7 ᠰᠠᠷ᠎ᠠ ᠵᠢᠨ 12 ᠤ᠋ᠨ ᠡᠳᠦᠷ ᠂ ᠬᠢᠩᠭᠠᠨ ᠠᠢᠮᠠᠭ ᠤ᠋ᠨ ᠵᠠᠯᠠᠢᠳ ᠬᠣᠱᠢᠭᠤᠨ ᠤ᠋ ᠬᠣᠯᠪᠣᠭ᠎ᠠ ᠪᠠᠯᠭᠠᠰᠤᠨ ᠤ᠋ ᠡᠦ ᠵᠢᠶᠠ ᠽᠢ ᠲᠣᠰᠭᠣᠨ ᠳ᠋ᠤ ᠬᠦᠷᠬᠦ ᠳ᠋ᠤ᠂ ᠦᠷᠭᠦᠯᠵᠢᠯᠡᠭᠰᠡᠨ ᠳᠤᠲᠤᠷᠭᠠᠨ ᠲᠠᠷᠢᠶ᠎ᠠ ᠨᠡᠷᠡᠨᠦ ᠳᠤᠤᠷ᠎ᠠ ᠨᠤᠮᠢᠨ ᠲᠤᠯᠭᠢᠶᠡ ᠬᠠᠶᠠᠯᠠᠭᠤᠯᠤᠨ᠂ ᠴᠡᠪᠡᠷ ᠴᠡᠮᠴᠡᠭᠡᠷ ᠲᠣᠰᠭᠣᠨ ᠤ᠋ ᠵᠠᠮ ᠤ᠋ᠨ ᠬᠠᠵᠠᠭᠤ ᠪᠡᠷ ᠵᠦᠢᠯ ᠤ᠋ᠨ ᠴᠡᠴᠡᠭ ᠦᠩᠭᠡ ᠪᠤᠯᠢᠶᠠᠯᠳᠤᠨ ᠳᠡᠯᠭᠡᠷᠡᠵᠤ᠂ ᠲᠣᠰᠭᠣᠨ ᠤ᠋ ᠠᠷᠠᠳ ᠰᠣᠶᠣᠯ ᠤ᠋ᠨ ᠠᠭᠤᠳᠠᠮ ᠲᠠᠯᠠᠪᠠᠢᠳ᠋ᠤ ᠪᠥᠵᠢᠭ᠌ᠯᠡᠵᠡᠭᠡᠵᠤ ᠪᠠᠢᠯ᠎ᠠ᠃ ᠡᠨᠡ ᠬᠦ᠌ ᠠᠮᠢᠵᠢᠷᠠᠯ ᠤ᠋ᠨ ᠬᠦᠴᠦᠨ ᠪᠢᠯᠬᠠᠭ᠍ᠰᠠᠨ ᠬᠥᠳᠡᠭᠡ ᠲᠣᠰᠭᠣᠨ ᠤ᠋ ᠦᠵᠡᠰᠬᠦᠯᠡᠩᠳᠤ ᠵᠢᠷᠤᠭ ᠨᠢ ᠲᠤᠰ ᠲᠣᠰᠭᠣᠨ ᠤ᠋ ᠨᠠᠮ ᠤ᠋ᠨ ᠡᠭᠦᠷ ᠤ᠋ᠨ ᠱᠦᠵᠢ ᠵᠢᠨ ᠠᠷᠪᠠᠨ ᠵᠢᠯ ᠢ᠋ ᠨᠢᠭᠡ ᠡᠳᠦᠷ ᠮᠡᠲᠦ ᠪᠠᠲᠤ ᠰᠠᠬᠢᠭᠰᠠᠨ ᠲᠠᠢ ᠰᠠᠯᠵᠤ ᠴᠢᠳᠠᠰᠢ ᠦᠭᠡᠢ ᠬᠤᠯᠪᠤᠭ᠎ᠠ ᠲᠠᠢ᠃
ᠤᠯᠠᠨ ᠵᠢᠯ ᠤ᠋ᠨ ᠲᠤᠷᠰᠢ᠂ ᠦ᠋ ᠵᠢᠶᠠ ᠽᠢ ᠲᠣᠰᠭᠣᠨ ᠤ᠋ ᠨᠠᠮ ᠤ᠋ᠨ ᠡᠭᠦᠷ ᠤ᠋ᠨ ᠱᠦᠵᠢ ᠯᠢᠦ ᠯᠢ ᠶᠢᠦ ᠰᠢᠷᠭᠠᠭᠤ ᠬᠠᠳᠠᠭᠤᠵᠢᠯᠳᠡᠢ ᠬᠦᠴᠦ ᠬᠦᠳᠡᠯᠮᠦᠷᠢ ᠪᠡᠷ ᠵᠢᠡᠨ ᠨᠤᠲᠤᠭᠤᠨ ᠵᠢᠡᠨ ᠬᠠᠷ᠎ᠠ ᠬᠥᠷᠥᠰᠥᠨ ᠳᠡᠭᠡᠷ᠎ᠡ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠱᠢᠨ᠎ᠡ ᠵᠢᠷᠤᠭ ᠢ᠋ ᠵᠢᠷᠤᠭ᠍ᠯᠠᠪᠠ᠃
《2015 ᠣᠨ ᠤ᠋ 3 ᠰᠠᠷ᠎ᠠ ᠳ᠋ᠤ᠂ ᠰᠠᠶᠢᠬᠠᠨ ᠲᠣᠰᠭᠣᠨ ᠤ᠋ ᠱᠦᠵᠢ ᠵᠢᠨ ᠲᠤᠱᠢᠶᠠᠯᠳᠤ ᠭᠠᠷᠬᠤᠳᠤ ᠡᠸ᠋ ᠵᠢᠶᠠ ᠽᠢ ᠲᠣᠰᠭᠣᠨ ᠪᠥᠬᠥ᠌ ᠪᠠᠯᠭᠠᠰᠤᠨ ᠤ᠋ ᠬᠠᠮᠤᠭ ᠤ᠋ᠨ ᠶᠠᠳᠠᠭᠤ ᠬᠦᠴᠢᠷᠳᠡᠯᠲᠡᠶ ᠲᠣᠰᠭᠣᠨ ᠪᠠᠢᠵᠤ᠂ ᠲᠣᠰᠭᠣᠨ ᠤ᠋ ᠬᠠᠮᠲᠤ ᠵᠢᠨ ᠥᠷᠢ ᠥᠭ᠌ᠴᠡᠭᠡ 20 ᠭᠠᠷᠤᠶ ᠲᠦᠮᠡᠨ ᠲᠥᠭᠥᠷᠢᠭ ᠲᠤ᠌ ᠬᠦᠷᠴᠦ᠍᠂ ᠪᠥᠬᠥ᠌ ᠲᠣᠰᠭᠣᠨ ᠤ᠋ ᠬᠥᠮᠦᠨ ᠳᠤᠮᠳᠠᠴᠢ ᠵᠢᠨ ᠣᠷᠣᠯᠭ᠎ᠠ ᠲᠦᠮᠡᠨ ᠲᠥᠭᠥᠷᠢᠭᠴᠤ ᠬᠥᠷᠬᠥ᠌ ᠥᠬᠡᠶ᠂ 370 ᠰᠠᠭᠤᠷᠢ ᠨᠤᠷᠠᠬᠤ ᠠᠶᠤᠯᠲᠠᠶ ᠬᠠᠭᠤᠴᠢᠨ ᠱᠢᠷᠣᠶ ᠵᠢᠨ ᠪᠠᠢᠱᠢᠩ᠂ ᠱᠢᠪᠠᠷ ᠱᠠᠯᠴᠢᠭᠲᠠᠢ ᠶᠠᠪᠤᠬᠤ ᠵᠢᠨ ᠠᠷᠭ᠎ᠠ ᠦᠭᠡᠢ ᠲᠤᠰᠬᠤᠨᠤ ᠵᠠᠮ ᠵᠡᠷᠭᠡ ᠵᠢ ᠬᠠᠷᠠᠭᠠᠳ ᠠᠢᠳᠠᠰ ᠬᠦᠷᠴᠦ ᠪᠠᠢᠭᠰᠠᠨ᠁》 ᠭᠡᠵᠦ᠍ ᠯᠢᠦ ᠯᠢ ᠶᠢᠦ ᠡᠷᠬᠢᠴᠡᠬᠦᠯᠦᠨᠡ᠃
ᠲᠦᠮᠡᠡ ᠬᠦᠴᠢᠷ ᠮᠢᠩᠭᠠᠨ ᠪᠡᠷᠭᠡ ᠵᠢᠨ ᠡᠮᠦᠨ᠎ᠡ᠂ ᠯᠢᠦ ᠯᠢ ᠶᠢᠦ ᠠᠵᠤ ᠦᠢᠯᠡᠰᠢ ᠬᠦᠭᠵᠢᠬᠦᠯᠬᠦ ᠪᠣᠯ ᠪᠠᠢᠳᠠᠯ ᠢ᠋ ᠬᠤᠪᠢᠷᠠᠭᠤᠯᠬᠤ ᠵᠢᠨ ᠵᠠᠩᠭᠢᠯᠠᠭ᠎ᠠ ᠪᠣᠯᠬᠤ ᠶ᠋ᠢ ᠭᠦᠨᠵᠡᠭᠡᠢ ᠤᠢᠯᠠᠭᠠᠪᠠ᠃ ᠲᠡᠷᠡ ᠲᠣᠰᠭᠣᠨ ᠤ᠋ ᠠᠷᠠᠳ ᠵᠢᠡᠨ ᠳᠠᠭᠠᠭᠤᠯᠤᠨ ᠲᠤᠰ ᠭᠠᠵᠠᠷ ᠤ᠋ᠨ ᠡᠬᠢ ᠪᠠᠶᠠᠯᠢᠭ ᠤ᠋ᠨ ᠳᠠᠪᠠᠭᠤᠯᠢᠭ ᠢ᠋ ᠭᠦᠢᠴᠡᠳ ᠠᠭᠤᠳᠠᠯᠵᠤ᠂ ᠡᠷᠳᠡᠨᠢ ᠱᠢᠰᠢ᠂ ᠲᠤᠲᠤᠷᠭ᠎ᠠ ᠵᠡᠷᠭᠡ ᠭᠣᠣᠯᠯᠠᠬᠤ ᠠᠵᠤ ᠦᠢᠯᠡᠰ ᠤ᠋ᠨ ᠰᠠᠭᠤᠷᠢ ᠶ᠋ᠢ ᠪᠡᠬᠢᠵᠢᠭᠦᠯᠬᠦ᠌ ᠵᠢᠨ ᠬᠠᠮᠲᠤ ᠤᠯᠠᠨ ᠡᠱᠢᠲᠦ ᠤᠨᠴᠠᠯᠢᠬ᠍ᠳᠤ ᠠᠵᠤ ᠦᠢᠯᠡᠰ ᠢ᠋ ᠰᠦᠪᠡᠭ᠌ᠴᠢᠯᠡᠪᠡ᠃ ᠱᠢᠨ᠎ᠡ ᠰᠣᠷᠭᠣᠭ ᠡᠷᠳᠡᠨᠢ ᠱᠢᠰᠢ ᠲᠠᠷᠢᠬᠤ᠂ ᠬᠠᠭᠤᠷᠠᠶ ᠲᠤᠲᠤᠷᠭ᠎ᠠ ᠲᠠᠷᠢᠬᠤ᠂ ᠤᠢ ᠳᠤᠳᠤᠷᠠᠬᠢ ᠱᠢᠳ ᠮᠥᠭᠥ᠌ ᠵᠢᠨ ᠦᠢᠯᠡᠰᠢ ᠬᠦᠭᠵᠢᠬᠦᠯᠬᠦ᠂ ᠵᠢᠭᠠᠰᠤ ᠲᠡᠵᠢᠭᠡᠬᠦ᠌᠂ ᠲᠦᠬᠦᠭᠡᠷᠦᠮᠵᠢᠲᠤ ᠢᠳᠡᠱᠢᠨ ᠨᠣᠭᠣᠭ᠎ᠠ ᠲᠠᠷᠢᠵᠦ ᠬᠦᠭᠵᠢᠬᠦᠯᠬᠦ ᠵᠡᠷᠭᠡ ᠲᠠᠯ᠎ᠠ ᠪᠡᠷ ᠬᠦᠴᠦᠯᠡᠨ ᠴᠢᠷᠮᠠᠢᠵᠤ᠂《ᠮᠧᠩ ᠯᠢᠶᠠᠩ ᠱᠢᠨ》 ᠲᠠᠸᠠᠷ ᠤ᠋ᠨ ᠲᠡᠮᠳᠡᠭ ᠢ᠋ ᠳᠠᠩᠰᠠᠯᠠᠭᠤᠯᠤᠨ᠂ ᠲᠠᠷᠢᠶᠠᠯᠠᠩ ᠤ᠋ᠨ ᠪᠦᠲᠦᠭᠡᠭ᠌ᠳᠡᠬᠦᠨᠦ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠵᠢᠯ ᠤ᠋ᠨ ᠪᠣᠷᠣᠯᠠᠭᠤᠯᠭ᠎ᠠ 300 ᠭᠠᠷᠤᠶ ᠲᠦᠮᠡᠨ ᠲᠥᠭᠥᠷᠢᠭ ᠲᠤ᠌ ᠬᠦᠷᠴᠦ᠍᠂《ᠨᠢᠭᠡ ᠲᠣᠰᠭᠣᠨ ᠳ᠋ᠤ ᠣᠯᠠᠨ ᠦᠶ᠋ᠯᠡᠳᠬᠦᠨᠲᠡᠶ》 ᠣᠨᠴᠠᠯᠢᠭ᠍ᠲᠤ ᠠᠵᠤ ᠦᠢᠯᠡᠰ ᠤ᠋ᠨ ᠬᠥᠭ᠌ᠵᠢᠯᠲᠡ ᠵᠢᠨ ᠪᠠᠢᠷᠢᠱᠢᠯ ᠢ᠋ ᠪᠦᠷᠢᠯᠳᠦᠭᠦᠯᠦᠭᠰᠡᠨ ᠪᠠᠢᠨ᠎ᠠ᠃
ᠬᠥᠭ᠌ᠵᠢᠯᠲᠡ ᠵᠢᠨ ᠦᠷ᠎ᠡ ᠪᠦᠲᠦᠮᠵᠢ ᠶ᠋ᠢ ᠲᠣᠰᠭᠣᠨ ᠤ᠋ ᠠᠷᠠᠳ ᠨᠢᠭᠡ ᠪᠦᠷᠢᠳᠦ ᠬᠦᠷᠲᠡᠭᠡᠬᠦ᠌ ᠵᠢᠨ ᠲᠥᠯᠥᠭᠡ᠂ ᠯᠢᠦ ᠯᠢ ᠶᠢᠦ ᠪᠠᠰᠠ《ᠭᠤᠷᠪᠠᠨ ᠵᠦᠶ᠋ᠯ ᠤ᠋ᠨ ᠵᠠᠭ᠍ᠪᠤᠷ》 ᠢ᠋ ᠨᠠᠷᠢᠨ ᠨᠢᠮᠪᠠᠶ ᠵᠢᠷᠤᠵᠤ ᠲᠥᠯᠥᠪᠯᠡᠨ᠂ ᠭᠤᠷᠪᠠᠨ ᠲᠥᠷᠥᠯ ᠤ᠋ᠨ ᠬᠥᠮᠦᠰ ᠢ᠋ ᠨᠠᠷᠢᠯᠢᠭ ᠤᠨᠤᠪᠴᠢᠲᠠᠢ ᠳᠠᠢᠴᠢᠯᠠᠪᠠ᠄ 《ᠨᠠᠮ ᠤ᠋ᠨ ᠡᠭᠦᠷ + ᠬᠣᠷᠱᠢᠶᠠ》 ᠵᠢᠨ ᠵᠠᠭ᠍ᠪᠤᠷ ᠵᠢᠡᠷ ᠲᠣᠰᠭᠣᠨ ᠤ᠋ ᠠᠵᠤ ᠦᠶ᠋ᠯᠡᠰ ᠤ᠋ᠨ ᠲᠣᠮᠣ ᠡᠷᠦᠬᠡ ᠶ᠋ᠢ ᠳᠠᠢᠴᠢᠯᠠᠵᠤ ᠣᠷᠣᠯᠭ᠎ᠠ ᠶ᠋ᠢ ᠨᠢ ᠨᠡᠮᠡᠭ᠌ᠳᠡᠭᠦᠯᠵᠦ᠂ ᠪᠥᠬᠥ᠌ ᠲᠣᠰᠭᠣᠨ ᠤ᠋ 734 ᠡᠷᠦᠬᠡ ᠵᠢᠨ ᠭᠠᠵᠠᠷ ᠱᠢᠷᠣᠶ ᠵᠢᠨ ᠡᠵᠡᠩᠨᠡᠯᠲᠡ ᠵᠢᠨ ᠡᠷᠭᠡ ᠶ᠋ᠢ ᠭᠦᠢᠯᠭᠡᠭᠡᠬᠦ ᠵᠢᠴᠢ ᠬᠤᠪᠢ ᠣᠷᠣᠭᠤᠯᠤᠨ ᠠᠱᠢᠭ ᠬᠤᠪᠢᠶᠠᠬᠤ ᠬᠡᠯᠪᠡᠷᠢ ᠪᠡᠷ ᠳᠠᠮᠵᠢᠨ ᠬᠣᠷᠱᠢᠶᠠ ᠵᠢᠨ ᠡᠵᠡᠩᠨᠡᠯᠲᠡᠳᠦ ᠣᠷᠣᠯᠴᠠᠭᠤᠯᠤᠨ᠂ 5 ᠵᠢᠯ ᠳᠠᠷᠠᠭᠠᠯᠠᠨ 15% ᠵᠢᠨ ᠴᠡᠪᠡᠷ ᠤᠷᠤᠯᠭ᠎ᠠ ᠪᠡᠷ ᠨᠡᠢᠲᠡ 320 ᠲᠦᠮᠡᠨ ᠲᠥᠭᠥᠷᠢᠭ ᠤ᠋ᠨ ᠠᠱᠢᠭ ᠬᠤᠪᠢᠶᠠᠷᠢᠯᠠᠪᠠ᠃ 《ᠨᠠᠮ ᠤ᠋ᠨ ᠡᠭᠦᠷ + ᠨᠡᠢᠭᠡᠮᠴᠢᠯᠡᠭ᠌ᠰᠡᠨ ᠦᠶ᠋ᠯᠡᠴᠢᠯᠡᠭᠡ》 ᠵᠢᠨ ᠵᠠᠭ᠍ᠪᠤᠷ ᠵᠢᠡᠷ ᠡᠩ ᠤ᠋ᠨ ᠲᠠᠷᠢᠶᠠᠴᠢᠨ ᠡᠷᠦᠬᠡ ᠶ᠋ᠢ ᠳᠠᠢᠴᠢᠯᠠᠨ ᠣᠷᠣᠯᠭ᠎ᠠ ᠶ᠋ᠢ ᠨᠢ ᠨᠡᠮᠡᠭ᠌ᠳᠡᠭᠦᠯᠵᠦ᠍᠂ ᠲᠠᠷᠢᠶᠠᠯᠠᠩ ᠤ᠋ᠨ ᠨᠡᠢᠭᠡᠮᠴᠢᠯᠡᠭ᠌ᠰᠡᠨ ᠦᠶ᠋ᠯᠡᠴᠢᠯᠡᠭᠡ ᠥᠷᠨᠢᠭᠦᠯᠬᠦ᠌ ᠪᠡᠷ ᠳᠠᠮᠵᠢᠭᠤᠯᠵᠤ᠂ ᠪᠥᠬᠥ᠌ ᠲᠣᠰᠭᠣᠨ ᠤ᠋ 185 ᠲᠠᠷᠢᠶᠠᠴᠢᠨ ᠡᠷᠦᠬᠡ ᠶ᠋ᠢ ᠳᠠᠢᠴᠢᠯᠠᠨ ᠨᠢᠭᠡᠳᠦᠯᠲᠡᠶ ᠳᠠᠷᠢᠵᠤ᠂ ᠬᠡᠪᠴᠢᠶᠡᠵᠢᠭ᠌ᠰᠡᠨ᠂ ᠡᠷᠴᠢᠮᠵᠢᠭ᠌ᠰᠡᠨ ᠦᠶ᠋ᠯᠡᠳᠪᠦᠷᠢᠯᠡᠯ ᠢ᠋ ᠪᠡᠶᠡᠯᠡᠭᠦᠯᠤᠨ᠂ ᠡᠩ ᠤ᠋ᠨ ᠲᠠᠷᠢᠶᠠᠴᠢᠨ ᠡᠷᠦᠬᠡ ᠵᠢᠨ ᠬᠥᠮᠦᠨ ᠪᠦᠷᠢ ᠵᠢᠨ ᠵᠢᠯ ᠤ᠋ᠨ ᠣᠷᠣᠯᠭ᠎ᠠ ᠶ᠋ᠢ 1000 ᠲᠥᠭᠥᠷᠢᠭ ᠨᠡᠮᠡᠭ᠌ᠳᠡᠭᠦᠯᠪᠡ᠃ 《ᠨᠠᠮ ᠤ᠋ᠨ ᠡᠭᠦᠷ + ᠠᠵᠤ ᠦᠶ᠋ᠯᠡᠰ ᠤ᠋ᠨ ᠦᠶ᠋ᠯᠡᠳᠪᠦᠷᠢ ᠵᠢᠨ ᠲᠠᠰᠤᠭ》 ᠤ᠋ᠨ ᠵᠠᠭ᠍ᠪᠤᠷᠵᠢᠡᠷ ᠪᠠᠭᠤᠷᠠᠶ ᠬᠥᠳᠡᠯᠮᠦᠷᠢ ᠬᠦᠴᠦᠨ ᠢ᠋ ᠳᠠᠢᠴᠢᠯᠠᠨ ᠣᠷᠣᠯᠭ᠎ᠠ ᠶ᠋ᠢᠨᠢ ᠨᠡᠮᠡᠭ᠌ᠳᠡᠭᠦᠯᠵᠦ᠍᠂ ᠲᠣᠰᠭᠣᠨ ᠤ᠋ ᠪᠠᠭᠤᠷᠠᠶ ᠬᠥᠳᠡᠯᠮᠦᠷᠢ ᠬᠦᠴᠦᠨ ᠢ᠋ ᠬᠥᠯᠥᠰᠥᠯᠡᠵᠤ ᠠᠵᠤ ᠦᠶ᠋ᠯᠡᠰ ᠤ᠋ᠨ ᠦᠶ᠋ᠯᠡᠳᠪᠦᠷᠢ ᠵᠢᠨ ᠲᠠᠰᠤᠭᠲᠤ ᠠᠵᠢᠯ ᠬᠢᠯᠭᠡᠬᠦ᠌ ᠪᠡᠷ ᠳᠠᠮᠵᠢᠨ᠂ ᠳᠤᠤᠷ᠎ᠠ ᠣᠷᠣᠯᠭᠠᠲᠠᠶ ᠬᠥᠮᠦᠰ ᠢ᠋ ᠳᠠᠢᠴᠢᠯᠠᠨ ᠣᠷᠣᠯᠭ᠎ᠠ ᠶ᠋ᠢᠨᠢ ᠨᠡᠮᠡᠭ᠌ᠳᠡᠭᠦᠯᠪᠡ᠃
《ᠤᠳᠤ ᠲᠣᠰᠭᠣᠨ ᠤ᠋ ᠬᠥᠮᠦᠨ ᠪᠦᠬᠦᠨ ᠠᠵᠢᠯᠲᠠᠶ᠂ ᠡᠷᠦᠬᠡ ᠪᠦᠬᠦᠨ ᠠᠱᠢᠭ ᠬᠤᠪᠢᠶᠠᠬᠤ ᠪᠣᠯᠵᠠᠢ᠂ ᠯᠢᠦ ᠱᠦᠵᠢ ᠪᠢᠳᠡᠨ ᠢ᠋ ᠳᠠᠭᠠᠭᠤᠯᠵᠤ ᠪᠠᠶᠠᠵᠢᠯ ᠤ᠋ᠨ ᠵᠠᠮ ᠵᠢᠡᠷ ᠵᠠᠮᠨᠠᠭᠰᠠᠨ ᠰᠢᠤ !》 ᠲᠣᠰᠭᠣᠨ ᠤ᠋ ᠠᠷᠠᠳ ᠤ᠋ᠨ ᠪᠣᠷᠣᠭ᠍ᠵᠢᠭᠤᠨ ᠦᠭᠡ ᠶᠠᠷᠢᠶ᠎ᠠ ᠪᠣᠯ ᠳᠠᠭᠠᠭᠤᠯᠤᠭᠴᠢ ᠪᠤᠯᠤᠭᠰᠠᠨ ᠯᠢᠦ ᠯᠢ ᠶᠢᠦᠳᠦ ᠥᠭ᠌ᠭᠦᠭ᠌ᠰᠡᠨ ᠬᠠᠮᠤᠭ ᠤ᠋ᠨ ᠦᠨᠳᠦᠷ ᠦᠨᠡᠯᠡᠯᠲᠡ ᠪᠣᠯᠤᠨ᠎ᠠ᠃
2023 ᠣᠨ ᠳ᠋ᠤ᠂ ᠪᠥᠬᠥ᠌ ᠣᠷᠣᠨ ᠤ᠋ ᠬᠣᠲᠠ ᠬᠥᠳᠡᠭᠡ ᠵᠢᠨ ᠪᠥᠲᠥᠭᠡᠨ ᠪᠠᠢᠭᠤᠯᠤᠯᠲᠠ ᠳ᠋ᠤ ᠬᠡᠷᠡᠭ᠌ᠯᠡᠬᠦ᠌ ᠭᠠᠵᠠᠷ ᠤ᠋ᠨ ᠨᠡᠮᠡᠭ᠌ᠳᠡᠯ ᠬᠠᠰᠤᠭ᠍ᠳᠠᠯ ᠢ᠋ ᠬᠣᠯᠪᠣᠭ᠍ᠳᠠᠭᠤᠯᠬᠤ ᠲᠥᠷᠥ ᠵᠢᠨ ᠪᠣᠳᠣᠯᠭ᠎ᠠ ᠶ᠋ᠢ ᠡᠸ᠋ ᠵᠢᠶᠠ ᠽᠢ ᠲᠣᠰᠭᠣᠨ ᠳ᠋ᠤ ᠨᠠᠢᠳᠠᠪᠤᠷᠢᠵᠢᠭᠤᠯᠵᠤ᠂ ᠲᠣᠰᠭᠣᠨ ᠤ᠋ ᠠᠷᠠᠳ ᠢ᠋ ᠨᠡᠭᠦᠯᠭᠡᠬᠦ᠌ ᠶ᠋ᠢ ᠳᠠᠢᠴᠢᠯᠠᠬᠤ ᠨᠢ ᠠᠩᠬᠠᠨᠤ ᠬᠠᠲᠠᠭᠤ ᠳᠠᠢᠯᠠᠯᠳᠤᠭᠠᠨ ᠪᠣᠯᠵᠠᠶ᠃
ᠯᠢᠦ ᠯᠢ ᠶᠢᠦ ᠺᠠᠳ᠋ᠷ ᠢ᠋ ᠳᠠᠭᠠᠭᠤᠯᠤᠨ ᠡᠷᠦᠬᠡ ᠳᠠᠷᠠᠭᠠᠯᠠᠨ ᠪᠣᠭᠣᠮᠲᠠ ᠱᠢᠪᠲᠤᠯᠵᠤ᠂ ᠲᠣᠰᠭᠣᠨ ᠤ᠋ ᠠᠷᠠᠳ ᠤ᠋ᠨ ᠶᠡᠬᠡ ᠬᠤᠷᠠᠯ ᠢ᠋ ᠬᠤᠷᠠᠯᠳᠤᠭᠤᠯᠵᠤ ᠲᠥᠷᠥ ᠵᠢᠨ ᠪᠣᠳᠣᠯᠭ᠎ᠠ ᠶ᠋ᠢ ᠨᠠᠷᠢᠨ ᠲᠠᠢᠯᠪᠤᠷᠢᠯᠠᠨ᠂ ᠨᠤᠲᠤᠭ ᠤ᠋ᠨ ᠠᠬ᠎ᠠ ᠳᠡᠭᠦᠦ᠍ᠨᠡᠷ ᠵᠢᠡᠨ ᠬᠠᠪᠰᠤᠷᠤᠨ《ᠠᠵᠤ ᠠᠬᠤᠶ ᠵᠢᠨ ᠲᠠᠩᠰᠠ》 ᠪᠣᠯᠤᠨ 《ᠠᠯᠤᠰ ᠬᠡᠲᠦ᠍ ᠵᠢᠨ ᠲᠠᠩᠰᠠ》 ᠶ᠋ᠢ ᠰᠠᠢᠲᠤᠷ ᠪᠤᠳᠤᠵᠠᠶ᠃ ᠴᠢᠩ ᠦᠨᠡᠨᠴᠢ ᠰᠡᠳᠭᠢᠯ ᠨᠢ ᠬᠦᠮᠦᠰᠤᠨ ᠡᠷᠡᠭᠡᠯᠵᠡᠭᠡ ᠶ᠋ᠢ ᠠᠷᠢᠯᠭᠠᠵᠤ᠂ ᠲᠥᠷᠥᠯ ᠵᠦᠶ᠋ᠯ ᠤᠷᠤᠭ᠍ᠰᠢᠲᠠᠶ ᠠᠬᠢᠪᠠ᠄ 397 ᠡᠷᠦᠬᠡ ᠶ᠋ᠢ ᠨᠡᠭᠦᠯᠭᠡᠵᠦ᠍᠂ 102 ᠡᠷᠦᠬᠡ ᠶ᠋ᠢ ᠡᠭᠡᠬᠦᠯᠦᠨ ᠨᠡᠭᠦᠯᠭᠡᠵᠦ᠍᠂ ᠲᠣᠰᠭᠣᠨ ᠤ᠋ ᠬᠠᠮᠲᠤ ᠵᠢᠨ ᠠᠵᠤ ᠠᠬᠤᠢ ᠳ᠋ᠤ ᠰᠢᠨ᠎ᠡ ᠪᠡᠷ 1000 ᠮᠥ᠍ ᠲᠠᠷᠢᠶᠠᠨ ᠭᠠᠵᠠᠷ᠂ 3 ᠬᠤᠳᠠᠯᠳᠤᠭᠠᠨ ᠤ᠋ ᠳᠡᠯᠭᠡᠭᠦᠷ ᠨᠡᠮᠡᠭ᠌ᠳᠡᠨ᠂ ᠵᠢᠯ ᠤ᠋ᠨ ᠣᠷᠣᠯᠭ᠎ᠠ 70 ᠲᠦᠮᠡᠨ ᠲᠥᠭᠥᠷᠢᠭ ᠲᠤ᠌ ᠬᠥᠷᠪᠡ᠃ ᠰᠤᠯᠠᠯᠠᠵᠦ ᠭᠠᠷᠭᠠᠭᠰᠠᠨ ᠲᠠᠷᠢᠶᠠᠨ ᠭᠠᠵᠠᠷ ᠵᠢᠡᠨ ᠲᠠᠷᠢᠶᠠᠯᠠᠬᠤ ᠲᠤᠮᠤ ᠡᠷᠦᠭᠡᠳᠤ ᠭᠦᠢᠯᠭᠡᠭᠡᠨ ᠦᠭᠴᠦ ᠲᠠᠷᠢᠭᠤᠯᠤᠨ᠂ ᠲᠣᠰᠭᠣᠨ ᠤ᠋ ᠬᠠᠮᠲᠤ ᠨᠡᠢᠲᠡ ᠪᠠ ᠲᠠᠷᠢᠶᠠᠴᠢᠨ ᠡᠷᠦᠬᠡ ᠵᠢᠨ ᠤᠷᠤᠯᠭ᠎ᠠ ᠵᠢᠨ ᠨᠡᠮᠡᠭᠳᠡᠯᠤᠨ ᠬᠤᠤᠰ ᠠᠮᠵᠢᠯᠲᠠ ᠶ᠋ᠢ ᠪᠡᠶᠡᠯᠡᠭᠦᠯᠪᠡ; ᠣᠳᠣᠬᠢᠴᠢᠯᠠᠭ᠍ᠰᠠᠨ ᠱᠢᠨ᠎ᠡ ᠲᠣᠰᠭᠣᠨ ᠤ᠋ ᠰᠠᠭᠤᠭᠠᠯᠢ ᠲᠣᠭᠣᠷᠢᠭ ᠰᠦᠨᠳᠡᠷᠯᠡᠨ ᠪᠣᠰᠴᠤ᠌᠂ ᠲᠦᠭᠡᠭᠡᠯ ᠤᠰᠤ ᠪᠣᠯᠤᠨ ᠵᠠᠮ ᠤ᠋ᠨ ᠳ᠋ᠧᠩᠵᠡᠷᠭᠡ ᠢᠵᠢ ᠪᠦᠷᠢᠳᠦᠭ᠌ᠰᠡᠨ ᠲᠥᠬᠥᠭᠡᠷᠦᠮᠵᠢ ᠪᠦᠷᠢᠨ ᠪᠤᠯᠵᠤ᠂ ᠲᠣᠰᠭᠣᠨ ᠤ᠋ ᠠᠷᠠᠳ ᠤ᠋ᠨ ᠣᠷᠣᠨ ᠰᠠᠭᠤᠴᠠ ᠵᠢᠨ ᠨᠥᠬᠥᠴᠡᠯ ᠢᠯᠡᠳᠲᠡ ᠰᠠᠢᠵᠢᠷᠠᠨ᠂ ᠠᠢᠯ ᠲᠣᠰᠭᠣᠨ ᠤ᠋ ᠳᠦᠷᠰᠦ ᠪᠠᠢᠳᠠᠯ ᠶᠡᠬᠡ ᠪᠡᠷ ᠱᠢᠨᠡᠳᠪᠡ᠃
《ᠱᠢᠨ᠎ᠡ ᠠᠰᠠᠷ ᠲᠤ᠌ ᠨᠡᠭᠦᠭᠰᠡᠨᠤ ᠲᠠᠷᠠᠭ᠎ᠠ᠂ ᠲᠣᠰᠭᠣᠨ ᠡᠴᠡ ᠪᠢᠳᠡᠨᠳᠦ ᠳᠤᠯᠠᠭᠠᠯᠠᠭ᠎ᠠ ᠵᠢᠨ ᠰᠦᠢᠳᠭᠡᠯ᠂ ᠠᠳᠠᠯ ᠠᠬᠤᠢ ᠵᠢᠨ ᠰᠦᠢᠳᠭᠡᠯ ᠢ᠋ ᠨᠥᠬᠥᠪᠥᠷᠢᠯᠡᠨ ᠦᠭᠴᠦ ᠪᠤᠢ᠂ ᠪᠠᠰᠠ ᠬᠠᠮᠲᠤ ᠵᠢᠨ ᠠᠵᠤ ᠠᠬᠤᠢ ᠵᠢᠨ ᠬᠤᠷᠱᠢᠶᠠ᠂ ᠢᠳᠡᠱᠢᠨ ᠨᠣᠭᠣᠭ᠎ᠠ ᠵᠢᠨ ᠬᠦᠯᠡᠮᠵᠢᠳᠦ ᠠᠵᠢᠯ ᠬᠢᠵᠦ᠍ ᠵᠣᠭᠣᠰ ᠣᠯᠵᠤ ᠪᠣᠯᠤᠨ᠎ᠠ᠂ ᠠᠮᠢᠳᠤᠷᠠᠯ ᠶᠠᠪᠤᠬᠤ ᠲᠤᠳᠤᠮ ᠰᠠᠢᠵᠢᠷᠠᠵᠦ ᠪᠠᠢᠨ᠎ᠠ》 ᠭᠡᠵᠦ᠍ ᠰᠢᠨ᠎ᠡ ᠠᠰᠠᠷ ᠲᠤ᠌ ᠨᠡᠭᠦᠵᠤ ᠤᠷᠤᠭᠰᠠᠨ ᠲᠣᠰᠭᠣᠨ ᠤ᠋ ᠠᠷᠠᠳ ᠯᠢᠦ ᠴᠠᠩ ᠴᠧᠨ ᠳᠤᠭᠳᠤᠯᠤᠭᠰᠠᠨ ᠰᠡᠳᠭᠢᠯ ᠵᠢᠡᠨ ᠳᠠᠷᠤᠵᠤ ᠶᠠᠳᠠᠨ ᠬᠡᠯᠡᠨ᠎ᠡ᠃
ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠳ᠋ᠤ 《ᠬᠡᠪ ᠱᠤᠭᠤᠬᠤ》 ᠬᠡᠷᠡᠭ᠌ᠲᠡᠢ ᠪᠥᠭᠡᠳ ᠨᠡᠩ ᠴᠤ᠌ 《ᠰᠦᠭ ᠰᠦᠨᠡᠰᠦ ᠶ᠋ᠢ ᠱᠤᠭᠤᠬᠤ》 ᠬᠡᠷᠡᠭ᠌ᠲᠡᠢ᠃ ᠨᠡᠭᠦᠯᠭᠡᠭ᠌ᠰᠡᠨᠦ ᠳᠠᠷᠠᠭ᠎ᠠ᠂ 《ᠲᠣᠰᠭᠣᠨ ᠤ᠋ ᠠᠷᠠᠳ》 《ᠰᠠᠭᠤᠭᠠᠯᠢ ᠠᠷᠠᠳ》 ᠪᠤᠯᠵᠤ ᠬᠤᠪᠢᠷᠠᠭᠰᠠᠨ ᠨᠢ ᠵᠠᠰᠠᠯᠲᠠ ᠵᠢᠨ ᠱᠢᠨ᠎ᠡ ᠥᠷᠢᠰᠥᠯᠳᠦᠭᠡᠨ ᠢ᠋ ᠠᠪᠴᠢᠷᠠᠵᠠᠢ᠃ ᠯᠢᠦ ᠯᠢ ᠶᠢᠦ ᠱᠢᠨ᠎ᠡ ᠲᠣᠰᠭᠣᠨ ᠤ᠋ ᠪᠣᠳᠠᠲᠤ ᠪᠠᠢᠳᠠᠯᠲᠠᠶ ᠪᠡᠨ ᠤᠶᠠᠯᠳᠤᠭᠤᠯᠤᠨ᠂ ᠨᠠᠮ ᠤ᠋ᠨ ᠪᠠᠢᠭᠤᠯᠤᠯᠲᠠ ᠪᠡᠷ ᠬᠥᠳᠡᠭᠡ ᠲᠣᠰᠭᠣᠨ ᠤ᠋ ᠨᠡᠢᠭᠡᠮ ᠲᠣᠭᠣᠷᠢᠭ ᠤ᠋ᠨ ᠵᠠᠰᠠᠯᠲᠠ ᠶ᠋ᠢ ᠬᠦᠳᠦᠯᠥᠨ ᠳᠠᠭᠠᠭᠤᠯᠬᠤ ᠶ᠋ᠢ ᠬᠠᠢᠨ ᠰᠦᠪᠡᠭ᠌ᠴᠢᠯᠡᠵᠦ᠍᠂ ᠨᠢᠭᠡ ᠲᠠᠯ᠎ᠠ ᠪᠡᠷ ᠡᠭᠡᠵᠦ ᠨᠡᠭᠦᠭᠰᠡᠨ ᠲᠣᠰᠭᠣᠨ ᠤ᠋ ᠠᠷᠠᠳᠲᠠᠶ 11 ᠵᠦᠢᠯ ᠤ᠋ᠨ ᠬᠠᠮᠢᠶᠠᠷᠤᠯᠲᠠ ᠵᠢᠨ ᠭᠡᠷ᠎ᠡ ᠲᠣᠭ᠍ᠲᠠᠨ᠂ ᠬᠤᠪᠢ ᠬᠤᠷᠠᠮᠳᠤᠭᠤᠯᠬᠤ ᠬᠠᠮᠢᠶᠠᠷᠤᠯᠲᠠ ᠶ᠋ᠢ ᠬᠡᠷᠡᠭ᠌ᠵᠢᠭᠦᠯᠵᠤ᠂ ᠱᠠᠩᠨᠠᠵᠤ ᠲᠣᠷᠭᠠᠬᠤ ᠲᠣᠭ᠍ᠲᠠᠴᠠ ᠲᠣᠭ᠍ᠲᠠᠭᠠᠨ᠂ ᠲᠣᠰᠭᠣᠨ ᠤ᠋ ᠠᠷᠠᠳ ᠤ᠋ᠨ ᠰᠠᠭᠤᠭᠠᠯᠢ ᠠᠷᠠᠳᠤᠨ ᠲᠣᠭᠣᠷᠢᠭ ᠤ᠋ᠨ ᠵᠠᠰᠠᠯᠲᠠ ᠳ᠋ᠤ ᠰᠠᠨᠠᠭᠠᠴᠢᠯᠠᠭ᠎ᠠ ᠡᠴᠡ ᠪᠡᠨ ᠣᠷᠣᠯᠴᠠᠬᠤ ᠶ᠋ᠢ ᠬᠦᠳᠤᠯᠤᠨ ᠵᠢᠯᠣᠭᠣᠳᠪᠠ; ᠨᠥᠭᠥᠭᠡ ᠲᠠᠯ᠎ᠠ ᠪᠡᠷ᠂ 《ᠲᠤᠤᠷᠵᠢᠯᠤᠨ ᠨᠠᠮ ᠤ᠋ᠨ ᠳᠤᠭᠤᠢᠯᠠᠩ + ᠲᠤᠤᠷᠵᠢᠯᠤᠨ ᠠᠵᠢᠯᠲᠠᠨ + ᠡᠷᠦᠭᠡ ᠲᠠᠢ ᠬᠤᠯᠪᠤᠭᠠᠯᠠᠬᠤ ᠳᠠᠷᠤᠭ᠎ᠠ》 ᠵᠢᠨ ᠦᠨᠳᠦᠰᠦᠨ ᠱᠠᠲᠤᠨ ᠤ᠋ ᠪᠢᠴᠢᠯ ᠵᠠᠰᠠᠯᠲᠠ ᠵᠢᠨ ᠪᠦᠲᠦᠴᠡ ᠶ᠋ᠢ ᠪᠠᠢᠭᠤᠯᠵᠤ᠂ ᠬᠥᠳᠡᠭᠡ ᠲᠣᠰᠭᠣᠨ ᠤ᠋ ᠵᠠᠰᠠᠯᠲᠠ ᠶ᠋ᠢ 《ᠰᠠᠨᠠᠭᠠᠴᠢᠯᠠᠭᠠᠲᠤ ᠪᠤᠰᠤ ᠪᠡᠷ ᠠᠷᠭᠠᠴᠠᠭᠠᠵᠤ》ᠪᠠᠢᠭ᠍ᠰᠠᠨ ᠡᠴᠡ《ᠰᠠᠨᠠᠭᠠᠴᠢᠯᠠᠭ᠎ᠠ ᠡᠴᠡ ᠪᠡᠨ ᠲᠣᠭ᠍ᠲᠠᠭᠤᠨ ᠪᠠᠢᠳᠠᠯ ᠢ᠋ ᠡᠭᠦᠳᠬᠦ᠌》ᠲᠡᠢᠰᠢ ᠬᠤᠪᠢᠷᠠᠭᠤᠯᠤᠨ᠂ ᠵᠦᠷᠢᠴᠡᠯ ᠮᠦᠷᠭᠦᠯᠳᠦᠭᠡᠨ ᠢ᠋ ᠦᠨᠳᠦᠰᠦᠨ ᠱᠠᠲᠤᠨ ᠳ᠋ᠤ ᠰᠢᠢᠳᠪᠦᠷᠢᠯᠡᠵᠤ᠂ ᠠᠰᠠᠭᠤᠳᠠᠯ ᠢ᠋ ᠳᠡᠭᠡᠭᠰᠢ ᠲᠤᠰᠢᠶᠠᠬᠤ ᠦᠭᠡᠢ ᠪᠠᠢᠬᠤ ᠶ᠋ᠢ ᠪᠡᠶᠡᠯᠡᠭᠦᠯᠪᠡ᠃
ᠠᠷᠪᠠᠨ ᠵᠢᠯ ᠤ᠋ᠨ ᠬᠠᠲᠠᠭᠤᠵᠢᠯᠲᠠᠢ ᠴᠢᠷᠮᠠᠢᠯᠭ᠎ᠠ ᠪᠡᠷ᠂ ᠯᠢᠦ ᠯᠢ ᠶᠢᠦ ᠮᠠᠰᠢ ᠤᠯᠠᠨ ᠢᠷᠠᠭᠤ ᠠᠯᠳᠠᠷ ᠬᠦᠷᠳᠡᠵᠦ᠂ ᠤᠷᠢᠳ ᠬᠣᠵᠢᠳ ᠪᠦᠬᠦ᠌ ᠤᠯᠤᠰ ᠤ᠋ᠨ ᠬᠥᠳᠡᠭᠡ ᠠᠵᠤ ᠠᠬᠤᠢ ᠬᠥᠳᠡᠭᠡ ᠲᠣᠰᠭᠣᠨ ᠤ᠋ ᠬᠥᠳᠡᠯᠮᠦᠷᠢ ᠵᠢᠨ ᠵᠢᠱ᠌ᠢᠶᠡᠴᠢ᠂ ᠥᠪᠡᠷᠲᠡᠭᠡᠨ ᠵᠠᠰᠠᠬᠤ ᠣᠷᠣᠨ ᠤ᠋ ᠠᠮᠤ ᠪᠤᠳᠠᠭᠠᠨ ᠤ᠋ ᠦᠢᠯᠡᠳᠪᠦᠷᠢᠯᠡᠯ ᠤ᠋ᠨ ᠲᠡᠷᠢᠭᠦᠨᠦ ᠬᠤᠪᠢ ᠬᠥᠮᠦᠨ᠂ ᠥᠪᠡᠷᠲᠡᠭᠡᠨ ᠵᠠᠰᠠᠬᠤ ᠣᠷᠣᠨ ᠤ᠋ 《ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠬᠠᠷᠢᠭᠤᠴᠠᠯᠭ᠎ᠠ ᠡᠭᠦᠷᠭᠡᠯᠡᠭᠰᠡᠨ ᠰᠠᠢ᠌ᠨ ᠨᠠᠮ ᠤ᠋ᠨ ᠡᠭᠦᠷ ᠤ᠋ᠨ ᠱᠦᠵᠢ》 ᠪᠡᠷ ᠦᠨᠡᠯᠡᠭ᠌ᠳᠡᠪᠡ᠃ ᠡᠤ ᠵᠢᠶᠠ ᠽᠢ ᠲᠣᠰᠭᠣᠨ ᠴᠤ᠌ ᠤᠷᠢᠳ ᠬᠣᠵᠢᠳ ᠥᠪᠡᠷᠲᠡᠭᠡᠨ ᠵᠠᠰᠠᠬᠤ ᠣᠷᠣᠨ ᠤ᠋ ᠲᠡᠷᠢᠭᠦᠨᠦ ᠦᠨᠳᠦᠰᠦᠨ ᠱᠠᠲᠤᠨ ᠤ᠋ ᠨᠠᠮ ᠤ᠋ᠨ ᠵᠣᠬᠢᠶᠠᠨ ᠪᠠᠢᠭᠤᠯᠤᠯᠲᠠ᠂ ᠥᠪᠡᠷᠲᠡᠭᠡᠨ ᠵᠠᠰᠠᠬᠤ ᠣᠷᠣᠨ ᠤ᠋ ᠲᠠᠰ ᠤ᠋ᠨ ᠪᠣᠯᠪᠠᠰᠤᠨ ᠲᠣᠰᠭᠣᠨ ᠪᠣᠯᠤᠨ ᠬᠢᠩᠭᠠᠨ ᠠᠢᠮᠠᠭ ᠤ᠋ᠨ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠵᠢᠱ᠌ᠢᠶ᠎ᠡ ᠦᠵᠡᠭᠦᠯᠬᠦ᠌ ᠲᠣᠰᠭᠣᠨ ᠵᠡᠷᠭᠡ ᠢᠷᠠᠭᠤ ᠠᠯᠳᠠᠷ ᠢ᠋ ᠭᠥᠷᠳᠡᠪᠡ᠃
《ᠨᠤᠲᠤᠭ ᠤ᠋ᠨ ᠠᠬ᠎ᠠ ᠳᠡᠭᠦᠦ᠍ᠨᠡᠷ ᠰᠠᠢ᠌ᠨ ᠰᠠᠢᠬᠠᠨ ᠠᠮᠢᠳᠤᠷᠠᠯ ᠢ᠋ ᠡᠳ᠋ᠯᠡᠳᠡᠭ ᠯᠡ ᠶᠤᠮ ᠪᠤᠯ ᠬᠡᠳᠦᠢ ᠬᠠᠲᠠᠭᠤᠵᠢᠯᠲᠠᠢ ᠠᠵᠢᠯᠯᠠᠵᠤ ᠬᠡᠳᠦᠢ ᠶᠠᠳᠠᠷᠠᠭ᠍ᠰᠠᠨ ᠴᠤ᠌ ᠪᠡᠨ᠎ᠡ ᠲᠠᠢ!》 ᠯᠢᠦ ᠯᠢ ᠶᠢᠦ ᠪᠣᠳᠠᠲᠤ ᠠᠵᠢᠯᠯᠠᠭ᠎ᠠ ᠪᠡᠷ ᠵᠢᠡᠨ ᠦᠨᠳᠦᠰᠦᠨ ᠱᠠᠲᠤᠨ ᠤ᠋ ᠨᠠᠮ ᠤ᠋ᠨ ᠡᠭᠦᠷ ᠤ᠋ᠨ ᠱᠦᠵᠢ ᠵᠢᠨ ᠣᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠶ᠋ᠢ ᠲᠠᠢᠯᠪᠤᠷᠢᠯᠠᠪᠠ᠃ ᠱᠢᠨ᠎ᠡ ᠭᠠᠷᠤᠭ᠎ᠠ ᠳᠡᠭᠡᠷ᠎ᠡ ᠵᠣᠭ᠍ᠰᠣᠵᠤ᠂ ᠲᠡᠷᠡ ᠬᠥᠳᠡᠭᠡ ᠠᠵᠤ ᠠᠬᠤᠢ ᠰᠣᠶᠣᠯ ᠵᠢᠭᠤᠯᠴᠢᠯᠠᠯ ᠢ᠋ ᠠᠭᠤᠰᠤᠯᠴᠠᠭᠤᠯᠬᠤ ᠱᠢᠨ᠎ᠡ ᠵᠢᠷᠤᠭ ᠲᠥᠰᠦᠪ ᠢ᠋ ᠵᠢᠷᠤᠭ᠍ᠯᠠᠨ᠂ ᠲᠣᠰᠭᠣᠨ ᠤ᠋ ᠠᠷᠠᠳᠵᠢᠡᠨ ᠳᠠᠭᠠᠭᠤᠯᠵᠤ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠵᠠᠮ ᠵᠢᠡᠷ ᠦᠷᠭᠦᠯᠵᠢᠯᠡᠨ ᠤᠷᠤᠭ᠍ᠰᠢᠯᠠᠨᠠ᠃