— ᠦᠪᠦᠷ ᠮᠤᠩᠭᠤᠯ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ 《ᠪᠦᠰᠡᠯᠡᠯᠲᠡ ᠰᠢᠪᠲᠤᠯᠤᠭᠰᠠᠨ》 ᠲᠡᠮᠳᠡᠭᠯᠡᠯ ①
ᠨᠠᠢᠷᠠᠭᠤᠯᠤᠭᠴᠢ ᠵᠢᠨ ᠦᠭᠡ᠄
2023 ᠣᠨ᠎ᠤ ᠡᠴᠦᠰ᠎ᠲᠦ ᠮᠠᠨ᠎ᠤ ᠤᠷᠤᠨ ᠪᠥᠬᠥ ᠣᠷᠣᠨ᠎ᠤ ᠬᠦᠴᠦᠨ᠎ᠢ ᠳᠠᠶ᠋ᠢᠴᠢᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ 《ᠪᠦᠰᠡᠯᠡᠯᠲᠡ ᠰᠢᠪᠲᠤᠯᠬᠤ》 ᠢᠨᠵᠧᠨᠧᠷᠢᠩ᠎ᠢ ᠡᠬᠢᠯᠡᠨ ᠬᠡᠷᠡᠭᠵᠢᠭᠦᠯᠵᠦ᠂ ᠬᠣᠪᠣᠷ ᠰᠢᠷᠣᠢ᠂ ᠨᠥᠭᠡᠴᠡ ᠡᠨᠧᠷᠭᠢ᠂ ᠤᠰᠤᠲᠥ᠋ᠷᠥᠭᠴᠢ ᠡᠨᠧᠷᠭᠢ᠂ ᠰᠦ ᠵᠢᠨ ᠦᠢᠯᠡᠰ᠂ ᠠᠭᠠᠷ ᠰᠠᠨᠰᠠᠷ᠎ᠤᠨ ᠬᠡᠮᠵᠢᠯᠲᠡ ᠵᠡᠷᠭᠡ ᠪᠠᠢᠯᠳᠤᠬᠤ ᠪᠣᠳᠣᠯᠭ᠎ᠠ᠎ᠶᠢᠨ ᠬᠦᠷᠢᠶᠡᠨ ᠳ᠋ᠤ ᠭᠣᠣᠯᠳᠠᠯᠭ᠎ᠠ᠎ᠲᠠᠢ ᠴᠡᠭ ᠲᠤᠭᠳᠠᠭᠠᠨ ᠣᠨᠣᠪᠴᠢᠲᠠᠶ ᠨᠠᠢᠳᠠᠪᠤᠷᠢᠵᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠬᠦᠳᠬᠦ ᠵᠢ ᠠᠬᠢᠭᠤᠯᠪᠠ᠃ ᠣᠢᠷ᠎ᠠ᠎ᠳᠤ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠲᠢᠩᠬᠢᠮᠲᠥᠯᠥᠭᠡᠯᠡᠬᠦ ᠴᠢᠨᠠᠷᠲᠠᠢ 10 ᠵᠦᠢᠯ᠎ᠤᠨ ᠦᠷ᠎ᠡ ᠪᠦᠲᠦᠭᠡᠯ᠎ᠢ ᠨᠡᠢᠳᠡᠯᠡᠵᠦ᠂ ᠡᠨᠡᠬᠦ ᠰᠢᠨ᠎ᠡ᠎ᠶᠢ ᠡᠭᠦᠳᠬᠦ ᠳᠠᠢᠯᠠᠯᠳᠤᠭᠠᠨ ᠱᠠᠲᠤᠴᠢ ᠴᠢᠨᠠᠷᠲᠠᠢ ᠠᠮᠵᠢᠯᠲᠠ ᠤᠯᠤᠭᠰᠠᠨ᠎ᠢ ᠬᠠᠷᠠᠭᠤᠯᠵᠠᠢ᠃ ᠦᠨᠦᠳᠦᠷ ᠡᠴᠡ ᠡᠬᠢᠯᠡᠨ 《ᠦᠪᠦᠷ ᠮᠤᠩᠭᠤᠯ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ 〈ᠪᠦᠰᠡᠯᠡᠯᠲᠡ ᠰᠢᠪᠲᠤᠯᠤᠭᠰᠠᠨ〉 ᠲᠡᠮᠳᠡᠭᠯᠡᠯ》 ᠬᠡᠬᠦ ᠰᠢᠷᠢᠰ ᠮᠡᠳᠡᠭᠡᠯᠡᠯ ᠵᠢᠡᠷ ᠡᠨᠡᠬᠦ ᠦᠷ᠎ᠡ ᠪᠦᠳᠦᠭᠡᠯ᠎ᠢ ᠲᠡᠮᠳᠡᠭᠯᠡᠨᠡᠮ᠃
1 ᠺᠢᠯᠣᠭ᠌ᠷᠠᠮ ᠪᠢᠰᠢᠯᠠᠭᠢ ᠪᠠᠷᠤᠭ 10 ᠺᠢᠯᠣᠭ᠌ᠷᠠᠮ ᠦᠨᠢᠶᠡᠨ ᠰᠦ ᠪᠡᠷ ᠬᠢᠨ᠎ᠠ᠃ ᠪᠢᠰᠢᠯᠠᠭ ᠲᠸ᠋ ᠬᠠᠨᠤᠮᠠᠯ ᠪᠤᠰᠤ ᠥᠭᠡᠬᠦᠨ ᠬᠦᠴᠢᠯ ᠬᠢᠭᠡᠳ ᠡᠷᠦᠳᠡᠰᠦᠨ ᠪᠣᠳᠠᠰ ᠡᠯᠪᠡᠭ ᠠᠭᠤᠯᠤᠭᠳᠠᠵᠤ ᠪᠠᠢᠭ᠎ᠠ ᠪᠤᠯᠬᠤᠷ ᠰᠢᠮ᠎ᠡ ᠲᠡᠵᠢᠭᠡᠯ ᠲᠤᠢᠯ᠎ᠤᠨ ᠥᠨᠳᠥᠷ ᠪᠠᠢᠳᠠᠭ᠃ ᠭᠡᠪᠡᠴᠦ ᠮᠠᠨ᠎ᠤ ᠤᠯᠤᠰ᠎ᠤᠨ ᠬᠡᠷᠡᠭᠯᠡᠭᠴᠢᠳ᠎ᠦᠨ ᠢᠳᠡᠭᠡᠨ ᠤᠮᠳᠠᠭᠠᠨ᠎ᠤ ᠳᠠᠳᠬᠠᠯ ᠪᠠ ᠳᠤᠷᠠᠰᠢᠯ ᠵᠡᠷᠭᠡ ᠰᠢᠯᠲᠠᠭᠠᠨ᠎ᠠᠴᠠ ᠪᠣᠯᠵᠤ᠂ ᠪᠢᠰᠢᠯᠠᠭ ᠨᠢ ᠢᠳᠡᠭᠡᠨ ᠤᠮᠳᠠᠭᠠᠨ᠎ᠤ ᠲᠤᠮᠳᠠ ᠤᠯᠠᠨ ᠬᠠᠷᠠᠭᠳᠠᠬᠤ ᠦᠭᠡᠢ᠃ ᠡᠢᠮᠦ᠎ᠡᠴᠡ ᠤᠯᠤᠰ᠎ᠤᠨ ᠰᠦ ᠵᠢᠨ ᠦᠢᠯᠡᠰ᠎ᠦᠨ ᠮᠡᠷᠭᠡᠵᠢᠯ᠎ᠦᠨ ᠰᠢᠨ᠎ᠡ᠎ᠶᠢ ᠡᠭᠦᠳᠬᠦ ᠲᠥᠪ ᠳᠤᠮᠳᠠᠳᠤᠴᠤᠳ᠎ᠤᠨ ᠢᠳᠡᠭᠡᠨ ᠤᠮᠳᠠᠭᠠᠨ᠎ᠤ ᠳᠠᠳᠬᠠᠯ ᠪᠠ ᠬᠥᠮᠥᠰ᠎ᠦᠨ ᠰᠢᠮ᠎ᠡ ᠲᠡᠵᠢᠭᠡᠯ᠎ᠦᠨ ᠬᠡᠷᠡᠭᠴᠡᠭᠡ᠎ᠳᠦ ᠲᠣᠬᠢᠷᠠᠭᠰᠠᠨ ᠣᠨᠴᠠᠯᠢᠭᠲᠤ ᠪᠢᠰᠢᠯᠠᠭᠢ ᠨᠡᠭᠡᠭᠡᠨ ᠬᠥᠭᠵᠢᠭᠦᠯᠬᠦ᠎ᠪᠡᠷ ᠬᠠᠷᠠᠯᠳᠠ ᠪᠤᠯᠭᠠᠵᠤ᠂ ᠪᠢᠰᠢᠯᠠᠭᠢ ᠳ᠋ᠧᠦᠹᠦ᠋᠂ ᠪᠤᠳᠠᠭ᠎ᠠ ᠭᠤᠯᠢᠷ ᠵᠡᠷᠭᠡ ᠭᠣᠣᠯ ᠪᠤᠯᠬᠤ ᠢᠳᠡᠭᠡᠨ ᠯᠤᠭᠡ ᠲᠤᠬᠢᠷᠠᠭᠤᠯᠬᠤ ᠠᠷᠭ᠎ᠠ ᠬᠡᠯᠪᠡᠷᠢ ᠵᠢᠨ ᠰᠢᠨ᠎ᠡ᠎ᠶᠢ ᠡᠭᠦᠳᠴᠦ᠂ ᠴᠠᠭᠠᠨ ᠢᠳᠡᠭᠡᠨ᠎ᠦ ᠬᠡᠷᠡᠭᠯᠡᠭᠡᠨ᠎ᠦ ᠪᠠᠢᠳᠠᠯ᠎ᠢ ᠥᠷᠭᠡᠳᠬᠡᠪᠡ᠃ ᠳᠠᠬᠢᠨ ᠳᠠᠭᠠᠯᠲᠠ ᠪᠦᠲᠦᠭᠡᠭᠳᠡᠬᠦᠨ᠎ᠢ ᠨᠠᠷᠢᠯᠢᠭ ᠡᠳ᠋ᠰᠢᠭᠦᠯᠵᠦ᠂ ᠨᠢᠯᠬ᠎ᠠ ᠬᠡᠦᠬᠡᠳ᠎ᠤᠨ ᠢᠳᠡᠭᠡᠨ᠂ ᠪᠡᠶ᠎ᠡ ᠴᠢᠭᠢᠷᠠᠭᠵᠢᠭᠤᠯᠬᠤ ᠢᠳᠡᠭᠡᠨ᠂ ᠢᠳᠡᠷ ᠥᠲᠡᠯᠦᠭᠡ ᠨᠠᠰᠤᠲᠠᠢᠴᠤᠳ᠎ᠤᠨ ᠣᠨᠴᠠᠭᠠᠶ ᠢᠳᠡᠭᠡᠨ ᠵᠡᠷᠭᠡ᠎ᠳᠦ ᠬᠡᠷᠡᠭᠯᠡᠬᠦ ᠵᠢ ᠠᠬᠢᠭᠤᠯᠵᠤ ᠪᠠᠢᠨ᠎ᠠ᠃
ᠤᠯᠤᠰ᠎ᠤᠨ ᠰᠦ ᠵᠢᠨ ᠦᠢᠯᠡᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠲᠦᠪ᠎ᠤᠨ ᠬᠠᠮᠢᠶ᠎ᠠ ᠪᠦᠬᠦᠢ ᠬᠠᠷᠢᠭᠤᠴᠠᠯᠭᠠᠲᠠᠨ᠎ᠤ ᠲᠠᠨᠢᠯᠴᠠᠭᠤᠯᠤᠭᠰᠠᠨ ᠵᠢᠡᠷ᠂ ᠣᠳᠣᠬᠠᠨ᠎ᠳᠤ ᠲᠥᠷᠥᠯ ᠵᠦᠢᠯ ᠨᠢ ᠨᠢᠭᠡᠨᠲᠡ ᠲᠤᠷᠰᠢᠯᠲᠠ᠎ᠶᠢᠨ ᠱᠠᠲᠤᠨ᠎ᠳᠤ ᠣᠷᠣᠵᠤ᠂ ᠶᠠᠭ ᠳᠤᠮᠳᠠᠳᠤ ᠤᠯᠤᠰ᠎ᠤᠨ ᠬᠡᠷᠡᠭᠯᠡᠭᠴᠢᠳ᠎ᠦᠨ ᠳᠤᠷᠠᠰᠢᠯ᠎ᠳᠤ ᠨᠡᠢᠴᠡᠭᠰᠡᠨ 《ᠳᠤᠮᠳᠠᠳᠤ ᠤᠯᠤᠰ᠎ᠤᠨ ᠪᠢᠰᠢᠯᠠᠭ》᠎ᠢ᠋ ᠪᠥᠬᠥ ᠬᠦᠴᠦᠨ᠎ᠢᠶᠡᠷ᠎ᠢᠶᠡᠨ ᠰᠤᠳᠤᠯᠤᠨ ᠨᠡᠭᠡᠭᠡᠵᠦ ᠪᠠᠢᠨ᠎ᠠ᠃ ᠪᠢᠰᠢᠯᠠᠭ ᠨᠢ ᠴᠠᠭᠠᠨ ᠢᠳᠡᠭᠡᠨ᠎ᠦ ᠳᠣᠲᠣᠷᠠᠬᠢ ᠥᠨᠳᠥᠷ ᠨᠡᠮᠡᠯᠲᠡ ᠥᠷᠲᠡᠭ ᠪᠦᠬᠦᠢ ᠡᠳ᠋ ᠪᠣᠯᠤᠭᠰᠠᠨ᠎ᠤ ᠬᠤᠪᠢ᠎ᠳᠤ ᠬᠡᠷᠡᠭᠯᠡᠭᠡᠨ᠎ᠤ ᠠᠬᠤᠢ ᠪᠠᠢᠳᠠᠯ ᠨᠢ ᠨᠢᠭᠡᠨᠲᠡ ᠤᠯᠠᠮᠵᠢᠯᠠᠯᠲᠤ ᠥᠷᠥᠨᠡᠳᠠᠬᠢᠨ᠎ᠤ ᠮᠠᠶᠢᠭ᠋᠎ᠤᠨ ᠢᠳᠡᠭᠡᠨ ᠤᠮᠳᠠᠭᠠᠨ᠎ᠠᠴᠠ ᠭᠡᠷ ᠪᠦᠯᠢ᠎ᠶᠢᠨ ᠬᠣᠭᠣᠯᠠᠨ ᠰᠢᠷᠡᠭᠡ᠂ ᠰᠤᠯᠠ ᠢᠳᠡᠭᠡᠨ᠂ ᠡᠷᠡᠭᠦᠯ ᠮᠡᠨᠳᠦ ᠢᠳᠡᠭᠡᠨ ᠵᠡᠷᠭᠡ ᠰᠢᠨ᠎ᠡ᠎ᠪᠡᠷ ᠮᠠᠨᠳᠤᠭᠰᠠᠨ ᠬᠦᠷᠢᠶ᠎ᠡ ᠬᠦᠷᠲᠡᠯ᠎ᠡ ᠦᠷᠭᠡᠵᠢᠵᠦ ᠪᠠᠢᠨ᠎ᠠ᠃ ᠥᠷᠥᠨᠡᠳᠠᠬᠢᠨ᠎ᠤ ᠬᠡᠪ ᠵᠠᠭᠪᠤᠷ᠎ᠢ ᠳᠥᠭᠥᠮᠬᠡᠨ᠎ᠢᠶᠡᠷ ᠲᠡᠷᠡ ᠬᠡᠪ᠎ᠢᠶᠡᠷ ᠨᠢ ᠨᠡᠭᠦᠯᠭᠡᠨ ᠬᠡᠷᠡᠭᠯᠡᠬᠦ ᠨᠢ ᠳᠤᠮᠳᠠᠳᠤᠴᠤᠳ᠎ᠤᠨ ᠬᠡᠷᠡᠭᠴᠡᠭᠡᠳ᠋ᠤ ᠨᠡᠢᠴᠡᠬᠦ ᠦᠭᠡᠢ ᠶᠤᠮ᠂ ᠭᠠᠭᠴᠠ ᠬᠦ᠌ ᠰᠢᠨ᠎ᠡ᠎ᠶᠢ ᠡᠭᠦᠳᠬᠦ ᠪᠣᠯᠣᠨ ᠳᠤᠮᠳᠠᠳᠤ᠎ᠶᠢᠨ ᠢᠳᠡᠭᠡᠨ ᠤᠮᠳᠠᠭᠠᠨ᠎ᠤ ᠰᠣᠶᠣᠯ᠎ᠢ ᠭᠦᠨᠵᠡᠭᠡᠢ ᠠᠭᠤᠰᠤᠯᠴᠠᠭᠤᠯᠵᠤ᠂ ᠲᠤᠬᠠᠢ᠎ᠶᠢᠨ ᠭᠠᠵᠠᠷ᠎ᠤᠨ ᠰᠢᠨ᠎ᠡ ᠰᠣᠷᠭᠣᠭ ᠰᠢᠮ᠎ᠡ ᠰᠠᠢᠳᠠᠢ ᠴᠡᠪᠡᠷ ᠪᠢᠰᠢᠯᠠᠭᠢ ᠨᠡᠭᠡᠭᠡᠨ ᠬᠥᠭᠵᠢᠭᠦᠯᠪᠡᠯ ᠰᠠᠶᠢ ᠭᠠᠳᠠᠭᠠᠳᠤ᠎ᠠᠴᠠ ᠣᠷᠣᠭᠤᠯᠬᠤ ᠦᠢᠯᠡᠳᠬᠦᠨ ᠪᠣᠯᠣᠨ ᠵᠠᠬ᠎ᠠ ᠳᠡᠯᠭᠡᠭᠦᠷ᠎ᠦᠨ ᠬᠡᠷᠡᠭᠴᠡᠭᠡ ᠱᠠᠭᠠᠷᠳᠠᠯᠭ᠎ᠠ᠎ᠶᠢᠨ ᠬᠣᠭᠣᠷᠣᠨᠳᠣᠬᠢ ᠳᠤᠲᠠᠭᠤᠳᠠᠯ᠎ᠢ ᠨᠥᠬᠥᠪᠦᠷᠢᠯᠡᠵᠦ ᠴᠢᠳᠠᠨ᠎ᠠ᠃
2023 ᠣᠨ᠎ᠳᠤ ᠤᠯᠤᠰ᠎ᠤᠨ ᠰᠦ᠎ᠶᠢᠨ ᠦᠢᠯᠡᠰ᠎ᠦᠨ ᠮᠡᠷᠭᠡᠵᠢᠯ᠎ᠦᠨ ᠰᠢᠨ᠎ᠡ᠎ᠶᠢ ᠡᠭᠦᠳᠬᠦ ᠲᠥᠪ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ 《ᠪᠦᠰᠡᠯᠡᠯᠲᠡ ᠰᠢᠪᠲᠤᠯᠬᠤ》 ᠢᠨᠵᠧᠨᠧᠷᠢᠩ᠎ᠦᠨ 《ᠰᠦ᠎ᠶᠢᠨ ᠦᠢᠯᠡᠰ》᠎ᠤ᠋ᠨ ᠲᠤᠰᠬᠠᠢ ᠲᠥᠷᠥᠯ 《ᠳᠤᠮᠳᠠᠳᠤ ᠤᠯᠤᠰ᠎ᠤᠨ ᠮᠠᠶᠢᠭ᠋᠎ᠤᠨ ᠪᠢᠰᠢᠯᠠᠭ ᠵᠢᠴᠢ ᠰᠢᠨ᠎ᠡ᠎ᠶᠢ ᠡᠭᠦᠳᠬᠦ ᠮᠡᠷᠭᠡᠵᠢᠯ》᠎ᠤ᠋ᠨ ᠲᠥᠷᠥᠯ ᠵᠦᠢᠯ᠎ᠢ ᠲᠦᠷᠦᠭᠦᠯᠡᠨ ᠡᠭᠦᠷᠭᠡᠯᠡᠵᠦ᠂ ᠰᠦᠨ᠎ᠤ ᠤᠭᠤᠷᠠᠭ᠂ ᠰᠦᠨ᠎ᠤ ᠥᠭᠡᠬᠦ᠂ ᠰᠦᠨ ᠰᠢᠬᠢᠷ ᠵᠡᠷᠭᠡ ᠰᠠᠭᠤᠷᠢ ᠲᠦᠭᠦᠬᠡᠢ ᠮᠠᠲᠧᠷᠢᠶᠠᠯ᠎ᠤᠨ ᠰᠢᠨ᠎ᠡ᠎ᠶᠢ ᠡᠭᠦᠳᠴᠦ ᠰᠤᠳᠤᠯᠤᠨ ᠨᠡᠭᠡᠭᠡᠬᠦ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠥᠨᠳᠥᠷ ᠨᠡᠮᠡᠯᠲᠡ ᠥᠷᠲᠡᠭ ᠲᠠᠢ ᠰᠢᠨ᠎ᠡ ᠬᠡᠯᠪᠡᠷᠢ᠎ᠶᠢᠨ ᠲᠦᠭᠦᠬᠡᠢ ᠮᠠᠲᠧᠷᠢᠶᠠᠯ ᠵᠢᠴᠢ ᠦᠢᠯᠡᠳᠬᠦᠨ᠎ᠢ ᠨᠡᠭᠡᠭᠡᠨ ᠬᠥᠭᠵᠢᠭᠦᠯᠬᠦ᠎ᠪᠡᠷ ᠬᠦᠴᠦᠯᠡᠨ ᠴᠢᠷᠮᠠᠢᠵᠤ᠂ ᠭᠠᠳᠠᠭᠠᠳᠤ᠎ᠠᠴᠠ ᠣᠷᠣᠭᠤᠯᠬᠤ ᠲᠦᠭᠦᠬᠡᠢ ᠮᠠᠲᠧᠷᠢᠶᠠᠯ ᠪᠣᠯᠣᠨ ᠦᠢᠯᠡᠳᠬᠦᠨ᠎ᠢ ᠤᠯᠤᠰ᠎ᠲᠠᠭᠠᠨ ᠦᠢᠯᠡᠳᠪᠦᠷᠢᠯᠡᠬᠦ᠎ᠶᠢ ᠪᠡᠶᠡᠯᠡᠭᠦᠯᠪᠡ᠃
ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ 《ᠪᠦᠰᠡᠯᠡᠯᠲᠡ ᠰᠢᠪᠲᠤᠯᠬᠤ》 ᠢᠨᠵᠧᠨᠧᠷᠢᠩ᠎ᠦᠨ ᠳᠠᠭᠠᠭᠤᠯᠭ᠎ᠠ ᠪᠡᠷ ᠪᠥᠬᠥ ᠤᠯᠤᠰ᠎ᠤᠨ 20 ᠭᠠᠷᠤᠢ ᠶᠡᠬᠡ ᠳᠡᠭᠡᠳᠦ ᠰᠤᠷᠭᠠᠭᠤᠯᠢ ᠬᠦᠷᠢᠶᠡᠯᠡᠩ ᠭᠠᠵᠠᠷ᠎ᠤᠨ ᠲᠤᠰᠬᠠᠢ ᠮᠡᠷᠭᠡᠵᠢᠯᠲᠡᠨ᠎ᠦ ᠪᠦᠯᠬᠦᠮ ᠰᠢᠨ᠎ᠡ᠎ᠶᠢ ᠡᠭᠦᠳᠬᠦ᠎ᠪᠡᠷ ᠬᠥᠳᠡᠯᠭᠡᠭᠦᠷ ᠪᠣᠯᠭᠠᠬᠤ᠎ᠶᠢ ᠴᠢᠬᠤᠯᠠᠴᠢᠯᠠᠵᠤ᠂ ᠳᠤᠮᠳᠠᠳᠤᠴᠤᠳ᠎ᠤᠨ ᠢᠳᠡᠭᠡᠨ ᠤᠮᠳᠠᠭᠠᠨ᠎ᠤ ᠬᠡᠷᠡᠭᠯᠡᠭᠡᠨ᠎ᠦ ᠳᠠᠳᠬᠠᠯᠳ᠋ᠤ ᠨᠡᠢᠴᠡᠭᠰᠡᠨ ᠰᠦᠨ ᠲᠡᠮᠦᠷᠲᠦ ᠤᠭᠤᠷᠠᠭ᠎ᠢ ᠥᠨᠳᠥᠷ ᠪᠦᠲᠦᠮᠵᠢᠲᠡᠶ᠎ᠪᠡᠷ ᠠᠰᠢᠭ᠍ᠯᠠᠬᠤ ᠵᠠᠩᠭᠢᠯᠠᠭ᠎ᠠ᠎ᠶᠢᠨ ᠮᠡᠷᠭᠡᠵᠢᠯ᠎ᠢ ᠨᠡᠭᠡᠭᠡᠨ ᠬᠥᠭᠵᠢᠭᠦᠯᠵᠦ᠂ ᠮᠠᠨ᠎ᠤ ᠤᠯᠤᠰ᠎ᠤᠨ ᠠᠷᠠᠳ ᠢᠷᠭᠡᠳ᠎ᠤᠨ ᠳᠤᠷᠠᠰᠢᠯ ᠬᠢᠭᠡᠳ ᠬᠡᠷᠡᠭᠯᠡᠭᠡᠨ᠎ᠦ ᠳᠠᠳᠬᠠᠯ᠎ᠤᠨ ᠲᠣᠭᠣᠷᠢᠨ᠎ᠳᠤ ᠰᠢᠷᠠᠭᠰᠠᠨ ᠪᠢᠰᠢᠯᠠᠭ᠂ ᠰᠤᠪᠤᠬᠤ ᠪᠢᠰᠢᠯᠠᠭ ᠵᠡᠷᠭᠡ ᠰᠢᠨ᠎ᠡ ᠡᠬᠦᠳᠦᠯᠳᠡ ᠵᠢᠨ ᠲᠥᠷᠥᠯ ᠵᠦᠢᠯ᠎ᠢ ᠭᠣᠣᠯᠳᠠᠯᠭ᠎ᠠ᠎ᠲᠠᠢ ᠰᠤᠳᠤᠯᠤᠨ ᠨᠡᠭᠡᠭᠡᠵᠦ᠂ ᠳᠤᠮᠳᠠᠳᠤ ᠤᠯᠤᠰ᠎ᠤᠨ ᠣᠨᠴᠠᠯᠢᠭ᠋᠎ᠲᠠᠢ ᠴᠠᠭᠠᠨ ᠢᠳᠡᠭᠡᠨ᠎ᠢ ᠨᠠᠷᠢᠯᠢᠭ᠋ ᠡᠳ᠋ᠰᠢᠭᠦᠯᠬᠦ ᠰᠢᠰᠲᠧᠮ᠎ᠢ ᠲᠦᠷᠭᠡᠳᠬᠡᠨ ᠪᠠᠢᠭᠤᠯᠵᠤ᠂ ᠠᠵᠤ ᠦᠢᠯᠡᠰ ᠬᠢᠭᠡᠳ ᠬᠡᠷᠡᠭᠯᠡᠭᠴᠢᠳ᠎ᠦᠨ ᠬᠣᠣᠰ ᠬᠡᠷᠡᠭᠴᠡᠭᠡ᠎ᠶᠢ ᠬᠠᠩᠭᠠᠵᠤ᠂ ᠮᠠᠨ᠎ᠤ ᠤᠯᠤᠰ᠎ᠤᠨ ᠰᠦ ᠵᠢᠨ ᠦᠢᠯᠡᠰ᠎ᠦᠨ 《ᠪᠤᠭᠤᠮᠢ》 ᠵᠢ ᠰᠢᠪᠲᠤᠯᠬᠤ᠎ᠶᠢ ᠲᠦᠷᠭᠡᠳᠬᠡᠨ ᠠᠬᠢᠭᠤᠯᠵᠤ᠂ ᠪᠢᠰᠢᠯᠠᠭᠢ ᠤᠯᠤᠰ᠎ᠲᠠᠭᠠᠨ ᠦᠢᠯᠡᠳᠪᠦᠷᠢᠯᠡᠬᠦ᠂ ᠬᠡᠪᠴᠢᠶᠡᠵᠢᠭᠦᠯᠬᠦ᠂ ᠥᠪᠡᠷ᠎ᠦᠨ ᠦᠷᠳᠡᠭ᠎ᠢ ᠪᠠᠭᠤᠷᠠᠭᠤᠯᠬᠤ᠎ᠳᠦ ᠪᠠᠲᠤ ᠪᠡᠬᠢ ᠰᠠᠭᠤᠷᠢ᠎ᠶᠢ ᠲᠠᠯᠪᠢᠭ᠍ᠰᠠᠨ ᠪᠠᠢᠨ᠎ᠠ᠃
ᠤᠢᠯᠠᠭᠠᠭᠰᠠᠨ ᠵᠢᠡᠷ᠂ ᠤᠳᠤᠬᠠᠨ᠎ᠳᠤ ᠲᠤᠰ ᠲᠦᠷᠦᠯ ᠵᠦᠢᠯ᠎ᠤᠨ ᠰᠤᠳᠤᠯᠭᠠᠨ ᠨᠢ ᠰᠦ ᠵᠢᠨ ᠨᠠᠷᠢᠯᠢᠭ ᠡᠳ᠋ᠰᠢᠭᠦᠯᠬᠦ ᠳᠤᠮᠳᠠᠬᠢ ᠢᠯᠡᠭᠦᠴᠡ ᠪᠢᠰᠢᠯᠠᠭ᠎ᠤᠨ ᠤᠭᠤᠷᠠᠭ᠎ᠢ ᠶᠡᠷᠦᠩᠬᠡᠢᠯᠡᠨ ᠠᠰᠢᠭ᠍ᠯᠠᠬᠤ ᠬᠦᠴᠢᠷ ᠰᠡᠳᠦᠪ᠎ᠢ ᠰᠢᠢᠳᠪᠦᠷᠢᠯᠡᠵᠦ᠂ ᠪᠢᠰᠢᠯᠠᠭ᠎ᠤᠨ ᠤᠭᠤᠷᠠᠭ ᠪᠣᠯᠣᠨ ᠴᠠᠷᠳᠠᠭᠤᠯ᠎ᠢ ᠳᠠᠬᠢᠨ ᠨᠡᠢᠯᠡᠭᠦᠯᠬᠦ ᠪᠡᠷ ᠳᠠᠮᠵᠢᠨ ᠬᠦᠮᠦᠨ᠎ᠤ ᠪᠡᠶ᠎ᠡ ᠵᠢᠨ ᠴᠠᠷᠳᠠᠭᠤᠯ᠎ᠢ ᠰᠢᠩᠭᠡᠭᠡᠬᠦ ᠴᠢᠳᠠᠪᠤᠷᠢ᠎ᠶᠢ ᠪᠦᠲᠦᠮᠵᠢᠲᠡᠶ ᠰᠠᠢᠵᠢᠷᠠᠭᠤᠯᠤᠭᠰᠠᠨ ᠪᠠᠢᠨ᠎ᠠ᠃ ᠤᠯᠤᠰ᠎ᠤᠨ ᠰᠦ ᠵᠢᠨ ᠦᠢᠯᠡᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠲᠦᠪ 《ᠰᠠᠭᠤᠷᠢ ᠰᠤᠳᠤᠯᠭᠠᠨ — ᠮᠡᠷᠭᠡᠵᠢᠯ᠎ᠤᠨ ᠰᠢᠪᠲᠤᠯᠤᠯᠲᠠ — ᠠᠵᠤ ᠦᠢᠯᠡᠰᠵᠢᠭᠦᠯᠬᠦ — ᠬᠡᠷᠡᠭᠯᠡᠭᠡᠨ》 ᠪᠦᠬᠦ ᠬᠡᠯᠬᠢᠶᠡᠨ᠎ᠤ ᠰᠢᠨ᠎ᠡ ᠵᠢ ᠡᠭᠦᠳᠬᠦ ᠰᠢᠰᠲᠧᠮ᠎ᠢ ᠪᠠᠢᠭᠤᠯᠵᠤ᠂ ᠴᠢᠨᠠᠷ ᠰᠠᠢᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ ᠵᠢᠡᠷ ᠰᠦ ᠵᠢᠨ ᠦᠢᠯᠡᠰ᠎ᠤᠨ ᠴᠢᠨᠠᠷ ᠰᠠᠢᠲᠠᠢ ᠬᠦᠭᠵᠢᠯᠲᠡ ᠵᠢ ᠦᠷᠭᠦᠯᠵᠢᠯᠡᠨ ᠠᠬᠢᠭᠤᠯᠤᠨ᠎ᠠ᠃