ᠠᠷᠪᠠᠨ ᠨᠢᠭᠡᠳᠦᠭᠡᠷ ᠬᠤᠭᠤᠴᠠᠭᠠᠨ᠎ᠤ ᠪᠥᠬᠥ᠌ ᠣᠷᠣᠨ᠎ᠤ ᠴᠥᠭᠡᠨ ᠲᠣᠭᠠᠲᠤ ᠦᠨᠳᠦᠰᠦᠲᠡᠨ᠎ᠦ ᠤᠯᠠᠮᠵᠢᠯᠠᠯᠲᠤ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠤ ᠱᠠᠩᠨᠠᠯ᠎ᠤᠨ ᠬᠤᠨᠳᠠᠭ᠎ᠠ᠎ᠶ᠋ᠢ ᠨᠡᠢᠲᠡᠯᠡᠪᠡ
7 ᠰᠠᠷ᠎ᠠ᠎ᠶ᠋ᠢᠨ 16 ᠤ᠋ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠴᠥᠭᠡᠨ ᠲᠣᠭᠠᠲᠤ ᠦᠨᠳᠦᠰᠦᠲᠡᠨ᠎ᠦ ᠤᠯᠠᠮᠵᠢᠯᠠᠯᠲᠤ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ ᠡᠬᠢᠯᠡᠳᠡᠯᠠ 10 ᠡᠳᠦᠷ ᠪᠤᠢ᠂ ᠰᠤᠷᠪᠤᠯᠵᠢᠯᠠᠭᠴᠢ ᠤᠯᠠᠭᠠᠨᠬᠠᠳᠠ ᠬᠤᠳᠠ ᠵᠢᠨ ᠦᠨᠳᠦᠰᠦᠳᠡᠨ ᠤ᠋ ᠬᠡᠷᠡᠭ ᠡᠷᠬᠢᠯᠡᠬᠦ ᠵᠦᠪᠯᠡᠯ ᠡᠴᠡ ᠤᠢᠯᠠᠭᠠᠭᠰᠠᠨ ᠵᠢᠡᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠴᠥᠭᠡᠨ ᠲᠣᠭᠠᠲᠤ ᠦᠨᠳᠦᠰᠦᠲᠡᠨ᠎ᠦ ᠤᠯᠠᠮᠵᠢᠯᠠᠯᠲᠤ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ ᠤ᠋ ᠱᠠᠩᠨᠠᠯ᠎ᠤᠨ ᠬᠤᠨᠳᠠᠭ᠎ᠠ᠎ᠶ᠋ᠢ ᠵᠢᠩᠭᠢᠨᠢ ᠪᠡᠷ ᠨᠡᠢᠲᠡᠯᠡᠪᠡ᠃

ᠱᠠᠩᠨᠠᠯ᠎ᠤᠨ ᠬᠤᠨᠳᠠᠭ᠎ᠠ᠎ᠶ᠋ᠢᠨ ᠣᠷᠣᠶ᠎ᠶ᠋ᠢᠨ ᠬᠡᠰᠡᠭ ᠲᠤ᠌ 《ᠡᠷᠡᠮᠡᠬᠡᠢᠯᠡᠨ ᠤᠷᠤᠭᠰᠢᠯᠠᠬᠤᠢ》 ᠴᠤᠬᠯᠠᠭᠠᠨ᠎ᠤ ᠰᠦᠯᠳᠡ ᠵᠢ 45 ᠭᠷᠠᠳᠦ᠋ᠰ᠎ᠢᠶᠡᠷ ᠬᠡᠯᠪᠡᠢᠯᠭᠡᠨ ᠵᠤᠬᠢᠶᠠᠪᠠ; ᠭᠠᠳᠠᠷ ᠬᠡᠯᠪᠡᠷᠢ᠎ᠶ᠋ᠢ ᠨᠢ ᠮᠤᠰᠬᠢᠷᠠᠭ᠎ᠠ ᠬᠡᠯᠪᠡᠷᠢ ᠪᠡᠷ ᠵᠢᠷᠤᠵᠤ ᠲᠦᠯᠦᠪᠯᠡᠨ᠂ ᠴᠥᠭᠡᠨ ᠲᠣᠭᠠᠲᠤ ᠦᠨᠳᠦᠰᠦᠲᠡᠨ᠎ᠦ ᠤᠯᠠᠮᠵᠢᠯᠠᠯᠲᠤ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠤ ᠤᠷᠤᠯᠳᠤᠭᠠᠨ᠎ᠤ ᠲᠠᠯᠠᠪᠤᠷ ᠳᠡᠭᠢ ᠡᠯ᠎ᠡ ᠦᠨᠳᠦᠰᠦᠲᠡᠨ᠎ᠦ ᠲᠠᠮᠢᠷᠴᠢᠳ᠎ᠤᠨ ᠢᠳᠡᠷᠡᠬᠦᠨ ᠲᠤᠷᠪᠢᠯᠢᠭ ᠳᠦᠷᠢ ᠲᠥᠷᠬᠦ᠌ ᠪᠠ ᠰᠢᠨᠳᠡᠷᠡᠰᠢ ᠦᠭᠡᠢ ᠲᠡᠮᠡᠴᠡᠬᠦ᠌ ᠵᠣᠷᠢᠭ ᠰᠠᠨᠠᠭ᠎ᠠ᠎ᠶ᠋ᠢ ᠢᠯᠡᠷᠡᠭᠦᠯᠪᠡ᠃ ᠰᠠᠭᠤᠷᠢ ᠬᠡᠰᠡᠭ ᠢ ᠨᠢ ᠬᠤᠩᠱᠠᠨ ᠰᠣᠶᠣᠯ᠎ᠤᠨ ᠥᠩᠭᠡᠲᠦ ᠸᠠᠭᠠᠷ᠎ᠤᠨ ᠬᠤᠤᠰ ᠤᠷᠢᠶᠠᠮᠠᠭ ᠬᠡ ᠤᠭᠠᠯᠵᠠ ᠪᠡᠷ ᠬᠦᠷᠢᠶᠡᠯᠡᠭᠰᠡᠨ ᠪᠦᠭᠡᠳ《2025·ᠤᠯᠠᠭᠠᠨᠬᠠᠳᠠ》ᠭᠡᠰᠡᠨ ᠦᠰᠦᠭ ᠰᠡᠢᠯᠵᠦ᠍᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠳᠡᠯᠭᠡᠨ ᠦᠵᠡᠭᠦᠯᠦᠭᠰᠡᠨ ᠵᠢᠡᠷ ᠪᠠᠷᠠᠬᠤ ᠦᠭᠡᠢ ᠪᠠᠰᠠ ᠲᠤᠰ ᠬᠤᠭᠤᠴᠠᠭᠠᠨ᠎ᠤ ᠲᠠᠮᠢᠷ᠎ᠤᠨ ᠴᠤᠭ᠍ᠯᠠᠭᠠᠨ᠎ᠢ ᠡᠷᠬᠢᠯᠡᠬᠦ᠌ ᠭᠠᠵᠠᠷ ᠣᠷᠣᠨ ᠵᠢᠴᠢ ᠴᠠᠭ᠎ᠢ ᠲᠣᠳᠣᠷᠬᠠᠢᠯᠠᠵᠤ᠂ ᠡᠯ᠎ᠡ ᠦᠨᠳᠦᠰᠦᠲᠡᠨ᠎ᠦ ᠲᠠᠮᠢᠷᠴᠢᠳ ᠢ᠋ ᠲᠤᠰ ᠬᠤᠭᠤᠴᠠᠭᠠᠨ ᠤ᠋ ᠲᠠᠮᠢᠷ᠎ᠤᠨ ᠴᠤᠭ᠍ᠯᠠᠭᠠᠨ᠎ᠳᠤ ᠣᠷᠣᠯᠴᠠᠬᠤ᠎ᠪᠠᠷ ᠢᠷᠠᠭᠤ ᠠᠯᠳᠠᠷ᠎ᠢᠶᠠᠨ ᠪᠣᠯᠭᠠᠵᠤ᠂ ᠦᠨᠳᠦᠰᠦᠲᠡᠨ᠎ᠦ ᠤᠯᠠᠮᠵᠢᠯᠠᠯᠲᠤ ᠪᠡᠶ᠎ᠡ᠎ᠶ᠋ᠢᠨ ᠲᠠᠮᠢᠷ᠎ᠤᠨ ᠰᠣᠶᠣᠯ᠎ᠢ ᠤᠯᠠᠮᠵᠢᠯᠠᠨ ᠪᠠᠳᠠᠷᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠣᠶᠤᠨ ᠰᠠᠨᠠᠭᠠᠨ᠎ᠤ ᠭᠡᠷ ᠣᠷᠣᠨ᠎ᠢ ᠪᠠᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠵᠣᠷᠢᠭ᠍ᠵᠢᠭᠤᠯᠪᠠ᠃ ᠱᠠᠩᠨᠠᠯ᠎ᠤᠨ ᠬᠤᠨᠳᠠᠭ᠎ᠠ᠎ᠶ᠋ᠢ ᠪᠦᠬᠦᠯᠢ ᠴᠣᠭ᠍ᠴᠠ᠎ᠪᠠᠷ ᠨᠢ ᠴᠢᠳᠭᠤᠨ ᠦᠢᠯᠡᠳᠴᠤ᠂ ᠴᠠᠢᠷ᠎ᠤᠨ ᠬᠠᠢᠯᠤᠰᠢ ᠪᠡᠷ ᠬᠢᠵᠤ᠂ ᠭᠠᠳᠠᠷᠭᠤ ᠳ᠋ᠤᠨᠢ ᠠᠯᠲᠠ᠂ ᠮᠥᠩᠭᠥ᠌᠂ ᠵᠡᠰ᠎ᠢᠶᠡᠷ ᠦᠩᠭᠡᠯᠡᠪᠠ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号