《 ᠲᠦᠮᠡᠨ ᠭᠠᠵᠠᠷ᠎ᠤᠨ ᠨᠤᠮᠢᠨ ᠨᠤᠭᠤᠭᠠᠨ᠄ 10 —12 ᠳ᠋ᠤᠭᠠᠷ ᠵᠠᠭᠤᠨ᠎ᠤ ᠲᠠᠯ᠎ᠠ ᠨᠤᠲᠤᠭ᠎ᠤᠨ ᠲᠣᠷᠭᠠᠨ ᠵᠠᠮ 》 ᠭᠡᠬᠦ᠌ ᠭᠣᠣᠯ ᠰᠡᠳᠦᠪᠲᠦ ᠣᠨᠴᠠ ᠦᠵᠡᠭᠦᠯᠭᠡ᠎ᠶ᠋ᠢ ᠲᠣᠭᠣᠷᠢᠨ ᠦᠵᠡᠵᠦ᠍᠂ ᠥᠪᠥᠷ ᠮᠣᠩᠭᠣᠯ᠎ᠤᠨ ᠮᠠᠰᠢ ᠤᠯᠠᠨ ᠭᠣᠢᠳᠠ ᠰᠠᠢᠬᠠᠨ ᠲᠡᠦᠬᠡ᠎ᠶ᠋ᠢᠨ ᠳᠤᠷᠠᠰᠭᠠᠯᠲᠤ ᠵᠦᠢᠯᠡᠰ᠎ᠢ ᠰᠣᠨᠢᠷᠬᠠᠨ᠎ᠠ; ᠲᠤᠰᠭᠠᠶ ᠮᠡᠷᠭᠡᠵᠢᠯᠲᠡᠨ᠎ᠦ ᠲᠠᠢᠯᠪᠤᠷᠢᠯᠠᠬᠤ᠎ᠶ᠋ᠢ ᠰᠣᠨᠣᠰᠴᠤ᠌᠂ ᠲᠠᠯ᠎ᠠ ᠨᠤᠲᠤᠭ᠎ᠤᠨ ᠲᠣᠷᠭᠠᠨ ᠵᠠᠮ ᠳᠡᠭᠡᠷᠡᠬᠢ ᠲᠡᠦᠬᠡᠨ ᠦᠯᠢᠭᠡᠷ᠎ᠢ ᠣᠢᠯᠠᠭᠠᠨ᠎ᠠ;ᠥᠪᠥᠷ ᠮᠣᠩᠭᠣᠯ᠎ᠤᠨ ᠰᠣᠶᠣᠯ᠎ᠤᠨ ᠡᠭᠦᠳᠦᠯᠲᠡ᠎ᠶ᠋ᠢᠨ ᠪᠦᠲᠦᠭᠡᠭ᠌ᠳᠡᠬᠦᠨ᠎ᠦ ᠦᠵᠡᠭᠦᠯᠭᠡ᠎ᠶ᠋ᠢᠨ ᠲᠣᠭᠣᠷᠢᠭ᠎ᠢᠶᠠᠷ ᠲᠣᠭᠣᠷᠢᠵᠤ᠂ ᠤᠮᠠᠷᠠᠲᠤ ᠬᠢᠯᠢ᠎ᠶ᠋ᠢᠨ ᠰᠣᠶᠣᠯ᠎ᠤᠨ ᠣᠨᠴᠠᠯᠢᠭ᠎ᠢ ᠢᠯᠡᠷᠡᠭᠦᠯᠦᠭ᠌ᠰᠡᠨ ᠰᠣᠶᠣᠯ᠎ᠤᠨ ᠡᠭᠦᠳᠦᠯᠲᠡ᠎ᠶ᠋ᠢᠨ ᠪᠦᠲᠦᠭᠡᠭ᠌ᠳᠡᠬᠦᠨ᠎ᠢ ᠬᠤᠳᠠᠯᠳᠤᠨ ᠠᠪᠤᠨ᠎ᠠ ᠁
7 ᠰᠠᠷ᠎ᠠ᠎ᠶ᠋ᠢᠨ 12 ᠤ᠋ᠨ ᠡᠳᠦᠷ᠂ ᠵᠧᠵᠢᠶᠠᠩ ᠮᠤᠵᠢ᠎ᠶ᠋ᠢᠨ ᠬᠠᠩᠵᠧᠦ ᠬᠣᠲᠠ᠎ᠳᠤ᠂ ᠮᠠᠰᠢ ᠤᠯᠠᠨ ᠬᠣᠲᠠ᠎ᠶ᠋ᠢᠨ ᠠᠷᠠᠳ ᠳᠤᠮᠳᠠᠳᠤ ᠤᠯᠤᠰ᠎ᠤᠨ ᠲᠣᠷᠭ᠎ᠠ ᠳᠤᠷᠳᠤᠡᠭ ᠤᠨ ᠮᠦᠽᠧᠶ᠎ᠳᠦ ᠬᠦᠷᠴᠦ᠍᠂ ᠲᠠᠯ᠎ᠠ ᠨᠤᠲᠤᠭ᠎ᠤᠨ ᠲᠣᠷᠭᠠᠨ ᠵᠠᠮ᠎ᠤᠨ ᠭᠤᠤᠯ ᠰᠡᠳᠦᠪᠲᠦ ᠣᠨᠴᠠ ᠦᠵᠡᠭᠦᠯᠭᠡ᠎ᠶ᠋ᠢ ᠲᠣᠭᠣᠷᠢᠨ ᠦᠵᠡᠵᠦ᠍᠂ ᠤᠮᠠᠷᠠᠲᠤ ᠬᠢᠯᠢ᠎ᠶ᠋ᠢᠨ ᠰᠣᠶᠣᠯ᠎ᠤᠨ ᠷᠢᠳᠢ ᠱᠢᠳᠢ᠎ᠶ᠋ᠢ ᠮᠡᠳᠡᠷᠡᠪᠡ᠃
ᠲᠠᠯ᠎ᠠ ᠨᠤᠲᠤᠭ᠎ᠤᠨ ᠲᠣᠷᠭᠠᠨ ᠵᠠᠮ ᠪᠣᠯ ᠲᠠᠯ᠎ᠠ ᠨᠤᠲᠤᠭ᠎ᠢᠶᠠᠷ ᠳᠡᠮᠵᠢᠨ ᠧᠦ᠋ᠷᠣᠫᠠ ᠠᠽᠢᠶ᠎ᠠ᠎ᠶ᠋ᠢᠨ ᠡᠬᠡ ᠬᠠᠭᠤᠷᠠᠶ᠎ᠶ᠋ᠢ ᠨᠡᠪᠲᠡᠷᠡᠭᠦᠯᠦᠭᠰᠡᠨ ᠬᠠᠮᠤᠭ᠎ᠤᠨ ᠬᠤᠢᠳᠤ᠎ᠬᠢ ᠬᠠᠷᠢᠯᠴᠠᠭᠠᠨ᠎ᠤ ᠵᠠᠮ ᠮᠥᠨ᠂ ᠨᠡᠭᠦᠳᠡᠯ ᠮᠠᠯᠵᠢᠯ ᠪᠠ ᠲᠠᠷᠢᠶᠠᠯᠠᠬᠤ ᠪᠣᠯᠪᠠᠰᠤᠨ᠎ᠤ ᠠᠭᠤᠯᠵᠠᠷ ᠭᠠᠵᠠᠷ᠂ ᠦᠨᠳᠦᠰᠦᠲᠡᠨ᠎ᠦ ᠨᠡᠭᠦᠳᠡᠯ᠎ᠦᠨ ᠵᠠᠮ ᠪᠣᠯᠬᠤ ᠪᠥᠭᠡᠳ ᠪᠠᠰᠠ ᠴᠤ᠌ ᠵᠡᠭᠦᠨ ᠪᠠᠷᠠᠭᠤᠨ ᠬᠣᠶᠠᠷ ᠶᠡᠬᠡ ᠪᠣᠯᠪᠠᠰᠤᠨ᠎ᠤ ᠶᠠᠷᠢᠯᠴᠠᠭᠠᠨ᠎ᠤ ᠬᠥᠭᠥᠷᠭᠡ ᠮᠥᠨ᠃ 《ᠲᠦᠮᠡᠨ ᠭᠠᠵᠠᠷ᠎ᠤᠨ ᠨᠣᠮᠢᠨ ᠨᠣᠭᠣᠭᠠᠨ᠄ 10 — 12 ᠳ᠋ᠤᠭᠠᠷ ᠵᠠᠭᠤᠨ᠎ᠤ ᠲᠠᠯ᠎ᠠ ᠨᠤᠲᠤᠭ᠎ᠤᠨ ᠲᠣᠷᠭᠠᠨ ᠵᠠᠮ》ᠭᠤᠤᠯ ᠰᠡᠳᠦᠪᠲᠦ ᠣᠨᠴᠠ ᠦᠵᠡᠭᠦᠯᠭᠡ ᠨᠢ 《 2025 ᠲᠣᠷᠭᠠᠨ ᠵᠠᠮ᠎ᠤᠨ ᠭᠠᠷᠠᠭ》 ᠤ᠋ᠨ ᠭᠤᠤᠯ ᠲᠠᠯᠠᠪᠤᠷ᠎ᠤᠨ ᠠᠵᠢᠯᠯᠠᠭ᠎ᠠ᠎ᠶ᠋ᠢᠨ ᠨᠢᠭᠡ ᠪᠠᠢᠵᠤ᠂ 7 ᠰᠠᠷ᠎ᠠ᠎ᠶ᠋ᠢᠨ 11 ᠤ᠋ ᠡᠳᠦᠷ ᠡᠬᠢᠯᠡᠵᠦ᠍᠂ ᠤᠯᠤᠰ᠎ᠤᠨ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠦᠨ ᠲᠣᠪᠴᠢᠶ᠎ᠠ᠂ ᠵᠧᠵᠢᠶᠠᠩ ᠮᠤᠵᠢ᠎ᠶ᠋ᠢᠨ ᠠᠷᠠᠳ᠎ᠤᠨ ᠵᠠᠰᠠᠭ᠎ᠤᠨ ᠣᠷᠳᠣᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠭᠤᠤᠯᠯᠠᠨ ᠡᠷᠭᠢᠯᠡᠵᠦ᠍᠂ ᠳᠤᠮᠳᠠᠳᠤ ᠤᠯᠤᠰ᠎ᠤᠨ ᠲᠣᠷᠭ᠎ᠠ ᠳᠤᠷᠳᠤᠡᠭᠤᠨ ᠮᠦᠽᠧᠶ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠦᠬᠡ᠎ᠶ᠋ᠢᠨ ᠳᠤᠷᠠᠰᠭᠠᠯᠲᠤ ᠵᠦᠶ᠋ᠯᠡᠰ ᠬᠠᠭᠤᠴᠢ ᠰᠤᠳᠤᠯᠤᠯ᠎ᠤᠨ ᠬᠦᠷᠢᠶᠡᠯᠡᠩ᠂ ᠤᠯᠠᠭᠠᠨᠬᠠᠳᠠ᠎ᠶ᠋ᠢᠨ ᠮᠦᠽᠧᠶ᠎ᠡᠴᠡ ᠳᠠᠭᠠᠭᠠᠴᠢᠯᠠᠨ ᠡᠷᠭᠢᠯᠡᠵᠦ᠍᠂ ᠥᠪᠥᠷ ᠮᠣᠩᠭᠣᠯ᠎ᠤᠨ ᠮᠦᠽᠧᠶ ᠵᠡᠷᠭᠡ ᠣᠯᠠᠨ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠦᠨ ᠨᠢᠭᠡᠴᠢ ᠬᠠᠮᠵᠢᠯᠴᠠᠨ ᠡᠷᠭᠢᠯᠡᠪᠡ᠃
ᠲᠣᠰ ᠤᠳᠠᠭᠠᠨ᠎ᠤ ᠦᠵᠡᠭᠦᠯᠭᠡ᠎ᠳᠦ ᠨᠡᠢᠲᠡ 213(ᠢᠵᠢ)ᠲᠡᠦᠬᠡ᠎ᠶ᠋ᠢᠨ ᠳᠤᠷᠠᠰᠭᠠᠯᠲᠤ ᠵᠦᠶ᠋ᠯᠡᠰᠢ᠋ ᠳᠡᠯᠭᠡᠨ ᠦᠵᠡᠭᠦᠯᠵᠦ᠍᠂ ᠡᠭᠦᠨ᠎ᠳᠦ ᠥᠪᠥᠷ ᠮᠣᠩᠭᠣᠯ᠎ᠤᠨ 6 ᠰᠣᠶᠣᠯ᠎ᠤᠨ ᠮᠦᠽᠧᠶ᠎ᠶ᠋ᠢᠨ 181(ᠢᠵᠢ)ᠲᠡᠦᠬᠡ᠎ᠶ᠋ᠢᠨ ᠳᠤᠷᠠᠰᠭᠠᠯᠲᠤ ᠵᠦᠶ᠋ᠯᠡᠰ ᠢ᠋ ᠳᠡᠯᠭᠡᠨ ᠦᠵᠡᠭᠦᠯᠵᠦ᠍᠂ ᠨᠢᠭᠡᠳᠦᠭᠡᠷ ᠳᠡᠰ᠎ᠤᠨ ᠲᠡᠦᠬᠡ᠎ᠶ᠋ᠢᠨ ᠳᠤᠷᠠᠰᠭᠠᠯᠲᠤ ᠵᠦᠶ᠋ᠯᠡᠰ 63(ᠢᠵᠢ)ᠪᠤᠢ᠃ ᠯᠢᠶᠣᠤ ᠤᠯᠤᠰ᠎ᠤᠨ ᠳᠡᠭᠡᠳᠦ ᠨᠡᠢᠰᠯᠡᠯ᠎ᠦᠨ ᠪᠠᠭᠤᠷᠢ᠂ ᠯᠢᠶᠣᠤ ᠤᠯᠤᠰ᠎ᠤᠨ ᠳᠤᠮᠳᠠᠳᠤ ᠨᠡᠢᠰᠯᠡᠯ᠎ᠦᠨ ᠪᠠᠭᠤᠷᠢ᠂ ᠶᠧ ᠯᠢᠦᠶ ᠢᠦᠶ᠎ᠶ᠋ᠢᠨ ᠣᠩᠭᠣᠨ᠂ ᠴᠧᠨ ᠭᠦᠸᠸ ᠭᠦᠩᠵᠦ᠍ᠶ᠋ᠢᠨ ᠣᠩᠭᠣᠨ ᠵᠡᠷᠭᠡ ᠡᠴᠡ ᠣᠯᠳᠠᠭ᠍ᠰᠠᠨ ᠭᠣᠢᠳᠠ ᠰᠠᠢᠬᠠᠨ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠢ ᠳᠡᠯᠭᠡᠨ ᠦᠵᠡᠭᠦᠯᠬᠦ᠌᠎ᠪᠡᠷ ᠳᠠᠮᠵᠢᠭᠤᠯᠤᠨ᠂ ᠲᠠᠯ᠎ᠠ ᠨᠤᠲᠤᠭ᠎ᠤᠨ ᠲᠣᠷᠭᠠᠨ ᠵᠠᠮ ᠳᠡᠭᠡᠷᠡᠬᠢ ᠣᠯᠠᠨ ᠡᠱᠢᠲᠦ ᠰᠣᠶᠣᠯ᠎ᠤᠨ ᠰᠣᠯᠢᠯᠴᠠᠭ᠎ᠠ ᠠᠭᠤᠰᠤᠯᠴᠠᠯ᠎ᠢ ᠪᠥᠬᠥ᠌ ᠲᠠᠯ᠎ᠠ᠎ᠪᠠᠷ ᠢᠯᠡᠷᠡᠭᠦᠯᠵᠦ᠍ ᠂ ᠣᠯᠠᠨ ᠡᠱᠢᠲᠦ ᠨᠢᠭᠡ ᠴᠣᠭ᠍ᠴᠠᠵᠢᠭ᠍ᠰᠠᠨ ᠳᠤᠮᠳᠠᠳᠤ᠎ᠶ᠋ᠢᠨ ᠪᠣᠯᠪᠠᠰᠤᠨ᠎ᠢ ᠲᠣᠳᠣᠷᠬᠠᠢᠯᠠᠨ ᠲᠠᠢᠯᠪᠤᠷᠢᠯᠠᠪᠠ᠃
《ᠥᠪᠥᠷ ᠮᠣᠩᠭᠣᠯ ᠣᠷᠣᠨ᠎ᠡᠴᠡ ᠮᠠᠯᠲᠠᠵᠤ ᠭᠠᠷᠭᠠᠭ᠍ᠰᠠᠨ ᠲᠡᠦᠬᠡ᠎ᠶ᠋ᠢᠨ ᠳᠤᠷᠠᠰᠭᠠᠯᠲᠤ ᠵᠦᠢᠯᠡᠰ᠎ᠦᠨ ᠦᠵᠡᠭᠦᠯᠭᠡ᠎ᠵᠢ ᠢᠩᠭᠢᠵᠦ᠍ ᠶᠡᠬᠡ ᠬᠡᠪᠴᠢᠢ᠎ᠡ᠎ᠪᠡᠷ ᠳᠡᠯᠭᠡᠨ ᠦᠵᠡᠭᠦᠯᠬᠦ᠌ ᠨᠢ ᠬᠠᠩᠵᠧᠦ᠍ᠳᠦ ᠨᠡᠯᠢᠶᠡᠳ ᠴᠥᠭᠡᠨ ᠳᠤᠬᠢᠶᠠᠯᠳᠤᠳᠠᠭ᠂ ᠮᠠᠰᠢ ᠰᠤᠨᠢᠷᠬᠠᠯᠳᠠᠢ ᠪᠠᠢᠨ᠎ᠠ᠃ ᠦᠵᠡᠭᠦᠯᠭᠡᠳ᠋ᠡᠬᠢ ᠶᠡᠬᠡ ᠬᠡᠮᠵᠢᠶᠡᠨ᠎ᠦ ᠨᠠᠷᠢᠯᠢᠭ ᠰᠠᠢᠬᠠᠨ ᠪᠠᠭᠠᠵᠢ ᠬᠡᠷᠡᠭ᠌ᠰᠡᠯᠦᠳ ᠨᠢ ᠴᠥᠮ ᠣᠯᠠᠨ ᠡᠱᠢᠲᠦ ᠰᠣᠶᠣᠯ᠎ᠤᠨ ᠰᠣᠯᠢᠯᠴᠠᠭ᠎ᠠ ᠪᠠ ᠠᠭᠤᠰᠤᠯᠴᠠᠯ᠎ᠢ ᠢᠯᠡᠷᠡᠭᠦᠯᠪᠡ᠂ ᠤᠯᠠᠨᠵᠢᠡᠷᠵᠢᠡᠨ ᠳᠡᠯᠭᠡᠨ ᠦᠵᠡᠭᠦᠯᠭᠡ᠎ᠶ᠋ᠢ ᠢᠷᠡᠵᠦ ᠰᠤᠨᠢᠷᠬᠠᠭᠠᠷᠠᠢ》 ᠭᠡᠵᠦ ᠬᠠᠩᠵᠧᠦ᠍᠎ᠶ᠋ᠢᠨ ᠬᠣᠲᠠ᠎ᠶ᠋ᠢᠨ ᠠᠷᠠᠳ ᠭᠤᠤ ᠠᠪᠤᠭᠠᠢ ᠦᠵᠡᠭᠦᠯᠭᠡ᠎ᠵᠢ ᠲᠣᠭᠣᠷᠢᠨ ᠦᠵᠡᠭ᠌ᠰᠡᠨ᠎ᠦ ᠳᠠᠷᠠᠭ᠎ᠠ ᠬᠡᠯᠡᠪᠡ᠃
ᠦᠵᠡᠭ᠌ᠴᠢ ᠶᠣᠣ ᠠᠪᠠᠬᠠᠶ᠄ 《ᠡᠨᠡ ᠤᠳᠠᠭᠠᠨ᠎ᠤ ᠦᠵᠡᠭᠦᠯᠭᠡ᠎ᠨᠢ ᠪᠢᠳᠡᠨ᠎ᠳᠦ ᠯᠢᠶᠣᠤ ᠤᠯᠤᠰ᠎ᠤᠨ ᠦᠶ᠎ᠡ᠎ᠶ᠋ᠢᠨ ᠲᠡᠦᠬᠡ ᠪᠠ ᠥᠪᠥᠷ ᠮᠣᠩᠭᠣᠯ᠎ᠤᠨ ᠰᠣᠶᠣᠯ᠎ᠢ ᠪᠥᠬᠥ᠌ ᠲᠠᠯ᠎ᠠ᠎ᠪᠠᠷ ᠱᠢᠰᠲ᠋ᠧᠮ᠎ᠲᠡᠶ ᠣᠢᠯᠠᠭᠠᠭᠤᠯᠵᠤ᠂ ᠦᠵᠡᠵᠦ᠍ ᠪᠠᠷᠠᠭ᠍ᠰᠠᠨ᠎ᠤ ᠳᠠᠷᠠᠭ᠎ᠠ ᠮᠠᠰᠢ ᠤᠯᠠᠨ ᠮᠡᠳᠡᠯᠭᠡᠬᠦᠷᠲᠡᠵᠡᠢ》 ᠭᠡᠪᠡ᠃
ᠲᠠᠨᠢᠯᠴᠠᠭᠤᠯᠭ᠎ᠠ ᠵᠢ ᠦᠨᠳᠤᠰᠤᠯᠡᠪᠡᠯ᠂ ᠲᠣᠰ ᠤᠳᠠᠭᠠᠨ᠎ᠤ ᠦᠵᠡᠭᠦᠯᠭᠡ᠎ᠳᠦ ᠥᠪᠥᠷ ᠮᠣᠩᠭᠣᠯ᠎ᠤᠨ ᠤᠯᠠᠭᠠᠨᠬᠠᠳᠠ ᠬᠣᠲᠠ᠎ᠶ᠋ᠢᠨ ᠪᠠᠭᠠᠷᠢᠨ ᠪᠠᠷᠠᠭᠤᠨ ᠬᠣᠱᠢᠭᠤᠨ᠎ᠡᠴᠡ ᠮᠠᠯᠲᠠᠵᠤ ᠭᠠᠷᠭᠠᠭ᠍ᠰᠠᠨ ᠬᠤᠨᠭᠱᠠᠨ ᠰᠣᠶᠣᠯ᠎ᠤᠨ ᠦᠶ᠎ᠡ᠎ᠶ᠋ᠢᠨ ᠱᠢᠷ᠎ᠠ ᠦᠨᠭᠭᠡᠲᠦ ᠬᠠᠰ ᠵᠢᠡᠷ ᠬᠢᠭᠰᠡᠨ ᠬᠦᠷᠢ᠎ᠶ᠋ᠢ ᠳᠡᠯᠭᠡᠨ ᠦᠵᠡᠭᠦᠯᠵᠡᠶ᠂ ᠡᠨᠡ ᠪᠣᠯ ᠮᠠᠨ᠎ᠤ ᠤᠯᠤᠰ᠎ᠤᠨ ᠣᠲᠣ ᠪᠣᠯᠲᠠᠯ᠎ᠠ ᠢᠯᠡᠷᠡᠭᠦᠯᠦᠭ᠌ᠰᠡᠨ ᠬᠠᠮᠤᠭ᠎ᠤᠨ ᠡᠷᠲᠡᠨ᠎ᠦ ᠬᠦᠷᠢ᠎ᠶ᠋ᠢᠨ ᠬᠡᠯᠪᠡᠷᠢᠲᠦ ᠬᠠᠰ ᠱᠤᠭᠤᠮᠠᠯ ᠪᠣᠯᠤᠨ᠎ᠠ ᠂ ᠡᠨᠡ ᠨᠢ ᠪᠠᠯᠠᠷ ᠡᠷᠲᠡᠨ᠎ᠦ ᠦᠶ᠎ᠡ᠎ᠶ᠋ᠢᠨ ᠲᠠᠯ᠎ᠠ ᠨᠤᠲᠤᠭ᠎ᠤᠨ ᠡᠪᠦᠭᠡ ᠳᠡᠭᠡᠳᠦᠰ᠎ᠦᠨ ᠬᠦᠷᠢ᠎ᠶ᠋ᠢᠨ ᠢᠯᠠᠮ᠎ᠠ᠎ᠶ᠋ᠢᠨ ᠱᠢᠲᠦᠯᠭᠡ᠎ᠶ᠋ᠢ ᠲᠠᠢᠯᠪᠤᠷᠢᠯᠠᠵᠤ᠂ ᠳᠤᠮᠳᠠᠳᠤ ᠤᠯᠤᠰ᠎ᠤᠨ ᠬᠦᠷᠢ᠎ᠶ᠋ᠢᠨ ᠲᠣᠷᠭ᠎ᠠ ᠳᠤᠷᠳᠤᠩ᠎ᠤᠨ ᠪᠣᠯᠪᠠᠰᠤᠨ᠎ᠤ ᠡᠬᠢ ᠡᠭᠦᠰᠦᠯ᠎ᠢ ᠤᠮᠠᠷᠠᠰᠢ ᠪᠠᠨ ᠪᠠᠷᠠᠭᠤᠨ ᠯᠢᠶᠣᠤᠾᠧ ᠭᠤᠤᠯ᠎ᠤᠨ ᠰᠠᠪᠠ ᠭᠠᠵᠠᠷᠬᠦᠷᠲᠡᠯᠡ ᠮᠦᠷᠳᠡᠵᠦ ᠪᠤᠯᠬᠤ᠎ᠵᠢ ᠬᠠᠷᠠᠭᠤᠯᠵᠤ ᠪᠠᠢᠨ᠎ᠠ;ᠳᠡᠯᠭᠡᠨ ᠦᠵᠡᠭᠦᠯᠦᠭ᠌ᠰᠡᠨ ᠴᠦᠨ ᠴᠢᠦ ᠪᠠᠢᠯᠳᠤᠭᠠᠨᠲᠤ ᠤᠯᠤᠰ᠎ᠤᠨ ᠦᠶ᠎ᠡ᠎ᠵᠢᠨ ᠦᠨᠡᠲᠦ ᠴᠢᠯᠠᠭᠤ ᠰᠢᠬᠢᠳᠭᠡᠭᠰᠡᠨ ᠪᠠᠷᠰ ᠰᠢᠪᠠᠭᠤᠨ ᠬᠡ ᠲᠠᠢ ᠠᠯᠲᠠᠨ ᠴᠢᠮᠡᠭᠯᠡᠯ᠎ᠤᠨ ᠡᠳ᠋ ᠨᠢ ᠠᠳᠠᠯᠢ ᠪᠤᠰᠤ ᠭᠠᠵᠠᠷ ᠣᠷᠣᠨ᠎ᠤ ᠰᠣᠶᠣᠯ᠎ᠤᠨ ᠰᠣᠯᠢᠯᠴᠠᠭ᠎ᠠ᠎ᠶ᠋ᠢ ᠬᠠᠷᠠᠭᠤᠯᠤᠭ᠍ᠰᠠᠨ ᠪᠠᠢᠨ᠎ᠠ; ᠯᠢᠶᠣᠤ ᠤᠯᠤᠰ᠎ᠤᠨ ᠦᠶ᠎ᠡ᠎ᠶ᠋ᠢᠨ ᠴᠧᠨ ᠬᠦᠸᠸ ᠭᠦᠩᠵᠦ᠍ ᠬᠢᠭᠡᠳ ᠲᠠᠪᠤᠨᠠᠩᠯᠤᠭᠠ ᠬᠠᠮᠲᠤ ᠣᠷᠣᠱᠢᠭᠤᠯᠤᠭ᠍ᠰᠠᠨ ᠣᠩᠭᠣᠨ᠎ᠠᠴᠠ ᠣᠯᠳᠠᠭ᠍ᠰᠠᠨ ᠬᠤᠪᠠᠨ ᠰᠤᠨᠳᠤᠷ᠂ ᠮᠠᠨ᠎ᠤ᠎ᠶ᠋ᠢᠨ ᠠᠶᠠᠭ᠎ᠠ᠂ ᠪᠣᠯᠣᠷ ᠴᠣᠮᠣ ᠵᠡᠷᠭᠡ ᠲᠡᠦᠬᠡ᠎ᠶ᠋ᠢᠨ ᠳᠤᠷᠠᠰᠭᠠᠯᠲᠤ ᠵᠦᠢᠯᠡᠰ ᠨᠢ ᠲᠠᠯ᠎ᠠ ᠨᠤᠲᠤᠭ᠎ᠤᠨ ᠲᠣᠷᠭᠠᠨ ᠵᠠᠮ᠎ᠤᠨ ᠥᠨᠢ ᠤᠳᠠᠭᠠᠨ ᠲᠡᠦᠬᠡ᠎ᠶ᠋ᠢ ᠬᠠᠮᠲᠤ᠎ᠪᠠᠷ ᠲᠣᠭᠠᠴᠢᠨ ᠶᠠᠷᠢᠭ᠍ᠰᠠᠨ ᠪᠠᠢᠨ᠎ᠠ᠃
ᠰᠢ ᠠᠨ᠎ᠤ ᠭᠠᠳᠠᠭᠠᠳᠤ ᠬᠡᠯᠡᠨ᠎ᠦ ᠶᠡᠬᠡ ᠰᠤᠷᠭᠠᠭᠤᠯᠢ᠎ᠠᠴᠠ ᠢᠷᠡᠭ᠌ᠰᠡᠨ ᠤᠷᠤᠰ ᠬᠠᠷᠢᠶ᠎ᠠ ᠲᠠᠢ ᠫᠷᠤᠹᠸᠰᠰᠤᠷ ᠳ᠋ᠦᠪᠺᠸᠸᠠ·ᠤᠤᠯᠺᠠ᠄ 《ᠮᠠᠰᠢ ᠰᠠᠢᠬᠠᠨ ᠦᠵᠡᠭᠦᠯᠭᠡ ᠪᠠᠢᠨ᠎ᠠ᠂ ᠪᠢᠳᠡᠨ᠎ᠳᠦ ᠯᠢᠶᠣᠤ ᠤᠯᠤᠰ᠎ᠤᠨ ᠦᠶ᠎ᠡ᠎ᠶ᠋ᠢᠨ ᠬᠣᠪᠣᠷ ᠨᠠᠨᠳᠢᠨ ᠲᠡᠦᠬᠡ᠎ᠶ᠋ᠢᠨ ᠳᠤᠷᠠᠰᠭᠠᠯᠲᠤ ᠵᠦᠢᠯᠡᠰ᠎ᠢ ᠦᠵᠡᠭᠦᠯᠵᠦ᠍᠂ ᠥᠪᠥᠷ ᠮᠣᠩᠭᠣᠯ᠎ᠤᠨ ᠲᠡᠦᠬᠡ ᠰᠣᠶᠣᠯ᠎ᠢ ᠣᠢᠯᠠᠭᠠᠭᠤᠯᠵᠤ᠂ ᠤᠯᠠᠨ ᠡᠱᠢᠲᠦ ᠰᠣᠶᠣᠯ᠎ᠤᠨ ᠰᠣᠯᠢᠯᠴᠠᠭ᠎ᠠ ᠲᠤᠯᠢᠳᠠᠯ᠎ᠢ ᠮᠡᠳᠡᠷᠡᠭᠦᠯᠵᠡᠢ》 ᠭᠡᠪᠡ᠃
ᠬᠠᠩᠵᠧᠦ᠍᠎ᠶ᠋ᠢᠨ ᠬᠤᠳᠠ᠎ᠶ᠋ᠢᠨ ᠠᠷᠠᠳ ᠱᠢᠤᠢ ᠠᠪᠠᠬᠠᠢ᠄《ᠡᠨᠡ ᠬᠦ᠌ ᠦᠵᠡᠭᠦᠯᠭᠡ᠎ᠶ᠋ᠢ ᠲᠣᠭᠣᠷᠢᠨ ᠦᠵᠡᠭᠡᠳ᠂ ᠥᠪᠥᠷ ᠮᠣᠩᠭᠣᠯ᠎ᠤᠨ ᠬᠣᠪᠣᠷ ᠨᠠᠨᠳᠢᠨ ᠲᠡᠦᠬᠡ᠎ᠶ᠋ᠢᠨ ᠳᠤᠷᠠᠰᠭᠠᠯᠲᠤ ᠵᠦᠢᠯᠡᠰ᠎ᠢ ᠰᠣᠨᠢᠷᠬᠠᠭ᠍ᠰᠠᠨᠢᠶᠠᠷ ᠪᠠᠷᠠᠬᠤ ᠦᠬᠡᠢ᠂ ᠨᠡᠩ ᠴᠤ᠌ ᠨᠠᠳᠠ᠎ᠳᠤ ᠤᠮᠠᠷᠠᠲᠤ᠎ᠶ᠋ᠢᠨ ᠰᠣᠶᠣᠯ᠎ᠤᠨ ᠥᠪᠡᠷᠮᠢᠴᠡ ᠷᠢᠳᠢ ᠱᠢᠳᠢ᠎ᠶ᠋ᠢ ᠮᠡᠳᠡᠷᠡᠭᠦᠯᠦᠭᠰᠡᠨ ᠶᠤᠮ᠂ ᠵᠠᠪᠱᠢᠶᠠᠨ᠎ᠲᠠᠶ ᠪᠣᠯ ᠪᠢ ᠥᠪᠥᠷ ᠮᠣᠩᠭᠣᠯ᠎ᠳᠤ ᠢᠯᠡᠭᠦᠬᠡᠨ ᠣᠴᠢᠵᠤ ᠦᠵᠡᠨ᠎ᠡ》 ᠭᠡᠪᠡ᠃