7 ᠰᠠᠷ᠎ᠠ᠎ᠶᠢᠨ 15᠎ᠤ ᠡᠳᠦᠷ᠂
ᠰᠤᠷᠪᠤᠯᠵᠢᠯᠠᠭ᠍ᠴᠢ ᠤᠯᠠᠭᠠᠨᠬᠠᠳᠠ ᠬᠤᠲᠠ᠎ᠶᠢᠨ ᠦᠨᠳᠦᠰᠦᠲᠡᠨ᠎ᠦ ᠬᠡᠷᠡᠭ ᠡᠷᠬᠢᠯᠡᠬᠦ ᠵᠥᠪᠯᠡᠯ᠎ᠡᠴᠡ ᠣᠢᠯᠠᠭᠠᠭᠰᠠᠨ᠎ᠢᠶᠠᠷ᠂
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠴᠥᠭᠡᠨ ᠲᠣᠭᠠᠲᠤ
ᠦᠨᠳᠦᠰᠦᠲᠡᠨ᠎ᠦ ᠤᠯᠠᠮᠵᠢᠯᠠᠯᠲᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ ᠱᠠᠩᠨᠠᠯ᠎ᠤᠨ ᠮᠧᠳᠠᠯ᠎ᠢ ᠵᠢᠩᠬᠢᠨᠢ᠎ᠪᠡᠷ
ᠨᠡᠢᠲᠡᠯᠡᠪᠡ᠃

ᠱᠠᠩᠨᠠᠯ᠎ᠤᠨ ᠮᠧᠳᠠᠯ᠎ᠢ ᠲᠤᠰ
ᠬᠤᠭᠤᠴᠠᠭᠠᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ ᠤ ᠰᠦᠯᠳᠡ᠎ᠶᠢᠨ《ᠡᠷᠡᠮᠡᠬᠡᠢᠯᠡᠨ ᠤᠷᠤᠭᠰᠢᠯᠠᠬᠤ》᠎ᠪᠠᠷ ᠭᠣᠣᠯ ᠬᠥᠭ
ᠠᠶᠠᠰ ᠪᠣᠯᠭᠠᠨ ᠵᠢᠷᠤᠵᠤ ᠲᠥᠯᠥᠪᠯᠡᠨ᠂ ᠨᠢᠭᠡ ᠲᠠᠯ᠎ᠠ ᠳ᠋ᠤᠨᠢ ᠴᠤᠭᠯᠠᠭᠠᠨ᠎ᠤ ᠰᠦᠯᠳᠡ ᠶᠢᠨ《ᠡᠷᠡᠮᠡᠬᠡᠢᠯᠡᠨ ᠤᠷᠤᠭᠰᠢᠯᠠᠬᠤ》 ᠬᠡ ᠤᠭᠠᠯᠵᠠ᠎ᠶᠢ
ᠰᠡᠢᠯᠦᠨ ᠳᠠᠷᠤᠮᠠᠯᠯᠠᠵᠤ᠂ ᠨᠥᠭᠥᠭᠡ ᠲᠠᠯ᠎ᠠ ᠳ᠋ᠤᠨᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠦ ᠠᠷᠪᠠᠨ ᠨᠢᠭᠡᠳᠦᠭᠡᠷ ᠬᠤᠭᠤᠴᠠᠭᠠᠨ᠎ᠦ
ᠴᠥᠭᠡᠨ ᠲᠣᠭᠠᠲᠤ ᠦᠨᠳᠦᠰᠦᠲᠡᠨ᠎ᠦ ᠤᠯᠠᠮᠵᠢᠯᠠᠯᠲᠤ ᠪᠡᠶ᠎ᠡ᠎ᠶᠢᠨ ᠲᠠᠮᠢᠷ᠎ᠤᠨ ᠴᠤᠭᠯᠠᠭᠠᠨ》᠂ 《2025·ᠤᠯᠠᠭᠠᠨᠬᠠᠳᠠ》 ᠭᠡᠬᠦ ᠦᠰᠦᠭ ᠵᠢᠴᠢ ᠮᠸᠲᠠᠯᠢ ᠬᠦᠷᠲᠡᠭᠦ ᠱᠠᠩᠨᠠᠯ᠎ᠤᠨ ᠲᠦᠷᠦᠯ ᠵᠦᠢᠯ᠎ᠢ ᠰᠡᠶ᠋ᠢᠯᠵᠦ᠂
ᠲᠤᠰ ᠬᠤᠭᠤᠴᠠᠭᠠᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ 《logo》 ᠪᠠᠢᠬᠤ ᠪᠦᠭᠡᠳ ᠪᠡᠶ᠎ᠡ᠎ᠶᠢᠨ ᠲᠠᠮᠢᠷ᠎ᠤᠨ
ᠴᠤᠭᠯᠠᠭᠠᠨ᠎ᠤ ᠬᠤᠭᠤᠴᠠᠭ᠎ᠠ᠂ ᠡᠷᠬᠢᠯᠡᠭᠰᠡᠨ ᠴᠠᠭ ᠵᠢᠴᠢ ᠭᠠᠵᠠᠷ᠎ᠢ ᠲᠣᠳᠣᠷᠬᠠᠢᠯᠠᠵᠤ᠂ 《ᠨᠠᠩ ᠲᠦᠷᠭᠡᠨ᠂ ᠨᠠᠩ ᠥᠨᠳᠥᠷ᠂ ᠨᠠᠩ ᠬᠦᠴᠦᠷᠬᠡᠭ᠂ ᠨᠠᠩ ᠪᠦᠯᠬᠦᠮᠳᠡᠯ᠎ᠲᠠᠢ》 ᠪᠠᠢᠬᠤ ᠪᠡᠶ᠎ᠡ᠎ᠶᠢᠨ ᠲᠠᠮᠢᠷ᠎ᠤᠨ
ᠬᠥᠳᠡᠯᠭᠡᠭᠡᠨ᠎ᠦ ᠵᠣᠷᠢᠭ᠋ ᠰᠠᠨᠠᠭ᠎ᠠ᠎ᠶᠢ ᠦᠢᠯᠡᠳᠦᠯᠭᠡᠵᠢᠭᠦᠯᠬᠦ᠎ᠶᠢ ᠪᠡᠯᠭᠡᠳᠡᠵᠡᠢ᠃

ᠥᠪᠥᠷ ᠮᠣᠩᠭᠣᠯ᠎ᠤᠨ ᠥᠪᠡᠷᠲᠡᠭᠡᠨ
ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠦ ᠴᠥᠭᠡᠨ ᠲᠣᠭᠠᠲᠤ ᠦᠨᠳᠦᠰᠦᠲᠡᠨ᠎ᠦ ᠤᠯᠠᠮᠵᠢᠯᠠᠯᠲᠤ ᠪᠡᠶ᠎ᠡ᠎ᠶᠢᠨ
ᠲᠠᠮᠢᠷ᠎ᠤᠨ ᠴᠤᠭᠯᠠᠭᠠᠨ 7 ᠰᠠᠷ᠎ᠠ᠎ᠶᠢᠨ 20᠎ᠤ ᠡᠳᠦᠷ ᠤᠯᠠᠭᠠᠨᠬᠠᠳᠠ᠎ᠳᠤ ᠡᠬᠢᠯᠡᠨ᠎ᠠ᠃
ᠢᠷᠡᠯᠲᠡ᠄ ᠲᠠᠯ᠎ᠠ
ᠨᠤᠲᠤᠬ᠎ᠤᠨ ᠡᠭᠦᠯᠡ ᠰᠢᠯᠵᠢᠶ᠎ᠡ