ᠠᠷᠠᠳ ᠲᠸ᠋ ᠦᠶ᠋ᠯᠡᠴᠢᠯᠡᠬᠦ᠌ 《ᠲᠦᠷᠭᠡᠨ᠎ᠤ ᠵᠠᠮ》 ᠳ᠋ᠤ ᠤᠷᠤᠭᠰᠠᠨ 《ᠬᠠᠤᠯᠢ᠎ᠪᠠᠷ ᠵᠠᠰᠠᠬᠤ ᠦᠶ᠋ᠯᠡᠴᠢᠯᠡᠭᠡᠨ᠎ᠦ ᠲᠡᠷᠭᠡ》
2025-07-14 09:54:07
ᠵᠣᠬᠢᠶᠠᠭ᠍ᠴᠢ᠄
ᠸᠠᠩ ᠬᠤᠤ
ᠣᠩᠱᠢᠭ᠍ᠰᠠᠨ ᠣᠳᠠᠭ᠎ᠠ᠄
★★★☆☆

《ᠬᠥᠷᠰᠢ ᠵᠡᠷᠭᠡᠯᠡᠳᠡᠭᠡ᠎ᠶ᠋ᠢᠨ ᠵᠠᠭᠤᠷᠠᠯᠳᠤᠭᠠᠨ᠎ᠢ ᠱᠢᠶ᠋ᠳᠪᠦᠷᠢᠯᠡᠬᠦ᠌ ᠲᠠᠯ᠎ᠠ᠎ᠪᠠᠷ᠂ ᠶᠠᠮᠠᠷ ᠶᠠᠮᠠᠷ ᠲᠤᠷᠱᠢᠯᠭ᠎ᠠ ᠠᠷᠭ᠎ᠠ ᠬᠢᠳᠡᠯ ᠪᠠᠢᠬᠤ ᠪᠣᠶ?》

《ᠬᠥᠷᠰᠢ ᠵᠡᠷᠭᠡᠯᠡᠳᠡᠭᠡ᠎ᠶ᠋ᠢᠨ ᠵᠠᠭᠤᠷᠠᠯᠳᠤᠭᠠᠨ᠎ᠢ ᠡᠶᠡᠳᠡᠭᠦᠯᠬᠦ᠌᠎ᠳᠡᠭᠡᠨ ᠪᠢᠳᠡ ᠡᠶ᠎ᠡ ᠡᠪ᠎ᠲᠡᠶ ᠪᠠᠢᠬᠤ ᠵᠠᠷᠴᠢᠮ᠎ᠢ ᠪᠠᠷᠢᠮᠳᠠᠯᠠᠪᠡᠯ ᠵᠤᠬᠢᠨ᠎ᠠ》᠃

ᠣᠢᠷ᠎ᠠ᠎ᠳᠤ᠂ ᠲᠦᠩᠯᠢᠶᠣᠤ ᠬᠣᠲᠠ᠎ᠶ᠋ᠢᠨ ᠬᠣᠷᠴᠢᠨ ᠲᠣᠭᠣᠷᠢᠭ᠎ᠤᠨ ᠨᠠᠮ᠎ᠤᠨ ᠬᠣᠷᠢᠶ᠎ᠠ ᠵᠢᠨ ᠤᠯᠤᠰ ᠲᠥᠷᠥ᠍ ᠬᠠᠤᠯᠢ ᠴᠠᠭᠠᠵᠠ᠎ᠶ᠋ᠢᠨ ᠬᠤᠷᠢᠶ᠎ᠠ  ᠥᠪᠥᠷ ᠮᠣᠩᠭᠣᠯ᠎ᠤᠨ ᠦᠨᠳᠦᠰᠦᠲᠡᠨ᠎ᠦ ᠶᠡᠬᠡ ᠰᠤᠷᠭᠠᠭᠤᠯᠢ᠎ᠶ᠋ᠢᠨ ᠬᠠᠤᠯᠢ᠎ᠶ᠋ᠢᠨ ᠤᠬᠠᠭᠠᠨ᠎ᠤ ᠳᠡᠭᠡᠳᠦ ᠰᠤᠷᠭᠠᠭᠤᠯᠢ᠎ᠲᠠᠶ ᠬᠠᠮᠲᠤᠷᠠᠨ ᠬᠠᠤᠯᠢ ᠪᠡᠷ ᠵᠠᠰᠠᠬᠤ ᠦᠶ᠋ᠯᠡᠳᠦᠯᠭᠡ᠎ᠶ᠋ᠢᠨ ᠪᠦᠯᠬᠦᠮ ᠪᠠᠢᠭᠤᠯᠵᠤ᠂ ᠬᠠᠤᠯᠢ ᠪᠡᠷ ᠵᠠᠰᠠᠬᠤ ᠲᠤᠬᠠᠢ ᠰᠤᠳᠤᠯᠤᠨ ᠰᠤᠷᠤᠯᠴᠠᠬᠤ ᠬᠠᠮᠲᠤ᠎ᠪᠠᠷ ᠪᠠᠢᠭᠤᠯᠬᠤ ᠠᠵᠢᠯᠯᠠᠭ᠎ᠠ ᠥᠷᠨᠢᠭᠦᠯᠪᠡ᠃ ᠬᠠᠤᠯᠢ᠎ᠪᠠᠷ ᠵᠠᠰᠠᠬᠤ ᠦᠶ᠋ᠯᠡᠳᠦᠯᠭᠡ᠎ᠶ᠋ᠢᠨ ᠪᠦᠯᠬᠦᠮ 《ᠬᠠᠤᠯᠢ ᠴᠠᠭᠠᠵᠠ ᠵᠢ ᠬᠦᠳᠡᠭᠡ ᠬᠦᠷᠭᠡᠬᠦ》 ᠪᠠᠷ ᠲᠠᠮᠵᠢᠨ ᠬᠥᠳᠡᠭᠡ ᠲᠣᠰᠭᠣᠨ᠎ᠤ ᠬᠠᠤᠯᠢ᠎ᠪᠠᠷ ᠵᠠᠰᠠᠬᠤ ᠲᠤᠷᠱᠢᠯᠭ᠎ᠠ᠎ᠶ᠋ᠢ ᠰᠤᠷᠤᠯᠴᠠᠵᠤ᠂ ᠬᠠᠤᠯᠢ ᠴᠠᠭᠠᠵᠠ᠎ᠶ᠋ᠢᠨ ᠦᠶ᠋ᠯᠡᠴᠢᠯᠡᠭᠡ᠎ᠶ᠋ᠢ ᠨᠠᠷᠢᠯᠢᠭ ᠣᠨᠣᠴᠠᠲᠠᠶ ᠥᠷᠨᠢᠭᠦᠯᠦᠨ᠂ ᠲᠣᠰᠭᠣᠨ᠎ᠤ ᠠᠷᠠᠳ᠎ᠢ ᠤᠯᠠᠮ ᠨᠢᠭᠡ ᠠᠯᠬᠤᠮ ᠬᠠᠪᠰᠤᠷᠤᠨ ᠬᠠᠤᠯᠢ᠎ᠪᠠᠷ ᠵᠠᠰᠠᠬᠤ ᠬᠡᠪ ᠪᠣᠯᠪᠠᠰᠤᠷᠠᠯ ᠪᠠ ᠬᠠᠤᠯᠢ᠎ᠪᠠᠷ ᠵᠠᠰᠠᠬᠤ ᠰᠡᠳᠭᠢᠬᠦᠶ᠎ᠶ᠋ᠢ ᠨᠢ ᠳᠡᠭᠡᠭ᠌ᠰᠢᠯᠡᠭᠦᠯᠪᠡ᠃

ᠲᠦᠷᠦᠭᠦᠬᠡᠨ᠂ ᠲᠦᠩᠯᠢᠶᠣᠤ ᠬᠣᠲᠠ᠎ᠶ᠋ᠢᠨ ᠭᠠᠯᠲᠤ ᠲᠡᠷᠭᠡᠨ ᠥᠷᠲᠡᠭᠡ᠎ᠵᠢᠨ ᠡᠮᠦᠨ᠎ᠡ᠂ ᠲᠦᠩᠯᠢᠶᠣᠤ ᠬᠣᠲᠠ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ᠎ᠶ᠋ᠢᠨ ᠬᠣᠷᠴᠢᠨ ᠬᠤᠪᠢᠶᠠᠷᠢ ᠲᠣᠪᠴᠢᠶ᠎ᠠ᠎ᠶ᠋ᠢᠨ ᠱ᠌ᠢ ᠵᠢᠶᠧ ᠎ᠳᠡᠬᠢ ᠬᠣᠶᠠᠳᠤᠭᠠᠷ ᠲᠣᠮᠢᠯᠠᠭ᠍ᠰᠠᠨ ᠰᠠᠯᠪᠤᠷᠢ᠎ᠶ᠋ᠢᠨ ᠠᠷᠠᠳ᠎ᠤᠨ ᠲᠤᠰᠠᠯᠠᠭ᠍ᠴᠢ ᠴᠠᠭ᠍ᠳᠠᠭ᠎ᠠ ᠵᠣᠨ᠎ᠤ ᠤᠯᠠᠷᠢᠯ᠎ᠳ᠋ᠤ ᠭᠠᠳᠠᠭ᠍ᠰᠢ ᠭᠠᠷᠬᠤ ᠬᠥᠮᠦᠨ ᠣᠯᠠᠱᠢᠷᠠᠵᠤ ᠪᠠᠢᠭ᠎ᠠ ᠪᠣᠳᠠᠲᠠᠢ ᠪᠠᠢᠳᠠᠯ᠎ᠲᠠᠶ ᠤᠶᠠᠯᠳᠤᠭᠤᠯᠤᠨ᠂ ᠬᠠᠤᠯᠢ ᠪᠡᠷ ᠵᠠᠰᠠᠬᠤ ᠬᠥᠮᠦᠵᠢᠯ ᠤᠬᠠᠭᠤᠯᠭ᠎ᠠ᠎ᠶ᠋ᠢᠨ ᠠᠵᠢᠯᠯᠠᠭ᠎ᠠ᠎ᠶ᠋ᠢ ᠢᠳᠡᠪᠬᠢᠲᠡᠶ ᠥᠷᠨᠢᠭᠦᠯᠵᠦ᠍᠂ ᠨᠠᠭᠠᠰᠢ ᠴᠠᠭᠠᠰᠢ ᠶᠠᠪᠤᠬᠤ ᠠᠶᠠᠨᠴᠢᠳ᠎ᠲᠤ ᠠᠮᠤᠷ ᠲᠦᠪᠱᠢᠨ᠎ᠦ ᠤᠬᠠᠭᠤᠯᠭ᠎ᠠ᠎ᠶ᠋ᠢᠨ ᠭᠠᠷ ᠳᠡᠪᠲᠡᠷ ᠲᠠᠷᠬᠠᠭᠠᠭ᠍ᠰᠠᠨ ᠪᠥᠭᠡᠳ ᠬᠤᠯᠠᠭᠠᠶ᠎ᠶ᠋ᠢ ᠰᠡᠷᠭᠡᠢᠯᠡᠬᠦ᠌᠂ ᠴᠠᠬᠢᠯᠭᠠᠨ ᠬᠣᠯᠪᠣᠭ᠎ᠠ᠎ᠵᠢᠨ ᠮᠡᠬᠡᠯᠡᠯ ᠎ᠢ ᠰᠡᠷᠭᠡᠢᠯᠡᠬᠦ᠌ ᠵᠡᠷᠭᠡ ᠠᠮᠤᠷ ᠲᠦᠪᠱᠢᠨ᠎ᠦ ᠰᠡᠷᠭᠡᠢᠯᠡᠯᠲᠡ᠎ᠶ᠋ᠢᠨ ᠮᠡᠳᠡᠯᠭᠡ᠎ᠶ᠋ᠢ ᠤᠬᠠᠭᠤᠯᠤᠨ ᠲᠠᠢᠯᠪᠤᠷᠢᠯᠠᠪᠠ᠃

ᠡᠨᠡ ᠪᠣᠯ ᠲᠦᠩᠯᠢᠶᠣᠤ ᠬᠤᠳᠠ᠎ᠶ᠋ᠢᠨ ᠤᠯᠤᠰ ᠲᠦᠷᠦ᠍ ᠬᠠᠤᠯᠢ ᠴᠠᠭᠠᠵᠠ᠎ᠶ᠋ᠢᠨ ᠬᠤᠷᠢᠶ᠎ᠠ ᠵᠢᠨ ᠬᠠᠤᠯᠢ ᠪᠡᠷ ᠵᠠᠰᠠᠬᠤ ᠤᠬᠠᠭᠤᠯᠭ᠎ᠠ ᠬᠥᠮᠦᠵᠢᠯ᠎ᠦᠨ ᠱᠢᠨ᠎ᠡ᠎ᠶ᠋ᠢ ᠡᠬᠦᠳᠦᠭᠰᠡᠨ᠂ ᠦᠨᠡᠨ ᠪᠣᠳᠠᠲᠠᠢ᠎ᠶ᠋ᠢ ᠡᠷᠬᠢᠮᠯᠡᠭᠰᠡᠨ᠂ ᠠᠷᠠᠳ᠎ᠤᠨ ᠰᠡᠳᠭᠢᠯ᠎ᠢ ᠳᠤᠯᠠᠭᠠᠴᠠᠭᠤᠯᠤᠭ᠍ᠰᠠᠨ  ᠬᠠᠤᠯᠢ ᠪᠡᠷ ᠵᠠᠰᠠᠬᠤ  ᠦᠢᠯᠡᠴᠢᠯᠡᠭᠡ ᠵᠢᠨ ᠬᠤᠷᠢᠶᠠᠩᠭᠤᠢ ᠵᠢᠷᠤᠭᠯᠠᠯ ᠪᠣᠯᠤᠨ᠎ᠠ᠃ ᠣᠢᠷ᠎ᠠ᠎ᠶ᠋ᠢᠨ ᠵᠢᠯ᠎ᠦᠨ ᠲᠤᠷᠰᠢ᠂ ᠲᠦᠩᠯᠢᠶᠣᠤ ᠬᠣᠲᠠ᠎ᠶ᠋ᠢᠨ ᠨᠠᠮ᠎ᠤᠨ ᠬᠣᠷᠢᠶ᠎ᠠ ᠵᠢᠨ ᠤᠯᠤᠰ ᠲᠥᠷᠥ᠍ ᠬᠠᠤᠯᠢ ᠴᠠᠭᠠᠵᠠ᠎ᠶ᠋ᠢᠨ ᠬᠣᠷᠢᠶ᠎ᠠ ᠤᠯᠤᠰ ᠲᠥᠷᠥ᠍ ᠬᠠᠤᠯᠢ ᠴᠠᠭᠠᠵᠠ᠎ᠶ᠋ᠢᠨ ᠨᠢᠭᠡᠴᠢ᠎ᠶ᠋ᠢᠨ ᠳᠠᠪᠠᠭᠤᠯᠢᠭ ᠡᠬᠢ ᠪᠠᠶᠠᠯᠢᠭ᠎ᠢ ᠢᠳᠡᠪᠬᠢᠲᠡᠶ ᠨᠡᠢᠳᠭᠡᠵᠦ᠂ ᠡᠯ᠎ᠡ ᠲᠥᠷᠥᠯ᠎ᠦᠨ ᠬᠠᠤᠯᠢ ᠲᠦᠭᠡᠮᠡᠯᠵᠢᠭᠦᠯᠬᠦ᠌ ᠲᠠᠪᠴᠠᠩ ᠪᠠ ᠵᠢᠭ᠍ᠰᠠᠭᠠᠯ᠎ᠤᠨ ᠭᠠᠵᠠᠷ᠎ᠢ ᠨᠢᠭ᠍ᠲᠠᠷᠠᠭᠤᠯᠵᠤ᠂ ᠬᠡᠷᠡᠭᠴᠡᠭᠡ ᠱᠠᠭᠠᠷᠳᠠᠯᠭ᠎ᠠ ᠵᠢ ᠨᠢ ᠦᠨᠳᠦᠰᠦᠯᠡᠨ《ᠤᠨᠤᠴᠠᠳᠠᠢ ᠪᠡᠷ ᠬᠠᠤᠯᠢ ᠲᠦᠭᠡᠮᠡᠯᠵᠢᠭᠦᠯᠬᠦ᠌ 》 ᠶ᠋ᠢ ᠦᠷᠨᠢᠬᠦᠯᠵᠦ᠂ ᠴᠠᠭ ᠤᠯᠠᠷᠢᠯ᠎ᠤᠨ ᠪᠠᠢᠳᠠᠯ᠎ᠢ ᠦᠨᠳᠦᠰᠦᠯᠡᠨ 《ᠳᠥᠷᠪᠡᠨ ᠤᠯᠠᠷᠢᠯ᠎ᠵᠢᠡᠷ ᠬᠠᠤᠯᠢ ᠲᠦᠭᠡᠮᠡᠯᠵᠢᠭᠦᠯᠬᠦ᠌》᠎ᠶ᠋ᠢ ᠦᠷᠨᠢᠬᠦᠯᠵᠦ᠂ ᠭᠠᠵᠠᠷ ᠣᠷᠣᠨ᠎ᠤ ᠪᠠᠢᠳᠠᠯ᠎ᠳᠤᠨᠢ ᠳᠣᠭᠢᠷᠠᠭᠤᠯᠤᠨ 《ᠨᠡᠬᠦᠳᠡᠯ ᠴᠡᠭ +  ᠲᠤᠭᠳᠠᠭᠰᠠᠨ ᠴᠡᠭ ᠲᠸ᠋ ᠬᠠᠤᠯᠢ ᠬᠦᠷᠭᠡᠬᠦ᠌》᠎ᠶ᠋ᠢ ᠥᠷᠨᠢᠭᠦᠯᠵᠦ᠍᠂ 《ᠬᠠᠤᠯᠢ᠎ᠪᠠᠷ ᠵᠠᠰᠠᠬᠤ ᠦᠶ᠋ᠯᠡᠴᠢᠯᠡᠭᠡᠨ᠎ᠦ ᠱᠢᠭᠤᠳ ᠨᠡᠪᠲᠡᠷᠡᠬᠦ᠌ ᠲᠡᠷᠭᠡ》ᠡᠨᠡᠬᠦ ᠬᠠᠤᠯᠢ ᠲᠦᠭᠡᠮᠡᠯᠵᠢᠭᠦᠯᠬᠦ᠌ ᠲᠦᠷᠦᠯ ᠲᠡᠮᠳᠡᠭ᠎ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠠᠵᠢᠯ᠎ᠤᠨ ᠬᠠᠨᠳᠤᠯᠭᠠᠲᠤ ᠴᠢᠨᠠᠷ᠂ ᠪᠣᠳᠠᠲᠤ ᠦᠷ᠎ᠡ ᠪᠦᠳᠦᠮᠵᠢᠳᠦ ᠴᠢᠨᠠᠷ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠪᠡ᠃

ᠣᠯᠠᠨ ᠲᠦᠮᠡᠨ᠎ᠦ ᠬᠠᠤᠯᠢ᠎ᠪᠠᠷ ᠵᠠᠰᠠᠬᠤ ᠬᠡᠷᠡᠭ᠌ᠴᠡᠭᠡ ᠱᠠᠭᠠᠷᠳᠠᠯᠭ᠎ᠠ᠎ᠪᠠᠷ ᠤᠳᠤᠷᠢᠳᠤᠮᠵᠢ ᠪᠣᠯᠭᠠᠵᠤ᠂ ᠠᠳᠠᠯᠢ ᠪᠤᠰᠤ ᠬᠦᠮᠦᠰ᠎ᠤᠨ ᠪᠠᠢᠳᠠᠯ᠎ᠳᠤᠨᠢ ᠲᠣᠬᠢᠷᠠᠭᠤᠯᠤᠨ 《ᠤᠨᠤᠴᠠᠳᠠᠢ ᠪᠠᠷ ᠬᠠᠤᠯᠢ ᠲᠦᠭᠡᠮᠡᠯᠵᠢᠭᠦᠯᠬᠦ᠌ 》 ᠠᠵᠢᠯᠯᠠᠭ᠎ᠠ ᠥᠷᠨᠢᠭᠦᠯᠪᠡ᠃ ᠵᠠᠯᠠᠭᠤᠴᠤᠳ ᠪᠠᠭᠠᠴᠤᠳ᠎ᠲᠤ ᠬᠠᠨᠳᠤᠭᠤᠯᠤᠨ᠂ ᠨᠠᠰᠤᠨ᠎ᠳᠤ ᠦᠯᠦ᠍ ᠬᠦᠷᠦᠭ᠌ᠰᠡᠳ᠎ᠢ ᠬᠠᠮᠠᠭᠠᠯᠠᠬᠤ᠂ ᠨᠠᠰᠤᠨ᠎ᠳᠤ ᠦᠯᠦ᠍ ᠬᠦᠷᠦᠭ᠌ᠰᠡᠳ᠎ᠦᠨ ᠶᠠᠯ᠎ᠠ ᠬᠢᠬᠦ᠌᠎ᠶ᠋ᠢ ᠰᠡᠷᠭᠡᠢᠯᠡᠬᠦ᠌ ᠪᠠ ᠰᠤᠷᠭᠠᠭᠤᠯᠢ᠎ᠶ᠋ᠢᠨ ᠬᠦᠷᠢᠶᠡᠨ᠎ᠦ ᠬᠦᠴᠦᠷᠭᠡᠭᠯᠡᠯ᠎ᠢ ᠰᠡᠷᠭᠡᠢᠯᠡᠬᠦ᠌ ᠵᠡᠷᠭᠡ ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠢ ᠦᠷᠭᠦᠯᠵᠢᠯᠡᠨ ᠭᠦᠨᠵᠡᠭᠡᠢᠷᠡᠬᠦᠯᠵᠦ᠂ ᠠᠮᠤᠷ ᠠᠮᠤᠭᠤᠯᠠᠩ ᠰᠤᠷᠭᠠᠭᠤᠯᠢ᠎ᠶ᠋ᠢᠨ ᠬᠦᠷᠢᠶᠡᠨ᠎ᠦ ᠪᠦᠲᠦᠭᠡᠨ ᠪᠠᠢᠭᠤᠯᠤᠯᠲᠠ᠎ᠳᠤ ᠬᠦᠴᠦᠨ ᠨᠡᠮᠡᠷᠢᠯᠡᠪᠡ; ᠡᠮᠡᠭ᠌ᠲᠡᠢᠴᠦᠳ᠎ᠦᠨ ᠬᠤᠯᠪᠤᠭ᠎ᠠ ᠵᠡᠷᠭᠡ ᠤᠯᠠᠨ ᠲᠦᠮᠡᠨ᠎ᠦ ᠪᠦᠯᠬᠦᠮ᠎ᠲᠡᠶ ᠬᠠᠮᠲᠤᠷᠠᠨ 《ᠡᠷᠬᠡ ᠠᠱᠢᠭ᠎ᠢ  ᠬᠠᠮᠠᠭᠠᠯᠠᠬᠤ》 ᠬᠠᠤᠯᠢ᠎ᠪᠠᠷ ᠵᠠᠰᠠᠬᠤ ᠤᠬᠠᠭᠤᠯᠭ᠎ᠠ᠎ᠶ᠋ᠢᠨ ᠦᠢᠯᠡᠴᠢᠯᠡᠭᠡᠨ᠎ᠦ ᠠᠵᠢᠯᠯᠠᠭ᠎ᠠ᠎ᠶ᠋ᠢ ᠵᠣᠬᠢᠶᠠᠨ ᠪᠠᠢᠭᠤᠯᠵᠤ᠂ ᠲᠦᠩᠯᠢᠶᠣᠤ ᠬᠤᠳᠠ᠎ᠶ᠋ᠢᠨ ᠤᠯᠤᠰ ᠲᠦᠷᠦ᠍ ᠬᠠᠤᠯᠢ ᠴᠠᠭᠠᠵᠠ᠎ᠶ᠋ᠢᠨ ᠵᠠᠭᠤᠴᠢᠯᠠᠭᠤᠷ᠎ᠤᠨ ᠵᠢᠭ᠍ᠰᠠᠭᠠᠯ᠎ᠤᠨ ᠨᠥᠯᠥᠭᠡᠯᠡᠬᠦ᠌ ᠬᠦᠴᠦᠨ᠎ᠢ ᠭᠦᠢᠴᠡᠳ ᠪᠠᠳᠠᠷᠠᠭᠤᠯᠵᠤ᠂ ᠡᠮᠡᠭ᠌ᠲᠡᠢᠴᠦᠳ᠎ᠦᠨ ᠡᠷᠬᠡ ᠠᠱᠢᠭ᠎ᠢ ᠪᠠᠲᠤᠯᠠᠬᠤ ᠭᠣᠣᠯ ᠰᠡᠳᠦᠪᠲᠦ ᠬᠠᠤᠯᠢ ᠲᠦᠭᠡᠮᠡᠯᠵᠢᠭᠦᠯᠬᠦ᠌ ᠪᠢᠴᠢᠯ ᠸᠢᠳᠢᠣ᠋᠂ ᠵᠢᠷᠤᠭ ᠦᠰᠦᠭ᠌ ᠬᠠᠪᠰᠤᠷᠭᠠᠭᠰᠠᠨ ᠮᠡᠳᠡᠭᠡ ᠵᠠᠩᠭᠢ ᠵᠡᠷᠭᠡ᠎ᠶ᠋ᠢ ᠱᠢᠩᠭᠡᠭᠡᠨ ᠨᠡᠢᠲᠡᠯᠡᠵᠦ᠍᠂ ᠡᠮᠡᠭ᠌ᠲᠡᠢᠴᠦᠳ᠎ᠦᠨ ᠡᠷᠬᠡ ᠠᠱᠢᠭ᠎ᠢ ᠪᠦᠬᠦ᠌ ᠲᠠᠯ᠎ᠠ᠎ᠪᠠᠷ  ᠤᠯᠠᠨ ᠬᠠᠷᠠᠭᠠᠰᠤ ᠡᠴᠡ ᠰᠠᠬᠢᠨ ᠬᠠᠮᠠᠭᠠᠯᠠᠪᠠ;ᠨᠠᠰᠤᠲᠠᠢᠴᠤᠳ᠎ᠲᠤ  ᠬᠠᠨᠳᠤᠭᠤᠯᠤᠨ᠂ ᠶᠢᠰᠦᠨ ᠰᠠᠷ᠎ᠠ᠎ᠶ᠋ᠢᠨ ᠶᠢᠰᠦᠨ᠎ᠦ ᠪᠠᠶᠠᠷ᠂ ᠨᠠᠶ᠋ᠮᠠᠨ ᠰᠠᠷ᠎ᠠ᠎ᠶ᠋ᠢᠨ ᠲᠡᠷᠭᠡᠯ ᠪᠠᠶᠠᠷ ᠵᠡᠷᠭᠡ ᠪᠠᠶᠠᠷ ᠳᠤᠷᠠᠰᠭᠠᠯ᠎ᠤᠨ ᠡᠳᠦᠷ᠎ᠲᠡᠶ ᠤᠶᠠᠯᠳᠤᠭᠤᠯᠤᠨ᠂ ᠨᠠᠰᠤᠲᠠᠢᠴᠤᠳ᠎ᠢ ᠠᠰᠠᠷᠠᠬᠤ ᠬᠦᠷᠢᠶᠡᠯᠡᠩ᠂ ᠨᠠᠰᠤᠲᠠᠢᠴᠤᠳ᠎ᠤᠨ ᠶᠡᠬᠡ ᠰᠤᠷᠭᠠᠭᠤᠯᠢ ᠵᠡᠷᠭᠡ ᠨᠠᠰᠤᠲᠠᠢᠴᠤᠳ ᠲᠥᠪᠯᠡᠷᠡᠭ᠌ᠰᠡᠨ ᠲᠠᠯᠠᠪᠤᠷ᠎ᠲᠤ ᠭᠦᠨᠵᠡᠭᠡᠢᠷᠡᠵᠦ᠍᠂ 《ᠨᠠᠰᠤᠲᠠᠳ᠎ᠢ ᠬᠠᠯᠠᠮᠵᠢᠯᠠᠨ ᠬᠠᠢᠷᠠᠯᠠᠬᠤ》ᠱᠢᠷᠢᠰ ᠠᠵᠢᠯᠯᠠᠭ᠎ᠠ᠎ᠥᠷᠨᠢᠭᠦᠯᠪᠡ; ᠠᠵᠤ ᠠᠬᠤᠢᠯᠠᠯ᠎ᠳᠤ ᠬᠠᠨᠳᠤᠭᠤᠯᠤᠨ᠂《ᠠᠵᠤ ᠠᠬᠤᠢᠯᠠᠯ᠎ᠳᠤ ᠬᠠᠷᠠᠭᠠᠯᠵᠠᠯ ᠦᠵᠡᠭᠦᠯᠦᠨ ᠠᠵᠤ ᠠᠬᠤᠢᠯᠠᠯ᠎ᠳᠤ ᠳᠡᠮᠵᠢᠯᠭᠡ ᠦᠵᠡᠭᠦᠯᠦᠨ ᠬᠥᠭ᠌ᠵᠢᠯᠲᠡ᠎ᠶ᠋ᠢ ᠠᠬᠢᠭᠤᠯᠬᠤ》 ᠬᠠᠤᠯᠢ ᠴᠠᠭᠠᠵᠠ  ᠬᠦᠷᠭᠡᠬᠦ᠌ ᠠᠵᠢᠯᠯᠠᠭ᠎ᠠ᠎ᠶ᠋ᠢ ᠪᠠᠢᠩᠭᠤᠵᠢᠭᠤᠯᠤᠨ ᠥᠷᠨᠢᠭᠦᠯᠵᠦ᠍᠂ ᠠᠵᠤ ᠠᠬᠤᠢᠯᠠᠯ᠎ᠢ ᠬᠠᠪᠰᠤᠷᠤᠨ ᠬᠠᠤᠯᠢ ᠴᠠᠭᠠᠵᠠ᠎ᠶ᠋ᠢᠨ ᠲᠦᠭ᠌ᠰᠢᠭᠦᠷᠢ᠎ᠶ᠋ᠢ ᠰᠡᠷᠭᠡᠢᠯᠡᠬᠦ᠌ ᠴᠢᠳᠠᠪᠤᠷᠢ᠎ᠶ᠋ᠢ ᠨᠢ ᠨᠡᠮᠡᠭ᠌ᠳᠡᠭᠦᠯᠦᠨ᠂ ᠬᠠᠤᠯᠢ ᠶᠣᠰᠣᠭᠠᠷ ᠡᠵᠡᠩᠨᠡᠨ ᠬᠠᠮᠢᠶᠠᠷᠬᠤ ᠬᠢᠷᠢ ᠬᠡᠮᠵᠢᠶ᠎ᠡ᠎ᠶ᠋ᠢ ᠨᠢ ᠳᠡᠭᠡᠭ᠌ᠰᠢᠯᠡᠭᠦᠯᠪᠠ᠃

《ᠲᠦᠷᠪᠡᠨ ᠤᠯᠠᠷᠢᠯ ᠵᠢᠡᠷ ᠬᠠᠤᠯᠢ ᠴᠠᠭᠠᠵᠠ᠎ᠶᠢ ᠲᠦᠭᠡᠮᠡᠯᠵᠢᠭᠦᠯᠬᠦ》 ᠵᠠᠭᠪᠤᠷ᠎ᠢ ᠬᠠᠢᠨ ᠰᠦᠪᠡᠭᠴᠢᠯᠡᠵᠦ᠂ ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠢ ᠭᠣᠣᠯ ᠰᠡᠳᠦᠪ ᠬᠤᠪᠢᠶᠠᠨ ᠥᠷᠨᠢᠭᠦᠯᠪᠡ᠃ ᠬᠠᠪᠤᠷ᠎ᠤᠨ ᠤᠯᠠᠷᠢᠯ᠎ᠳᠤ᠂ ᠮᠠᠯᠵᠢᠬᠤ ᠲᠠᠷᠢᠶᠠᠯᠠᠬᠤ ᠣᠷᠣᠨ᠂ ᠠᠵᠢᠯᠲᠠᠨ ᠤᠷᠢᠵᠤ ᠡᠯᠰᠡᠬᠦ ᠴᠤᠭᠯᠠᠭᠠᠨ ᠪᠠ ᠲᠡᠷᠭᠡᠨ ᠥᠷᠲᠡᠭᠡ ᠵᠡᠷᠭᠡ ᠭᠠᠵᠠᠷ᠎ᠢᠶᠠᠷ ᠭᠦᠨᠵᠡᠭᠡᠢᠷᠡᠵᠦ᠂ 《ᠬᠠᠪᠤᠷ᠎ᠤᠨ ᠲᠠᠷᠢᠶᠠᠯᠠᠭ᠎ᠠ ᠳ᠋ᠤ ᠬᠠᠤᠯᠢ᠎ᠪᠠᠷ ᠵᠠᠰᠠᠬᠤ ᠪᠠᠳᠤᠯᠠᠭ᠎ᠠ ᠬᠠᠩᠭᠠᠶ᠎ᠠ》᠂ 《ᠠᠵᠢᠯ ᠤᠯᠭᠤᠯᠳᠠ ᠳ᠋ᠤ ᠬᠠᠤᠯᠢ ᠪᠡᠷ ᠵᠠᠰᠠᠬᠤ ᠦᠢᠯᠡᠴᠢᠯᠡᠭᠡ ᠬᠠᠩᠭᠠᠶ᠎ᠠ》 ᠭᠡᠬᠦ ᠵᠡᠷᠭᠡ ᠠᠵᠢᠯᠯᠠᠭ᠎ᠠ᠎ᠶᠢ ᠥᠷᠨᠢᠭᠦᠯᠪᠡ᠃ ᠵᠤᠨ᠎ᠤ ᠤᠯᠠᠷᠢᠯ᠎ᠳᠤ᠂ ᠵᠤᠨ᠎ᠤ ᠠᠮᠠᠷᠠᠯᠲᠠ᠎ᠶᠢᠨ ᠴᠠᠭ᠎ᠢ ᠠᠰᠢᠭ᠍ᠯᠠᠵᠤ᠂ ᠬᠠᠤᠯᠢ ᠪᠡᠷ ᠵᠠᠰᠠᠬᠤ ᠤᠬᠠᠭᠤᠯᠭ᠎ᠠ ᠬᠥᠮᠦᠵᠢᠯ᠎ᠢ ᠡᠯ᠎ᠡ ᠲᠦᠷᠦᠯ᠎ᠦᠨ ᠵᠤᠰᠠᠯᠠᠩ᠎ᠤᠨ ᠠᠵᠢᠯᠯᠠᠭ᠎ᠠ᠎ᠳᠤ ᠠᠭᠤᠰᠤᠯᠴᠠᠭᠤᠯᠵᠤ᠂ ᠬᠡᠦᠬᠡᠳ᠎ᠦᠳ᠎ᠲᠦ ᠵᠤᠨ᠎ᠤ ᠠᠮᠠᠷᠠᠯᠲᠠ᠎ᠶᠢᠨ ᠬᠤᠭᠤᠴᠠᠭᠠᠨ᠎ᠤ ᠬᠠᠤᠯᠢ ᠴᠠᠭᠠᠵᠠ᠎ᠶᠢ ᠲᠦᠭᠡᠮᠡᠯᠵᠢᠭᠦᠯᠬᠦ ᠢᠵᠢ ᠦᠢᠯᠡᠴᠢᠯᠡᠭᠡ ᠬᠠᠩᠭᠠᠪᠠ᠃ ᠣᠯᠠᠨ ᠲᠦᠮᠡᠨ᠎ᠦ ᠦᠳᠡᠰᠢ ᠵᠢᠨ ᠰᠡᠷᠢᠭᠦᠴᠡᠬᠦ ᠲᠣᠬᠢᠶᠠᠯ᠎ᠢ ᠠᠰᠢᠭ᠍ᠯᠠᠨ᠂ 《ᠬᠠᠤᠯᠢ ᠲᠦᠭᠡᠮᠡᠯᠵᠢᠭᠦᠯᠬᠦ ᠵᠢᠵᠢᠭ ᠳᠡᠯᠭᠡᠭᠦᠷ》 ᠭᠠᠷᠭᠠᠵᠤ᠂ ᠬᠠᠤᠯᠢ᠎ᠪᠠᠷ ᠵᠠᠰᠠᠬᠤ ᠤᠯᠠᠭᠠᠨᠮᠥ᠋ᠴᠢᠷ᠎ᠦᠨ ᠠᠷᠠᠳ᠎ᠲᠤ ᠠᠰᠢᠭ᠋ ᠬᠦᠷᠲᠡᠭᠡᠬᠦ ᠲᠣᠭᠯᠠᠯᠲᠠ ᠥᠷᠨᠢᠭᠦᠯᠪᠡ᠃ ᠨᠠᠮᠤᠷ᠎ᠤᠨ ᠤᠯᠠᠷᠢᠯ᠎ᠳᠤ᠂ ᠰᠤᠷᠤᠭ᠍ᠴᠢᠳ᠎ᠤᠨ ᠰᠤᠷᠭᠠᠭᠤᠯᠢ ᠡᠬᠢᠯᠡᠬᠦ᠂ ᠳᠤᠮᠳᠠᠳᠤ ᠤᠯᠤᠰ᠎ᠤᠨ ᠲᠠᠷᠢᠶᠠᠴᠢᠳ᠎ᠤᠨ ᠡᠯᠪᠡᠭ ᠬᠤᠷᠢᠶᠠᠯᠲᠠ᠎ᠶᠢᠨ ᠪᠠᠶᠠᠷ ᠵᠡᠷᠭᠡ ᠵᠠᠩᠭᠢᠯᠠᠭ᠎ᠠ᠎ᠶᠢᠨ ᠴᠠᠭ ᠬᠤᠭᠤᠴᠠᠭ᠎ᠠ ᠳ᠋ᠤ ᠠᠩᠬᠠᠷᠤᠯ᠎ᠢᠶᠠᠨ ᠲᠥᠪᠯᠡᠷᠡᠭᠦᠯᠵᠦ᠂ ᠤᠨᠤᠴᠠᠳᠠᠢ ᠬᠠᠤᠯᠢ ᠪᠡᠷ ᠵᠠᠰᠠᠬᠤ ᠦᠢᠯᠡᠴᠢᠯᠡᠭᠡ᠎ᠪᠡᠷ ᠦᠰᠦᠨ ᠪᠣᠶ᠋ᠢᠵᠢᠯᠲᠠ᠎ᠶᠢ ᠬᠠᠮᠠᠭᠠᠯᠠᠵᠤ᠂ ᠨᠠᠮᠤᠷ᠎ᠤᠨ ᠬᠤᠷᠢᠶᠠᠯᠲᠠ᠎ᠳᠤ ᠬᠦᠴᠦᠨ ᠨᠡᠮᠡᠷᠢᠯᠡᠵᠦ᠂《ᠪᠤᠭᠤᠷᠤᠯᠴᠤᠳ》 ᠢ᠋ ᠰᠠᠬᠢᠨ ᠬᠠᠮᠠᠭᠠᠯᠠᠪᠠ᠃ ᠡᠪᠦᠯ᠎ᠦᠨ ᠤᠯᠠᠷᠢᠯ᠎ᠳᠤ᠂ 《ᠬᠠᠤᠯᠢ ᠬᠦᠷᠭᠡᠵᠦ ᠠᠷᠠᠳ᠎ᠤᠨ ᠰᠡᠳᠬᠢᠯ ᠢ᠋ ᠳᠤᠯᠠᠭᠠᠴᠠᠭᠤᠯᠬᠤ》᠂ 《ᠴᠠᠭᠠᠨ ᠰᠠᠷ᠎ᠠ᠎ᠳᠤ ᠬᠠᠤᠯᠢ ᠶ᠋ᠢ ᠲᠦᠮᠡᠨ ᠡᠷᠦᠬᠡ᠎ᠳᠦ ᠬᠦᠷᠭᠡᠬᠦ 》 ᠵᠡᠷᠭᠡ ᠰᠢᠷᠢᠰ ᠤᠬᠠᠭᠤᠯᠭ᠎ᠠ  ᠶ᠋ᠢᠨ ᠦᠢᠯᠡᠴᠢᠯᠡᠭᠡᠨ᠎ᠦ ᠠᠵᠢᠯᠯᠠᠭ᠎ᠠ  ᠶ᠋ᠢ ᠵᠣᠬᠢᠶᠠᠨ ᠪᠠᠢᠭᠤᠯᠵᠦ ᠥᠷᠨᠢᠭᠦᠯᠦᠨ᠂  ᠬᠠᠤᠯᠢ᠎ᠪᠠᠷ ᠵᠠᠰᠠᠬᠤ ᠠᠭᠤᠯᠭ᠎ᠠ ᠪᠦᠬᠦᠢ ᠬᠣᠣᠰ ᠤᠶᠠᠩᠭ᠎ᠠ ᠪᠢᠴᠢᠬᠦ᠂ ᠬᠠᠤᠯᠢ᠎ᠪᠠᠷ ᠵᠠᠰᠠᠬᠤ ᠠᠭᠤᠯᠭ᠎ᠠ ᠪᠦᠬᠦᠢ ᠳ᠋ᠧᠩᠯᠦ᠎ᠶᠢᠨ ᠣᠨᠢᠰᠤᠭ᠎ᠠ᠎ᠶᠢ ᠥᠷᠢᠰᠦᠯᠳᠦᠨ ᠲᠠᠭᠠᠮᠠᠭᠯᠠᠬᠤ ᠵᠡᠷᠭᠡ ᠤᠯᠠᠨ ᠲᠦᠮᠡᠨ᠎ᠦ ᠦᠵᠡᠵᠦ ᠰᠣᠨᠢᠷᠬᠠᠬᠤ ᠳᠤᠷᠠᠲᠠᠢ ᠠᠷᠭ᠎ᠠ ᠬᠡᠯᠪᠡᠷᠢ᠎ᠪᠡᠷ ᠬᠠᠤᠯᠢ᠎ᠪᠠᠷ ᠵᠠᠰᠠᠬᠤ ᠤᠬᠠᠭᠤᠯᠭ᠎ᠠ᠎ᠶᠢ ᠤᠯᠠᠨ ᠲᠦᠮᠡᠨ᠎ᠦ ᠳᠡᠷᠭᠡᠳᠡ ᠬᠦᠷᠭᠡᠪᠠ᠃

ᠡᠭᠦᠨ᠎ᠦ ᠬᠠᠮᠲᠤ᠂ 《ᠰᠣᠶᠣᠯ + ᠬᠠᠤᠯᠢ ᠴᠠᠭᠠᠵᠠ᠎ᠶᠢᠨ ᠮᠡᠳᠡᠯᠭᠡ᠎ᠶᠢ ᠲᠦᠭᠡᠮᠡᠯᠵᠢᠭᠦᠯᠬᠦ》 ᠵᠠᠭᠪᠤᠷ᠎ᠢ ᠢᠳᠡᠪᠬᠢᠲᠡᠢ ᠪᠤᠢ ᠪᠤᠯᠭᠠᠵᠤ᠂ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠢ ᠬᠠᠤᠯᠢ᠎ᠪᠠᠷ ᠵᠠᠰᠠᠬᠤ ᠤᠬᠠᠭᠤᠯᠭ᠎ᠠ᠎ᠲᠠᠢ ᠤᠷᠠᠨ᠎ᠢᠶᠠᠷ ᠤᠶᠠᠯᠳᠤᠭᠤᠯᠵᠤ᠂ ᠨᠣᠮ᠎ᠪᠢᠴᠢᠭ ᠵᠢᠡᠷ ᠬᠠᠤᠯᠢ᠎ᠶᠢ 《ᠳᠡᠯᠭᠡᠷᠡᠭᠦᠯᠬᠦ》᠂ ᠬᠠᠤᠯᠢ ᠵᠢᠨ ᠠᠭᠤᠯᠭ᠎ᠠ ᠳᠠᠢ ᠳᠡᠪᠢᠭᠦᠷ᠎ᠢᠶᠡᠷ ᠬᠠᠤᠯᠢ ᠲᠦᠭᠡᠮᠡᠯᠵᠢᠬᠦᠯᠬᠦ ᠠᠵᠢᠯᠯᠠᠭ᠎ᠠ᠎ᠶᠢ ᠥᠷᠨᠢᠭᠦᠯᠵᠦ᠂ ᠤᠯᠠᠨ ᠲᠦᠮᠡᠨ᠎ᠳᠦ ᠤᠯᠠᠮᠵᠢᠯᠠᠯᠲᠤ ᠤᠷᠠᠯᠢᠭ᠋᠎ᠤᠨ ᠭᠤᠸ᠎ᠠ ᠰᠠᠢᠬᠠᠨ᠎ᠢ ᠮᠡᠳᠡᠷᠡᠬᠦᠯᠵᠦ᠂ ᠬᠠᠤᠯᠢ᠎ᠪᠠᠷ ᠵᠠᠰᠠᠬᠤ ᠵᠣᠷᠢᠭ᠋ ᠰᠠᠨᠠᠭ᠎ᠠ᠎ᠶᠢ ᠣᠢᠯᠠᠭᠠᠭᠤᠯᠪᠠ᠃ 《ᠦᠢᠯᠡᠳᠦᠯᠭᠡ + ᠬᠠᠤᠯᠢ ᠲᠦᠭᠡᠮᠡᠯᠵᠢᠭᠦᠯᠬᠦ》 ᠵᠠᠭᠪᠤᠷ᠎ᠢ ᠪᠣᠶ ᠪᠣᠯᠭᠠᠵᠤ᠂ ᠬᠠᠤᠯᠢ ᠴᠠᠭᠠᠵᠠ᠎ᠶᠢᠨ ᠮᠡᠳᠡᠯᠭᠡ᠎ᠶᠢᠨ ᠪᠣᠭᠣᠮᠲᠠ ᠰᠢᠪᠲᠤᠯᠬᠤ ᠵᠡᠷᠭᠡ 20 ᠰᠢᠬᠠᠮ ᠵᠦᠢᠯ᠎ᠦᠨ ᠬᠠᠷᠢᠯᠴᠠᠨ ᠦᠢᠯᠡᠳᠦᠯᠴᠡᠬᠦ ᠲᠣᠭᠯᠠᠭᠠᠮ᠎ᠢ ᠥᠷᠨᠢᠭᠦᠯᠪᠡ᠃ ᠲᠦᠩᠯᠢᠶᠣᠣ᠎ᠶᠢᠨ ᠨᠡᠶ᠋ᠢᠲᠡ᠎ᠶᠢᠨ ᠵᠠᠮ ᠬᠠᠷᠢᠯᠴᠠᠭᠠᠨ᠎ᠤ ᠪᠦᠯᠦᠭᠯᠡᠯ᠎ᠲᠠᠢ ᠬᠣᠯᠪᠤᠭᠠᠯᠠᠨ ᠬᠠᠤᠯᠢ ᠴᠠᠭᠠᠵᠠ᠎ᠶᠢᠨ ᠮᠡᠳᠡᠯᠭᠡ᠎ᠶᠢ ᠲᠦᠭᠡᠮᠡᠯᠵᠢᠭᠦᠯᠬᠦ ᠨᠡᠶ᠋ᠢᠲᠡ᠎ᠶᠢᠨ ᠵᠠᠮ ᠬᠠᠷᠢᠯᠴᠠᠭᠠᠨ᠎ᠤ ᠲᠤᠰᠬᠠᠢ ᠱᠤᠭᠤᠮ᠎ᠢ ᠭᠠᠷᠭᠠᠵᠤ᠂ 《ᠨᠢᠭᠡ ᠰᠠᠷ᠎ᠠ᠎ᠳᠤ ᠨᠢᠭᠡ ᠭᠣᠣᠯ ᠰᠡᠳᠦᠪ》ᠵᠢᠡᠷ ᠬᠠᠤᠯᠢ᠎ᠪᠠᠷ ᠵᠠᠰᠠᠬᠤ ᠤᠬᠠᠭᠤᠯᠭ᠎ᠠ᠎ᠶᠢᠨ ᠦᠢᠯᠡᠴᠢᠯᠡᠭᠡᠨ᠎ᠦ ᠠᠵᠢᠯᠯᠠᠭ᠎ᠠ᠎ᠥᠷᠨᠢᠭᠦᠯᠵᠦ᠂ ᠬᠠᠤᠯᠢ ᠴᠠᠭᠠᠵᠠ᠎ᠶᠢ ᠲᠦᠭᠡᠮᠡᠯᠵᠢᠭᠦᠯᠬᠦ ᠤᠬᠠᠭᠤᠯᠭ᠎ᠠ᠎ᠶᠢᠨ ᠰᠠᠢᠨ ᠳᠤᠷᠠᠴᠤᠳ  ᠲᠣᠭᠲᠠᠮᠠᠯ ᠬᠤᠭᠤᠴᠠᠭ᠎ᠠ᠎ᠲᠠᠢ᠎ᠪᠠᠷ ᠲᠡᠷᠭᠡᠨ᠎ᠳᠦ ᠰᠠᠭᠤᠵᠤ ᠵᠠᠮ ᠲᠤᠷᠰᠢ ᠬᠠᠤᠯᠢ ᠴᠠᠭᠠᠵᠠ ᠵᠢᠨ ᠠᠰᠠᠭᠤᠨ ᠯᠠᠪᠯᠠᠭ᠎ᠠ ᠵᠢᠨ ᠦᠢᠯᠡᠴᠢᠯᠡᠬᠡ ᠬᠠᠩᠭᠠᠪᠠ᠃ ᠬᠠᠤᠯᠢ ᠴᠠᠭᠠᠵᠠ ᠵᠢᠨ ᠦᠢᠯᠡᠴᠢᠯᠡᠬᠡ ᠵᠢ ᠨᠡᠢᠭᠡᠮ᠎ᠦᠨ ᠤᠯᠠᠨ ᠨᠡᠶ᠋ᠢᠲᠡ᠎ᠶᠢᠨ ᠦᠢᠯᠡᠴᠢᠯᠡᠭᠡ᠎ᠲᠠᠢ ᠠᠭᠤᠰᠤᠯᠴᠠᠭᠤᠯᠵᠤ᠂ ᠲᠦᠩᠯᠢᠶᠣᠣ᠎ᠶᠢᠨ ᠭᠠᠯᠲᠤ ᠲᠡᠷᠭᠡᠨ᠎ᠦ ᠦᠷᠳᠡᠭᠡ᠂ ᠮᠦᠽᠧᠢ᠂ ᠨᠣᠮ᠎ᠤᠨ ᠰᠠᠩ ᠵᠡᠷᠭᠡ ᠨᠢᠬᠡᠴᠢ ᠲᠠᠢ ᠬᠠᠮᠲᠤᠷᠠᠨ 《ᠠᠷᠠᠳ᠎ᠲᠤ ᠠᠰᠢᠭ᠋ ᠬᠦᠷᠲᠡᠭᠡᠬᠦ ᠦᠢᠯᠡᠴᠢᠯᠡᠭᠡᠨ᠎ᠦ ᠦᠷᠳᠡᠭᠡ》ᠭᠠᠷᠭᠠᠵᠤ᠂ ᠬᠦᠯᠢᠶᠡᠨ ᠠᠪᠤᠭ᠍ᠰᠠᠳ ᠪᠠ ᠦᠷᠳᠡᠭᠡ᠎ᠶᠢᠨ ᠣᠨᠴᠠᠯᠢᠭ᠋᠎ᠢ ᠦᠨᠳᠦᠰᠦᠯᠡᠵᠦ᠂ 《ᠨᠢᠭᠡ ᠦᠷᠳᠡᠭᠡ᠎ᠳᠦ ᠨᠢᠭᠡ ᠤᠬᠠᠭᠤᠯᠭ᠎ᠠ ᠲᠠᠢ》 ᠬᠠᠤᠯᠢ ᠪᠡᠷ ᠵᠠᠰᠠᠬᠤ ᠦᠢᠯᠡᠴᠢᠯᠡᠭᠡᠨ᠎ᠦ ᠵᠠᠭᠪᠤᠷ᠎ᠢ ᠡᠬᠦᠳᠪᠡ᠃

ᠣᠳᠣᠬᠠᠨ᠎ᠳᠤ᠂ ᠲᠦᠩᠯᠢᠶᠣᠣ ᠬᠤᠳᠠ᠎ᠶᠢᠨ ᠵᠡᠭᠡᠯᠢ ᠭᠤᠳᠤᠮᠵᠢ᠂ ᠲᠣᠰᠬᠣᠨ ᠪᠠᠯᠭᠠᠰᠤ᠎ᠶᠢᠨ ᠴᠤᠭᠯᠠᠭ᠎ᠠ ᠮᠠᠢᠮᠠᠢ᠎ᠪᠠᠷ ᠶᠠᠪᠤᠬᠤ᠎ᠳᠤ᠂ ᠬᠠᠤᠯᠢ ᠪᠡᠷ ᠵᠠᠰᠠᠬᠤ ᠠᠭᠤᠷ ᠠᠮᠢᠰᠬᠤᠯ ᠤᠯᠠᠮ᠎ᠠᠴᠠ ᠤᠯᠠᠮ ᠥᠳᠬᠡᠷᠡᠵᠦ᠂ ᠠᠯᠢ ᠤᠯᠠᠨ 《ᠤᠯᠠᠨ ᠲᠦᠮᠡᠨ᠎ᠲᠠᠢ ᠤᠢᠷᠠᠳᠤᠭᠰᠠᠨ》᠂ 《ᠬᠥᠮᠥᠰ᠎ᠦᠨ ᠰᠡᠳᠬᠢᠯ᠎ᠢ ᠳᠤᠯᠠᠭᠠᠴᠠᠭᠤᠯᠬᠤ》ᠠᠵᠢᠯ᠎ᠤᠨ ᠠᠷᠭ᠎ᠠ ᠬᠡᠮᠵᠢᠶ᠎ᠡ ᠨᠢ 《ᠬᠠᠤᠯᠢ ᠪᠡᠷ ᠵᠠᠰᠠᠬᠤ ᠦᠢᠯᠡᠴᠢᠯᠡᠭᠡᠨ᠎ᠦ ᠰᠢᠭᠤᠳ ᠨᠡᠪᠲᠡᠷᠡᠬᠦ ᠲᠡᠷᠭᠡ》 ᠶ᠋ᠢ ᠠᠷᠠᠳ᠎ᠲᠤ ᠦᠢᠯᠡᠴᠢᠯᠡᠬᠦ 《ᠲᠦᠷᠭᠡᠨ᠎ᠦ ᠵᠠᠮ》 ᠵᠢᠡᠷ ᠲᠠᠪᠬᠢᠭᠤᠯᠤᠭᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号