ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠶ᠋ᠢ ᠴᠢᠨᠠᠷ ᠰᠠᠢᠲᠠᠶ ᠪᠥᠲᠥᠭᠡᠨ ᠪᠠᠢᠭᠤᠯᠬᠤ ᠪᠠᠢᠯᠳᠤᠬᠤ ᠪᠣᠳᠣᠯᠭ᠎ᠠ᠎ᠶ᠋ᠢᠨ ᠬᠠᠷᠠᠯᠲᠠ ᠵᠢ ᠲᠤᠬᠳᠠᠭᠠᠵᠤ᠂ ᠥᠪᠥᠷ ᠮᠣᠩᠭᠣᠯ ᠭᠠᠳᠠᠭᠠᠳᠤ ᠨᠡᠭᠡᠭᠡᠯᠲᠡ ᠬᠢᠬᠦ ᠱᠢᠨ᠎ᠡ ᠣᠷᠣᠨ ᠵᠠᠶ᠎ᠶ᠋ᠢ ᠪᠥᠬᠥ᠌ ᠬᠦᠴᠦᠨ᠎ᠢᠶᠡᠷ᠎ᠢᠶᠡᠨ ᠥᠷᠭᠡᠳᠭᠡᠪᠡ᠃ 2 ᠰᠠᠷ᠎ᠠ᠎ᠶ᠋ᠢᠨ 25 ᠤ᠋ ᠡᠳᠦᠷ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠪᠦᠰᠡ᠎ᠶ᠋ᠢᠨ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠬᠦ᠌ ᠠᠵᠢᠯᠯᠠᠭ᠎ᠠ᠎ᠶ᠋ᠢᠨ ᠬᠡᠷᠡᠭ᠌ᠵᠢᠭᠦᠯᠬᠦ᠌ ᠲᠥᠰᠦᠯ》 ᠢ᠋ ᠳᠠᠷᠤᠮᠠᠯᠯᠠᠨ ᠲᠠᠷᠬᠠᠭᠠᠵᠤ᠂ ᠣᠯᠠᠨ ᠤᠯᠤᠰ᠂ ᠤᠯᠤᠰ᠎ᠤᠨ ᠳᠣᠲᠣᠷᠠᠬᠢ᠂ ᠣᠷᠣᠨ᠎ᠤ ᠳᠣᠲᠣᠷᠠᠬᠢ ᠭᠤᠷᠪᠠᠨ ᠲᠠᠯ᠎ᠠ᠎ᠡᠴᠡ 21 ᠵᠤᠷᠪᠤᠰ ᠠᠷᠭ᠎ᠠ ᠬᠡᠮᠵᠢᠶ᠎ᠡ᠎ᠶ᠋ᠢ ᠱᠢᠰᠲ᠋ᠧᠮ᠎ᠲᠡᠶ ᠲᠤᠬᠳᠠᠭᠠᠪᠠ᠃
ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ᠎ᠬᠢᠨ ᠢᠳᠡᠪᠬᠢᠳᠡᠢ ᠬᠥᠳᠡᠯᠦᠯᠴᠡᠵᠦ᠍᠂ ᠣᠷᠣᠨ ᠪᠦᠰᠡ᠎ᠶ᠋ᠢᠨ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠬᠦ᠌ ᠠᠵᠢᠯᠯᠠᠭ᠎ᠠ᠎ᠪᠠᠷ ᠵᠠᠩᠭᠢᠯᠠᠭ᠎ᠠ᠎ᠶ᠋ᠢᠨ ᠭᠠᠷᠳᠠᠴᠠ ᠪᠣᠯᠭᠠᠵᠤ᠂ ᠳᠣᠲᠣᠭᠠᠳᠤ ᠭᠠᠳᠠᠭᠠᠳᠤ ᠤᠷᠴᠢᠯ ᠢ᠋ ᠪᠥᠬᠥ᠌ ᠬᠦᠴᠦᠨ᠎ᠢᠶᠡᠷ᠎ᠢᠶᠡᠨ ᠱᠢᠯᠤᠭᠤᠳᠭᠠᠵᠤ᠂ ᠡᠬᠢ ᠪᠠᠶᠠᠯᠢᠭ᠎ᠤᠨ ᠲᠣᠬᠢᠷᠠᠭᠤᠯᠤᠯᠲᠠ᠎ᠶ᠋ᠢ ᠱᠢᠯᠢᠳᠡᠭ᠌ᠵᠢᠭᠦᠯᠵᠦ᠍᠂ ᠣᠷᠣᠨ ᠪᠦᠰᠡ᠎ᠶ᠋ᠢᠨ ᠳᠠᠯᠳᠠ ᠬᠦᠴᠦᠨ᠎ᠢ ᠬᠥᠭ᠌ᠵᠢᠭᠡᠪᠡ᠃ ᠬᠦᠷ ᠬᠦᠭᠵᠢᠶᠠᠨ ᠲᠠᠢ ᠬᠢᠯᠢ᠎ᠶ᠋ᠢᠨ ᠪᠣᠭᠣᠮᠲᠠ ᠡᠴᠡ ᠱᠢᠨ᠎ᠡ᠎ᠶ᠋ᠢ ᠡᠭᠦᠳᠬᠦ᠌ ᠥᠨᠳᠥᠷᠯᠢᠭ ᠬᠦᠷᠲᠡᠯ᠎ᠡ᠂ ᠪᠦᠬᠦ᠌ ᠲᠠᠯ᠎ᠠ᠎ᠶ᠋ᠢᠨ᠂ ᠤᠯᠠᠨ ᠲᠡᠰ ᠳᠠᠪᠬᠤᠷᠭ᠎ᠠ᠎ᠶ᠋ᠢᠨ᠂ ᠥᠷᠭᠡᠨ ᠬᠦᠷᠢᠶ᠎ᠠ ᠴᠠᠷᠠᠭ᠎ᠠ ᠵᠢ ᠬᠠᠮᠤᠷᠤᠬᠰᠠᠨ ᠣᠷᠣᠨ ᠪᠦᠰᠡ᠎ᠶ᠋ᠢᠨ ᠬᠠᠮᠲᠤᠷᠠᠯᠴᠠᠭᠠᠨ᠎ᠤ ᠱᠢᠨ᠎ᠡ ᠵᠢᠷᠤᠭ ᠲᠦᠰᠦᠪ ᠶᠠᠭ ᠪᠤᠳᠠᠳᠤ ᠠᠬᠤᠢ ᠪᠤᠯᠤᠨ ᠲᠡᠯᠬᠡᠭᠳᠡᠵᠤ ᠪᠤᠢ᠃
ᠣᠯᠠᠨ ᠤᠯᠤᠰ᠎ᠤᠨ 《 ᠨᠠᠢᠵᠠ᠎ᠶ᠋ᠢᠨ ᠲᠣᠭᠣᠷᠢᠭ 》 ᠵᠢᠡᠨ ᠥᠷᠭᠡᠳᠭᠡᠵᠦ᠍ ᠤᠮᠠᠷᠠᠰᠢ ᠨᠡᠭᠡᠭᠡᠯᠲᠡ ᠬᠢᠬᠦ᠌ ᠪᠠᠢᠯᠳᠤᠬᠤ ᠪᠣᠳᠣᠯᠭ᠎ᠠ᠎ᠶ᠋ᠢᠨ ᠲᠤᠯᠬᠤ ᠴᠡᠭ᠎ᠢ ᠴᠤᠭᠴᠠᠯᠠᠪᠠ
6 ᠰᠠᠷ᠎ᠠ᠎ᠶ᠋ᠢᠨ 28 ᠤ᠋ ᠡᠳᠦᠷ᠂ ᠥᠪᠥᠷ ᠮᠣᠩᠭᠣᠯ᠎ᠤᠨ ᠭᠠᠷ ᠳᠠᠮᠵᠢᠭ᠍ᠰᠠᠨ ᠮᠠᠱᠢᠨ ᠲᠡᠷᠭᠡᠨ᠎ᠦ ᠦᠨ᠎ᠡ ᠬᠠᠶᠠᠯᠴᠠᠵᠤ ᠬᠤᠳᠠᠯᠳᠤᠬᠤ ᠲᠠᠪᠴᠠᠩ ᠮᠣᠩᠭᠣᠯ ᠤᠯᠤᠰ᠎ᠲᠤ ᠠᠰᠢᠭᠯᠠᠯᠳᠠ ᠳ᠋ᠤ ᠤᠷᠤᠪᠠ᠃ ᠭᠤᠷᠪᠠᠳᠤᠭᠠᠷ ᠬᠤᠭᠤᠴᠠᠭᠠᠨ᠎ᠤ ᠮᠣᠩᠭᠣᠯ ᠤᠯᠤᠰ ᠳᠤᠮᠳᠠᠳᠤ ᠤᠯᠤᠰ᠎ᠤᠨ ᠲᠠᠸᠠᠷ᠎ᠤᠨ ᠦᠵᠡᠰᠭᠦᠯᠡᠩ᠎ᠦᠨ ᠦᠨ᠎ᠡ ᠬᠠᠶᠠᠯᠴᠠᠵᠤ ᠬᠤᠳᠠᠯᠳᠤᠬᠤ ᠲᠤᠬᠠᠶ᠎ᠶ᠋ᠢᠨ ᠲᠠᠯᠠᠪᠠᠶ᠎ᠳᠤ᠂ ᠮᠣᠩᠭᠣᠯ ᠤᠯᠤᠰ᠎ᠤᠨ ᠬᠤᠳᠠᠯᠳᠤᠭᠠᠴᠢᠳ᠄《ᠲᠤᠰ ᠲᠠᠪᠴᠠᠩ ᠢ᠋ ᠬᠡᠷᠡᠭᠯᠡᠬᠦ ᠳ᠋ᠤ ᠳᠥᠭᠥᠮ᠂ ᠲᠡᠷᠭᠡᠨ᠎ᠦ ᠪᠠᠢᠳᠠᠯ ᠢᠯᠡ ᠲᠣᠳᠣ ᠪᠠᠢᠵᠤ᠂ ᠬᠢᠯᠢ ᠠᠯᠤᠰᠯᠠᠨ ᠫᠠᠢᠰᠠ ᠡᠯᠭᠦᠬᠦ᠌ ᠪᠠ ᠰᠡᠯᠪᠢᠨ ᠵᠠᠰᠠᠬᠤ ᠦᠶ᠋ᠯᠡᠴᠢᠯᠡᠭᠡ ᠨᠢ ᠭᠠᠳᠠᠭᠠᠳᠤ ᠡᠴᠡ ᠣᠷᠣᠭᠤᠯᠬᠤ ᠭᠠᠷ ᠳᠠᠮᠵᠢᠭ᠍ᠰᠠᠨ ᠮᠠᠱᠢᠨ ᠲᠡᠷᠭᠡᠨ᠎ᠦ ᠬᠣᠢᠱᠢᠳᠠ᠎ᠶ᠋ᠢᠨ ᠰᠠᠨᠠᠭᠠᠰᠢᠷᠠᠯ᠎ᠢ ᠲᠤᠢᠯᠪᠤᠷᠢᠲᠠᠶ ᠱᠢᠶ᠋ᠳᠪᠦᠷᠢᠯᠡᠭᠰᠡᠨ ᠪᠠᠢᠨ᠎ᠠ》 ᠭᠡᠵᠦ᠍ ᠰᠠᠢᠱᠢᠶᠠᠵᠠᠭᠠᠪᠠ᠃
ᠥᠪᠥᠷ ᠮᠣᠩᠭᠣᠯ᠎ᠤᠨ ᠭᠠᠷ ᠳᠠᠮᠵᠢᠭ᠍ᠰᠠᠨ ᠮᠠᠱᠢᠨ ᠲᠡᠷᠭᠡ᠎ᠶ᠋ᠢ ᠦᠨ᠎ᠡ ᠬᠠᠶᠠᠯᠴᠠᠵᠤ ᠬᠤᠳᠠᠯᠳᠤᠬᠤ ᠲᠠᠪᠴᠠᠩ᠎ᠢ ᠥᠪᠥᠷ ᠮᠣᠩᠭᠣᠯ᠎ᠤᠨ ᠭᠠᠷ ᠳᠠᠮᠵᠢᠭ᠍ᠰᠠᠨ ᠮᠠᠱᠢᠨ ᠲᠡᠷᠭᠡ᠎ᠶ᠋ᠢ ᠭᠠᠳᠠᠭᠠᠳᠤ᠎ᠳᠤ ᠭᠠᠷᠭᠠᠬᠤ ᠰᠠᠭᠤᠷᠢᠨ ᠡᠴᠡ ᠰᠤᠳᠤᠯᠤᠨ ᠨᠡᠭᠡᠭᠡᠵᠦ᠍ ᠪᠥᠲᠥᠭᠡᠨ ᠪᠠᠢᠭᠤᠯᠪᠠ᠂ ᠡᠨᠡ ᠨᠢ ᠮᠠᠨ᠎ᠤ ᠤᠯᠤᠰ᠎ᠤᠨ ᠮᠣᠩᠭᠣᠯ ᠤᠯᠤᠰ ᠪᠠ ᠣᠷᠣᠰ᠎ᠲᠤ ᠬᠠᠨᠳᠤᠭᠤᠯᠤᠭ᠍ᠰᠠᠨ ᠠᠩᠬᠠᠳᠠᠭ᠍ᠴᠢ ᠭᠠᠷ ᠳᠠᠮᠵᠢᠭ᠍ᠰᠠᠨ ᠮᠠᠱᠢᠨ ᠲᠡᠷᠭᠡ᠎ᠶ᠋ᠢ ᠬᠢᠯᠢ ᠠᠯᠤᠰᠯᠠᠨ ᠦᠨ᠎ᠡ ᠬᠠᠶᠠᠯᠴᠠᠵᠤ ᠬᠤᠳᠠᠯᠳᠤᠬᠤ ᠲᠠᠪᠴᠠᠩ ᠪᠣᠯᠤᠨ᠎ᠠ᠃ ᠲᠣᠰ ᠲᠠᠪᠴᠠᠩ᠎ᠢ 5 ᠰᠠᠷ᠎ᠠ᠎ᠶ᠋ᠢᠨ 23 ᠤ᠋ ᠡᠳᠦᠷ ᠤᠯᠤᠰ᠎ᠤᠨ ᠳᠣᠲᠣᠭᠠᠳᠤ᠎ᠳᠤ ᠲᠤᠷᠱᠢᠨ ᠠᠵᠢᠯᠯᠠᠭᠤᠯᠵᠤ ᠪᠠᠢᠬᠤ ᠬᠤᠭᠤᠴᠠᠭᠠᠨ᠎ᠳᠤ᠂ ᠨᠥᠭᠡᠴᠡ ᠮᠠᠰᠢᠨ ᠲᠡᠷᠭᠡᠨ᠎ᠦ ᠬᠡᠮᠵᠢᠶ᠎ᠡ 6000 ᠵᠢ ᠳᠠᠪᠠᠵᠤ᠂ ᠮᠣᠩᠭᠣᠯ ᠤᠯᠤᠰ ᠪᠣᠯᠤᠨ ᠣᠷᠣᠰ᠎ᠤᠨ 245 ᠬᠡᠷᠡᠭ᠌ᠯᠡᠭ᠌ᠴᠢ᠎ᠶ᠋ᠢ ᠲᠡᠳᠡᠵᠤ ᠳᠠᠩᠰᠠᠯᠠᠭᠤᠯᠤᠨ ᠭᠡᠷᠡᠴᠢᠯᠡᠬᠡ ᠬᠢᠯᠭᠡᠬᠦ ᠵᠢ ᠪᠡᠶᠡᠯᠡᠬᠦᠯᠪᠡ᠃
ᠨᠡᠩ ᠣᠯᠠᠨ ᠠᠵᠤ ᠠᠬᠤᠢᠯᠠᠯ᠎ᠤᠨ ᠭᠠᠳᠠᠭᠠᠳᠤ᠎ᠳᠠᠬᠢ ᠵᠠᠬ᠎ᠠ ᠳᠡᠯᠭᠡᠭᠦᠷ᠎ᠢᠶᠡᠨ ᠢᠳᠡᠪᠬᠢᠲᠡᠶ ᠥᠷᠭᠡᠳᠭᠡᠬᠦ᠌᠎ᠶ᠋ᠢ ᠳᠠᠭᠠᠯᠳᠤᠨ᠂ ᠬᠢᠯᠢ ᠠᠯᠤᠰᠯᠠᠭ᠍ᠰᠠᠨ ᠡᠯᠧᠺᠲ᠋ᠷᠣᠨ ᠬᠤᠳᠠᠯᠳᠤᠭ᠎ᠠ ᠪᠠ ᠭᠠᠷ ᠳᠠᠮᠵᠢᠭ᠍ᠰᠠᠨ ᠮᠠᠱᠢᠨ ᠲᠡᠷᠭᠡᠨ᠎ᠦ ᠭᠠᠳᠠᠭᠠᠳᠤ ᠭᠠᠷᠭᠠᠯᠲᠠ᠎ᠨᠢ ᠥᠪᠥᠷ ᠮᠣᠩᠭᠣᠯ᠎ᠤᠨ ᠭᠠᠳᠠᠭᠠᠳᠤ ᠠᠷᠠᠯᠵᠢᠶᠠᠨ᠎ᠤ ᠱᠢᠨ᠎ᠡ ᠨᠡᠮᠡᠭ᠌ᠳᠡᠯ᠎ᠦᠨ ᠲᠤᠢᠯ ᠪᠣᠯᠪᠠ᠃ ᠡᠨᠡ ᠵᠢᠯ᠎ᠦᠨ 1 — 5 ᠰᠠᠷ᠎ᠠ᠎ᠳᠤ᠂ ᠥᠪᠥᠷ ᠮᠣᠩᠭᠣᠯ ᠣᠷᠣᠰ ᠮᠣᠩᠭᠣᠯ᠎ᠤᠨ ᠬᠢᠯᠢ ᠠᠯᠤᠰᠯᠠᠭ᠍ᠰᠠᠨ ᠡᠯᠧᠺᠲ᠋ᠷᠣᠨ ᠬᠤᠳᠠᠯᠳᠤᠭ᠎ᠠ᠎ᠳᠤ 219 ᠳᠡᠯᠭᠡᠭᠦᠷ ᠨᠡᠭᠡᠭᠡᠵᠦ᠍᠂ ᠪᠤᠷᠤᠯᠠᠭᠤᠯᠭ᠎ᠠ ᠨᠢ 1 ᠲᠦᠮᠠᠨ ᠵᠠᠬᠢᠶᠠᠯᠠᠭ᠎ᠠ ᠵᠢᠨ ᠬᠠᠭᠤᠳᠠᠰᠤ ᠵᠢ ᠲᠠᠪᠠᠵᠤ᠂ ᠵᠣᠭᠣᠰ᠎ᠤᠨ ᠬᠡᠮᠵᠢᠶ᠎ᠡ 1 ᠳ᠋ᠦᠩᠱᠢᠭᠤᠷ ᠲᠥᠭᠥᠷᠢᠭ᠎ᠢ ᠳᠠᠪᠠᠵᠠᠢ; ᠭᠠᠳᠠᠭᠠᠳᠤ᠎ᠳᠤ ᠭᠠᠷᠭᠠᠭ᠍ᠰᠠᠨ ᠭᠠᠷ ᠳᠠᠮᠵᠢᠭ᠍ᠰᠠᠨ ᠮᠠᠱᠢᠨ ᠲᠡᠷᠭᠡ ᠨᠡᠢᠲᠡ 4634 ᠪᠠᠢᠵᠤ᠂ ᠭᠠᠳᠠᠭᠠᠳᠤ᠎ᠳᠤ ᠭᠠᠷᠭᠠᠭ᠍ᠰᠠᠨ ᠵᠤᠭᠤᠰ ᠤ᠋ᠨ ᠬᠡᠮᠵᠢᠶ᠎ᠡ 6000 ᠲᠦᠮᠡᠨ ᠳ᠋ᠣᠯᠯᠠᠷ᠎ᠢ ᠳᠠᠪᠠᠪᠠ᠃
ᠡᠨᠡ ᠵᠢᠯ᠎ᠦᠨ 1 — 5 ᠰᠠᠷ᠎ᠠ᠎ᠳᠤ᠂ ᠥᠪᠥᠷ ᠮᠣᠩᠭᠣᠯ᠎ᠤᠨ ᠭᠠᠳᠠᠭᠠᠳᠤ ᠠᠷᠠᠯᠵᠢᠶᠠᠨ᠎ᠤ ᠣᠷᠣᠭᠤᠯᠤᠯᠲᠠ ᠭᠠᠷᠭᠠᠯᠲᠠ᠎ᠶ᠋ᠢᠨ ᠶᠡᠷᠦᠩᠬᠡᠶ ᠥᠷᠲᠡᠭ 843 ᠳ᠋ᠦᠩᠱᠢᠭᠤᠷ ᠲᠥᠭᠥᠷᠢᠭ᠎ᠲᠦ ᠬᠦᠷᠴᠡᠶ᠃ ᠬᠥᠬᠡᠬᠣᠲᠠ᠂ ᠣᠷᠳᠣᠰ᠂ ᠮᠠᠨᠵᠤᠤᠷ ᠭᠤᠷᠪᠠᠨ ᠶᠡᠬᠡ ᠶᠡᠷᠦᠩᠬᠡᠢᠯᠡᠭ᠌ᠰᠡᠨ ᠭᠠᠢᠯᠢ ᠪᠠᠲᠤᠯᠠᠬᠤ ᠣᠷᠣᠨ᠎ᠤ ᠬᠥᠭ᠌ᠵᠢᠯᠲᠡ᠎ᠶ᠋ᠢᠨ ᠪᠠᠢᠳᠠᠯ ᠡᠷᠴᠢᠮᠳᠠᠢ ᠪᠠᠢᠵᠤ᠂ ᠭᠠᠳᠠᠭᠠᠳᠤ᠎ᠡᠴᠡ ᠣᠷᠣᠭᠤᠯᠵᠤ ᠭᠠᠳᠠᠭᠠᠳᠤ᠎ᠳᠤ ᠭᠠᠷᠭᠠᠬᠤ ᠶᠡᠷᠦᠩᠬᠡᠶ ᠥᠷᠲᠡᠭ ᠵᠢᠱ᠌ᠢᠯᠲᠡ᠎ᠪᠡᠷ 82.52 ᠳ᠋ᠦᠩᠱᠢᠭᠤᠷ ᠲᠥᠭᠥᠷᠢᠭ᠎ᠲᠦ ᠬᠦᠷᠴᠡᠢ᠃
ᠭᠠᠳᠠᠭᠠᠳᠤ ᠳᠦ ᠬᠠᠨᠳᠤᠭᠤᠯᠤᠬᠰᠠᠨ ᠬᠡᠯᠪᠡᠷᠢ ᠵᠢᠨ ᠠᠵᠤ ᠠᠬᠤᠶ᠎ᠶ᠋ᠢᠨ ᠣᠷᠣᠨ ᠵᠠᠶ᠎ᠶ᠋ᠢ ᠤᠯᠠᠮ ᠨᠢᠭᠡ ᠠᠯᠬᠤᠮ ᠥᠷᠭᠡᠳᠭᠡᠬᠦ᠌᠎ᠶ᠋ᠢᠨ ᠲᠥᠯᠥᠭᠡ᠂ ᠥᠪᠥᠷ ᠮᠣᠩᠭᠣᠯ ᠥᠨᠳᠥᠷ ᠲᠦᠪᠱᠢᠨ ᠪᠥᠬᠥᠶ ᠬᠠᠮᠲᠤᠷᠠᠯᠴᠠᠭ᠎ᠠ ᠰᠣᠯᠢᠯᠴᠠᠭᠠᠨ᠎ᠤ ᠲᠠᠪᠴᠠᠩ᠎ᠢ ᠢᠳᠡᠪᠬᠢᠲᠡᠶ ᠪᠠᠢᠭᠤᠯᠵᠤ᠂ ᠳᠤᠮᠳᠠᠳᠤ ᠤᠯᠤᠰ(ᠥᠪᠥᠷ ᠮᠣᠩᠭᠣᠯ)— ᠪᠷᠠᠽᠢᠯ᠎ᠤᠨ ᠪᠠᠯᠠ ᠣᠷᠣᠭᠤᠯᠤᠯᠲᠠ ᠠᠷᠠᠯᠵᠢᠶᠠᠨ᠎ᠤ ᠬᠠᠮᠲᠤᠷᠠᠯᠴᠠᠭ᠎ᠠ᠎ᠶ᠋ᠢᠨ ᠲᠠᠨᠢᠯᠴᠠᠭᠤᠯᠭ᠎ᠠ ᠵᠢᠨ ᠬᠤᠷᠠᠯ ᠵᠢᠴᠢ 《ᠥᠪᠥᠷ ᠮᠣᠩᠭᠣᠯ᠎ᠤᠨ ᠬᠤᠳᠠᠯᠳᠤᠭᠠᠴᠢᠨ᠎ᠤ ᠲᠣᠷᠭᠠᠨ ᠵᠠᠮ᠎ᠤᠨ ᠠᠶᠠᠯᠠᠯ 》 ᠤ᠋ᠨ ᠠᠵᠢᠯᠯᠠᠭ᠎ᠠ᠎ᠶ᠋ᠢ ᠡᠷᠭᠢᠯᠡᠬᠦ᠌᠎ᠪᠡᠷ ᠳᠠᠮᠵᠢᠨ᠂ 17 ᠲᠥᠷᠥᠯ ᠵᠦᠶ᠋ᠯ᠎ᠦᠨ ᠭᠡᠷ᠎ᠡ ᠲᠣᠭ᠍ᠲᠠᠬᠤ᠎ᠶ᠋ᠢ ᠠᠬᠢᠭᠤᠯᠵᠤ᠂ ᠵᠠᠭᠤ ᠱᠢᠬᠠᠮ ᠳ᠋ᠦᠩᠱᠢᠭᠤᠷ ᠲᠥᠭᠥᠷᠢᠭ᠎ᠦᠨ ᠬᠠᠮᠲᠤᠷᠠᠯᠴᠠᠭᠠᠨ᠎ᠤ ᠰᠠᠨᠠᠮᠵᠢ ᠲᠣᠭ᠍ᠲᠠᠪᠠ᠃
ᠡᠭᠦᠨ᠎ᠦ ᠵᠡᠷᠭᠡ ᠪᠡᠷ᠂ ᠪᠣᠭᠣᠮᠲᠠ ᠥᠩᠭᠡᠷᠡᠬᠦ᠌ ᠦᠷ᠎ᠡ ᠪᠦᠲᠦᠮᠵᠢ ᠪᠣᠯᠤᠨ ᠰᠠᠭᠤᠷᠢ ᠲᠥᠬᠥᠭᠡᠷᠦᠮᠵᠢ᠎ᠶ᠋ᠢ ᠬᠠᠮᠵᠢᠯᠴᠠᠭᠤᠯᠤᠨ ᠳᠡᠭᠡᠭ᠌ᠰᠢᠯᠡᠭᠦᠯᠪᠡ᠃ ᠡᠨᠡ ᠵᠢᠯ᠎ᠦᠨ 1 — 5 ᠰᠠᠷ᠎ᠠ᠎ᠳᠤ᠂ ᠥᠪᠥᠷ ᠮᠣᠩᠭᠣᠯ᠎ᠡᠴᠡ ᠮᠤᠷᠳᠠᠬᠰᠠᠨ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ 246 ᠴᠤᠪᠤᠭ᠎ᠠ ᠳ᠋ᠤ ᠬᠦᠷᠴᠤ᠂ ᠨᠢᠳᠤᠨᠤᠨ ᠤ᠋ ᠠᠳᠠᠯᠢ ᠬᠤᠭᠤᠴᠠᠭᠠᠨ᠎ᠤ᠎ᠬᠢ᠎ᠡᠴᠡ 37.4% ᠪᠠᠷ ᠨᠡᠮᠡᠭ᠌ᠳᠡᠵᠦ᠍᠂ ᠲᠡᠭᠡᠭᠡᠪᠦᠷᠢᠯᠡᠭᠰᠡᠨ ᠪᠠᠷᠠᠭᠠᠨ᠎ᠤ ᠥᠷᠲᠡᠭ 5.07 ᠳ᠋ᠦᠩᠱᠢᠭᠤᠷ ᠳ᠋ᠣᠯᠯᠠᠷ᠎ᠲᠤ ᠬᠥᠷᠪᠡ; ᠬᠢᠯᠢ ᠵᠢᠨ ᠪᠣᠭᠣᠮᠲᠠ᠎ᠶ᠋ᠢᠨ ᠪᠠᠷᠠᠭᠠᠨ᠎ᠤ ᠲᠡᠭᠡᠭᠡᠪᠦᠷᠢ᠎ᠶ᠋ᠢᠨ ᠬᠡᠮᠵᠢᠶ᠎ᠡ 5239.8 ᠲᠦᠮᠡᠨ ᠲᠣᠨ᠎ᠳᠤ ᠬᠦᠷᠴᠦ᠍᠂ ᠨᠢᠳᠤᠨᠤᠨ ᠤ᠋ ᠠᠳᠠᠯᠢ ᠬᠤᠭᠤᠴᠠᠭᠠᠨ᠎ᠤ᠎ᠬᠢ᠎ᠡᠴᠡ 8.1% ᠪᠠᠷ ᠨᠡᠮᠡᠭ᠌ᠳᠡᠪᠡ᠃
ᠤᠯᠤᠰ᠎ᠤᠨ ᠳᠣᠲᠣᠭᠠᠳᠤ᠎ᠶ᠋ᠢᠨ 《 ᠶᠡᠬᠡ ᠣᠷᠴᠢᠯ 》 ᠳ᠋ᠤ ᠠᠭᠤᠰᠤᠯᠴᠠᠵᠤ ᠬᠠᠮᠵᠢᠯᠴᠠᠨ ᠬᠥᠭ᠌ᠵᠢᠬᠦ᠌ ᠪᠠᠢᠷᠢᠱᠢᠯ᠎ᠢ ᠪᠤᠢ ᠪᠤᠯᠭᠠᠪᠠ
ᠳᠡᠯᠭᠡᠷ ᠵᠤᠨ᠎ᠤ 7 ᠰᠠᠷ᠎ᠠ᠎ᠳᠤ᠂ ᠥᠪᠥᠷ ᠮᠣᠩᠭᠣᠯ᠎ᠤᠨ ᠠᠭᠤᠯᠠ ᠨᠢ ᠬᠦᠬᠡᠮᠳᠦᠭ ᠤᠰᠤ ᠨᠢ ᠨᠣᠮᠢᠨ᠂ ᠦᠩᠭᠡ ᠦᠵᠡᠮᠵᠢ ᠬᠥᠮᠦᠨ᠎ᠢ ᠰᠣᠭ᠍ᠲᠣᠭᠤᠷᠠᠭᠤᠯᠤᠮᠠ ᠭᠤᠢᠳᠠ ᠰᠠᠢᠬᠠᠨ᠃ ᠪᠡᠭᠡᠵᠢᠩ᠎ᠦᠨ ᠵᠢᠭᠤᠯᠴᠢᠯᠠᠭᠴᠢ ᠱᠢᠶᠠ ᠠᠪᠠᠬᠠᠢ᠄ 《ᠲᠠᠯ᠎ᠠ ᠨᠤᠲᠤᠭ᠎ᠤᠨ ᠦᠩᠭᠡ ᠦᠵᠡᠮᠵᠢ ᠵᠢᠷᠤᠭ ᠮᠡᠲᠦ ᠰᠠᠢᠬᠠᠨ᠂ ᠱᠣᠣᠮᠠᠢ᠂ ᠴᠢᠨᠠᠭ᠍ᠰᠠᠨ ᠬᠤᠨᠢᠨ ᠮᠢᠬ᠎ᠠ ᠵᠡᠷᠬᠡ ᠠᠮᠳᠠᠳᠤ ᠢᠳᠡᠬᠡᠨ ᠨᠢ ᠦᠨᠡᠬᠡᠷ ᠠᠮᠲᠠᠳᠠᠢ》 ᠬᠡᠵᠤ ᠱᠠᠭᠰᠢᠨ ᠮᠠᠭᠳᠠᠨ᠎ᠠ᠃ ᠱᠢᠶᠠ ᠠᠪᠠᠬᠠᠢ ᠲᠠᠢ ᠠᠳᠠᠯᠢ ᠪᠡᠷ ᠭᠠᠷᠠᠭ᠎ᠤᠨ ᠰᠡᠭᠦᠯᠴᠢ᠎ᠪᠡᠷ ᠥᠪᠥᠷ ᠮᠣᠩᠭᠣᠯ᠎ᠳᠤ ᠵᠢᠭᠤᠯᠴᠢᠯᠠᠵᠤ ᠪᠠᠢᠭ᠎ᠠ ᠪᠡᠭᠡᠵᠢᠩ᠎ᠦᠨ ᠵᠢᠭᠤᠯᠴᠢᠯᠠᠭᠰᠠᠳ ᠦᠷᠭᠦᠯᠵᠢᠯᠡᠨ ᠨᠡᠮᠡᠭ᠌ᠳᠡᠵᠦ᠍ ᠪᠤᠢ᠃ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭᠠᠨ᠎ᠤ ᠪᠣᠷᠣ ᠲᠥᠯᠥᠪ᠎ᠦᠨ ᠳᠤᠤᠷ᠎ᠠ᠂ 《ᠪᠡᠭᠡᠵᠢᠩ᠎ᠡᠴᠡ ᠪᠠᠷᠠᠭᠤᠨᠰᠢ ᠪᠠᠨ ᠨᠢᠭᠡ ᠠᠯᠬᠤᠮ ᠶᠠᠪᠤᠪᠠᠯ ᠳᠠᠷᠤᠢ ᠤᠯᠠᠭᠠᠨᠴᠠᠪ ᠬᠦᠷᠬᠦ ᠪᠤᠯᠤᠨ᠎ᠠ》 ᠭᠡᠬᠦ᠌ ᠵᠡᠷᠭᠡ ᠰᠣᠶᠣᠯ ᠵᠢᠭᠤᠯᠴᠢᠯᠠᠯ᠎ᠤᠨ ᠲᠤᠬᠠᠢ ᠤᠬᠠᠭᠤᠯᠭ᠎ᠠ ᠵᠢᠨ ᠤᠷᠢᠶ᠎ᠠ ᠨᠢ ᠬᠥᠮᠦᠰ᠎ᠦᠨ ᠰᠡᠳᠭᠢᠯ᠎ᠳᠦ ᠭᠦᠨ ᠰᠠᠭᠤᠭ᠍ᠳᠠᠵᠤ᠂ ᠬᠣᠶᠠᠷ ᠵᠢᠯ᠎ᠳᠦ ᠬᠣᠶᠠᠷ ᠭᠠᠵᠠᠷ᠎ᠤᠨ ᠬᠠᠷᠢᠯᠴᠠᠨ ᠨᠠᠭᠠᠰᠢ ᠴᠠᠭᠠᠰᠢ ᠶᠠᠪᠤᠬᠰᠠᠨ ᠵᠢᠭᠤᠯᠴᠢᠯᠠᠭᠴᠢ 3200 ᠲᠦᠮᠡᠨ ᠬᠥᠮᠦᠨ ᠤᠳᠠᠭ᠎ᠠ᠎ᠶ᠋ᠢ ᠳᠠᠪᠠᠵᠤ᠂ ᠵᠥᠪᠬᠡᠨ 2025 ᠣᠨ᠎ᠤ ᠴᠠᠭᠠᠨ ᠰᠠᠷ᠎ᠠ᠎ᠳᠤ ᠥᠪᠥᠷ ᠮᠣᠩᠭᠣᠯ ᠨᠢ ᠪᠡᠭᠡᠵᠢᠩ᠎ᠦᠨ ᠵᠢᠭᠤᠯᠴᠢᠯᠠᠭᠰᠠᠳ᠎ᠢ 18.13 ᠲᠦᠮᠡᠨ ᠬᠥᠮᠦᠨ ᠤᠳᠠᠭ᠎ᠠ ᠭᠥᠯᠢᠶᠡᠨ ᠠᠪᠴᠠᠶ᠃
ᠰᠣᠶᠣᠯ ᠵᠢᠭᠤᠯᠴᠢᠯᠠᠯ᠎ᠤᠨ ᠵᠠᠬ᠎ᠠ ᠳᠡᠯᠭᠡᠭᠦᠷ᠎ᠦᠨ ᠲᠤᠰᠭᠠᠯ ᠬᠥᠭ᠌ᠵᠢᠶᠡᠨ ᠲᠡᠶ ᠪᠠᠢᠵᠤ᠂ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭᠠᠨ᠎ᠤ ᠦᠷ᠎ᠡ ᠪᠦᠲᠦᠭᠡᠯ ᠭᠠᠵᠠᠷ ᠪᠣᠯᠭᠠᠨ᠎ᠳᠤ ᠳᠡᠯᠭᠡᠷᠡᠪᠡ᠃ ᠥᠪᠥᠷ ᠮᠣᠩᠭᠣᠯ 《 ᠵᠢᠷᠭᠤᠭᠠᠨ ᠳᠠᠬᠢᠨ᠎ᠢᠶᠠᠷ ᠨᠡᠮᠡᠭ᠌ᠳᠡᠭᠦᠯᠬᠦ᠌ ᠲᠥᠯᠥᠪᠯᠡᠭᠡ 》 ᠪᠠ 《ᠳᠥᠷᠪᠡᠨ ᠵᠦᠶ᠋ᠯ᠎ᠦᠨ ᠠᠵᠢᠯᠯᠠᠭ᠎ᠠ 》 ᠶ᠋ᠢᠨ ᠵᠠᠩᠬᠢᠯᠠᠭ᠎ᠠ᠎ᠶ᠋ᠢ ᠴᠢᠩᠭ᠎ᠠ ᠠᠳᠭᠤᠵᠤ᠂ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ᠎ᠶ᠋ᠢᠨ ᠱᠢᠨ᠎ᠡ ᠳᠡᠭ᠌ᠲᠡᠷ᠎ᠲᠦ ᠭᠠᠷᠬᠤ᠎ᠶ᠋ᠢ ᠠᠬᠢᠭᠤᠯᠵᠤ ᠪᠣᠶ᠃ ᠡᠨᠡ ᠵᠢᠯ᠎ᠦᠨ 1— 5 ᠰᠠᠷ᠎ᠠ᠎ᠳᠤ᠂ 《ᠪᠡᠭᠡᠵᠢᠩ᠎ᠤᠨ ᠡᠮᠴᠢᠯᠡᠭᠡᠨ》᠎ᠤ᠋ 870 ᠲᠤᠰᠭᠠᠶ ᠮᠡᠷᠭᠡᠵᠢᠯᠲᠡᠨ ᠥᠪᠥᠷ ᠮᠣᠩᠭᠣᠯ᠎ᠳᠤ ᠢᠷᠡᠵᠦ᠍᠂ ᠬᠦᠴᠢᠷ ᠲᠦᠪᠡᠭ᠌ᠲᠡᠶ ᠨᠠᠷᠢᠨ ᠪᠤᠳᠤᠯᠢᠶᠠᠨᠲᠠᠶ ᠡᠪᠡᠳᠴᠢᠲᠡᠨ᠎ᠢ ᠪᠠᠷᠤᠭ 16 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠌ ᠡᠮᠴᠢᠯᠡᠪᠡ᠃ ᠪᠡᠭᠡᠵᠢᠩ ᠥᠪᠥᠷ ᠮᠣᠩᠭᠣᠯ ᠬᠥᠳᠡᠯᠮᠦᠷᠢ ᠦᠶ᠋ᠯᠡᠴᠢᠯᠡᠭᠡᠨ᠎ᠦ ᠬᠠᠮᠵᠢᠯᠴᠠᠬᠤ ᠠᠵᠢᠯᠯᠠᠬᠤ ᠥᠷᠲᠡᠭᠡ᠎ᠶ᠋ᠢ ᠬᠠᠮᠲᠤ᠎ᠪᠠᠷ ᠪᠠᠢᠭᠤᠯᠵᠤ᠂ 3.95 ᠲᠦᠮᠡᠨ ᠮᠠᠯᠴᠢᠨ ᠲᠠᠷᠢᠶᠠᠴᠢᠨ᠎ᠤ ᠠᠵᠢᠯ ᠣᠯᠵᠤ ᠣᠷᠣᠯᠭ᠎ᠠ᠎ᠪᠠᠨ ᠨᠡᠮᠡᠭ᠌ᠳᠡᠭᠦᠯᠬᠦ᠌᠎ᠳᠦ ᠬᠦᠴᠦᠨ ᠨᠡᠮᠡᠷᠢᠯᠡᠪᠡ᠃ ᠱᠸᠤ ᠨᠦᠩ᠂ ᠱᠦᠨ ᠱᠢᠨ ᠵᠡᠷᠭᠡ 137 ᠱᠢᠨ᠎ᠡ᠎ᠪᠡᠷ ᠭᠡᠷ᠎ᠡ ᠲᠣᠭ᠍ᠲᠠᠭ᠍ᠰᠠᠨ《 ᠪᠡᠭᠡᠵᠢᠩ᠎ᠦᠨ ᠪᠠᠯᠠ᠎ᠲᠦ》 ᠲᠥᠷᠥᠯ ᠵᠦᠶ᠋ᠯ᠎ᠢ ᠥᠪᠥᠷ ᠮᠣᠩᠭᠣᠯ᠎ᠳᠤ ᠨᠠᠢᠳᠠᠪᠤᠷᠢᠵᠢᠭᠤᠯᠵᠤ᠂ ᠵᠥᠩ ᠵᠢᠨ ᠳ᠋ᠠᠢᠲ᠋ᠠ᠎ᠶ᠋ᠢᠨ ᠪᠦᠯᠦᠭ᠌ᠯᠡᠯ᠂ ᠪᠡᠭᠡᠵᠢᠩ᠎ᠦᠨ ᠵᠢᠶᠠᠨ ᠶᠦᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠂ ᠱᠸᠤ ᠨᠦᠩ ᠪᠦᠯᠦᠭ᠌ᠯᠡᠯ᠂ ᠵᠢᠩ ᠨᠸᠩ ᠪᠦᠯᠦᠭ᠌ᠯᠡᠯ ᠵᠡᠷᠭᠡ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠠᠮᠲᠤᠷᠠᠯᠴᠠᠭᠠᠨ᠎ᠤ ᠲᠥᠷᠥᠯ ᠵᠦᠶ᠋ᠯ᠎ᠢ ᠤᠷᠤᠭ᠍ᠰᠢᠲᠠᠶ ᠬᠡᠷᠡᠭ᠌ᠵᠢᠭᠦᠯᠪᠡ᠃
ᠣᠷᠣᠨ ᠪᠦᠰᠡ᠎ᠶ᠋ᠢᠨ ᠬᠠᠮᠵᠢᠯᠴᠠᠭᠠᠨ᠎ᠤ ᠥᠷᠨᠢᠯᠲᠡ ᠨᠢ ᠪᠡᠭᠡᠵᠢᠩ ᠥᠪᠥᠷ ᠮᠣᠩᠭᠣᠯ᠎ᠤᠨ ᠬᠣᠭᠣᠷᠣᠨᠳᠣ ᠪᠠᠢᠬᠰᠠᠨ᠎ᠡᠴᠡ ᠪᠦᠬᠦ᠌ ᠤᠯᠤᠰ᠎ᠲᠤ ᠬᠦᠷᠲᠡᠯ᠎ᠡ ᠥᠷᠭᠡᠵᠢᠪᠡ᠃ ᠡᠨᠡ ᠵᠢᠯ᠎ᠦᠨ 6 ᠰᠠᠷ᠎ᠠ᠎ᠳᠤ᠂ ᠶᠢᠰᠦᠳᠦᠭᠡᠷ ᠬᠤᠭᠤᠴᠠᠭᠠᠨ᠎ᠤ ᠳᠤᠮᠳᠠᠳᠤ ᠤᠯᠤᠰ — ᠡᠮᠦᠨᠡᠲᠦ ᠠᠽᠢᠶ᠎ᠠ᠎ᠶᠢᠨ ᠦᠵᠡᠰᠭᠦᠯᠡᠩ᠎ᠦᠨ ᠴᠤᠭ᠍ᠯᠠᠭᠠᠨ ᠳᠡᠭᠡᠷ᠎ᠡ᠂ ᠥᠪᠥᠷ ᠮᠣᠩᠭᠣᠯ᠎ᠤᠨ ᠦᠵᠡᠰᠬᠦᠯᠡᠩ᠎ᠤᠨ ᠲᠠᠪᠴᠠᠩ 《 ᠬᠠᠮᠤᠭ᠎ᠡᠴᠡ ᠬᠦᠷᠢᠶᠡᠯᠡᠯ᠎ᠲᠡᠶ ᠦᠵᠡᠰᠬᠦᠯᠡᠩ᠎ᠤᠨ ᠲᠠᠪᠴᠠᠩ 》 ᠪᠣᠯᠵᠣ᠂ 12 ᠰᠦ᠎ᠵᠢᠨ ᠦᠢᠯᠡᠰ᠎ᠤᠨ ᠠᠵᠤ ᠠᠬᠤᠢᠯᠠᠯ ᠡᠨᠡ ᠬᠦ᠌ ᠣᠯᠠᠨ ᠤᠯᠤᠰ᠎ᠤᠨ ᠲᠠᠪᠴᠠᠩ᠎ᠢ ᠠᠱᠢᠭ᠍ᠯᠠᠨ᠂ ᠡᠮᠦᠨᠡᠲᠦ ᠠᠽᠢᠶ᠎ᠠ᠂ ᠵᠡᠭᠦᠨ ᠡᠮᠦᠨᠡᠲᠦ ᠠᠽᠢᠶ᠎ᠠ ᠵᠢᠴᠢ ᠪᠥᠬᠥ᠌ ᠤᠯᠤᠰ᠎ᠤᠨ ᠡᠯ᠎ᠡ ᠭᠠᠵᠠᠷ᠎ᠤᠨ ᠬᠤᠳᠠᠯᠳᠤᠨ ᠠᠪᠬᠤ ᠬᠤᠳᠠᠯᠳᠤᠭᠠᠴᠢᠨ᠎ᠲᠠᠶ ᠥᠨᠳᠥᠷ ᠪᠦᠲᠦᠮᠵᠢᠲᠡᠶ᠎ᠪᠡᠷ ᠵᠣᠯᠭᠠᠯᠴᠠᠵᠤ᠂ ᠵᠠᠭᠤ ᠭᠠᠷᠤᠶ ᠱᠢᠨ᠎ᠡ ᠬᠡᠷᠡᠭ᠌ᠯᠡᠭ᠌ᠴᠢ᠎ᠲᠡᠶ ᠱᠢᠭᠤᠳ ᠬᠠᠷᠢᠯᠴᠠᠬᠤ ᠠᠷᠭ᠎ᠠ ᠵᠠᠮ᠎ᠢ ᠨᠡᠭᠡᠭᠡᠪᠡ᠃ ᠪᠦᠷᠢᠨ ᠪᠤᠰᠤ ᠪᠦᠷᠢᠳᠭᠡᠯ᠎ᠢ ᠦᠨᠳᠦᠰᠦᠯᠡᠪᠡᠯ᠂ ᠦᠵᠡᠰᠭᠦᠯᠡᠩ᠎ᠦᠨ ᠴᠤᠭ᠍ᠯᠠᠭᠠᠨ᠎ᠤ ᠬᠤᠭᠤᠴᠠᠭᠠᠨ᠎ᠳᠤ᠂ ᠦᠵᠡᠰᠭᠦᠯᠡᠩᠳᠦ ᠣᠷᠣᠯᠴᠠᠭ᠍ᠰᠠᠨ ᠠᠵᠤ ᠠᠬᠤᠢᠯᠠᠯ 563 ᠲᠦᠮᠡᠨ ᠲᠥᠭᠥᠷᠢᠭ᠎ᠦᠨ ᠠᠷᠠᠯᠵᠢᠶᠠᠨ᠎ᠤ ᠵᠠᠬᠢᠶᠠᠯᠠᠭᠠᠳ᠋ᠤ ᠬᠡᠷ᠎ᠡ ᠲᠤᠬᠳᠠᠵᠤ᠂ 770 ᠲᠦᠮᠡᠨ ᠲᠥᠭᠥᠷᠢᠭ᠎ᠦᠨ ᠬᠠᠮᠲᠤᠷᠠᠯᠴᠠᠭᠠᠨ᠎ᠤ ᠰᠠᠨᠠᠮᠵᠢ ᠵᠢᠨ ᠬᠡᠷ᠎ᠠ ᠲᠤᠬᠢᠷᠠᠯᠴᠠᠪᠠ᠃
1— 5 ᠰᠠᠷ᠎ᠠ᠎ᠳᠤ᠂ ᠥᠪᠥᠷ ᠮᠣᠩᠭᠣᠯ᠎ᠤᠨ ᠠᠷᠠᠯᠵᠢᠶᠠᠴᠢᠨ ᠤᠷᠢᠵᠤ ᠪᠠᠯᠠ ᠮᠦᠨᠭᠬᠦ ᠣᠷᠣᠭᠤᠯᠤᠨ ᠠᠪᠴᠢᠷᠠᠬᠰᠠᠨ ᠱᠢᠨ᠎ᠡ᠎ᠪᠡᠷ ᠭᠡᠷ᠎ᠡ ᠲᠣᠭ᠍ᠲᠠᠭ᠍ᠰᠠᠨ ᠪᠠᠯᠠ ᠣᠷᠣᠭᠤᠯᠤᠯᠲᠠ᠎ᠶ᠋ᠢᠨ ᠬᠡᠮᠵᠢᠶ᠎ᠡ ᠨᠢ 500 ᠲᠦᠮᠡᠨ ᠲᠥᠭᠥᠷᠢᠭ᠎ᠡᠴᠡ ᠳᠡᠭᠡᠭ᠌ᠰᠢᠬᠢ ᠲᠥᠷᠥᠯ ᠵᠦᠶ᠋ᠯ 659 ᠪᠣᠯᠪᠠ᠃ ᠶᠠᠭ ᠬᠡᠷᠡᠭ᠌ᠵᠢᠭᠦᠯᠵᠦ᠍ ᠪᠠᠢᠭ᠎ᠠ 2714 ᠠᠷᠠᠯᠵᠢᠶᠠᠴᠢᠨ ᠤᠷᠢᠵᠤ ᠪᠠᠯᠠ ᠮᠦᠨᠭᠬᠦ ᠣᠷᠣᠭᠤᠯᠤᠨ ᠠᠪᠴᠢᠷᠠᠬᠰᠠᠨ ᠲᠥᠷᠥᠯ ᠵᠦᠶ᠋ᠯ᠎ᠳᠦ ᠤᠯᠤᠰ᠎ᠤᠨ ᠳᠣᠲᠣᠭᠠᠳᠤ᠎ᠶ᠋ᠢᠨ ᠪᠣᠳᠠᠲᠠᠶ ᠪᠠᠯᠠ ᠮᠥᠩᠭᠥ᠎ᠶ᠋ᠢ 1728.7 ᠳ᠋ᠦᠩᠱᠢᠭᠤᠷ ᠲᠥᠭᠥᠷᠢᠭ ᠣᠷᠣᠭᠤᠯᠤᠨ ᠠᠪᠴᠢᠷᠠᠵᠤ᠂ ᠠᠳᠠᠯᠢ ᠬᠤᠭᠤᠴᠠᠭᠠᠨ᠎ᠤ᠎ᠬᠢ᠎ᠡᠴᠡ 24.5% ᠪᠠᠷ ᠨᠡᠮᠡᠭ᠌ᠳᠡᠪᠡ᠃ ᠡᠭᠦᠨ᠎ᠳᠦ᠂ ᠪᠡᠭᠡᠵᠢᠩ ᠲᠢᠶᠠᠨᠵᠢᠨ ᠾᠧᠪᠧᠶ᠂ ᠬᠥᠬᠡᠮᠥ᠋ᠷᠡᠨ᠎ᠦ ᠭᠤᠷᠪᠠᠯᠵᠢᠨ ᠬᠣᠢᠭ᠂ ᠭᠤᠸᠠᠩᠳᠦ᠋ᠩ ᠱᠢᠶᠠᠩᠭᠠᠩ ᠣᠣᠮᠧᠨ ᠵᠡᠷᠭᠡ ᠭᠤᠤᠯᠳᠠᠯᠭ᠎ᠠ᠎ᠲᠠᠶ ᠭᠠᠵᠠᠷ ᠣᠷᠣᠨ᠎ᠤ ᠪᠣᠳᠠᠲᠠᠶ ᠨᠠᠢᠳᠠᠪᠤᠷᠢᠵᠢᠭᠤᠯᠤᠭ᠍ᠰᠠᠨ ᠪᠠᠯᠠ ᠮᠥᠩᠭᠥ᠌ 1201.6 ᠳ᠋ᠦᠩᠱᠢᠭᠤᠷ ᠲᠥᠭᠥᠷᠢᠭ᠎ᠲᠦ ᠬᠦᠷᠴᠦ᠍᠂ ᠪᠣᠳᠠᠲᠠᠶ ᠨᠠᠢᠳᠠᠪᠤᠷᠢᠵᠢᠭᠤᠯᠤᠭ᠍ᠰᠠᠨ ᠪᠥᠬᠥ᠌ ᠪᠠᠯᠠ ᠮᠥᠩᠭᠥ᠎ᠳᠡᠬᠢ ᠡᠵᠡᠯᠡᠬᠦ᠌ ᠬᠠᠷᠢᠴᠠᠯ᠎ᠨᠢ 69.5% ᠳ᠋ᠤ ᠬᠦᠷᠴᠦ᠍᠂ ᠠᠳᠠᠯᠢ ᠬᠤᠭᠤᠴᠠᠭᠠᠨ᠎ᠤ᠎ᠬᠢ᠎ᠡᠴᠡ 30.5% ᠪᠠᠷ ᠨᠡᠮᠡᠭ᠌ᠳᠡᠪᠡ᠃
ᠡᠨᠡ ᠵᠢᠯ᠂ ᠥᠪᠥᠷ ᠮᠣᠩᠭᠣᠯ ᠴᠦᠩᠴᠢᠩ᠂ ᠰᠢ ᠠᠨ᠂ ᠬᠠᠩᠵᠧᠦ ᠵᠡᠷᠭᠡ ᠬᠣᠲᠠ᠎ᠳᠤ《ᠥᠪᠥᠷ ᠮᠣᠩᠭᠣᠯ᠎ᠤᠨ ᠰᠤᠳᠤᠨ ᠪᠦᠳᠦᠭᠡᠭᠳᠡᠬᠦᠨ᠎ᠤ ᠪᠥᠬᠥ᠌ ᠤᠯᠤᠰ ᠲᠡᠬᠢ ᠠᠶᠠᠯᠠᠯ》 ᠬᠡᠬᠦ ᠪᠤᠷᠤᠯᠠᠭᠤᠯᠭ᠎ᠠ ᠵᠢᠨ ᠠᠵᠢᠯᠯᠠᠭ᠎ᠠ ᠵᠢ ᠡᠷᠭᠢᠯᠡᠵᠦ᠍᠂ ᠲᠤᠬᠠᠶ᠎ᠶ᠋ᠢᠨ ᠲᠠᠯᠠᠪᠠᠶ᠎ᠳᠤ 5.16 ᠳ᠋ᠦᠩᠱᠢᠭᠤᠷ ᠲᠥᠭᠥᠷᠢᠭ᠎ᠦᠨ ᠭᠡᠷ᠎ᠡ ᠲᠣᠭ᠍ᠲᠠᠵᠤ᠂ ᠢᠯᠢ᠂ ᠮᠧᠩ ᠨᠢᠤ ᠵᠡᠷᠭᠡ ᠳᠠᠭᠠᠭᠤᠯᠤᠭ᠍ᠴᠢ ᠠᠵᠤ ᠠᠬᠤᠢᠯᠠᠯ᠎ᠤᠨ ᠪᠠᠷᠠᠭᠤᠨ ᠡᠮᠦᠨᠡᠲᠦ ᠣᠷᠣᠨ᠎ᠤ ᠵᠠᠬ᠎ᠠ ᠳᠡᠯᠭᠡᠭᠦᠷ ᠲᠡᠬᠢ ᠡᠵᠡᠯᠡᠬᠦ᠌ ᠬᠤᠪᠢ᠎ᠶ᠋ᠢᠨ ᠵᠢᠩ᠎ᠢ 8% ᠳᠡᠭᠡᠭ᠌ᠰᠢᠯᠡᠭᠦᠯᠵᠦ᠍᠂ ᠣᠷᠣᠨ ᠪᠦᠰᠡ᠎ᠶ᠋ᠢᠨ ᠲᠥᠷᠥᠯ ᠲᠡᠮᠳᠡᠭ᠎ᠦᠨ ᠨᠥᠯᠥᠭᠡᠯᠡᠬᠦ᠌ ᠬᠦᠴᠦᠨ᠎ᠢ ᠦᠷᠭᠦᠯᠵᠢᠯᠡᠨ ᠥᠷᠭᠡᠳᠭᠡᠵᠦ᠍᠂ 《ᠥᠪᠥᠷ ᠮᠣᠩᠭᠣᠯ᠎ᠤᠨ ᠦᠨᠦᠷ ᠠᠮᠲᠠ》 ᠶ᠋ᠢ ᠪᠥᠬᠥ᠌ ᠤᠯᠤᠰ᠎ᠲᠤ ᠠᠯᠳᠠᠷᠱᠢᠭᠤᠯᠪᠠ᠃
ᠪᠦᠬᠦ᠌ ᠣᠷᠣᠨ᠎ᠤ 《ᠨᠢᠭᠡ ᠬᠦᠯᠬᠡ ᠰᠢᠳᠠᠷ᠎ᠠ》 ᠵᠢᠨ ᠵᠣᠬᠢᠴᠠᠩᠭᠤᠢ ᠬᠥᠭ᠌ᠵᠢᠯᠲᠡ᠎ᠶ᠋ᠢᠨ《ᠨᠠᠢᠷᠠᠯ ᠬᠥᠭ᠌ᠵᠢᠮ》 ᠢ᠋ ᠴᠢᠪᠬᠠᠳᠠᠪᠠ
ᠥᠪᠥᠷ ᠮᠣᠩᠭᠣᠯ᠎ᠤᠨ ᠭᠠᠵᠠᠷ ᠨᠤᠲᠤᠭ ᠥᠷᠭᠡᠨ ᠠᠭᠤᠳᠠᠮ᠂ ᠵᠡᠭᠦᠨ ᠳᠤᠮᠳᠠ ᠪᠠᠷᠠᠭᠤᠨ ᠣᠷᠣᠨ ᠨᠢ ᠡᠬᠢ ᠪᠠᠶᠠᠯᠢᠭ᠎ᠤᠨ ᠳᠠᠪᠠᠭᠤᠯᠢᠭ᠂ ᠠᠵᠤ ᠦᠶ᠋ᠯᠡᠰ᠎ᠦᠨ ᠰᠠᠭᠤᠷᠢ᠂ ᠠᠮᠢ ᠠᠬᠤᠶ ᠣᠷᠴᠢᠨ ᠲᠣᠭᠣᠷᠢᠨ ᠵᠡᠷᠭᠡ ᠲᠠᠯ᠎ᠠ᠎ᠪᠠᠷ ᠨᠡᠯᠢᠶᠡᠳ ᠶᠡᠬᠡ ᠵᠥᠷᠢᠶ᠎ᠡ᠎ᠲᠡᠶ᠃ 2025 ᠣᠨ᠎ᠳᠤ᠂ ᠥᠪᠥᠷ ᠮᠣᠩᠭᠣᠯ ᠡᠯ᠎ᠡ ᠭᠠᠵᠠᠷ᠎ᠤᠨ᠎ᠬᠢᠨ᠎ᠢ ᠪᠥᠬᠥ᠌ ᠬᠦᠴᠦᠨ᠎ᠢᠶᠡᠷ᠎ᠢᠶᠡᠨ ᠬᠥᠲᠥᠯᠥᠨ ᠵᠢᠯᠣᠭᠣᠳᠴᠤ᠌ ᠭᠤᠤᠯ ᠴᠣᠭ᠍ᠴᠠ᠎ᠶ᠋ᠢᠨ ᠴᠢᠳᠠᠮᠵᠢᠳᠤ ᠣᠷᠣᠨ᠎ᠤ ᠪᠠᠢᠷᠢ ᠲᠣᠭ᠍ᠲᠠᠭᠠᠯᠲᠠ ᠶᠣᠰᠣᠭᠠᠷ᠂ ᠵᠡᠭᠦᠨ ᠬᠡᠰᠡᠭ᠎ᠦᠨ ᠭᠠᠵᠠᠷ ᠣᠷᠣᠨ᠎ᠤ ᠲᠦᠷᠭᠡᠨ ᠬᠥᠭ᠌ᠵᠢᠯᠲᠡ᠂ ᠳᠤᠮᠳᠠ ᠬᠡᠰᠡᠭ᠎ᠦᠨ ᠭᠠᠵᠠᠷ ᠣᠷᠣᠨ᠎ᠤ ᠨᠢᠭᠡ ᠴᠤᠭ᠍ᠴᠠᠵᠢᠭ᠍ᠰᠠᠨ ᠬᠥᠭ᠌ᠵᠢᠯᠲᠡ᠂ ᠪᠠᠷᠠᠭᠤᠨ ᠬᠡᠰᠡᠭ᠎ᠦᠨ ᠭᠠᠵᠠᠷ ᠣᠷᠣᠨ᠎ᠤ ᠬᠡᠯᠪᠡᠷᠢ᠎ᠪᠡᠨ ᠬᠤᠪᠢᠷᠠᠭᠤᠯᠤᠨ ᠬᠥᠭ᠌ᠵᠢᠬᠦ᠌᠎ᠶ᠋ᠢ ᠠᠬᠢᠭᠤᠯᠵᠤ᠂ ᠡᠬᠢ ᠪᠠᠶᠠᠯᠢᠭ᠎ᠤᠨ ᠡᠯᠧᠮᠧᠨ᠋ᠲ᠎ᠦᠨ ᠣᠷᠣᠨ ᠪᠦᠰᠡ ᠠᠯᠤᠰᠯᠠᠨ ᠱᠢᠯᠵᠢᠬᠦ᠌᠂ ᠠᠵᠤ ᠦᠶ᠋ᠯᠡᠰ᠎ᠦᠨ ᠳᠠᠪᠠᠭᠤᠯᠢᠭ᠎ᠢᠶᠠᠨ ᠬᠠᠷᠢᠯᠴᠠᠨ ᠨᠥᠬᠥᠪᠥᠷᠢᠯᠡᠵᠦ᠍ ᠬᠠᠷᠢᠯᠴᠠᠨ ᠠᠬᠢᠭᠤᠯᠬᠤ᠎ᠶ᠋ᠢ ᠪᠡᠶᠡᠯᠡᠬᠦᠯᠵᠦ᠂ ᠥᠪᠥᠷ ᠮᠣᠩᠭᠣᠯ᠎ᠤᠨ ᠵᠡᠭᠦᠨ ᠳᠤᠮᠳᠠ ᠪᠠᠷᠠᠭᠤᠨ ᠬᠡᠰᠡᠭ᠎ᠦᠨ ᠵᠦᠷᠢᠶᠡᠴᠢᠯᠡᠭ᠌ᠰᠡᠨ ᠵᠣᠬᠢᠴᠠᠩᠭᠤᠶ ᠬᠥᠭ᠌ᠵᠢᠯᠲᠡ᠎ᠶ᠋ᠢᠨ《 ᠨᠠᠢᠷᠠᠯ ᠬᠥᠭ᠌ᠵᠢᠮ》 ᠢ᠋ ᠴᠢᠪᠬᠠᠳᠠᠪᠠ᠃
ᠪᠥᠬᠥ᠌ ᠣᠷᠣᠨ᠎ᠤ ᠬᠥᠭ᠌ᠵᠢᠯᠲᠡ᠎ᠶ᠋ᠢᠨ《ᠨᠢᠭᠡ ᠬᠥᠯᠭᠡ ᠱᠢᠲᠠᠷ᠎ᠠ》᠎ᠳ᠋ᠤ ᠰᠠᠭᠤᠷᠢᠯᠠᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ ᠵᠡᠭᠦᠨ᠂ ᠳᠤᠮᠳᠠ᠂ ᠪᠠᠷᠠᠭᠤᠨ ᠬᠡᠰᠡᠭ᠎ᠦᠨ ᠭᠠᠵᠠᠷ ᠣᠷᠣᠨ᠎ᠤ ᠣᠨᠴᠠᠯᠢᠭ ᠪᠠ ᠠᠵᠤ ᠦᠶ᠋ᠯᠡᠰ᠎ᠦᠨ ᠳᠠᠪᠠᠭᠤᠯᠢᠭ᠎ᠢ ᠭᠦᠨᠵᠡᠭᠡᠶ ᠰᠤᠳᠤᠯᠵᠤ᠂ ᠬᠢᠯᠢ ᠵᠢᠨ ᠪᠣᠭᠣᠮᠲᠠ᠎ᠶ᠋ᠢᠨ ᠨᠡᠪᠲᠡᠷᠡᠬᠦ᠌ ᠵᠠᠮ᠎ᠤᠨ ᠴᠢᠳᠠᠪᠬᠢ᠎ᠶ᠋ᠢᠨ ᠲᠠᠰ᠎ᠢ ᠴᠢᠩᠭᠠᠷᠠᠭᠤᠯᠬᠤ᠂ ᠥᠨᠳᠥᠷ ᠴᠢᠳᠠᠪᠬᠢᠳᠤ ᠨᠡᠭᠡᠭᠡᠯᠲᠡ᠎ᠶ᠋ᠢᠨ ᠲᠠᠪᠴᠠᠩ᠎ᠢ ᠪᠠᠢᠭᠤᠯᠬᠤ᠂ ᠬᠢᠯᠢ ᠬᠢᠵᠠᠭᠠᠷ ᠲᠤᠳᠤᠷᠡᠬᠢ ᠭᠠᠵᠠᠷ᠎ᠤᠨ ᠬᠣᠯᠪᠣᠭᠠᠯᠠᠨ ᠬᠥᠳᠡᠯᠦᠯᠴᠡᠬᠦ᠌ ᠲᠣᠭ᠍ᠲᠠᠴᠠ᠎ᠶ᠋ᠢ ᠲᠡᠭᠦᠯᠳᠡᠷᠵᠢᠭᠦᠯᠬᠦ᠌᠂ ᠬᠢᠯᠢ᠎ᠶ᠋ᠢᠨ ᠠᠷᠠᠳ᠎ᠤᠨ ᠵᠠᠬ᠎ᠠ ᠵᠢᠨ ᠠᠷᠠᠯᠵᠢᠶ᠎ᠠ᠎ᠶ᠋ᠢ ᠬᠥᠭ᠌ᠵᠢᠭᠡᠬᠦ᠌᠂ ᠤᠨᠢᠨ ᠲᠡᠬᠡᠷ᠎ᠡ ᠨᠢ ᠠᠷᠠᠯᠵᠢᠶᠠᠴᠢᠨ ᠤᠷᠢᠬᠤ᠎ᠶ᠋ᠢ ᠵᠤᠯᠭᠠᠭᠤᠯᠬᠤ 5 ᠶᠡᠬᠡ ᠵᠠᠩᠭᠢᠯᠠᠭ᠎ᠠ᠎ᠶ᠋ᠢᠨ ᠬᠦᠷᠢᠶ᠎ᠡ ᠴᠠᠷᠠᠭ᠎ᠠ᠎ᠶ᠋ᠢ ᠭᠦᠨᠵᠡᠭᠡᠢᠷᠡᠭᠦᠯᠬᠦ᠌᠎ᠶ᠋ᠢᠨ ᠲᠣᠭᠣᠷᠢᠨ᠎ᠳᠤ᠂ ᠵᠦᠷᠢᠶᠡᠴᠢᠯᠡᠭ᠌ᠰᠡᠨ ᠳᠡᠮᠵᠢᠯᠭᠡ ᠦᠵᠡᠬᠦᠯᠬᠦ ᠲᠥᠷᠥ᠎ᠶ᠋ᠢᠨ ᠪᠣᠳᠣᠯᠭ᠎ᠠ᠎ᠶ᠋ᠢᠨ ᠠᠷᠭ᠎ᠠ ᠬᠡᠮᠵᠢᠶ᠎ᠡ᠎ᠶ᠋ᠢ ᠰᠤᠳᠤᠯᠤᠨ ᠲᠣᠭ᠍ᠲᠠᠭᠠᠵᠤ᠂ ᠡᠭᠦᠨ᠎ᠦ ᠤᠯᠠᠮ᠎ᠢᠶᠠᠷ ᠵᠡᠭᠦᠨ᠂ ᠳᠤᠮᠳᠠ᠂ ᠪᠠᠷᠠᠭᠤᠨ ᠭᠤᠷᠪᠠᠨ ᠶᠡᠬᠡ ᠬᠡᠰᠡᠭ ᠭᠠᠵᠠᠷ ᠣᠷᠣᠨ᠎ᠤ ᠭᠠᠳᠠᠭᠠᠳᠤ ᠨᠡᠭᠡᠭᠡᠯᠲᠡ᠎ᠶ᠋ᠢᠨ ᠬᠢᠷᠢ ᠲᠦᠪᠰᠢᠨ ᠪᠠ ᠵᠣᠬᠢᠴᠠᠩᠭᠤᠶ᠎ᠪᠠᠷ ᠬᠥᠭ᠌ᠵᠢᠬᠦ᠌ ᠴᠢᠳᠠᠪᠤᠷᠢ᠎ᠶ᠋ᠢ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠦᠨ᠂ ᠲᠤᠰ ᠲᠤᠰ᠎ᠤᠨ ᠬᠢᠨᠢ ᠦᠪᠡᠷᠮᠢᠴᠡ ᠲᠠᠪᠠᠭᠤᠯᠢᠭ᠎ᠢ ᠨᠢ ᠬᠦᠭᠵᠢᠭᠡᠪᠠ᠃
ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠦᠨ ᠬᠠᠮᠢᠶ᠎ᠠ ᠪᠥᠬᠥᠶ ᠬᠠᠷᠢᠭᠤᠴᠠᠯᠭᠠᠲᠠᠨ᠌᠄《ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ ᠭᠠᠳᠠᠭᠠᠳᠤ ᠨᠡᠭᠡᠭᠡᠯᠲᠡ᠎ᠶ᠋ᠢᠨ ᠭᠤᠤᠯ ᠵᠢᠭ᠍ᠰᠠᠭᠠᠯ᠎ᠤᠨ ᠭᠠᠵᠠᠷ᠎ᠲᠤ ᠠᠩᠬᠠᠷᠤᠯ᠎ᠢᠶᠠᠨ ᠲᠥᠪᠯᠡᠷᠡᠭᠦᠯᠵᠦ᠍᠂ ᠣᠷᠣᠨ ᠪᠦᠰᠡ᠎ᠶ᠋ᠢᠨ ᠬᠠᠮᠲᠤᠷᠠᠯᠴᠠᠭᠠᠨ᠎ᠤ ᠬᠦᠷᠢᠶ᠎ᠡ ᠴᠠᠷᠠᠭ᠎ᠠ᠎ᠶ᠋ᠢ ᠢᠳᠡᠪᠬᠢᠲᠡᠶ ᠥᠷᠭᠡᠳᠭᠡᠵᠦ᠍᠂ ᠣᠷᠣᠨ ᠪᠦᠰᠡ᠎ᠶ᠋ᠢᠨ ᠬᠠᠮᠲᠤᠷᠠᠯᠴᠠᠭᠠᠨ᠎ᠤ ᠠᠷᠭ᠎ᠠ ᠬᠡᠯᠪᠡᠷᠢ᠎ᠶ᠋ᠢᠨ ᠱᠢᠨ᠎ᠡ᠎ᠶ᠋ᠢ ᠡᠭᠦᠳᠴᠦ᠍᠂ ᠨᠡᠭᠡᠭᠡᠯᠲᠡ᠎ᠶ᠋ᠢᠨ ᠲᠠᠪᠴᠠᠩ᠎ᠤᠨ ᠴᠢᠳᠠᠪᠬᠢ᠎ᠶ᠋ᠢᠨ ᠲᠠᠰ᠎ᠢ ᠳᠡᠭᠡᠭ᠌ᠰᠢᠯᠡᠭᠦᠯᠬᠦ᠌᠂ ᠣᠷᠣᠨ ᠪᠦᠰᠡ᠎ᠶ᠋ᠢᠨ ᠬᠠᠮᠵᠢᠯᠴᠠᠭ᠎ᠠ᠎ᠶ᠋ᠢᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌᠂ ᠠᠷᠠᠯᠵᠢᠶᠠᠴᠢᠨ ᠤᠷᠢᠵᠤ ᠪᠠᠯᠠ ᠮᠦᠩᠬᠦ ᠣᠷᠣᠭᠤᠯᠤᠨ ᠠᠪᠴᠢᠷᠠᠬᠤ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠪᠣᠳᠠᠲᠤ ᠠᠵᠢᠯᠯᠠᠭ᠎ᠠ᠎ᠪᠠᠷ᠎ᠢᠶᠠᠨ ᠥᠪᠥᠷ ᠮᠣᠩᠭᠣᠯ᠎ᠤᠨ ᠪᠥᠬᠥ᠌ ᠤᠯᠤᠰ᠎ᠤᠨ ᠬᠥᠭ᠌ᠵᠢᠯᠲᠡ᠎ᠶ᠋ᠢᠨ ᠶᠡᠬᠡ ᠲᠠᠯ᠎ᠠ᠎ᠳᠤ ᠨᠠᠩ ᠰᠠᠢᠲᠤᠷ ᠠᠭᠤᠰᠤᠯᠴᠠᠬᠤ ᠪᠠ ᠦᠶ᠋ᠯᠡᠴᠢᠯᠡᠬᠦ᠌᠎ᠶ᠋ᠢ ᠠᠬᠢᠭᠤᠯᠵᠤ᠂ ᠴᠢᠳᠠᠮᠵᠢ᠎ᠪᠠᠨ ᠬᠠᠷᠢᠯᠴᠠᠨ ᠨᠥᠬᠥᠪᠥᠷᠢᠯᠡᠭ᠌ᠰᠡᠨ᠂ ᠬᠠᠷᠢᠯᠴᠠᠨ ᠠᠱᠢᠭ᠍ᠲᠠᠶ ᠬᠠᠮᠲᠤ᠎ᠪᠠᠷ ᠠᠱᠢᠭ ᠭᠥᠷᠳᠡᠬᠦ᠌ ᠣᠷᠣᠨ ᠪᠦᠰᠡ᠎ᠶ᠋ᠢᠨ ᠵᠣᠬᠢᠴᠠᠩᠭᠤᠶ ᠬᠥᠭ᠌ᠵᠢᠯᠲᠡ᠎ᠶ᠋ᠢᠨ ᠱᠢᠨ᠎ᠡ ᠪᠠᠢᠷᠢᠱᠢᠯ᠎ᠢ ᠪᠠᠢᠭᠤᠯᠵᠤ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠤᠤᠰ ᠣᠷᠴᠢᠯ᠎ᠳᠠᠬᠢ ᠥᠪᠡᠷᠲᠡᠭᠡᠨ ᠵᠠᠰᠠᠬᠤ ᠣᠷᠣᠨ᠎ᠤ ᠪᠠᠢᠷᠢ ᠰᠠᠭᠤᠷᠢ ᠪᠠ ᠦᠶ᠋ᠯᠡᠳᠦᠯ᠎ᠢ ᠳᠡᠭᠡᠭ᠌ᠰᠢᠯᠡᠭᠦᠯᠵᠦ᠍᠂ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠤᠯᠠᠮ ᠨᠢᠬᠡ ᠠᠯᠬᠤᠮ ᠠᠬᠢᠭᠤᠯᠤᠨ᠎ᠠ》 ᠭᠡᠵᠦ ᠢᠯᠡᠳᠭᠡᠪᠡ᠃