《ᠡᠮᠦᠨ᠎ᠠ ᠭᠤᠤᠯ ᠰᠤᠪᠠᠭ》 ᠨᠢ ᠡᠯ᠎ᠡ ᠦᠨᠳᠦᠰᠦᠲᠡᠨ᠎ᠦ ᠪᠦᠯᠬᠦᠮᠳᠡᠨ ᠬᠠᠮᠵᠢᠯᠴᠠᠵᠤ ᠬᠠᠮᠲᠤ ᠪᠡᠷ ᠬᠥᠭ᠌ᠵᠢᠬᠦ᠎ᠶ᠋ᠢ ᠭᠡᠷᠡᠴᠢᠯᠡᠨ᠎ᠠ
2025-07-16 09:22:16
ᠵᠣᠬᠢᠶᠠᠭ᠍ᠴᠢ᠄
ᠬᠤᠤ ᠱᠢᠤᠸᠠᠢ ᠯᠢᠶᠠᠨ
ᠣᠩᠱᠢᠭ᠍ᠰᠠᠨ ᠣᠳᠠᠭ᠎ᠠ᠄
★★★☆☆

ᠣᠷᠳᠣᠰ ᠬᠣᠲᠠ᠎ᠶ᠋ᠢᠨ ᠬᠠᠩᠭᠢᠨ ᠬᠣᠱᠢᠭᠤᠨ᠎ᠤ ᠬᠢᠯᠢ᠎ᠳᠠᠬᠢ ᠬᠠᠲᠤᠨ ᠭᠤᠤᠯ᠎ᠤᠨ ᠡᠮᠦᠨ᠎ᠡ ᠡᠷᠭᠢ᠎ᠳᠦ ᠨᠢᠭᠡᠨ ᠤᠰᠤ ᠲᠠᠲᠠᠵᠤ ᠤᠰᠤᠯᠠᠬᠤ ᠰᠤᠪᠠᠭ ᠪᠠᠢᠳᠠᠭ᠂ ᠲᠤᠬᠠᠶ᠎ᠶ᠋ᠢᠨ ᠭᠠᠵᠠᠷ᠎ᠤᠨ ᠬᠥᠮᠦᠰ ᠲᠡᠭᠦᠨ᠎ᠢ 《ᠡᠮᠦᠨ᠎ᠡ ᠭᠤᠤᠯ ᠰᠤᠪᠠᠭ》 ᠭᠡᠳᠡᠭ᠃

ᠵᠤᠨ᠎ᠤ ᠥᠷᠯᠥᠭᠡ᠂ 《ᠡᠮᠦᠨ᠎ᠠ ᠭᠤᠤᠯ ᠰᠤᠪᠠᠭ》 ᠤ᠋ᠨ ᠬᠣᠶᠠᠷ ᠡᠷᠭᠢ᠎ᠪᠡᠷ ᠠᠯᠬᠤᠯᠠᠬᠤ᠎ᠳᠤ᠂ ᠤᠷᠢᠬᠠᠨ ᠰᠠᠯᠬᠢ ᠬᠠᠴᠠᠷ᠎ᠢ ᠢᠯᠪᠢᠵᠦ᠍᠂ ᠨᠣᠮᠢᠨ ᠳᠣᠯᠭᠢᠶᠠᠨ ᠳᠠᠪᠠᠯᠭᠠᠯᠠᠨ᠂ ᠲᠠᠷᠢᠮᠠᠯ᠎ᠤᠨ ᠤᠷᠭᠤᠴᠠ ᠬᠥᠮᠦᠰ᠎ᠢ ᠪᠠᠶᠠᠰᠭᠠᠨ᠎ᠠ᠃

《ᠡᠮᠦᠨ᠎ᠠ ᠭᠤᠤᠯ ᠰᠤᠪᠠᠭ》᠎ᠢ᠋ ᠶᠠᠷᠢᠬᠤ ᠳ᠋ᠤ 1960 ᠣᠨ ᠡᠴᠡ ᠡᠬᠢᠯᠡᠵᠦ ᠪᠤᠯᠤᠨ᠎ᠠ᠃ ᠲᠤᠬᠠᠶ᠎ᠶ᠋ᠢᠨ ᠦᠶ᠎ᠡ᠎ᠶ᠋ᠢᠨ ᠬᠠᠩᠭᠢᠨ ᠬᠣᠱᠢᠭᠤᠨ᠎ᠤ ᠭᠠᠵᠠᠷ ᠱᠢᠷᠣᠶ ᠲᠠᠴᠢᠷ ᠨᠢᠮᠭᠡᠨ ᠪᠠᠢᠵᠦ᠂ ᠮᠠᠯ ᠠᠵᠤ ᠠᠬᠤᠶ᠎ᠲᠠᠷᠢᠶᠠᠯᠠᠩ᠎ᠤᠨ ᠬᠥᠭ᠌ᠵᠢᠯᠲᠡ ᠵᠢ ᠬᠢᠵᠠᠭᠠᠷᠯᠠᠵᠤ᠂ ᠠᠷᠠᠳ᠎ᠤᠨ ᠠᠮᠢᠳᠤᠷᠠᠯ ᠬᠦᠴᠢᠷᠲᠡᠶ ᠪᠠᠢᠪᠠ᠃ ᠬᠠᠩᠭᠢᠨ ᠬᠣᠱᠢᠭᠤᠨ᠎ᠤ ᠦᠨᠳᠦᠰᠦᠲᠡᠨ᠎ᠨᠦᠭᠦᠳ᠎ᠦᠨ ᠤᠯᠠᠨ ᠲᠦᠮᠡᠨ ᠪᠦᠯᠬᠦᠮᠳᠡᠨ ᠬᠠᠮᠵᠢᠯᠴᠠᠵᠤ᠂ ᠬᠠᠮᠲᠤ ᠪᠠᠷ ᠨᠢᠭᠡᠨ ᠵᠤᠷᠪᠤᠰ ᠵᠣᠬᠢᠶᠠᠮᠠᠯ 《ᠲᠩᠷᠢ᠎ᠶ᠋ᠢᠨ ᠭᠤᠤᠯ》᠎ᠢ᠋ ᠮᠠᠯᠲᠠᠨ ᠭᠠᠷᠭᠠᠪᠠ᠃

ᠲᠡᠷᠡ ᠨᠢ ᠬᠠᠲᠤᠨ ᠭᠣᠣᠯ᠎ᠤᠨ ᠰᠠᠨ ᠱᠧᠩ ᠭᠦᠩ ᠤᠰᠤᠨ ᠠᠱᠢᠭ᠍ᠯᠠᠯᠲᠠ᠎ᠶ᠋ᠢᠨ ᠬᠦᠢᠰᠦ ᠪᠠᠷᠢᠯᠭ᠎ᠠ᠎ᠡᠴᠡ ᠡᠮᠦᠨᠡᠰᠢ ᠤᠷᠤᠰᠴᠦ᠂ ᠬᠠᠩᠭᠢᠨ ᠬᠣᠱᠢᠭᠤᠨ᠎ᠤ ᠥᠷᠭᠡᠨ ᠠᠭᠤᠳᠠᠮ ᠨᠤᠲᠤᠭ ᠳᠡᠪᠢᠰᠭᠡᠷ᠎ᠵᠢᠡᠷ ᠮᠤᠷᠤᠯᠵᠠᠨ ᠤᠷᠤᠰᠴᠤ᠂ ᠵᠠᠮ ᠳᠠᠭᠠᠤ ᠪᠠᠯᠭᠤᠨ᠎ᠠ ᠪᠠᠯᠭᠠᠰᠤ᠂ ᠬᠦᠬᠡ ᠮᠤᠳᠤ ᠪᠠᠯᠭᠠᠰᠤ᠂ ᠵᠢᠷᠭᠠᠯᠠᠩᠲᠤ ᠪᠠᠯᠭᠠᠰᠤ ᠪᠣᠯᠤᠨ ᠳᠤᠭᠤᠢ ᠳᠠᠯ᠎ᠠ ᠪᠠᠯᠭᠠᠰᠤ᠎ᠶ᠋ᠢ ᠬᠣᠯᠪᠣᠵᠠᠢ᠃ ᠡᠨᠡ ᠬᠦ᠌ ᠰᠤᠪᠠᠭ ᠨᠢ ᠤᠰᠤ ᠳᠠᠮᠵᠢᠭᠤᠯᠬᠤ ᠵᠠᠮ ᠪᠣᠯᠬᠤ᠎ᠪᠠᠷ ᠪᠠᠷᠠᠬᠤ ᠦᠭᠡᠢ᠂ ᠨᠡᠩ ᠴᠤ᠌ ᠲᠠᠷᠢᠶᠠᠯᠠᠬᠤ ᠪᠣᠯᠪᠠᠰᠤᠨ ᠪᠣᠯᠤᠨ ᠨᠡᠭᠦᠳᠡᠯ ᠮᠠᠯᠵᠢᠯ᠎ᠤᠨ ᠪᠣᠯᠪᠠᠰᠤᠨ᠎ᠤ ᠰᠣᠯᠢᠯᠴᠠᠭᠠᠨ᠎ᠤ ᠬᠣᠯᠪᠣᠭᠠᠰᠤ ᠪᠤᠯᠵᠤ᠂ ᠦᠨᠳᠦᠰᠦᠲᠡᠨ᠎ᠨᠦᠭᠦᠳ᠎ᠦᠨ ᠭᠠᠷ ᠬᠣᠯᠪᠣᠨ ᠰᠠᠢ᠌ᠨ ᠰᠠᠢᠬᠠᠨ ᠢᠷᠡᠭᠡᠳᠦᠢ ᠲᠡᠢᠰᠢ ᠬᠠᠮᠳᠤ ᠪᠡᠷ ᠤᠷᠤᠭ᠍ᠰᠢᠯᠠᠬᠤ ᠢᠳᠡᠷᠡᠭᠦᠨ ᠠᠯᠬᠤᠭ᠎ᠠ᠎ᠶ᠋ᠢ ᠭᠡᠷᠡᠴᠢᠯᠡᠨᠡᠮ᠃

《〈ᠡᠮᠦᠨ᠎ᠡ ᠭᠤᠤᠯ ᠰᠤᠪᠠᠭ〉 ᠤ᠋ᠨ ᠡᠬᠢᠯᠡᠯᠲᠡ᠎ᠶ᠋ᠢᠨ ᠴᠡᠭ ᠨᠢ ᠮᠠᠨ᠎ᠤ ᠲᠣᠰᠭᠣᠨ᠎ᠳᠤ ᠪᠤᠢ ᠭᠡᠬᠦ ᠠᠬᠠᠮᠠᠳ ᠨᠢᠭᠡ ᠦᠶ᠎ᠡ᠎ᠶ᠋ᠢᠨ ᠬᠢᠨ᠎ᠤ ᠡᠷᠭᠢᠴᠡᠭᠦᠯᠬᠦ᠌ ᠪᠡᠷ ᠲᠤᠬᠠᠢ᠎ᠶ᠋ᠢᠨ ᠦᠶ᠎ᠡ᠎ᠶ᠋ᠢᠨ ᠨᠥᠬᠥᠴᠡᠯ ᠲᠤᠢᠯ᠎ᠤᠨ ᠪᠡᠷᠬᠡ ᠬᠠᠲᠠᠭᠤᠵᠢᠯᠲᠠᠢ ᠪᠠᠢᠵᠦ᠂ ᠬᠦᠴᠦ᠍ ᠶᠡᠬᠡ᠎ᠲᠡᠶ ᠨᠢ ᠨᠦᠬᠡ ᠮᠠᠯᠲᠠᠬᠤ᠂ ᠱᠢᠪᠠᠷ ᠰᠢᠷᠦᠢ ᠬᠠᠢᠷ ᠴᠢᠯᠠᠭᠤ ᠵᠥᠭᠡᠭᠡᠪᠦᠷᠢᠯᠡᠬᠦ᠌ ᠬᠦᠨᠳᠦ ᠡᠭᠦᠷᠭᠡ ᠪᠠ ᠰᠤᠪᠠᠭ ᠵᠠᠰᠠᠬᠤ᠂ ᠪᠠᠭᠠᠵᠢ ᠬᠡᠷᠡᠭ᠌ᠰᠡᠯ ᠦᠢᠯᠡᠳᠴᠦ᠍ ᠰᠡᠯᠪᠢᠨ ᠵᠠᠰᠠᠬᠤ ᠵᠡᠷᠭᠡ ᠡᠭᠦᠷᠭᠡ᠎ᠶ᠋ᠢ ᠡᠭᠦᠷᠭᠡᠯᠡᠵᠦ᠍᠂ ᠲᠦᠮᠡ ᠭᠠᠷᠤᠢ ᠦᠨᠳᠦᠰᠦᠲᠡᠨ᠎ᠨᠦᠭᠦᠳ᠎ᠦᠨ ᠤᠯᠠᠨ ᠲᠦᠮᠡᠨ ᠡᠷᠲᠡᠯᠡᠵᠦ᠍ ᠣᠷᠣᠢᠯᠠᠨ ᠠᠵᠢᠯᠯᠠᠵᠤ᠂ ᠬᠣᠨᠣᠭ᠍ᠯᠠᠬᠤ ᠨᠥᠬᠥᠴᠡᠯ ᠪᠠᠷᠤᠭᠳᠠᠢ᠂ ᠢᠳᠡᠭᠡᠨ᠎ᠦ ᠬᠠᠩᠭᠠᠯᠭ᠎ᠠ ᠬᠢᠵᠠᠭᠠᠷ᠎ᠲᠠᠶ ᠣᠷᠴᠢᠨ ᠲᠣᠭᠣᠷᠢᠨ᠎ᠳᠤ ᠡᠷᠡᠮᠡᠬᠡᠢᠯᠡᠨ ᠤᠷᠤᠭ᠍ᠰᠢᠯᠠᠵᠤ᠂ ᠰᠤᠪᠠᠭ ᠮᠠᠯᠳᠠᠨ᠂ ᠬᠠᠳᠤᠨ ᠭᠣᠣᠯ᠎ᠤᠨ ᠤᠰᠤ ᠪᠡᠷ ᠡᠨᠡ ᠬᠦ᠌ ᠨᠤᠲᠤᠭ ᠳᠡᠪᠢᠰᠭᠡᠷ᠎ᠢ ᠤᠮᠳᠠᠯᠠᠵᠠᠢ》᠃《ᠡᠮᠦᠨ᠎ᠡ ᠭᠤᠤᠯ ᠰᠤᠪᠠᠭ》 ᠤ᠋ᠨ ᠪᠥᠲᠥᠭᠡᠨ ᠪᠠᠢᠭᠤᠯᠤᠯᠲᠠ᠎ᠶ᠋ᠢᠨ ᠠᠬᠤᠶ ᠪᠠᠢᠳᠠᠯ᠎ᠢ ᠡᠷᠭᠢᠴᠡᠭᠦᠯᠬᠦ᠌᠎ᠳᠦ᠂ ᠬᠠᠩᠭᠢᠨ ᠬᠣᠱᠢᠭᠤᠨ᠎ᠤ ᠪᠠᠯᠭᠤᠨ᠎ᠠ ᠪᠠᠯᠭᠠᠰᠤᠨ᠎ᠤ ᠱᠠᠨ ᠸᠠᠨ ᠲᠣᠰᠭᠣᠨ᠎ᠤ ᠨᠠᠮ᠎ᠤᠨ ᠡᠭᠦᠷ᠎ᠦᠨ ᠱᠦᠵᠢ᠂ ᠲᠣᠰᠭᠣᠨ᠎ᠤ ᠠᠷᠠᠳ᠎ᠤᠨ ᠵᠥᠪᠯᠡᠯ᠎ᠦᠨ ᠡᠷᠬᠢᠯᠡᠭ᠌ᠴᠢ ᠶᠠᠩ ᠷᠦᠩ᠂ ᠲᠡᠷᠡ ᠬᠦ᠌ ᠲᠤᠢᠯ᠎ᠤᠨ ᠪᠡᠷᠬᠡ ᠬᠠᠲᠠᠭᠤᠵᠢᠯᠲᠠᠶ ᠣᠨ ᠵᠢᠯ᠎ᠳᠦ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ ᠬᠠᠷᠢᠯᠴᠠᠨ ᠲᠡᠳᠬᠦᠨ ᠳᠡᠮᠵᠢᠵᠦ᠍᠂ ᠬᠦᠴᠦ᠍ ᠬᠥᠯᠥᠰᠥ᠍ ᠪᠠ ᠲᠡᠰᠪᠦᠷᠢ ᠲᠡᠪᠴᠢᠶᠡᠷᠢ᠎ᠪᠡᠷ ᠰᠤᠪᠠᠭ ᠮᠠᠯᠳᠠᠬᠤ ᠵᠢᠷᠤᠭ ᠲᠦᠯᠦᠪᠯᠡᠭᠡ ᠵᠢ ᠪᠣᠳᠠᠲᠤ ᠠᠬᠤᠶ ᠪᠣᠯᠭᠠᠨ ᠠᠯᠬᠤᠮ ᠠᠯᠬᠤᠮ᠎ᠢᠶᠠᠷ ᠬᠤᠪᠢᠷᠠᠭᠤᠯᠵᠤ᠂ ᠰᠦᠷ ᠳᠠᠯᠠᠢᠴᠠᠲᠠᠶ ᠲᠡᠮᠡᠴᠡᠯ᠎ᠦᠨ ᠦᠵᠡᠮᠵᠢ ᠵᠢ ᠳᠡᠯᠡᠬᠡᠶ ᠳ᠋ᠠᠬᠢᠨ᠎ᠤ ᠬᠠᠷᠠᠭᠠᠨ᠎ᠠ ᠢᠯᠡᠷᠡᠬᠦᠯᠪᠡ ᠭᠡᠵᠦ ᠰᠡᠳᠬᠢᠯ ᠲᠤᠭᠳᠤᠯᠤᠩᠭᠤᠢ ᠬᠡᠯᠡᠪᠡ᠃

《ᠡᠮᠦᠨ᠎ᠡ ᠭᠤᠤᠯ ᠰᠤᠪᠠᠭ》 ᠢ᠋ ᠪᠠᠢᠭᠤᠯᠤᠭ᠍ᠰᠠᠨ᠎ᠤ ᠳᠠᠷᠠᠭ᠎ᠠ᠂ ᠬᠠᠩᠭᠢᠨ ᠬᠣᠱᠢᠭᠤᠨ᠎ᠤ ᠬᠢᠯᠢ᠎ᠳᠡᠬᠢ ᠬᠠᠳᠤᠨ ᠭᠤᠤᠯ ᠳᠠᠭᠠᠤ ᠳᠥᠷᠪᠡᠨ ᠪᠠᠯᠭᠠᠰᠤ ᠤᠷᠢᠳ ᠡᠮᠦᠨ᠎ᠡ ᠪᠠᠢᠭ᠎ᠠ ᠥᠬᠡᠶ ᠠᠮᠢᠵᠢᠷᠠᠯ᠎ᠤᠨ ᠬᠦᠴᠦᠨ ᠵᠢᠡᠷ ᠪᠢᠯᠬᠠᠵᠤ᠂ ᠬᠡᠳᠦᠨ ᠲᠦᠮᠡᠨ ᠮᠥ᠍ ᠭᠠᠵᠠᠷ ᠱᠢᠷᠣᠶ ᠦᠩ ᠰᠢᠮᠡᠯᠢᠭ ᠰᠠᠢᠨ ᠲᠠᠷᠢᠶᠠᠨ ᠭᠠᠵᠠᠷ ᠪᠣᠯᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ ᠬᠣᠢᠨ᠎ᠠ ᠬᠣᠢᠨ᠎ᠠ᠎ᠠᠴᠠ᠎ᠪᠠᠨ ᠲᠠᠷᠢᠶᠠᠯᠠᠩ᠎ᠤᠨ ᠦᠶ᠋ᠯᠡᠳᠪᠦᠷᠢᠯᠡᠯ᠎ᠳᠦ ᠣᠷᠣᠯᠴᠠᠵᠤ᠂ ᠲᠠᠷᠢᠶᠠᠯᠠᠬᠤ ᠰᠣᠶᠣᠯ᠎ᠤᠨ ᠦᠷ᠎ᠡ ᠡᠨᠳᠡ ᠭᠦᠨ ᠦᠨᠳᠦᠰᠦᠯᠡᠵᠡᠶ᠃

ᠬᠠᠭᠠᠰ ᠢᠯᠡᠭᠦᠦ ᠵᠠᠭᠤᠨ᠎ᠤ ᠲᠤᠷᠰᠢ᠂ 《ᠡᠮᠦᠨ᠎ᠡ ᠭᠤᠤᠯ ᠰᠤᠪᠠᠭ》 ᠨᠢ ᠢᠮᠠᠭ᠍ᠲᠠ ᠬᠠᠩᠭᠢᠨ ᠬᠣᠱᠢᠭᠤᠨ᠎ᠤ ᠬᠠᠳᠤᠨ ᠭᠤᠤᠯ ᠳᠠᠭᠠᠤ ᠭᠠᠵᠠᠷ ᠣᠷᠣᠨ᠎ᠤ ᠲᠠᠷᠢᠶᠠᠯᠠᠩ ᠮᠠᠯ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠬᠥᠳᠡᠯᠭᠡᠬᠦ᠌ ᠬᠦᠴᠦᠨ᠎ᠦ ᠡᠬᠢ ᠰᠤᠷᠪᠤᠯᠵᠢ ᠪᠣᠯᠵᠣ᠂ 《ᠡᠮᠦᠨ᠎ᠡ ᠭᠤᠤᠯ ᠰᠤᠪᠠᠭ》 ᠳᠠᠭᠠᠤ᠎ᠶ᠋ᠢᠨ ᠠᠵᠤ ᠠᠬᠤᠶ ᠦᠷᠨᠢᠨ ᠬᠦᠭᠵᠢᠭᠰᠡᠨ ᠱᠢᠨ᠎ᠡ ᠳᠦᠷᠰᠦ ᠪᠠᠢᠳᠠᠯ ᠢᠯᠡᠷᠡᠪᠡ᠃

《ᠬᠡᠷᠡᠯ ᠰᠠᠴᠤᠷᠠᠭᠰᠠᠨ ᠨᠡᠷᠡᠨ᠎ᠦ ᠡᠨᠧᠷᠭᠢ᠎ᠶᠢᠨ ᠳ᠋ᠢᠶᠠᠨ ᡂᠢ᠎ᠶᠢᠨ ᠬᠠᠪᠲᠠᠰᠤ᠎ᠨᠤᠭᠤᠳ ᠲᠡᠷᠢ ᠲᠡᠭᠰᠢ ᠵᠢᠭᠳᠡᠷᠡᠵᠦ᠂ ᠴᠡᠪᠡᠷ ᠡᠨᠧᠷᠭᠢ᠎ᠶᠢ ᠡᠯ᠎ᠡ ᠭᠠᠵᠠᠷ᠎ᠲᠤ ᠲᠠᠰᠤᠷᠠᠯᠲᠠ ᠦᠭᠡᠢ ᠬᠦᠷᠭᠡᠵᠦ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ ᠰᠢᠨ᠎ᠡ ᠡᠨᠧᠷᠭᠢ᠎ᠶᠢᠨ ᠠᠵᠤ ᠦᠢᠯᠡᠰ᠎ᠦᠨ ᠪᠦᠲᠦᠭᠡᠨ ᠪᠠᠢᠭᠤᠯᠤᠯᠲᠠ᠎ᠳᠤ ᠢᠳᠡᠪᠬᠢᠲᠡᠢ ᠣᠷᠣᠯᠴᠠᠵᠤ᠂ ᠭᠠᠵᠠᠷ ᠰᠢᠷᠣᠢ᠎ᠶᠢᠨ ᠡᠵᠡᠩᠨᠡᠯᠳᠡ ᠵᠢᠨ ᠡᠷᠬᠡ ᠵᠢ ᠬᠦᠢᠯᠬᠡᠯᠡᠬᠦ ᠡᠴᠨ ᠠᠰᠢᠭ᠋ ᠭᠥᠷᠳᠡᠵᠦ᠂ ᠪᠠᠰᠠ ᠠᠵᠤ ᠠᠬᠤᠢᠯᠠᠯ᠎ᠡᠴᠨ ᠠᠵᠢᠯ ᠣᠯᠬᠤ ᠲᠣᠬᠢᠶᠠᠯ ᠣᠯᠵᠤ᠂ ᠠᠵᠤ ᠦᠢᠯᠡᠰ᠎ᠦᠨ ᠠᠵᠢᠯᠴᠢᠨ ᠪᠣᠯᠪᠠ》 ᠬᠡᠵᠦ ᠵᠢᠷᠭᠠᠯᠠᠩᠲᠤ ᠪᠠᠯᠭᠠᠰᠤᠨ᠎ᠤ ᠨᠠᠮ᠎ᠤᠨ ᠬᠣᠷᠢᠶ᠎ᠠ ᠵᠢᠨ ᠭᠡᠰᠢᠭᠦᠨ᠂ ᠵᠣᠬᠢᠶᠠᠨ ᠪᠠᠶ᠋ᠢᠭᠤᠯᠬᠤ ᠭᠡᠰᠢᠭᠦᠨ᠂ ᠨᠢᠭᠡᠳᠦᠮᠡᠯ ᠹᠷᠣᠨᠲ᠎ᠤᠨ ᠭᠡᠰᠢᠭᠦᠨ ᠬᠤᠤᠰᠪᠦ᠋ᠷᠬᠦᠳ ᠲᠠᠨᠢᠯᠴᠠᠭᠤᠯᠪᠠ᠃ ᠰᠢᠨ᠎ᠡ ᠡᠨᠧᠷᠭᠢ᠎ᠶᠢᠨ ᠲᠣᠮᠣ᠌ ᠰᠠᠭᠤᠷᠢᠨ ᠨᠢ ᠲᠤᠬᠠᠢ᠎ᠶᠢᠨ ᠭᠠᠵᠠᠷ᠎ᠤᠨ ᠬᠥᠭᠵᠢᠯᠲᠡ᠎ᠳᠦ ᠬᠦᠴᠦᠷᠬᠡᠭ ᠶᠡᠬᠡ ᠬᠥᠳᠡᠯᠭᠡᠬᠦ ᠬᠦᠴᠦᠨ ᠨᠡᠮᠡᠷᠢᠯᠡᠭᠰᠡᠨ᠎ᠢᠶᠡᠷ ᠪᠠᠷᠠᠬᠤ ᠦᠭᠡᠢ᠂ ᠨᠡᠩ ᠴᠤ᠌ ᠦᠨᠳᠦᠰᠦᠲᠡᠨ᠎ᠦ ᠪᠦᠯᠬᠦᠮᠳᠡᠯ ᠲᠠᠪᠰᠢᠯᠳᠠ᠎ᠶᠢᠨ ᠪᠠᠰᠠ ᠨᠢᠭᠡᠨ ᠴᠢᠬᠤᠯᠠ ᠠᠴᠢᠶᠠᠯᠠᠪᠤᠷᠢ ᠪᠣᠯᠵᠤ᠂ ᠦᠨᠳᠦᠰᠦᠲᠡᠨ᠎ᠨᠦᠭᠦᠳ ᠡᠨᠳᠡ ᠬᠠᠮᠲᠤ᠎ᠪᠠᠷ 《ᠪᠣᠬᠢᠷᠲᠤᠯ ᠦᠭᠡᠢ ᠬᠦᠰᠡᠯ ᠵᠡᠭᠦᠳᠦ》 ᠶ᠋ᠢ ᠬᠥᠭᠡᠭᠡᠴᠡᠯᠳᠦᠵᠦ᠂ ᠭᠠᠷ ᠬᠣᠯᠪᠣᠨ ᠰᠠᠢᠨ ᠰᠠᠢᠬᠠᠨ ᠢᠷᠡᠭᠡᠳᠦᠢ᠎ᠪᠡᠨ ᠴᠣᠭᠴᠠᠯᠠᠨ᠎ᠠ᠃

ᠳᠤᠭᠤᠢ ᠳᠠᠯ᠎ᠠ ᠪᠠᠯᠭᠠᠰᠤ 《ᠡᠮᠦᠨ᠎ᠡ ᠭᠤᠤᠯ ᠰᠤᠪᠠᠭ》ᠤ᠋ᠨ ᠠᠮᠢ ᠠᠬᠤᠢ᠎ᠶᠢᠨ ᠰᠠᠢᠵᠢᠷᠠᠯᠲᠠ ᠪᠠ ᠡᠯᠡᠰᠦᠨ ᠴᠥᠯ᠎ᠦᠨ ᠡᠬᠢ ᠪᠠᠶᠠᠯᠢᠭ᠋᠎ᠤᠨ ᠳᠠᠪᠠᠭᠤᠯᠢᠭ᠋᠎ᠲᠠᠭᠠᠨ ᠲᠦᠰᠢᠭᠯᠡᠨ᠂ ᠦᠨᠳᠦᠰᠦᠲᠡᠨ ᠨᠦᠭᠦᠳ᠎ᠦᠨ ᠣᠯᠠᠨ ᠲᠦᠮᠡᠨ᠎ᠦ ᠡᠯᠡᠰᠦᠨ ᠴᠥᠯ᠎ᠦᠨ ᠬᠡᠭᠡᠷᠡᠯᠡᠬᠦ ᠵᠢᠭᠤᠯᠴᠢᠯᠠᠯ᠎ᠤᠨ ᠠᠵᠤ ᠦᠢᠯᠡᠰ᠎ᠢ ᠬᠥᠭᠵᠢᠭᠦᠯᠬᠦ᠂ ᠡᠯᠡᠰᠦᠨ ᠴᠥᠯ᠎ᠦᠨ ᠬᠡᠭᠡᠷᠡᠯᠡᠬᠦ ᠵᠢᠭᠤᠯᠴᠢᠯᠠᠯ᠎ᠤᠨ ᠲᠥᠷᠥᠯ ᠵᠦᠢᠯ᠎ᠢ ᠡᠵᠡᠩᠨᠡᠬᠦ᠎ᠶᠢ ᠵᠣᠷᠢᠭ᠍ᠵᠢᠭᠤᠯᠵᠤ᠂ ᠣᠷᠣᠯᠭ᠎ᠠ ᠨᠢ ᠵᠢᠯ ᠲᠠᠷᠠᠭᠠᠯᠠᠨ ᠨᠡᠮᠡᠭᠳᠡᠵᠦ᠂ ᠠᠮᠢᠳᠤᠷᠠᠯ᠎ᠤᠨ ᠬᠢᠷᠢ ᠲᠦᠪᠰᠢᠨ ᠨᠢ ᠲᠠᠰᠤᠷᠠᠯᠲᠠ ᠦᠭᠡᠢ ᠲᠡᠭᠡᠭᠰᠢᠯᠡᠨ᠂ ᠡᠯᠡᠰᠦᠨ ᠴᠥᠯ᠎ᠳᠦ ᠬᠠᠮᠲᠤ᠎ᠪᠠᠷ ᠪᠦᠯᠬᠦᠮᠳᠡᠨ ᠲᠡᠮᠡᠴᠡᠭᠰᠡᠨ ᠰᠦᠷᠯᠢᠭ ᠰᠠᠢᠬᠠᠨ ᠬᠠᠭᠤᠳᠠᠰᠤ᠎ᠶᠢ ᠵᠢᠷᠤᠭᠯᠠᠪᠠ᠃

ᠡᠭᠦᠨ᠎ᠦ ᠬᠠᠮᠲᠤ᠂ 《ᠡᠮᠦᠨ᠎ᠡ ᠭᠤᠤᠯ ᠰᠤᠪᠠᠭ》 ᠳᠠᠭᠠᠤ᠎ᠶᠢᠨ ᠡᠯ᠎ᠡ ᠪᠠᠯᠭᠠᠰᠤ ᠲᠣᠰᠬᠣᠨ᠎ᠤ ᠬᠠᠮᠲᠤ᠎ᠶᠢᠨ ᠠᠵᠤ ᠠᠬᠤᠢ ᠴᠤ᠌ ᠴᠡᠴᠡᠭᠯᠡᠨ ᠬᠥᠭᠵᠢᠭᠰᠡᠨ ᠪᠠᠢᠳᠠᠯ ᠢᠯᠡᠷᠡᠪᠡ᠃ ᠪᠠᠯᠭᠤᠨ᠎ᠠ ᠪᠠᠯᠭᠠᠰᠤ ᠪᠠ ᠬᠦᠬᠡᠮᠤᠳᠤ ᠪᠠᠯᠭᠠᠰᠤ᠎ᠶᠢᠨ ᠤᠳᠤ ᠦᠶ᠎ᠡ᠎ᠶᠢᠨ ᠮᠠᠯ ᠠᠵᠤ ᠠᠬᠤᠢ ᠲᠠᠷᠢᠶᠠᠯᠠᠩ ᠥᠷᠨᠢᠨ ᠬᠥᠭᠵᠢᠵᠦ᠂ ᠮᠦᠷ ᠮᠦᠷ ᠲᠤᠯᠠᠭᠠᠨ ᠬᠦᠯᠡᠮᠵᠢ ᠵᠢᠭᠳᠡᠷᠡᠨ ᠬᠠᠷᠠᠬᠳᠠᠵᠤ᠂ ᠲᠤᠬᠠᠢ᠎ᠶᠢᠨ ᠭᠠᠵᠠᠷ᠎ᠤᠨ ᠦᠵᠡᠰᠬᠦᠯᠡᠩᠲᠦ ᠰᠠᠢᠬᠠᠨ ᠦᠵᠡᠮᠵᠢ᠎ᠶᠢᠨ ᠣᠷᠣᠨ ᠪᠣᠯᠪᠠ᠃ ᠲᠣᠰᠬᠣᠨ᠎ᠤ ᠬᠠᠮᠲᠤ᠎ᠶᠢᠨ ᠠᠵᠤ ᠠᠬᠤᠢ᠎ᠶᠢᠨ ᠣᠷᠣᠯᠭ᠎ᠠ ᠨᠡᠮᠡᠭᠳᠡᠵᠦ᠂ ᠰᠠᠭᠤᠷᠢ ᠲᠥᠬᠦᠭᠡᠷᠦᠮᠵᠢ᠎ᠶᠢᠨ ᠪᠦᠲᠦᠭᠡᠨ ᠪᠠᠢᠭᠤᠯᠤᠯᠲᠠ᠎ᠶᠢ ᠲᠤᠰᠠᠯᠠᠨ ᠳᠡᠮᠵᠢᠵᠦ᠂ ᠣᠯᠠᠨ ᠨᠡᠶ᠋ᠢᠲᠡ᠎ᠶᠢᠨ ᠦᠢᠯᠡᠴᠢᠯᠡᠭᠡᠨ᠎ᠦ ᠳᠡᠭᠡᠭᠰᠢᠯᠡᠯᠲᠡ᠎ᠶᠢ ᠠᠬᠢᠭᠤᠯᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠠᠮᠢᠳᠤᠷᠠᠯ᠎ᠤᠨ ᠣᠷᠴᠢᠨ ᠲᠣᠭᠣᠷᠢᠨ ᠣᠷᠣᠰᠢᠨ ᠰᠠᠭᠤᠬᠤ᠎ᠳᠤ ᠨᠠᠩ ᠲᠣᠬᠢᠷᠠᠮᠵᠢᠲᠠᠢ ᠪᠣᠯᠵᠤ᠂ ᠰᠤᠷᠭᠠᠨ ᠬᠥᠮᠦᠵᠢᠯ᠂ ᠡᠮᠴᠢᠯᠡᠭᠡᠨ᠎ᠦ ᠨᠥᠬᠥᠴᠡᠯ ᠲᠠᠰᠤᠷᠠᠯᠲᠠ ᠦᠭᠡᠢ ᠰᠠᠢᠵᠢᠷᠠᠵᠤ᠂ ᠰᠣᠶᠣᠯ᠎ᠤᠨ ᠠᠮᠢᠳᠤᠷᠠᠯ ᠡᠳᠦᠷ ᠢᠷᠡᠬᠦᠶ᠎ᠡ ᠪᠠᠶᠠᠯᠢᠭ᠍ᠵᠢᠵᠤ᠂ ᠵᠣᠯ ᠵᠢᠷᠭᠠᠯ᠎ᠤᠨ ᠵᠢᠭᠠᠯᠲᠠ ᠲᠣᠭ᠎ᠠ ᠵᠠᠯᠭᠠᠭ᠎ᠠ᠎ᠪᠠᠷ ᠳᠡᠭᠡᠭᠰᠢᠯᠡᠪᠡ᠃

ᠡᠭᠦᠨ᠎ᠡᠴᠡ ᠭᠠᠳᠠᠨ᠎ᠠ᠂ 《ᠤᠮᠠᠷᠠᠲᠤ᠎ᠶᠢᠨ ᠭᠤᠷᠪᠠᠨ ᠣᠷᠣᠨ》 ᠤ᠋ ᠬᠠᠯᠬᠠᠪᠴᠢ ᠤᠢ᠎ᠶᠢᠨ ᠢᠨᠵᠧᠨᠧᠷᠢᠩ ᠦᠷᠭᠦᠯᠵᠢᠯᠡᠨ ᠠᠬᠢᠵᠤ᠂ 《ᠡᠮᠦᠨ᠎ᠡ ᠭᠤᠤᠯ ᠰᠤᠪᠠᠭ》 ᠳᠠᠭᠠᠤ᠎ᠶᠢᠨ ᠠᠮᠢ ᠠᠬᠤᠢ ᠣᠷᠴᠢᠨ ᠲᠣᠭᠣᠷᠢᠨ᠎ᠤ ᠵᠠᠰᠠᠯᠲᠠ ᠢᠯᠡᠳᠳᠡ ᠰᠠᠢᠵᠢᠷᠠᠪᠠ᠃ ᠣᠳᠣᠬᠠᠨ᠎ᠳᠤ᠂ ᠣᠶ ᠮᠣᠳᠣ᠌ ᠢᠭ᠍ᠴᠤ ᠰᠠᠬᠤᠯᠢᠭ᠋᠂ ᠭᠠᠵᠠᠷ ᠰᠢᠷᠣᠢ ᠡᠯᠡᠰᠦᠷᠬᠡᠭᠵᠢᠬᠦ᠎ᠶᠢ ᠪᠦᠲᠦᠮᠵᠢᠲᠡᠶ ᠬᠣᠷᠢᠭ᠍ᠯᠠᠵᠤ᠂ ᠲᠠᠷᠢᠶᠠᠨ ᠭᠠᠵᠠᠷ ᠪᠠ ᠮᠠᠯᠵᠢᠯ᠎ᠤᠨ ᠲᠠᠯᠠᠪᠠᠶ᠎ᠶᠢ ᠬᠠᠮᠠᠭᠠᠯᠠᠵᠤ᠂ ᠠᠭᠤᠷ ᠠᠮᠢᠰᠬᠤᠯ᠎ᠤᠨ ᠨᠥᠬᠥᠴᠡᠯ ᠴᠦ᠍ ᠢᠯᠡᠳᠲᠡ ᠰᠠᠢᠵᠢᠷᠠᠵᠤ᠂ ᠮᠠᠯ ᠠᠵᠤ ᠠᠬᠤᠢ᠎ᠲᠠᠷᠢᠶᠠᠯᠠᠩ᠎ᠤᠨ ᠦᠷᠭᠦᠯᠵᠢᠯᠡᠨ ᠬᠥᠭᠵᠢᠬᠦ ᠪᠠ ᠦᠨᠳᠦᠰᠦᠲᠡᠨ ᠨᠦᠭᠦᠳ᠎ᠦᠨ ᠣᠯᠠᠨ ᠲᠦᠮᠡᠨ᠎ᠦ ᠠᠮᠤᠷ ᠵᠢᠮᠦᠷ ᠠᠵᠤ ᠲᠦᠷᠦᠭᠦ᠎ᠳᠦ ᠰᠠᠢᠨ ᠰᠠᠢᠬᠠᠨ ᠠᠮᠢ ᠠᠬᠤᠢ᠎ᠶᠢᠨ ᠰᠠᠭᠤᠷᠢ᠎ᠵᠢ ᠳᠠᠯᠪᠢᠬᠰᠠᠨ ᠪᠠᠢᠨ᠎ᠠ᠃

《ᠮᠠᠯᠵᠢᠬᠤ ᠣᠷᠣᠨ᠎ᠤ ᠣᠯᠠᠨ ᠲᠦᠮᠡᠨ ᠪᠣᠷᠣᠭᠵᠢᠭᠤᠨ ᠪᠥᠭᠡᠳ ᠠᠰᠪᠤᠷ ᠰᠢᠯᠤᠭᠤᠨ᠂ ᠰᠠᠨᠠᠭᠠᠴᠢᠯᠠᠭ᠎ᠠ᠎ᠡᠴᠨ ᠎ᠪᠠᠨ ᠲᠠᠷᠢᠶᠠᠯᠠᠬᠤ ᠣᠷᠣᠨ᠎ᠤ ᠠᠮᠢᠳᠤᠷᠠᠯ᠎ᠳᠤ ᠠᠭᠤᠰᠤᠯᠴᠠᠵᠤ᠂ ᠲᠠᠷᠢᠶᠠᠯᠠᠬᠤ ᠣᠷᠣᠨ᠎ᠤ ᠰᠠᠭᠤᠭᠠᠯᠢ ᠠᠷᠠᠳ ᠴᠤ᠌ ᠦᠷᠭᠦᠯᠵᠢ ᠮᠠᠯᠵᠢᠬᠤ ᠣᠷᠣᠨ᠎ᠳᠤ ᠬᠦᠷᠴᠦ᠂ ᠮᠠᠯ ᠠᠵᠤ ᠠᠬᠤᠢ ᠵᠢᠨ  ᠲᠡᠵᠢᠭᠡᠨ ᠠᠷᠠᠴᠢᠯᠠᠬᠤ ᠲᠤᠷᠰᠢᠯᠭ᠎ᠠ᠎ᠶᠢ ᠰᠤᠷᠤᠯᠴᠠᠳᠠᠭ》 ᠭᠡᠵᠦ ᠪᠠᠯᠭᠤᠨ᠎ᠠ ᠪᠠᠯᠭᠠᠰᠤᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ ᠯᠢᠦ ᠫᠸᠩ ᠹᠧᠢ ᠲᠠᠨᠢᠯᠴᠠᠭᠤᠯᠪᠠ᠃ ᠬᠥᠮᠥᠨ ᠠᠮᠠ᠎ᠶᠢᠨ ᠡᠢᠮᠦᠷᠬᠦᠦ ᠬᠣᠣᠰ ᠴᠢᠭᠯᠡᠯ᠎ᠦᠨ ᠰᠢᠯᠵᠢᠯᠲᠡ ᠨᠢ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠨᠡᠩ ᠭᠦᠨᠵᠡᠭᠡᠢ ᠠᠬᠢᠭᠤᠯᠵᠤ ᠂ ᠠᠨᠠᠷ᠎ᠤᠨ ᠦᠷ᠎ᠡ ᠰᠢᠭ ᠨᠢᠭ᠍ᠲᠠᠷᠠᠨ ᠪᠦᠯᠬᠦᠮᠳᠡᠭᠦᠯᠪᠡ᠃

ᠡᠳᠦᠭᠡ᠂ 《ᠡᠮᠦᠨ᠎ᠡ  ᠭᠤᠤᠯ ᠰᠤᠪᠠᠭ》 ᠤ᠋ᠨ ᠡᠷᠭᠢ ᠳᠠᠭᠠᠤ ᠰᠡᠯᠡᠬᠦᠴᠡᠨ ᠠᠯᠬᠤᠬᠤ ᠳ᠋ᠤ᠂ ᠡᠯ᠎ᠡ ᠦᠨᠳᠦᠰᠦᠲᠡᠨ ᠬᠠᠮᠲᠤ᠎ᠪᠠᠷ ᠣᠳᠣᠬᠢᠴᠢᠯᠠᠯᠲᠠ ᠲᠡᠢᠰᠢ ᠡᠷᠡᠮᠡᠭᠡᠢᠯᠡᠨ ᠤᠷᠤᠭᠰᠢᠯᠠᠬᠤ ᠥᠷᠨᠢᠭᠦᠨ ᠪᠠᠳᠠᠷᠠᠩᠭᠤᠢ ᠪᠠᠢᠳᠠᠯ ᠭᠠᠵᠠᠷ ᠪᠣᠯᠭᠠᠨ᠎ᠳᠤ ᠬᠠᠷᠠᠭᠳᠠᠵᠤ᠂ 《ᠬᠡᠨ ᠠᠯᠢᠨ᠎ᠡᠴᠨ ᠎ᠪᠠᠨ ᠰᠠᠯᠵᠤ ᠴᠢᠳᠠᠬᠤ ᠦᠭᠡᠢ》 ᠠᠭᠤᠰᠤᠯᠴᠠᠨ ᠬᠦᠭᠵᠢᠭᠰᠡᠨ  ᠵᠢᠷᠤᠭ ᠳᠦᠷᠰᠦ ᠨᠡᠩ ᠠᠮᠢᠳᠤᠯᠢᠭ᠋ ᠪᠣᠯᠵᠠᠢ᠃ ᠡᠨᠡ ᠬᠦ᠌ ᠵᠢᠷᠤᠭ᠎ᠲᠤ᠂ ᠬᠠᠲᠤᠨ ᠭᠣᠣᠯ᠎ᠤᠨ ᠰᠣᠶᠣᠯ᠎ᠤᠨ ᠲᠠᠪᠠᠯᠭᠠᠯᠠᠨ ᠲᠤᠯᠬᠢᠶᠠᠯᠠᠬᠤ ᠤᠤᠷ ᠲᠤᠨᠳᠠᠰᠤ᠂ ᠲᠠᠷᠢᠶᠠᠯᠠᠬᠤ ᠰᠣᠶᠣᠯ᠎ᠤᠨ ᠨᠠᠷᠢᠨ ᠰᠢᠷᠢᠨ ᠵᠦᠢᠯᠡᠰ ᠪᠤᠢ᠂ ᠪᠠᠰᠠ ᠲᠠᠯ᠎ᠠ ᠨᠤᠲᠤᠭ᠎ᠤᠨ ᠰᠣᠶᠣᠯ᠎ᠤᠨ ᠤᠮᠤᠭᠯᠠᠩ ᠵᠢᠪᠬᠤᠯᠠᠩ ᠪᠤᠢ᠃ ᠦᠨᠳᠦᠰᠦᠲᠡᠨ᠎ᠨᠦᠭᠦᠳ᠎ᠦᠨ ᠰᠣᠶᠣᠯ ᠬᠠᠷᠢᠯᠴᠠᠨ ᠤᠮᠳᠠᠯᠠᠵᠤ᠂ ᠬᠠᠷᠢᠯᠴᠠᠨ ᠲᠤᠯᠢᠯᠠᠵᠤ᠂ ᠦᠨᠳᠦᠰᠦᠲᠡᠨ᠎ᠨᠦᠭᠦᠳ ᠰᠡᠳᠬᠢᠯ ᠵᠢᠷᠦᠬᠡ᠎ᠪᠡᠨ ᠬᠣᠯᠪᠣᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠰᠠᠢᠨ ᠰᠠᠢᠬᠠᠨ ᠢᠷᠡᠭᠡᠳᠦᠢ ᠵᠦᠭ ᠬᠠᠮᠲᠤ᠎ᠪᠠᠷ ᠤᠷᠤᠭᠰᠢᠯᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号