡ 3C ᠬᠡᠷᠡᠭ᠌ᠯᠡᠭᠡᠨ ᠤ᠋ ᠲᠥᠷᠥᠯ ᠤ᠋ᠨ ᠡᠯᠧᠺᠲ᠋ᠷᠣᠨ ᠦᠢᠯᠡᠳᠬᠦᠨ ᠳ᠋ᠤ ᠬᠡᠷᠡᠭ᠌ᠯᠡᠵᠦ᠍᠂ ᠥᠷᠭᠡᠨ ᠳᠡᠯᠭᠡᠷ ᠵᠠᠬ᠎ᠠ ᠳᠡᠯᠭᠡᠭᠦᠷ ᠤ᠋ᠨ ᠤᠷᠤᠨ ᠵᠠᠢ ᠲᠡᠶ ᠶᠤᠮ᠃ 《3 ᠣᠨᠳᠣᠣ ᠬᠡᠯᠪᠡᠷᠢ ᠲᠡᠶ ᠪᠥᠭᠡᠳ ᠪᠠᠰᠠ ᠲᠦᠢᠯᠲᠦ ᠴᠢᠨᠠᠷ ᠶ᠋ᠢᠡᠷ ᠠᠳᠠᠯᠢ ᠪᠤᠰᠤ ᠦᠢᠯᠡᠳᠬᠦᠨ ᠢ᠋ ᠬᠠᠮᠲᠤ ᠤᠭ᠍ᠰᠠᠷᠠᠬᠤ ᠳ᠋ᠦ ᠮᠠᠰᠢ ᠬᠦᠴᠢᠷᠲᠡᠶ ᠶᠤᠮ᠃ ᠮᠠᠨ ᠤ᠋ ᠨᠠᠮ ᠤ᠋ᠨ ᠭᠡᠱᠢᠭᠦᠨ ᠤ᠋ ᠭᠠᠪᠱᠢᠭᠠᠢ ᠳᠤᠭᠤᠢᠯᠠᠩ ᠡᠴᠦᠰ ᠲᠡᠬᠡᠨ ᠡᠨᠡ ᠬᠦ᠌ ᠪᠡᠷᠬᠡ ᠰᠡᠳᠦᠪ ᠢ᠋ ᠲᠤᠢᠯᠪᠤᠷᠢᠲᠠᠢ ᠱᠢᠢᠳᠪᠦᠷᠢᠯᠡᠪᠡ 》 ᠭᠡᠵᠦ᠍ ᠶᠢᠩ ᠰᠧ ᠲᠧ ᠺᠣᠮᠫᠠᠨᠢ ᠶ᠋ᠢᠨ B ᠦᠢᠯᠡᠳᠪᠦᠷᠢᠯᠡᠯ ᠤ᠋ᠨ ᠬᠡᠯᠲᠡᠰ ᠤ᠋ᠨ ᠳᠠᠭᠠᠭᠠᠮᠠᠯ ᠼᠤᠤ ᠰᠧ ᠮᠢᠨ ᠬᠡᠯᠡᠵᠦ ᠪᠠᠢᠯ᠎ᠠ᠃

ᠪᠤᠭᠤᠲᠤ ᠬᠣᠲᠠ ᠶ᠋ᠢᠨ ᠶᠢᠩ ᠰᠧ ᠲᠧ ᠬᠣᠪᠣᠷ ᠰᠢᠷᠤᠢ ᠶ᠋ᠢᠨ ᠰᠣᠷᠢᠨᠵᠢᠨᠳᠤ ᠱᠢᠨ᠎ᠡ ᠮᠠᠲ᠋ᠧᠷᠢᠶᠠᠯ ᠤ᠋ᠨ ᠬᠢᠵᠠᠭᠠᠷᠲᠤ ᠺᠣᠮᠫᠠᠨᠢ ᠠᠷᠠᠳ ᠤ᠋ᠨ ᠡᠵᠡᠩᠨᠡᠯᠲᠡ ᠶ᠋ᠢᠨ ᠠᠵᠤ ᠠᠬᠤᠢᠯᠠᠯ ᠤ᠋ᠨ ᠨᠠᠮ ᠤ᠋ᠨ ᠪᠠᠢᠭᠤᠯᠤᠯᠲᠠ ᠶ᠋ᠢᠨ ᠬᠥᠲᠥᠯᠥᠨ ᠳᠠᠭᠠᠭᠤᠯᠬᠤ ᠦᠶ᠋ᠯᠡᠳᠦᠯ ᠢ᠋ ᠦᠨᠡᠨ ᠬᠦ᠌ ᠪᠠᠳᠠᠷᠠᠭᠤᠯᠵᠤ᠂《ᠨᠠᠮ ᠤ᠋ᠨ ᠭᠡᠱᠢᠭᠦᠨ ᠢ᠋ ᠭᠤᠤᠯᠯᠠᠭ᠍ᠴᠢ ᠬᠦᠴᠦᠨ ᠪᠣᠯᠭᠠᠨ ᠬᠥᠮᠦᠵᠢᠭᠦᠯᠵᠦ᠍᠂ ᠭᠤᠤᠯᠯᠠᠭ᠍ᠴᠢ ᠬᠦᠴᠦᠨ ᠢ᠋ ᠨᠠᠮ ᠤ᠋ᠨ ᠭᠡᠱᠢᠭᠦᠨ ᠪᠣᠯᠭᠠᠨ ᠬᠦᠮᠦᠵᠢᠬᠦᠯᠬᠦ》 ᠵᠢ ᠪᠠᠷᠢᠮᠲᠠᠯᠠᠨ᠂ ᠨᠠᠮ ᠤ᠋ᠨ ᠭᠡᠱᠢᠭᠦᠨ ᠨᠢᠭᠡᠪᠦᠷᠢ ᠵᠢ ᠳᠠᠢᠴᠢᠯᠠᠨ ᠬᠣᠱᠢᠭᠤᠴᠢ ᠵᠢᠱ᠌ᠢᠶᠡᠴᠢ ᠦᠶ᠋ᠯᠡᠳᠦᠯ ᠢ᠋ ᠨᠢ ᠪᠠᠳᠠᠷᠠᠭᠤᠯᠵᠤ᠂ ᠨᠠᠮ ᠤ᠋ᠨ ᠳᠤᠭᠤᠢᠯᠠᠩ ᠨᠢᠭᠡᠪᠦᠷᠢ ᠵᠢ ᠠᠵᠤ ᠠᠬᠤᠢᠯᠠᠯ ᠤ᠋ᠨ ᠬᠦᠴᠢᠷ ᠢ᠋ ᠳᠤᠭᠤᠯᠤᠨ ᠪᠡᠷᠬᠡ ᠵᠢ ᠳᠠᠪᠠᠬᠤ ᠳᠠᠢᠴᠢᠨ ᠪᠡᠬᠢᠯᠡᠯᠲᠡ ᠪᠣᠯᠭᠠᠵᠤ᠂ ᠬᠤᠪᠢᠰᠬᠠᠯ ᠤ᠋ᠨ ᠬᠣᠱᠢᠭᠤᠴᠢ ᠶ᠋ᠢᠨ 《ᠵᠢᠱ᠌ᠢᠶ᠎ᠡ ᠦᠵᠡᠭᠦᠯᠬᠦ᠌ ᠬᠦᠴᠦᠨ》 ᠢ᠋ ᠠᠵᠤ ᠠᠬᠤᠢᠯᠠᠯ ᠤ᠋ᠨ ᠴᠢᠨᠠᠷ ᠰᠠᠢᠲᠠᠶ ᠬᠥᠭ᠌ᠵᠢᠯᠲᠡ ᠶ᠋ᠢᠨ 《 ᠦᠶ᠋ᠯᠡᠳᠪᠦᠷᠢᠯᠡᠯ ᠤ᠋ᠨ ᠬᠦᠴᠦᠨ》 ᠪᠣᠯᠭᠠᠨ ᠬᠤᠪᠢᠷᠠᠭᠤᠯᠪᠠ ᠃

ᠲᠠᠨᠢᠯᠴᠠᠭᠤᠯᠤᠭ᠍ᠰᠠᠨ ᠶ᠋ᠢᠡᠷ᠂ ᠪᠤᠭᠤᠲᠤ ᠬᠣᠲᠠ ᠶ᠋ᠢᠨ ᠶᠢᠩ ᠰᠧ ᠲᠧ ᠬᠣᠪᠣᠷ ᠰᠢᠷᠤᠢ ᠶ᠋ᠢᠨ ᠰᠣᠷᠢᠨᠵᠢᠳᠤ ᠱᠢᠨ᠎ᠡ ᠮᠠᠲ᠋ᠧᠷᠢᠶᠠᠯ ᠤ᠋ᠨ ᠬᠢᠵᠠᠭᠠᠷᠲᠤ ᠺᠣᠮᠫᠠᠨᠢ ᠪᠣᠯ ᠬᠣᠪᠣᠷ ᠱᠢᠷᠣᠶ ᠶ᠋ᠢᠨ ᠲᠣᠭ᠍ᠲᠠᠮᠠᠯ ᠰᠣᠷᠢᠨᠵᠢᠳᠤ ᠮᠠᠲ᠋ᠧᠷᠢᠶᠠᠯ ᠤ᠋ᠨ ᠬᠡᠷᠡᠭ᠌ᠯᠡᠭᠡᠨ ᠤ᠋ ᠲᠣᠨᠣᠭ᠍ᠯᠠᠭᠠᠰᠤ ᠵᠢ ᠰᠤᠳᠤᠯᠤᠨ ᠨᠡᠭᠡᠭᠡᠬᠦ᠌᠂ ᠦᠶ᠋ᠯᠡᠳᠪᠦᠷᠢᠯᠡᠬᠦ᠌ ᠪᠠ ᠪᠣᠷᠣᠯᠠᠭᠤᠯᠬᠤ ᠤᠯᠤᠰ ᠤ᠋ᠨ ᠲᠠᠰ ᠤ᠋ᠨ ᠳᠡᠭᠡᠳᠦ ᠱᠢᠨ᠎ᠡ ᠮᠡᠷᠭᠡᠵᠢᠯ ᠤ᠋ᠨ ᠠᠵᠤ ᠠᠬᠤᠢᠯᠠᠯ ᠪᠣᠯᠤᠨ᠎ᠠ᠂ ᠦᠶ᠋ᠯᠡᠳᠪᠦᠷᠢᠯᠡᠭ᠌ᠰᠡᠨ ᠲᠣᠭ᠍ᠲᠠᠮᠠᠯ ᠰᠣᠷᠢᠨᠵᠢᠳᠤ ᠦᠶ᠋ᠯᠡᠳᠬᠦᠨ ᠤ᠋ ᠴᠢᠳᠠᠮᠵᠢ ᠨᠢ ᠣᠯᠠᠨ ᠤᠯᠤᠰ ᠤ᠋ᠨ ᠲᠡᠷᠢᠭᠦᠨ ᠤ᠋ ᠲᠦᠪᠱᠢᠨ ᠳ᠋ᠤ ᠬᠦᠷᠴᠦ᠍᠂ ᠤᠯᠤᠰ ᠤ᠋ᠨ ᠳᠣᠲᠣᠭᠠᠳᠤ ᠭᠠᠳᠠᠭᠠᠳᠤ ᠶ᠋ᠢᠨ ᠳᠡᠭᠡᠳᠦ ᠲᠠᠰ ᠤ᠋ᠨ ᠡᠯᠧᠺᠲ᠋ᠷᠣᠨ ᠦᠶ᠋ᠯᠡᠳᠬᠦᠨ ᠦᠶ᠋ᠯᠡᠳᠪᠦᠷᠢᠯᠡᠬᠦ᠌ ᠣᠯᠠᠨ ᠦᠶ᠋ᠯᠡᠳᠪᠦᠷᠢ ᠶ᠋ᠢᠨ ᠪᠠᠢᠯᠳᠤᠬᠤ ᠪᠣᠳᠣᠯᠭ᠎ᠠ ᠶ᠋ᠢᠨ ᠬᠠᠮᠲᠤᠷᠠᠯᠴᠠᠭᠠᠨ ᠤ᠋ ᠬᠠᠨᠢᠲᠠᠨ ᠪᠠᠢᠵᠤ᠂ ᠦᠶ᠋ᠯᠡᠳᠬᠦᠨ ᠢ᠋ ᠨᠢ 3C ᠬᠡᠷᠡᠭ᠌ᠯᠡᠭᠡᠨ ᠤ᠋ ᠲᠥᠷᠥᠯ ᠤ᠋ᠨ ᠡᠯᠧᠺᠲ᠋ᠷᠣᠨ ᠦᠢᠯᠡᠳᠬᠦᠨ᠂ ᠱᠢᠨ᠎ᠡ ᠡᠨᠧᠷᠭᠢ ᠶ᠋ᠢᠨ ᠮᠠᠱᠢᠨ ᠲᠡᠷᠭᠡ᠂ ᠠᠵᠤ ᠦᠶ᠋ᠯᠡᠳᠪᠦᠷᠢ ᠶ᠋ᠢᠨ ᠴᠠᠬᠢᠯᠭᠠᠨ ᠮᠠᠱᠢᠨ᠂ ᠮᠠᠱᠢᠨ ᠬᠥᠮᠦᠨ᠂ ᠠᠭᠠᠷ ᠤ᠋ᠨ ᠠᠶᠠᠯᠠᠯ᠂ ᠰᠠᠨᠰᠠᠷ ᠤ᠋ᠨ ᠠᠶᠠᠯᠠᠯ ᠵᠡᠷᠭᠡ ᠠᠵᠤ ᠦᠶ᠋ᠯᠡᠰ ᠲᠦ᠍ ᠥᠷᠭᠡᠨ ᠶ᠋ᠢᠡᠷ ᠬᠡᠷᠡᠭ᠌ᠯᠡᠵᠦ᠍ ᠪᠣᠶ᠃

ᠤᠯᠠᠨ ᠵᠢᠯ ᠤ᠋ᠨ ᠲᠤᠷᠰᠢ᠂ ᠲᠤᠰ ᠺᠣᠮᠫᠠᠨᠢ ᠨᠢ ᠨᠠᠮ ᠤ᠋ᠨ ᠪᠠᠢᠭᠤᠯᠤᠯᠲᠠ ᠶ᠋ᠢᠨ ᠠᠵᠢᠯ ᠢ᠋ ᠠᠵᠤ ᠠᠬᠤᠢᠯᠠᠯ ᠤ᠋ᠨ ᠵᠠᠰᠠᠯᠲᠠ ᠪᠤᠯᠤᠨ ᠦᠢᠯᠡᠳᠪᠦᠷᠢᠯᠡᠯ ᠡᠵᠡᠩᠨᠡᠯᠲᠡ ᠲᠡᠶ ᠪᠠᠨ ᠭᠦᠨᠵᠡᠭᠡᠢ ᠠᠭᠤᠰᠤᠯᠴᠠᠭᠤᠯᠵᠤ᠂ ᠨᠠᠮ ᠤ᠋ᠨ ᠤᠳᠤᠷᠢᠳᠤᠯᠭ᠎ᠠ ᠵᠢ ᠺᠣᠮᠫᠠᠨᠢ ᠶ᠋ᠢᠨ ᠱᠢᠢᠳᠪᠦᠷᠢᠲᠦ ᠪᠤᠳᠤᠯᠭ᠎ᠠ ᠬᠠᠮᠢᠶᠠᠷᠤᠯᠲᠠ ᠳ᠋ᠦ ᠠᠭᠤᠰᠤᠯᠴᠠᠭᠤᠯᠪᠠ; ᠠᠵᠤ ᠠᠬᠤᠢᠯᠠᠯ ᠤ᠋ᠨ ᠦᠢᠯᠡᠳᠪᠦᠷᠢᠯᠡᠯ ᠤ᠋ᠨ ᠴᠢᠳᠠᠪᠤᠷᠢ ᠶ᠋ᠢᠨ ᠪᠣᠭᠣᠮᠢ ᠶ᠋ᠢᠨ ᠠᠰᠠᠭᠤᠳᠠᠯ ᠵᠢᠴᠢ ᠮᠡᠷᠭᠡᠵᠢᠯ ᠤ᠋ᠨ ᠰᠣᠯᠢᠯᠴᠠᠭᠠᠨ ᠤ᠋ ᠪᠡᠬᠢᠯᠡᠯᠲᠡ ᠶ᠋ᠢᠨ ᠠᠰᠠᠭᠤᠳᠠᠯ ᠳ᠋ᠦ ᠠᠩᠬᠠᠷᠤᠯ ᠶ᠋ᠢᠡᠨ ᠲᠥᠪᠯᠡᠷᠡᠭᠦᠯᠵᠦ᠍᠂ ᠨᠠᠮ ᠤ᠋ᠨ ᠪᠠᠢᠭᠤᠯᠤᠯᠲᠠ ᠪᠠ ᠬᠠᠮᠲᠤ ᠪᠡᠷ ᠪᠠᠢᠭᠤᠯᠬᠤ ᠬᠤᠯᠪᠤᠭᠠᠯᠠᠨ ᠪᠠᠢᠭᠤᠯᠬᠤ ᠪᠠᠷ ᠬᠣᠯᠪᠣᠭᠠᠰᠤ ᠪᠣᠯᠭᠠᠨ᠂ ᠤᠯᠤᠰ ᠤ᠋ᠨ ᠬᠣᠪᠣᠷ ᠱᠢᠷᠣᠢ ᠶ᠋ᠢᠨ ᠴᠢᠳᠠᠮᠵᠢᠳᠦ ᠮᠠᠲ᠋ᠧᠷᠢᠶᠠᠯ ᠤ᠋ᠨ ᠱᠢᠨ᠎ᠡ ᠵᠢ ᠡᠭᠦᠳᠬᠦ᠌ ᠲᠥᠪ ᠵᠡᠷᠭᠡ 6 ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠳᠡᠭᠡᠳᠦ ᠰᠤᠷᠭᠠᠭᠤᠯᠢ ᠲᠠᠶ ᠬᠠᠮᠲᠤᠷᠠᠨ 《 ᠠᠵᠤ ᠦᠢᠯᠡᠰ ᠵᠢᠭᠠᠨ ᠰᠤᠷᠭᠠᠯᠲᠠ ᠰᠤᠳᠤᠯᠭᠠᠨ ᠬᠡᠷᠡᠭᠯᠡᠭᠡᠨ 》 ᠤ᠋ ᠱᠢᠨ᠎ᠡ ᠵᠢ ᠡᠭᠦᠳᠬᠦ᠌ ᠬᠣᠯᠪᠣᠭᠠᠲᠤ ᠴᠣᠭ᠍ᠴᠠ ᠵᠢ ᠪᠠᠢᠭᠤᠯᠵᠤ᠂ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠪᠡᠷᠬᠡ ᠰᠡᠳᠦᠪ ᠢ᠋ ᠱᠢᠢᠳᠪᠦᠷᠢᠯᠡᠬᠦ᠌ ᠠᠵᠢᠯ ᠢ᠋ ᠥᠷᠨᠢᠭᠦᠯᠪᠡ; ᠺᠣᠮᠫᠠᠨᠢ ᠶ᠋ᠢᠨ ᠳᠣᠲᠣᠭᠠᠳᠤ ᠳ᠋ᠠᠭᠠᠨ 《ᠬᠤᠪᠢᠰᠬᠠᠯᠲᠤ ᠪᠣᠭᠣᠮᠲᠠ ᠱᠢᠪᠲᠤᠯᠬᠤ》 ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠨᠠᠮ ᠤ᠋ᠨ ᠳᠤᠭᠤᠢᠯᠠᠩ ᠢ᠋ ᠪᠠᠢᠭᠤᠯᠵᠤ᠂ ᠨᠠᠮ ᠤ᠋ᠨ ᠭᠡᠱᠢᠭᠦᠨ ᠮᠡᠷᠭᠡᠵᠢᠯ ᠤ᠋ᠨ ᠴᠢᠳᠠᠪᠤᠷᠢᠲᠠᠨ ᠢ᠋ ᠵᠣᠬᠢᠶᠠᠨ ᠪᠠᠢᠭᠤᠯᠤᠨ 《ᠲᠤᠡᠭᠬᠠᠭ ᠨᠡᠢᠲᠡᠯᠡᠨ ᠮᠠᠡᠭᠯᠠᠢᠯᠠᠭᠴᠢ ᠡᠯᠰᠡᠬᠦ》 ᠪᠣᠭᠣᠮᠲᠠ ᠱᠢᠪᠲᠤᠯᠬᠤ ᠠᠵᠢᠯᠯᠠᠭ᠎ᠠ ᠥᠷᠨᠢᠭᠦᠯᠵᠦ᠍᠂ ᠲᠤᠰ ᠳᠤᠭᠤᠢᠯᠠᠩ ᠤ᠋ᠨ ᠬᠢᠨ ᠤᠷᠢᠳ ᠬᠣᠵᠢᠳ ᠤᠶᠤᠨᠴᠢ ᠦᠢᠯᠡᠳᠪᠦᠷᠢᠯᠡᠯ ᠤ᠋ᠨ ᠱᠤᠭᠤᠮ᠂ ᠰᠣᠷᠢᠨᠵᠢᠨ ᠡᠨᠧᠷᠭᠢ ᠶ᠋ᠢᠨ ᠣᠷᠢᠶᠠᠮᠠᠭ᠂ ᠯᠠᠢᠰᠧᠷ ᠶ᠋ᠢᠡᠷ ᠬᠡᠷᠴᠢᠬᠦ ᠵᠡᠷᠭᠡ 100 ᠭᠠᠷᠤᠢ ᠵᠦᠢᠯ ᠤ᠋ᠨ ᠲᠤᠰᠭᠠᠢ ᠠᠱᠢᠭ ᠢ᠋ ᠣᠯᠵᠤ᠂ ᠠᠵᠤ ᠠᠬᠤᠢᠯᠠᠯ ᠤ᠋ᠨ ᠬᠥᠭ᠌ᠵᠢᠯᠲᠡ ᠵᠢ ᠠᠬᠢᠭᠤᠯᠬᠤ 《ᠨᠢᠭᠡᠳᠦᠭᠡᠷ ᠬᠥᠳᠡᠯᠭᠡᠭᠦᠷ》 ᠪᠣᠯᠪᠠ᠃

《ᠨᠠᠮ ᠤ᠋ᠨ ᠭᠡᠱᠢᠭᠦᠨ ᠠᠵᠢᠯ ᠤ᠋ᠨ ᠪᠠᠢᠷᠢ ᠳᠡᠭᠡᠷ᠎ᠡ ᠪᠡᠨ ᠵᠠᠪᠠᠯ ᠲᠤᠰᠢᠶᠠᠯ ᠬᠠᠷᠢᠭᠤᠴᠠᠯᠭ᠎ᠠ ᠪᠠᠨ ᠢᠯᠡᠷᠡᠭᠦᠯᠵᠦ᠍᠂ ᠦᠯᠢᠭᠡᠷ ᠳᠠᠭᠤᠷᠢᠶᠠᠯ ᠪᠤᠯᠵᠤ᠂ ᠵᠢᠱ᠌ᠢᠶᠡᠴᠢ ᠪᠣᠯᠬᠤ ᠬᠡᠷᠡᠭ᠌ᠲᠡᠢ》 ᠭᠡᠵᠦ ᠪᠤᠭᠤᠲᠤ ᠬᠤᠳᠠ ᠶ᠋ᠢᠨ ᠶᠢᠩ ᠰᠧ ᠲᠸ ᠬᠣᠪᠣᠷ ᠰᠢᠷᠤᠢ ᠶ᠋ᠢᠨ ᠰᠣᠷᠢᠨᠵᠢᠨᠳᠤ ᠱᠢᠨ᠎ᠡ ᠮᠠᠲ᠋ᠧᠷᠢᠶᠠᠯ ᠤ᠋ᠨ ᠬᠢᠵᠠᠭᠠᠷᠲᠤ ᠺᠣᠮᠫᠠᠨᠢ ᠶ᠋ᠢᠨ ᠨᠠᠮ ᠤ᠋ᠨ ᠡᠭᠦᠷ ᠤ᠋ᠨ ᠱᠦᠵᠢ ᠯᠢᠦ ᠲᠤᠤ ᠶᠠᠷᠢᠨ᠎ᠠ᠃ ᠲᠣᠰ ᠺᠣᠮᠫᠠᠨᠢ ᠨᠠᠮ ᠤ᠋ᠨ ᠭᠡᠱᠢᠭᠦᠨ ᠤ᠋ ᠬᠤᠪᠢ ᠬᠤᠷᠠᠮᠳᠤᠭᠤᠯᠬᠤ ᠲᠦᠷᠢᠮ ᠶ᠋ᠢᠡᠷ ᠭᠤᠤᠯ ᠤᠷᠮᠠᠱᠢᠭᠤᠯᠬᠤ ᠲᠣᠭ᠍ᠲᠠᠴᠠ ᠪᠣᠯᠭᠠᠵᠤ᠂ ᠬᠤᠪᠢ ᠨᠡᠮᠡᠷᠢ ᠦᠵᠡᠭᠦᠯᠬᠦ᠌ ᠬᠡᠮᠵᠢᠶ᠎ᠡ ᠵᠢ ᠱᠢᠯᠢᠳᠡᠭ ᠠᠵᠢᠯᠴᠢᠨ ᠢ᠋ ᠱᠢᠯᠭᠠᠷᠠᠭᠤᠯᠬᠤ ᠭᠦᠶ᠋ᠴᠡᠳᠭᠡᠯ ᠲᠣᠭ᠎ᠠ ᠪᠣᠯᠭᠠᠪᠠ᠃ 2024 ᠣᠨ ᠳ᠋ᠦ ᠨᠠᠮ ᠤ᠋ᠨ ᠭᠡᠱᠢᠭᠦᠨ ᠡᠴᠡ ᠠᠵᠢᠯᠴᠢᠳ ᠢ᠋ ᠬᠦᠲᠦᠯᠦᠨ ᠵᠢᠯᠤᠭᠤᠳᠴᠤ ᠪᠠᠢᠭᠠᠳ ᠳᠤᠷᠠᠳᠤᠭ᠍ᠰᠠᠨ 66 ᠵᠤᠷᠪᠤᠰ ᠠᠷᠭ᠎ᠠ ᠬᠡᠮᠵᠢᠶ᠎ᠠ ᠨᠢ 100 ᠲᠦᠮᠡ ᠱᠢᠬᠠᠮ ᠲᠥᠭᠥᠷᠢᠭ ᠤ᠋ᠨ ᠦᠷ᠎ᠡ ᠠᠱᠢᠭ ᠡᠭᠦᠳᠴᠠᠢ᠃ ᠤᠯᠤᠰ ᠤ᠋ᠨ ᠲᠡᠰ ᠤ᠋ᠨ ᠲᠤᠰᠬᠠᠢᠵᠢᠭᠰᠠᠨ ᠨᠠᠷᠢᠯᠢᠭᠵᠢᠭᠰᠡᠨ ᠤᠨᠴᠠᠯᠢᠭᠲᠦ ᠱᠢᠨ᠎ᠡ ᠠᠵᠤ ᠠᠬᠤᠢᠯᠠᠯ ᠪᠤᠯᠵᠤ ᠲᠤᠳᠤᠷᠠᠭᠰᠠᠨ ᠡᠴᠡ 《ᠪᠦᠬᠦ᠌ ᠤᠯᠤᠰ ᠤ᠋ᠨ 〈5·1〉 ᠵᠢᠨ ᠬᠥᠳᠡᠯᠮᠦᠷᠢ ᠶ᠋ᠢᠨ ᠱᠠᠩᠨᠠᠯ》 ᠢ᠋ ᠬᠦᠷᠳᠡᠬᠥ  ᠪᠤᠯᠲᠠᠯ᠎ᠠ᠂ ᠨᠠᠮ ᠤ᠋ᠨ ᠪᠠᠢᠭᠤᠯᠤᠯᠲᠠ ᠨᠢ ᠶᠢᠩ ᠰᠧ ᠲᠸ ᠺᠤᠮᠫᠠᠨᠢ ᠵᠢᠨ ᠴᠢᠨᠠᠷ ᠰᠠᠢᠲᠠᠢ ᠬᠥᠭ᠌ᠵᠢᠯᠲᠡ ᠵᠢ ᠠᠬᠢᠭᠤᠯᠬᠤ ᠪᠠᠲᠤ ᠴᠢᠩᠭ᠎ᠠ ᠲᠤᠯᠭᠠᠭᠤᠷᠢᠯᠠᠯ ᠪᠣᠯᠤᠭᠰᠠᠨ ᠶᠤᠮ᠃

ᠯᠢᠦ ᠲᠤᠤ ᠵᠢᠨ ᠲᠠᠨᠢᠯᠴᠠᠭᠤᠯᠤᠭᠰᠠᠨ ᠵᠢᠡᠷ᠂ ᠶᠢᠩ ᠰᠧ ᠲᠸ ᠺᠤᠮᠫᠠᠨᠢ 58 ᠨᠠᠮ ᠤ᠋ᠨ ᠭᠡᠱᠢᠭᠦᠨ ᠤ᠋ ᠵᠢᠱ᠌ᠢᠶ᠎ᠡ ᠦᠵᠡᠭᠦᠯᠬᠦ᠌ ᠠᠵᠢᠯ ᠤ᠋ᠨ ᠪᠠᠢᠷᠢ᠂ ᠬᠠᠷᠢᠭᠤᠴᠠᠯᠭ᠎ᠠ ᠶ᠋ᠢᠨ ᠲᠤᠭᠤᠷᠢᠭ ᠢ᠋ ᠪᠠᠢᠭᠤᠯᠵᠤ᠂ ᠭᠤᠤᠯᠳᠠᠯᠭ᠎ᠠ ᠲᠠᠶ ᠦᠶ᠋ᠯᠡᠳᠪᠦᠷᠢᠯᠡᠯ ᠤ᠋ᠨ ᠱᠤᠭᠤᠮ ᠨᠢᠭᠡᠪᠦᠷᠢ ᠳ᠋ᠤ ᠴᠥᠮ ᠨᠠᠮ ᠤ᠋ᠨ ᠭᠡᠱᠢᠭᠦᠨ ᠤ᠋ ᠵᠢᠱ᠌ᠢᠶ᠎ᠡ ᠦᠵᠡᠭᠦᠯᠬᠦ᠌ ᠠᠵᠢᠯ ᠤ᠋ᠨ ᠪᠠᠢᠷᠢ ᠲᠠᠶ᠂ ᠦᠶ᠋ᠯᠡᠳᠪᠦᠷᠢᠯᠡᠯ ᠤ᠋ᠨ ᠲᠠᠰᠤᠭ ᠨᠢᠭᠡᠪᠦᠷᠢ ᠳ᠋ᠤ ᠴᠥᠮ ᠨᠠᠮ ᠤ᠋ᠨ ᠭᠡᠱᠢᠭᠦᠨ ᠤ᠋ ᠬᠠᠷᠢᠭᠤᠴᠠᠯᠭ᠎ᠠ ᠶ᠋ᠢᠨ ᠲᠤᠭᠤᠷᠢᠭ ᠲᠠᠢ ᠪᠠᠢᠵᠤ᠂ ᠨᠠᠮ ᠤ᠋ᠨ ᠭᠡᠱᠢᠭᠦᠨ ᠡᠴᠡ ᠠᠵᠢᠯᠯᠠᠭᠤᠯᠵᠤ ᠪᠠᠢᠭ᠎ᠠ ᠮᠠᠰᠢᠨ ᠲᠤᠨᠤᠭᠯᠠᠯ ᠤ᠋ᠨ ᠲᠠᠪᠴᠠᠡᠭ ᠤ᠋ᠨ ᠦᠢᠯᠡᠳᠪᠤᠷᠢᠯᠡᠯ ᠤ᠋ᠨ ᠴᠢᠳᠠᠪᠤᠷᠢ ᠵᠢ 20% ᠪᠠᠷ ᠳᠡᠭᠡᠭ᠌ᠰᠢᠯᠡᠭᠦᠯᠵᠦ᠍᠂ ᠰᠠᠭᠠᠳ ᠭᠠᠷᠬᠤ ᠨᠣᠷᠮ᠎ᠠ ᠵᠢ 3% ᠪᠣᠯᠭᠠᠨ ᠪᠠᠭᠤᠷᠠᠭᠤᠯᠵᠤ᠂ ᠨᠠᠮ ᠤ᠋ᠨ ᠭᠡᠱᠢᠭᠦᠳ ᠤ᠋ᠨ 《ᠠᠬᠠᠮᠠᠳ ᠨᠢ ᠵᠠᠯᠠᠭᠤᠴᠤᠳ ᠶ᠋ᠢᠡᠨ ᠳᠠᠢᠴᠢᠯᠠᠬᠤ》 ᠪᠡᠷ ᠲᠠᠮᠵᠢᠨ 28 ᠬᠠᠪᠰᠤᠷᠤᠯᠴᠠᠭᠠᠨ ᠤ᠋ ᠲᠤᠭᠤᠢᠯᠠᠩ ᠪᠠᠢᠭᠤᠯᠵᠤ᠂ 84 《ᠮᠡᠷᠭᠡᠵᠢᠯ ᠤ᠋ᠨ ᠬᠣᠱᠢᠭᠤᠴᠢ》 ᠵᠢ ᠬᠥᠮᠦᠵᠢᠭᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号