ᠦᠩ ᠰᠢᠮᠡᠯᠢᠭ ᠦᠷᠬᠡᠨ ᠠᠭᠤᠳᠠᠮ ᠴᠡᠯᠡᠬᠡᠷ ᠲᠠᠯ᠎ᠠ ᠳ᠋ᠤ ᠠᠮᠢ ᠠᠬᠤᠢ᠎ᠶᠢ ᠤᠷᠢᠳ ᠵᠢᠡᠷ ᠪᠤᠳᠤᠯᠬᠢᠯᠠᠬᠤ᠂ ᠪᠣᠬᠢᠷᠲᠤᠯ ᠦᠭᠡᠢ ᠬᠥᠭᠵᠢᠬᠦᠯᠬᠦ ᠪᠡᠷ ᠤᠳᠤᠷᠢᠳᠤᠮᠵᠢ ᠪᠣᠯᠭᠠᠭᠰᠠᠨ ᠠᠵᠤ ᠦᠢᠯᠡᠰ᠎ᠦᠨ ᠬᠤᠪᠢᠰᠤᠯᠲᠠ ᠥᠷᠨᠢᠵᠦ ᠪᠤᠢ᠃ ᠤᠯᠤᠰ ᠤᠨ ᠴᠢᠬᠤᠯᠠ ᠪᠦᠬᠦᠢ ᠮᠠᠯ᠎ᠤᠨ ᠠᠰᠢᠭ᠋ ᠰᠢᠮ᠎ᠡ᠎ᠲᠠᠷᠢᠶᠠᠯᠠᠩ᠎ᠤᠨ ᠪᠦᠲᠦᠭᠡᠭᠳᠡᠬᠦᠨ᠎ᠦ ᠦᠢᠯᠡᠳᠪᠦᠷᠢᠯᠡᠯ ᠦᠨ ᠰᠠᠭᠤᠷᠢᠨ ᠢ ᠴᠢᠨᠠᠷ ᠰᠠᠢᠲᠠᠢ ᠪᠦᠲᠦᠭᠡᠨ ᠪᠠᠶ᠋ᠢᠭᠤᠯᠬᠤ᠎ᠶᠢᠨ ᠲᠥᠯᠥᠭᠡ᠂ ᠬᠥᠬᠡᠬᠣᠲᠠ 《ᠲᠣᠮᠣ᠌ ᠠᠵᠤ ᠦᠢᠯᠡᠰ᠂ ᠲᠣᠮᠣ᠌ ᠬᠦᠷᠢᠶᠡᠯᠡᠩ ᠲᠣᠭᠣᠷᠢᠭ᠋》 ᠤ᠋ᠨ ᠪᠠᠢᠯᠳᠤᠬᠤ ᠪᠣᠳᠣᠯᠭ᠎ᠠ᠎ᠲᠠᠢ ᠨᠢᠭ᠍ᠲᠠ ᠤᠶᠠᠯᠳᠤᠭᠤᠯᠤᠨ᠂ ᠮᠢᠩᠭᠠᠨ ᠳ᠋ᠦᠩᠰᠢᠭᠤᠷ᠎ᠤᠨ ᠲᠠᠰ ᠤᠨ ᠰᠦ ᠶᠢᠨ ᠦᠢᠯᠡᠰ᠎ᠢᠶᠡᠷ ᠬᠥᠳᠡᠯᠭᠡᠭᠦᠷ ᠪᠣᠯᠭᠠᠵᠤ᠂ ᠡᠪᠡᠰᠦᠨ ᠦᠷ᠎ᠡ᠎ᠶᠢᠨ ᠦᠢᠯᠡᠰ ᠦᠨ ᠰᠢᠨ᠎ᠡ᠎ᠶᠢ ᠡᠭᠦᠳᠬᠦ᠎ᠵᠢ ᠠᠬᠢᠭᠤᠯᠵᠤ᠂ ᠵᠠᠭᠤᠨ ᠳ᠋ᠦᠩᠰᠢᠭᠤᠷ᠎ᠤᠨ ᠲᠠᠰ᠎ᠤᠨ ᠡᠷᠳᠡᠨᠢ ᠰᠢᠰᠢ᠂ ᠮᠢᠬᠠᠨ᠎ᠤ ᠵᠦᠢᠯ᠂ ᠠᠷᠪᠠᠨ ᠳ᠋ᠦᠩᠰᠢᠭᠤᠷ᠎ᠤᠨ ᠲᠠᠰ᠎ᠤᠨ ᠡᠪᠡᠰᠦᠨ᠎ᠦ ᠦᠢᠯᠡᠰ᠂ ᠲᠥᠮᠥᠰᠥ᠂ ᠡᠯᠳᠡᠪ ᠠᠮᠤ ᠲᠣᠰᠣᠨ᠎ᠤ ᠵᠦᠢᠯ᠂ ᠬᠣᠲᠠ᠎ᠶᠢᠨ ᠲᠠᠷᠢᠶᠠᠯᠠᠩ ᠵᠡᠷᠭᠡ 7 ᠠᠵᠤ ᠦᠢᠯᠡᠰ᠎ᠦᠨ ᠬᠡᠯᠬᠢᠶ᠎ᠡ᠎ᠶᠢ ᠬᠣᠯᠪᠣᠯᠳᠤᠭᠤᠯᠤᠭᠰᠠᠨ ᠪᠠᠢᠨ᠎ᠠ᠃
ᠡᠨᠳᠡᠬᠢ ᠣᠶᠤᠨᠲᠤ ᠮᠠᠯᠵᠢᠯ ᠤᠨ ᠲᠠᠯᠠᠪᠠᠢ᠎ᠳᠤ ᠮᠠᠰᠢᠨ ᠬᠥᠮᠥᠨᠮᠠᠯ ᠤᠨᠤᠭ᠎ᠠ ᠶᠢ ᠨᠠᠷᠢᠯᠢᠭ ᠤᠨᠤᠴᠠᠳᠠᠢ ᠲᠡᠵᠢᠭᠡᠵᠦ᠂ ᠤᠯᠤᠰ᠎ᠤᠨ ᠰᠦ᠎ᠶᠢᠨ ᠦᠢᠯᠡᠰ᠎ᠦᠨ ᠮᠡᠷᠭᠡᠵᠢᠯ᠎ᠦᠨ ᠰᠢᠨ᠎ᠡ᠎ᠶᠢ ᠡᠭᠦᠳᠬᠦ ᠲᠥᠪ᠎ᠦᠨ ᠬᠢᠨ ᠡᠩ᠎ᠦᠨ ᠳᠤᠯᠠᠭᠠᠨᠳ᠋ᠡᠬᠢ ᠠᠰᠢᠭ᠍ᠲᠤ ᠪᠠᠺᠲᠧᠷᠢ᠎ᠶᠢᠨ ᠢᠳᠡᠪᠬᠢ ᠴᠢᠨᠠᠷ᠎ᠢ ᠪᠠᠳᠤᠯᠠᠬᠤ ᠬᠦᠴᠢᠷ ᠠᠰᠠᠭᠤᠳᠠᠯ᠎ᠢ ᠰᠢᠢᠳᠪᠦᠷᠢᠯᠡᠨ᠂ ᠡᠪᠡᠰᠦ ᠪᠣᠷᠳᠣᠭ᠎ᠠ᠎ᠶᠢᠨ ᠥᠪᠡᠷ᠎ᠢ᠎ᠪᠡᠨ ᠬᠠᠩᠭᠠᠬᠤ ᠨᠤᠷᠮ᠎ᠠ 80% ᠵᠢ ᠳᠠᠪᠠᠭᠰᠠᠨ 《ᠨᠣᠭᠣᠭᠠᠨ ᠳᠠᠷᠤᠰᠢ᠎ᠶᠢᠨ ᠡᠷᠳᠡᠨᠢ ᠰᠢᠰᠢ + ᠴᠠᠷᠭᠠᠰᠤ + ᠨᠣᠬᠠᠢ᠎ᠶᠢᠨ ᠬᠣᠰᠢᠭᠤ》 ᠭᠤᠷᠪᠠᠨ ᠡᠰᠢᠲᠦ ᠬᠠᠩᠭᠠᠯᠭ᠎ᠠ᠎ᠶᠢᠨ ᠵᠠᠭᠪᠤᠷ᠎ᠢ ᠲᠠᠷᠢᠶᠠᠨ ᠭᠠᠵᠠᠷ᠎ᠲᠤ ᠦᠨᠳᠦᠰᠦᠯᠡᠭᠦᠯᠪᠡ ᠁
ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠢᠶᠡᠷ ᠴᠢᠳᠠᠪᠤᠷᠢ ᠣᠯᠭᠣᠵᠤ ᠰᠦ᠎ᠶᠢᠨ ᠦᠢᠯᠡᠰ᠎ᠦᠨ ᠰᠢᠨ᠎ᠡ ᠪᠠᠢᠳᠠᠯ᠎ᠢ ᠵᠢᠷᠤᠭᠯᠠᠨ᠎ᠠ
ᠤᠮᠠᠷᠠᠲᠤ ᠥᠷᠭᠡᠷᠢᠭ᠎ᠦᠨ 40° ᠤ᠋ᠨ ᠰᠢᠵᠢᠷ ᠠᠯᠲᠠᠨ ᠰᠦ᠎ᠶᠢᠨ ᠢᠷᠡᠯᠲᠡ᠎ᠶᠢᠨ ᠪᠦᠰᠡ ᠳᠡᠭᠡᠷ᠎ᠡ᠂ ᠬᠥᠬᠡᠬᠣᠲᠠ᠎ᠶᠢᠨ ᠬᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠠᠨᠵᠢᠰᠤ᠎ᠪᠠᠷ ᠰᠦ ᠶᠢᠨ ᠦᠢᠯᠡᠰ᠎ᠦᠨ ᠥᠩ ᠰᠢᠮᠡᠯᠢᠭ ᠬᠥᠷᠥᠰᠥ᠎ᠶᠢ ᠭᠦᠨ ᠬᠠᠭᠠᠯᠪᠤᠷᠢᠯᠠᠵᠤ᠂ 《ᠳᠡᠯᠡᠬᠡᠢ ᠶᠢᠨ ᠲᠠᠰ ᠤᠨ ᠰᠦ ᠶᠢᠨ ᠦᠢᠯᠡᠰ᠎ᠦᠨ ᠭᠣᠣᠯ ᠣᠷᠣᠨ》 ᠢ᠋ ᠪᠠᠢᠭᠤᠯᠬᠤ ᠬᠠᠷᠠᠯᠲᠠᠵᠦᠭ ᠲᠦᠷᠭᠡᠨ ᠤᠷᠤᠭᠰᠢᠯᠠᠨ᠎ᠠ᠃
ᠦᠢᠯᠡᠳᠪᠦᠷᠢᠯᠡᠯ ᠪᠣᠷᠤᠯᠠᠭᠤᠯᠭ᠎ᠠ᠎ᠶᠢ ᠲᠡᠩᠴᠡᠭᠦᠷᠢᠲᠡᠢ ᠪᠠᠢᠯᠭᠠᠬᠤ᠎ᠶᠢᠨ ᠲᠥᠯᠥᠬᠡ᠂ ᠬᠣᠷᠢᠨᠭᠡᠷ ᠰᠢᠶᠠᠨ ᠳ᠋ᠤ 4 ᠲᠦᠮᠡᠨ ᠰᠠᠭᠠᠯᠢ᠎ᠶᠢᠨ ᠦᠨᠢᠶ᠎ᠡ ᠲᠡᠵᠢᠬᠡᠬᠥ ᠣᠶᠤᠨᠲᠤ ᠮᠠᠯᠵᠢᠯ᠎ᠤᠨ ᠲᠠᠯᠠᠪᠠᠢ᠂ ᠲᠣᠭᠲᠠᠬᠤ ᠰᠢᠶᠠᠨ ᠳᠤ 18 ᠲᠦᠮᠡᠨ ᠲᠤᠯᠤᠭᠠᠢ ᠵᠢᠨ ᠪᠣᠬᠢᠷᠲᠤᠯ ᠦᠭᠡᠢ ᠲᠡᠵᠢᠭᠡᠨ ᠦᠷᠡᠵᠢᠭᠦᠯᠬᠦ ᠵᠢᠱ᠌ᠢᠶ᠎ᠡ ᠦᠵᠡᠭᠦᠯᠬᠦ ᠬᠦᠷᠢᠶᠡᠯᠡᠩ ᠲᠣᠭᠣᠷᠢᠭ᠋ ᠪᠠᠢᠭᠤᠯᠬᠤ ᠵᠡᠷᠭᠡ ᠬᠡᠪ ᠳᠠᠭᠤᠷᠢᠶᠠᠯᠪᠤᠯᠬᠤ ᠲᠦᠷᠦᠯ ᠵᠦᠢᠯ᠎ᠢ ᠪᠠᠢᠷᠢᠰᠢᠭᠤᠯᠵᠤ᠂ ᠤᠯᠤᠰ᠎ᠤᠨ ᠲᠡᠰ᠎ᠤᠨ ᠭᠣᠣᠯ ᠪᠣᠯᠬᠤ ᠡᠭᠦᠯᠳᠡᠷ ᠪᠣᠢᠵᠢᠭᠤᠯᠬᠤ ᠲᠠᠯᠠᠪᠠᠢ᠎ᠶᠢ ᠪᠣᠢᠵᠢᠭᠤᠯᠵᠤ᠂ 《ᠳᠤᠮᠳᠠᠳᠤ ᠤᠯᠤᠰ᠎ᠤᠨ ᠦᠬᠡᠷ 》 ᠤ᠋ᠨ ᠭᠧᠨ᠎ᠤ ᠬᠦᠮᠦᠷᠬᠡ ᠵᠢᠨ ᠳᠡᠰ ᠳᠡᠪᠰᠢᠬᠦ ᠵᠢ ᠠᠬᠢᠭᠤᠯᠪᠠ᠃
ᠡᠮᠦᠨᠡᠳᠦ ᠬᠡᠰᠡᠭ᠎ᠦᠨ ᠡᠪᠡᠰᠦ ᠪᠣᠷᠳᠣᠭ᠎ᠠ᠎ᠶᠢᠨ ᠠᠵᠤ ᠦᠢᠯᠡᠰ ᠨᠢ 《ᠲᠡᠵᠢᠭᠡᠬᠦ᠎ᠶᠢᠨ ᠲᠥᠯᠥᠭᠡ ᠳᠠᠷᠢᠬᠤ》 ᠵᠢ ᠴᠢᠩᠭ᠎ᠠ ᠠᠳᠬᠤᠵᠤ᠂ 165 ᠲᠦᠮᠡᠨ ᠮᠦ᠍᠎ᠶᠢᠨ 《ᠨᠣᠭᠣᠭᠠᠨ ᠳᠠᠷᠤᠰᠢ᠎ᠶᠢᠨ ᠡᠷᠳᠡᠨᠢ ᠰᠢᠰᠢ + ᠴᠠᠷᠭᠠᠰᠤ + ᠨᠣᠬᠠᠢ᠎ᠶᠢᠨ ᠬᠣᠰᠢᠭᠤ 》 ᠭᠤᠷᠪᠠᠨ ᠡᠰᠢᠲᠦ ᠬᠠᠩᠭᠠᠯᠭ᠎ᠠ᠎ᠶᠢᠨ ᠰᠢᠰᠲᠧᠮ᠎ᠢ᠋ ᠪᠠᠢᠭᠤᠯᠵᠤ᠂ ᠶᠢᠦ ᠷᠠᠨ ᠮᠠᠯ ᠠᠵᠤ ᠠᠬᠤᠢ᠂ ᠮᠧᠩ ᠼᠤᠤ ᠪᠦᠯᠦᠭᠯᠡᠯ᠎ᠦᠨ ᠡᠪᠡᠰᠦ ᠪᠣᠷᠳᠣᠭ᠎ᠠ᠎ᠶᠢᠨ ᠠᠵᠤ ᠦᠢᠯᠡᠰ᠎ᠦᠨ ᠬᠦᠷᠢᠶᠡᠯᠡᠩ᠎ᠢ ᠲᠦᠷᠭᠡᠨ ᠨᠠᠢᠳᠠᠪᠤᠷᠢᠵᠢᠭᠤᠯᠵᠤ᠂ ᠲᠦᠮᠡᠳ ᠵᠡᠭᠦᠨ ᠬᠣᠰᠢᠭᠤᠨ᠎ᠤ ᠴᠢᠨᠠᠷ ᠰᠠᠢᠲᠠᠢ ᠡᠪᠡᠰᠦ ᠪᠣᠷᠳᠣᠭ᠎ᠠ᠎ᠶᠢᠨ ᠰᠠᠢᠨ ᠡᠭᠦᠯᠳᠡᠷ᠎ᠢ ᠪᠣᠢᠵᠢᠭᠤᠯᠬᠤ ᠰᠠᠭᠤᠷᠢᠨ ᠨᠢ 《ᠡᠪᠡᠰᠦᠨ ᠴᠢᠫ》 ᠤ᠋ᠨ ᠪᠣᠭᠣᠮᠢ ᠵᠢᠨ ᠬᠦᠴᠢᠷ ᠠᠰᠠᠭᠤᠳᠠᠯ᠎ᠢ ᠰᠢᠢᠳᠪᠦᠷᠢᠯᠡᠵᠦ᠂ 《ᠳᠤᠮᠳᠠᠳᠤ ᠤᠯᠤᠰ᠎ᠤᠨ ᠰᠦ᠋ ᠵᠢᠨ ᠬᠥᠨᠥᠭ 》 ᠤᠨ ᠠᠮᠢ ᠠᠬᠤᠢ᠎ᠶᠢᠨ ᠰᠠᠭᠤᠷᠢ᠎ᠶᠢ ᠪᠡᠬᠢᠵᠢᠭᠦᠯᠪᠡ᠃ ᠠᠷᠤ ᠵᠢᠨᠬᠡᠰᠡᠭᠦᠨ ᠡᠳ᠋ᠰᠢᠭᠦᠯᠬᠦ ᠬᠡᠯᠬᠢᠶ᠎ᠡ᠎ᠶᠢ ᠢᠯᠢ ᠵᠢᠨ ᠤᠳᠤ ᠦᠶ᠎ᠡ᠎ᠶᠢᠨ ᠣᠶᠤᠨᠲᠤ ᠡᠷᠡᠭᠦᠯ ᠮᠡᠨᠳᠦ᠎ᠶᠢᠨ ᠬᠥᠨᠳᠡᠢ ᠪᠠ ᠮᠧᠩ ᠨᠢᠦ ᠳᠤᠮᠳᠠᠳᠤ ᠤᠯᠤᠰ᠎ᠤᠨ ᠰᠦ ᠵᠢᠨ ᠦᠢᠯᠡᠰ᠎ᠦᠨ ᠠᠵᠤ ᠦᠢᠯᠡᠰ᠎ᠦᠨ ᠬᠦᠷᠢᠶᠡᠯᠡᠩ ᠪᠤᠯᠬᠤ ᠬᠣᠶᠠᠷ ᠶᠡᠬᠡ ᠮᠢᠩᠭᠠᠨ ᠳ᠋ᠦᠩᠰᠢᠭᠤᠷ᠎ᠤᠨ ᠳᠡᠰ᠎ᠤᠨ ᠬᠦᠷᠢᠶᠡᠯᠡᠩ ᠵᠢᠡᠷ ᠬᠥᠳᠡᠯᠭᠡᠭᠦᠷ ᠪᠣᠯᠭᠠᠪᠠ᠃ ᠴᠠᠭᠠᠨ ᠢᠳᠡᠬᠡᠨ ᠡᠳ᠋ᠰᠢᠬᠦᠯᠬᠦ ᠭᠤᠷᠪᠠᠳᠤᠭᠠᠷ ᠬᠤᠭᠤᠴᠠᠭ᠎ᠠ ᠵᠡᠷᠭᠡ ᠵᠦᠷᠢᠶᠡᠴᠢᠯᠡᠭᠰᠡᠨ ᠲᠥᠷᠥᠯ ᠵᠦᠢᠯ᠎ᠢ ᠠᠬᠢᠭᠤᠯᠵᠤ ᠂ ᠮᠧᠩ ᠨᠢᠦ ᠰᠦ ᠵᠢᠨ ᠲᠡᠮᠦᠷ᠎ᠦᠨ ᠤᠭᠤᠷᠠᠭ᠎ᠢ ᠨᠠᠷᠢᠯᠢᠭ᠋ ᠡᠳ᠋ᠰᠢᠭᠦᠯᠬᠦ᠂ AI ᠰᠢᠮ᠎ᠡ ᠲᠡᠵᠢᠭᠡᠯ ᠡᠷᠡᠭᠦᠯ ᠮᠡᠨᠳᠦ᠎ᠶᠢᠨ ᠲᠠᠪᠴᠠᠩ ᠵᠡᠷᠭᠡ ᠰᠢᠨ᠎ᠡ᠎ᠶᠢ ᠡᠭᠦᠳᠬᠦ ᠢᠨᠵᠧᠨᠧᠷᠢᠩ᠎ᠢ ᠵᠡᠷᠭᠡ᠎ᠪᠡᠷ ᠬᠦᠴᠦᠯᠡᠨ ᠪᠠᠢᠭᠤᠯᠵᠤ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢᠶᠡᠷ 《ᠮᠠᠯᠵᠢᠯ᠎ᠤᠨ ᠲᠠᠯᠠᠪᠠᠶ ᠠ᠋ᠴᠠ ᠬᠣᠭᠣᠯᠠᠨ ᠰᠢᠷᠡᠭᠡ ᠬᠦᠷᠲᠡᠯᠡᠬᠢ》 ᠪᠥᠬᠥ ᠪᠥᠮᠪᠥᠷᠴᠡᠭ᠎ᠦᠨ ᠰᠦ᠎ᠶᠢᠨ ᠦᠢᠯᠡᠰ᠎ᠦᠨ ᠬᠡᠪ ᠳᠠᠭᠤᠷᠢᠶᠠᠯ᠎ᠢ ᠳᠠᠬᠢᠨ ᠴᠣᠭᠴᠠᠯᠠᠵᠤ ᠪᠤᠢ᠃
ᠬᠦᠷᠢᠶᠡᠯᠡᠩ ᠲᠣᠭᠣᠷᠢᠭ᠎ᠢᠶᠠᠷ ᠠᠴᠢᠶᠠᠯᠠᠪᠤᠷᠢ ᠪᠣᠯᠭᠠᠵᠤ 《ᠲᠠᠷᠢᠬᠤ ᠡᠴᠡ ᠢᠳᠡᠬᠦ ᠬᠦᠷᠳᠡᠯᠡᠬᠢ》 ᠪᠦᠬᠦ᠌ ᠬᠡᠯᠬᠢᠶᠡᠨ᠎ᠦ ᠬᠥᠭ᠌ᠵᠢᠯᠲᠡ᠎ᠶ᠋ᠢ ᠠᠬᠢᠭᠤᠯᠤᠨ᠎ᠠ
ᠬᠦᠷᠢᠶᠡᠯᠡᠩ ᠲᠣᠭᠣᠷᠢᠭ᠎ᠢᠶᠠᠷ ᠠᠴᠢᠶᠠᠯᠠᠪᠤᠷᠢ ᠪᠣᠯᠭᠠᠵᠤ᠂ 《ᠲᠠᠷᠢᠬᠤ ᠡᠴᠡ ᠢᠳᠡᠬᠦ ᠬᠦᠷᠳᠡᠯᠡᠬᠢ》 ᠪᠦᠬᠦ᠌ ᠬᠡᠯᠬᠢᠶᠡᠨ᠎ᠦ ᠬᠥᠭ᠌ᠵᠢᠯᠲᠡ᠎ᠶ᠋ᠢ ᠠᠬᠢᠭᠤᠯᠪᠠᠯ ᠰᠠᠶᠢ ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠢᠯᠡᠳᠪᠦᠷᠢᠯᠡᠯ ᠪᠣᠷᠣᠯᠠᠭᠤᠯᠭ᠎ᠠ᠎ᠶ᠋ᠢ ᠨᠢᠭᠡ ᠴᠤᠬ᠍ᠴᠠᠵᠢᠭᠤᠯᠬᠤ ᠪᠠ ᠦᠷᠳᠡᠭ᠎ᠢ ᠬᠠᠮᠤᠭ᠎ᠤᠨ ᠶᠡᠬᠡ ᠪᠣᠯᠭᠠᠵᠤ ᠴᠢᠳᠠᠨ᠎ᠠ᠃
ᠣᠳᠣᠬᠠᠨ᠎ᠳᠤ᠂ ᠬᠥᠬᠡᠬᠣᠲᠠ᠎ᠶ᠋ᠢᠨ ᠪᠣᠬᠢᠷᠲᠤᠯ ᠦᠭᠡᠢ ᠮᠠᠯ᠎ᠤᠨ ᠠᠱᠢᠭ ᠱᠢᠮ᠎ᠡ ᠲᠠᠷᠢᠶᠠᠯᠠᠩ ᠤᠨ ᠪᠦᠲᠦᠭᠡᠭ᠌ᠳᠡᠬᠦᠨ᠎ᠢ ᠡᠳ᠋ᠱᠢᠭᠦᠯᠦᠨ ᠪᠣᠯᠪᠠᠰᠤᠷᠠᠭᠤᠯᠬᠤ ᠠᠵᠤ ᠦᠢᠯᠡᠰ᠎ᠦᠨ ᠪᠦᠯᠦᠭ᠌ᠵᠢᠯ ᠦᠨ ᠰᠠᠭᠤᠷᠢ ᠲᠠᠰᠤᠷᠠᠯᠲᠠ ᠦᠭᠡᠢ ᠪᠠᠲᠤᠵᠢᠪᠠ᠃ ᠣᠳᠣᠬᠠᠨ ᠪᠣᠯᠲᠠᠯ᠎ᠠ᠂ ᠲᠤᠰ ᠬᠤᠳᠠ ᠮᠠᠯ ᠤᠨ ᠠᠱᠢᠭ ᠱᠢᠮ᠎ᠡ ᠲᠠᠷᠢᠶᠠᠯᠠᠩ ᠤᠨ ᠪᠦᠲᠦᠭᠡᠭ᠌ᠳᠡᠬᠦᠨ᠎ᠢ ᠡᠳ᠋ᠱᠢᠭᠦᠯᠦᠨ ᠪᠣᠯᠪᠠᠰᠤᠷᠠᠭᠤᠯᠬᠤ ᠬᠦᠷᠢᠶᠡᠯᠡᠩ ᠲᠣᠭᠣᠷᠢᠭ ᠢ 6 ᠪᠠᠢᠭᠤᠯᠵᠤ᠂ 147 ᠠᠵᠤ ᠠᠬᠤᠢᠯᠠᠯ ᠣᠷᠣᠵᠤ ᠰᠠᠭᠤᠷᠢᠰᠢᠨ᠂ ᠬᠣᠷᠢᠨᠭᠡᠷ ᠱᠢᠶᠠᠨ ᠤᠯᠤᠰ ᠤᠨ ᠲᠡᠰ᠎ᠤᠨ ᠤᠳᠤ ᠦᠶ᠎ᠡ᠎ᠶ᠋ᠢᠨ ᠲᠠᠷᠢᠶᠠᠯᠠᠩ᠎ᠤᠨ ᠠᠵᠤ ᠦᠢᠯᠡᠰ᠎ᠦᠨ ᠬᠦᠷᠢᠶᠡᠯᠡᠩ᠎ᠢᠶᠡᠷ ᠵᠥᠪᠱᠢᠶᠡᠷᠡᠭ᠌ᠳᠡᠵᠦ᠍᠂ ᠲᠦᠮᠡᠳ ᠵᠡᠭᠦᠨ ᠬᠣᠱᠢᠭᠤ᠂ ᠴᠢᠩ ᠱᠦᠢ ᠾᠧ ᠱᠢᠶᠠᠨ᠂ ᠦᠴᠦᠸᠠᠨ ᠱᠢᠶᠠᠨ ᠵᠡᠷᠬᠡ ᠨᠢ ᠥᠪᠡᠷᠲᠡᠭᠡᠨ ᠵᠠᠰᠠᠬᠤ ᠣᠷᠣᠨ᠎ᠤ ᠤᠳᠤ ᠦᠶ᠎ᠡ᠎ᠶ᠋ᠢᠨ ᠲᠠᠷᠢᠶᠠᠯᠠᠩ ᠮᠠᠯ ᠠᠵᠤ ᠠᠬᠤᠢ᠎ᠶ᠋ᠢᠨ ᠠᠵᠤ ᠦᠢᠯᠡᠰ᠎ᠦᠨ ᠬᠦᠷᠢᠶᠡᠯᠡᠩ᠎ᠢᠶᠡᠷ ᠵᠥᠪᠱᠢᠶᠡᠷᠡᠭ᠌ᠳᠡᠵᠡᠢ᠃
ᠲᠦᠮᠡᠳ ᠵᠡᠭᠦᠨ ᠬᠣᠱᠢᠭᠤᠨ᠎ᠤ ᠣᠲᠣ ᠦᠶ᠎ᠡ᠎ᠶ᠋ᠢᠨ ᠲᠠᠷᠢᠶᠠᠯᠠᠩ ᠮᠠᠯ ᠠᠵᠤ ᠠᠬᠤᠶ᠎ᠶ᠋ᠢᠨ ᠠᠵᠤ ᠦᠶ᠋ᠯᠡᠰ᠎ᠦᠨ ᠬᠦᠷᠢᠶᠡᠯᠡᠩ ᠨᠢ ᠦᠪᠦᠷ ᠮᠤᠩᠭᠤᠯ᠎ᠤᠨ ᠢᠯᠢ ᠪᠦᠯᠦᠭᠯᠡᠯ᠂ ᠲᠦᠮᠡᠳ ᠵᠡᠭᠦᠨ ᠬᠤᠰᠢᠭᠤᠨ᠎ᠤ ᠠᠯᠳᠠ ᠲᠠᠷᠢᠶᠠᠯᠠᠩ ᠮᠠᠯ ᠠᠵᠤ ᠠᠬᠤᠢ ᠵᠢᠨ ᠬᠦᠭᠵᠢᠯᠲᠡ ᠵᠢᠨ ᠪᠡᠯᠡ ᠤᠷᠤᠭᠤᠯᠤᠯᠲᠠ ᠵᠢᠨ ᠬᠢᠵᠠᠭᠠᠷᠲᠤ ᠺᠤᠮᠫᠠᠨᠢ ᠵᠡᠷᠭᠡ ᠳᠠᠭᠠᠭᠤᠯᠤᠭ᠍ᠴᠢ
ᠠᠵᠤ ᠠᠬᠤᠢᠯᠠᠯ᠎ᠤᠨ ᠳᠠᠢᠴᠢᠯᠡᠯ ᠵᠢᠠᠷ᠂ ᠲᠡᠵᠢᠭᠡᠯ ᠪᠣᠷᠳᠣᠭ᠎ᠠ ᠳᠠᠷᠢᠬᠤ᠂ ᠪᠣᠷᠳᠣᠭ᠎ᠠ ᠡᠳ᠋ᠱᠢᠭᠦᠯᠬᠦ᠌᠂ ᠰᠠᠭᠠᠯᠢ᠎ᠶ᠋ᠢᠨ ᠦᠨᠢᠶ᠎ᠡ ᠲᠡᠵᠢᠭᠡᠨ ᠦᠷᠡᠵᠢᠭᠦᠯᠬᠦ᠌᠂ ᠴᠠᠭᠠᠨ ᠢᠳᠡᠭᠡᠨ᠎ᠦ ᠦᠶ᠋ᠯᠡᠳᠪᠦᠷᠢᠯᠡᠯ᠂ ᠬᠦᠶ᠋ᠲᠡᠨ ᠵᠢᠡᠷ ᠬᠠᠳᠠᠭᠠᠯᠠᠵᠤ ᠵᠦᠭᠡᠭᠡᠪᠦᠷᠢᠯᠡᠬᠦ ᠪᠠᠷᠠᠭᠠᠨ᠎ᠤ ᠭᠦᠶ᠋ᠯᠭᠡᠭᠡ᠎ᠶ᠋ᠢ ᠨᠢᠭᠡ ᠴᠣᠭ᠍ᠴᠠᠵᠢᠭᠤᠯᠤᠭ᠍ᠰᠠᠨ ᠪᠥᠬᠥ᠌ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠪᠠᠢᠷᠢᠱᠢᠯ᠎ᠢ ᠪᠣᠶ ᠪᠣᠯᠭᠠᠪᠠ᠃
ᠳᠠᠭᠠᠭᠤᠯᠤᠭ᠍ᠴᠢ ᠠᠵᠤ ᠠᠬᠤᠢᠯᠠᠯ᠎ᠤᠨ ᠳᠠᠪᠠᠭᠤᠯᠢᠭ᠎ᠲᠤ ᠲᠦᠱᠢᠭ᠌ᠯᠡᠨ᠂ ᠠᠵᠤ ᠦᠶ᠋ᠯᠡᠰ᠎ᠦᠨ ᠬᠦᠷᠢᠶᠡᠯᠡᠩ ᠨᠢ ᠲᠠᠰᠤᠷᠠᠯᠲᠠ ᠦᠭᠡᠢ ᠲᠠᠷᠢᠶᠠᠴᠢᠳ᠎ᠤᠨ ᠣᠷᠣᠯᠭ᠎ᠠ ᠵᠢ ᠨᠡᠮᠡᠭ᠌ᠳᠡᠭᠦᠯᠬᠦ᠌ ᠬᠡᠪ ᠵᠠᠭ᠍ᠪᠤᠷ᠎ᠤᠨ ᠰᠢᠨ᠎ᠡ ᠵᠢ ᠡᠭᠦᠳᠴᠦ᠍᠂ ᠤᠯᠤᠰ᠎ᠤᠨ ᠲᠠᠰ᠎ᠤᠨ ᠰᠤᠳᠤᠯᠤᠨ ᠨᠡᠭᠡᠭᠡᠵᠦ᠍ ᠱᠢᠨ᠎ᠡ ᠵᠢ ᠡᠭᠦᠳᠬᠦ᠌ 4 ᠲᠠᠪᠴᠠᠩ᠂ ᠮᠤᠵᠢ ᠶᠠᠮᠤᠨ᠎ᠤ ᠲᠠᠰ᠎ᠤᠨ 2 ᠭᠤᠤᠯᠳᠠᠯᠭ᠎ᠠ᠎ᠲᠠᠶ ᠲᠤᠷᠱᠢᠯᠲᠠ᠎ᠶ᠋ᠢᠨ ᠲᠠᠰᠤᠭ᠂ ᠪᠤᠰᠤᠳ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠰᠤᠳᠤᠯᠤᠨ ᠨᠡᠭᠡᠭᠡᠬᠦ᠌ 4 ᠲᠠᠪᠴᠠᠩ ᠢ ᠪᠠᠢᠭᠤᠯᠵᠤ᠂ ᠲᠥᠷᠥ᠎ᠶ᠋ᠢᠨ ᠪᠣᠳᠣᠯᠭ᠎ᠠ᠂ ᠴᠢᠳᠠᠪᠤᠷᠢᠲᠠᠨ ᠬᠢᠭᠡᠳ ᠱᠢᠨ᠎ᠡ᠎ᠶ᠋ᠢ ᠡᠭᠦᠳᠬᠦ᠌ ᠴᠢᠳᠠᠪᠤᠷᠢ ᠨᠢ ᠬᠦᠷᠢᠶᠡᠯᠡᠩ ᠲᠣᠭᠣᠷᠢᠭ᠎ᠤᠨ ᠬᠥᠭ᠌ᠵᠢᠯᠲᠡ᠎ᠶ᠋ᠢᠨ ᠬᠥᠳᠡᠯᠭᠡᠭ᠌ᠴᠢ ᠬᠦᠴᠦᠨ᠎ᠦ ᠢᠷᠡᠯᠲᠡ ᠪᠣᠯᠤᠭ᠍ᠰᠠᠨ ᠪᠠᠢᠨ᠎ᠠ᠃
ᠬᠦᠶ᠋ᠲᠡᠨ ᠵᠢᠡᠷ ᠬᠠᠳᠠᠭᠠᠯᠠᠵᠤ ᠵᠦᠭᠡᠭᠡᠪᠦᠷᠢᠯᠡᠬᠦ ᠪᠠᠷᠠᠭᠠᠨ᠎ᠤ ᠭᠦᠶ᠋ᠯᠭᠡᠭᠡ᠎ᠪᠡᠷ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ 《ᠡᠴᠦᠰ᠎ᠦᠨ ᠨᠢᠭᠡ ᠺᠢᠯᠣᠮᠧᠲ᠋ᠷ》 ᠢ᠋ ᠨᠡᠪᠲᠡᠷᠡᠭᠦᠯᠦᠨ᠎ᠡ
《ᠲᠥᠷᠥᠯ ᠵᠦᠶ᠋ᠯ᠎ᠢ ᠪᠡᠶᠡᠯᠡᠭᠦᠯᠦᠭᠰᠡᠨ᠎ᠤ ᠳᠠᠷᠠᠭ᠎ᠠ᠂ ᠪᠢᠳᠡ ᠲᠣᠰ ᠪᠡᠶ᠎ᠡ᠎ᠶ᠋ᠢᠨ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠳᠠᠪᠠᠭᠤᠯᠢᠭ ᠵᠢᠴᠢ ᠬᠠᠮᠢᠶᠠᠷᠤᠯᠲᠠ᠎ᠶ᠋ᠢᠨ ᠲᠤᠷᠱᠢᠯᠭ᠎ᠠ᠎ᠪᠠᠨ ᠠᠱᠢᠭ᠍ᠯᠠᠨ᠂ ᠣᠷᠣᠨ ᠪᠦᠰᠡ᠎ᠳᠦ ᠮᠢᠬᠠᠨ᠎ᠤ ᠲᠥᠷᠥᠯ᠂ ᠤᠰᠤᠨ ᠭᠠᠷᠤᠯᠲᠠ ᠵᠡᠷᠭᠡ ᠪᠥᠬᠥ᠌ ᠲᠥᠷᠥᠯ᠎ᠦᠨ ᠢᠳᠡᠭᠡᠨ᠎ᠦ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠲᠠᠪᠴᠠᠩ ᠬᠠᠩᠭᠠᠵᠤ᠂ ᠰᠦᠯᠵᠢᠶᠡᠨ ᠳᠡᠭᠡᠷᠡᠬᠢ ᠪᠠ ᠪᠤᠳᠠᠳᠤ ᠴᠤᠭᠴᠠ ᠵᠢᠨ ᠨᠢᠭᠡ ᠥᠷᠲᠡᠭᠡᠴᠢᠯᠡᠭᠰᠡᠨ ᠮᠠᠶᠢᠭ᠎ᠤᠨ ᠨᠢᠭᠡᠳᠦᠭᠡᠷ ᠳᠡᠰ᠎ᠤᠨ ᠲᠠᠷᠢᠶᠠᠯᠠᠩ᠎ᠤᠨ ᠪᠥᠭᠡᠮ᠎ᠢᠶᠡᠷ ᠬᠤᠳᠠᠯᠳᠤᠬᠤ ᠵᠠᠬ᠎ᠠ ᠳᠡᠯᠭᠡᠭᠦᠷ᠎ᠢ ᠪᠣᠶ ᠪᠣᠯᠭᠠᠵᠤ᠂ ᠲᠠᠷᠢᠶᠠᠯᠠᠩ᠎ᠤᠨ ᠪᠦᠲᠦᠭᠡᠭ᠌ᠳᠡᠬᠦᠨ᠎ᠦ ᠭᠦᠶ᠋ᠯᠭᠡᠭᠡᠨ᠎ᠦ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠦᠨ᠂ ᠢᠳᠡᠭᠡᠨ᠎ᠦ ᠮᠠᠲ᠋ᠧᠷᠢᠶᠠᠯ᠎ᠤᠨ ᠦᠨ᠎ᠡ ᠬᠠᠩᠰᠢ ᠪᠠ ᠭᠦᠶ᠋ᠯᠭᠡᠭᠡᠨ᠎ᠦ ᠥᠪᠡᠷ᠎ᠦᠨ ᠥᠷᠲᠡᠭ᠎ᠢ ᠪᠠᠭᠤᠷᠠᠭᠤᠯᠤᠨ᠎ᠠ》ᠭᠡᠵᠦ ᠬᠥᠬᠡᠬᠣᠲᠠ᠎ᠶ᠋ᠢᠨ ᠢᠦᠢᠴᠢᠤᠸᠠᠨ ᠲᠣᠭᠣᠷᠢᠭ᠎ᠤᠨ ᠮᠢᠩ ᠫᠢᠨ ᠹᠦ᠋ ᠣᠯᠠᠨ ᠤᠯᠤᠰ᠎ᠤᠨ ᠬᠦᠶ᠋ᠲᠡᠨ ᠵᠢᠡᠷ ᠬᠠᠳᠠᠭᠠᠯᠠᠵᠤ ᠵᠦᠭᠡᠭᠡᠪᠦᠷᠢᠯᠡᠬᠦ ᠪᠠᠷᠠᠭᠠᠨ᠎ᠤ ᠭᠦᠶ᠋ᠯᠭᠡᠭᠡᠨ᠎ᠦ ᠠᠵᠤ ᠦᠶ᠋ᠯᠡᠰ᠎ᠦᠨ ᠬᠦᠷᠢᠶᠡᠯᠡᠩ᠎ᠦᠨ ᠲᠥᠷᠥᠯ ᠵᠦᠶ᠋ᠯ᠎ᠦᠨ ᠬᠠᠷᠢᠭᠤᠴᠠᠯᠭᠠᠲᠠᠨ ᠢᠯᠡᠷᠬᠡᠢᠯᠡᠪᠡ᠃
ᠮᠢᠩ ᠫᠢᠨ ᠹᠦ᠋ ᠤᠯᠠᠨ ᠤᠯᠤᠰ᠎ᠤᠨ ᠬᠦᠢᠲᠡᠨ ᠵᠢᠡᠷ ᠬᠠᠳᠠᠭᠠᠯᠠᠵᠤ ᠵᠦᠭᠡᠭᠡᠪᠦᠷᠢᠯᠡᠬᠦ ᠪᠠᠷᠠᠭᠠᠨ᠎ᠤ ᠭᠦᠢᠯᠭᠡᠭᠡᠨ᠎ᠤ ᠠᠵᠤ ᠦᠢᠯᠡᠰ᠎ᠤᠨ ᠬᠦᠷᠢᠶᠡᠯᠡᠩ᠎ᠤᠨ 《ᠬᠡᠲᠦ ᠳᠤᠤᠷ᠎ᠠ ᠳᠤᠯᠠᠭᠠᠨ ᠵᠢᠡᠷ ᠰᠢᠨ᠎ᠡ ᠰᠣᠷᠭᠣᠭ᠎ᠢ ᠪᠠᠲᠤᠯᠠᠬᠤ ᠮᠡᠷᠭᠡᠵᠢᠯ》᠂ ᠦᠴᠦᠸᠠᠨ ᠱᠢᠶᠠᠨ᠎ᠤ 《ᠲᠥᠪ ᠲᠣᠭᠣᠭᠠᠨ ᠬᠡᠷ》᠂ ᠢᠯᠢ᠎ᠶ᠋ᠢᠨ ᠣᠲᠣ ᠦᠶ᠎ᠡ᠎ᠶ᠋ᠢᠨ ᠣᠶᠤᠨᠴᠢ ᠡᠷᠡᠭᠦᠯ ᠮᠡᠨᠳᠦ᠍᠎ᠶ᠋ᠢᠨ ᠬᠥᠨᠳᠡᠶ᠎ᠶ᠋ᠢᠨ 《ᠬᠦᠶ᠋ᠲᠡᠨ ᠬᠥᠮᠥᠷᠭᠡ》 ᠁ ᠬᠦᠶ᠋ᠲᠡᠨ ᠵᠢᠡᠷ ᠬᠠᠳᠠᠭᠠᠯᠠᠵᠤ ᠵᠦᠭᠡᠭᠡᠪᠦᠷᠢᠯᠡᠬᠦ ᠪᠠᠷᠠᠭᠠᠨ᠎ᠤ ᠭᠦᠶ᠋ᠯᠭᠡᠭᠡᠨ᠎ᠦ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ ᠪᠣᠯ ᠬᠥᠬᠡᠬᠣᠲᠠ᠎ᠶ᠋ᠢᠨ ᠣᠳᠣᠬᠢᠴᠢᠯᠠᠭ᠍ᠰᠠᠨ ᠪᠠᠷᠠᠭᠠᠨ᠎ᠤ ᠭᠦᠶ᠋ᠯᠭᠡᠭᠡ ᠳᠠᠢᠰᠢ ᠤᠷᠤᠭ᠍ᠰᠢᠯᠠᠬᠤ ᠴᠢᠬᠤᠯᠠ ᠨᠢᠭᠡ ᠠᠯᠬᠤᠮ ᠪᠤᠯᠤᠨ᠎ᠠ᠂ ᠨᠠᠩ ᠴᠤ᠌ ᠠᠷᠠᠳ ᠣᠯᠠᠨ ᠤ 《ᠬᠣᠯᠢᠱᠢᠨ ᠢᠳᠡᠭᠡᠨ》 ᠢ᠋ ᠰᠠᠬᠢᠨ ᠬᠠᠮᠠᠭᠠᠯᠠᠬᠤ ᠴᠢᠬᠤᠯᠠ ᠭᠠᠷᠳᠠᠴᠠ ᠪᠤᠯᠤᠨ᠎ᠠ᠃
ᠭᠤᠤᠯᠯᠠᠬᠤ ᠮᠡᠷᠭᠡᠵᠢᠯ᠎ᠦᠨ ᠪᠤᠭᠤᠮᠳᠠ ᠰᠢᠪᠳᠤᠯᠵᠤ ᠰᠢᠨᠵᠢᠯᠡᠬᠦ ᠤᠬᠠᠭᠠᠨ ᠲᠸᠭᠨᠢᠭ ᠮᠡᠷᠬᠡᠵᠢᠯ ᠤ᠋ᠨ ᠦᠷ᠎ᠡ ᠪᠦᠳᠦᠬᠡᠯ᠎ᠢ ᠪᠤᠳᠠᠳᠠᠢᠵᠢᠭᠤᠯᠤᠨ ᠬᠤᠪᠢᠷᠠᠭᠤᠯᠬᠤ ᠵᠢ ᠲᠦᠷᠬᠡᠳᠬᠡᠨ᠎ᠡ
ᠤᠯᠤᠰ᠎ᠤᠨ ᠰᠦ ᠵᠢᠨ ᠦᠢᠯᠡᠰ᠎ᠦᠨ ᠮᠡᠷᠭᠡᠵᠢᠯ᠎ᠦᠨ ᠰᠢᠨ᠎ᠡ᠎ᠶᠢ ᠡᠭᠦᠳᠬᠦ ᠲᠥᠪ ᠨᠢ ᠪᠥᠬᠥ ᠤᠯᠤᠰ᠎ᠤᠨ ᠰᠦ ᠵᠢᠨ ᠦᠢᠯᠡᠰ᠎ᠦᠨ ᠬᠦᠷᠢᠶᠡᠨ᠎ᠳᠡᠬᠢ ᠤᠯᠤᠰ᠎ᠤᠨ ᠲᠠᠰ᠎ᠤᠨ ᠰᠢᠨ᠎ᠡ᠎ᠶᠢ ᠡᠭᠦᠳᠬᠦ ᠲᠠᠪᠴᠠᠩ ᠪᠣᠯᠤᠭᠰᠠᠨ᠎ᠤ ᠬᠤᠪᠢ᠎ᠳᠤ ᠨᠢᠭᠡᠨᠲᠡ 120 ᠪᠦᠷᠢᠯᠳᠦᠭᠦᠨ ᠨᠢᠭᠡᠴᠢ ᠂ 10 ᠭᠠᠷᠤᠢ ᠠᠺᠠᠳᠧᠮᠢᠴᠢ ᠵᠢᠴᠢ 5000 ᠭᠠᠷᠤᠢ ᠬᠥᠮᠥᠨ᠎ᠦ ᠪᠥᠬᠥ ᠠᠵᠤ ᠦᠢᠯᠡᠰ᠎ᠦᠨ ᠬᠡᠯᠬᠢᠶ᠎ᠡ᠎ᠶᠢᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠡᠩᠨᠡᠭᠡ᠎ᠶᠢ ᠪᠦᠷᠢᠯᠳᠦᠬᠦᠯᠦᠭᠰᠡᠨ ᠪᠠᠢᠨ᠎ᠠ᠃
ᠲᠤᠰ ᠲᠥᠪ ᠠᠰᠢᠬᠳᠤ ᠪᠠᠺᠲᠧᠷᠢ᠎ᠶᠢᠨ ᠡᠩ᠎ᠦᠨ ᠳᠤᠯᠠᠭᠠᠨ ᠳ᠋ᠤ ᠠᠮᠢᠳᠤᠷᠠᠬᠤ ᠨᠣᠷᠮ᠎ᠠ᠎ᠶᠢ 1000 ᠲᠦᠮᠡᠨ ᠳᠠᠬᠢᠨ ᠳᠡᠭᠡᠭᠰᠢᠯᠡᠭᠦᠯᠵᠦ᠂ ᠴᠠᠷᠭᠠᠰᠤ᠎ᠶᠢᠨ ᠤᠭᠤᠷᠠᠭ᠎ᠤᠨ ᠠᠭᠤᠯᠤᠭᠳᠠᠴᠠ ᠵᠢ 21 % ᠳ᠋ᠸ᠋ ᠬᠦᠷᠭᠡᠭᠰᠡᠨ ᠵᠡᠷᠭᠡ ᠣᠯᠠᠨ ᠤᠯᠤᠰ᠎ᠤᠨ ᠲᠡᠷᠢᠭᠦᠨ᠎ᠦ ᠮᠡᠷᠭᠡᠵᠢᠯ᠎ᠢ ᠰᠢᠪᠲᠤᠯᠵᠤ ᠂ ᠰᠦ᠋ ᠵᠢᠨ ᠦᠢᠯᠡᠰ᠎ᠦᠨ ᠪᠥᠬᠥ ᠬᠡᠯᠬᠢᠶ᠎ᠡ᠎ᠳᠦ 《ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠭᠤᠤᠯᠯᠠᠬᠤ ᠬᠦᠴᠦᠨ》 ᠢ᠋ ᠨᠡᠮᠡᠷᠢᠯᠡᠪᠡ᠃
ᠡᠪᠡᠰᠦᠨ ᠦᠷ᠎ᠡ᠎ᠶᠢᠨ ᠦᠢᠯᠡᠰ᠎ᠦᠨ ᠬᠦᠷᠢᠶᠡᠨ᠎ᠳᠦ᠂ ᠬᠥᠬᠡᠬᠣᠲᠠ 《ᠨᠢᠭᠡ ᠮᠥᠬᠥᠯᠢᠭ ᠦᠷ᠎ᠡ》 ᠪᠠᠷ 《ᠨᠢᠭᠡ ᠬᠡᠰᠡᠭ ᠡᠪᠡᠰᠦ》 ᠵᠢ ᠲᠤᠭᠳᠠᠭᠠᠵᠤ᠂ ᠥᠪᠥᠷ ᠮᠣᠩᠭᠣᠯ᠎ᠤᠨ ᠤᠮᠠᠷᠠᠲᠤ ᠭᠡᠰᠡᠭ ᠲᠸ᠋ ᠲᠠᠭᠠᠭᠠᠮᠠᠭᠠᠢ ᠤᠷᠭᠤᠮᠠᠯ᠎ᠤᠨ ᠦᠷ᠎ᠡ ᠡᠳ᠋᠎ᠦᠨ ᠡᠬᠢ ᠪᠠᠶᠠᠯᠢᠭ᠋᠎ᠢ ᠬᠠᠮᠠᠭᠠᠯᠠᠬᠤ ᠪᠠ ᠠᠰᠢᠭ᠍ᠯᠠᠬᠤ ᠲᠥᠪ᠎ᠦᠨ ᠨᠤᠲᠤᠭ᠎ᠤᠨ ᠬᠥᠷᠥᠰᠥ ᠰᠢᠷᠣᠢ᠎ᠶᠢᠨ ᠦᠷ᠎ᠡ ᠡᠳ᠋᠎ᠦᠨ ᠡᠬᠢ ᠪᠠᠶᠠᠯᠢᠭ᠋᠎ᠤᠨ ᠬᠥᠮᠥᠷᠭᠡ᠎ᠶᠢ ᠪᠦᠲᠦᠭᠡᠨ ᠪᠠᠢᠭᠤᠯᠵᠤ᠂ ᠡᠪᠡᠰᠦᠨ ᠦᠷ᠎ᠡ᠂ ᠠᠮᠢ ᠠᠬᠤᠢ᠎ᠶᠢ ᠵᠠᠰᠠᠨ ᠰᠡᠷᠭᠦᠭᠡᠬᠦ ᠵᠡᠷᠭᠡ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠠᠮᠵᠢᠯᠲᠠ᠎ᠲᠠᠢ ᠬᠤᠪᠢᠷᠠᠭᠤᠯᠬᠤ᠎ᠶᠢ ᠠᠬᠢᠭᠤᠯᠵᠤ ᠪᠣᠶ᠃
ᠬᠥᠬᠡᠬᠣᠲᠠ᠎ᠶᠢᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠪᠦᠯᠬᠦᠮ ᠪᠣᠷᠣ᠌ ᠴᠠᠷᠭᠠᠰᠤ᠎ᠶᠢᠨ ᠵᠠᠩᠭᠢᠯᠠᠭ᠎ᠠ᠎ᠶᠢᠨ ᠮᠡᠷᠭᠡᠵᠢᠯ᠎ᠦᠨ ᠪᠣᠭᠣᠮᠢ᠎ᠶᠢ ᠠᠮᠵᠢᠯᠲᠠ᠎ᠲᠠᠢ ᠰᠢᠪᠲᠤᠯᠵᠤ᠂ ᠤᠷᠭᠠᠨᠢᠬ ᠹᠤᠰᠹᠢᠨ ᠤ᠋ ᠲᠦᠷᠦᠯ ᠤ᠋ᠨ ᠡᠪᠡᠰᠦ ᠠᠷᠢᠯᠭᠠᠬᠤ ᠰᠢᠩᠬᠡᠨ ᠳ᠋ᠸ᠋ ᠲᠡᠰᠪᠦᠷᠢᠳᠡᠢ ᠪᠣᠷᠣ᠌ ᠴᠠᠷᠭᠠᠰᠤ᠎ᠶᠢᠨ ᠰᠢᠨ᠎ᠡ ᠲᠦᠷᠦᠯ ᠵᠦᠢᠯ᠎ᠢ ᠡᠭᠦᠳᠦᠨ ᠪᠣᠢᠵᠢᠭᠤᠯᠵᠤ᠂ ᠡᠪᠡᠰᠦᠨ ᠦᠷ᠎ᠡ᠎ᠶᠢᠨ 《ᠪᠣᠭᠣᠮᠢ》 ᠵᠢᠨ ᠬᠦᠴᠢᠷ ᠠᠰᠠᠭᠤᠳᠠᠯ᠎ᠢ ᠬᠦᠴᠦᠯᠡᠨ ᠰᠢᠢᠳᠪᠦᠷᠢᠯᠡᠪᠡ᠃
《ᠪᠢᠳᠡ ᠨᠤᠳᠤᠭ ᠪᠡᠯᠴᠢᠭᠡᠷ ᠪᠠ ᠬᠥᠷᠥᠰᠥ ᠰᠢᠷᠣᠢ᠎ᠶᠢᠨ ᠮᠢᠺᠷᠣᠪ᠎ᠤᠨ ᠬᠠᠷᠢᠯᠴᠠᠨ ᠦᠢᠯᠡᠳᠦᠯᠴᠡᠬᠦ ᠬᠠᠷᠢᠴᠠᠭᠠᠡᠴᠨ ᠭᠠᠷᠳᠠᠵᠤ᠂ 〈ᠲᠣᠬᠢᠷᠠᠮᠵᠢᠲᠠᠢ ᠭᠠᠵᠠᠷᠲᠸ᠋ ᠲᠣᠬᠢᠷᠠᠬᠤ ᠲᠤᠬᠢᠷᠠᠮᠵᠢᠳᠠᠢ ᠪᠠᠺᠲᠧᠷᠢ〉 ᠵᠢᠨ ᠪᠣᠷᠳᠣᠭᠤᠷ᠎ᠢ ᠰᠤᠳᠤᠯᠤᠨ ᠭᠠᠷᠭᠠᠪᠠ》 ᠬᠡᠵᠦ ᠮᠧᠩ ᠼᠤᠤ ᠪᠦᠯᠦᠭᠯᠡᠯ᠎ᠦᠨ ᠲᠡᠵᠢᠭᠡᠯ ᠡᠪᠡᠰᠦᠨ᠎ᠦ ᠦᠷ᠎ᠡ ᠪᠣᠢᠵᠢᠭᠤᠯᠬᠤ ᠰᠤᠳᠤᠯᠭᠠᠨ᠎ᠤ ᠬᠦᠷᠢᠶᠡᠯᠡᠩ᠎ᠦᠨ ᠳᠠᠷᠤᠭ᠎ᠠ ᠵᠠᠩ ᠶᠤᠸᠠᠢ ᠬᠤᠸᠠ ᠲᠠᠨᠢᠯᠴᠠᠭᠤᠯᠤᠯ᠎ᠠ᠃
ᠬᠥᠬᠡᠬᠣᠲᠠ 《ᠲᠤᠩᠬᠠᠬ ᠨᠡᠢ᠌ᠳᠡᠯᠡᠨ ᠮᠠᠩᠯᠠᠢ᠌ᠯᠠᠬ᠍ᠴᠢ ᠡᠯᠰᠡᠬᠦ᠌》 ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠲᠥᠷᠥᠯ ᠵᠦᠢᠯ᠎ᠢ ᠢᠳᠡᠪᠬᠢᠲᠡᠢ ᠵᠣᠬᠢᠶᠠᠨ ᠪᠠᠢᠭᠤᠯᠵᠤ᠂ ᠰᠠᠭᠠᠯᠢ᠎ᠶᠢᠨ ᠦᠨᠢᠶᠡᠨ᠎ᠦ ᠪᠠᠭᠠᠰᠤ ᠰᠢᠬᠡᠰᠦ ᠵᠢ ᠡᠬᠢ ᠪᠠᠶᠠᠯᠢᠭ᠍ᠵᠢᠭᠤᠯᠤᠨ ᠥᠨᠳᠥᠷ ᠪᠦᠲᠦᠮᠵᠢᠲᠡᠶ ᠠᠰᠢᠭ᠍ᠯᠠᠬᠤ᠂ ᠬᠤᠵᠢᠷᠯᠢᠭ᠋ ᠭᠠᠵᠠᠷ᠎ᠢ ᠰᠠᠢᠵᠢᠷᠠᠭᠤᠯᠬᠤ ᠵᠡᠷᠭᠡ ᠲᠠᠯ᠎ᠠ᠎ᠪᠠᠷ ᠭᠣᠣᠯᠳᠠᠯᠭ᠎ᠠ᠎ᠲᠠᠢ ᠵᠠᠩᠭᠢᠯᠠᠭ᠎ᠠ᠎ᠶᠢᠨ ᠮᠡᠷᠭᠡᠵᠢᠯ᠎ᠦᠨ ᠪᠣᠭᠣᠮᠲᠠ ᠰᠢᠪᠲᠤᠯᠬᠤ ᠠᠵᠢᠯ᠎ᠢ ᠥᠷᠨᠢᠭᠦᠯᠵᠦ᠂ ᠣᠷᠣᠨ ᠪᠦᠰᠡ᠎ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠴᠢᠳᠠᠪᠤᠷᠢ᠎ᠶᠢ ᠳᠡᠭᠡᠭᠰᠢᠯᠡᠭᠦᠯᠪᠡ᠃ ᠠᠵᠤ ᠠᠬᠤᠢᠯᠠᠯ ᠬᠢᠭᠡᠳ ᠰᠢᠨᠵᠢᠯᠡᠬᠦ ᠤᠬᠠᠭᠠᠨ᠎ᠤ ᠰᠤᠳᠤᠯᠭᠠᠨ ᠤ᠋ ᠬᠦᠷᠢᠶᠡᠯᠡᠩ ᠭᠠᠵᠠᠷ᠂ ᠤᠯᠤᠰ᠎ᠤᠨ ᠳᠣᠲᠣᠭᠠᠳᠤ᠎ᠶᠢᠨ ᠨᠠᠷᠠᠲᠤ ᠶᠡᠬᠡ ᠳᠡᠭᠡᠳᠦ ᠰᠤᠷᠭᠠᠭᠤᠯᠢ ᠵᠢᠨ ᠲᠤᠰᠬᠠᠢ ᠮᠡᠷᠭᠡᠵᠢᠯᠲᠡᠨ ᠫᠷᠤᠹᠧᠰᠰᠤᠷ᠎ᠤᠨ ᠪᠦᠯᠬᠦᠮ ᠨᠡᠶ᠋ᠢᠲᠡ᠎ᠶᠢᠨ ᠰᠣᠯᠢᠯᠴᠠᠭᠠᠨ ᠤ ᠲᠠᠪᠴᠠᠩ᠎ᠢ ᠪᠠᠢᠭᠤᠯᠵᠤ᠂ ᠦᠢᠯᠡᠳᠪᠦᠷᠢᠯᠡᠯ ᠰᠤᠳᠤᠯᠭᠠᠨ ᠤ ᠬᠠᠮᠲᠤᠷᠠᠯᠴᠠᠭᠠᠨ᠎ᠤ ᠲᠥᠷᠥᠯ ᠵᠦᠢᠯ᠎ᠢ ᠡᠬᠦᠳᠴᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠪᠣᠳᠠᠲᠠᠢᠵᠢᠭᠤᠯᠤᠨ ᠤᠯᠠᠷᠢᠭᠤᠯᠬᠤ᠎ᠶᠢ ᠲᠦᠷᠬᠡᠳᠬᠡᠵᠦ ᠪᠤᠢ᠃
《ᠬᠡᠯᠬᠢᠶ᠎ᠠ ᠰᠡᠳᠬᠢᠬᠦᠢ》 ᠪᠡᠷ ᠠᠷᠠᠯᠵᠢᠶᠠᠴᠢᠨ ᠤᠷᠢᠵᠤ 《ᠦᠪᠦᠷ ᠮᠣᠩᠭᠣᠯ ᠨᠡᠷᠡᠮᠵᠢᠲᠦ》 ᠠᠯᠲᠠᠨ ᠱᠤᠰᠢᠭ᠎ᠠ ᠶ᠋ᠢ ᠬᠡᠷᠡᠯᠳᠦᠬᠦᠯᠦᠨᠠ
ᠮᠠᠯ ᠠᠵᠤ ᠠᠬᠤᠢ᠎ᠲᠠᠷᠢᠶᠠᠯᠠᠩ ᠤᠨ ᠠᠵᠤ ᠦᠢᠯᠡᠰ᠎ᠦᠨ ᠠᠷᠠᠯᠵᠢᠶᠠᠴᠢᠨ ᠤᠷᠢᠬᠤ᠎ᠳᠤ《ᠬᠡᠯᠬᠢᠶ᠎ᠠ ᠰᠡᠳᠭᠢᠬᠦᠢ》 ᠪᠡᠷ ᠤᠨᠤᠴᠠᠳᠠᠢ ᠬᠦᠴᠦᠯᠡᠵᠦ᠍᠂ ᠬᠥᠬᠡᠬᠣᠲᠠ ᠵᠢᠨ ᠬᠢᠨ ᠪᠡᠭᠡᠵᠢᠩ ᠲᠢᠶᠠᠨᠵᠢᠨ ᠾᠸᠪᠸᠢ᠂ ᠬᠥᠬᠡᠮᠥ᠋ᠷᠡᠨ᠎ᠦ ᠭᠤᠷᠪᠠᠯᠵᠢᠨ ᠬᠣᠢᠭ ᠵᠡᠷᠭᠡ ᠭᠣᠣᠯᠳᠠᠯᠭ᠎ᠠ᠎ᠲᠠᠶ ᠣᠷᠣᠨ ᠪᠦᠰᠡ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠪᠠᠢᠯᠳᠤᠬᠤ ᠪᠤᠳᠤᠯᠭ᠎ᠠ᠎ᠶ᠋ᠢᠨ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠂ ᠪᠣᠳᠠᠲᠤ ᠬᠦᠴᠦᠨ ᠲᠠᠢ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠂ ᠨᠡᠷᠡᠳᠤ ᠭᠠᠳᠠᠭᠠᠳᠤ᠎ᠶ᠋ᠢᠨ ᠠᠵᠤ ᠠᠬᠤᠢᠯᠠᠯᠵᠢᠡᠷ ᠭᠤᠤᠯᠳᠠᠭᠤᠯᠵᠤ᠂ ᠠᠵᠤ ᠦᠢᠯᠡᠰ᠎ᠦᠨ ᠬᠡᠯᠬᠢᠶ᠎ᠡ᠎ᠪᠡᠷ ᠠᠷᠠᠯᠵᠢᠶᠠᠴᠢᠨ ᠤᠷᠢᠬᠤ᠂ ᠲᠠᠭᠠᠭᠤᠯᠤᠭ᠍ᠴᠢ ᠠᠵᠤ ᠠᠬᠤᠢᠯᠠᠯ ᠠᠷᠠᠯᠵᠢᠶᠠᠴᠢᠨ ᠤᠷᠢᠬᠤ᠂ ᠪᠠᠭ᠎ᠠ ᠬᠤᠪᠢᠶᠠᠷᠢ ᠠᠩᠬᠢ ᠠᠷᠠᠯᠵᠢᠶᠠᠴᠢᠨ ᠤᠷᠢᠬᠤ᠂ ᠵᠠᠰᠠᠭ ᠠᠵᠤ ᠠᠬᠤᠢᠯᠠᠯ ᠬᠠᠮᠵᠢᠯᠴᠠᠨ ᠠᠷᠠᠯᠵᠢᠶᠠᠴᠢᠨ ᠤᠷᠢᠬᠤ᠂ ᠠᠷᠠᠯᠵᠢᠶᠠᠴᠢᠨ᠎ᠤ ᠨᠡᠢᠭᠡᠮᠯᠢᠭ ᠠᠷᠠᠯᠵᠢᠶᠠᠴᠢᠨ ᠤᠷᠢᠬᠤ᠎ᠶ᠋ᠢ ᠴᠢᠩᠭᠠᠳᠭᠠᠪᠠ᠃
ᠪᠡᠭᠡᠵᠢᠩ ᠥᠪᠥᠷ ᠮᠣᠩᠭᠣᠯ᠎ᠤᠨ ᠬᠠᠮᠳᠤᠷᠠᠯᠴᠠᠭᠠᠨ ᠤ᠋ ᠲᠣᠭ᠍ᠲᠠᠴᠠ᠎ᠳᠤ ᠲᠦᠱᠢᠭ᠌ᠯᠡᠨ ᠰᠦᠯᠵᠢᠶᠡᠨ ᠳᠡᠭᠡᠷ᠎ᠡ ᠪᠠ ᠪᠤᠳᠠᠳᠤ ᠴᠤᠭᠴᠠ ᠬᠣᠯᠪᠣᠭᠠᠯᠠᠨ ᠳᠡᠯᠭᠡᠨ ᠪᠣᠷᠣᠯᠠᠭᠤᠯᠬᠤ᠎ᠪᠠᠷ ᠳᠠᠮᠵᠢᠨ᠂ 《ᠠᠮᠤ ᠵᠢᠨ ᠰᠠᠡᠭ᠂ ᠮᠢᠬᠠᠨ᠎ᠤ ᠬᠥᠮᠥᠷᠭᠡ᠂ ᠰᠦ ᠵᠢᠨ ᠬᠦᠨᠦᠭ᠂ ᠨᠣᠯᠤᠭᠤᠸ᠋ᠷᠤᠨ ᠬᠣᠲᠠ》 ᠳᠥᠷᠪᠡᠨ ᠨᠡᠷ᠎ᠡ᠎ᠶ᠋ᠢᠨ ᠬᠠᠭᠤᠳᠠᠰᠤ᠎ᠶ᠋ᠢ ᠨᠡᠢᠰᠯᠡᠯ᠎ᠳᠦ ᠠᠯᠳᠠᠷᠱᠢᠭᠤᠯᠪᠠ᠃
ᠭᠠᠳᠠᠭᠠᠳᠤ ᠣᠷᠣᠭᠤᠯᠤᠯᠲᠠ᠎ᠶ᠋ᠢᠨ ᠦᠵᠡᠰᠭᠦᠯᠡᠩ᠎ᠦᠨ ᠴᠤᠭ᠍ᠯᠠᠭᠠᠨ᠂ ᠪᠤᠬᠢᠷᠳᠤᠯ ᠦᠭᠡᠢ ᠲᠠᠷᠢᠶᠠᠯᠠᠡᠭ ᠤ᠋ᠨ ᠦᠵᠡᠰᠭᠦᠯᠡᠩ᠎ᠦᠨ ᠴᠤᠭ᠍ᠯᠠᠭᠠᠨ ᠵᠡᠷᠭᠡ ᠣᠯᠠᠨ ᠤᠯᠤᠰ᠎ᠤᠨ ᠲᠠᠪᠴᠠᠩ᠎ᠢ ᠵᠡᠷᠭᠡ ᠪᠡᠷ ᠠᠱᠢᠭ᠍ᠯᠠᠨ᠂ ᠢᠯᠢ᠂ ᠲᠠᠯ᠎ᠠ ᠨᠤᠲᠤᠭ᠎ᠤᠨ ᠬᠤᠡᠭ ᠲᠠᠢ ᠶᠠᠡᠭ᠂ ᠮᠤᠨᠢ ᠠᠭᠤᠯᠠ᠎ᠶ᠋ᠢᠨ ᠶᠤᠸ᠋ᠮᠠᠶ ᠵᠡᠷᠭᠡ ᠨᠠᠷᠠᠲᠤ ᠲᠡᠮᠳᠡᠭ᠌ᠳᠦ ᠵᠢ ᠮᠸᠢ ᠲᠣᠸᠨᠨ᠂ ᠵᠢᠩ ᠳ᠋ᠦᠩ ᠵᠡᠷᠭᠡ ᠪᠤᠷᠤᠯᠠᠭᠤᠯᠭ᠎ᠠ ᠵᠢᠨ ᠠᠷᠠᠯᠵᠢᠶᠠᠴᠢᠨ᠎ᠲᠠᠶ ᠭᠦᠨᠵᠡᠭᠡᠶ ᠵᠣᠯᠭᠠᠭᠤᠯᠬᠤ᠎ᠶ᠋ᠢ ᠠᠬᠢᠭᠤᠯᠵᠤ᠂ 《ᠥᠪᠥᠷ ᠮᠣᠩᠭᠣᠯ ᠨᠡᠷᠡᠮᠵᠢᠲᠦ》 ᠲᠦᠷᠦᠯ ᠲᠡᠮᠳᠡᠭ ᠵᠢᠡᠷ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠵᠠᠬ᠎ᠠ ᠳᠡᠯᠭᠡᠭᠦᠷ᠎ᠦᠨ ᠱᠢᠨ᠎ᠡ ᠣᠷᠣᠨ ᠵᠠᠶ᠎ᠶ᠋ᠢ ᠨᠡᠭᠡᠭᠡᠪᠡ᠃
2024 ᠣᠨ᠎ᠤ 11 ᠰᠠᠷ᠎ᠠ᠎ᠳᠤ᠂ ᠳᠣᠯᠣᠳᠤᠭᠠᠷ ᠬᠤᠭᠤᠴᠠᠭᠠᠨ᠎ᠤ ᠭᠠᠳᠠᠭᠠᠳᠤ ᠡᠴᠡ ᠤᠷᠤᠭᠤᠯᠬᠤ ᠦᠵᠡᠰᠭᠦᠯᠡᠩ᠎ᠦᠨ ᠴᠤᠭ᠍ᠯᠠᠭᠠᠨ ᠳᠡᠭᠡᠷ᠎ᠡ᠂ ᠢᠯᠢ ᠶᠡᠬᠡ ᠲᠡᠯᠡᠶ᠎ᠶ᠋ᠢᠨ ᠲᠢᠪ᠎ᠦᠨ ᠰᠦ ᠵᠢᠨ ᠦᠶ᠋ᠯᠡᠰ ᠢ ᠳᠠᠭᠠᠭᠤᠯᠤᠨ ᠦᠵᠡᠰᠭᠦᠯᠡᠩ ᠳᠦ ᠣᠷᠣᠯᠴᠠᠵᠤ᠂ ᠣᠯᠠᠨ ᠵᠦᠶ᠋ᠯ᠎ᠦᠨ ᠴᠢᠨᠠᠷ ᠰᠠᠢᠲᠠᠶ ᠦᠶ᠋ᠯᠡᠳᠬᠦᠨ ᠢ ᠳᠡᠯᠭᠡᠨ ᠦᠵᠡᠬᠦᠯᠵᠡᠢ᠃
ᠢᠯᠢ ᠪᠦᠯᠦᠭ᠌ᠯᠡᠯ᠎ᠦᠨ ᠳᠡᠳ᠋ ᠶᠡᠷᠦᠩᠬᠡᠢ ᠵᠠᠬᠢᠷᠤᠭ᠍ᠴᠢ ᠱᠢᠤᠢ ᠺᠸ ᠤᠷᠢᠯᠭ᠎ᠠ᠎ᠪᠠᠷ ᠤᠯᠤᠰ᠎ᠤᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠢ ᠲᠣᠪᠴᠢᠢ᠎ᠠ᠎ᠠᠴᠠ ᠭᠣᠣᠯᠯᠠᠨ ᠡᠷᠬᠢᠯᠡᠭ᠌ᠰᠡᠨ ᠠᠷᠪᠠᠨ ᠳᠣᠯᠣᠳᠤᠭᠠᠷ ᠬᠤᠭᠤᠴᠠᠭᠠᠨ ᠤ 《ᠨᠢᠭᠡ ᠪᠦᠰᠡ ᠨᠢᠭᠡ ᠵᠠᠮ》 ᠤ᠋ᠨ ᠠᠮᠢ ᠠᠬᠤᠢ᠎ᠶ᠋ᠢᠨ ᠲᠠᠷᠢᠶᠠᠯᠠᠩ ᠪᠠ ᠢᠳᠡᠭᠡᠨ᠎ᠦ ᠠᠮᠤᠷ ᠲᠦᠪᠱᠢᠨ᠎ᠦ ᠶᠠᠷᠢᠶᠠᠨ᠎ᠤ ᠲᠠᠪᠴᠠᠩ᠎ᠳᠤ ᠣᠷᠣᠯᠴᠠᠪᠠ᠂ ᠲᠡᠷᠡ᠄《ᠢᠯᠢ ᠳᠡᠯᠡᠬᠡᠢᠴᠢᠯᠡᠬᠦ ᠵᠢᠠᠵᠤ ᠠᠬᠤᠢᠯᠠᠯ᠎ᠤᠨ ᠬᠥᠭ᠌ᠵᠢᠯᠲᠡ᠎ᠶ᠋ᠢᠨ ᠴᠢᠬᠤᠯᠠ ᠪᠠᠢᠯᠳᠤᠬᠤ ᠪᠤᠳᠤᠯᠭ᠎ᠠ᠎ᠪᠠᠷ ᠦᠵᠡᠵᠦ᠍᠂ ᠪᠦᠬᠦ᠌ ᠪᠥᠮᠪᠥᠷᠴᠡᠭ᠎ᠦᠨ ᠴᠢᠨᠠᠷ ᠰᠠᠢᠲᠠᠢ ᠡᠬᠢ ᠪᠠᠶᠠᠯᠢᠭ ᠢ ᠳᠠᠰᠤᠷᠠᠯᠳᠠ ᠦᠭᠡᠢ ᠨᠡᠢᠳᠭᠡᠵᠦ᠍᠂ ᠰᠦ᠎ᠶ᠋ᠢᠨ ᠦᠢᠯᠡᠰ᠎ᠦᠨ ᠱᠢᠨ᠎ᠡ ᠴᠢᠨᠠᠷ ᠤ᠋ᠨ ᠦᠢᠯᠡᠳᠪᠦᠷᠢᠯᠡᠯ᠎ᠦᠨ ᠬᠦᠴᠦᠨ᠎ᠦ ᠪᠦᠷᠢᠯᠳᠦᠬᠦ᠌᠎ᠶ᠋ᠢ ᠲᠦᠷᠭᠡᠳᠭᠡᠵᠦ᠍᠂ ᠨᠡᠩ ᠥᠨᠳᠥᠷ ᠴᠢᠨᠠᠷ ᠴᠢᠨᠰᠠᠭ᠎ᠠ᠎ᠲᠠᠶ ᠦᠢᠯᠡᠳᠬᠦᠨ ᠪᠠ ᠦᠢᠯᠡᠴᠢᠯᠡᠭᠡ᠎ᠪᠡᠷ ᠬᠡᠷᠡᠭ᠌ᠯᠡᠭ᠌ᠴᠢᠳ᠎ᠲᠦ ᠠᠴᠢ ᠲᠤᠰᠠ ᠬᠦᠷᠲᠡᠭᠡᠨ᠎ᠠ》 ᠭᠡᠵᠦ ᠬᠡᠯᠡᠪᠡ᠃
ᠣᠢᠷ᠎ᠠ᠎ᠶ᠋ᠢᠨ ᠵᠢᠯ ᠳ᠋ᠤ᠂ ᠬᠥᠬᠡᠬᠣᠲᠠ ᠲᠣᠰ ᠭᠠᠵᠠᠷ ᠤᠨ ᠲᠠᠷᠢᠶᠠᠯᠠᠩ᠎ᠤᠨ ᠪᠦᠲᠦᠭᠡᠭ᠌ᠳᠡᠬᠦᠨ᠎ᠦ ᠨᠡᠷ᠎ᠡ ᠠᠯᠳᠠᠷ᠎ᠢᠶᠠᠨ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠲᠣᠰ ᠭᠠᠵᠠᠷ᠎ᠤᠨ ᠴᠢᠨᠠᠷ ᠰᠠᠢᠲᠠᠶ ᠪᠦᠲᠦᠭᠡᠭ᠌ᠳᠡᠬᠦᠨ᠎ᠦ 《ᠭᠠᠳᠠᠭ᠍ᠰᠢ ᠭᠠᠷᠬᠤ》 ᠶ᠋ᠢ ᠠᠬᠢᠭᠤᠯᠵᠤ᠂ ᠤᠯᠤᠰ᠎ᠤᠨ ᠳᠣᠲᠣᠭᠠᠳᠤ ᠭᠠᠳᠠᠭᠠᠳᠤ ᠶ᠋ᠢᠨ ᠵᠠᠬ᠎ᠠ ᠳᠡᠯᠭᠡᠭᠦᠷ ᠢ ᠥᠷᠭᠡᠳᠭᠡᠵᠦ᠍᠂ ᠲᠠᠷᠢᠶᠠᠯᠠᠩ᠎ᠤᠨ ᠪᠦᠲᠦᠭᠡᠭ᠌ᠳᠡᠬᠦᠨ᠎ᠦ ᠨᠠᠷᠠᠲᠤ ᠲᠡᠮᠳᠡᠭ᠎ᠢ ᠠᠯᠳᠠᠷᠱᠢᠭᠤᠯᠤᠭ᠍ᠰᠠᠨ ᠪᠠᠢᠨ᠎ᠠ᠃
2025 ᠣᠨ᠎ᠳᠤ᠂ ᠬᠥᠬᠡᠬᠣᠲᠠ ᠵᠢᠨ ᠰᠦ ᠵᠢᠨ ᠦᠶ᠋ᠯᠡᠰ᠂ ᠡᠪᠡᠰᠦᠨ ᠦᠷ᠎ᠡ᠎ᠶ᠋ᠢᠨ ᠦᠶ᠋ᠯᠡᠰ ᠢᠶᠡᠷ ᠳᠠᠭᠠᠭᠤᠯᠤᠭ᠍ᠴᠢ ᠪᠣᠯᠭᠠᠭ᠍ᠰᠠᠨ ᠪᠣᠬᠢᠷᠲᠤᠯ ᠥᠬᠡᠶ ᠮᠠᠯ ᠤᠨ ᠠᠱᠢᠭ ᠱᠢᠮ᠎ᠡ ᠲᠠᠷᠢᠶᠠᠯᠠᠩ ᠤᠨ ᠪᠦᠲᠦᠭᠡᠭ᠌ᠳᠡᠬᠦᠨ᠎ᠢ ᠡᠳ᠋ᠱᠢᠭᠦᠯᠬᠦ᠌ ᠠᠵᠤ ᠦᠶ᠋ᠯᠡᠰ ᠦᠨ ᠪᠦᠯᠦᠭ᠌ᠵᠢᠯ ᠦᠨ ᠬᠥᠭ᠌ᠵᠢᠯᠲᠡ᠎ᠶ᠋ᠢᠨ ᠢᠷᠡᠭᠡᠳᠦᠶ ᠬᠡᠭᠡᠨ ᠰᠠᠷᠠᠭᠤᠯ ᠪᠤᠯᠵᠠᠢ᠃
111 ᠭᠣᠣᠯᠳᠠᠯᠭ᠎ᠠ᠎ᠲᠠᠶ ᠲᠦᠷᠦᠯ ᠵᠦᠢᠯ ᠬᠦᠴᠦᠨ ᠴᠢᠳᠠᠯ᠎ᠢᠶᠠᠨ ᠬᠤᠷᠠᠮᠳᠤᠭᠤᠯᠵᠤ᠂ 257 ᠳ᠋ᠦᠩᠱᠢᠭᠤᠷ ᠲᠥᠭᠥᠷᠢᠭ᠎ᠦᠨ ᠪᠡᠯᠡ ᠣᠷᠣᠭᠤᠯᠤᠯᠲᠠ᠎ᠳᠤ ᠠᠵᠤ ᠦᠢᠯᠡᠰ᠎ᠦᠨ ᠬᠡᠯᠬᠢᠶ᠎ᠡ ᠣᠷᠣᠭᠤᠯᠵᠤ᠂ ᠦᠢᠯᠡᠳᠬᠦᠨ᠎ᠦ ᠦᠷᠳᠡᠭ ᠨᠢ 500 ᠳ᠋ᠦᠩᠱᠢᠭᠤᠷ ᠲᠥᠭᠥᠷᠢᠭ᠎ᠲᠦ ᠬᠦᠷᠦᠭ᠌ᠰᠡᠨ ᠨᠡᠮᠡᠭ᠌ᠳᠡᠯ᠎ᠦᠨ ᠵᠢᠷᠤᠭ ᠲᠥᠰᠦᠪ ᠲᠣᠳᠣᠷᠬᠠᠢ ᠬᠠᠷᠠᠭ᠍ᠳᠠᠵᠤ ᠪᠠᠢᠨ᠎ᠠ᠃
ᠪᠥᠬᠥ᠌ ᠳᠡᠯᠡᠬᠡᠶ᠎ᠶ᠋ᠢᠨ ᠲᠡᠷᠢᠭᠦᠨ᠎ᠦ 5G ᠰᠦ ᠵᠢᠨ ᠦᠶ᠋ᠯᠡᠰ᠎ᠦᠨ ᠰᠠᠭᠤᠷᠢᠨ᠎ᠠᠴᠠ ᠤᠯᠤᠰ᠎ᠤᠨ ᠡᠪᠡᠰᠦᠨ᠎ᠦ ᠦᠶ᠋ᠯᠡᠰ᠎ᠦᠨ ᠮᠡᠷᠭᠡᠵᠢᠯ᠎ᠦᠨ ᠱᠢᠨ᠎ᠡ ᠶ᠋ᠢ ᠡᠭᠦᠳᠬᠦ᠌ ᠲᠥᠪ ᠬᠦᠷᠲᠡᠯ᠎ᠡ᠂ ᠡᠩᠬᠦᠷᠡᠢ ᠠᠮᠢᠲᠠᠨ᠎ᠤ ᠸᠠᠺᠼᠢᠨ ᠡᠴᠡ ᠲᠣᠭᠠᠴᠢᠯᠠᠭ᠍ᠰᠠᠨ ᠤᠶᠤᠨᠴᠢ ᠮᠠᠯᠵᠢᠯ᠎ᠤᠨ ᠲᠠᠯᠠᠪᠠᠶ ᠬᠦᠷᠲᠡᠯ᠎ᠡ᠂ ᠡᠨᠡ ᠬᠦ᠌ 《ᠳᠡᠯᠡᠬᠡᠶ᠎ᠶ᠋ᠢᠨ ᠰᠦ ᠵᠢᠨ ᠦᠶ᠋ᠯᠡᠰ᠎ᠦᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠣᠲᠠ》 ᠨᠢ ᠶᠠᠭ ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠦᠨ ᠬᠦᠴᠦᠨ᠎ᠢᠶᠡᠷ ᠪᠢᠷ ᠪᠡᠭᠡᠰ ᠪᠣᠯᠭᠠᠵᠤ᠂ 《ᠳᠤᠮᠳᠠᠳᠤ ᠤᠯᠤᠰ᠎ᠤᠨ ᠰᠦ ᠵᠢᠨ ᠬᠦᠨᠦᠭ》 — ᠬᠦᠬᠡᠬᠤᠳᠠ᠎ᠶ᠋ᠢᠨ ᠴᠣ ᠱᠢᠨ᠎ᠡ ᠬᠠᠭᠤᠳᠠᠰᠤ᠎ᠶ᠋ᠢ ᠪᠢᠴᠢᠭ᠌ᠯᠡᠨ᠎ᠠ᠃