ᠡᠨᠧᠷᠭᠢ᠎ᠶᠢᠨ ᠬᠤᠪᠢᠰᠬᠠᠯ ᠳ᠋ᠤ 《ᠦᠪᠦᠷ ᠮᠤᠩᠭᠤᠯ᠎ᠤᠨ ᠲᠦᠰᠦᠯ》 ᠎ᠢ᠋ ᠬᠠᠩᠭᠠᠪᠠ
2025-07-18 10:07:16
ᠵᠣᠬᠢᠶᠠᠭ᠍ᠴᠢ᠄
​ ᠤᠯᠠᠭᠠᠨᠲᠤᠶᠠᠭ᠎ᠠ
ᠣᠩᠱᠢᠭ᠍ᠰᠠᠨ ᠣᠳᠠᠭ᠎ᠠ᠄
★★★☆☆

 — ᠦᠪᠦᠷ ᠮᠤᠩᠭᠤᠯ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ《ᠪᠦᠰᠡᠯᠡᠯᠲᠡ ᠰᠢᠪᠲᠤᠯᠤᠭᠰᠠᠨ》 ᠲᠡᠮᠲᠡᠭᠯᠡᠯ ②


《ᠬᠣᠣᠰ ᠨᠡᠭᠦᠷᠡᠰᠦᠲᠥ᠋ᠷᠥᠭᠴᠢ》 ᠵᠢᠨ ᠬᠠᠷᠠᠯᠲᠠ᠎ᠶᠢ ᠠᠬᠢᠭᠤᠯᠬᠤ᠎ᠶᠢ ᠳᠠᠭᠠᠯᠳᠤᠨ ᠡᠨᠧᠷᠭᠢ ᠵᠢᠨ ᠬᠡᠷᠡᠭᠴᠡᠭᠡ ᠶᠡᠬᠡᠲᠡᠢ ᠠᠵᠢᠯ ᠲᠥᠷᠥᠯ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠰᠢᠬᠦ ᠦᠷᠢᠰᠦᠯᠳᠦᠭᠡᠨ᠎ᠳᠤ ᠲᠤᠯᠭᠠᠷᠠᠵᠤ᠂ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠋ ᠨᠢ ᠳᠠᠬᠢᠨ ᠠᠰᠢᠬᠯᠠᠵᠤ ᠪᠣᠯᠬᠤ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠡᠨᠧᠷᠭᠢ ᠵᠢᠨ ᠠᠰᠢᠬᠯᠠᠯᠳᠠ ᠵᠢ ᠲᠦᠷᠭᠡᠳᠭᠡᠵᠦ᠂ ᠨᠡᠭᠦᠷᠡᠰᠦ ᠴᠠᠬᠢᠯᠭᠠᠨ ᠬᠥᠩᠭᠡᠨᠴᠠᠭᠠᠨ ᠵᠡᠷᠭᠡ ᠤᠯᠠᠮᠵᠢᠯᠠᠯᠲᠤ ᠠᠵᠤ ᠦᠢᠯᠡᠰ᠎ᠦᠨ ᠪᠠᠭ᠎ᠠ ᠨᠡᠭᠦᠷᠡᠰᠦᠲᠥ᠋ᠷᠥᠭᠴᠢᠲᠦ ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶᠢ ᠠᠬᠢᠭᠤᠯᠵᠤ᠂ ᠪᠣᠬᠢᠷᠲᠤᠯ ᠦᠭᠡᠢ ᠬᠥᠭᠵᠢᠯᠲᠡ᠎ᠶᠢᠨ ᠲᠦᠪᠰᠢᠨ᠎ᠢ ᠳᠡᠭᠡᠭᠰᠢᠯᠡᠭᠦᠯᠬᠦ᠎ᠶᠢ ᠱᠠᠭᠠᠷᠳᠠᠬᠤ ᠪᠤᠯᠪᠠ᠃

ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ 《ᠪᠦᠰᠡᠯᠡᠯᠲᠡ ᠰᠢᠪᠲᠤᠯᠬᠤ》 ᠢᠨᠵᠧᠨᠧᠷᠢᠩ᠎ᠦᠨ 《ᠨᠦᠬᠡᠴᠡ ᠡᠨᠧᠷᠭᠢ ᠪᠠ ᠰᠢᠨ᠎ᠡ ᠬᠡᠯᠪᠡᠷᠢ᠎ᠶᠢᠨ ᠴᠠᠬᠢᠯᠭᠠᠨ ᠬᠦᠴᠦᠨ᠎ᠦ ᠰᠢᠰᠲᠧᠮ》᠎ᠤ᠋ᠨ 《ᠬᠣᠣᠯᠢᠩᠭᠣᠣᠯ ᠬᠣᠲᠠ᠎ᠶᠢᠨ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠋᠎ᠤᠨ ᠪᠣᠬᠢᠷᠲᠤᠯ ᠦᠭᠡᠢ ᠴᠠᠬᠢᠯᠭᠠᠨ ᠬᠠᠩᠭᠠᠬᠤ ᠣᠯᠠᠨ ᠡᠰᠢᠲᠦ ᠨᠦᠬᠡᠴᠡ ᠡᠨᠧᠷᠬᠢ ᠵᠢᠨ ᠬᠠᠮᠵᠢᠯᠴᠠᠨ ᠡᠵᠡᠮᠳᠡᠬᠦ ᠰᠢᠰᠲᠧᠮ᠎ᠢ ᠰᠤᠳᠤᠯᠤᠨ ᠨᠡᠭᠡᠭᠡᠬᠦ ᠪᠠ ᠵᠢᠱ᠌ᠢᠶ᠎ᠡ ᠦᠵᠡᠭᠦᠯᠦᠨ ᠬᠡᠷᠡᠭᠯᠡᠬᠦ》 ᠲᠥᠷᠥᠯ ᠵᠦᠢᠯ ᠨᠢ  ᠡᠨᠧᠷᠭᠢ᠎ᠶᠢᠨ ᠪᠦᠲᠦᠴᠡ᠎ᠶᠢ ᠰᠢᠯᠢᠳᠡᠭᠵᠢᠭᠦᠯᠬᠦ᠂ ᠨᠦᠬᠡᠴᠡ ᠡᠨᠧᠷᠭᠢ ᠵᠢᠨ ᠮᠡᠷᠭᠡᠵᠢᠯ᠎ᠤᠨ ᠬᠡᠷᠡᠭᠯᠡᠭᠡᠨ᠂ ᠪᠠᠭ᠎ᠠ ᠨᠡᠭᠦᠷᠡᠰᠦᠲᠥ᠋ᠷᠥᠭᠴᠢᠲᠦ ᠮᠡᠷᠭᠡᠵᠢᠯ᠎ᠦᠨ ᠰᠢᠨ᠎ᠡ᠎ᠶᠢ ᠡᠭᠦᠳᠬᠦ ᠵᠢᠴᠢ ᠰᠢᠨ᠎ᠡ ᠬᠡᠯᠪᠡᠷᠢ᠎ᠶᠢᠨ ᠴᠠᠬᠢᠯᠭᠠᠨ ᠬᠦᠴᠦᠨ᠎ᠦ ᠰᠢᠰᠲᠧᠮ᠎ᠢ ᠪᠠᠶ᠋ᠢᠭᠤᠯᠬᠤ ᠵᠡᠷᠭᠡ ᠭᠣᠣᠯᠯᠠᠬᠤ ᠮᠡᠷᠭᠡᠵᠢᠯ᠎ᠦᠨ ᠪᠣᠭᠣᠮᠲᠠ ᠰᠢᠪᠲᠤᠯᠬᠤ᠎ᠶᠢ ᠲᠠᠰᠤᠷᠠᠯᠲᠠ ᠦᠭᠡᠢ ᠥᠷᠨᠢᠭᠦᠯᠵᠦ᠂ ᠬᠦᠷᠢᠶᠡᠯᠡᠩ ᠲᠣᠭᠣᠷᠢᠭ᠋᠎ᠤᠨ ᠰᠢᠨ᠎ᠡ ᠡᠨᠧᠷᠭᠢ᠎ᠶᠢ ᠥᠨᠳᠥᠷ ᠪᠦᠲᠦᠮᠵᠢᠲᠡᠶ ᠠᠰᠢᠭ᠍ᠯᠠᠬᠤ ᠪᠠ ᠴᠠᠬᠢᠯᠭᠠᠨ ᠲᠣᠣᠷ᠎ᠤᠨ ᠠᠮᠤᠷ ᠲᠦᠪᠰᠢᠨ ᠲᠣᠭᠲᠠᠭᠤᠨ ᠠᠵᠢᠯᠯᠠᠭᠠᠨ᠎ᠢ ᠪᠡᠶᠡᠯᠡᠭᠦᠯᠬᠦ᠎ᠪᠡᠷ ᠬᠦᠴᠦᠯᠡᠨ ᠴᠢᠷᠮᠠᠢᠵᠤ ᠪᠤᠢ᠃ ᠲᠣᠰ ᠲᠥᠷᠥᠯ ᠵᠦᠢᠯ ᠨᠢ ᠣᠯᠠᠨ ᠲᠠᠯ᠎ᠠ᠎ᠶᠢᠨ ᠣᠶᠤᠨ ᠤᠬᠠᠭᠠᠨ᠎ᠢ ᠬᠤᠷᠠᠮᠳᠤᠭᠤᠯᠵᠤ᠂ ᠦᠪᠦᠷ ᠮᠣᠩᠭᠣᠯ᠎ᠤᠨ ᠠᠵᠤ ᠦᠢᠯᠡᠳᠪᠦᠷᠢ᠎ᠶᠢᠨ ᠶᠡᠬᠡ ᠰᠤᠷᠭᠠᠭᠤᠯᠢ᠂ ᠲᠢᠶᠠᠨᠵᠢᠨ ᠶᠡᠬᠡ ᠰᠤᠷᠭᠠᠭᠤᠯᠢ ᠂ ᠨᠠᠨ ᠷᠦᠢ ᠵᠢᠢ ᠪᠦᠦ ᠢᠨᠵᠧᠨᠧᠷᠢᠩ᠎ᠦᠨ ᠮᠡᠷᠭᠡᠵᠢᠯ᠎ᠦᠨ ᠺᠣᠮᠫᠠᠨᠢ ᠪᠣᠯᠣᠨ ᠬᠣᠣᠯᠢᠨᠭᠭᠣᠣᠯ ᠬᠣᠲᠠ᠎ᠶᠢᠨ ᠴᠠᠬᠢᠯᠭᠠᠨ ᠬᠦᠴᠦᠨ᠎ᠦ ᠪᠡᠯᠡ ᠣᠷᠣᠭᠤᠯᠤᠯᠲᠠ᠎ᠶᠢᠨ ᠬᠢᠵᠠᠭᠠᠷᠲᠤ ᠺᠣᠮᠫᠠᠨᠢ ᠵᠡᠷᠭᠡ ᠵᠢᠨ ᠰᠢᠯᠢᠳᠡᠭ ᠴᠢᠳᠠᠪᠤᠷᠢᠲᠠᠨ ᠵᠢᠡᠷ ᠪᠦᠷᠢᠯᠳᠦᠭᠰᠡᠨ ᠰᠤᠳᠤᠯᠭᠠᠨ᠎ᠤ ᠪᠦᠯᠬᠦᠮ᠎ᠢ ᠪᠠᠢᠭᠤᠯᠤᠨ ᠪᠤᠭᠤᠮᠳᠠ ᠰᠢᠪᠲᠤᠯᠤᠯᠳᠠ ᠬᠢᠵᠡᠢ᠃ ᠲᠦᠷᠦᠯ ᠵᠦᠢᠯ ᠨᠢ ᠮᠡᠷᠭᠡᠵᠢᠯ᠎ᠢ ᠰᠤᠳᠤᠯᠤᠨ ᠨᠡᠭᠡᠭᠡᠬᠦ ᠡᠴᠡ ᠢᠨᠵᠧᠨᠧᠷᠢᠩ᠎ᠦᠨ ᠵᠢᠱ᠌ᠢᠶ᠎ᠡ ᠦᠵᠡᠭᠦᠯᠬᠦ ᠬᠦᠷᠲᠡᠯᠡᠬᠢ ᠪᠥᠬᠥ ᠲᠠᠯ᠎ᠠ ᠵᠢ ᠬᠠᠮᠤᠷᠴᠤ᠂ 《ᠶᠡᠬᠡ ᠳᠡᠭᠡᠳᠦ ᠰᠤᠷᠭᠠᠭᠤᠯᠢ + ᠰᠢᠨᠵᠢᠯᠡᠬᠦ ᠤᠬᠠᠭᠠᠨ᠎ᠤ ᠰᠤᠳᠤᠯᠭᠠᠨ᠎ᠤ  ᠪᠠᠢᠭᠤᠯᠤᠮᠵᠢ + ᠠᠵᠤ ᠠᠬᠤᠢᠯᠠᠯ》᠎ᠤ᠋ᠨ ᠬᠠᠮᠲᠤᠷᠠᠯᠴᠠᠭ᠎ᠠ᠎ᠪᠠᠷ ᠳᠠᠮᠵᠢᠨ ᠮᠡᠷᠭᠡᠵᠢᠯ᠎ᠦᠨ ᠰᠢᠨ᠎ᠡ ᠵᠢ ᠡᠭᠦᠳᠬᠦ ᠡᠴᠡ ᠪᠤᠳᠠᠲᠤ ᠬᠡᠷᠡᠭᠯᠡᠭᠡᠨ ᠳ᠋ᠤ ᠨᠠᠢᠳᠠᠪᠤᠷᠢᠵᠢᠭᠤᠯᠬᠤ ᠵᠢ ᠠᠮᠵᠢᠯᠲᠠ᠎ᠲᠠᠢ ᠪᠡᠶᠡᠯᠡᠭᠦᠯᠪᠡ᠃

ᠲᠥᠷᠥᠯ ᠵᠦᠢᠯ᠎ᠦᠨ ᠪᠦᠯᠬᠦᠮ ᠨᠢ ᠣᠨᠣᠯ᠎ᠤᠨ ᠰᠤᠳᠤᠯᠭᠠᠨ ᠵᠢᠴᠢ ᠲᠤᠷᠰᠢᠯᠲᠠ᠂ ᠲᠥᠬᠦᠭᠡᠷᠦᠮᠵᠢ ᠵᠢᠴᠢ ᠰᠢᠰᠲᠧᠮ ᠲᠠᠢ ᠰᠤᠳᠤᠯᠤᠨ ᠨᠡᠭᠡᠭᠡᠵᠦ ᠦᠢᠯᠡᠳᠬᠦ ᠪᠠ  ᠵᠢᠱ᠌ᠢᠶ᠎ᠡ ᠦᠵᠡᠭᠦᠯᠬᠦ᠎ᠪᠡᠷ ᠳᠠᠮᠵᠢᠨ᠂ ᠣᠯᠠᠨ ᠵᠦᠢᠯ᠎ᠦᠨ ᠭᠣᠣᠯᠯᠠᠬᠤ ᠮᠡᠷᠭᠡᠵᠢᠯ᠎ᠦᠨ ᠪᠣᠭᠣᠮᠲᠠ ᠵᠢ ᠰᠢᠪᠲᠤᠯᠵᠤ᠂ ᠣᠷᠣᠨ᠎ᠤ ᠳᠣᠲᠣᠷᠠᠬᠢ ᠠᠩᠬᠠᠳᠠᠭ᠍ᠴᠢ ᠴᠡᠪᠡᠷ ᠰᠢᠨ᠎ᠡ ᠡᠨᠧᠷᠭᠢ᠎ᠶᠢᠨ  ᠬᠡᠷᠡᠭᠴᠡᠭᠡ ᠶᠡᠬᠡᠳᠠᠢ ᠴᠠᠬᠢᠯᠭᠠᠨ ᠬᠦᠴᠦᠨ᠎ᠦ ᠰᠢᠰᠲᠧᠮ᠎ᠢ ᠪᠠᠢᠭᠤᠯᠤᠭᠰᠠᠨ᠂ ᠨᠦᠬᠡᠴᠡ ᠡᠨᠧᠷᠭᠢ᠎ᠶᠢ ᠰᠠᠢᠵᠢᠷᠠᠭᠤᠯᠤᠭᠰᠠᠨ VSG ᠡᠵᠡᠮᠰᠢᠯ᠎ᠦᠨ ᠠᠷᠭ᠎ᠠ ᠪᠣᠳᠣᠯᠭ᠎ᠠ᠎ᠶᠢᠨ ᠵᠠᠭᠪᠤᠷ᠎ᠢ ᠪᠠᠢᠭᠤᠯᠤᠭᠰᠠᠨ᠂ ᠲᠣᠭ᠎ᠠ ᠪᠠᠷᠢᠮᠲᠠ — ᠵᠠᠭᠪᠤᠷ᠎ᠤᠨ ᠬᠣᠣᠰ ᠬᠥᠳᠡᠯᠭᠡᠭᠦᠷᠲᠦ ᠪᠣᠬᠢᠷᠲᠤᠯ ᠦᠭᠡᠢ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠎ᠤᠨ ᠰᠢᠯᠢᠳᠡᠭᠵᠢᠭᠦᠯᠦᠨ ᠲᠣᠬᠢᠷᠠᠭᠤᠯᠬᠤ ᠰᠢᠰᠲᠧᠮ᠎ᠢ ᠪᠠᠢᠭᠤᠯᠤᠭᠰᠠᠨ ᠵᠡᠷᠭᠡ ᠠᠯᠢ ᠤᠯᠠᠨ ᠰᠢᠪᠲᠤᠯᠤᠯᠲᠠ ᠵᠢᠨ ᠴᠢᠨᠠᠷᠲᠠᠢ ᠦᠷ᠎ᠡ ᠪᠦᠲᠦᠭᠡᠯ ᠤᠯᠵᠤ᠂ ᠤᠷᠢᠳ ᠵᠢᠡᠷ ᠲᠦᠯᠦᠪᠯᠡᠬᠦ ᠪᠠ ᠪᠤᠳᠠᠳᠠᠢ ᠠᠵᠢᠯᠯᠠᠭᠠᠨ᠎ᠤ ᠳᠤᠮᠳᠠ ᠪᠠᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠥᠨᠳᠥᠷ ᠪᠦᠲᠦᠮᠵᠢᠲᠡᠶ ᠬᠠᠮᠵᠢᠯᠴᠠᠭ᠎ᠠ᠎ᠶᠢ ᠪᠡᠶᠡᠯᠡᠭᠦᠯᠦᠭᠰᠡᠨ ᠪᠠᠢᠨ᠎ᠠ᠃

ᠬᠠᠮᠢᠶ᠎ᠠ ᠪᠦᠬᠦᠢ ᠬᠠᠷᠢᠭᠤᠴᠠᠯᠭᠠᠲᠠᠨ᠎ᠤ ᠲᠠᠨᠢᠯᠴᠠᠭᠤᠯᠤᠭᠰᠠᠨ ᠵᠢᠡᠷ᠂ ᠲᠦᠷᠦᠯ ᠵᠦᠢᠯ᠎ᠢ ᠠᠮᠵᠢᠯᠲᠠ᠎ᠲᠠᠢ ᠬᠡᠷᠡᠭᠵᠢᠭᠦᠯᠬᠦ᠎ᠪᠡᠷ ᠲᠠᠮᠵᠢᠨ ᠵᠢᠯ ᠪᠦᠷᠢ ᠪᠠᠷᠤᠭ 20.32 ᠳ᠋ᠦᠩᠰᠢᠭᠤᠷ ᠺᠢᠯᠦᠸᠠᠲ ᠴᠠᠭ᠎ᠤᠨ ᠪᠤᠬᠢᠷᠲᠤᠯ ᠦᠭᠡᠢ ᠴᠠᠬᠢᠯᠭᠠᠨ ᠬᠠᠩᠭᠠᠵᠤ᠂ ᠰᠢᠨ᠎ᠡ ᠡᠨᠧᠷᠭᠢ᠎ᠶᠢᠨ ᠪᠣᠬᠢᠷᠲᠤᠯ ᠦᠭᠡᠢ ᠴᠠᠬᠢᠯᠭᠠᠨ᠎ᠤ ᠬᠠᠷᠢᠴᠠᠯ᠎ᠢ  53% ᠎ᠡᠴᠡ ᠲᠡᠭᠡᠭᠰᠢ ᠪᠤᠯᠭᠠᠨ᠎ᠠ᠃ ᠡᠭᠦᠨ᠎ᠦ ᠬᠠᠮᠲᠤ᠂ ᠵᠢᠯ ᠪᠦᠷᠢ ᠪᠠᠷᠢᠮᠵᠢᠶᠠᠲᠤ ᠨᠡᠭᠦᠷᠡᠰᠦ᠎ᠶᠢ 64.08 ᠲᠦᠮᠡᠨ ᠲᠣᠨ ᠠᠷᠪᠢᠯᠠᠵᠤ᠂ ᠨᠡᠭᠦᠷᠡᠰᠦᠲᠥ᠋ᠷᠥᠭᠴᠢ᠎ᠶᠢᠨ ᠳᠠᠪᠬᠤᠷ ᠢᠰᠦᠯ᠎ᠤᠨ ᠭᠠᠳᠠᠭᠰᠢᠯᠠᠭᠤᠯᠤᠯᠲᠠ ᠵᠢ 201.63 ᠲᠦᠮᠡᠨ ᠲᠣᠨ ᠪᠠᠭᠠᠰᠬᠠᠵᠤ᠂  ᠮᠠᠨ᠎ᠤ ᠤᠷᠤᠨ᠎ᠤ ᠡᠨᠧᠷᠭᠢ᠎ᠶᠢᠨ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠋᠎ᠤᠨ ᠪᠣᠬᠢᠷᠲᠤᠯ ᠦᠭᠡᠢ ᠴᠠᠬᠢᠯᠭᠠᠨ ᠰᠢᠩᠭᠡᠭᠡᠬᠦ ᠬᠦᠴᠢᠷ ᠠᠰᠠᠭᠤᠳᠠᠯ᠎ᠢ ᠰᠢᠢᠳᠪᠦᠷᠢᠯᠡᠬᠦ ᠵᠢ ᠠᠬᠢᠭᠤᠯᠬᠤ ᠪᠡᠷ ᠦᠯᠦ ᠪᠠᠷᠠᠮ᠂ ᠨᠠᠩ ᠴᠤ᠌ ᠪᠥᠬᠥ ᠤᠯᠤᠰ᠎ᠤᠨ ᠬᠡᠪᠴᠢᠶᠡᠨ᠎ᠳᠦ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠥᠯᠢᠭᠡᠷ ᠵᠢᠱ᠌ᠢᠶ᠎ᠡ᠎ᠶᠢ ᠪᠣᠶ ᠪᠤᠯᠭᠠᠬᠤ ᠪᠤᠯᠤᠨ᠎ᠠ᠃

ᠨᠦᠬᠡᠴᠡ ᠡᠨᠧᠷᠭᠢ ᠪᠠ ᠰᠢᠨ᠎ᠡ ᠬᠡᠯᠪᠡᠷᠢ᠎ᠶᠢᠨ ᠴᠠᠬᠢᠯᠭᠠᠨ ᠬᠦᠴᠦᠨ᠎ᠦ ᠰᠢᠰᠲᠧᠮ ᠪᠣᠯ ᠡᠨᠧᠷᠭᠢ᠎ᠶᠢᠨ ᠬᠤᠪᠢᠰᠬᠠᠯ᠎ᠤᠨ ᠵᠠᠩᠭᠢᠯᠠᠭ᠎ᠠ᠎ᠶᠢᠨ ᠲᠤᠯᠭᠠᠭᠤᠷᠢᠯᠠᠬᠤ ᠮᠡᠷᠭᠡᠵᠢᠯ ᠪᠤᠯᠤᠨ᠎ᠠ᠂ ᠤᠯᠤᠰ᠎ᠤᠨ ᠪᠠᠢᠯᠳᠤᠬᠤ ᠪᠣᠳᠣᠯᠭ᠎ᠠ᠎ᠶᠢᠨ ᠴᠢᠨᠠᠷᠲᠠᠢ ᠰᠢᠨ᠎ᠡ᠎ᠪᠡᠷ ᠮᠠᠨᠳᠤᠭᠰᠠᠨ ᠠᠵᠤ ᠦᠢᠯᠡᠰ ᠮᠥᠨ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ 《ᠪᠦᠰᠡᠯᠡᠯᠲᠡ ᠰᠢᠪᠲᠤᠯᠬᠤ》 ᠢᠨᠵᠧᠨᠧᠷᠢᠩ ᠨᠢ ᠰᠢᠨ᠎ᠡ ᠵᠢ ᠡᠭᠦᠳᠬᠦ ᠡᠬᠢ ᠪᠠᠶᠠᠯᠢᠭ᠋᠎ᠢ ᠲᠥᠪᠯᠡᠷᠡᠭᠦᠯᠬᠦ᠎ᠪᠡᠷ ᠳᠠᠮᠵᠢᠨ  ᠨᠦᠬᠡᠴᠡ ᠡᠨᠧᠷᠭᠢ ᠪᠠ ᠰᠢᠨ᠎ᠡ ᠬᠡᠯᠪᠡᠷᠢ᠎ᠶᠢᠨ ᠴᠠᠬᠢᠯᠭᠠᠨ ᠬᠦᠴᠦᠨ᠎ᠦ ᠰᠢᠰᠲᠧᠮ᠎ᠦᠨ ᠬᠦᠷᠢᠶᠡᠨ᠎ᠳᠦ ᠰᠢᠪᠲᠤᠯᠤᠯᠲᠠ ᠭᠠᠷᠭᠠᠭᠰᠠᠨ ᠰᠠᠢᠨ ᠰᠠᠢᠬᠠᠨ ᠪᠠᠢᠳᠠᠯ᠎ᠢ ᠪᠤᠢ ᠪᠤᠯᠭᠠᠵᠤ᠂ 《ᠬᠣᠣᠯᠢᠩᠭᠣᠣᠯ ᠬᠣᠲᠠ᠎ᠶᠢᠨ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠋᠎ᠤᠨ ᠪᠣᠬᠢᠷᠲᠤᠯ ᠦᠭᠡᠢ ᠴᠠᠬᠢᠯᠭᠠᠨ ᠬᠠᠩᠭᠠᠬᠤ ᠣᠯᠠᠨ ᠡᠰᠢᠲᠦ ᠨᠦᠬᠡᠴᠡ ᠡᠨᠧᠷᠬᠢ ᠵᠢᠨ ᠬᠠᠮᠵᠢᠯᠴᠠᠨ ᠡᠵᠡᠮᠳᠡᠬᠦ ᠰᠢᠰᠲᠧᠮ᠎ᠢ ᠰᠤᠳᠤᠯᠤᠨ ᠨᠡᠭᠡᠭᠡᠬᠦ ᠪᠠ ᠵᠢᠱ᠌ᠢᠶ᠎ᠡ ᠦᠵᠡᠭᠦᠯᠦᠨ ᠬᠡᠷᠡᠭᠯᠡᠬᠦ》ᠲᠥᠷᠥᠯ ᠵᠦᠢᠯ ᠨᠢ ᠠᠵᠤ ᠦᠢᠯᠡᠰ᠎ᠦᠨ ᠨᠡᠢᠲᠡᠯᠢᠭ ᠴᠢᠨᠠᠷᠲᠠᠢ 《ᠪᠣᠭᠣᠮᠢ》  ᠠᠰᠠᠭᠤᠳᠠᠯ᠂ ᠢᠯᠠᠩᠭᠤᠶ᠎ᠠ ᠨᠦᠬᠡᠴᠡ ᠡᠨᠧᠷᠬᠢ ᠵᠢᠨ ᠮᠡᠷᠭᠡᠵᠢᠯ ᠪᠠ ᠣᠶᠤᠨᠲᠤ ᠴᠠᠬᠢᠯᠭᠠᠨ ᠲᠣᠣᠷ᠎ᠤᠨ ᠵᠠᠩᠭᠢᠯᠠᠭ᠎ᠠ᠎ᠶᠢᠨ ᠮᠡᠷᠭᠡᠵᠢᠯ᠎ᠤᠨ ᠲᠠᠯ᠎ᠠ ᠪᠡᠷ ᠪᠤᠭᠤᠮᠳᠠ ᠰᠢᠪᠲᠤᠯᠵᠤ᠂ ᠪᠥᠬᠥ ᠠᠵᠤ ᠦᠢᠯᠡᠰ᠎ᠦᠨ ᠬᠡᠯᠬᠢᠶ᠎ᠡ᠎ᠳᠦ ᠡᠨᠧᠷᠬᠢ ᠤᠯᠭᠤᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠪᠠ ᠠᠵᠤ ᠦᠢᠯᠡᠰ᠎ᠦᠨ ᠬᠥᠭᠵᠢᠯᠲᠡ᠎ᠶᠢᠨ ᠭᠦᠨᠵᠡᠭᠡᠢ ᠠᠭᠤᠰᠤᠯᠴᠠᠯ᠎ᠢ ᠠᠬᠢᠭᠤᠯᠤᠨ᠂ ᠪᠥᠬᠥ ᠤᠯᠤᠰ᠎ᠤᠨ ᠡᠨᠧᠷᠭᠢ᠎ᠶᠢᠨ ᠬᠡᠯᠪᠡᠷᠢ᠎ᠪᠡᠨ ᠬᠤᠪᠢᠷᠠᠭᠤᠯᠬᠤ ᠪᠠ ᠰᠢᠨ᠎ᠡ ᠬᠡᠯᠪᠡᠷᠢ᠎ᠶᠢᠨ ᠴᠠᠬᠢᠯᠭᠠᠨ ᠬᠦᠴᠦᠨ᠎ᠦ ᠰᠢᠰᠲᠧᠮ᠎ᠦᠨ ᠪᠠᠢᠭᠤᠯᠤᠯᠲᠠ ᠳ᠋ᠤ 《ᠥᠪᠥᠷ ᠮᠣᠩᠭᠣᠯ᠎ᠤᠨ ᠲᠥᠰᠥᠯ》᠎ᠢ᠋  ᠬᠠᠩᠭᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号