ᠬᠣᠣᠯᠢᠩᠭᠣᠣᠯ ᠬᠣᠲᠠ᠄ ᠪᠣᠭᠣᠮᠲᠠ᠎ᠶᠢᠨ ᠭᠠᠲᠠᠨᠠᠬᠢ ᠨᠡᠬᠦᠷᠡᠰᠦᠨ ᠬᠣᠲᠠ᠎ᠶᠢᠨ ᠰᠢᠨ᠎ᠡ ᠲᠦᠷᠬᠦ᠎ᠶᠢ ᠱᠣᠭᠣᠨᠠᠮ
2025-07-10 10:54:03
ᠵᠣᠬᠢᠶᠠᠭ᠍ᠴᠢ᠄
ᠰᠦ᠍ ᠶᠦᠩ ᠱᠸᠩ ᠵᠢᠢ ᠴᠢᠩ ᠯᠢᠩ
ᠣᠩᠱᠢᠭ᠍ᠰᠠᠨ ᠣᠳᠠᠭ᠎ᠠ᠄
★★★☆☆

ᠬᠣᠣᠯᠢᠩᠭᠣᠣᠯ ᠬᠣᠲᠠ᠎ᠶᠢᠨ ᠦᠪ ᠰᠣᠶᠣᠯ ᠦᠷᠨᠢᠩᠬᠦᠢ᠂ ᠡᠬᠢ ᠪᠠᠶᠠᠯᠢᠬ ᠦᠯᠡᠮᠵᠢ᠃

ᠳᠤᠮᠳᠠᠳᠤ ᠤᠯᠤᠰ᠎ᠤᠨ ᠵᠢᠭᠣᠯᠴᠢᠯᠠᠯ᠎ᠤᠨ ᠨᠡᠷᠡᠳᠦ ᠬᠤᠳᠠ ᠪᠣᠯᠤᠬᠰᠠᠨ᠎ᠤ ᠬᠣᠪᠢ ᠳ᠋ᠦ ᠡᠨᠲᠡ ᠪᠦᠷᠢᠨ ᠪᠦᠲᠦᠨ ᠬᠠᠳᠠᠭᠠᠯᠠᠭ᠍ᠳᠠᠵᠤ ᠪᠠᠢᠭ᠎ᠠ ᠪᠠᠯᠠᠷ ᠡᠷᠲᠡᠨ᠎ᠦ ᠲᠠᠯ᠎ᠠ ᠨᠤᠲᠤᠭ ᠲᠠᠢ᠂ ᠭᠠᠵᠠᠷ ᠱᠢᠨᠵᠢᠯᠡᠭᠡᠨ᠎ᠦ ᠭᠠᠢᠬᠠᠮᠱᠢᠭ᠍ᠲᠤ ᠦᠵᠡᠮᠵᠢ ᠪᠣᠯᠣᠬᠰᠠᠨ ᠮᠥᠰᠥᠲᠦᠯᠭᠡ᠎ᠶ᠋ᠢᠨ ᠦᠯᠡᠳᠡᠭ᠌ᠳᠡᠯ ᠨᠢ ᠶᠡᠬᠡ ᠪᠠᠢᠭᠠᠯᠢ᠎ᠶ᠋ᠢᠨ ᠡᠴᠢᠨ᠎ᠡ ᠰᠢᠳᠢ᠎ᠶᠢ ᠬᠠᠷᠠᠭᠣᠯᠣᠨ᠂ ᠠᠯᠲᠠᠨ ᠣᠯᠣᠰ᠎ᠤᠨ ᠪᠣᠷᠣ ᠬᠡᠷᠡᠮ ᠵᠡᠷᠭᠡ ᠲᠡᠦᠬᠡ᠎ᠶᠢᠨ ᠦᠯᠡᠲᠡᠭᠲᠡᠯ ᠨᠢ ᠣᠯᠠᠷᠢᠬᠰᠠᠨ ᠲᠡᠦᠬᠡ᠎ᠶᠢᠨ ᠬᠠᠭᠣᠲᠠᠰᠣ᠎ᠶᠢ ᠣᠷᠪᠠᠭᠣᠯᠵᠦ ᠰᠡᠬᠦᠨᠡᠮ᠃

ᠡᠨᠳᠡᠬᠢ ᠨᠢ ᠮᠦᠨ᠎ᠴᠦ ᠨᠡᠷ᠎ᠡ ᠨᠢᠲᠡᠷ ᠲᠡᠬᠡᠨ ᠲᠡᠩᠴᠡᠭᠰᠡᠨ ᠨᠡᠬᠦᠷᠡᠰᠦᠨ ᠬᠣᠲᠠ ᠪᠣᠯᠬᠣ ᠶᠣᠮ᠄ ᠬᠣᠸ᠋ᠯᠢᠩᠭᠣᠸ᠋ᠯ᠎ᠤᠨ ᠨᠡᠭᠦᠷᠡᠰᠦᠨ ᠠᠭᠤᠷᠬᠠᠶ᠎ᠳᠤ ᠲᠦᠮᠡ ᠮᠢᠩᠭᠠᠨ ᠵᠢᠯ᠎ᠦᠨ ᠲᠡᠷᠳᠡᠭᠡᠬᠢ ᠡᠬᠡ ᠪᠠᠢᠭᠠᠯᠢ ᠡᠴᠡ ᠰᠣᠶᠣᠷᠬᠠᠬᠰᠠᠨ ᠦᠨᠢᠷ ᠬᠡᠰᠢᠭ ᠬᠠᠳᠠᠭᠠᠯᠠᠭᠳᠠᠵᠤ᠂ ᠪᠥᠬᠥ᠌ ᠤᠯᠤᠰ᠎ᠤᠨ ᠲᠠᠪᠤᠨ ᠲᠣᠮᠣ ᠵᠠᠳᠠᠭᠠᠶ ᠨᠡᠭᠦᠷᠡᠰᠦᠨ ᠠᠭᠤᠷᠬᠠᠶ᠎ᠶ᠋ᠢᠨ ᠡᠩᠨᠡᠭᠡᠨ᠎ᠳᠦ ᠵᠢᠬᠰᠠᠭᠠᠬᠲᠠᠬᠰᠠᠨ ᠪᠠᠢᠨ᠎ᠠ᠃

ᠡᠬᠡ ᠪᠠᠢᠭᠠᠯᠢ᠎ᠶ᠋ᠢᠨ ᠪᠠᠶᠠᠨ ᠬᠡᠰᠢᠭ᠂  ᠦᠪ ᠰᠣᠶᠣᠯ᠎ᠤᠨ ᠦᠨᠳᠦᠰᠦ ᠰᠠᠭᠣᠷᠢ ᠪᠣᠯᠣᠨ ᠠᠵᠤ ᠦᠢᠯᠡᠳᠪᠦᠷᠢ᠎ᠶ᠋ᠢᠨ ᠠᠤᠭ᠎ᠠ ᠬᠦᠴᠦᠨ ᠡᠨᠲᠡ ᠠᠭᠣᠰᠣᠯᠲᠣᠨ ᠨᠢᠭᠡᠳᠴᠦ᠂ ᠬᠦᠩᠬᠢᠷᠡᠰᠦᠨ ᠳᠠᠪᠠᠯᠭᠠᠯᠠᠵᠤ᠂ ᠠᠵᠤ ᠦᠢᠯᠡᠳᠪᠦᠷᠢ᠎ᠶ᠋ᠢᠨ ᠬᠣᠲᠠ᠎ᠶᠢᠨ ᠢᠳᠡᠷᠡᠭᠦᠨ ᠵᠢᠪᠬᠤᠭ᠎ᠠ᠎ᠶ᠋ᠢ ᠪᠢᠴᠢᠭᠯᠡᠭᠰᠡᠭᠡᠷ᠃

ᠪᠠᠯᠠᠷ ᠡᠷᠲᠡᠨ᠎ᠦ ᠤᠯᠠ ᠮᠥᠷ᠎ᠢ ᠬᠠᠲᠠᠭᠠᠯᠠᠬᠰᠠᠨ ᠮᠥᠰᠥᠲᠦᠯᠭᠡ᠎ᠶ᠋ᠢᠨ ᠰᠡᠷᠭᠦᠯᠲᠡ

ᠤᠨ ᠴᠠᠬ᠎ᠢ ᠨᠡᠪᠲᠡᠯᠦᠨ ᠲᠣᠷᠠᠨᠲᠠᠨ ᠬᠠᠷᠠᠬᠣ ᠳ᠋ᠦ᠂ ᠠᠯᠢ ᠡᠷᠳᠡ ᠡᠨᠲᠡ ᠠᠷᠰᠯᠠᠨ ᠵᠠᠭᠠᠨ᠂ ᠤᠷᠲᠤ ᠦᠰᠦᠳᠤ ᠬᠡᠷᠢᠰ᠂ ᠬᠦᠳᠡᠷ ᠲᠣᠮᠣ ᠪᠡᠶ᠎ᠡ ᠲᠠᠢ ᠵᠡᠷᠯᠢᠭ ᠦᠬᠡᠷ ᠵᠡᠷᠭᠡ ᠠᠷᠢᠶᠠᠲᠠᠨ ᠠᠮᠢᠲᠠᠨ ᠣᠷᠣᠰᠢᠨ ᠠᠮᠢᠲᠣᠷᠠᠵᠦ ᠪᠠᠢᠬᠰᠠᠨ ᠪᠦᠯᠦᠭᠡ᠃

1987 ᠣᠨ᠎ᠳᠤ᠂ ᠬᠣᠸ᠋ᠯᠢᠩᠭᠣᠸ᠋ᠯ᠎ᠤᠨ ᠨᠢᠭᠡᠳᠦᠭᠡᠷ ᠵᠠᠳᠠᠭᠠᠶ ᠠᠭᠤᠷᠬᠠᠶ᠎ᠶ᠋ᠢᠨ ᠥᠭᠢᠷᠡᠱᠢᠭ᠌ᠰᠡᠨ ᠨᠡᠭᠦᠷᠡᠰᠦᠨ᠎ᠦ ᠳᠣᠸ᠋ᠷ᠎ᠠ ᠡᠴᠡ 2 ᠮᠧᠲ᠋ᠷ ᠭᠠᠷᠤᠶ ᠣᠷᠳᠣ ᠵᠠᠭᠠᠨ᠎ᠤ ᠰᠣᠶᠣᠭ᠎ᠠ᠎ᠶ᠋ᠢᠨ ᠴᠢᠯᠠᠭᠤᠵᠢᠮᠠᠯ ᠪᠠ ᠦᠬᠡᠷ᠎ᠦᠨ ᠲᠣᠯᠣᠭᠠᠶ᠎ᠶ᠋ᠢᠨ ᠶᠠᠰᠤᠨ᠎ᠤ ᠴᠢᠯᠠᠭᠤᠵᠢᠮᠠᠯ᠎ᠢ ᠢᠯᠡᠷᠡᠭᠦᠯᠵᠡᠶ᠃

ᠲᠡᠬᠦᠨ ᠡᠴᠡ ᠬᠣᠢᠰᠢ᠂ ᠨᠡᠭᠦᠷᠡᠰᠦ ᠮᠠᠯᠲᠠᠬᠤ᠂ ᠪᠠᠷᠢᠯᠭ᠎ᠠ᠎ᠶ᠋ᠢᠨ ᠠᠵᠢᠯ ᠬᠢᠬᠦ᠌ ᠶᠠᠪᠤᠴᠠ᠎ᠳᠤ᠂ ᠭᠠᠵᠠᠷ᠎ᠤᠨ ᠭᠦᠨ ᠳᠠᠪᠬᠤᠷᠭ᠎ᠠ᠎ᠶ᠋ᠢᠨ ᠬᠡᠰᠡᠭ᠎ᠠᠴᠠ ᠡᠷᠲᠡᠨ᠎ᠦ ᠠᠮᠢᠳᠤ ᠪᠣᠳᠠᠰ᠎ᠤᠨ ᠴᠢᠯᠠᠭᠤᠵᠢᠮᠠᠯ᠎ᠢ ᠣᠲᠠᠭ᠎ᠠ ᠲᠠᠷᠠᠭᠠᠯᠠᠨ ᠢᠯᠡᠷᠡᠬᠦᠯᠦᠭᠰᠡᠭᠡᠷ ᠪᠠᠢᠪᠠ᠃ ᠡᠬᠡ ᠪᠠᠢᠭᠠᠯᠢ ᠡᠴᠡ ᠰᠣᠶᠣᠷᠬᠠᠬᠰᠠᠨ ᠦᠯᠡᠮᠵᠢ ᠬᠡᠰᠢᠭ ᠨᠢ ᠣᠲᠠᠯ ᠦᠭᠡᠢ ᠲᠡᠦᠬᠡ᠎ᠶ᠋ᠢᠨ ᠳᠤᠷᠠᠰᠭᠠᠯᠲᠤ ᠵᠦᠢᠯᠡᠰ᠎ᠦᠨ ᠠᠵᠢᠯᠲᠠᠳ᠎ᠤᠨ ᠠᠩᠬᠠᠷᠤᠯ᠎ᠢ ᠲᠠᠲᠠᠪᠠ᠃

2004 ᠣᠨ᠎ᠤ 10 ᠰᠠᠷ᠎ᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠦᠬᠡ᠎ᠶ᠋ᠢᠨ ᠳᠤᠷᠠᠰᠭᠠᠯᠲᠤ ᠵᠦᠢᠯᠡᠰ ᠬᠠᠭᠤᠴᠢ ᠰᠤᠳᠤᠯᠤᠯ᠎ᠤᠨ ᠰᠤᠳᠤᠯᠭᠠᠨ᠎ᠤ ᠭᠠᠵᠠᠷ᠎ᠤᠨ ᠰᠤᠳᠤᠯᠤᠭ᠍ᠴᠢ ᠵᠶ᠋ᠢ ᠫᠢᠩ᠂ ᠬᠣᠸ᠋ᠯᠢᠩᠭᠣᠸ᠋ᠯ ᠨᠡᠬᠦᠷᠡᠰᠦᠨ ᠠᠭᠣᠷᠬᠠᠢ᠎ᠶᠢᠨ ᠬᠣᠩ ᠵᠢᠶᠦ᠋ᠨ᠎ᠬᠦᠩᠭᠡᠨᠴᠠᠭᠠᠨ ᠦᠢᠯᠡᠳᠪᠦᠷᠢ ᠡᠴᠡ ᠮᠠᠯᠲᠠᠵᠦ ᠭᠠᠷᠭᠠᠬᠰᠠᠨ ᠡᠷᠲᠡᠨ᠎ᠦ ᠠᠮᠢᠳᠤ ᠪᠣᠳᠠᠰ᠎ᠤᠨ ᠴᠢᠯᠠᠭᠤᠵᠢᠮᠠᠯ᠎ᠢ ᠨᠠᠷᠢᠪᠴᠢᠯᠠᠨ ᠰᠢᠨᠵᠢᠯᠡᠵᠦ᠂ ᠡᠨᠡ ᠪᠣᠯ ᠠᠷᠰᠯᠠᠨ ᠵᠠᠭᠠᠨ ᠪᠤᠶᠤ ᠤᠷᠳᠤ ᠦᠰᠦᠲᠦ ᠬᠡᠷᠢᠰ᠎ᠦᠨ ᠶᠠᠰᠤᠨ᠎ᠤ ᠴᠢᠯᠠᠭᠤᠵᠢᠮᠠᠯ ᠪᠣᠯᠬᠣ᠎ᠶᠢ ᠮᠠᠭᠠᠳᠯᠠᠪᠠ᠃

ᠬᠣᠸ᠋ᠯᠢᠩᠭᠣᠸ᠋ᠯ᠎ᠤᠨ ᠬᠠᠴᠢᠨ ᠭᠠᠢᠬᠠᠮᠱᠢᠭ ᠡᠬᠦᠪᠡᠷ ᠵᠣᠭ᠍ᠰᠣᠬᠤ ᠪᠢᠰᠢ᠃

ᠴᠠᠭ᠍ᠳᠠ ᠲᠣᠰᠭᠣᠨ᠎ᠤ ᠪᠠᠷᠠᠭᠤᠨ ᠬᠣᠢᠨ᠎ᠠ ᠪᠠᠢᠷᠢᠯᠠᠬᠣ ᠦᠨᠢ ᠡᠷᠳᠡᠨ᠎ᠤ ᠮᠥᠰᠥᠲᠦᠯᠭᠡ᠎ᠶ᠋ᠢᠨ ᠦᠯᠡᠳᠡᠭ᠌ᠳᠡᠯ ᠪᠣᠯ ᠡᠬᠡ ᠪᠠᠢᠭᠠᠯᠢ᠎ᠶᠢᠨ ᠭᠠᠢᠬᠠᠮᠱᠢᠭ᠍ᠲᠤ ᠥᠪ ᠪᠣᠯᠬᠣ ᠶᠣᠮ᠃ ᠮᠥᠰᠥᠲᠦᠯᠭᠡ᠎ᠶ᠋ᠢᠨ ᠦᠯᠡᠳᠡᠭ᠌ᠳᠡᠯ᠎ᠳᠡᠬᠢ ᠮᠥᠰᠥᠨ ᠤᠭᠤᠷ ᠨᠢ ᠡᠬᠡᠬᠡ ᠯᠡ ᠡᠬᠡ ᠪᠠᠢᠭᠠᠯᠢ᠎ᠶ᠋ᠢᠨ ᠣᠷᠠᠯᠠᠬᠰᠠᠨ ᠠᠶᠠᠭ᠎ᠠ ᠫᠢᠯᠠ ᠮᠡᠲᠦ ᠨᠠᠷᠢᠯᠢᠬ ᠪᠠᠢᠳᠠᠭ; ᠡᠳᠡᠭᠡᠷ ᠨᠢ ᠤᠳᠤ᠎ᠠᠴᠠ ᠨᠠᠢ᠍ᠮᠠᠨ ᠳ᠋ᠦᠩᠱᠢᠭᠤᠷ ᠵᠢᠯ᠎ᠦᠨ ᠡᠮᠦᠨᠡᠬᠢ 《ᠵᠧᠨ᠋ᠳᠠᠨ ᠭᠠᠯᠪᠠ᠎ᠶ᠋ᠢᠨ ᠶᠡᠬᠡ ᠮᠥᠰᠥᠲᠦᠯᠭᠡ᠎ᠶ᠋ᠢᠨ ᠬᠤᠭᠤᠴᠠᠭ᠎ᠠ》᠂ ᠭᠤᠷᠪᠠᠨ ᠳ᠋ᠦᠩᠱᠢᠭᠤᠷ ᠵᠢᠯ᠎ᠦᠨ ᠡᠮᠦᠨᠡᠬᠢ 《ᠳᠡᠭᠡᠳᠦ ᠡᠷᠲᠡᠨ᠎ᠦ ᠶᠡᠬᠡ ᠮᠥᠰᠥᠲᠦᠯᠭᠡ᠎ᠶ᠋ᠢᠨ ᠬᠤᠭᠤᠴᠠᠭ᠎ᠠ》 ᠪᠣᠯᠣᠨ ᠭᠤᠷᠪᠠᠨ ᠵᠠᠭᠤᠨ ᠲᠦᠮᠡᠨ ᠵᠢᠯ᠎ᠦᠨ ᠡᠮᠦᠨᠡᠬᠢ 《ᠳᠥᠷᠪᠡᠳᠡᠭ᠌ᠴᠢ ᠭᠠᠯᠪᠠ᠎ᠶ᠋ᠢᠨ ᠶᠡᠬᠡ ᠮᠥᠰᠥᠲᠦᠯᠭᠡ᠎ᠶ᠋ᠢᠨ ᠬᠤᠭᠤᠴᠠᠭ᠎ᠠ》᠎ᠶ᠋ᠢᠨ ᠥᠪᠡᠷᠮᠢᠴᠡ ᠭᠠᠵᠠᠷ᠎ᠤᠨ ᠲᠥᠷᠬᠦ᠌᠎ᠶ᠋ᠢ ᠠᠮᠢᠳᠤᠯᠢᠭ᠎ᠢᠶᠠᠷ ᠳᠡᠯᠭᠡᠨ ᠦᠵᠡᠭᠦᠯᠦᠭ᠌ᠰᠡᠨ ᠪᠠᠢᠨ᠎ᠠ᠃

ᠵᠢᠶ ᠫᠢᠩ ᠢᠯᠡᠷᠬᠡᠢᠯᠡᠬᠦ᠌᠎ᠳᠡᠭᠡᠨ᠂ ᠡᠷᠲᠡᠨ᠎ᠦ ᠠᠮᠢᠳᠤ ᠪᠣᠳᠠᠰ᠎ᠤᠨ ᠴᠢᠯᠠᠭᠤᠵᠢᠮᠠᠯ ᠪᠠ ᠮᠥᠰᠥᠲᠦᠯᠭᠡ᠎ᠶ᠋ᠢᠨ ᠦᠯᠡᠳᠡᠭ᠌ᠳᠡᠯ ᠨᠢ ᠶᠠᠭ 《 ᠢᠬᠡᠷ᠎ᠡ ᠠᠬ᠎ᠠ ᠳᠡᠭᠦᠸ᠋ 》 ᠱᠢᠭ ᠪᠠᠢᠵᠤ ᠂ ᠮᠠᠰᠢ ᠥᠨᠳᠥᠷ ᠰᠤᠳᠤᠯᠭᠠᠨ᠎ᠤ ᠦᠨ᠎ᠡ ᠥᠷᠲᠡᠭ ᠪᠠ ᠬᠠᠮᠠᠭᠠᠯᠠᠯᠲᠠ᠎ᠶ᠋ᠢᠨ ᠦᠨ᠎ᠡ ᠥᠷᠲᠡᠭ᠎ᠲᠡᠶ᠃ ᠲᠡᠷᠡ ᠨᠢ ᠳᠡᠯᠡᠬᠡᠶ᠎ᠶ᠋ᠢᠨ ᠪᠥᠮᠪᠥᠷᠴᠡᠭ᠎ᠦᠨ ᠨᠢᠭᠤᠴᠠ᠎ᠶ᠋ᠢ ᠲᠠᠢᠯᠬᠣ ᠲᠦᠯᠬᠢᠭᠦᠷ ᠪᠠᠢᠵᠤ᠂ ᠡᠷᠲᠡᠨ᠎ᠦ ᠠᠭᠤᠷ ᠠᠮᠢᠰᠭᠤᠯ᠂ ᠡᠷᠲᠡᠨ᠎ᠦ ᠣᠷᠴᠢᠨ ᠲᠣᠭᠣᠷᠢᠨ ᠵᠢᠴᠢ ᠭᠠᠵᠠᠷ᠎ᠤᠨ ᠭᠠᠲᠠᠷᠭᠣ᠎ᠶ᠋ᠢᠨ ᠬᠤᠪᠢᠷᠠᠯᠲᠠ ᠵᠡᠷᠭᠡ᠎ᠶ᠋ᠢ ᠰᠤᠳᠤᠯᠬᠤ᠎ᠳᠤ ᠨᠠᠢᠳᠠᠪᠤᠷᠢᠲᠠᠶ ᠰᠤᠳᠤᠯᠭᠠᠨ᠎ᠤ ᠮᠠᠲ᠋ᠧᠷᠢᠶᠠᠯ ᠬᠠᠩᠭᠠᠭ᠍ᠰᠠᠨ ᠪᠠᠢᠨ᠎ᠠ᠃

2013 ᠣᠨ᠎ᠳᠤ ᠬᠣᠣᠯᠢᠩᠭᠣᠣᠯ ᠬᠣᠲᠠ ᠮᠥᠰᠥᠲᠦᠯᠭᠡ᠎ᠶ᠋ᠢᠨ ᠦᠯᠡᠳᠡᠭ᠌ᠳᠡᠯ᠎ᠢ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠨᠢᠭᠡᠲᠦᠭᠡᠷ ᠲᠥᠷᠥᠯ᠎ᠦᠨ ᠲᠣᠭᠣᠷᠢᠭ᠎ᠲᠤ ᠪᠠᠬᠲᠠᠭᠠᠵᠦ᠂ ᠳᠡᠯᠡᠬᠡᠶ ᠎ᠶ᠋ᠢᠨ ᠪᠥᠮᠪᠥᠷᠴᠡᠭ᠎ᠦᠨ ᠡᠴᠢᠨ᠎ᠡ ᠨᠢᠭᠣᠴᠠ᠎ᠶᠢ ᠠᠴᠢᠶᠠᠯᠠᠭ᠍ᠰᠠᠨ ᠬᠣᠪᠣᠷ ᠨᠠᠨᠳᠢᠨ ᠦᠯᠡᠳᠡᠭ᠌ᠳᠡᠯ ᠎ᠢ ᠪᠦᠲᠦᠮᠵᠢᠲᠡᠶ᠎ᠪᠡᠷ ᠬᠠᠮᠠᠭᠠᠯᠠᠵᠠᠶ ᠃

ᠲᠦᠷᠦᠭᠡ ᠬᠠᠷᠰᠢᠭᠣᠯᠣᠨ ᠲᠣᠭ ᠳᠠᠯᠪᠠᠭ᠎ᠠ ᠨᠠᠮᠢᠷᠠᠨ᠎ᠠ

ᠬᠣᠣᠯᠢᠩᠭᠣᠣᠯ ᠬᠤᠲᠠ᠎ᠶ᠋ᠢᠨ ᠦᠷᠭᠡᠨ ᠠᠭᠤᠳᠠᠮ ᠲᠠᠯ᠎ᠠ ᠪᠡᠷ ᠵᠡᠭᠦᠨ ᠡᠴᠡ ᠪᠠᠷᠠᠭᠤᠨᠰᠢ ᠴᠢᠭ᠌ᠯᠡᠯ᠎ᠲᠡᠶ ᠠᠯᠲᠠᠨ ᠣᠯᠣᠰ᠎ᠤᠨ ᠪᠣᠷᠣ ᠬᠡᠷᠡᠮ᠎ᠤᠨ ᠪᠠᠭᠤᠷᠢ ᠰᠣᠨᠣᠯᠵᠠᠵᠦ᠂ ᠲᠡᠦᠬᠡ᠎ᠶ᠋ᠢᠨ ᠦᠯᠢᠭᠡᠷ ᠬᠦᠣᠷᠨᠢᠨ᠎ᠠ᠃

800 ᠭᠠᠷᠤᠶ ᠵᠢᠯ᠎ᠦᠨ ᠡᠮᠦᠨ᠎ᠡ᠂ ᠠᠯᠲᠠᠨ ᠤᠯᠤᠰ  ᠴᠡᠷᠢᠭ᠎ᠦᠨ ᠶᠠᠪᠤᠳᠠᠯ᠎ᠤᠨ ᠰᠡᠷᠭᠡᠢᠯᠡᠯᠲᠡ᠎ᠶ᠋ᠢᠨ ᠪᠠᠷᠢᠯᠭ᠎ᠠ ᠪᠣᠯᠬᠣ ᠪᠣᠷᠣ ᠬᠡᠷᠡᠮ᠎ᠢ ᠪᠠᠢᠭᠤᠯᠵᠠᠶ᠃ ᠡᠨᠡ ᠬᠦ᠌ ᠬᠢᠯᠢ᠎ᠶᠢᠨ ᠬᠡᠷᠡᠮ ᠨᠢ ᠬᠣᠣᠯᠢᠩᠭᠣᠣᠯ ᠬᠤᠲᠠ᠎ᠶ᠋ᠢᠨ ᠬᠠᠷᠢᠶᠠᠨ ᠳ᠋ᠡᠬᠢ ᠳᠠᠯᠠᠢ ᠬᠤᠱᠢᠭᠤ ᠰᠤᠮᠤᠨ᠎ᠤ ᠪᠣᠷᠣ ᠬᠤᠵᠢᠷ ᠲᠣᠰᠭᠣᠨ᠎ᠠᠴᠠ ᠦᠷᠬᠦᠯᠵᠢᠯᠡᠨ ᠴᠠᠭ᠍ᠳᠠ ᠲᠣᠰᠭᠣᠨ ᠬᠢᠭᠡᠳ ᠱᠢᠯᠢ᠎ᠶ᠋ᠢᠨ ᠭᠣᠣᠯ ᠠᠢᠮᠠᠭ᠎ᠤᠨ ᠬᠢᠯᠢ᠎ᠶ᠋ᠢᠨ ᠵᠠᠭᠠᠭ᠎ᠤᠨ 5 ᠳ᠋ᠤᠭᠠᠷ ᠨᠣᠮᠧᠷᠲᠤ ᠱᠤᠩ ᠬᠦᠷᠴᠦ᠂ ᠵᠡᠭᠦᠨ ᠬᠣᠢᠨ᠎ᠠ ᠡᠴᠡ ᠪᠠᠷᠠᠭᠤᠨ ᠡᠮᠤᠨᠡᠰᠢ   ᠵᠦᠭ᠎ᠲᠦ ᠰᠤᠨᠤᠯᠵᠠᠨ ᠦᠷᠬᠦᠯᠵᠢᠯᠡᠨ᠎ᠡ᠃

ᠠᠯᠲᠠᠨ ᠣᠯᠣᠰ᠎ᠤᠨ ᠪᠣᠷᠣ ᠬᠡᠷᠡᠮ ᠨᠢ ᠵᠥᠪᠬᠡᠨ ᠬᠢᠯᠢ᠎ᠶᠢᠨ ᠬᠡᠷᠡᠮ ᠲᠡᠳᠦᠶ ᠪᠣᠰᠣ᠂ ᠲᠡᠷᠡ ᠨᠢ ᠰᠤᠪᠠᠭ᠂  ᠬᠡᠷᠡᠮ᠂ ᠬᠣᠲᠠ᠎ᠶ᠋ᠢᠨ ᠪᠡᠬᠢᠯᠡᠯᠲᠡ᠂ ᠬᠢᠯᠢ᠎ᠶ᠋ᠢᠨ ᠪᠡᠬᠢᠯᠡᠯᠲᠡ ᠪᠠ ᠪᠣᠭᠣᠮᠲᠠ ᠵᠡᠷᠭᠡ᠎ᠪᠡᠷ ᠪᠦᠷᠢᠯᠳᠦᠭᠰᠡᠨ ᠶᠣᠮ᠃ ᠬᠢᠯᠢ᠎ᠶ᠋ᠢᠨ ᠪᠡᠬᠢᠯᠡᠯᠲᠡ ᠨᠢ ᠵᠣᠬᠢᠬᠤ ᠬᠡᠪᠴᠢᠶ᠎ᠡ ᠪᠦᠬᠦᠢ ᠲᠥᠬᠥᠭᠡᠷᠦᠮᠵᠢ᠎ᠲᠡᠶ ᠬᠢᠯᠢ᠎ᠶ᠋ᠢᠨ ᠬᠠᠮᠠᠭᠠᠯᠠᠯᠲᠠ᠎ᠶ᠋ᠢᠨ ᠵᠢᠵᠢᠭ ᠬᠣᠲᠠ ᠪᠠᠢᠵᠤ᠂ ᠰᠤᠪᠠᠭ᠂ ᠬᠢᠯᠢ᠎ᠶ᠋ᠢᠨ ᠬᠡᠷᠡᠮ ᠪᠠ ᠬᠣᠲᠠ᠎ᠶ᠋ᠢᠨ ᠪᠡᠬᠢᠯᠡᠯᠲᠡ᠎ᠶ᠋ᠢᠨ ᠠᠷᠤ ᠲᠠᠯ᠎ᠠ᠎ᠶ᠋ᠢᠨ ᠪᠠᠷᠲᠠᠭᠠᠲᠤ ᠭᠠᠵᠠᠷ᠎ᠲᠤ ᠪᠠᠢᠭᠤᠯᠳᠠᠭ᠃

1981 ᠣᠨ᠎ᠳᠤ᠂ ᠤᠤᠯ᠎ᠤᠨ ᠵᠢᠷᠢᠮ ᠠᠢᠮᠠᠭ᠎ᠤᠨ ᠮᠦᠽᠧᠢ (ᠤᠳᠤ᠎ᠶ᠋ᠢᠨ ᠲᠦᠩᠯᠢᠶᠣᠤ ᠬᠤᠳᠠ᠎ᠶ᠋ᠢᠨ ᠰᠣᠶᠣᠯ ᠦᠵᠡᠰᠭᠦᠯᠡᠩ᠎ᠦᠨ ᠬᠦᠷᠢᠶᠡᠯᠡᠩ) ᠵᠢᠨ ᠲᠤᠰᠭᠠᠢ ᠮᠡᠷᠭᠡᠵᠢᠯᠲᠡᠳ ᠬᠢᠴᠢᠶᠡᠮᠵᠢᠲᠡᠢ᠎ᠪᠡᠷ ᠬᠣᠣᠯᠢᠩᠭᠣᠣᠯ ᠠᠭᠤᠷᠬᠠᠢ᠎ᠶ᠋ᠢᠨ ᠣᠷᠣᠨ᠎ᠤ 《 ᠨᠢᠭᠡᠳᠦᠭᠡᠷ ᠨᠣᠮᠧᠷᠲᠤ ᠡᠷᠲᠡᠨ᠎ᠦ  ᠬᠤᠳᠠ》 ᠵᠢᠨ ᠬᠣᠬ ᠲᠣᠭᠣᠰᠣ᠎ᠶ᠋ᠢ ᠭᠦᠪᠢᠵᠦ᠍᠂ ᠨᠢᠮᠪᠠᠢ ᠪᠠᠢᠷᠢᠱᠢᠭᠤᠯᠤᠭ᠍ᠰᠠᠨ ᠴᠡᠷᠢᠭ᠎ᠦᠨ ᠶᠠᠪᠤᠳᠠᠯ᠎ᠤᠨ ᠪᠡᠬᠢᠯᠡᠯᠲᠡ᠎ᠶᠢ ᠣᠯᠠᠨ᠎ᠤ ᠬᠠᠷᠠᠭᠠᠨ ᠳ᠋ᠦ ᠦᠷᠲᠦᠬᠦᠯᠵᠡᠢ᠃

ᠬᠣᠲᠠ᠎ᠶ᠋ᠢᠨ ᠳᠣᠲᠣᠷ᠎ᠠ ᠵᠡᠭᠡᠯᠢ ᠭᠤᠳᠤᠮᠵᠢ ᠰᠦᠯᠵᠢᠯᠳᠦᠨ᠂ ᠬᠡᠷ ᠪᠠᠢᠱᠢᠩ᠎ᠤᠨ ᠰᠠᠭᠤᠷᠢ ᠡᠮᠬᠢ ᠳᠢᠭ᠌ᠯᠢᠮ᠎ᠲᠡᠶ ᠪᠠᠢᠵᠤ ᠂ ᠮᠠᠯᠲᠠᠵᠤ ᠭᠠᠷᠭᠠᠭ᠍ᠰᠠᠨ ᠲᠡᠸ᠋ᠬᠡ᠎ᠶ᠋ᠢᠨ ᠳᠤᠷᠠᠰᠭᠠᠯᠲᠤ ᠵᠦᠶ᠋ᠯᠡᠰ ᠨᠢᠭᠡᠪᠦᠷᠢ ᠨᠢ ᠪᠣᠭᠣᠷᠣᠯ ᠲᠡᠦᠬᠡ᠎ᠶᠢᠨ ᠠᠮᠢᠲᠣ ᠬᠡᠷᠡᠴᠢ ᠪᠣᠯᠣᠬᠰᠠᠨ ᠪᠠᠢᠨ᠎ᠠ᠃ ᠡᠨᠡ ᠨᠢ ᠲᠤᠬᠠᠶ᠎ᠶ᠋ᠢᠨ ᠦᠶ᠎ᠡ᠎ᠶ᠋ᠢᠨ ᠠᠯᠲᠠᠨ ᠣᠯᠣᠰ᠎ᠤᠨ ᠪᠣᠷᠣ ᠬᠡᠷᠡᠮ ᠳᠠᠭᠠᠤ ᠭᠠᠵᠠᠷ ᠣᠷᠣᠨ ᠪᠣᠯ ᠠᠯᠲᠠᠨ ᠤᠯᠤᠰ᠎ᠤᠨ ᠴᠡᠷᠢᠭ᠎ᠦᠨ ᠬᠠᠷᠢᠶ᠎ᠠ ᠣᠷᠣᠨ ᠪᠣᠯᠬᠣ᠎ᠶᠢ ᠲᠣᠲᠣ ᠬᠠᠷᠠᠭᠤᠯᠣᠬᠰᠠᠨ ᠪᠠᠢᠨ᠎ᠠ᠃

2001 ᠣᠨ᠎ᠤ 6 ᠰᠠᠷ᠎ᠠ᠎ᠶ᠋ᠢᠨ 25 ᠎ᠤ᠋ ᠡᠳᠦᠷ ᠪᠣᠯ ᠲᠣᠷᠠᠰᠬᠠᠨ ᠲᠡᠮᠲᠡᠭᠯᠡᠬᠦᠰᠢᠲᠡᠢ ᠨᠢᠭᠡᠨ ᠡᠳᠦᠷ ᠪᠣᠯᠬᠣ ᠶᠣᠮ᠃ ᠬᠣᠣᠯᠢᠩᠭᠣᠣᠯ᠎ᠤᠨ ᠬᠠᠷᠢᠶᠠᠨ᠎ᠳᠡᠬᠢ ᠠᠯᠲᠠᠨ ᠣᠯᠣᠰ᠎ᠤᠨ ᠪᠣᠷᠣ ᠬᠡᠷᠡᠮ ᠪᠣᠯᠤᠨ ᠡᠷᠲᠡᠨ᠎ᠦ ᠬᠤᠳᠠ᠎ᠶ᠋ᠢᠨ ᠦᠯᠡᠳᠡᠭ᠌ᠳᠡᠯ ᠨᠢ ᠤᠷᠳᠤ ᠴᠠᠭᠠᠨ ᠬᠡᠷᠡᠮ᠎ᠦᠨ ᠰᠡᠷᠭᠡᠢᠯᠡᠯᠲᠡ᠎ᠶ᠋ᠢᠨ ᠱᠢᠰᠲᠸᠮ᠎ᠤᠨ ᠳᠤᠲᠠᠭ᠍ᠳᠠᠵᠤ ᠪᠣᠯᠤᠰᠢ ᠦᠭᠡᠢ ᠭᠣᠭ᠍ᠴᠣᠭ᠎ᠠ ᠪᠣᠯᠤᠭ᠍ᠰᠠᠨ᠎ᠤ ᠬᠤᠪᠢ᠎ᠳᠤ᠂ ᠲᠠᠪᠤᠳᠤᠭᠠᠷ ᠪᠦᠯᠦᠭ᠎ᠦᠨ ᠪᠦᠬᠦ᠌ ᠤᠯᠤᠰ᠎ᠤᠨ ᠭᠣᠣᠯᠳᠠᠯᠭ᠎ᠠ᠎ᠲᠠᠶ ᠲᠡᠦᠬᠡ᠎ᠶ᠋ᠢᠨ ᠳᠤᠷᠠᠰᠭᠠᠯᠲᠤ ᠵᠦᠢᠯᠡᠰ᠎ᠦᠨ ᠬᠠᠮᠠᠭᠠᠯᠠᠯᠲᠠ᠎ᠶ᠋ᠢᠨ ᠨᠢᠭᠡᠴᠢ᠎ᠶ᠋ᠢᠨ ᠨᠡᠷᠡᠰ᠎ᠦᠨ ᠵᠢᠭ᠍ᠰᠠᠭᠠᠯᠲᠠ᠎ᠳᠤ ᠪᠠᠬᠲᠠᠭᠠᠪᠠ᠃

ᠨᠡᠬᠦᠷᠡᠰᠦᠨ ᠳᠠᠯᠠᠢ ᠳ᠋ᠦ ᠰᠡᠬᠦᠢᠨ ᠪᠣᠰᠣᠬᠰᠠᠨ ᠰᠦᠷᠯᠢᠭ ᠬᠣᠲᠠ

ᠬᠣᠸ᠋ᠯᠢᠩᠭᠣᠸ᠋ᠯ ᠬᠤᠳᠠ᠎ᠶ᠋ᠢᠨ ᠮᠦᠽᠧᠢ᠎ᠳᠦ ᠠᠯᠬᠣᠨ ᠣᠷᠣᠪᠠᠯ᠂ ᠨᠢᠭᠡᠨ ᠬᠦᠷᠡᠯ ᠰᠡᠢᠯᠦᠮᠡᠯ ᠎ᠤᠨ ᠬᠠᠨ᠎ᠠ᠎ᠶ᠋ᠢᠨ ᠵᠢᠷᠤᠭ ᠬᠥᠮᠦᠰ᠎ᠦᠨ ᠠᠩᠬᠠᠷᠤᠯ᠎ᠢ ᠲᠠᠲᠠᠨ᠎ᠠ᠄ ᠶᠡᠷᠦᠩᠬᠡᠢ ᠰᠠᠢᠳ ᠵᠧᠦ ᠧᠨ ᠯᠠᠢ ᠡᠨᠡᠷᠢᠩᠬᠦᠢ  ᠲᠣᠯᠠᠭᠠᠨ ᠬᠠᠷᠠᠴᠠ᠎ᠪᠠᠷ ᠬᠦᠰᠡᠯ ᠨᠠᠢᠳᠠᠯᠭ᠎ᠠ ᠪᠣᠯᠣᠬᠰᠠᠨ ᠡᠨᠡ ᠬᠦ᠌ ᠨᠤᠲᠤᠭ᠎ᠢ ᠱᠢᠷᠳᠡᠨ᠎ᠡ᠃

ᠱᠢᠨ᠎ᠡ ᠳᠤᠮᠳᠠᠳᠤ ᠤᠯᠤᠰ ᠪᠠᠢᠭᠤᠯᠤᠭ᠍ᠳᠠᠭ᠍ᠰᠠᠨ ᠡᠬᠢᠨ᠎ᠦ ᠦᠶ᠎ᠡ᠎ᠳᠦ᠂ ᠨᠡᠭᠦᠷᠡᠰᠦ ᠨᠢ 《ᠠᠵᠤ ᠦᠢᠯᠡᠳᠪᠦᠷᠢ᠎ᠶ᠋ᠢᠨ ᠠᠮᠤ ᠪᠤᠳᠠᠭ᠎ᠠ 》 ᠎ᠪᠣᠯᠣᠬᠰᠠᠨ᠎ᠤ ᠬᠣᠪᠢ ᠳ᠋ᠦ ᠬᠡᠷᠡᠭ᠌ᠴᠡᠭᠡ ᠱᠠᠭᠠᠷᠲᠠᠯᠭ᠎ᠠ ᠦᠳᠲᠡᠷ ᠨᠡᠮᠡᠭ᠌ᠳᠡᠪᠡ᠃ ᠶᠡᠬᠡ ᠬᠢᠩᠭᠠᠨ ᠳᠠᠪᠠᠭ᠎ᠠ᠎ᠶ᠋ᠢᠨ ᠪᠠᠷᠠᠭᠤᠨ ᠡᠮᠦᠨ᠎ᠡ ᠬᠡᠰᠡᠭ ᠲᠡᠬᠢ ᠨᠠᠮ ᠰᠡᠯᠡᠬᠦᠦ ᠠᠲᠠᠷ ᠲᠠᠯ᠎ᠠ ᠨᠢ ᠭᠠᠵᠠᠷ ᠱᠢᠨᠵᠢᠯᠡᠭᠡᠨ᠎ᠦ ᠬᠠᠢᠨ ᠱᠢᠨᠵᠢᠯᠡᠭ᠌ᠴᠢ ᠎ᠤᠨ  ᠠᠩᠬᠠᠷᠣᠯ᠎ᠢ ᠲᠠᠲᠠᠪᠠ ᠃

《ᠶᠡᠬᠡ ᠬᠢᠩᠭᠠᠨ ᠳᠠᠪᠠᠭ᠎ᠠ᠎ᠶ᠋ᠢᠨ ᠵᠡᠭᠦᠨ ᠬᠣᠢᠲᠤ ᠬᠡᠰᠡᠭ᠎ᠲᠦ ᠨᠤᠨ ᠮᠥᠷᠡᠨ᠎ᠦ ᠨᠡᠭᠦᠷᠡᠰᠦᠨ ᠠᠭᠤᠷᠬᠠᠶ᠎ᠲᠠᠶ᠂ ᠶᠡᠬᠡ ᠬᠢᠩᠭᠠᠨ ᠳᠠᠪᠠᠭ᠎ᠠ᠎ᠶ᠋ᠢᠨ ᠵᠡᠭᠦᠨ ᠡᠮᠦᠨ᠎ᠡ ᠬᠡᠰᠡᠭ᠎ᠲᠦ ᠲᠦᠩ ᠢᠦᠢ ᠨᠡᠭᠦᠷᠡᠰᠦᠨ ᠠᠭᠤᠷᠬᠠᠶ᠂ ᠲᠦᠴᠢᠦᠸᠠᠨ᠎ᠤ ᠨᠡᠭᠦᠷᠡᠰᠦᠨ ᠠᠭᠤᠷᠬᠠᠢ ᠪᠣᠢ᠂ ᠶᠡᠬᠡ ᠬᠢᠩᠭᠠᠨ ᠳᠠᠪᠠᠭ᠎ᠠ᠎ᠶ᠋ᠢᠨ ᠪᠠᠷᠠᠭᠤᠨ ᠬᠣᠢᠲᠤ ᠬᠡᠰᠡᠭ᠎ᠲᠦ ᠵᠠᠯᠠᠢ᠌ᠨᠠᠭᠤᠷ ᠨᠡᠭᠦᠷᠡᠰᠦᠨ ᠠᠭᠤᠷᠬᠠᠢ ᠪᠣᠢ᠂ ᠡᠢᠮᠦ᠍᠎ᠡᠴᠡ ᠶᠡᠬᠡ ᠬᠢᠩᠭᠠᠨ ᠳᠠᠪᠠᠭ᠎ᠠ᠎ᠶ᠋ᠢᠨ ᠪᠠᠷᠠᠭᠤᠨ ᠡᠮᠦᠨ᠎ᠡ ᠬᠡᠰᠡᠭ᠎ᠲᠦ ᠨᠡᠭᠦᠷᠡᠰᠦ ᠪᠠᠢᠬᠣ ᠪᠣᠯᠣᠯᠴᠠᠭ᠎ᠠ ᠲᠠᠢ 》 ᠭᠡᠵᠦ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ  ᠣᠣᠯ᠎ᠤᠨ ᠭᠠᠵᠠᠷ ᠱᠢᠨᠵᠢᠯᠡᠭᠡᠨ᠎ᠦ ᠲᠣᠪᠴᠢᠶ᠎ᠠ᠎ᠶ᠋ᠢᠨ ᠤᠯᠠᠭᠠᠨᠬᠣᠲᠠ ᠭᠠᠵᠠᠷ ᠱᠢᠨᠵᠢᠯᠡᠭᠡᠨ᠎ᠦ ᠶᠡᠬᠡ ᠠᠩᠭᠢ᠎ᠶ᠋ᠢᠨ ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤᠨ᠎ᠤ ᠬᠤᠪᠢᠶᠠᠷᠢ ᠠᠩᠭᠢ᠎ᠶ᠋ᠢᠨ ᠮᠡᠷᠭᠡᠵᠢᠯ᠎ᠦᠨ ᠬᠠᠷᠢᠭᠤᠴᠠᠯᠭᠠᠲᠠᠨ ᠸᠠᠩ ᠶᠦᠨ ᠱᠧᠩ ᠵᠣᠷᠢᠭ᠍ᠲᠠᠶ᠎ᠪᠠᠷ ᠲᠠᠭᠠᠮᠠᠭ᠍ᠯᠠᠵᠦ ᠪᠢᠯᠡ᠃

ᠢᠩᠬᠢᠭᠡᠳ 1959 ᠣᠨ᠎ᠤ 4 ᠰᠠᠷ᠎ᠠ᠎ᠶ᠋ᠢᠨ ᠨᠢᠭᠡᠨ ᠡᠳᠦᠷ᠂ ᠸᠠᠩ ᠶᠦᠨ ᠱᠧᠩ ᠵᠡᠷᠭᠡ ᠲᠠᠪᠣᠨ ᠬᠦᠮᠦᠨ 《ᠶᠡᠬᠡ ᠬᠢᠩᠭᠠᠨ ᠳᠠᠪᠠᠭ᠎ᠠ᠎ᠶ᠋ᠢᠨ ᠪᠠᠷᠠᠭᠤᠨ ᠡᠮᠦᠨ᠎ᠡ ᠬᠡᠰᠡᠭ᠎ᠲᠦ ᠨᠡᠭᠦᠷᠡᠰᠦ ᠪᠠᠢᠵᠤ ᠮᠡᠳᠡᠨ᠎ᠡ》 ᠭᠡᠬᠦ᠌ ᠢᠲᠡᠭᠡᠯ ᠡᠪᠦᠷᠯᠡᠵᠦ᠍᠂ ᠬᠥᠮᠦᠨ ᠠᠮᠢᠳᠠᠨ ᠴᠥᠭᠡᠨ ᠬᠣᠣᠯᠢᠨ ᠭᠣᠣᠯ᠎ᠤᠨ ᠬᠥᠪᠡᠭᠡᠨ ᠳ᠋ᠦ ᠬᠦᠯ ᠬᠢᠰᠬᠢᠵᠡᠢ᠃ ᠲᠡᠳᠡ ᠬᠡᠭᠡᠷ᠎ᠡ ᠬᠣᠨᠣᠵᠤ ᠬᠡᠳᠡ ᠲᠡᠷᠡᠯᠡᠵᠦ᠂ 45 ᠡᠳᠦᠷ ᠬᠠᠲᠠᠭᠤᠵᠢᠯᠲᠠᠢ ᠠᠶᠠᠯᠠᠵᠤ᠂ ᠡᠴᠦᠰ᠎ᠲᠡᠬᠡᠨ ᠬᠣᠪᠣᠷ ᠨᠠᠨᠳᠢᠨ ᠨᠡᠭᠦᠷᠡᠰᠦᠨ᠎ᠦ ᠱᠢᠰᠲ᠋ᠧᠮ᠎ᠦᠨ ᠭᠠᠵᠠᠷ᠎ᠤᠨ ᠳᠠᠪᠬᠤᠷᠭ᠎ᠠ᠎ᠶ᠋ᠢ ᠢᠯᠡᠷᠡᠭᠦᠯᠦᠭᠰᠡᠨ ᠪᠠᠢᠨ᠎ᠠ᠃

1972 ᠣᠨ᠎ᠳᠤ᠂ ᠣᠯᠠᠨ ᠤᠳᠠᠭᠠᠨ᠎ᠤ ᠬᠠᠢᠨ ᠬᠡᠮᠵᠢᠯᠲᠡ ᠪᠣᠯᠣᠨ ᠱᠢᠯᠭᠠᠨ ᠨᠤᠲᠠᠯᠠᠯᠲᠠ᠎ᠪᠠᠷ ᠳᠡᠮᠵᠢᠨ᠂ ᠬᠣᠸ᠋ᠯᠢᠩᠭᠣᠸ᠋ᠯ ᠨᠡᠭᠦᠷᠡᠰᠦᠨ ᠠᠭᠤᠷᠬᠠᠶ᠎ᠶ᠋ᠢᠨ ᠦᠨᠳᠦᠰᠦᠨ ᠪᠠᠢᠳᠠᠯ᠎ᠢ ᠮᠠᠭᠠᠳᠯᠠᠵᠦ — ᠲᠠᠯᠠᠪᠠᠶ ᠨᠢ 540 ᠲᠡᠭ᠌ᠰᠢ ᠳᠥᠷᠪᠡᠯᠵᠢᠨ ᠺᠢᠯᠣᠮᠧᠲ᠋ᠷ᠂ ᠨᠡᠭᠦᠷᠡᠰᠦᠨ᠎ᠦ ᠬᠠᠳᠠᠭᠠᠯᠠᠭ᠍ᠳᠠᠴᠠ᠎ᠶ᠋ᠢᠨ ᠬᠡᠮᠵᠢᠶ᠎ᠡ ᠪᠠᠷᠤᠭ 130 ᠳ᠋ᠦᠩᠱᠢᠭᠤᠷ ᠲᠣᠨ ᠪᠠᠢᠬᠤ᠎ᠶ᠋ᠢ ᠬᠠᠢᠨ ᠳᠣᠲᠣᠯᠠᠪᠠ᠃

1975 ᠣᠨ᠎ᠳᠤ᠂ ᠵᠧᠦ ᠡᠸᠨ ᠯᠠᠶ ᠶᠡᠷᠦᠩᠬᠡᠶ ᠰᠠᠢᠳ᠎ᠤᠨ ᠴᠣᠬᠣᠯᠠᠪᠤᠷᠢ ᠨᠢ ᠬᠠᠪᠤᠷ᠎ᠤᠨ ᠠᠶᠤᠩᠭ᠎ᠠ ᠮᠡᠲᠦ ᠬᠣᠪᠢᠯᠭᠠᠨ ᠣᠷᠲᠣᠨ᠎ᠤ ᠭᠠᠵᠠᠷ ᠪᠣᠯᠭᠠᠨ ᠳ᠋ᠦ ᠴᠣᠣᠷᠢᠶᠠᠲᠣᠯ᠎ᠠ᠃ ᠬᠡᠳᠦᠨ ᠮᠢᠩᠭᠠᠨ ᠪᠦᠲᠦᠭᠡᠨ ᠪᠠᠢᠭᠤᠯᠤᠭ᠍ᠴᠢᠳ ᠤᠷᠢᠶᠠᠯᠠᠭ᠎ᠠ᠎ᠶ᠋ᠢ ᠳᠠᠭᠠᠵᠤ᠂ ᠲᠦᠷᠪᠡᠨ ᠵᠦᠭ ᠨᠠᠢ᠍ᠮᠠᠨ ᠵᠣᠪᠬᠢᠰ ᠡᠴᠡ ᠬᠣᠷᠠᠨ ᠴᠤᠭ᠍ᠯᠠᠷᠠᠵᠤ᠂ ᠣᠳᠣᠬᠢᠴᠢᠯᠠᠭ᠍ᠰᠠᠨ ᠵᠠᠳᠠᠭᠠᠢ ᠨᠡᠭᠦᠷᠡᠰᠦᠨ ᠠᠭᠤᠷᠬᠠᠢ᠎ᠶ᠋ᠢ ᠪᠦᠲᠦᠭᠡᠨ ᠪᠠᠢᠭᠤᠯᠬᠤ ᠬᠥᠱᠢᠭᠡ᠎ᠶ᠋ᠢ ᠰᠡᠬᠦᠵᠡᠢ᠃

《1980 ᠣᠨ᠎ᠳᠤ᠂ ᠪᠢ ᠪᠡᠭᠡᠵᠢᠩ᠎ᠳᠦ ᠪᠠᠢᠭ᠎ᠠ ᠳᠤᠮᠳᠠᠳᠤ ᠤᠯᠤᠰ᠎ᠤᠨ ᠠᠷᠠᠳ᠎ᠤᠨ ᠴᠢᠯᠥᠭᠡᠯᠡᠬᠦ᠌ ᠴᠡᠷᠢᠭ᠎ᠦᠨ ᠦᠨᠳᠦᠰᠦᠨ ᠪᠦᠳᠦᠬᠡᠨ ᠪᠠᠢᠭᠤᠯᠤᠯᠲᠠ᠎ᠶ᠋ᠢᠨ ᠪᠠᠷᠢᠯᠭ᠎ᠠ᠎ᠶ᠋ᠢᠨ ᠴᠡᠷᠢᠭ ᠠᠩᠬᠢ᠎ᠠᠴᠠ ᠪᠠᠨ ᠬᠣᠣᠯᠢᠩᠭᠣᠣᠯ᠎ᠳᠤ ᠰᠠᠭᠤᠭ᠎ᠠ ᠳᠤᠮᠳᠠᠳᠤ ᠤᠯᠤᠰ᠎ᠤᠨ ᠠᠷᠠᠳ᠎ᠤᠨ ᠴᠢᠯᠥᠭᠡᠯᠡᠬᠦ᠌ ᠴᠡᠷᠢᠭ᠎ᠦᠨ ᠦᠨᠳᠦᠰᠦᠨ ᠪᠦᠳᠦᠬᠡᠨ ᠪᠠᠢᠭᠤᠯᠤᠯᠲᠠ᠎ᠶ᠋ᠢᠨ ᠪᠠᠷᠢᠯᠭ᠎ᠠ᠎ᠶ᠋ᠢᠨ ᠴᠡᠷᠢᠭ᠎ᠦᠨ ᠰᠠᠯᠪᠤᠷᠢ ᠠᠩᠬᠢ᠎ᠳᠤ ᠱᠢᠯᠵᠢᠨ ᠢᠷᠡᠵᠦ᠂ ᠬᠣᠣᠯᠢᠩᠭᠣᠣᠯ ᠨᠡᠭᠦᠷᠡᠰᠦᠨ ᠠᠭᠤᠷᠬᠠᠢ᠎ᠶ᠋ᠢ ᠨᠡᠭᠡᠭᠡᠨ ᠠᠱᠢᠭ᠍ᠯᠠᠬᠤ ᠪᠦᠳᠦᠬᠡᠨ ᠪᠠᠢᠭᠤᠯᠤᠯᠲᠠ᠎ᠳᠤ ᠣᠷᠣᠯᠴᠠᠵᠤ᠂ ᠬᠠᠷᠠᠭ᠎ᠠ ᠮᠣᠬᠣᠭᠠᠮ᠎ᠠ ᠲᠠᠯ᠎ᠠ ᠡᠴᠡ ᠪᠠᠨ ᠦᠢᠯᠡᠳᠪᠦᠷᠢ ᠠᠭᠤᠷᠬᠠᠢ ᠰᠦᠨᠳᠡᠷᠯᠡᠭ᠌ᠰᠡᠨ ᠬᠣᠲᠠ ᠪᠣᠯᠬᠣ ᠶᠠᠪᠤᠴᠠ᠎ᠶ᠋ᠢ ᠪᠡᠶᠡᠴᠢᠯᠡᠨ ᠦᠩᠭᠡᠷᠡᠬᠦᠯᠦᠭᠰᠡᠨ》 ᠭᠡᠵᠦ 72 ᠨᠠᠰᠤᠲᠠᠢ ᠰᠦᠨ ᠹᠸᠩ ᠷᠧᠨ ᠨᠠᠰᠣᠲᠠᠨ ᠨᠢᠳᠦᠨ᠎ᠳᠡᠭᠡᠨ ᠨᠢᠯᠪᠤᠰᠤ ᠮᠡᠯᠲᠡᠭᠡᠨᠡᠭᠦᠯᠦᠨ ᠶᠠᠷᠢᠵᠤ ᠪᠠᠢᠯ᠎ᠠ᠃

ᠲᠤᠬᠠᠶ᠎ᠶ᠋ᠢᠨ ᠦᠶ᠎ᠡ᠎ᠳᠦ ᠲᠡᠳᠡ ᠵᠣᠭᠣᠷᠢ᠎ᠳᠤ ᠬᠣᠨᠣᠬᠯᠠᠨ᠂ ᠬᠡᠭᠡᠷ᠎ᠡ᠎ᠶ᠋ᠢᠨ ᠨᠣᠭᠣᠭ᠎ᠠ ᠪᠡᠷ ᠭᠡᠲᠡᠰᠦ ᠪᠠᠨ ᠲᠦᠬᠦᠷᠭᠡᠵᠦ᠂ ᠴᠠᠰᠤ ᠬᠠᠢᠯᠤᠭᠤᠯᠵᠤ ᠬᠣᠭᠣᠯᠠ ᠪᠠᠵᠠᠭᠠᠵᠦ ᠁ ᠪᠠᠭᠠᠵᠢ ᠬᠡᠷᠡᠭ᠌ᠰᠡᠯ᠎ᠶ᠋ᠢᠡᠨ ᠥᠪᠡᠰᠦᠪᠡᠨ ᠦᠢᠯᠡᠳᠴᠦ᠍᠂ ᠦᠪᠡᠰᠦᠪᠡᠨ ᠮᠠᠲ᠋ᠧᠷᠢᠶᠠᠯ ᠡᠷᠢᠨ ᠵᠠᠮ ᠵᠠᠰᠠᠵᠦ᠁ ᠪᠤᠯᠤᠳ ᠲᠡᠮᠦᠷ ᠮᠡᠲᠦ ᠬᠠᠲᠠᠭᠤ ᠵᠣᠷᠢᠭ᠎ᠢᠶᠠᠷ ᠠᠭᠣᠷᠬᠠᠢ᠎ᠶᠢᠨ ᠬᠣᠲᠠ᠎ᠶᠢ ᠪᠦᠲᠦᠭᠡᠨ ᠪᠠᠢᠭᠣᠯᠬᠣ ᠦᠨᠳᠦᠰᠦ ᠰᠠᠭᠤᠷᠢ᠎ᠶᠢ ᠲᠠᠯᠪᠢᠵᠠᠢ᠃

ᠬᠥᠯᠥᠰᠥᠨ ᠲᠣᠰᠣᠯ᠎ᠡᠴᠡ ᠬᠦᠲᠡᠯᠮᠦᠷᠢ᠎ᠶᠢᠨ ᠵᠢᠮᠢᠰ ᠪᠦᠩᠵᠢᠬᠡᠨᠡᠨ᠎ᠡ᠃ 1984 ᠣᠨ᠎ᠤ 9 ᠰᠠᠷ᠎ᠠ᠎ᠳᠤ᠂ ᠮᠠᠨ᠎ᠤ ᠤᠯᠤᠰ᠎ᠤᠨ ᠥᠪᠡᠰᠦᠪᠡᠨ ᠵᠢᠷᠤᠵᠤ ᠲᠥᠯᠥᠪᠯᠡᠵᠦ ᠪᠥᠲᠥᠭᠡᠨ ᠪᠠᠢᠭᠤᠯᠤᠭ᠍ᠰᠠᠨ ᠠᠩᠬᠠᠳᠠᠭ᠍ᠴᠢ ᠲᠣᠮᠣ ᠬᠡᠯᠪᠡᠷᠢ᠎ᠶ᠋ᠢᠨ ᠣᠳᠣᠬᠢᠴᠢᠯᠠᠭ᠍ᠰᠠᠨ ᠵᠠᠳᠠᠭᠠᠶ ᠨᠡᠭᠦᠷᠡᠰᠦᠨ ᠠᠭᠤᠷᠬᠠᠶ — ᠬᠣᠸ᠋ᠯᠢᠩᠭᠣᠣᠯ ᠵᠠᠳᠠᠭᠠᠶ ᠨᠡᠭᠦᠷᠡᠰᠦᠨ ᠠᠭᠤᠷᠬᠠᠶ ᠵᠢᠩᠬᠢᠨᠢ᠎ᠪᠡᠷ ᠠᠱᠢᠭ᠍ᠯᠠᠯᠲᠠ᠎ᠳᠤ ᠣᠷᠣᠵᠦ᠂ ᠡᠨᠡ ᠨᠣᠲᠣᠬ᠎ᠤᠨ ᠠᠯᠲᠠᠷ ᠡᠩ ᠲᠡᠯᠡᠬᠡᠢ᠎ᠶᠢᠨ ᠰᠣᠨᠣᠷ ᠲᠦ᠍ ᠲᠦᠭᠡᠵᠡᠢ᠃

1985 ᠣᠨ᠎ᠳᠤ᠂ ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠵᠥᠪᠱᠢᠶᠡᠷᠡᠯ᠎ᠢᠶᠡᠷ ᠬᠣᠸ᠋ᠯᠢᠩᠭᠣᠸ᠋ᠯ ᠬᠣᠲᠠ᠎ᠶ᠋ᠢ ᠪᠠᠢᠭᠤᠯᠵᠦ᠂《ᠬᠣᠸ᠋ᠯᠢᠩᠭᠣᠸ᠋ᠯ》 ᠭᠡᠬᠦ᠌ ᠭᠠᠵᠠᠷ᠎ᠤᠨ ᠨᠡᠷ᠎ᠡ ᠵᠢᠩᠬᠢᠨᠢ᠎ᠪᠡᠷ ᠪᠤᠶ ᠪᠣᠯᠤᠭ᠍ᠰᠠᠨ ᠪᠠᠢᠨ᠎ᠠ᠃

50 ᠵᠢᠯ᠎ᠦᠨ ᠲᠤᠷᠰᠢ᠂ ᠦᠶ᠎ᠡ ᠦᠶ᠎ᠡ᠎ᠶ᠋ᠢᠨ ᠬᠣᠣᠯᠢᠩᠭᠣᠣᠯ᠎ᠤᠨ ᠬᠥᠮᠦᠰ ᠵᠧᠦ ᠧᠨ ᠯᠠᠢ ᠶᠡᠷᠦᠩᠬᠡᠢ ᠰᠠᠢᠳ᠎ᠤᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ 《ᠲᠡᠰᠪᠦᠷᠢ ᠬᠠᠲᠠᠭᠤᠵᠢᠯᠲᠠᠢ ᠲᠡᠮᠡᠴᠡᠬᠦ᠂ ᠵᠣᠷᠢᠭ᠍ᠲᠠᠢ᠎ᠪᠠᠷ ᠵᠠᠮ ᠨᠡᠭᠡᠭᠡᠨ ᠣᠷᠣᠬᠰᠢᠯᠠᠬᠣ᠂ ᠶᠡᠬᠡ ᠲᠠᠯ᠎ᠠ᠎ᠶ᠋ᠢ ᠬᠠᠷᠠᠭᠠᠯᠵᠠᠬᠤ᠂ ᠬᠠᠷᠠᠮ ᠦᠭᠡᠢ ᠵᠣᠷᠢᠭᠤᠯᠬᠤ》 ᠵᠣᠷᠢᠭ ᠰᠠᠨᠠᠭ᠎ᠠ᠎ᠪᠠᠷ ᠲᠡᠮᠡᠴᠡᠭ᠌ᠰᠡᠭᠡᠷ ᠢᠷᠡᠵᠡᠢ᠃

ᠥᠩᠭᠡᠷᠡᠭ᠌ᠰᠡᠨ᠎ᠳᠦ ᠬᠥᠮᠦᠨ ᠠᠮᠢᠲᠠᠨ᠎ᠤ ᠪᠠᠷ᠎ᠠ ᠬᠠᠷᠠᠭᠲᠠᠬᠣ ᠦᠭᠡᠢ ᠡᠵᠡᠭᠦᠢ ᠬᠡᠭᠡᠷ᠎ᠡ ᠲᠠᠯ᠎ᠠ ᠡᠳᠦᠭᠡ ᠦᠷᠨᠢᠨ ᠴᠡᠴᠡᠭ᠌ᠯᠡᠭ᠌ᠰᠡᠨ ᠦᠵᠡᠰᠬᠦᠯᠡᠩᠲᠦ ᠰᠠᠢᠬᠠᠨ ᠱᠢᠨ᠎ᠡ᠎ᠪᠡᠷ ᠮᠠᠨᠳᠤᠭ᠍ᠰᠠᠨ ᠡᠨᠧᠷᠭᠢ᠎ᠶ᠋ᠢᠨ ᠠᠵᠤ ᠦᠢᠯᠡᠳᠪᠦᠷᠢ᠎ᠶ᠋ᠢᠨ ᠬᠤᠳᠠ ᠪᠤᠯᠵᠦ᠍᠂ ᠤᠮᠠᠷᠠᠲᠤ ᠬᠢᠯᠢ᠎ᠶ᠋ᠢᠨ 《 ᠪᠣᠬᠢᠷᠲᠣᠯ ᠦᠭᠡᠢ ᠴᠠᠬᠢᠯᠭᠠᠨ ᠬᠦᠩᠭᠡᠨᠴᠠᠭᠠᠨ᠎ᠤ ᠬᠤᠳᠠ》 ᠪᠣᠯᠣᠨ ᠬᠦᠭᠵᠢᠵᠡᠢ᠃

ᠮᠥᠰᠥᠲᠦᠯᠭᠡ᠎ᠶ᠋ᠢᠨ ᠦᠯᠡᠳᠡᠭ᠌ᠳᠡᠯ ᠳ᠋ᠦ ᠪᠠᠯᠠᠷ ᠡᠷᠲᠡᠨ᠎ᠦ ᠨᠢᠭᠤᠴᠠ ᠨᠣᠮᠸᠷ᠎ᠢ ᠰᠡᠢᠯᠵᠦ᠂ ᠬᠢᠯᠢ᠎ᠶ᠋ᠢᠨ ᠬᠡᠷᠡᠮ᠎ᠤᠨ ᠬᠠᠵᠠᠭᠣ᠎ᠳᠦ ᠦᠨᠳᠦᠰᠦᠲᠡᠨ᠎ᠦ ᠠᠭᠤᠰᠤᠯᠴᠠᠯ᠎ᠤᠨ ᠦᠣᠬᠡ ᠲᠡᠦᠬᠡ ᠬᠦᠣᠷᠨᠢᠵᠦ᠂ ᠨᠡᠭᠦᠷᠡᠰᠦᠨ ᠲᠠᠯᠠᠢ᠎ᠡᠴᠡ ᠠᠵᠤ ᠦᠢᠯᠡᠳᠪᠦᠷᠢ᠎ᠶ᠋ᠢᠨ ᠠᠮᠢᠨ ᠰᠤᠳᠠᠰᠤ ᠯᠣᠬᠰᠢᠨᠠᠮ᠁ ᠬᠣᠣᠯᠢᠩᠭᠣᠣᠯ ᠬᠤᠳᠠ ᠴᠠᠭ ᠣᠷᠣᠨ ᠵᠠᠢ᠎ᠶ᠋ᠢ ᠠᠯᠤᠰᠯᠠᠭ᠍ᠰᠠᠨ ᠬᠦᠭᠵᠢᠯᠲᠡ᠎ᠶᠢᠨ ᠬᠠᠭᠤᠳᠠᠰᠤ᠎ᠶ᠋ᠢ ᠪᠢᠴᠢᠭ᠌ᠯᠡᠭᠰᠡᠭᠡᠷ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号