ᠤᠯᠠᠭᠠᠨᠬᠠᠳᠠ ᠬᠤᠳᠠ ᠵᠢᠨ ᠪᠠᠭᠠᠷᠢᠨ ᠪᠠᠷᠠᠭᠤᠨ ᠬᠤᠱᠢᠭᠤᠨ᠎ᠤ ᠦᠨᠳᠦᠰᠦᠲᠡᠨ᠎ᠤ ᠭᠠᠷ ᠤᠷᠠᠯᠠᠯ᠎ᠤᠨ ᠪᠦᠲᠦᠭᠡᠭ᠌ᠳᠡᠬᠦᠨ᠎ᠤ ᠦᠵᠡᠭᠦᠯᠭᠡ᠎ᠶ᠋ᠢᠨ ᠲᠣᠭᠤᠷᠢᠭᠲᠡᠬᠢ 《ᠰᠣᠶᠣᠯ᠎ᠤᠨ ᠠᠭᠤᠰᠤᠯᠴᠠᠯ》 ᠭᠡᠬᠦ ᠬᠠᠳᠬᠤᠮᠠᠯ ᠬᠤᠷᠠᠭᠰᠠᠨ ᠤᠯᠠᠨ ᠤ᠋ ᠬᠠᠷᠠᠭ᠎ᠠ ᠵᠢ ᠪᠤᠯᠢᠶᠠᠨ᠎ᠠ᠃ ᠬᠠᠳᠭᠤᠮᠠᠯᠴᠢᠨ ᠬᠡᠤᠬᠡᠨ ᠬᠠᠰᠭᠡᠷᠡᠯ ᠡᠭᠦᠯᠡᠨ ᠬᠡ᠎ᠲᠠᠢ ᠴᠡᠩᠬᠡᠷ ᠬᠤᠪᠴᠠᠰᠤ ᠡᠮᠦᠰᠦᠭᠡᠳ᠂ ᠭᠠᠷ ᠲᠡᠬᠢ ᠮᠥᠩᠭᠦᠨ ᠵᠡᠭᠦᠦ ᠨᠢ ᠲᠤᠷᠭᠠᠨ ᠳᠡᠭᠡᠷ᠎ᠡ ᠪᠦᠵᠢᠨ᠎ᠡ᠂ ᠲᠡᠷᠬᠡᠳᠡ ᠨᠢ ᠴᠠᠭᠠᠰᠤᠨ ᠬᠠᠢᠴᠢᠯᠠᠮᠠᠯ᠎ᠤᠨ ᠤᠷᠠᠯᠢᠭ᠍ᠴᠢᠨ ᠸᠠᠩ ᠱᠢᠤ ᠯᠠᠨ ᠤᠯᠠᠭᠠᠨ ᠴᠠᠭᠠᠰᠤᠨ ᠳᠡᠭᠡᠷ᠎ᠡ 《ᠪᠠᠭᠰᠢᠷᠠᠯᠳᠣᠨ ᠣᠷᠭᠣᠬᠰᠠᠨ ᠠᠨᠠᠷ᠎ᠤᠨ ᠦᠷ᠎ᠡ》 ᠭᠡᠬᠦ ᠴᠠᠭᠠᠰᠣᠨ ᠬᠠᠢᠴᠢᠯᠠᠮᠠᠯ ᠬᠠᠢᠴᠢᠯᠠᠵᠤ᠂ ᠵᠢᠭᠤᠯᠴᠢᠯᠠᠭᠰᠠᠳ᠎ᠤᠨ ᠪᠠᠬᠠᠷᠬᠠᠯ ᠢ᠋ ᠲᠠᠲᠠᠵᠤ ᠪᠠᠢᠯ᠎ᠠ᠃
《ᠮᠣᠩᠭᠤᠯ ᠦᠨᠳᠦᠰᠦᠳᠡᠨ ᠤ᠋ ᠬᠠᠳᠭᠤᠮᠠᠯᠡᠷᠬᠢᠮᠰᠦᠭ ᠭᠤᠸ᠎ᠠ᠂ ᠬᠠᠷᠢᠨ ᠴᠠᠭᠠᠰᠤᠨ ᠬᠠᠢᠴᠢᠯᠠᠮᠠᠯ ᠤᠶᠠᠨ ᠬᠠᠳᠠᠨ ᠴᠢᠨᠠᠷ ᠢ᠋ ᠢᠯᠡᠷᠡᠭᠦᠯᠵᠦ᠂ ᠡᠨᠡ ᠬᠤᠶᠠᠷ ᠢ᠋ ᠬᠠᠮᠲᠤ ᠲᠠᠯᠪᠢᠪᠠᠯ ᠭᠤᠤ᠎ᠠ ᠵᠦᠢ ᠵᠢᠨ ᠭᠠᠢᠬᠠᠮᠰᠢᠬᠳᠤ ᠵᠤᠬᠢᠴᠠᠯ᠎ᠢ ᠪᠦᠷᠢᠯᠳᠦᠭᠦᠯᠦᠨ᠎ᠡ》 ᠭᠡᠬᠦ ᠵᠢᠭᠤᠯᠴᠢᠯᠠᠭ᠍ᠴᠢ ᠵᠢᠨ ᠶᠡᠷᠢᠶ᠎ᠡ ᠵᠤᠭᠤᠭ ᠡᠨᠡ ᠬᠦ᠌ ᠨᠤᠳᠤᠭ ᠤᠰᠤᠨ ᠳᠡᠭᠡᠷᠡᠬᠢ ᠦᠨᠳᠦᠰᠦᠲᠡᠨ᠎ᠦ ᠭᠠᠷ ᠤᠷᠠᠯᠠᠯ ᠤ᠋ᠨ ᠬᠠᠮᠲᠤ ᠤᠷᠤᠰᠢᠨ ᠵᠡᠷᠭᠡ ᠪᠡᠷ ᠬᠦᠭᠵᠢᠬᠦ ᠵᠢᠩᠬᠢᠨᠢ ᠤᠳᠭ᠎ᠠ ᠠᠭᠤᠯᠭ᠎ᠠ ᠵᠢ ᠲᠠᠢᠯᠪᠤᠷᠢᠯᠠᠵᠤ ᠪᠠᠢᠯ᠎ᠠ᠃
ᠣᠢᠷ᠎ᠠ᠎ᠶ᠋ᠢᠨ ᠵᠢᠯ᠎ᠳᠤ᠂ ᠪᠠᠭᠠᠷᠢᠨ ᠪᠠᠷᠠᠭᠤᠨ ᠬᠤᠱᠢᠭᠤ 《ᠪᠣᠳᠠᠰ᠎ᠤᠨ ᠪᠤᠰᠤ ᠰᠣᠶᠣᠯ᠎ᠤᠨ ᠥᠪ +》 ᠪᠡᠷ ᠬᠤᠯᠪᠣᠭᠠᠰᠤ ᠪᠣᠯᠭᠠᠵᠤ᠂ 《ᠰᠣᠶᠣᠯ᠎ᠤᠨ ᠠᠭᠤᠰᠤᠯᠴᠠᠯ·ᠠᠵᠤ ᠦᠶ᠋ᠯᠡᠰ ᠤ᠋ᠨ ᠰᠢᠭᠢᠳᠭᠡᠷᠢ》 ᠭᠡᠬᠦ ᠤᠨᠴᠠᠯᠢᠬ᠍ᠳᠤ ᠬᠥᠭ᠌ᠵᠢᠯᠲᠡ᠎ᠶ᠋ᠢᠨ ᠠᠷᠭ᠎ᠠ ᠵᠠᠮ᠎ᠢ ᠨᠡᠭᠡᠭᠡᠪᠡ᠃ ᠵᠢᠷᠭᠠᠯ᠎ᠤᠨ ᠵᠠᠮ ᠰᠤᠮᠤᠵᠢᠱ᠌ᠢᠶᠡ ᠦᠵᠡᠭᠦᠯᠬᠦ᠌ ᠴᠡᠭ ᠪᠣᠯᠤᠭ᠍ᠰᠠᠨ᠎ᠤ ᠬᠤᠪᠢ᠎ᠳᠤ᠂ 《ᠮᠣᠩᠭᠤᠯ ᠦᠨᠳᠦᠰᠦᠳᠡᠨ ᠤ᠋ ᠬᠠᠳᠭᠤᠮᠠᠯ᠎ᠤᠨ ᠦᠢᠯᠡᠳᠭᠡᠯ᠎ᠤᠨ ᠭᠠᠵᠠᠷ》᠂ 《ᠤᠷᠠᠨ ᠳᠠᠷᠬᠠᠨ᠎ᠤ ᠤᠯᠠᠮᠵᠢᠯᠠᠬᠤ ᠬᠤᠷᠱᠢᠶ᠎ᠠ》ᠵᠡᠷᠭᠡ 12 ᠭᠠᠷ ᠤᠷᠠᠯᠠᠯ᠎ᠤᠨ ᠬᠤᠷᠱᠢᠶᠠᠪᠠᠢᠭᠤᠯᠵᠤ᠂ ᠬᠠᠳᠭᠤᠮᠠᠯ ᠪᠠ ᠠᠷᠠᠰᠤᠨ ᠰᠡᠢᠯᠦᠮᠡᠯ ᠤ᠋ᠨ ᠬᠤᠣᠰ ᠬᠡᠯᠡᠨ᠎ᠤ ᠬᠢᠴᠢᠶᠡᠯ᠂ ᠡᠮᠡᠭᠡᠯ ᠦᠢᠯᠡᠳᠬᠦ᠌ ᠬᠤᠤᠰ ᠬᠡᠯᠡᠨ ᠤ᠋ ᠬᠢᠴᠢᠶᠡᠯ ᠵᠡᠷᠭᠡ ᠵᠢ ᠨᠡᠭᠡᠭᠡᠵᠦ᠍᠂ ᠮᠣᠩᠭᠤᠯ ᠦᠨᠳᠦᠰᠦᠲᠡᠨ᠂ ᠬᠢᠲᠠᠳ ᠦᠨᠳᠦᠰᠦᠲᠡᠨ᠂ ᠮᠠᠨᠵᠤ ᠦᠨᠳᠦᠰᠦᠲᠡᠨ ᠵᠡᠷᠭᠡ ᠦᠨᠳᠦᠰᠦᠲᠡᠨ᠎ᠨᠦᠭᠦᠳ᠎ᠤᠨ 200 ᠭᠠᠷᠤᠢ ᠡᠮᠡᠭ᠌ᠲᠡᠢ ᠣᠷᠣᠯᠴᠠᠪᠠ᠃
ᠤᠤᠯ ᠨᠢ ᠦᠭᠡ ᠬᠡᠯᠡᠨ ᠤ᠋ ᠨᠡᠪᠳᠡᠷᠡᠯᠴᠡᠬᠡ ᠠᠨᠠᠢ ᠡᠴᠡ ᠪᠤᠯᠵᠤ ᠬᠠᠷᠢᠯᠴᠠᠭ᠎ᠠ ᠰᠣᠯᠢᠯᠴᠠᠭ᠎ᠠ ᠵᠢᠨ ᠲᠠᠯ᠎ᠠ ᠪᠡᠷ ᠭᠦᠴᠢᠷᠳᠡᠵᠤ ᠪᠠᠢᠭᠰᠠᠨ ᠮᠣᠩᠭᠤᠯ ᠬᠠᠳᠭᠤᠮᠠᠯᠴᠢᠨ ᠬᠡᠤᠬᠡᠨ ᠴᠡᠩᠭᠡᠯ ᠣᠳᠣ ᠪᠦᠷ ᠪᠣᠳᠠᠰ᠎ᠤᠨ ᠪᠤᠰᠤ ᠰᠣᠶᠣᠯ᠎ᠤᠨ ᠥᠪ᠎ᠤᠨ ᠪᠠᠭᠰᠢ ᠪᠣᠯᠤᠭᠰᠠᠨ ᠵᠢᠡᠷ ᠪᠠᠷᠠᠬᠤ ᠥᠬᠡᠶ᠂ ᠪᠠᠰᠠ ᠬᠢᠲᠠᠳ ᠦᠨᠳᠦᠰᠦᠳᠡᠨ ᠤ᠋ ᠡᠭᠡᠴᠢ ᠳᠡᠭᠦᠦ᠍ᠨᠠᠷ ᠲᠠᠢ ᠬᠠᠮᠲᠤᠷᠠᠭᠠᠳ᠂ 《ᠬᠤᠶᠠᠷ ᠦᠨᠳᠦᠰᠦᠲᠡᠨ ᠤ᠋ ᠤᠨᠴᠠᠯᠢᠭᠲᠤ ᠬᠠᠳᠭᠤᠮᠠᠯ》 ᠭᠡᠬᠦ ᠱᠢᠷᠢᠰ ᠪᠦᠲᠦᠭᠡᠭᠳᠡᠬᠦᠨ᠎ᠢ ᠲᠦᠰᠦᠪᠯᠡᠨ ᠭᠠᠷᠭᠠᠪᠠ᠃ ᠴᠡᠡᠭᠬᠡᠯ᠄《ᠤᠤᠯ᠎ᠳᠠᠭᠠᠨ ᠵᠦᠪᠬᠡᠨ ᠮᠣᠩᠭᠤᠯ ᠲᠡᠷᠯᠢᠭ ᠤᠶᠤᠵᠤ ᠬᠠᠳᠬᠤᠵᠤ ᠪᠠᠢᠵᠠᠢ᠂ ᠣᠳᠣ ᠮᠢᠨᠦ᠍ ᠪᠦᠰ ᠲᠤᠷᠭᠠᠨ ᠳᠡᠭᠡᠷ᠎ᠡ ᠲᠠᠯ᠎ᠠ ᠳ᠋ᠦ ᠳᠠᠪᠬᠢᠬᠤ ᠬᠦᠯᠦᠭ ᠮᠤᠷᠢ᠂ ᠵᠢᠶᠠᠩᠨᠠᠨ ᠤᠷᠤᠨ ᠤ᠋ ᠴᠤᠩᠬᠤᠨ ᠬᠤᠸᠠᠷ ᠪᠦᠷ ᠪᠠᠢᠵᠤ᠂ 〈ᠨᠢᠭᠡ ᠭᠡᠷ᠎ᠤᠨ ᠬᠥᠮᠦᠨ ᠮᠡᠲᠦ ᠲᠤᠳᠤᠨᠤ〉 ᠦᠨᠳᠦᠰᠦᠲᠡᠨ ᠤ᠋ ᠬᠠᠷᠢᠴᠠᠭ᠎ᠠ ᠵᠢ ᠢᠯᠡᠷᠡᠭᠦᠯᠵᠦ ᠪᠠᠢᠨ᠎ᠠ》 ᠭᠡᠵᠦ᠍ ᠰᠤᠷᠪᠤᠯᠵᠢᠯᠠᠭᠴᠢ᠎ᠳᠤ ᠲᠠᠨᠢᠯᠴᠠᠭᠤᠯᠤᠯ᠎ᠠ᠃
ᠵᠢᠷᠭᠠᠯ᠎ᠤᠨ ᠵᠠᠮ ᠰᠤᠮᠤᠨ᠎ᠤ 《ᠪᠦᠯᠬᠦᠮᠳᠡᠯ ᠭᠠᠷ ᠦᠢᠯᠡᠳᠭᠡᠯ᠎ᠤᠨ ᠭᠠᠵᠠᠷ》 ᠤ᠋ᠨ ᠦᠵᠡᠭᠦᠯᠭᠡ᠎ᠶ᠋ᠢᠨ ᠲᠠᠯᠪᠢᠭᠤᠷ ᠳᠡᠭᠡᠷᠡᠬᠢ ᠬᠠᠳᠬᠤᠮᠠᠯ 《ᠢᠵᠢᠯ ᠲᠦᠪ᠎ᠲᠦ ᠵᠠᠩᠬᠢᠶ᠎ᠠ》 ᠣᠨᠴᠠ ᠵᠢᠨ ᠢᠯᠡ ᠬᠠᠷᠠᠭ᠍ᠳᠠᠨ᠎ᠠ᠃ ᠡᠨᠡ ᠪᠣᠯ ᠲᠤᠰ ᠰᠤᠮᠤ ᠪᠣᠯᠤᠨ ᠪᠤᠭᠤᠲᠤ ᠬᠤᠲᠠ᠎ᠶ᠋ᠢᠨ ᠳᠠᠷᠬᠠᠨ ᠮᠤᠤᠮᠢᠩᠭᠠᠨ ᠬᠤᠯᠪᠣᠭᠠᠲᠤ ᠬᠤᠱᠢᠭᠤᠨ᠎ᠤ ᠬᠢᠲᠠᠳ ᠦᠨᠳᠦᠰᠦᠲᠡᠨ᠎ᠤ ᠳᠠᠷᠬᠠᠨ᠎ᠤ ᠬᠠᠮᠳᠤᠷᠠᠨ ᠪᠦᠳᠦᠬᠡᠭᠰᠡᠨ《ᠢᠵᠢᠯ ᠲᠦᠪ᠎ᠲᠦ》ᠱᠢᠷᠢᠰ ᠪᠦᠲᠦᠭᠡᠭ᠌ᠳᠡᠬᠦᠨ᠎ᠤ ᠨᠢᠭᠡ ᠪᠠᠢᠵᠤ᠂ ᠲᠠᠯ᠎ᠠ ᠨᠤᠲᠤᠭ᠎ᠤᠨ ᠠᠷᠠᠰᠤᠨ ᠤᠷᠠᠯᠢᠭ᠎ᠢᠶᠠᠷ ᠲᠠᠪᠢᠰᠬᠡᠷ ᠪᠣᠯᠭᠠᠵᠤ᠂ ᠵᠢᠶᠠᠩᠨᠠᠨ ᠤᠷᠤᠨ᠎ᠤ ᠲᠣᠷᠭ᠎ᠠ᠎ᠪᠠᠷ ᠳᠣᠲᠣᠷ ᠬᠢᠵᠦ᠂ ᠮᠣᠩᠭᠤᠯ ᠬᠢᠲᠠᠳ ᠬᠤᠤᠰ ᠬᠡᠯᠡ ᠪᠡᠷ ᠪᠦᠯᠭᠦᠮᠳᠡᠯ ᠨᠢᠭᠳᠠᠷᠠᠯ ᠤ᠋ᠨ ᠦᠰᠦᠭ ᠪᠢᠴᠢᠭ ᠢ᠋ ᠬᠠᠳᠬᠤᠵᠤ ᠪᠦᠲᠦᠭᠡᠭᠰᠡᠨ ᠪᠦᠲᠦᠭᠡᠯ ᠪᠠᠢᠵᠤ᠂ ᠵᠢᠯ᠎ᠤᠨ ᠪᠣᠷᠣᠯᠠᠭᠤᠯᠭ᠎ᠠ᠎ᠨᠢ ᠲᠦᠮᠡᠨ ᠬᠤᠪᠢ᠎ᠶ᠋ᠢ ᠳᠠᠪᠠᠵᠠᠢ᠃ 《ᠱᠢᠷᠠᠮᠥ᠋ᠷᠡᠨ ᠴᠢᠰᠤ ᠮᠢᠬᠠᠨ ᠤ᠋ ᠪᠠᠷᠢᠯᠳᠤᠯᠭ᠎ᠠ ᠲᠠᠢ ᠬᠤᠶᠠᠷ ᠭᠠᠵᠠᠷ ᠢ᠋ ᠬᠤᠯᠪᠤᠭᠰᠠᠨ ᠵᠢᠡᠷ ᠪᠠᠷᠠᠬᠤ ᠦᠬᠡᠢ᠂ ᠭᠠᠷ ᠤᠷᠠᠯᠠᠯ᠎ᠨᠢ ᠴᠤ᠌ ᠬᠥᠮᠦᠰ᠎ᠤᠨ ᠰᠡᠳᠭᠢᠯ᠎ᠢ ᠬᠤᠯᠪᠣᠵᠠᠢ᠂ ᠣᠷᠣᠨ ᠪᠦᠰᠡ ᠠᠯᠤᠰᠯᠠᠭ᠍ᠰᠠᠨ 〈ᠭᠠᠷ ᠤᠷᠠᠯᠠᠯ᠎ᠤᠨ ᠬᠤᠯᠪᠣᠭ᠎ᠠ〉 ᠪᠠᠷ ᠳᠠᠮᠵᠢᠭᠤᠯᠤᠨ᠂ ᠵᠢᠷᠭᠠᠯ ᠤ᠋ᠨ ᠵᠠᠮ ᠰᠤᠮᠤ ᠨᠢᠭᠡᠨᠲᠡ ᠤᠯᠠᠭᠠᠨᠬᠠᠳᠠ ᠬᠤᠲᠠ᠎ᠶ᠋ᠢᠨ ᠪᠠᠭᠠᠷᠢᠨ ᠵᠡᠭᠦᠨ ᠬᠤᠱᠢᠭᠤ᠂ ᠲᠦᠩᠯᠢᠶᠣᠤ ᠬᠤᠲᠠ᠎ᠶ᠋ᠢᠨ ᠬᠦᠷᠢᠶ᠎ᠡ ᠬᠤᠱᠢᠭᠤ ᠵᠡᠷᠭᠡ 6 ᠭᠠᠵᠠᠷ ᠣᠷᠣᠨ᠎ᠲᠠᠢ ᠬᠠᠮᠲᠤᠷᠠᠭᠠᠳ᠂ ᠪᠣᠯᠪᠠᠰᠤᠷᠠᠯ᠎ᠤᠨ ᠰᠠᠭᠤᠷᠢᠨ ᠪᠠᠢᠭᠤᠯᠵᠤ᠂ ᠮᠣᠩᠭᠤᠯ ᠦᠨᠳᠦᠰᠦᠲᠡᠨ᠎ᠤ ᠲᠣᠲ᠋ᠧᠮ᠂ ᠬᠢᠲᠠᠳ ᠦᠨᠳᠦᠰᠦᠲᠡᠨ᠎ᠤ ᠥᠯᠵᠡᠢᠳᠤ ᠬᠡ ᠵᠢ ᠤᠶᠠᠯᠳᠤᠭᠤᠯᠤᠭᠰᠠᠨ 〈ᠬᠠᠮᠲᠤᠷᠠᠯ ᠠᠭᠤᠰᠤᠯᠴᠠᠯ〉 ᠤ᠋ᠨ ᠪᠦᠲᠦᠭᠡᠭ᠌ᠳᠡᠬᠦᠨ᠎ᠢ ᠨᠡᠭᠡᠭᠡᠨ ᠬᠥᠭ᠌ᠵᠢᠭᠦᠯᠵᠦ᠍᠂ ᠵᠢᠯ᠎ᠤᠨ ᠪᠣᠷᠣᠯᠠᠭᠤᠯᠭ᠎ᠠ᠎ᠶ᠋ᠢᠨ ᠬᠡᠮᠵᠢᠶ᠎ᠡ ᠮᠢᠩᠭᠠᠨ ᠲᠦᠮᠡᠨ ᠲᠥᠭᠦᠷᠢᠭ᠎ᠢ ᠳᠠᠪᠠᠵᠤ ᠪᠠᠢᠨ᠎ᠠ》 ᠭᠡᠵᠦ ᠲᠥᠷᠥᠯ ᠵᠦᠢᠯ᠎ᠤᠨ ᠳᠠᠭᠠᠭᠤᠯᠤᠭ᠍ᠴᠢ᠂ ᠮᠣᠩᠭᠤᠯ ᠵᠠᠯᠠᠭᠤ ᠪᠠᠭᠠᠲᠤᠷ ᠶᠠᠷᠢᠪᠠ᠃
ᠠᠵᠤ ᠦᠢᠯᠡᠰ᠎ᠢ ᠬᠥᠭ᠌ᠵᠢᠭᠦᠯᠦᠨ ᠮᠠᠨᠳᠤᠭᠤᠯᠬᠤ᠎ᠶ᠋ᠢᠨ ᠠᠷᠤ᠎ᠳᠤ ᠱᠢᠬᠢᠳᠭᠡᠷᠢ ᠮᠠᠶᠢᠬ᠎ᠤᠨ ᠬᠥᠭ᠌ᠵᠢᠯᠲᠡ᠎ᠶ᠋ᠢᠨ ᠱᠢᠨ᠎ᠡ᠎ᠶ᠋ᠢ ᠡᠭᠦᠳᠦᠭ᠌ᠰᠡᠨ ᠦᠢᠯᠡᠳᠦᠯᠭᠡ ᠪᠤᠢ᠃ ᠵᠢᠷᠭᠠᠯ᠎ᠤᠨ ᠵᠠᠮ ᠰᠤᠮᠤ 《ᠦᠨᠳᠦᠰᠦᠲᠡᠨ᠎ᠤ ᠪᠦᠯᠬᠦᠮᠳᠡᠯ》 ᠭᠡᠬᠦ ᠦᠢᠯᠡᠰ ᠪᠤᠰᠬᠠᠬᠤ ᠰᠠᠭᠤᠷᠢ ᠮᠥᠩᠭᠦ᠌ ᠭᠠᠷᠭᠠᠵᠤ᠂ ᠦᠨᠳᠦᠰᠦᠲᠡᠨ ᠨᠣᠭᠦᠳ᠎ᠤᠨ ᠭᠠᠷ ᠤᠷᠠᠯᠢᠭᠴᠢᠨ᠎ᠳᠤ ᠳᠣᠣᠷ᠎ᠠ ᠬᠦᠦ᠍᠎ᠲᠠᠢ ᠵᠢᠭᠡᠯᠡᠯᠭᠡ ᠬᠠᠩᠭᠠᠵᠤ ᠪᠠᠢᠨ᠎ᠠ᠃ ᠪᠠᠰᠠ 《ᠠᠨᠠᠷ᠎ᠤᠨ ᠦᠷ᠎ᠡ ᠱᠢᠭᠤᠳ ᠨᠡᠪᠲᠡᠷᠡᠭᠦᠯᠬᠡ ᠵᠢᠨ ᠲᠠᠰᠤᠭ》 ᠢ᠋ ᠡᠷᠬᠢᠯᠡᠵᠦ᠍᠂ ᠮᠣᠩᠭᠤᠯ ᠦᠨᠳᠦᠰᠦᠲᠡᠨ᠎ᠤ ᠨᠡᠪᠳᠡᠷᠡᠭᠦᠯᠦᠭᠴᠢ ᠬᠢᠳᠡᠳ ᠬᠡᠯᠡ᠎ᠪᠠᠷ ᠪᠣᠳᠠᠰ᠎ᠤᠨ ᠪᠤᠰᠤ ᠰᠣᠶᠣᠯ᠎ᠤᠨ ᠥᠪ᠎ᠤᠨ ᠤᠷ᠎ᠠ ᠮᠡᠷᠭᠡᠵᠢᠯ ᠢ᠋ ᠲᠠᠢᠯᠪᠤᠷᠢᠯᠠᠨ ᠶᠠᠷᠢᠵᠤ᠂ ᠬᠢᠲᠠᠳ ᠦᠨᠳᠦᠰᠦᠲᠡᠨ᠎ᠤ ᠨᠡᠪᠳᠡᠷᠡᠭᠦᠯᠦᠭᠴᠢ ᠬᠣᠣᠰ ᠬᠡᠯᠡ᠎ᠪᠠᠷ ᠪᠦᠲᠦᠭᠡᠭ᠌ᠳᠡᠬᠦᠨ ᠵᠢᠡᠨ ᠲᠠᠨᠢᠯᠴᠠᠭᠤᠯᠵᠤ ᠪᠠᠢᠨ᠎ᠠ᠃
ᠭᠠᠷ ᠤᠷᠠᠯᠠᠯ᠎ᠤᠨ ᠰᠤᠳᠤᠯᠭᠠᠨ᠎ᠢ ᠳᠤᠮᠳᠠᠳᠤ ᠪᠠᠭ᠎ᠠ ᠰᠤᠷᠭᠠᠭᠤᠯᠢ᠎ᠶ᠋ᠢᠨ ᠬᠢᠴᠢᠶᠡᠯ᠎ᠳᠤ ᠣᠷᠣᠭᠤᠯᠵᠤ᠂ ᠮᠣᠩᠭᠤᠯ ᠦᠨᠳᠦᠰᠦᠲᠡᠨ᠎ᠤ ᠬᠡᠪ ᠨᠠᠮᠪᠠ ᠲᠠᠢ ᠤᠭᠤᠲᠠ ᠤᠶᠤᠬᠤ᠂ ᠦᠨᠳᠦᠰᠦᠲᠡᠨ᠎ᠤ ᠪᠦᠯᠬᠦᠮᠳᠡᠯ᠎ᠤᠨ ᠭᠤᠣᠯ ᠰᠡᠳᠦᠪᠲᠦ ᠰᠠᠮᠪᠠᠷ᠎ᠠ ᠵᠢᠨ ᠵᠢᠷᠤᠭ ᠵᠢᠷᠤᠬᠤ ᠵᠡᠷᠬᠡ ᠪᠡᠷ ᠲᠠᠮᠵᠢᠭᠤᠯᠤᠨ᠂ 《ᠬᠠᠮᠲᠤᠷᠠᠯ ᠠᠭᠤᠰᠤᠯᠴᠠᠯ》 ᠤ᠋ᠨ ᠦᠷ᠎ᠡ ᠵᠢ ᠬᠡᠤᠬᠡᠳ ᠤ᠋ᠨ ᠰᠡᠳᠬᠢᠯ ᠳ᠋ᠤ ᠦᠨᠳᠦᠰᠦᠯᠡᠭᠦᠯᠪᠡ᠃ ᠲᠤᠭ᠎ᠠ ᠪᠠᠷᠢᠮᠲᠠ ᠵᠢ ᠦᠨᠳᠦᠰᠦᠯᠡᠪᠡᠯ᠂ ᠣᠢᠷ᠎ᠠ᠎ᠶ᠋ᠢᠨ ᠭᠤᠷᠪᠠᠨ ᠵᠢᠯ᠎ᠳᠤ ᠵᠢᠷᠭᠠᠯ ᠤ᠋ᠨ ᠵᠠᠮ ᠰᠤᠮᠤ ᠭᠠᠷ ᠤᠷᠠᠯᠠᠯ᠎ᠤᠨ ᠠᠵᠤ ᠦᠢᠯᠡᠰ᠎ᠢᠶᠠᠷ ᠠᠵᠢᠯ ᠣᠯᠭᠤᠯᠲᠠ᠎ᠶ᠋ᠢ ᠲᠠᠢᠴᠢᠯᠠᠵᠤ᠂ ᠠᠵᠢᠯ ᠤᠯᠤᠭᠰᠠᠨ ᠬᠥᠮᠦᠨ᠎ᠤ ᠲᠤᠭ᠎ᠠ ᠮᠠᠰᠢ ᠲᠦᠷᠭᠡᠨ ᠨᠡᠮᠡᠭ᠌ᠳᠡᠵᠦ᠍᠂ ᠦᠨᠳᠦᠰᠦᠲᠡᠨ᠎ᠨᠦᠭᠦᠳ᠎ᠤᠨ ᠠᠵᠢᠯ ᠡᠷᠭᠢᠯᠡᠭ᠌ᠰᠡᠳ᠎ᠤᠨ ᠬᠥᠮᠦᠨ ᠳᠤᠮᠳᠠᠴᠢ᠎ᠶ᠋ᠢᠨ ᠵᠢᠯ᠎ᠤᠨ ᠣᠷᠣᠯᠭ᠎ᠠ ᠶᠡᠭᠡ᠎ᠪᠠᠷ ᠨᠡᠮᠡᠭ᠌ᠳᠡᠨ᠂ ᠥᠩᠭᠡᠷᠡᠭ᠌ᠰᠡᠨ᠎ᠤ《ᠭᠠᠷᠤᠨ ᠤᠷ᠎ᠠ ᠮᠡᠷᠭᠡᠵᠢᠯ》 ᠥᠨᠥᠳᠦᠷ᠎ᠤᠨ 《ᠤᠷᠠᠨ ᠭᠠᠷᠤᠨ ᠠᠵᠤ ᠠᠬᠤᠶ》 ᠪᠣᠯᠤᠭ᠍ᠰᠠᠨ ᠪᠠᠢᠨ᠎ᠠ᠃
ᠣᠳᠣ᠂ ᠪᠠᠭᠠᠷᠢᠨ ᠪᠠᠷᠠᠭᠤᠨ ᠬᠤᠱᠢᠭᠤᠨ᠎ᠤ ᠭᠠᠷ ᠤᠷᠠᠯᠠᠯ ᠲᠠᠯ᠎ᠠ ᠨᠤᠲᠤᠭ᠎ᠡᠴᠡ ᠭᠠᠷᠴᠤ᠌᠂ ᠮᠣᠩᠭᠤᠯ ᠦᠨᠳᠦᠰᠦᠲᠡᠨ᠎ᠤ ᠠᠷᠠᠰᠤᠨ ᠰᠡᠢᠯᠦᠮᠡᠯ ᠰᠦᠵᠧᠦ᠍᠎ᠶ᠋ᠢᠨ ᠴᠡᠴᠡᠷᠯᠢᠭ᠎ᠤᠨ ᠦᠵᠡᠭᠦᠯᠭᠡ᠎ᠳᠤ ᠣᠷᠣᠯᠴᠠᠵᠤ᠂ ᠮᠠᠨᠵᠤ ᠦᠨᠳᠦᠰᠦᠲᠡᠨ ᠤ᠋ ᠬᠠᠳᠬᠤᠮᠠᠯ ᠱᠠᠩᠬᠠᠢ᠎ᠶ᠋ᠢᠨ ᠴᠠᠭ ᠤ᠋ᠨ ᠤᠷᠤᠰᠬᠠᠯ ᠳᠠᠭᠠᠭᠰᠠᠨ ᠬᠤᠪᠴᠠᠰᠤ ᠵᠠᠰᠠᠯ ᠤ᠋ᠨ ᠦᠵᠡᠭᠦᠯᠭᠡ ᠵᠢᠨ ᠭᠠᠷᠠᠭ ᠤ᠋ᠨ ᠠᠵᠢᠯᠯᠠᠭ᠎ᠠ ᠳ᠋ᠦ ᠤᠷᠤᠯᠴᠠᠪᠠ ᠁ ᠲᠣᠷᠭᠠᠨ ᠤᠲᠠᠰᠤ ᠪᠡᠷ ᠰᠣᠶᠣᠯ᠎ᠤᠨ ᠠᠭᠤᠰᠤᠯᠴᠠᠯ ᠢ᠋ ᠤᠷᠠᠯᠠᠨ᠂ ᠪᠦᠲᠦᠭᠡᠯ ᠪᠦᠷᠢ᠎ᠨᠢ ᠴᠥᠮ《ᠳᠤᠮᠳᠠᠳᠤ᠎ᠶ᠋ᠢᠨ ᠦᠨᠳᠦᠰᠦᠲᠡᠨ ᠨᠢᠭᠡ ᠭᠡᠷ᠎ᠤᠨ ᠬᠥᠮᠦᠨ ᠮᠡᠲᠦ ᠳᠣᠲᠣᠨᠣ》 ᠪᠠᠢᠬᠤ ᠴᠠᠭ ᠦᠶ᠎ᠡ᠎ᠶ᠋ᠢᠨ ᠱᠢᠨ᠎ᠡ ᠬᠠᠭᠤᠳᠠᠰᠤ᠎ᠶ᠋ᠢ ᠲᠣᠭᠠᠴᠢᠨ᠎ᠠ᠃
《ᠦᠨᠳᠦᠰᠦᠲᠡᠨ᠎ᠤ ᠭᠠᠷ ᠤᠷᠠᠯᠠᠯ᠎ᠤᠨ ᠠᠵᠤ ᠦᠢᠯᠡᠰ᠎ᠤᠨ ᠱᠢᠭᠢᠳᠬᠡᠷᠢ ᠮᠠᠶᠢᠭ᠎ᠤᠨ ᠬᠥᠭ᠌ᠵᠢᠯᠲᠡ ᠨᠢ ᠦᠨᠳᠦᠰᠦᠲᠡᠨ᠎ᠤ ᠪᠦᠯᠬᠦᠮᠳᠡᠯ᠎ᠢ ᠬᠡᠢᠰᠪᠦᠷᠢ ᠣᠢᠯᠠᠭᠠᠭ᠍ᠳᠠᠬᠤᠨ᠎ᠡᠴᠡ ᠨᠢᠳᠦᠨ ᠳ᠋ᠦ ᠦᠵᠡᠭᠳᠡᠵᠦ ᠭᠠᠷ ᠲᠤ᠌ ᠪᠠᠷᠢᠭᠳᠠᠮ᠎ᠠ ᠵᠣᠯ ᠵᠢᠷᠭᠠᠯᠲᠤ ᠠᠮᠢᠳᠤᠷᠠᠯ ᠪᠣᠯᠭᠠᠨ ᠬᠤᠪᠢᠷᠠᠭᠤᠯᠵᠠᠶ》 ᠬᠡᠵᠤ ᠪᠠᠭᠠᠷᠢᠨ ᠪᠠᠷᠠᠭᠤᠨ ᠬᠤᠱᠢᠭᠤᠨ᠎ᠤ ᠦᠨᠳᠦᠰᠦᠲᠡᠨ᠎ᠤ ᠬᠡᠷᠡᠭ ᠡᠷᠬᠢᠯᠡᠬᠦ᠌ ᠵᠥᠪᠯᠡᠯ᠎ᠤᠨ ᠡᠷᠬᠢᠯᠡᠭ᠌ᠴᠢ ᠬᠤᠷᠴᠠ ᠢᠯᠡᠷᠬᠡᠢᠯᠡᠪᠡ᠃
ᠣᠳᠣᠬᠠᠨ᠎ᠳᠤ᠂ ᠪᠠᠭᠠᠷᠢᠨ ᠪᠠᠷᠠᠭᠤᠨ ᠬᠤᠱᠢᠭᠤᠨ᠎ᠳᠤ ᠨᠢᠭᠡᠨᠲᠡ ᠦᠨᠳᠦᠰᠦᠲᠡᠨ᠎ᠤ ᠭᠠᠷ ᠤᠷᠠᠯᠠᠯ᠎ᠤᠨ ᠣᠨᠴᠠᠯᠢᠭ᠍ᠲᠤ ᠲᠣᠰᠭᠤᠨ ᠪᠠᠯᠭᠠᠰᠤ᠎ᠶ᠋ᠢ 9 ᠪᠤᠢᠵᠢᠭᠤᠯᠵᠤ᠂《ᠪᠣᠳᠠᠰ᠎ᠤᠨ ᠪᠤᠰᠤ ᠰᠣᠶᠣᠯ᠎ᠤᠨ ᠥᠪ᠎ᠤᠨ ᠵᠢᠭᠤᠯᠴᠢᠯᠠᠯ》᠂ 《ᠪᠣᠳᠠᠰ᠎ᠤᠨ ᠪᠤᠰᠤ ᠰᠣᠶᠣᠯ᠎ᠤᠨ ᠥᠪ᠎ᠤᠨ ᠡᠯᠧᠺᠲᠷᠣᠨ ᠬᠤᠳᠠᠯᠳᠤᠭ᠎ᠠ》 ᠵᠢ ᠠᠭᠤᠰᠤᠯᠴᠠᠭᠤᠯᠬᠤ ᠵᠢᠱ᠌ᠢᠶ᠎ᠡ ᠦᠵᠡᠭᠦᠯᠬᠦ᠌ ᠴᠡᠭ᠎ᠢ 23 ᠪᠠᠢᠭᠤᠯᠵᠤ᠂ ᠵᠢᠯ᠎ᠤᠨ ᠦᠢᠯᠡᠳᠪᠦᠷᠢᠯᠡᠯ ᠤ᠋ᠨ ᠥᠷᠲᠡᠭ ᠨᠢ 2000 ᠲᠦᠮᠡᠨ ᠲᠥᠭᠦᠷᠢᠭ᠎ᠢ ᠳᠠᠪᠠᠭ᠍ᠰᠠᠨ ᠪᠠᠢᠨ᠎ᠠ᠃ ᠢᠷᠡᠭᠡᠳᠦᠶ᠎ᠳᠤ ᠪᠠᠭᠠᠷᠢᠨ ᠪᠠᠷᠠᠭᠤᠨ ᠬᠤᠱᠢᠭᠤ ᠣᠷᠣᠨ ᠪᠦᠰᠡ ᠠᠯᠤᠰᠯᠠᠭ᠍ᠰᠠᠨ᠂ ᠦᠨᠳᠦᠰᠦᠲᠡᠨ᠎ᠤ ᠬᠠᠮᠵᠢᠯᠴᠠᠬᠤ ᠲᠣᠭ᠍ᠲᠠᠴᠠ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠨᠠᠩ ᠣᠯᠠᠨ 《ᠠᠨᠠᠷ᠎ᠤᠨ ᠦᠷ᠎ᠠ》 ᠶ᠋ᠢᠨ ᠠᠵᠤ ᠦᠢᠯᠡᠰ᠎ᠢ ᠪᠠᠭᠠᠷᠢᠨ ᠨᠤᠲᠤᠭ ᠳᠡᠭᠡᠷ᠎ᠡ ᠴᠡᠴᠡᠭ᠌ᠯᠡᠭᠦᠯᠤᠨ ᠵᠢᠮᠢᠰᠯᠡᠭᠦᠯᠭᠦ ᠪᠤᠯᠤᠨ᠎ᠠ᠃