《ᠸᠠᠩ ᠠᠪᠠᠭ᠎ᠠ ᠰᠦᠯᠵᠢᠶᠡᠨ ᠳᠡᠭᠡᠷ᠎ᠡ᠎ᠡᠴᠡ ᠬᠤᠳᠠᠯᠳᠤᠨ ᠠᠪᠤᠭ᠍ᠰᠠᠨ ᠡᠷᠡᠭᠦᠯᠵᠢᠯ᠎ᠦᠨ ᠡᠳ᠋᠎ᠢ ᠢᠳᠡᠭᠡᠳ ᠪᠡᠶ᠎ᠡ᠎ᠨᠢ ᠡᠪ ᠦᠭᠡᠢ ᠪᠤᠯᠪᠠ᠂ ᠴᠢᠨᠡᠷ ᠮᠠᠭᠤ ᠬᠠᠭᠤᠷᠮᠠᠭ ᠪᠠᠷᠠᠭ᠎ᠠ ᠪᠠᠢᠯᠭᠦᠢ ᠭᠡᠵᠦ᠍ ᠰᠡᠵᠢᠭ᠌ᠯᠡᠵᠦ᠍ ᠪᠠᠢᠨ᠎ᠠ᠂ ᠭᠡᠪᠡᠴᠤ ᠪᠠᠷᠠᠭ᠎ᠠ ᠬᠤᠳᠠᠯᠳᠤᠬᠰᠠᠨ ᠬᠤᠳᠠᠯᠳᠤᠭᠠᠴᠢᠨ ᠲᠠᠢ ᠬᠠᠷᠢᠯᠴᠠᠵᠤ ᠲᠡᠢᠯᠬᠦ ᠦᠬᠡᠢ ᠪᠤᠯᠵᠠᠢ》᠃ ᠣᠢᠷ᠎ᠠ᠎ᠳᠤ᠂ ᠬᠥᠬᠡᠬᠣᠲᠠ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ᠎ᠶ᠋ᠢᠨ ᠬᠣᠲᠣᠩ ᠠᠷᠠᠳ᠎ᠤᠨ ᠲᠣᠭᠣᠷᠢᠭ᠎ᠤᠨ ᠬᠤᠪᠢᠶᠠᠷᠢ ᠲᠣᠪᠴᠢᠶ᠎ᠠ᠎ᠶ᠋ᠢᠨ ᠵᠥᠩ ᠱᠠᠨ ᠪᠠᠷᠠᠭᠤᠨ ᠵᠠᠮ᠎ᠤᠨ ᠲᠣᠮᠢᠯᠠᠭ᠍ᠰᠠᠨ ᠰᠠᠯᠪᠤᠷᠢ᠎ᠶ᠋ᠢᠨ ᠬᠠᠷᠢᠶ᠎ᠠ ᠣᠷᠣᠨ᠎ᠳᠤ ᠨᠠᠰᠤᠲᠠᠢᠴᠤᠳ᠎ᠢ ᠮᠡᠬᠡᠯᠡᠭ᠌ᠰᠡᠨ ᠨᠢᠬᠡᠨ ᠬᠡᠷᠡᠭ ᠭᠠᠷᠴᠠᠶ᠃ ᠲᠣᠮᠢᠯᠠᠭ᠍ᠰᠠᠨ ᠰᠠᠯᠪᠤᠷᠢ ᠨᠢ ᠡᠷᠡᠭᠦᠦ᠍᠎ᠶ᠋ᠢᠨ ᠬᠡᠷᠡᠭ᠎ᠢ ᠲᠠᠩᠨᠠᠨ ᠪᠠᠢᠴᠠᠭᠠᠬᠤ ᠰᠠᠯᠠᠭ᠎ᠠ ᠮᠥᠴᠢᠷ᠎ᠲᠡᠶ ᠬᠠᠮᠲᠤᠷᠠᠨ ᠲᠤᠰᠭᠠᠶ ᠬᠡᠷᠡᠭ᠎ᠦᠨ ᠳᠤᠭᠤᠢᠯᠠᠩ ᠪᠠᠢᠭᠤᠯᠵᠤ ᠵᠢᠭ᠍ᠰᠠᠭᠠᠨ ᠪᠠᠢᠴᠠᠭᠠᠬᠤ᠎ᠪᠠᠷ ᠳᠡᠮᠵᠢᠨ ᠶᠠᠯ᠎ᠠ ᠵᠢᠨ ᠰᠡᠵᠢᠭ᠌ᠳᠡᠨ᠎ᠢ ᠪᠠᠷᠢᠪᠴᠢᠯᠠᠵᠤ᠂ ᠨᠠᠰᠤᠳᠠᠢᠴᠤᠳ᠎ᠤᠨ ᠮᠡᠬᠡᠯᠡᠭ᠌ᠳᠡᠭ᠌ᠰᠡᠨ ᠪᠠᠯᠠ ᠮᠥᠩᠭᠥ᠎ᠶ᠋ᠢ ᠨᠢ ᠪᠦᠬᠦᠨ᠎ᠢ ᠨᠡᠬᠡᠮᠵᠢᠯᠡᠨ ᠠᠪᠴᠤ ᠦᠭᠴᠡᠢ᠃
ᠬᠡᠷᠡᠭ᠎ᠢ ᠢᠯᠡᠷᠡᠭᠦᠯᠦᠭ᠌ᠰᠡᠨᠦ ᠳᠠᠷᠠᠭ᠎ᠠ᠂ ᠠᠷᠠᠳ᠎ᠤᠨ ᠴᠠᠭ᠍ᠳᠠᠭ᠎ᠠ ᠨᠡᠢᠭᠡᠮ ᠲᠣᠭᠣᠷᠢᠭ᠎ᠤᠨ ᠲᠤᠤᠷᠵᠢᠯᠳᠠ ᠵᠢᠨ ᠠᠵᠢᠯᠲᠠᠨ᠂ ᠰᠠᠭᠤᠭᠠᠯᠢ ᠠᠷᠠᠳ᠎ᠤᠨ ᠵᠥᠪᠯᠡᠯ᠎ᠦᠨ ᠠᠵᠢᠯᠲᠠᠨ᠎ᠲᠠᠶ ᠬᠣᠯᠪᠣᠭᠠᠯᠠᠨ᠂ ᠬᠠᠷᠢᠶ᠎ᠠ ᠣᠷᠣᠨ᠎ᠤ ᠨᠠᠰᠤ ᠠᠬᠢᠬᠰᠠᠨ ᠰᠠᠭᠤᠭᠠᠯᠢ ᠠᠷᠠᠳ᠎ᠢ ᠵᠣᠬᠢᠶᠠᠨ ᠪᠠᠢᠭᠤᠯᠵᠤ ᠮᠡᠬᠡᠯᠡᠯ᠎ᠢ ᠡᠰᠡᠷᠭᠦᠴᠡᠬᠦ᠌ ᠤᠬᠠᠭᠤᠯᠤᠨ ᠲᠠᠢᠯᠪᠤᠷᠢᠯᠠᠬᠤ ᠬᠤᠷᠠᠯ ᠡᠷᠭᠢᠯᠡᠪᠡ᠃ ᠠᠷᠠᠳ᠎ᠤᠨ ᠴᠠᠭ᠍ᠳᠠᠭ᠎ᠠ ᠦᠨᠡᠨ ᠪᠣᠳᠠᠲᠠᠶ ᠬᠡᠷᠡᠭ᠎ᠦᠨ ᠵᠢᠱ᠌ᠢᠶ᠎ᠡ᠎ᠪᠡᠷ ᠳᠠᠮᠵᠢᠨ᠂ 《ᠬᠤᠳᠠᠯ ᠬᠠᠭᠤᠷᠮᠠᠭ᠎ᠢᠶᠠᠷ ᠪᠠᠯᠠ ᠣᠷᠣᠭᠤᠯᠤᠨ ᠡᠳ᠋᠎ᠠᠬᠤᠢᠯᠠᠬᠤ》᠂ 《ᠲᠠᠨᠢᠯ ᠬᠥᠮᠦᠨ᠎ᠢᠶᠡᠷ ᠣᠪᠯᠠᠨ ᠵᠣᠭᠣᠰ ᠵᠢᠭᠡᠯᠡᠬᠦ᠌》᠂ 《ᠡᠷᠡᠭᠦᠯᠵᠢᠯ᠎ᠦᠨ ᠡᠳ᠋᠎ᠢᠶᠡᠷ ᠮᠡᠬᠡᠯᠡᠬᠦ᠌》 ᠵᠡᠷᠭᠡ ᠪᠠᠢᠩᠭᠤ ᠲᠣᠬᠢᠶᠠᠯᠳᠤᠳᠠᠭ ᠮᠡᠭᠡᠯᠡᠯᠤ᠋ᠨ᠌ ᠠᠷᠭ᠎ᠠ ᠪᠠᠷᠢᠯ᠎ᠢ ᠨᠠᠷᠢᠨ ᠲᠠᠢᠯᠪᠤᠷᠢᠯᠠᠵᠤ᠂ ᠨᠠᠰᠤᠲᠠᠢᠴᠤᠳ᠎ᠲᠤ ᠲᠠᠨᠢᠯ ᠪᠤᠰᠤ ᠰᠦᠯᠵᠢᠶᠡᠨ ᠬᠠᠶᠢᠭᠢ᠋ ᠳᠤᠷ᠎ᠠ᠎ᠪᠠᠷ᠎ᠢᠶᠠᠨ ᠢᠳᠡᠬᠡᠵᠤ ᠪᠣᠯᠬᠤ ᠥᠬᠡᠶ᠂ ᠰᠡᠵᠢᠭ᠌ᠯᠡᠯᠲᠡᠶ ᠪᠠᠢᠳᠠᠯ ᠲᠤᠬᠢᠶᠠᠯᠳᠤᠪᠠᠯ ᠴᠠᠭ ᠲᠤᠬᠠᠶ᠎ᠳᠤᠨᠢ ᠨᠡᠢᠭᠡᠮ ᠲᠣᠭᠣᠷᠢᠭ᠎ᠤᠨ ᠠᠷᠠᠳ᠎ᠤᠨ ᠴᠠᠭ᠍ᠳᠠᠭ᠎ᠠ᠎ᠲᠠᠶ ᠬᠠᠷᠢᠯᠴᠠᠬᠤ ᠬᠡᠷᠡᠭ᠌ᠲᠡᠶ ᠭᠡᠵᠦ᠍ ᠰᠠᠨᠠᠭᠤᠯᠪᠠ᠃
ᠣᠯᠠᠨ ᠲᠦᠮᠡᠨ᠎ᠦ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠢᠭ᠎ᠠ ᠠᠰᠠᠭᠤᠳᠠᠯ᠎ᠢ ᠦᠨᠡᠨ ᠬᠦ᠌ ᠱᠢᠶ᠋ᠳᠪᠦᠷᠢᠯᠡᠬᠦ᠌᠎ᠶ᠋ᠢᠨ ᠲᠥᠯᠥᠭᠡ᠂ ᠵᠥᠩ ᠱᠠᠨ ᠪᠠᠷᠠᠭᠤᠨ ᠵᠠᠮ᠎ᠤᠨ ᠲᠣᠮᠢᠯᠠᠭ᠍ᠰᠠᠨ ᠰᠠᠯᠪᠤᠷᠢ᠎ᠶ᠋ᠢᠨ ᠬᠢᠨ 《ᠴᠠᠭ᠍ᠳᠠᠭᠠᠨ ᠤ᠋ ᠶᠠᠪᠤᠳᠠᠯ ᠤ᠋ᠨ ᠲᠤᠤᠷᠵᠢᠯ + ᠲᠤᠤᠷᠵᠢᠯ》 ᠭᠦᠨᠵᠡᠭᠡᠶ ᠠᠭᠤᠰᠤᠯᠴᠠᠬᠰᠠᠨ ᠠᠵᠢᠯ᠎ᠤᠨ ᠵᠠᠭ᠍ᠪᠤᠷ᠎ᠢ ᠪᠠᠷᠢᠮᠲᠠᠯᠠᠵᠤ᠂ ᠡᠨᠡ ᠵᠢᠯ᠎ᠡᠴᠡ ᠨᠠᠭᠠᠰᠢ ᠨᠡᠢᠲᠡ 528 ᠵᠥᠷᠢᠴᠡᠯ ᠵᠠᠭᠤᠷᠠᠯᠳᠤᠭᠠᠨ᠎ᠢ ᠱᠢᠶ᠋ᠳᠪᠦᠷᠢᠯᠡᠵᠦ᠍᠂ ᠣᠯᠠᠨ ᠲᠦᠮᠡᠨ᠎ᠦ ᠪᠣᠳᠠᠲᠠᠶ ᠬᠦᠴᠢᠷᠳᠡᠯ᠎ᠢ 700 ᠭᠠᠷᠤᠶ ᠱᠢᠶ᠋ᠳᠪᠦᠷᠢᠯᠡᠵᠦ᠍᠂ ᠲᠣᠮᠢᠯᠠᠭ᠍ᠰᠠᠨ ᠰᠠᠯᠪᠤᠷᠢ᠎ᠶ᠋ᠢᠨ ᠦᠶ᠋ᠯᠡᠴᠢᠯᠡᠭᠡ᠎ᠶ᠋ᠢ ᠦᠨᠡᠨ ᠬᠦ᠌ ᠣᠯᠠᠨ ᠲᠦᠮᠡᠨ᠎ᠦ ᠡᠭᠦᠳᠡᠨ᠎ᠳᠦ ᠬᠦᠷᠭᠡᠵᠦ᠍᠂ ᠬᠠᠷᠢᠶ᠎ᠠ ᠣᠷᠣᠨ᠎ᠤ ᠣᠯᠠᠨ ᠲᠦᠮᠡᠨ᠎ᠦ ᠠᠮᠤᠷ ᠲᠦᠪᠱᠢᠨ᠎ᠦ ᠲᠥᠷᠥᠭ᠌ᠳᠡᠯ ᠪᠠ ᠬᠠᠨᠤᠮᠵᠢᠲᠠᠢ ᠪᠠᠢᠬᠤ ᠬᠡᠮᠵᠢᠶ᠎ᠡ᠎ᠶ᠋ᠢ ᠳᠡᠭᠡᠭ᠌ᠰᠢᠯᠡᠭᠦᠯᠪᠡ᠃
ᠡᠨᠡ ᠪᠣᠯ ᠬᠥᠬᠡᠬᠣᠲᠠ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ᠎ᠶ᠋ᠢᠨ ᠦᠨᠳᠦᠰᠦᠨ ᠱᠠᠲᠤᠨ᠎ᠤ ᠴᠠᠭ᠍ᠳᠠᠭᠠᠨ᠎ᠤ ᠶᠠᠪᠤᠳᠠᠯ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠠᠮᠤᠷ ᠲᠦᠪᠱᠢᠨ᠎ᠢ ᠠᠬᠢᠭᠤᠯᠤᠭ᠍ᠰᠠᠨ ᠠᠮᠢᠳᠤᠯᠢᠭ ᠬᠤᠷᠢᠶᠠᠩᠭᠤᠶ ᠳᠦᠷᠰᠦ ᠪᠣᠯᠤᠨ᠎ᠠ᠃ ᠣᠢᠷ᠎ᠠ᠎ᠶ᠋ᠢᠨ ᠵᠢᠯ᠎ᠦᠳ᠎ᠲᠦ᠂ ᠲᠣᠰ ᠲᠣᠪᠴᠢᠶ᠎ᠠ 《ᠬᠣᠶᠠᠷ ᠠᠩᠬᠢ ᠨᠢᠭᠡ ᠲᠠᠰᠤᠭ》 ᠤ᠋ᠨ ᠴᠠᠭ᠍ᠳᠠᠭᠠᠨ᠎ᠤ ᠶᠠᠪᠤᠳᠠᠯ᠎ᠤᠨ ᠲᠣᠭ᠍ᠲᠠᠴᠠ᠎ᠶ᠋ᠢᠨ ᠥᠭᠡᠷᠡᠴᠢᠯᠡᠯᠲᠡ᠎ᠪᠡᠷ ᠭᠠᠷᠳᠠᠴᠠ ᠪᠣᠯᠭᠠᠵᠤ᠂ ᠴᠠᠭ᠍ᠳᠠᠭᠠᠨ᠎ᠤ ᠬᠦᠴᠦᠨ᠎ᠢ ᠳᠣᠷᠣᠭ᠍ᠰᠢ ᠪᠠᠭᠤᠯᠭᠠᠬᠤ᠂ ᠦᠶ᠋ᠯᠡᠴᠢᠯᠡᠭᠡ᠎ᠶ᠋ᠢ ᠡᠮᠦᠨᠡᠰᠢᠯᠡᠬᠦᠯᠬᠦ᠌ᠶ᠋ᠢ ᠠᠬᠢᠭᠤᠯᠵᠤ᠂ 《ᠴᠠᠭ᠍ᠳᠠᠭᠠᠨ ᠤ᠋ ᠶᠠᠪᠤᠳᠠᠯ ᠤ᠋ᠨ ᠲᠤᠤᠷᠵᠢᠯ + ᠲᠤᠤᠷᠵᠢᠯ + ᠠᠯᠪᠠᠨ ᠵᠢᠷᠦᠮ᠎ᠤᠨ ᠴᠠᠭ᠍ᠳᠠᠭ᠎ᠠ》 ᠶ᠋ᠢᠨ ᠣᠯᠠᠨ ᠡᠱᠢᠲᠦ ᠬᠠᠮᠲᠤ᠎ᠪᠠᠷ ᠵᠠᠰᠠᠬᠤ ᠱᠢᠰᠲ᠋ᠧᠮ᠎ᠢ ᠪᠥᠬᠥ᠌ ᠬᠦᠴᠦᠨ᠎ᠢᠶᠡᠷ᠎ᠢᠶᠡᠨ ᠪᠠᠢᠭᠤᠯᠪᠠ᠃
2024 ᠣᠨ᠎ᠳᠤ᠂ ᠬᠥᠬᠡᠬᠣᠲᠠ ᠨᠡᠢᠭᠡᠮ ᠲᠣᠭᠣᠷᠢᠭ᠎ᠤᠨ ᠴᠠᠭ᠍ᠳᠠᠭᠠᠨ᠎ᠤ ᠶᠠᠪᠤᠳᠠᠯ᠎ᠤᠨ ᠲᠠᠰᠤᠭ᠎ᠢ 854 ᠪᠠᠢᠭᠤᠯᠵᠤ᠂ 《ᠶᠢᠰᠦᠨ ᠵᠦᠶ᠋ᠯ᠎ᠦᠨ ᠬᠦᠴᠦᠨ (ᠣᠨᠴᠠ ᠲᠦᠷᠦᠯ᠎ᠤᠨ ᠴᠠᠭ᠍ᠳᠠᠭ᠎ᠠ᠂ ᠵᠠᠮ ᠬᠠᠷᠢᠯᠴᠠᠭᠠᠨ᠎ᠤ ᠴᠠᠭ᠍ᠳᠠᠭ᠎ᠠ᠂ ᠲᠣᠮᠢᠯᠠᠭ᠍ᠰᠠᠨ ᠰᠠᠯᠪᠤᠷᠢ᠎ᠶ᠋ᠢᠨ ᠠᠷᠠᠳ᠎ᠤᠨ ᠴᠠᠭ᠍ᠳᠠᠭ᠎ᠠ᠂ ᠴᠠᠭᠳᠠᠭᠠᠨ᠎ᠤ ᠶᠠᠪᠤᠳᠠᠯ᠎ᠤᠨ ᠠᠭᠠᠷ᠎ᠤᠨ ᠠᠶᠠᠯᠠᠯ᠎ᠤᠨ ᠠᠷᠠᠳ᠎ᠤᠨ ᠴᠠᠭ᠍ᠳᠠᠭ᠎ᠠ᠂ ᠲᠡᠮᠦᠷ ᠵᠠᠮ᠎ᠤᠨ ᠨᠡᠢᠲᠡ᠎ᠶ᠋ᠢᠨ ᠵᠠᠮ ᠬᠠᠷᠢᠯᠴᠠᠭᠠᠨ᠎ᠤ ᠴᠠᠭ᠍ᠳᠠᠭ᠎ᠠ᠂ ᠵᠡᠪᠰᠡᠭ᠌ᠲᠦ ᠴᠠᠭ᠍ᠳᠠᠭ᠎ᠠ᠂ ᠲᠡᠮᠦᠷ ᠵᠠᠮ᠎ᠤᠨ ᠳᠣᠲᠣᠭᠠᠳᠤ᠎ᠶ᠋ᠢ ᠬᠠᠮᠠᠭᠠᠯᠠᠬᠤ᠂ ᠨᠢᠰᠭᠡᠯ᠎ᠦᠨ ᠪᠠᠭᠤᠳᠠᠯ᠎ᠤᠨ ᠳᠣᠲᠣᠭᠠᠳᠤ᠎ᠶ᠋ᠢ ᠬᠠᠮᠠᠭᠠᠯᠠᠬᠤ ᠵᠢᠴᠢ ᠨᠡᠢᠭᠡᠮ᠎ᠦᠨ ᠣᠯᠠᠨ᠎ᠢᠶᠠᠷ᠎ᠢᠶᠠᠨ ᠰᠡᠷᠭᠡᠢᠯᠡᠵᠦ᠍ ᠣᠯᠠᠨ᠎ᠢᠶᠠᠷ᠎ᠢᠶᠠᠨ ᠵᠠᠰᠠᠬᠤ ᠬᠦᠴᠦᠨ)᠎ᠤ᠋ ᠬᠣᠯᠪᠣᠭᠠᠯᠠᠨ ᠬᠥᠳᠡᠯᠦᠯᠴᠡᠵᠦ᠍ ᠲᠣᠭᠣᠷᠢᠨ ᠰᠡᠷᠭᠡᠢᠯᠡᠬᠦ᠌》 ᠱᠢᠰᠲ᠋ᠧᠮ᠎ᠳᠦ ᠲᠦᠱᠢᠭ᠌ᠯᠡᠨ ᠨᠡᠢᠲᠡ 21.9 ᠲᠦᠮᠡᠨ ᠤᠳᠠᠭ᠎ᠠ᠎ᠶ᠋ᠢᠨ ᠬᠡᠷᠡᠭ᠎ᠢ ᠭᠥᠯᠢᠶᠡᠨ ᠠᠪᠴᠤ᠌ ᠱᠢᠶ᠋ᠳᠪᠦᠷᠢᠯᠡᠨ᠂ ᠭᠤᠤᠯᠳᠠᠯᠭ᠎ᠠ᠎ᠲᠠᠶ ᠭᠠᠵᠠᠷ ᠵᠢᠡᠷ ᠲᠣᠭᠣᠷᠢᠨ ᠪᠠᠢᠴᠠᠭᠠᠬᠰᠠᠨ ᠨᠢ 14.2 ᠲᠦᠮᠡᠨ ᠤᠳᠠᠭ᠎ᠠ ᠳ᠋ᠤ ᠬᠦᠷᠴᠤ᠂ ᠬᠡᠷᠡᠭ ᠡᠭᠦᠰᠦᠭ᠌ᠰᠡᠨ ᠨᠣᠷᠮ᠎ᠠ ᠲᠡᠭᠡᠷ᠎ᠡ ᠵᠢᠯ ᠤ᠋ᠨ ᠠᠳᠠᠯᠢ ᠬᠤᠭᠤᠴᠠᠭᠠᠨ᠎ᠤ᠎ᠬᠢ᠎ᠡᠴᠡ 39.8% ᠪᠠᠷ ᠪᠠᠭᠤᠷᠠᠪᠠ᠃ 《ᠬᠣᠶᠠᠷ ᠠᠩᠬᠢ ᠨᠢᠭᠡ ᠲᠠᠰᠤᠭ》 ᠤ᠋ᠨ ᠴᠠᠭ᠍ᠳᠠᠭᠠᠨ᠎ᠤ ᠶᠠᠪᠤᠳᠠᠯ᠎ᠤᠨ ᠲᠣᠭ᠍ᠲᠠᠴᠠ᠎ᠶ᠋ᠢᠨ ᠥᠭᠡᠷᠡᠴᠢᠯᠡᠯᠲᠡ᠎ᠶ᠋ᠢ ᠠᠬᠢᠭᠤᠯᠵᠤ᠂ 48 ᠲᠣᠮᠢᠯᠠᠭ᠍ᠰᠠᠨ ᠰᠠᠯᠪᠤᠷᠢ᠎ᠶ᠋ᠢᠨ 《ᠶᠡᠷᠦᠩᠬᠡᠢᠯᠡᠭ᠌ᠰᠡᠨ ᠵᠢᠯᠣᠭᠣᠳᠭᠤ ᠲᠠᠰᠤᠭ + ᠬᠡᠷᠡᠭ ᠱᠢᠶ᠋ᠳᠪᠦᠷᠢᠯᠡᠬᠦ᠌ ᠠᠩᠭᠢ + ᠨᠡᠢᠭᠡᠮ ᠲᠣᠭᠣᠷᠢᠭ᠎ᠤᠨ ᠴᠠᠭ᠍ᠳᠠᠭᠠᠨ᠎ᠤ ᠶᠠᠪᠤᠳᠠᠯ᠎ᠤᠨ ᠠᠩᠭᠢ》 ᠶ᠋ᠢᠨ ᠥᠨᠳᠥᠷ ᠪᠦᠲᠦᠮᠵᠢᠲᠡᠶ ᠠᠵᠢᠯᠯᠠᠭ᠎ᠠ᠎ᠨᠢ ᠪᠡᠶᠡᠯᠡᠭᠦᠯᠵᠦ᠍᠂ ᠴᠠᠭ᠍ᠳᠠᠭᠠᠨ᠎ᠤ ᠶᠠᠪᠤᠳᠠᠯ᠎ᠤᠨ ᠠᠵᠢᠯ᠎ᠤᠨ ᠬᠦᠴᠦᠨ ᠴᠢᠳᠠᠪᠤᠷᠢ᠎ᠶ᠋ᠢ ᠦᠷᠭᠦᠯᠵᠢᠯᠡᠨ ᠳᠡᠭᠡᠭ᠌ᠰᠢᠯᠡᠭᠦᠯᠪᠡ᠃
ᠬᠥᠬᠡᠬᠣᠲᠠ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ ᠪᠠᠰᠠ 《ᠲᠦᠮᠡᠨ ᠴᠠᠭ᠍ᠳᠠᠭ᠎ᠠ ᠲᠦᠮᠡᠨ ᠡᠷᠦᠬᠡ᠎ᠳᠦ ᠣᠷᠣᠬᠤ》 ᠲᠤᠰᠭᠠᠶ ᠠᠵᠢᠯᠯᠠᠭ᠎ᠠ ᠥᠷᠨᠢᠭᠦᠯᠵᠦ᠍᠂ 5.6 ᠲᠦᠮᠡ ᠭᠠᠷᠤᠶ ᠵᠥᠷᠢᠴᠡᠯ ᠵᠠᠭᠤᠷᠠᠯᠳᠤᠭᠠᠨ᠎ᠢ ᠱᠢᠶ᠋ᠳᠪᠦᠷᠢᠯᠡᠪᠡ᠃ ᠡᠭᠦᠨ᠎ᠦ ᠬᠠᠮᠲᠤ᠂ ᠬᠥᠬᠡᠬᠣᠲᠠ᠎ᠶ᠋ᠢᠨ ᠠᠯᠪᠠᠨ ᠵᠢᠷᠤᠮ᠎ᠤᠨ ᠴᠠᠭ᠍ᠳᠠᠭ᠎ᠠ᠎ᠶ᠋ᠢᠨ ᠣᠯᠠᠨ᠎ᠢᠶᠠᠷ᠎ᠢᠶᠠᠨ ᠰᠡᠷᠭᠡᠢᠯᠡᠵᠦ᠍ ᠣᠯᠠᠨ᠎ᠢᠶᠠᠷ᠎ᠢᠶᠠᠨ ᠵᠠᠰᠠᠬᠤ ᠵᠢᠭ᠍ᠰᠠᠭᠠᠯ᠎ᠤᠨ ᠭᠠᠵᠠᠷ᠎ᠢ ᠪᠠᠢᠭᠤᠯᠵᠤ᠂ ᠪᠥᠬᠥ᠌ ᠬᠣᠲᠠ᠎ᠶ᠋ᠢᠨ 3.2 ᠲᠦᠮᠡᠨ ᠠᠯᠪᠠᠨ ᠵᠢᠷᠤᠮ᠎ᠤᠨ ᠴᠠᠭ᠍ᠳᠠᠭ᠎ᠠ ᠠᠮᠤᠷ᠎ᠢ ᠬᠠᠮᠠᠭᠠᠯᠠᠬᠤ ᠲᠣᠭᠣᠷᠢᠨ ᠴᠠᠭ᠍ᠳᠠᠬᠤ᠂ ᠮᠡᠬᠡᠯᠡᠯ᠎ᠢ ᠡᠰᠡᠷᠭᠦᠴᠡᠬᠦ᠌ ᠤᠬᠠᠭᠤᠯᠭ᠎ᠠ᠎ᠳᠤ ᠣᠷᠣᠯᠴᠠᠵᠤ᠂ ᠪᠥᠬᠥ᠌ ᠵᠢᠯ᠎ᠳᠦ ᠣᠯᠠᠨ ᠲᠦᠮᠡᠨ᠎ᠳᠦ ᠮᠢᠩᠭ᠎ᠠ ᠭᠠᠷᠤᠶ ᠲᠦᠮᠡᠨ ᠬᠥᠮᠦᠨ ᠤᠳᠠᠭ᠎ᠠ ᠦᠶ᠋ᠯᠡᠴᠢᠯᠡᠪᠡ᠃
ᠱᠢᠨ᠎ᠡ ᠬᠤᠳᠠ ᠲᠣᠭᠣᠷᠢᠭ᠎ᠤᠨ ᠲᠡᠷᠭᠡᠨ ᠥᠷᠲᠡᠭᠡ ᠵᠢᠨ ᠵᠡᠭᠦᠨ ᠵᠡᠭᠡᠯᠢ᠎ᠳᠦ᠂ ᠬᠥᠬᠡᠬᠣᠲᠠ᠎ᠶ᠋ᠢᠨ ᠨᠢᠭᠡᠨ ᠰᠠᠯᠠᠭ᠎ᠠ ᠣᠨᠴᠠᠭᠠᠢ ᠠᠯᠪᠠᠨ ᠵᠢᠷᠤᠮ᠎ᠤᠨ ᠴᠠᠭ᠍ᠳᠠᠭ᠎ᠠ᠎ᠶ᠋ᠢᠨ ᠡᠩᠨᠡᠭᠡ — 46 ᠨᠡᠷ᠎ᠡ 《ᠲᠡᠷᠭᠡᠨ ᠥᠷᠲᠡᠭᠡ ᠵᠢᠨ ᠵᠡᠭᠦᠨ ᠵᠡᠭᠡᠯᠢ᠎ᠵᠢᠨ ᠡᠵᠢ》 ᠤᠯᠠᠭᠠᠨ ᠡᠯᠢᠭᠡᠪᠴᠢ ᠡᠮᠦᠰᠴᠤ᠂ ᠬᠠᠨᠴᠤᠢ᠎ᠳᠠᠭᠠᠨ ᠤᠯᠠᠭᠠᠨ ᠲᠡᠮᠳᠡᠭ ᠵᠡᠭᠦᠵᠦ᠍᠂ ᠡᠳᠦᠷ ᠪᠦᠷᠢ ᠠᠷᠠᠳ᠎ᠤᠨ ᠴᠠᠭ᠍ᠳᠠᠭ᠎ᠠ᠂ ᠲᠣᠣᠷᠵᠢᠯᠳᠠ ᠵᠢᠨ ᠬᠠᠮᠢᠶᠠᠷᠤᠯᠳᠠ ᠵᠢᠨ ᠠᠵᠢᠯᠳᠠᠨ᠎ᠲᠠᠶ ᠬᠠᠮᠲᠤᠷᠠᠨ ᠲᠣᠭᠣᠷᠢᠨ ᠴᠠᠭ᠍ᠳᠠᠵᠤ᠂ ᠵᠠᠭᠤᠷᠠᠯᠳᠤᠭᠠᠨ᠎ᠢ ᠡᠶᠡᠳᠡᠭᠦᠯᠵᠦ᠍᠂ ᠮᠡᠬᠡᠯᠡᠯ᠎ᠢ ᠰᠡᠷᠭᠡᠢᠯᠡᠬᠦ ᠶ᠋ᠢ ᠤᠬᠠᠭᠤᠯᠵᠤ᠂ ᠭᠡᠮ ᠰᠣᠭᠣᠭ᠎ᠢ ᠪᠠᠢᠴᠠᠭᠠᠳᠠᠭ᠃ 《ᠥᠩᠭᠡᠷᠡᠭ᠌ᠰᠡᠨ᠎ᠳᠦ ᠰᠠᠭᠤᠭᠠᠯᠢ ᠠᠷᠠᠳ᠎ᠤᠨ ᠲᠣᠭᠣᠷᠢᠭ᠎ᠲᠤ ᠢᠯᠡ ᠪᠡᠷ ᠴᠠᠬᠢᠯᠭᠠᠨ ᠤᠲᠠᠰᠤ ᠲᠠᠳᠠᠵᠤ ᠴᠠᠬᠢᠯᠭᠠᠨ ᠴᠡᠨᠡᠭ᠌ᠯᠡᠬᠦ᠌᠂ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ᠎ᠶ᠋ᠢ ᠳᠤᠷ᠎ᠠ᠎ᠪᠠᠷ᠎ᠢᠶᠠᠨ ᠵᠣᠭ᠍ᠰᠣᠭᠠᠬᠤ ᠵᠡᠷᠭᠡ ᠠᠰᠠᠭᠤᠳᠠᠯ ᠣᠷᠣᠱᠢᠵᠤ ᠪᠠᠢᠪᠠ᠂ ᠤᠳᠤ 〈ᠲᠡᠷᠭᠡᠨ ᠥᠷᠲᠡᠭᠡ ᠵᠢᠨ ᠵᠡᠭᠦᠨ ᠵᠡᠭᠡᠯᠢ᠎ᠵᠢᠨ ᠡᠵᠢ〉 ᠡᠳᠦᠷ ᠪᠦᠷᠢ ᠲᠣᠭᠣᠷᠢᠨ ᠴᠠᠭ᠍ᠳᠠᠵᠤ ᠪᠤᠢ᠂ ᠡᠳᠡᠭᠡᠷ ᠡᠮᠬᠢ ᠵᠠᠮᠪᠠᠷᠠᠭ᠎ᠠ ᠦᠭᠡᠢ ᠪᠠᠢᠳᠠᠯ ᠨᠢᠭᠡᠨᠳᠡ ᠠᠯᠠᠭ᠎ᠠ ᠪᠣᠯᠵᠠᠢ》 ᠭᠡᠵᠦ᠍ ᠨᠡᠢᠭᠡᠮ ᠲᠣᠭᠣᠷᠢᠭ᠎ᠤᠨ ᠰᠠᠭᠤᠭᠠᠯᠢ ᠠᠷᠠᠳ ᠯᠢ ᠠᠪᠠᠬᠠᠶ ᠬᠡᠯᠡᠪᠡ᠃ 2024 ᠣᠨ᠎ᠳᠤ᠂ 《ᠲᠡᠷᠭᠡᠨ ᠥᠷᠲᠡᠭᠡ ᠵᠢᠨ ᠵᠡᠭᠦᠨ ᠵᠡᠭᠡᠯᠢ᠎ᠵᠢᠨ ᠡᠵᠢ》 ᠴᠠᠭ᠍ᠳᠠᠭᠠᠨ᠎ᠤ ᠲᠠᠯ᠎ᠠ᠎ᠶ᠋ᠢᠨ᠎ᠬᠢᠨ᠎ᠢ ᠬᠠᠮᠵᠢᠨ 32 ᠤᠳᠠᠭ᠎ᠠ ᠵᠢᠨ ᠵᠥᠷᠢᠴᠡᠯ ᠵᠠᠭᠤᠷᠠᠯᠳᠤᠭᠠᠨ᠎ᠢ ᠱᠢᠶ᠋ᠳᠪᠦᠷᠢᠯᠡᠵᠦ᠍᠂ 17 ᠠᠮᠤᠷ ᠲᠦᠪᠱᠢᠨ᠎ᠦ ᠬᠡᠮ ᠰᠤᠭᠤᠭ᠎ᠢ ᠢᠯᠡᠷᠡᠭᠦᠯᠵᠦ᠍᠂ ᠬᠠᠷᠢᠶ᠎ᠠ ᠣᠷᠣᠨ᠎ᠤ ᠬᠤᠯᠠᠭᠠᠢᠯᠠᠭ᠍ᠰᠠᠨ ᠬᠡᠷᠡᠭ ᠠᠳᠠᠯᠢ ᠬᠤᠭᠤᠴᠠᠭᠠᠨ᠎ᠤ ᠬᠢ᠎ᠡᠴᠡ 40% ᠪᠠᠷ ᠪᠠᠭᠤᠷᠠᠵᠤ᠂ ᠰᠠᠭᠤᠭᠠᠯᠢ ᠠᠷᠠᠳ᠎ᠲᠤ 《ᠬᠡᠷ᠎ᠦᠨ ᠡᠭᠦᠳᠡᠨ᠎ᠳᠡᠬᠢ ᠰᠠᠬᠢᠨ ᠬᠠᠮᠠᠭᠠᠯᠠᠭ᠍ᠴᠢ》 ᠬᠡᠮᠡᠭ᠌ᠳᠡᠪᠡ᠃
《ᠪᠢ ᠵᠢᠯᠤᠭᠤᠳᠤᠯᠭ᠎ᠠ᠎ᠶ᠋ᠢ ᠰᠣᠨᠣᠰᠴᠤ᠌᠂ ᠵᠣᠷᠢᠭ᠍ᠲᠠᠢ᠎ᠪᠠᠷ ᠬᠠᠷᠢᠭᠤᠴᠠᠯᠭ᠎ᠠ ᠡᠭᠦᠷᠭᠡᠯᠡᠵᠦ᠍᠂ ᠤᠷᠬᠢᠯᠤᠮ᠎ᠠ ᠬᠠᠯᠠᠭᠤᠨ ᠰᠡᠳᠬᠢᠯᠬᠡ᠎ᠪᠠᠷ ᠠᠯᠪᠠᠨ ᠵᠢᠷᠤᠮ᠎ᠤᠨ ᠴᠠᠭ᠍ᠳᠠᠭ᠎ᠠ᠎ᠶ᠋ᠢᠨ ᠡᠭᠦᠷᠭᠡ ᠬᠠᠷᠢᠭᠤᠴᠠᠯᠭ᠎ᠠ᠎ᠶ᠋ᠢ ᠦᠢᠯᠡᠳᠦᠯᠭᠡᠵᠢᠭᠦᠯᠵᠦ᠍᠂ ᠦᠢᠯᠡ ᠠᠵᠢᠯᠯᠠᠭ᠎ᠠ᠎ᠪᠠᠷ᠎ᠢᠶᠠᠨ ᠣᠷᠣᠨ᠎ᠤ ᠲᠥᠪ᠎ᠦᠨ ᠠᠮᠤᠷ ᠲᠣᠭ᠍ᠲᠠᠭᠤᠨ᠎ᠢ ᠰᠠᠬᠢᠨ ᠬᠠᠮᠠᠭᠠᠯᠠᠨ᠎ᠠ ᠁》 ᠲᠦᠷᠦᠭᠦᠬᠡᠨ᠂ ᠰᠠᠢᠬᠠᠨ ᠲᠣᠭᠣᠷᠢᠭ᠎ᠤᠨ ᠳᠣᠲᠣᠭᠠᠳᠤ᠎ᠶ᠋ᠢ ᠬᠠᠮᠠᠭᠠᠯᠠᠬᠤ ᠬᠤᠪᠢᠶᠠᠷᠢ ᠲᠣᠪᠴᠢᠢ᠎ᠠ᠎ᠠᠴᠠ ᠡᠷᠬᠢᠯᠡᠭ᠌ᠰᠡᠨ ᠬᠥᠬᠡᠬᠣᠲᠠ᠎ᠶ᠋ᠢᠨ ᠠᠯᠪᠠᠨ ᠵᠢᠷᠤᠮ᠎ᠤᠨ ᠴᠠᠭ᠍ᠳᠠᠭ᠎ᠠ ᠪᠤᠯᠬᠤ ᠶᠣᠰᠣᠯᠠᠯ ᠳᠡᠭᠡᠷ᠎ᠡ᠂ ᠠᠯᠪᠠᠨ ᠵᠢᠷᠤᠮ᠎ᠤᠨ ᠰᠢᠨ᠎ᠡ ᠴᠠᠭ᠍ᠳᠠᠭ᠎ᠠ᠎ᠨᠠᠷ ᠲᠥᠪ ᠴᠢᠩᠭ᠎ᠠ᠎ᠪᠠᠷ ᠲᠠᠩᠭᠠᠷᠢᠭ᠍ᠯᠠᠪᠠ᠃ ᠬᠥᠬᠡᠬᠣᠲᠠ᠎ᠶ᠋ᠢᠨ ᠠᠯᠪᠠᠨ ᠵᠢᠷᠤᠮ᠎ᠤᠨ ᠴᠠᠭ᠍ᠳᠠᠭ᠎ᠠ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠶ᠋ᠢᠨ ᠲᠥᠯᠥᠭᠡ᠂ ᠰᠠᠢᠬᠠᠨ ᠲᠣᠭᠣᠷᠢᠭ᠎ᠤᠨ ᠳᠣᠲᠣᠭᠠᠳᠤ᠎ᠶ᠋ᠢ ᠬᠠᠮᠠᠭᠠᠯᠠᠬᠤ ᠬᠤᠪᠢᠶᠠᠷᠢ ᠲᠣᠪᠴᠢᠶ᠎ᠠ ᠲᠣᠭ᠍ᠲᠠᠮᠠᠯ ᠬᠤᠭᠤᠴᠠᠭ᠎ᠠ᠎ᠲᠠᠶ᠎ᠪᠠᠷ ᠬᠥᠬᠡᠬᠣᠲᠠ᠎ᠶ᠋ᠢᠨ ᠠᠯᠪᠠᠨ ᠵᠢᠷᠤᠮ᠎ᠤᠨ ᠴᠠᠭ᠍ᠳᠠᠭ᠎ᠠ᠎ᠶ᠋ᠢ ᠵᠣᠬᠢᠶᠠᠨ ᠪᠠᠢᠭᠤᠯᠵᠤ ᠪᠠᠴᠢᠮ ᠪᠠᠢᠳᠠᠯ᠎ᠢ ᠠᠷᠭᠠᠴᠠᠭᠠᠨ ᠭᠡᠨᠡᠳᠲᠡ᠎ᠶ᠋ᠢᠨ ᠬᠡᠷᠡᠭ᠎ᠢ ᠱᠢᠶ᠋ᠳᠪᠦᠷᠢᠯᠡᠬᠦ᠌᠂ ᠮᠡᠬᠡᠯᠡᠯ᠎ᠢ ᠰᠡᠷᠭᠡᠢᠯᠡᠬᠦ ᠤᠬᠠᠭᠤᠯᠭ᠎ᠠ ᠪᠣᠯᠪᠠᠰᠤᠷᠠᠯ ᠥᠷᠨᠢᠭᠦᠯᠵᠦ᠍᠂ ᠬᠥᠬᠡᠬᠣᠲᠠ᠎ᠶ᠋ᠢᠨ ᠠᠯᠪᠠᠨ ᠵᠢᠷᠤᠮ᠎ᠤᠨ ᠴᠠᠭ᠍ᠳᠠᠭ᠎ᠠ᠎ᠶ᠋ᠢᠨ ᠲᠤᠬᠠᠢᠯᠠᠭ᠍ᠰᠠᠨ ᠠᠵᠢᠯ᠎ᠤᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌᠎ᠶ᠋ᠢᠨ ᠬᠠᠮᠲᠤ 《ᠠᠮᠤᠷ ᠲᠤᠭᠲᠠᠭᠤᠨ᠎ᠤ ᠬᠠᠮᠲᠤᠷᠠᠨ ᠠᠵᠢᠯᠯᠠᠭ᠍ᠴᠢ》 ᠶ᠋ᠢᠨ ᠲᠣᠭ᠍ᠲᠠᠴᠠ᠎ᠶ᠋ᠢ ᠡᠭᠦᠳᠦᠨ ᠲᠤᠬᠢᠷᠠᠭᠤᠯᠵᠤ᠂ ᠠᠵᠤ ᠠᠬᠤᠢᠯᠠᠯ ᠠᠵᠢᠯ ᠦᠶ᠋ᠯᠡᠰ᠎ᠦᠨ ᠨᠢᠭᠡᠴᠢ᠂ ᠬᠤᠳᠠᠯᠳᠤᠭᠠᠨ᠎ᠤ ᠳᠡᠯᠭᠡᠭᠦᠷ᠂ ᠠᠳᠠᠯ ᠠᠬᠤᠶ ᠵᠢᠨ ᠬᠠᠮᠢᠶᠠᠷᠤᠯᠳᠠ᠂ ᠰᠣᠷᠣᠭ᠍ᠴᠢ᠂ ᠰᠠᠭᠤᠭᠠᠯᠢ ᠠᠷᠠᠳ ᠵᠡᠷᠭᠡ᠎ᠵᠢᠨ ᠣᠯᠠᠨ ᠡᠱᠢᠲᠦ ᠣᠷᠣᠯᠴᠠᠬᠤ ᠠᠷᠭ᠎ᠠ ᠵᠠᠮ᠎ᠢ ᠨᠡᠪᠲᠡᠷᠡᠭᠦᠯᠪᠡ᠃ ᠣᠳᠣᠬᠠᠨ ᠪᠣᠯᠲᠠᠯ᠎ᠠ᠂ ᠲᠣᠰ ᠬᠤᠪᠢᠶᠠᠷᠢ ᠲᠣᠪᠴᠢᠶ᠎ᠠ᠎ᠶ᠋ᠢᠨ ᠬᠥᠬᠡᠬᠣᠲᠠ᠎ᠶ᠋ᠢᠨ ᠠᠯᠪᠠᠨ ᠵᠢᠷᠤᠮ᠎ᠤᠨ ᠴᠠᠭ᠍ᠳᠠᠭᠠᠨ᠎ᠤ ᠡᠩᠨᠡᠬᠡ ᠨᠡᠢᠲᠡ 8936 ᠭᠡᠱᠢᠭᠦᠨ ᠡᠯᠰᠡᠵᠦ᠍᠂ ᠬᠥᠮᠦᠨ ᠪᠦᠬᠦᠨ ᠣᠷᠣᠯᠴᠠᠬᠤ᠂ ᠣᠯᠠᠨ᠎ᠢᠶᠠᠷ᠎ᠢᠶᠠᠨ ᠰᠡᠷᠭᠡᠢᠯᠡᠵᠦ᠍ ᠣᠯᠠᠨ᠎ᠢᠶᠠᠷ᠎ᠢᠶᠠᠨ ᠵᠠᠰᠠᠬᠤ 《ᠠᠮᠤᠷ ᠲᠦᠪᠱᠢᠨ᠎ᠦ ᠲᠤᠤᠷ》 ᠢ᠋ ᠨᠢᠬᠳᠠ ᠰᠦᠯᠵᠢᠪᠡ᠃
ᠦᠨᠳᠦᠰᠦᠨ ᠱᠠᠲᠤᠨ᠎ᠤ ᠵᠠᠰᠠᠯᠲᠠ᠎ᠶ᠋ᠢᠨ ᠣᠨᠣᠪᠴᠢ᠎ᠶ᠋ᠢᠨ ᠬᠡᠮᠵᠢᠶ᠎ᠡ᠎ᠶ᠋ᠢ ᠤᠯᠠᠮ ᠨᠢᠭᠡ ᠠᠯᠬᠤᠮ ᠳᠡᠭᠡᠭ᠌ᠰᠢᠯᠡᠭᠦᠯᠬᠦ᠌᠎ᠶ᠋ᠢᠨ ᠲᠥᠯᠥᠭᠡ᠂ ᠬᠥᠬᠡᠬᠣᠲᠠ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ 《ᠨᠡᠢᠭᠡᠮ ᠲᠣᠭᠣᠷᠢᠭ᠎ᠤᠨ ᠴᠠᠭ᠍ᠳᠠᠭᠠᠨ᠎ᠤ ᠰᠤᠷᠭᠠᠭᠤᠯᠢ》 ᠶ᠋ᠢᠨ ᠵᠠᠭ᠍ᠪᠤᠷ᠎ᠢ ᠬᠡᠷᠡᠭ᠌ᠵᠢᠭᠦᠯᠪᠡ᠃ ᠢᠦᠢᠴᠢᠤᠸᠠᠨ ᠲᠣᠭᠣᠷᠢᠭ᠎ᠤᠨ ᠳᠣᠲᠣᠭᠠᠳᠤ᠎ᠶ᠋ᠢ ᠬᠠᠮᠠᠭᠠᠯᠠᠬᠤ ᠬᠤᠪᠢᠶᠠᠷᠢ ᠲᠣᠪᠴᠢᠶ᠎ᠠ᠎ᠶ᠋ᠢᠨ ᠳ᠋ᠠ ᠨᠠᠨ ᠵᠡᠭᠡᠯᠢ᠎ᠶ᠋ᠢᠨ ᠲᠣᠮᠢᠯᠠᠭ᠍ᠰᠠᠨ ᠰᠠᠯᠪᠤᠷᠢ ᠲᠣᠭ᠍ᠲᠠᠮᠠᠯ ᠬᠤᠭᠤᠴᠠᠭ᠎ᠠ᠎ᠲᠠᠶ᠎ᠪᠠᠷ ᠨᠡᠢᠭᠡᠮ ᠲᠣᠭᠣᠷᠢᠭ᠎ᠤᠨ ᠬᠥᠳᠡᠯᠭᠡᠭᠡᠨ᠎ᠦ ᠲᠠᠰᠤᠭ᠎ᠲᠤ ᠬᠠᠤᠯᠢᠵᠢᠯ᠎ᠤᠨ ᠬᠢᠴᠢᠶᠡᠯ᠎ᠦᠨ ᠲᠠᠩᠬᠢᠮ ᠨᠡᠭᠡᠭᠡᠵᠦ᠍᠂ ᠮᠡᠬᠡᠯᠡᠯ᠎ᠢ ᠰᠡᠷᠭᠡᠢᠯᠡᠬᠦ᠌᠂ ᠬᠤᠤᠷ ᠴᠠᠭᠠᠵᠠᠯᠠᠬᠤ ᠵᠡᠷᠭᠡ ᠴᠠᠭ᠍ᠳᠠᠭᠠᠨ᠎ᠤ ᠲᠥᠷᠥᠯ᠎ᠦᠨ ᠠᠷᠠᠳ᠎ᠤᠨ ᠴᠠᠭ᠍ᠳᠠᠭ᠎ᠠ᠎ᠶ᠋ᠢ ᠤᠷᠢᠨ ᠡᠭᠡᠯᠵᠢᠯᠡᠨ ᠬᠢᠴᠢᠶᠡᠯ ᠤᠷᠤᠭᠤᠯᠪᠠ᠃ 2024 ᠣᠨ᠎ᠳᠤ᠂ ᠠᠷᠠᠳ᠎ᠤᠨ ᠴᠠᠭ᠍ᠳᠠᠭ᠎ᠠ 《ᠨᠡᠢᠭᠡᠮ ᠲᠣᠭᠣᠷᠢᠭ᠎ᠤᠨ ᠴᠠᠭ᠍ᠳᠠᠭ᠎ᠠ᠎ᠶ᠋ᠢᠨ ᠰᠤᠷᠭᠠᠭᠤᠯᠢ》 ᠪᠡᠷ ᠳᠠᠮᠵᠢᠨ ᠨᠠᠰᠤᠲᠠᠢᠴᠤᠳ᠎ᠲᠤ ᠬᠠᠨᠳᠤᠭᠤᠯᠤᠬᠰᠠᠨ 《ᠨᠠᠰᠤᠵᠢᠯ᠎ᠤᠨ ᠠᠰᠠᠷᠠᠮᠵᠢ᠎ᠶ᠋ᠢᠨ ᠮᠡᠬᠡᠯᠡᠯ》 ᠤ᠋ᠨ ᠬᠡᠷᠡᠭ᠎ᠢ ᠢᠯᠡᠷᠡᠭᠦᠯᠵᠦ᠂ 35 ᠲᠦᠮᠡᠨ ᠲᠥᠭᠥᠷᠢᠭ᠎ᠦᠨ ᠬᠣᠬᠢᠷᠠᠯ᠎ᠢ ᠡᠭᠡᠭᠦᠯᠦᠭᠰᠡᠨ ᠪᠠᠢᠨ᠎ᠠ᠃ ᠢᠦᠢᠴᠢᠤᠸᠠᠨ ᠲᠣᠭᠣᠷᠢᠭ᠎ᠤᠨ ᠳᠣᠲᠣᠭᠠᠳᠤ᠎ᠶ᠋ᠢ ᠬᠠᠮᠠᠭᠠᠯᠠᠬᠤ ᠬᠤᠪᠢᠶᠠᠷᠢ ᠲᠣᠪᠴᠢᠶᠠᠨ᠎ᠤ ᠳᠡᠳ᠋ ᠳᠠᠷᠤᠭ᠎ᠠ ᠯᠢ ᠢᠦᠢ ᠽᠸ᠄《ᠪᠢᠳᠡ ᠰᠠᠭᠤᠭᠠᠯᠢ ᠠᠷᠠᠳ᠎ᠲᠤ ᠠᠶᠤᠯ ᠲᠦᠭ᠌ᠰᠢᠭᠦᠷᠢ᠎ᠶ᠋ᠢ ᠰᠡᠷᠭᠡᠢᠯᠡᠬᠦ᠌᠎ᠶ᠋ᠢ ᠵᠢᠭᠠᠬᠤ᠎ᠪᠠᠷ ᠪᠠᠷᠠᠬᠤ ᠥᠬᠡᠶ ᠨᠠᠩ ᠴᠤ᠌ ᠲᠡᠳᠡᠨ᠎ᠢ ᠳᠠᠢᠴᠢᠯᠠᠨ ᠨᠡᠢᠬᠡᠮ᠎ᠤᠨ ᠵᠠᠰᠠᠯᠲᠠ᠎ᠳᠤ ᠣᠷᠣᠯᠴᠠᠭᠤᠯᠬᠤ ᠬᠡᠷᠡᠭ᠌ᠲᠡᠶ》 ᠭᠡᠪᠡ᠃
ᠬᠥᠬᠡᠬᠣᠲᠠ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ᠎ᠶ᠋ᠢᠨ ᠠᠮᠤᠷ᠎ᠢ ᠬᠠᠮᠠᠭᠠᠯᠠᠬᠤ ᠬᠠᠮᠢᠶᠠᠷᠤᠯᠲᠠ ᠪᠠ ᠣᠨᠴᠠ ᠲᠦᠷᠦᠯ᠎ᠤᠨ ᠴᠠᠭ᠍ᠳᠠᠭᠠᠨ᠎ᠤ ᠰᠠᠯᠪᠤᠷᠢ ᠠᠩᠭᠢ᠎ᠶ᠋ᠢᠨ ᠬᠠᠮᠢᠶ᠎ᠠ ᠪᠥᠬᠥᠶ ᠬᠠᠷᠢᠭᠤᠴᠠᠯᠭᠠᠲᠠᠨ᠄ 《ᠦᠨᠳᠦᠰᠦᠨ ᠱᠠᠲᠤᠨ᠎ᠤ ᠵᠠᠰᠠᠯᠲᠠ᠎ᠳᠤ ᠲᠦᠳᠡ ᠵᠠᠮ ᠭᠡᠵᠦ᠍ ᠪᠠᠢᠬᠤ ᠦᠭᠡᠢ᠂ ᠭᠠᠭ᠍ᠴᠠ ᠬᠦ᠌ ᠴᠠᠭ᠍ᠳᠠᠭᠠᠨ᠎ᠤ ᠬᠦᠴᠦᠨ᠎ᠢ ᠤᠯᠠᠨ ᠲᠦᠮᠡᠨ᠎ᠦ ᠳᠡᠷᠭᠡᠳᠡ ᠲᠠᠯᠪᠢᠵᠤ᠂ ᠦᠢᠯᠡᠴᠢᠯᠡᠭᠡ᠎ᠶ᠋ᠢ ᠤᠯᠠᠨ ᠲᠦᠮᠡᠨ᠎ᠦ ᠰᠡᠳᠭᠢᠯ᠎ᠳᠦ ᠬᠦᠷᠭᠡᠪᠡᠯ ᠰᠠᠶ᠍ᠢ ᠠᠮᠤᠷ ᠲᠣᠭ᠍ᠲᠠᠭᠤᠨ᠎ᠤ ᠰᠠᠭᠤᠷᠢ᠎ᠶ᠋ᠢ ᠪᠡᠬᠢᠵᠢᠭᠦᠯᠵᠦ᠍ ᠴᠢᠳᠠᠨ᠎ᠠ》 ᠭᠡᠪᠡ᠃ ᠬᠥᠬᠡᠬᠣᠲᠠ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ ᠦᠨᠳᠦᠰᠦᠨ ᠱᠠᠲᠤᠨ᠎ᠤ ᠴᠠᠭ᠍ᠳᠠᠭᠠᠨ᠎ᠤ ᠶᠠᠪᠤᠳᠠᠯ᠎ᠤᠨ ᠥᠭᠡᠷᠡᠴᠢᠯᠡᠯᠲᠡ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠠᠵᠢᠯ᠎ᠤᠨ ᠵᠠᠭ᠍ᠪᠤᠷ᠎ᠢᠶᠠᠨ ᠲᠠᠰᠤᠷᠠᠯᠲᠠ ᠥᠬᠡᠶ ᠱᠢᠨᠡᠴᠢᠯᠡᠵᠦ᠍᠂ ᠣᠯᠠᠨ ᠲᠦᠮᠡᠨ᠎ᠦ ᠠᠮᠤᠷ ᠲᠦᠪᠱᠢᠨ᠎ᠢ ᠪᠠᠲᠤᠯᠠᠬᠤ᠂ ᠬᠣᠲᠠ᠎ᠶ᠋ᠢᠨ ᠵᠠᠰᠠᠯᠲᠠ᠎ᠶ᠋ᠢᠨ ᠲᠦᠪᠱᠢᠨ᠎ᠢ ᠳᠡᠭᠡᠭ᠌ᠰᠢᠯᠡᠭᠦᠯᠬᠦ᠌᠎ᠳᠦ ᠨᠠᠩ ᠣᠯᠠᠨ ᠬᠦᠴᠦᠨ ᠴᠢᠳᠠᠯ᠎ᠢᠶᠠᠨ ᠡᠷᠬᠦᠨ᠎ᠡ᠃