ᠮᠠᠩᠬᠠᠨ ᠨᠤᠲᠤᠭ᠎ᠤᠨ ᠡᠷᠳᠡᠨ ᠡᠳᠦᠭᠡ ᠵᠢ ᠬᠤᠯᠪᠤᠭᠰᠠᠨ ᠮᠢᠩᠭᠠᠨ ᠤᠨ᠎ᠤ ᠨᠢᠭᠡᠨ ᠠᠶᠠᠯᠭᠤ
2025-07-19 10:11:07
ᠵᠣᠬᠢᠶᠠᠭ᠍ᠴᠢ᠄
ᠱᠢᠤᠢ ᠱᠢᠶᠤᠤ ᠯᠠᠨ᠂ ᠰᠥᠩ ᠱᠤᠸᠠᠩ
ᠣᠩᠱᠢᠭ᠍ᠰᠠᠨ ᠣᠳᠠᠭ᠎ᠠ᠄
★★★☆☆

ᠶᠠᠨᠱᠠᠨ ᠠᠭᠤᠯᠠ᠎ᠶ᠋ᠢᠨ ᠬᠣᠢᠲᠤ ᠬᠡᠰᠡᠭ᠎ᠦᠨ ᠠᠭᠤᠯᠠᠷᠬᠠᠭ ᠭᠠᠵᠠᠷ ᠡᠴᠡ ᠬᠣᠷᠴᠢᠨ᠎ᠤ ᠡᠯᠡᠰᠦᠷᠬᠡᠭ ᠭᠠᠵᠠᠷ᠎ᠲᠦ ᠵᠠᠯᠭᠠᠬᠤ ᠬᠡᠰᠡᠭ᠎ᠲᠦ ᠴᠡᠮᠴᠡᠭᠡᠷ ᠭᠤᠢᠳᠠ᠂ ᠨᠦᠬᠡᠴᠡ ᠬᠦᠴᠦᠨ ᠲᠡᠬᠦᠯᠳᠡᠷ ᠵᠢᠵᠢᠭ ᠬᠣᠲᠠ— ᠲᠦᠩᠯᠢᠶᠣᠤ ᠬᠣᠲᠠ᠎ᠶ᠋ᠢᠨ ᠬᠦᠷᠢᠶ᠎ᠡ ᠬᠣᠱᠢᠭᠤ ᠪᠠᠢᠷᠢᠯᠠᠵᠤ ᠪᠤᠢ᠃

ᠲᠤᠰ ᠬᠤᠰᠢᠭᠤ᠎ᠶᠢᠨ ᠡᠮᠦᠨ᠎ᠡ ᠬᠡᠰᠡᠭ᠎ᠲᠦ ᠨᠠᠮᠬᠠᠨ ᠠᠭᠤᠯᠠ ᠵᠠᠯᠭᠠᠯᠳᠤᠵᠤ᠂ ᠳᠤᠮᠳᠠ ᠬᠡᠰᠡᠭ᠎ᠲᠦ ᠳᠤᠪᠤᠴᠠᠭ ᠦᠷᠬᠦᠯᠵᠢᠯᠡᠵᠦ᠂ ᠤᠮᠠᠷᠠᠲᠤ ᠬᠡᠰᠡᠭ ᠳᠤᠨᠢ ᠡᠯᠡᠰᠦᠨ ᠳᠣᠪᠣᠷᠬᠠᠭ ᠲᠠᠯᠠᠩᠨᠠᠨ᠂ ᠰᠦᠷ ᠳᠠᠯᠠᠢᠴᠠᠲᠠᠶ ᠭᠠᠵᠠᠷ᠎ᠤᠨ ᠭᠠᠳᠠᠷᠭᠤ᠎ᠶᠢᠨ ᠦᠵᠡᠮᠵᠢ ᠳᠡᠯᠭᠡᠭᠳᠡᠨ᠎ᠡ᠃

ᠲᠡᠦᠬᠡ᠎ᠶ᠋ᠢᠨ ᠳᠤᠷᠠᠰᠭᠠᠯᠲᠤ ᠵᠦᠢᠯᠡᠰ ᠡᠷᠲᠡᠨ᠎ᠦ ᠦᠯᠡᠳᠡᠭ᠌ᠳᠡᠯ ᠵᠡᠷᠭᠡ ᠨᠢ ᠦᠩᠭᠡᠷᠡᠭᠰᠡᠨ ᠴᠠᠭ᠎ᠤᠨ ᠤᠯᠠᠷᠢᠯ ᠬᠤᠪᠢᠰᠤᠯ᠎ᠢ ᠵᠢᠷᠤᠭ᠍ᠯᠠᠵᠤ᠂ ᠠᠨᠳᠠᠢ ᠪᠥᠵᠢᠭ ᠡᠷᠳᠡᠨ ᠡᠳᠦᠭᠡ ᠵᠢ ᠬᠦᠦᠷᠨᠢᠨ᠂ ᠦᠵᠡᠰᠭᠦᠯᠡᠩᠲᠦ ᠰᠠᠢᠬᠠᠨ ᠬᠦᠷᠢᠶ᠎ᠡ ᠬᠤᠰᠢᠭᠤ ᠤᠮᠠᠷᠠᠲᠤ ᠬᠢᠯᠢ᠎ᠳᠦ ᠬᠢᠯᠠᠯᠵᠠᠨ᠎ᠠ᠃

ᠥᠷ᠎ᠦᠨ ᠳᠤᠶᠠᠭ᠎ᠠ ᠪᠠᠯᠠᠷ ᠡᠷᠳᠡᠨ᠎ᠢ ᠭᠡᠭᠡᠷᠡᠬᠦᠯᠦᠨ᠎ᠡ

ᠬᠦᠷᠢᠶ᠎ᠡ ᠬᠣᠱᠢᠭᠤᠨ᠎ᠤ ᠮᠦᠽᠧᠶ᠎ᠳᠡᠬᠢ ᠦᠰᠦᠲᠦ ᠬᠡᠷᠢᠰ ᠳᠦᠮᠡᠨ ᠵᠢᠯ᠎ᠤᠨ ᠬᠤᠭᠤᠴᠠᠭ᠎ᠠ ᠵᠢ ᠰᠤᠨᠳᠠᠯᠠᠨ᠂  ᠴᠢᠯᠠᠭᠤᠵᠢᠮᠠᠯ᠎ᠤᠨ ᠬᠡᠯᠪᠡᠷᠢ ᠪᠡᠷ ᠨᠠᠮᠵᠢᠭᠤᠨ ᠬᠡᠪᠳᠡᠨ᠎ᠡ᠃

ᠬᠦᠷᠢᠶ᠎ᠡ ᠬᠣᠱᠢᠭᠤᠨ᠎ᠤ ᠵᠢᠷᠭᠤᠭᠠᠨᠭᠡᠷ ᠪᠠᠯᠭᠠᠰᠤ ᠡᠴᠡ ᠮᠠᠯᠲᠠᠵᠤ ᠭᠠᠷᠭᠠᠭ᠍ᠰᠠᠨ ᠦᠰᠦᠲᠦ ᠬᠡᠷᠢᠰ᠎ᠦᠨ ᠠᠷᠤᠭ ᠶᠠᠰᠤᠨ᠎ᠤ ᠴᠢᠯᠠᠭᠤᠵᠢᠮᠠᠯ ᠵᠢᠴᠢ ᠳᠡᠭᠦᠨ᠎ᠤ ᠬᠤᠢᠨ᠎ᠠ ᠡᠴᠡ ᠮᠠᠯᠲᠠᠵᠤ ᠭᠠᠷᠭᠠᠭ᠍ᠰᠠᠨ ᠠᠵᠢᠷᠭᠠᠨ ᠵᠠᠭᠠᠨ᠂ ᠪᠤᠬ᠎ᠠ ᠬᠦᠷᠦᠭᠡᠰᠦ᠂ ᠳᠡᠬᠢ᠎ᠶᠢᠨ ᠠᠷᠤᠭ ᠶᠠᠰᠤᠨ᠎ᠤ ᠴᠢᠯᠠᠭᠤᠵᠢᠮᠠᠯ ᠨᠢ ᠬᠦᠷᠢᠶ᠎ᠡ᠎ᠶᠢᠨ ᠬᠠᠪᠢ ᠪᠡᠷ ᠤᠷᠤᠩᠨᠠᠵᠤ ᠪᠠᠢᠭᠰᠠᠨ ᠡᠷᠲᠡᠨ᠎ᠦ ᠠᠮᠢᠳᠤ ᠪᠣᠳᠠᠰ᠎ᠤᠨ ᠨᠢᠭᠤᠴᠠᠬᠠᠨ ᠳᠦᠷᠢ ᠵᠢ ᠢᠯᠡᠷᠡᠬᠦᠯᠪᠡ᠃

ᠣᠲᠣ᠎ᠠᠴᠠ 30000 ᠡᠴᠡ 10000 ᠵᠢᠯ᠎ᠦᠨ ᠡᠮᠦᠨᠡᠬᠢ ᠬᠠᠯᠠᠬᠤ ᠰᠢᠨ᠎ᠡ ᠦᠶ᠎ᠡ᠎ᠶᠢᠨ ᠰᠡᠭᠦᠯᠴᠢ᠎ᠶ᠋ᠢᠨ ᠬᠤᠭᠤᠴᠠᠭᠠᠨ᠎ᠳᠤ᠂ ᠬᠦᠷᠢᠶ᠎ᠡ ᠣᠷᠣᠨ᠎ᠳᠦ ᠤᠷᠭᠤᠮᠠᠯ᠎ᠤᠨ ᠲᠥᠷᠥᠯ ᠡᠯᠪᠡᠭ᠂ ᠤᠷᠭᠤᠮᠠᠯ᠎ᠤᠨ ᠬᠤᠴᠢᠯᠭ᠎ᠠ ᠢᠭ᠍ᠴᠤ ᠰᠠᠬᠤᠯᠢᠭ ᠪᠠᠢᠵᠤ᠂ ᠡᠯᠪᠡᠭ ᠢᠳᠡᠭᠡᠨ᠎ᠤ ᠡᠬᠢ ᠪᠠᠶᠠᠯᠢᠭ ᠪᠠ  ᠥᠰᠥᠯᠲᠡ᠎ᠳᠦ ᠲᠣᠬᠢᠷᠠᠮᠵᠢᠲᠠᠶ ᠣᠷᠴᠢᠨ ᠲᠣᠭᠣᠷᠢᠨ᠎ᠳᠦ ᠲᠦᠰᠢᠭᠯᠡᠨ ᠠᠪᠤᠷᠭᠤ ᠳᠤᠮᠤ ᠡᠪᠡᠰᠦᠨ ᠲᠡᠵᠢᠭᠡᠯᠲᠡᠨ ᠡᠨᠳᠡ ᠦᠷᠡᠵᠢᠵᠦ ᠪᠠᠢᠪᠠ᠃

ᠲᠦᠮᠡᠨ ᠪᠣᠳᠠᠰ᠎ᠤᠨ ᠬᠦᠭᠵᠢᠯᠳᠡ᠎ᠶ᠋ᠢᠨ ᠶᠠᠪᠤᠴᠠ᠎ᠳᠤ᠂ ᠡᠷᠳᠡᠨ ᠤ᠋ ᠬᠦᠮᠦᠰ ᠴᠢᠯᠠᠭᠤ ᠪᠡᠷ ᠪᠠᠭᠠᠵᠢ ᠪᠤᠯᠭᠠᠨ ᠠᠲᠠᠷ ᠬᠠᠭᠠᠯᠪᠤᠷᠢᠯᠠᠵᠤ᠂ ᠴᠤᠷᠮᠠᠳᠠᠨ ᠲᠠᠷᠢᠵᠤ᠂ ᠪᠣᠯᠪᠠᠰᠤᠨ᠎ᠤ ᠭᠡᠷᠡᠯ᠎ᠢ ᠲᠠᠰᠤᠷᠠᠯᠲᠠ ᠦᠭᠡᠢ ᠰᠠᠴᠤᠷᠠᠭᠤᠯᠪᠠ᠃

《ᠪᠢᠳᠡ ᠬᠠᠮᠢᠭ᠎ᠠ ᠡᠴᠡ ᠢᠷᠡᠭ᠌ᠰᠡᠨ ᠪᠤᠢ? ᠵᠠᠯᠭᠠᠭᠠᠳ ᠬᠠᠮᠢᠭ᠎ᠠ ᠣᠴᠢᠬᠤ ᠪᠤᠢ?》 ᠬᠠᠭᠤᠴᠢ ᠰᠤᠳᠤᠯᠤᠯ᠎ᠤᠨ ᠢᠯᠡᠷᠡᠭᠦᠯᠦᠯᠲᠡ᠎ᠨᠢ ᠪᠢᠳᠡᠨ᠎ᠢ ᠬᠠᠪᠰᠤᠷᠴᠤ᠌ ᠲᠡᠦᠬᠡ᠎ᠶ᠋ᠢᠨ ᠲᠣᠭᠣᠰᠣ᠎ᠶ᠋ᠢ ᠠᠷᠢᠯᠭᠠᠵᠤ᠂ ᠳᠤᠮᠳᠠᠳᠤ᠎ᠶ᠋ᠢᠨ ᠰᠣᠶᠣᠯ᠎ᠤᠨ ᠦᠨᠳᠦᠰᠦ ᠰᠤᠷᠪᠤᠯᠵᠢ ᠭᠦᠨ ᠵᠤᠵᠠᠭᠠᠨ ᠪᠠᠢᠬᠤ᠎ᠶ᠋ᠢ ᠬᠠᠷᠠᠭᠤᠯᠪᠠ᠃ ᠪᠦᠯᠦᠭ ᠪᠦᠯᠦᠭ ᠲᠤᠰᠭᠠᠢ ᠮᠡᠷᠭᠡᠵᠢᠯᠲᠡᠨ ᠡᠷᠳᠡᠮᠲᠡᠨ ᠬᠦᠴᠢᠷ ᠪᠡᠷᠬᠡᠱᠢᠶᠡᠯ᠎ᠢ ᠢᠯᠠᠨ ᠳᠠᠪᠠᠵᠤ᠂ ᠠᠭᠤᠯᠠ ᠱᠢᠭᠤᠢ ᠪᠡᠷ ᠰᠤᠳᠤᠯᠵᠤ᠂ ᠲᠡᠦᠬᠡ᠎ᠶ᠋ᠢᠨ ᠤᠷᠳᠤ ᠠᠶᠠᠨ᠎ᠳᠤ ᠬᠤᠷᠠᠮᠳᠤᠭ᠍ᠰᠠᠨ ᠰᠣᠶᠣᠯ ᠪᠤᠯᠪᠠᠰᠤᠨ᠎ᠢ ᠠᠷᠠᠳ ᠤᠯᠠᠨ᠎ᠲᠠᠶ ᠤᠢ᠍ᠢᠷᠠᠳᠤᠭᠤᠯᠵᠤ᠂ ᠤᠳᠤ ᠦᠶ᠎ᠡ ᠲᠠᠢ ᠤᠢ᠍ᠢᠷᠠᠳᠤᠭᠤᠯᠪᠠ᠃

1991 ᠣᠨ᠎ᠳᠤ᠂ ᠱᠢᠨ᠎ᠡ ᠳᠤᠮᠳᠠᠳᠤ ᠤᠯᠤᠰ᠎ᠤᠨ ᠬᠠᠭᠤᠴᠢ ᠰᠤᠳᠤᠯᠤᠯ᠎ᠤᠨ ᠰᠠᠭᠤᠷᠢᠯᠠᠭ᠍ᠴᠢ᠂ ᠠᠯᠳᠠᠷᠲᠤ ᠬᠠᠭᠤᠴᠢ ᠰᠤᠳᠤᠯᠤᠭ᠍ᠴᠢ ᠰᠤ᠌ ᠪᠢᠩ ᠴᠢ ᠠᠪᠤᠭᠠᠶ《ᠳᠤᠮᠳᠠᠳᠤ ᠤᠯᠤᠰ᠎ᠤᠨ ᠪᠠᠯᠠᠷ ᠡᠷᠲᠡᠨ᠎ᠦ ᠲᠡᠦᠬᠡ᠎ᠶ᠋ᠢ ᠳᠠᠬᠢᠨ ᠪᠠᠢᠭᠤᠯᠬᠤ ᠲᠤᠬᠠᠶ ᠪᠣᠳᠣᠯᠬᠢᠯᠠᠯ》 ᠭᠡᠬᠦ᠌ ᠵᠣᠬᠢᠶᠠᠯ᠎ᠳᠠᠭᠠᠨ᠄ 《ᠳᠤᠮᠳᠠᠳᠤᠴᠤᠳ᠎ᠤᠨ ᠡᠢᠮᠦᠷᠬᠦᠤ ᠠᠭᠤᠤ ᠶᠡᠬᠡ ᠦᠨᠳᠦᠰᠦᠲᠡᠨ᠎ᠦ ᠵᠣᠷᠢᠭ ᠰᠠᠨᠠᠭ᠎ᠠ᠂ ᠬᠦᠴᠦᠨ ᠴᠢᠳᠠᠯ᠎ᠤᠨ ᠦᠨᠳᠦᠰᠦ ᠰᠤᠷᠪᠤᠯᠵᠢ ᠨᠢ ᠪᠠᠯᠠᠷ ᠡᠷᠲᠡᠨ᠎ᠦ ᠰᠣᠶᠣᠯ᠎ᠳᠤ ᠭᠦᠨ ᠦᠨᠳᠦᠰᠦᠯᠡᠭ᠌ᠰᠡᠨ ᠶᠤᠮ》 ᠭᠡᠪᠡ᠃

ᠡᠨᠡ ᠬᠦ᠌ ᠦᠵᠡᠯᠲᠡ ᠨᠢ ᠬᠦᠷᠢᠶ᠎ᠡ ᠬᠣᠱᠢᠭᠤ ᠡᠴᠡ ᠢᠯᠡᠷᠡᠭᠦᠯᠦᠭ᠌ᠰᠡᠨ ᠲᠡᠦᠬᠡ᠎ᠶ᠋ᠢᠨ ᠳᠤᠷᠠᠰᠭᠠᠯᠲᠤ ᠵᠦᠢᠯᠡᠰ᠂ ᠳᠡᠦᠬᠡ᠎ᠶᠢᠨ ᠪᠠᠭᠤᠷᠢ ᠪᠡᠷ ᠭᠡᠷᠡᠴᠢᠯᠡᠭ᠌ᠳᠡᠭ᠌ᠰᠡᠨ ᠪᠠᠢᠨ᠎ᠠ᠃

ᠠᠯᠢ ᠡᠷᠲᠡ ᠣᠲᠣ ᠡᠴᠡ 8000 ᠵᠢᠯ᠎ᠦᠨ ᠡᠮᠦᠨ᠎ᠡ᠂ ᠱᠢᠩ ᠯᠦᠩ ᠸᠠ᠎ᠶ᠋ᠢᠨ ᠰᠣᠶᠣᠯ ᠵᠢᠴᠢ ᠵᠢᠭᠠᠬᠠᠨ ᠣᠷᠣᠢᠳᠠᠵᠤ ᠪᠤᠢ ᠪᠤᠯᠤᠭᠰᠠᠨ ᠵᠣᠣ ᠪᠦᠦ ᠭᠸᠤ ᠵᠢᠨ ᠰᠣᠶᠣᠯ᠎ᠤᠨ ᠲᠥᠯᠥᠭᠡᠯᠡᠵᠦ᠍ ᠪᠠᠢᠭ᠎ᠠ ᠪᠠᠯᠠᠷ ᠡᠷᠲᠡᠨ᠎ᠦ ᠲᠠᠷᠢᠶᠠᠯᠠᠬᠤ ᠰᠣᠶᠣᠯ ᠨᠢ ᠨᠢᠭᠡᠨᠲᠡ ᠡᠨᠳᠡ ᠲᠠᠷᠬᠠᠭᠰᠠᠨ ᠪᠠᠢᠳᠠᠭ᠃ ᠤᠳᠤ ᠡᠴᠡ 5500 ᠡᠴᠡ 5000 ᠵᠢᠯ᠎ᠦᠨ ᠡᠮᠦᠨ᠎ᠡ᠂ ᠡᠷᠲᠡᠨ᠎ᠦ ᠬᠦᠮᠦᠰ ᠬᠤᠩᠱᠠᠨ ᠰᠣᠶᠣᠯ᠎ᠢᠶᠠᠷ ᠲᠥᠯᠥᠭᠡᠯᠡᠭᠦᠯᠦᠭ᠌ᠰᠡᠨ ᠪᠣᠯᠪᠠᠰᠤᠨ᠎ᠤ ᠥᠷ᠎ᠦᠨ ᠲᠤᠶᠠᠭ᠎ᠠ᠎ᠶ᠋ᠢ ᠤᠭ᠍ᠲᠤᠨ ᠠᠪᠴᠠᠢ᠃

ᠬᠠᠭᠤᠴᠢ ᠰᠤᠳᠤᠯᠤᠯ᠎ᠤᠨ ᠢᠯᠡᠷᠡᠭᠦᠯᠦᠯᠲᠡ᠎ᠳᠦ᠂ ᠬᠦᠷᠢᠶ᠎ᠡ ᠬᠣᠱᠢᠭᠤᠨ᠎ᠤ ᠬᠢᠯᠢ ᠳᠣᠲᠣᠷᠠᠬᠢ ᠳᠦᠷᠪᠡᠡᠭᠡᠷ᠎ᠤᠨ ᠲᠠᠬᠢᠯᠭ᠎ᠠ᠎ᠶ᠋ᠢᠨ ᠪᠠᠭᠤᠷᠢ᠎ᠶ᠋ᠢᠨ ᠦᠯᠡᠳᠡᠭ᠌ᠳᠡᠯ᠂ ᠮᠠᠯᠲᠠᠵᠤ ᠭᠠᠷᠭᠠᠭ᠍ᠰᠠᠨ ᠦᠯᠡᠳᠡᠭ᠌ᠳᠡᠯ ᠪᠣᠳᠠᠰ ᠨᠢ ᠯᠢᠶᠣᠤᠨᠢᠩ ᠮᠤᠵᠢ᠎ᠶ᠋ᠢᠨ ᠨᠢᠤ ᠾᠧ ᠯᠢᠶᠠᠩ᠎ᠤᠨ ᠳᠠᠭᠢᠨᠢ᠎ᠶ᠋ᠢᠨ ᠰᠦᠮ᠎ᠡ᠎ᠶ᠋ᠢᠨ ᠳ᠋ᠦᠩ ᠫᠦᠸᠸ ᠪᠤᠷᠳᠤᠭᠤᠯᠢᠭ ᠬᠡᠯᠪᠡᠷᠢᠲᠦ ᠵᠡᠪᠰᠡᠭ᠎ᠦᠨ ᠦᠯᠡᠳᠡᠭ᠌ᠳᠡᠯ᠎ᠲᠡᠶ ᠮᠠᠰᠢ ᠠᠳᠠᠯᠢᠪᠳᠤᠷ ᠪᠠᠢᠵᠤ᠂ ᠬᠤᠩᠱᠠᠨ ᠰᠣᠶᠣᠯ᠎ᠤᠨ ᠰᠡᠭᠦᠯᠴᠢ᠎ᠶ᠋ᠢᠨ ᠦᠶ᠎ᠡ᠎ᠶ᠋ᠢᠨ ᠬᠥᠮᠦᠰ᠎ᠦᠨ ᠦᠶ᠋ᠯᠡᠳᠪᠦᠷᠢᠯᠡᠯ ᠠᠮᠢᠳᠤᠷᠠᠯ᠎ᠤᠨ ᠳᠦᠷᠰᠦ ᠪᠠᠢᠳᠠᠯ᠎ᠢ ᠢᠯᠡᠷᠡᠭᠦᠯᠦᠭ᠌ᠰᠡᠨ ᠪᠠᠢᠨ᠎ᠠ᠃ ᠲᠤᠬᠠᠢ᠎ᠶ᠋ᠢᠨ ᠵᠢᠯ᠂ ᠡᠷᠳᠡᠨ᠎ᠤ ᠬᠦᠮᠦᠰ ᠦᠨᠳᠦᠷ ᠤᠭᠳᠠᠷᠭᠤᠢ᠎ᠶᠢᠨ ᠳᠤᠤᠷ᠎ᠠ ᠠᠭᠤᠳᠠᠮ ᠨᠤᠲᠤᠭ᠎ᠢ ᠭᠢᠰᠭᠢᠯᠡᠨ᠂ ᠰᠠᠯᠬᠢᠨ᠎ᠤ ᠳᠠᠭᠤᠨ᠎ᠢ ᠴᠢᠬᠢ ᠳᠠᠯᠪᠢᠨ ᠰᠤᠨᠤᠰᠴᠤ᠂ ᠪᠢᠱᠢᠷᠡᠨ ᠵᠢᠷᠦᠬᠡᠱᠢᠶᠡᠬᠦ᠌᠎ᠶᠢᠨ ᠳᠠᠭᠠᠤ ᠬᠦᠰᠡᠯ ᠡᠷᠡᠮᠡᠯᠵᠡᠯ ᠡᠪᠦᠷᠯᠡᠨ ᠲᠩᠷᠢ ᠭᠠᠵᠠᠷ᠎ᠲᠤ ᠮᠥᠷᠭᠦᠵᠦ ᠪᠠᠢᠭᠰᠠᠨ ᠠᠵᠢ᠃

ᠯᠠᠪᠳᠠᠭᠤᠨ ᠪᠠᠲᠤᠲᠠᠶ ᠬᠠᠭᠤᠴᠢ ᠰᠤᠳᠤᠯᠤᠯ᠎ᠤᠨ ᠦᠷ᠎ᠡ ᠪᠦᠲᠦᠭᠡᠯ᠎ᠨᠢ ᠪᠠᠭᠤᠷᠢ ᠦᠯᠡᠳᠡᠭᠳᠡᠯ᠎ᠢ ᠲᠡᠦᠬᠡ᠎ᠶ᠋ᠢᠨ ᠳᠡᠳᠦᠢ ᠰᠦᠮᠡᠯᠵᠡᠬᠦ ᠪᠢᠰᠢ ᠬᠠᠷᠢᠨ ᠡᠳᠦᠷ ᠢᠷᠡᠬᠦᠶ᠎ᠡ ᠲᠣᠳᠣᠷᠬᠠᠶ ᠪᠤᠯᠭᠠᠪᠠ᠄ 2023 ᠣᠨ ᠡᠴᠡ2025 ᠣᠨ ᠪᠣᠯᠲᠠᠯ᠎ᠠ᠂ ᠲᠦᠩᠯᠢᠶᠣᠤ ᠬᠣᠲᠠ᠎ᠶ᠋ᠢᠨ ᠰᠣᠶᠣᠯ᠎ᠤᠨ ᠦᠵᠡᠰᠭᠦᠯᠡᠩ᠎ᠦᠨ ᠬᠦᠷᠢᠶᠡᠯᠡᠩ ᠥᠪᠡᠷᠲᠡᠭᠡᠨ ᠵᠠᠰᠠᠬᠤ ᠣᠷᠣᠨ᠎ᠤ ᠲᠡᠦᠬᠡ᠎ᠶ᠋ᠢᠨ ᠳᠤᠷᠠᠰᠭᠠᠯᠲᠤ ᠵᠦᠶ᠋ᠯᠡᠰ ᠬᠠᠭᠤᠴᠢ ᠰᠤᠳᠤᠯᠤᠯ᠎ᠤᠨ ᠬᠦᠷᠢᠶᠡᠯᠡᠩ᠂ ᠬᠦᠷᠢᠶ᠎ᠡ ᠬᠣᠱᠢᠭᠤᠨ᠎ᠤ ᠮᠦᠽᠧᠶ ᠵᠡᠷᠭᠡ ᠨᠢᠭᠡᠴᠢ᠎ᠲᠡᠶ ᠬᠠᠮᠲᠤᠷᠠᠨ 《ᠬᠠᠭᠤᠴᠢ ᠰᠤᠳᠤᠯᠤᠯ᠎ᠤᠨ ᠳᠤᠮᠳᠠᠳᠤ ᠤᠯᠤᠰ — ᠬᠤᠩᠱᠠᠨ ᠨᠡᠢᠭᠡᠮ᠎ᠦᠨ ᠪᠣᠯᠪᠠᠰᠤᠨ᠎ᠤ ᠠᠬᠢᠴᠠ᠎ᠶ᠋ᠢᠨ ᠰᠤᠳᠤᠯᠤᠯ》 ᠤ᠋ᠨ ᠬᠦᠷᠢᠶ᠎ᠡ᠎ᠶᠢᠨ ᠡᠮᠦᠨ᠎ᠡ ᠬᠡᠰᠡᠭ᠎ᠦᠨ ᠯᠢᠦ ᠾᠧ ᠭᠤᠤᠯ᠎ᠤᠨ ᠳᠡᠭᠡᠳᠦ ᠤᠷᠤᠰᠭᠠᠯ᠎ᠤᠨ ᠴᠢᠨ ᠤᠯᠤᠰ ᠡᠴᠡ ᠡᠮᠦᠨᠡᠬᠢ ᠪᠠᠭᠤᠷᠢ᠎ᠶ᠋ᠢ ᠪᠠᠢᠴᠠᠭᠠᠬᠤ ᠠᠵᠢᠯ᠎ᠢ ᠥᠷᠨᠢᠭᠦᠯᠵᠦ᠍᠂ ᠴᠢᠨ ᠤᠯᠤᠰ ᠡᠴᠡ ᠡᠮᠦᠨᠡᠬᠢ ᠦᠶ᠎ᠡ᠎ᠶ᠋ᠢᠨ ᠣᠯᠠᠨ ᠪᠠᠭᠤᠷᠢ᠎ᠶ᠋ᠢ ᠱᠢᠨ᠎ᠡ᠎ᠪᠡᠷ ᠢᠯᠡᠷᠡᠭᠦᠯᠵᠦ᠍᠂ ᠬᠤᠩᠱᠠᠨ ᠰᠣᠶᠣᠯ᠎ᠤᠨ ᠳᠦᠷᠰᠦ ᠪᠠᠢᠳᠠᠯ᠎ᠢ ᠤᠯᠠᠮ ᠲᠣᠳᠣᠷᠬᠠᠶ ᠪᠣᠯᠭᠠᠪᠠ᠃

ᠲᠡᠦᠬᠡ᠎ᠶ᠋ᠢᠨ ᠳᠤᠷᠠᠰᠭᠠᠯᠲᠤ ᠵᠦᠶ᠋ᠯᠡᠰ ᠨᠢ ᠤᠭᠰᠠᠷᠠᠭᠤᠯᠬᠤ ᠵᠢᠷᠤᠭ ᠮᠡᠲᠦ ᠪᠡᠷ ᠬᠥᠮᠦᠰ᠎ᠦᠨ ᠲᠡᠦᠬᠡ᠎ᠶ᠋ᠢᠨ ᠲᠤᠬᠠᠶ ᠲᠠᠨᠢᠯᠲᠠ᠎ᠶ᠋ᠢ ᠲᠠᠰᠤᠷᠠᠯᠲᠠ ᠥᠬᠡᠶ ᠱᠢᠨᠡᠳᠭᠡᠨ᠎ᠡ᠃ ᠱᠢᠶᠠ ᠱᠠᠩ ᠵᠧᠦ ᠡᠴᠡ ᠪᠠᠢᠯᠳᠤᠭᠠᠨᠲᠤ ᠤᠯᠤᠰ᠎ᠤᠨ ᠦᠶ᠎ᠡ᠎ᠳᠦ ᠬᠦᠷᠡᠯ ᠵᠡᠪᠰᠡᠭ ᠬᠡᠷᠡᠯ ᠬᠢᠯᠪᠠᠭ᠎ᠠ ᠰᠠᠴᠤᠷᠠᠭᠤᠯᠵᠤ᠂ ᠴᠢᠨ ᠤᠯᠤᠰ ᠬᠠᠨ ᠤᠯᠤᠰ ᠡᠴᠡ ᠡᠮᠦᠨᠡᠲᠦ ᠤᠮᠠᠷᠠᠲᠤ ᠲᠥᠷᠥ᠎ᠶ᠋ᠢᠨ ᠦᠶ᠎ᠡ ᠬᠦᠷᠴᠦ ᠣᠷᠳᠣ ᠴᠠᠭᠠᠨ ᠬᠡᠷᠡᠮ ᠰᠡᠭᠦᠢᠨ ᠪᠤᠰᠴᠤ᠂ ᠰᠦᠶ ᠤᠯᠤᠰ ᠲᠠᠩ ᠤᠯᠤᠰ ᠡᠴᠡ ᠯᠢᠶᠣᠤ ᠤᠯᠤᠰ ᠠᠯᠲᠠᠨ ᠤᠯᠤᠰ᠎ᠤᠨ ᠦᠶ᠎ᠡ᠎ᠶᠢᠨ ᠴᠡᠴᠡᠭ᠌ᠯᠡᠨ ᠬᠥᠭ᠌ᠵᠢᠭ᠌ᠰᠡᠨ ᠨᠤᠲᠤᠭ ᠳᠡᠪᠢᠰᠭᠡᠷ ᠁ ᠸᠠᠭᠠᠷ᠎ᠤᠨ ᠬᠡ ᠤᠭᠠᠯᠵᠠ ᠳᠡᠭᠡᠷᠡᠬᠢ ᠬᠤᠷᠤᠭᠤᠨ ᠣᠷᠣᠮ᠂ ᠬᠦᠷᠡᠯ ᠵᠡᠪᠰᠡᠭ᠎ᠦᠨ ᠵᠢᠪᠡᠷᠡᠭ᠌ᠰᠡᠨ ᠮᠥᠷ᠂ ᠣᠷᠳᠣ ᠴᠠᠭᠠᠨ ᠬᠡᠷᠡᠮ᠎ᠦᠨ ᠬᠢᠯᠢ᠎ᠶ᠋ᠢᠨ ᠴᠠᠢᠵᠠ ᠡᠴᠡ ᠬᠥᠮᠦᠰ ᠳᠤᠮᠳᠠᠳᠤ᠎ᠶ᠋ᠢᠨ ᠪᠣᠯᠪᠠᠰᠤᠨ᠎ᠤ ᠰᠦᠷ ᠳᠠᠯᠠᠢᠴᠠ ᠵᠢ ᠮᠡᠳᠡᠷᠡᠵᠦ᠍ ᠪᠤᠯᠤᠨ᠎ᠠ᠃

ᠰᠠᠯᠬᠢ ᠦᠯᠢᠶᠡᠵᠦ᠍ ᠡᠭᠦᠯᠡ ᠡᠪᠬᠡᠷᠡᠨ ᠬᠤᠢᠯᠠᠷᠠᠨ ᠨᠢᠭᠡᠳᠦᠨ᠎ᠡ

ᠮᠠᠱᠢᠨ ᠲᠡᠷᠭᠡ᠎ᠪᠡᠷ ᠬᠦᠬᠦᠨ ᠪᠠᠯᠭᠠᠰᠤᠨ᠎ᠤ ᠳᠦᠷᠪᠡᠡᠭᠡᠷ ᠲᠣᠰᠭᠣᠨ᠎ᠳᠤ ᠬᠦᠷᠬᠦ᠌᠎ᠳᠦ᠂ ᠲᠣᠰᠭᠣᠨ᠎ᠤ ᠪᠠᠷᠠᠭᠤᠨ ᠡᠮᠦᠨ᠎ᠡ ᠪᠠᠢᠭ᠎ᠠ ᠨᠢᠭᠡ ᠳᠣᠪᠣᠴᠠᠭ ᠳᠡᠭᠡᠷ᠎ᠡ 《ᠯᠢᠩ ᠠᠨ ᠵᠧᠦ᠍ ᠬᠤᠳᠠ᠎ᠶ᠋ᠢᠨ ᠦᠯᠡᠳᠡᠭᠳᠡᠯ》ᠭᠡᠬᠦ ᠦᠰᠦᠭ ᠳᠡᠢ ᠴᠢᠯᠠᠭᠤᠨ ᠬᠥᠱᠢᠢ᠎ᠡ ᠬᠠᠷᠠᠭᠳᠠᠨ᠎ᠠ᠃ ᠡᠷᠲᠡᠨ᠎ᠦ ᠬᠣᠲᠠ ᠮᠢᠩᠭᠠᠨ ᠵᠢᠯ᠎ᠦᠨ ᠰᠠᠯᠬᠢ ᠱᠢᠭᠤᠷᠭ᠎ᠠ᠎ᠶ᠋ᠢ ᠳᠤᠭᠤᠯᠵᠤ᠂ ᠵᠥᠪᠬᠡᠨ ᠬᠡᠳᠦᠨ ᠱᠢᠷᠣᠶ᠎ᠶ᠋ᠢᠨ ᠨᠢᠷᠤᠭᠤ ᠦᠯᠡᠳᠡᠭᠰᠡᠨ᠎ᠴᠤ ᠥᠩᠭᠡᠷᠡᠭ᠌ᠰᠡᠨ᠎ᠦ ᠳᠠᠢᠨ ᠳᠠᠵᠢᠨ ᠪᠠ ᠬᠥᠭ᠌ᠵᠢᠯ ᠪᠠᠳᠠᠷᠠᠯ᠎ᠢ ᠬᠡᠷᠡᠴᠢᠯᠡᠨ᠎ᠡ᠃

1988 ᠣᠨ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠦᠬᠡ ᠰᠣᠶᠣᠯ᠎ᠤᠨ ᠳᠤᠷᠠᠰᠭᠠᠯᠲᠤ ᠵᠦᠢᠯᠡᠰ ᠬᠠᠭᠤᠴᠢ ᠰᠤᠳᠤᠯᠤᠯ᠎ᠤᠨ ᠭᠠᠵᠠᠷ (ᠤᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠦᠬᠡ ᠰᠣᠶᠣᠯ᠎ᠤᠨ ᠳᠤᠷᠠᠰᠭᠠᠯᠲᠤ ᠵᠦᠢᠯᠡᠰ ᠬᠠᠭᠤᠴᠢ ᠰᠤᠳᠤᠯᠤᠯ᠎ᠤᠨ ᠬᠦᠷᠢᠶᠡᠯᠡᠩ) ᠤ᠋ᠨ ᠠᠵᠢᠯᠲᠠᠨ ᠯᠢᠩ ᠠᠨ ᠵᠸᠦ ᠬᠣᠲᠠ᠎ᠶᠢᠨ ᠦᠯᠡᠳᠡᠭᠳᠡᠯ᠎ᠢ ᠨᠠᠷᠢᠨ ᠱᠢᠨᠵᠢᠯᠡᠵᠦ᠍᠂ ᠳᠤᠰᠬᠤᠭᠤᠷ ᠸᠠᠭᠠᠷ᠂ ᠸᠠᠭᠠᠷ᠎ᠤᠨ ᠴᠢᠮᠡᠭ᠌ᠯᠡᠯ᠂ ᠱᠠᠭᠠᠵᠠᠩ ᠡᠳ᠋ᠯᠡᠯ᠂ ᠤᠷᠤᠮ ᠳᠠᠷᠤᠬᠤ ᠵᠡᠰ ᠲᠠᠮᠠᠭ᠎ᠠ᠂ ᠴᠢᠯᠠᠭᠤᠨ ᠪᠤᠷᠬᠠᠨ ᠵᠡᠷᠭᠡ ᠶᠡᠬᠡ ᠣᠯᠠᠨ ᠬᠣᠪᠣᠷ ᠦᠨᠡᠲᠦ ᠲᠡᠦᠬᠡ ᠰᠣᠶᠣᠯ᠎ᠤᠨ ᠳᠤᠷᠠᠰᠭᠠᠯᠲᠤ ᠵᠦᠢᠯᠡᠰ᠎ᠢ ᠣᠯᠪᠠ᠃ ᠢᠯᠠᠩᠭᠤᠶ᠎ᠠ ᠮᠠᠯᠲᠠᠵᠤ ᠭᠠᠷᠭᠠᠭ᠍ᠰᠠᠨ《ᠯᠢᠩ ᠠᠨ ᠵᠧᠦ᠎ᠶ᠋ᠢᠨ ᠮᠡᠳᠡᠭ᠌ᠴᠢ᠎ᠶ᠋ᠢᠨ ᠲᠠᠮᠠᠭ᠎ᠠ》 ᠨᠢ ᠲᠣᠰ ᠬᠣᠲᠠ᠎ᠶ᠋ᠢᠨ ᠨᠡᠷ᠎ᠡ ᠵᠢ ᠲᠣᠭ᠍ᠲᠠᠭᠠᠬᠤ᠎ᠳᠤ ᠦᠨᠡᠨ ᠪᠣᠳᠠᠲᠠᠶ ᠭᠡᠷᠡᠴᠢ ᠬᠠᠩᠭᠠᠭ᠍ᠰᠠᠨ ᠪᠠᠢᠨ᠎ᠠ᠃ ᠲᠤᠰ ᠲᠠᠮᠠᠭ᠎ᠠ᠎ᠶ᠋ᠢ ᠢᠯᠡᠷᠡᠭᠦᠯᠦᠭ᠌ᠰᠡᠨ ᠨᠢ《 ᠯᠢᠶᠣᠤ ᠤᠯᠤᠰ᠎ᠤᠨ ᠲᠡᠦᠬᠡ 》 ᠂ 《ᠠᠯᠲᠠᠨ ᠤᠯᠤᠰ᠎ᠤᠨ ᠲᠡᠦᠬᠡ》 ᠵᠢᠴᠢ 《ᠰᠦᠩ ᠤᠯᠤᠰ᠎ᠤᠨ ᠲᠡᠦᠬᠡ》 ᠎ᠳ᠋ᠡᠬᠢ ᠯᠢᠩ ᠠᠨ ᠵᠧᠦ᠎ᠶ᠋ᠢᠨ ᠲᠤᠬᠠᠶ ᠲᠡᠮᠳᠡᠭ᠌ᠯᠡᠯ᠎ᠤᠨ ᠬᠣᠭᠣᠰᠣᠨ᠎ᠢ ᠨᠥᠬᠥᠪᠥᠷᠢᠯᠡᠵᠦ᠍᠂ ᠯᠢᠶᠣᠤ ᠤᠯᠤᠰ᠎ᠤᠨ ᠲᠡᠦᠬᠡ ᠭᠠᠵᠠᠷ ᠵᠦᠢ᠎ᠶ᠋ᠢ ᠤᠯᠠᠮ ᠨᠢᠭᠡ ᠠᠯᠬᠤᠮ ᠰᠤᠳᠤᠯᠬᠤ᠎ᠳᠤ ᠱᠢᠨ᠎ᠡ ᠮᠠᠲ᠋ᠧᠷᠢᠶᠠᠯ ᠬᠠᠩᠭᠠᠭ᠍ᠰᠠᠨ ᠪᠠᠢᠨ᠎ᠠ᠃ 2013 ᠣᠨ᠎ᠳᠤ ᠯᠢᠩ ᠠᠨ ᠵᠧᠦ᠎ᠶ᠋ᠢᠨ ᠬᠣᠲᠠ᠎ᠶ᠋ᠢᠨ ᠦᠯᠡᠳᠡᠭᠳᠡᠯ᠎ᠢ ᠪᠦᠬᠦ᠌ ᠤᠯᠤᠰ᠎ᠤᠨ ᠳᠣᠯᠣᠳᠤᠭᠠᠷ ᠪᠦᠯᠦᠭ᠎ᠤᠨ᠎ᠭᠤᠤᠯᠳᠠᠯᠭᠠᠳᠤ ᠲᠡᠦᠬᠡ᠎ᠶ᠋ᠢᠨ ᠳᠤᠷᠠᠰᠭᠠᠯᠲᠤ ᠵᠦᠢᠯᠡᠰ᠎ᠦᠨ ᠬᠠᠮᠠᠭᠠᠯᠠᠯᠲᠠ᠎ᠶ᠋ᠢᠨ ᠨᠢᠭᠡᠴᠢ᠎ᠪᠡᠷ ᠲᠣᠭ᠍ᠲᠠᠭᠠᠵᠠᠶ᠃

ᠬᠦᠷᠢᠶ᠎ᠡ ᠬᠣᠰᠢᠭᠤᠨ᠎ᠤ ᠮᠦᠽᠧᠢ᠎ᠶᠢᠨ ᠳᠠᠷᠤᠭ᠎ᠠ ᠶᠠᠩ ᠸᠧᠢ ᠳ᠋ᠦᠩ᠂ ᠯᠢᠩ ᠠᠨ ᠵᠧᠦ᠎ᠶᠢᠨ ᠮᠡᠳᠡᠭᠴᠢ᠎ᠶᠢᠨ ᠲᠠᠮᠠᠭᠠᠨ ᠳᠡᠭᠡᠷ᠎ᠡ ᠰᠡᠢᠯᠦᠭᠰᠡᠨ ᠨᠢ ᠬᠢᠲᠠᠳ ᠥᠰᠥᠭ᠎ᠦᠨ ᠭᠣᠷ ᠥᠰᠥᠭ ᠪᠣᠯᠣᠨ᠎ᠠ᠂ ᠯᠢᠶᠣᠤ ᠤᠯᠤᠰ᠎ᠤᠨ ᠬᠥᠮᠥᠰ ᠵᠦᠩᠶᠦᠸᠠᠨ ᠣᠷᠣᠨ᠎ᠤ ᠥᠰᠥᠭ ᠪᠢᠴᠢᠭ᠎ᠢ ᠨᠡᠢᠳᠡᠮ ᠮᠡᠳᠡᠷᠡᠵᠦ᠂ ᠠᠯᠪᠠᠨ ᠲᠠᠮᠠᠭ᠎ᠠ᠎ᠳᠤ ᠴᠥᠮ ᠬᠢᠲᠠᠳ ᠥᠰᠥᠭ᠎ᠢ ᠬᠡᠷᠡᠭᠯᠡᠵᠦ᠂ ᠯᠢᠶᠣᠤ ᠤᠯᠤᠰ᠎ᠤᠨ ᠰᠡᠭᠦᠯᠴᠢ᠎ᠶᠢᠨ ᠦᠶ᠎ᠡ᠎ᠶᠢᠨ ᠬᠢᠲᠠᠳᠴᠢᠯᠠᠭᠰᠠᠨ ᠬᠡᠮᠵᠢᠶ᠎ᠡ ᠨᠠᠩ ᠥᠨᠳᠥᠷ ᠪᠠᠢᠭᠰᠠᠨ ᠭᠡᠵᠤ ᠲᠠᠨᠢᠯᠴᠠᠭᠤᠯᠪᠠ᠃

ᠡᠨᠳᠡ ᠲᠡᠦᠬᠡ ᠨᠢ ᠨᠣᠮ ᠪᠢᠴᠢᠭ ᠳᠡᠭᠡᠷᠡᠬᠢ ᠦᠰᠦᠭ ᠪᠢᠴᠢᠭ ᠪᠢᠰᠢ᠂ ᠬᠠᠷᠢᠨ ᠭᠠᠷ᠎ᠲᠤ ᠪᠠᠷᠢᠭ᠍ᠳᠠᠮ᠎ᠠ ᠦᠨᠡᠨ ᠪᠣᠳᠠᠲᠦ ᠣᠷᠣᠰᠢᠬᠤᠢ ᠪᠣᠯᠵᠤ᠂ ᠬᠥᠮᠥᠰ ᠲᠦ᠍ ᠳᠤᠮᠳᠠᠳᠤ᠎ᠶᠢᠨ ᠪᠣᠯᠪᠠᠰᠤᠨ᠎ᠤ ᠤᠯᠠᠨ ᠡᠰᠢᠲᠦ ᠨᠢᠭᠡ ᠴᠣᠭᠴᠠ᠎ᠶᠢᠨ ᠲᠤᠬᠠᠢ ᠨᠡᠩ ᠭᠦᠨᠵᠡᠭᠡᠢ ᠲᠠᠨᠢᠯᠲᠠ ᠵᠢ ᠪᠣᠯᠭᠠᠭᠰᠠᠨ ᠪᠠᠢᠨ᠎ᠠ᠃

ᠯᠢᠩ ᠠᠨ ᠵᠧᠦ ᠬᠤᠳᠠ᠎ᠶᠢᠨ ᠪᠠᠭᠤᠷᠢ᠎ᠡᠴᠡ 50 ᠭᠠᠷᠤᠢ ᠺᠢᠯᠦᠮᠸᠲᠷ ᠵᠠᠢᠲᠠᠢ ᠪᠠᠢᠳᠠᠭ ᠨᠠᠷᠢᠨ ᠭᠤᠤ ᠵᠢᠨ ᠯᠢᠶᠣᠤ ᠤᠯᠤᠰ᠎ᠤᠨ ᠤᠩᠭᠤᠨ᠎ᠤ ᠰᠦᠷᠦᠭ ᠪᠣᠯᠣᠨ ᠤᠩᠭᠤᠨ ᠪᠤᠯᠠᠰᠢ ᠵᠢᠨ ᠭᠤᠢᠳᠠ ᠨᠠᠷᠢᠯᠢᠭ ᠬᠠᠨ᠎ᠠ᠎ᠶᠢᠨ ᠵᠢᠷᠤᠭ ᠨᠢ ᠮᠥᠨ ᠴᠦ᠍ ᠬᠠᠷᠠᠭ᠎ᠠ ᠵᠢ ᠬᠤᠵᠢᠷᠯᠠᠨ᠎ᠠ᠃ 《ᠡᠳᠡᠭᠡᠷ ᠬᠠᠨ᠎ᠡ ᠵᠢᠨ ᠵᠢᠷᠤᠭ᠎ᠤᠨ ᠲᠠᠯᠠᠪᠠᠶ ᠨᠢ ᠠᠰᠤᠷᠤ ᠶᠡᠬᠡ᠂ ᠠᠭᠤᠯᠭ᠎ᠠ ᠪᠠᠶᠠᠯᠢᠭ᠋᠂ ᠤᠷ᠎ᠠ ᠮᠡᠷᠭᠡᠵᠢᠯ ᠪᠣᠯᠪᠠᠰᠤᠷᠠᠩᠭᠤᠢ᠂ ᠡᠷᠳᠡᠮ ᠴᠢᠳᠠᠪᠤᠷᠢ ᠦᠨᠳᠦᠷ ᠪᠠᠢᠵᠤ᠂ ᠣᠳᠣ᠌ ᠦᠶ᠎ᠡ᠎ᠳᠦ ᠬᠣᠪᠣᠷᠬᠠᠨ ᠪᠠᠢᠳᠠᠭ᠃ ᠵᠢᠷᠤᠭ᠎ᠲᠤ ᠵᠦᠩᠶᠦᠸᠠᠨ ᠣᠷᠣᠨ᠎ᠤ ᠬᠥᠮᠥᠨ ᠪᠠᠢᠬᠤ ᠮᠥᠷᠲᠡᠭᠡᠨ ᠬᠢᠳᠠᠨ ᠬᠥᠮᠥᠨ ᠴᠦ᠍ ᠪᠠᠢᠨ᠎ᠠ᠂ ᠡᠨᠡ ᠨᠢ ᠪᠠᠰᠠ ᠴᠤ᠌ ᠦᠨᠳᠦᠰᠦᠲᠡᠨ᠎ᠦ ᠠᠭᠤᠰᠤᠯᠴᠠᠯ᠎ᠤᠨ ᠢᠯᠡᠷᠡᠯ ᠮᠥᠨ》 ᠭᠡᠵᠦ ᠶᠠᠩ ᠸᠧᠢ ᠳ᠋ᠦᠩ ᠬᠡᠯᠡᠪᠡ᠃

ᠴᠠᠯ ᠪᠤᠭᠤᠷᠤᠯ ᠰᠠᠬᠠᠯ᠎ᠲᠠᠢ ᠡᠪᠦᠭᠡᠨ ᠵᠠᠩᠵᠤᠨ ᠬᠤᠸᠠᠩ ᠵᠦᠩ ᠭᠠᠷ᠎ᠲᠠᠭᠠᠨ ᠠᠯᠳᠠᠨ ᠢᠯᠳᠦ ᠪᠠᠷᠢᠵᠤ᠂ ᠮᠥᠩᠭᠥᠨ ᠰᠠᠬᠠᠯ ᠨᠢ ᠨᠠᠮᠢᠷᠠᠨ ᠬᠡᠢᠰᠦᠭᠰᠡᠭᠡᠷ ᠮᠣᠷᠢᠨ᠎ᠳᠠᠭᠠᠨ ᠮᠣᠷᠳᠠᠵᠤ᠂ ᠡᠷᠳᠡᠨᠢ᠎ᠶᠢᠨ ᠢᠯᠳᠦ ᠪᠡᠷ ᠰᠠᠯᠬᠢ ᠨᠡᠪᠲᠡᠷᠡᠬᠦ ᠦᠭᠡᠢ ᠪᠣᠯᠲᠠᠯ᠎ᠠ ᠪᠥᠵᠢᠭᠯᠡᠪᠡ ᠁ ᠡᠨᠡ ᠬᠦ᠌ ᠬᠦᠷᠢᠶ᠎ᠡ ᠬᠣᠰᠢᠭᠤᠨ᠎ᠤ ᠭᠤᠷᠪᠠᠨ ᠶᠡᠬᠡ ᠰᠦᠮ᠎ᠡ᠎ᠶᠢᠨ ᠥᠩᠭᠡᠲᠦ ᠬᠠᠨ᠎ᠠ᠎ᠶᠢᠨ ᠵᠢᠷᠤᠭ ᠳᠡᠭᠡᠷᠡᠬᠢ 《ᠳ᠋ᠢᠩ ᠵᠢᠶᠦ᠋ᠨ ᠱᠠᠨ ᠠᠭᠤᠯᠠ》 ᠵᠢᠨ ᠦᠵᠡᠮᠵᠢ ᠨᠢ 《ᠮᠠ ᠰᠦ᠍ ᠵᠢ ᠴᠠᠪᠴᠢᠭ᠍ᠰᠠᠨ ᠨᠢ》᠂ 《ᠭᠤᠷᠪᠠᠨ ᠪᠣᠭᠣᠮᠲᠠ᠎ᠶᠢ ᠳᠠᠪᠠᠭᠰᠠᠨ ᠨᠢ》 ᠵᠡᠷᠭᠡ ᠵᠦᠩᠶᠦᠸᠠᠨ ᠣᠷᠣᠨ᠎ᠤ ᠰᠢ ᠵᠦᠴᠦᠭᠡ᠎ᠶᠢᠨ ᠦᠯᠢᠭᠡᠷ᠎ᠲᠠᠢ ᠬᠠᠮᠲᠤ ᠪᠠᠷ ᠣᠨ ᠰᠠᠷ᠎ᠠ᠎ᠶᠢᠨ ᠬᠤᠪᠢᠷᠠᠯᠲᠠ᠎ᠶᠢ ᠥᠩᠭᠡᠷᠡᠭᠡᠭᠡᠳ ᠮᠥᠨ ᠬᠦ᠌ ᠪᠦᠷᠢᠨ ᠪᠦᠲᠦᠨ ᠬᠠᠳᠠᠭᠠᠯᠠᠭᠳᠠᠭᠰᠠᠭᠠᠷ᠃ ᠡᠳᠡᠭᠡᠷ ᠭᠣᠢᠳᠠ ᠰᠠᠢᠬᠠᠨ ᠬᠠᠨ᠎ᠠ᠎ᠶᠢᠨ ᠵᠢᠷᠤᠭ ᠨᠢ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠡᠦᠬᠡ᠎ᠶᠢ ᠭᠦᠢᠴᠡᠳ ᠭᠡᠷᠡᠴᠢᠯᠡᠵᠡᠢ᠃

ᠲᠦᠩᠯᠢᠶᠣᠣ ᠬᠤᠲᠠ᠎ᠶᠢᠨ ᠮᠦᠽᠧᠢ᠎ᠶᠢᠨ ᠭᠤᠤᠯ ᠡᠷᠳᠡᠨᠢ᠎ᠶᠢᠨ ᠨᠢᠭᠡ ᠪᠣᠯᠬᠤ ᠶᠤᠸᠠᠨ ᠤᠯᠤᠰ᠎ᠤᠨ ᠬᠥᠬᠡ ᠬᠤᠸᠠᠷᠲᠦ ᠬᠠᠰ ᠳᠡᠪᠦᠷ᠎ᠡ ᠨᠢ ᠬᠦᠷᠢᠶ᠎ᠡ ᠬᠣᠰᠢᠭᠤᠨ᠎ᠡᠴᠡ ᠣᠯᠳᠠᠵᠠᠢ᠃ ᠲᠦᠩᠯᠢᠶᠣᠣ ᠬᠤᠳᠠ᠎ᠶᠢᠨ ᠰᠣᠶᠣᠯ ᠦᠵᠡᠰᠬᠦᠯᠡᠩ᠎ᠦᠨ ᠬᠦᠷᠢᠶᠡᠯᠡᠩ᠎ᠦᠨ ᠳᠡᠳ᠋ ᠰᠤᠳᠤᠯᠤᠭᠠᠴᠢ ᠮᠦᠽᠸᠢ ᠵᠢᠨ ᠬᠠᠮᠢᠶᠠᠷᠤᠭᠴᠢ ᠢᠦᠢ ᠭᠤᠸᠠᠩ ᠬᠤᠢ᠎ᠶᠢᠨ ᠦᠵᠡᠬᠦ᠎ᠪᠡᠷ᠂ ᠶᠤᠸᠠᠨ ᠤᠯᠤᠰ᠎ᠤᠨ ᠬᠥᠬᠡ ᠬᠤᠸᠠᠷᠲᠦ ᠬᠠᠰ ᠳᠡᠪᠦᠷ᠎ᠡ ᠨᠢ ᠵᠢᠶᠠᠩᠨᠠᠨ᠎ᠤ ᠵᠢᠩ ᠳ᠋ᠸ ᠵᠧᠨ᠎ᠳᠤ ᠰᠢᠲᠠᠭᠠᠨ ᠦᠢᠯᠡᠳᠦᠭᠰᠡᠨ ᠰᠣᠳᠣᠨ ᠪᠦᠲᠦᠭᠡᠯ ᠪᠣᠯᠤᠭᠰᠠᠨ᠎ᠤ ᠬᠤᠪᠢ᠎ᠳᠤ᠂ ᠬᠠᠷᠢᠨ ᠮᠢᠩᠭᠠᠨ ᠭᠠᠵᠠᠷ᠎ᠤᠨ ᠠᠯᠤᠰ᠎ᠲᠤ ᠪᠠᠢᠭ᠎ᠠ ᠤᠮᠠᠷᠠᠲᠤ᠎ᠶᠢᠨ ᠪᠠᠷᠠᠭᠤᠨ ᠯᠢᠶᠣᠤᠾᠧ ᠭᠣᠣᠯ᠎ᠤᠨ ᠰᠠᠪᠠ ᠭᠠᠵᠠᠷ᠎ᠡᠴᠡ ᠣᠯᠳᠠᠵᠠᠢ᠂ ᠲᠡᠭᠦᠨ᠎ᠦ ᠠᠮᠵᠢᠯᠲᠠ ᠵᠢᠨ ᠵᠠᠮ ᠮᠥᠷ ᠨᠢ ᠲᠤᠬᠠᠢ᠎ᠶᠢᠨ ᠦᠶ᠎ᠡ᠎ᠶᠢᠨ ᠡᠮᠦᠨᠡᠲᠦ ᠤᠮᠠᠷᠠᠲᠤ᠎ᠶᠢᠨ ᠦᠨᠳᠦᠰᠦᠲᠡᠨ᠎ᠨᠦᠭᠦᠳ᠎ᠦᠨ ᠬᠣᠭᠣᠷᠣᠨᠳᠣᠬᠢ ᠠᠵᠤ ᠠᠬᠤᠢ ᠪᠣᠯᠣᠨ ᠰᠣᠶᠣᠯ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠬᠦᠴᠦᠲᠡᠢ ᠭᠡᠷᠡᠴᠢ ᠪᠣᠯᠣᠨ᠎ᠠ ᠭᠡᠵᠡᠢ᠃

ᠬᠦᠷᠢᠶ᠎ᠡ ᠬᠣᠰᠢᠭᠤ᠎ᠪᠠᠷ ᠠᠶᠠᠯᠠᠬᠤ᠎ᠳᠤ᠂ ᠶᠠᠭ ᠯᠠ ᠴᠠᠭ ᠦᠶ᠎ᠡ᠎ᠶᠢᠨ ᠭᠦᠨ᠎ᠳᠦ ᠠᠯᠬᠤᠨ ᠣᠷᠣᠭᠰᠠᠨ ᠮᠡᠲᠦ᠄ ᠢᠯᠪᠢᠬᠦ ᠰᠠᠯᠬᠢ ᠨᠢ ᠴᠥᠮ ᠰᠣᠶᠣᠯ᠎ᠤᠨ ᠤᠯᠠ ᠮᠥᠷ᠎ᠢ ᠲᠠᠮᠠᠭᠠᠯᠠᠵᠤ᠂ ᠭᠠᠵᠠᠷ ᠰᠢᠷᠣᠢ ᠨᠢ ᠴᠥᠮ ᠲᠡᠦᠬᠡ ᠵᠢ ᠴᠤᠤᠷᠢᠶᠠᠳᠤᠨ᠎ᠠ᠃ ᠵᠠᠭᠤ ᠮᠢᠩᠭᠠᠨ ᠵᠢᠯ᠎ᠦᠨ ᠲᠤᠷᠰᠢ᠂ ᠣᠯᠠᠨ ᠡᠰᠢᠲᠦ ᠰᠣᠶᠣᠯ ᠡᠨᠳᠡ ᠰᠣᠯᠪᠢᠴᠠᠨ᠂ ᠮᠥᠷᠭᠥᠯᠳᠦᠵᠦ᠂ ᠤᠮᠳᠠᠯᠠᠵᠤ᠂ ᠡᠴᠦᠰ᠎ᠲᠡᠬᠡᠨ ᠬᠠᠷᠢᠯᠴᠠᠨ ᠵᠣᠬᠢᠴᠠᠯᠳᠤᠨ ᠬᠠᠮᠲᠤ ᠣᠷᠣᠰᠢᠵᠤ᠂ ᠶᠠᠪᠤᠬᠤ ᠲᠤᠲᠤᠮ ᠰᠢᠨᠡᠳᠴᠦ ᠢᠷᠡᠭᠰᠡᠨ ᠶᠤᠮ᠃

ᠠᠨᠳᠠᠢ ᠪᠦᠵᠢᠭ ᠡᠷᠲᠡᠨ᠎ᠡᠳᠦᠭᠡ᠎ᠵᠢᠨ ᠦᠯᠢᠭᠡᠷ ᠬᠦᠦᠷᠨᠢᠨ᠎ᠡ

ᠬᠦᠷᠢᠶ᠎ᠡ ᠬᠣᠰᠢᠭᠤᠨ᠎ᠤ ᠲᠡᠦᠬᠡ ᠪᠣᠯ ᠨᠤᠲᠤᠭ᠎ᠤᠨ ᠬᠥᠮᠥᠰ᠎ᠦᠨ ᠰᠡᠳᠬᠢᠯ᠎ᠳᠡᠬᠢ ᠨᠤᠲᠤᠭ᠎ᠤᠨ ᠬᠠᠢᠷ᠎ᠠ ᠰᠡᠳᠬᠢᠯᠭᠡ᠂ ᠮᠥᠨ ᠴᠦ᠍ ᠭᠠᠳᠠᠷ ᠤᠷᠤᠨ᠎ᠤ ᠬᠥᠮᠥᠰ᠎ᠦᠨ ᠬᠠᠷᠠᠭ᠎ᠠ ᠵᠢ ᠬᠤᠵᠢᠷᠯᠠᠬᠤ ᠦᠵᠡᠮᠵᠢ ᠮᠦᠨ᠃ ᠡᠳᠦᠭᠡ ᠲᠡᠦᠬᠡ᠎ᠶᠢᠨ ᠤᠨᠢᠶᠠᠷ ᠰᠠᠷᠨᠢᠵᠤ᠂ ᠡᠨᠳᠡ ᠬᠠᠭᠤᠴᠢᠨ᠎ᠤ ᠬᠡᠪ ᠨᠠᠮᠪᠠ᠎ᠪᠠᠨ ᠬᠠᠳᠠᠭᠠᠯᠠᠵᠤ ᠦᠯᠡᠳᠡᠭᠰᠡᠨ᠎ᠢᠶᠠᠷ ᠪᠠᠷᠠᠬᠤ ᠦᠭᠡᠢ ᠪᠠᠰᠠ ᠵᠠᠯᠠᠭᠤ ᠨᠠᠰᠤᠨ᠎ᠤ ᠠᠮᠢᠵᠢᠷᠠᠯ᠎ᠢ ᠢᠯᠡᠷᠡᠭᠦᠯᠦᠭᠰᠡᠨ ᠪᠠᠢᠨ᠎ᠠ᠃

ᠬᠥᠮᠥᠰ᠎ᠦᠨ ᠡᠷᠬᠡ ᠴᠢᠯᠦᠭᠡ ᠠᠨᠳᠠᠢ ᠪᠦᠵᠢᠭ ᠲᠦ᠍ ᠠᠭᠤᠰᠤᠨ ᠰᠢᠨᠭᠭᠡᠵᠡᠢ᠃ ᠬᠦᠴᠦᠲᠦ ᠳᠡᠪᠡᠷᠡᠭᠦᠨ ᠠᠯᠬᠤᠯᠳᠠ ᠨᠢ ᠲᠦᠮᠡᠨ ᠠᠭᠲᠠ᠎ᠶᠢᠨ ᠲᠦᠪᠡᠷᠭᠡᠨ ᠮᠡᠲᠦ᠂ ᠳᠣᠯᠭᠢᠶᠠᠯᠠᠨ ᠳᠠᠪᠠᠯᠭᠠᠯᠠᠬᠤ ᠵᠢᠨ ᠳᠤᠮᠳᠠ ᠥᠩᠭᠡ ᠵᠢᠨ ᠲᠣᠷᠭ᠎ᠠ ᠳᠤᠷᠳᠤᠩ ᠳᠡᠷᠪᠡᠯᠵᠡᠨ ᠮᠢᠷᠠᠯᠵᠠᠨ᠎ᠠ ᠁ ᠬᠦᠷᠢᠶ᠎ᠡ ᠬᠣᠰᠢᠭᠤᠨ᠎ᠤ ᠨᠠᠰᠤᠲᠠᠢᠴᠤᠳ᠎ᠤᠨ ᠪᠡᠶ᠎ᠡ᠎ᠶᠢᠨ ᠲᠠᠮᠢᠷ᠎ᠤᠨ ᠨᠡᠢᠭᠡᠮᠯᠢᠭ᠎ᠦᠨ ᠤᠯᠠᠭᠠᠨᠮᠥ᠋ᠴᠢᠷ᠎ᠦᠨ ᠰᠣᠶᠣᠯ ᠤᠷᠠᠯᠢᠭ᠋᠎ᠤᠨ ᠲᠥᠪ᠎ᠦᠨ ᠪᠣᠯᠪᠠᠰᠤᠷᠠᠯ᠎ᠤᠨ ᠲᠢᠩᠬᠢᠮ᠎ᠳᠦ᠂ ᠪᠦᠵᠢᠭᠴᠢᠳ᠎ᠤᠨ ᠠᠯᠬᠤᠭ᠎ᠠ ᠬᠦᠳᠡᠯᠤᠯ ᠢᠳᠡᠷᠡᠭᠦᠨ ᠴᠤᠪᠤᠭᠤᠯᠢᠭ ᠪᠠᠢᠵᠤ᠂ ᠪᠦᠬᠦ ᠤᠯᠤᠰ᠎ᠤᠨ ᠨᠠᠰᠤᠲᠠᠢᠴᠤᠳ᠎ᠤᠨ ᠲᠠᠯᠠᠪᠠᠢ᠎ᠶᠢᠨ ᠪᠥᠵᠢᠭ᠎ᠦᠨ ᠰᠣᠯᠢᠯᠴᠠᠭᠠᠨ᠎ᠤ ᠠᠵᠢᠯᠯᠠᠭ᠎ᠠ᠎ᠳᠤ ᠤᠷᠤᠯᠴᠠᠬᠤ ᠪᠡᠷ ᠪᠡᠯᠡᠳᠬᠡᠨ᠎ᠡ᠃

《ᠠᠨᠳᠠᠢ ᠪᠥᠵᠢᠭ ᠨᠢ ᠨᠢᠭᠡ ᠵᠦᠢᠯ᠎ᠦᠨ ᠬᠠᠯᠠᠭᠤᠮᠰᠤᠭ᠂ ᠢᠳᠡᠪᠬᠢᠲᠡᠢ᠂ ᠪᠡᠶ᠎ᠡ᠎ᠳᠡᠭᠡᠨ ᠢᠲᠡᠭᠡᠯ᠎ᠲᠠᠢ ᠠᠮᠢᠳᠤᠷᠠᠯ᠎ᠤᠨ ᠣᠪᠣᠷ᠎ᠢ ᠢᠯᠡᠷᠡᠭᠦᠯᠳᠡᠭ》᠃ ᠠᠨᠳᠠᠢ ᠪᠥᠵᠢᠭ᠎ᠦᠨ ᠲᠤᠬᠠᠢ ᠶᠠᠷᠢᠬᠤ᠎ᠳᠤ ᠤᠷᠠᠯᠢᠭ᠋᠎ᠤᠨ ᠲᠥᠪ᠎ᠦᠨ ᠡᠷᠬᠢᠯᠡᠭᠴᠢ ᠪᠥᠭᠡᠳ ᠪᠦᠯᠬᠦᠮ᠎ᠦᠨ ᠳᠠᠷᠤᠭ᠎ᠠ ᠱᠤᠸᠠᠩ ᠪᠠᠶᠠᠷ᠎ᠤᠨ ᠴᠢᠷᠠᠢ᠎ᠳᠦ ᠪᠠᠶᠠᠷ ᠪᠢᠯᠬᠠᠨ᠎ᠠ᠃ ᠬᠦᠷᠢᠶ᠎ᠡ ᠬᠣᠰᠢᠭᠤ ᠤᠤᠯ᠎ᠡᠴᠡ᠎ᠪᠠᠨ《ᠳᠤᠮᠳᠠᠳᠤ ᠤᠯᠤᠰ᠎ᠤᠨ ᠠᠨᠳᠠᠢ ᠤᠷᠠᠯᠢᠭ᠋᠎ᠤᠨ ᠨᠤᠲᠤᠭ》 ᠭᠡᠬᠦ ᠰᠠᠢᠬᠠᠨ ᠠᠯᠳᠠᠷ᠎ᠲᠠᠢ ᠪᠠᠢᠵᠦ᠂ ᠡᠨᠳᠡᠬᠢ ᠬᠥᠮᠥᠰ 《ᠠᠨᠵᠢᠰᠤ ᠪᠠᠷᠢᠪᠠᠯ ᠲᠠᠷᠢᠶᠠᠴᠢᠨ᠂ ᠠᠯᠴᠢᠭᠤᠷ ᠪᠠᠷᠢᠪᠠᠯ ᠪᠦᠵᠢᠭᠴᠢᠨ》 ᠪᠤᠯᠳᠠᠭ᠃ ᠵᠢᠯ ᠴᠠᠭᠠᠨ ᠰᠠᠷ᠎ᠠ ᠪᠤᠶᠤ ᠪᠠᠶᠠᠷ ᠳᠤᠷᠠᠰᠬᠠᠯ᠎ᠤᠨ ᠡᠳᠦᠷ᠂ ᠡᠯᠪᠡᠭ ᠬᠤᠷᠢᠶᠠᠯᠲᠠ᠎ᠶᠢ ᠪᠡᠯᠭᠡᠯᠡᠬᠦ᠂ ᠬᠤᠷᠢᠮ ᠨᠠᠢᠷ᠎ᠬᠢᠬᠦ ᠁ ᠬᠥᠮᠥᠰ ᠴᠥᠮ ᠠᠨᠳᠠᠢ ᠪᠥᠵᠢᠭ ᠪᠥᠵᠢᠭᠯᠡᠨ᠎ᠡ᠃ ᠦᠬᠢᠳ ᠪᠡᠷᠢᠶᠡᠳ ᠠᠯᠴᠢᠭᠤᠷ᠎ᠢᠶᠠᠨ ᠡᠷᠭᠢᠭᠦᠯᠦᠨ ᠪᠥᠵᠢᠭᠯᠡᠵᠤ᠂ ᠵᠠᠯᠠᠭᠤᠰ ᠭᠤᠲᠤᠯ᠎ᠢᠶᠠᠨ ᠲᠠᠢ᠍ᠢᠯᠵᠤ ᠬᠥᠯ ᠨᠢᠴᠦᠭᠦᠨ ᠪᠥᠵᠢᠭᠯᠡᠨ᠂ ᠬᠡᠦᠬᠡᠳ᠎ᠦᠳ ᠬᠠᠴᠢᠨ ᠲᠦᠷᠢ ᠦᠵᠡᠭᠦᠯᠦᠨ ᠪᠥᠵᠢᠭᠯᠡᠵᠤ᠂ ᠭᠠᠯ ᠤᠯᠠᠭᠠᠨ ᠲᠣᠷᠭᠠᠨ ᠠᠯᠴᠢᠭᠤᠷ ᠪᠠ ᠬᠦᠷ ᠬᠥᠭᠵᠢᠭᠡᠨ᠎ᠲᠠᠢ ᠪᠦᠵᠢᠭ᠎ᠤᠨ ᠬᠦᠳᠡᠯᠦᠯ ᠨᠢ ᠬᠥᠮᠥᠰ᠎ᠦᠨ ᠰᠡᠳᠬᠢᠯ ᠵᠢᠷᠦᠬᠡᠨ᠎ᠦ ᠵᠣᠯ ᠵᠢᠷᠭᠠᠯ᠎ᠢ ᠢᠯᠡᠷᠡᠭᠦᠯᠦᠨ᠎ᠡ᠃

ᠱᠤᠸᠠᠩ ᠪᠠᠶᠠᠷ ᠠᠵᠢᠯ᠎ᠡᠴᠡ᠎ᠪᠠᠨ ᠠᠮᠠᠷᠠᠭᠰᠠᠨ᠎ᠤ ᠳᠠᠷᠠᠭ᠎ᠠ ᠠᠨᠳᠠᠢ ᠪᠥᠵᠢᠭ᠎ᠲᠦ ᠪᠠᠬᠠᠲᠠᠢ ᠬᠥᠮᠥᠰ᠎ᠢ ᠵᠣᠬᠢᠶᠠᠨ ᠪᠠᠢᠭᠤᠯᠵᠤ᠂ ᠰᠣᠶᠣᠯ᠎ᠤᠨ ᠦᠨᠡᠲᠦ ᠦᠪ᠎ᠢ ᠤᠯᠠᠮᠵᠢᠯᠠᠨ ᠵᠠᠯᠭᠠᠮᠵᠢᠯᠠᠬᠤ ᠪᠣᠳᠣᠯ ᠲᠥᠷᠥᠭᠳᠡᠵᠡᠢ᠃ 2009 ᠣᠨ᠎ᠳᠤ ᠲᠡᠭᠦᠨ᠎ᠦ ᠵᠣᠬᠢᠶᠠᠨ ᠪᠠᠢᠭᠤᠯᠤᠭᠰᠠᠨ《ᠡᠭᠡᠯ ᠲᠦᠮᠡᠨ》ᠤᠷᠠᠯᠢᠭ᠋᠎ᠤᠨ  ᠪᠦᠯᠬᠦᠮ ᠵᠢᠩᠬᠢᠨᠢ᠎ᠪᠡᠷ ᠪᠠᠢᠭᠤᠯᠤᠭᠳᠠᠪᠠ᠃ ᠲᠡᠷᠡ᠎ᠪᠡᠷ ᠪᠦᠯᠬᠦᠮ᠎ᠤᠨ ᠭᠡᠰᠢᠭᠦᠳ᠎ᠢᠶᠡᠨ ᠳᠠᠭᠠᠭᠤᠯᠤᠨ ᠤᠯᠠᠮᠵᠢᠯᠠᠯᠲᠤ ᠠᠨᠳᠠᠢ ᠪᠥᠵᠢᠭ᠎ᠢ ᠴᠤᠭᠯᠠᠭᠤᠯᠤᠨ ᠡᠮᠬᠢᠳᠬᠡᠵᠦ᠂ ᠡᠷᠡᠭᠦᠯ ᠰᠠᠷᠠᠭᠤᠯ ᠣᠶᠤᠨ ᠰᠠᠨᠠᠭᠠᠨ᠎ᠤ ᠬᠥᠭᠡᠭᠡᠴᠡᠯᠳᠦᠯ ᠪᠠ ᠭᠤᠤ᠎ᠠ ᠰᠠᠢᠬᠠᠨ᠎ᠤ ᠬᠦᠷᠲᠡᠭᠡᠯ᠎ᠢ ᠥᠷᠭᠡᠨ ᠣᠯᠠᠨ ᠦᠵᠡᠭᠴᠢᠳ᠎ᠲᠦ ᠠᠪᠴᠢᠷᠠᠭᠰᠠᠨ᠎ᠢᠶᠠᠷ ᠪᠠᠷᠠᠬᠤ ᠦᠭᠡᠢ᠂ ᠠᠨᠳᠠᠢ ᠪᠥᠵᠢᠭ᠎ᠢ ᠴᠦ᠍ ᠴᠣ᠌ ᠰᠢᠨ᠎ᠡ ᠳᠦᠷᠰᠦ ᠪᠠᠢᠳᠠᠯ᠎ᠢᠶᠠᠷ ᠪᠥᠬᠥ ᠤᠯᠤᠰ ᠴᠢᠨᠠᠭᠰᠢᠯᠠᠪᠠᠯ ᠳᠡᠯᠡᠬᠡᠢ᠎ᠶᠢᠨ ᠲᠠᠪᠴᠠᠩ᠎ᠳᠤ ᠭᠠᠷᠭᠠᠭᠰᠠᠨ ᠪᠠᠢᠨ᠎ᠠ᠃ 2012 ᠣᠨ᠎ᠤ 6 ᠰᠠᠷ᠎ᠠ᠎ᠳᠤ ᠤᠷᠠᠯᠢᠭ᠋᠎ᠤᠨ ᠪᠦᠯᠬᠦᠮ ᠤᠷᠢᠯᠭ᠎ᠠ᠎ᠪᠠᠷ ᠺᠣᠷᠢᠶᠠ᠎ᠳᠤ ᠡᠷᠬᠢᠯᠡᠭᠰᠡᠨ《ᠲᠠᠩᠰᠤᠭ ᠰᠠᠢᠬᠠᠨ ᠨᠠᠮᠤᠷ᠎ᠤᠨ ᠠᠶᠠᠰ ︱ ᠬᠣᠶᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠢᠳᠡᠷ ᠥᠲᠡᠯᠦᠭᠡ ᠨᠠᠰᠤᠨ᠎ᠤ ᠤᠷ᠎ᠡ ᠴᠢᠳᠠᠪᠤᠷᠢ᠎ᠶᠢᠨ ᠦᠵᠡᠭᠦᠯᠭᠡ᠎ᠶᠢᠨ ᠲᠣᠭᠯᠠᠯᠲᠠ》 ᠳ᠋ᠤ᠌ ᠣᠷᠣᠯᠴᠠᠵᠤ᠂ ᠲᠥᠯᠥᠭᠡᠯᠡᠬᠦ ᠪᠦᠲᠦᠭᠡᠯ《ᠤᠷᠭᠢᠯᠤᠮ᠎ᠠ ᠬᠠᠯᠠᠭᠤᠨ ᠠᠨᠳᠠᠢ》 ᠨᠢ ᠣᠨᠴᠠ ᠳᠡᠰ᠎ᠤᠨ ᠱᠠᠩᠨᠠᠯ᠂ ᠵᠣᠬᠢᠶᠠᠨ ᠪᠦᠲᠦᠭᠡᠯᠭᠡ᠎ᠶᠢᠨ ᠱᠠᠩᠨᠠᠯ ᠵᠢᠴᠢ ᠵᠣᠬᠢᠶᠠᠨ ᠪᠠᠢᠭᠤᠯᠤᠯᠲᠠ᠎ᠶᠢᠨ ᠱᠠᠩᠨᠠᠯ ᠬᠦᠷᠲᠡᠵᠡᠢ᠃

2018 ᠣᠨ᠎ᠳᠤ᠂ ᠡᠨᠡ ᠬᠦ᠌ ᠤᠷᠠᠯᠢᠭ᠋᠎ᠤᠨ ᠪᠦᠯᠬᠦᠮ᠎ᠢ ᠬᠦᠷᠢᠶ᠎ᠡ ᠬᠣᠰᠢᠭᠤᠨ᠎ᠤ ᠨᠠᠰᠤᠲᠠᠢᠴᠤᠳ᠎ᠤᠨ ᠪᠡᠶ᠎ᠡ᠎ᠶᠢᠨ ᠲᠠᠮᠢᠷ᠎ᠤᠨ ᠨᠡᠢᠭᠡᠮᠯᠢᠭ᠎ᠲᠦ ᠬᠠᠷᠢᠶᠠᠯᠠᠭᠤᠯᠵᠤ᠂ 60 ᠰᠢᠬᠠᠮ ᠬᠥᠮᠥᠨ᠎ᠲᠠᠢ ᠪᠣᠯᠵᠠᠢ᠃ ᠱᠤᠸᠠᠩ ᠪᠠᠶᠠᠷ᠂ ᠪᠦᠯᠬᠦᠮ᠎ᠤᠨ ᠭᠡᠰᠢᠭᠦᠳ ᠠᠨᠳᠠᠢ ᠪᠥᠵᠢᠭ᠎ᠲᠦ ᠴᠥᠮ ᠤᠷᠠᠯᠢᠭ᠋᠎ᠤᠨ ᠣᠷᠭᠢᠯᠤᠮ᠎ᠠ ᠬᠠᠯᠠᠭᠤᠨ ᠰᠡᠳᠬᠢᠯᠭᠡ᠎ᠲᠠᠢ᠃ ᠲᠡᠳᠡ ᠡᠩ᠎ᠦᠨ ᠴᠠᠭ᠎ᠲᠠᠭᠠᠨ ᠥᠪᠡᠷ ᠥᠪᠡᠷ᠎ᠦᠨ ᠠᠵᠢᠯ᠎ᠲᠠᠢ᠂ ᠭᠡᠪᠡᠴᠦ ᠲᠣᠭᠯᠠᠯᠲᠠ ᠪᠠᠢᠳᠠᠭ ᠯᠠ ᠶᠤᠮ ᠪᠣᠯ ᠪᠦᠭᠦᠳᠡᠭᠡᠷ᠎ᠢᠶᠡᠨ ᠭᠠᠷ᠎ᠲᠠᠬᠢ ᠠᠵᠢᠯ᠎ᠢᠶᠠᠨ ᠤᠷᠬᠢᠵᠤ᠂ ᠪᠦᠬᠦ ᠰᠡᠳᠬᠢᠯ ᠪᠦᠬᠦ ᠵᠣᠷᠢᠭ᠋᠎ᠢᠶᠠᠷ᠎ᠢᠶᠠᠨ ᠲᠣᠭᠯᠠᠯᠲᠠ᠎ᠶᠢᠨ ᠪᠣᠯᠪᠠᠰᠤᠷᠠᠯ᠎ᠳᠤ ᠣᠷᠣᠯᠴᠠᠳᠠᠭ ᠭᠡᠪᠡ᠃

ᠥᠨᠥᠳᠥᠷ᠎ᠦᠨ ᠠᠨᠳᠠᠢ ᠪᠥᠵᠢᠭ ᠨᠢ ᠤᠮᠠᠷᠠᠲᠤ ᠬᠢᠯᠢ᠎ᠶᠢᠨ ᠰᠣᠶᠣᠯ᠎ᠤᠨ ᠳᠦᠷᠰᠦ ᠪᠠᠢᠳᠠᠯ ᠪᠠ ᠡᠷᠡᠭᠦᠯ ᠰᠠᠢᠬᠠᠨ ᠤᠷᠠᠯᠢᠭ᠋᠎ᠤᠨ ᠣᠨᠴᠠᠯᠢᠭ᠋᠎ᠲᠠᠢ ᠪᠠᠢᠵᠤ᠂ ᠠᠷᠠᠳ ᠲᠦᠮᠡᠨ᠎ᠦ ᠪᠡᠶ᠎ᠡ ᠴᠢᠭᠢᠷᠠᠭᠵᠢᠭᠤᠯᠤᠯᠲᠠ ᠪᠠ ᠵᠤᠭ᠎ᠠ ᠴᠡᠩᠭᠡᠯ᠎ᠦᠨ ᠬᠠᠮᠤᠭ᠎ᠤᠨ ᠰᠠᠢᠨ ᠬᠡᠯᠪᠡᠷᠢ ᠪᠣᠯᠣᠨ ᠬᠤᠪᠢᠷᠠᠵᠤ᠂ ᠵᠥᠪᠬᠡᠨ ᠬᠦᠷᠢᠶ᠎ᠡ ᠬᠣᠰᠢᠭᠤᠨ᠎ᠳᠤ 200 ᠭᠠᠷᠤᠢ ᠠᠨᠳᠠᠢ ᠪᠥᠵᠢᠭ᠎ᠦᠨ ᠡᠩᠨᠡᠭᠡ᠎ᠲᠠᠢ ᠪᠣᠯᠵᠠᠢ᠃ ᠠᠨᠳᠠᠢ ᠪᠥᠵᠢᠭ ᠨᠢ ᠨᠢᠭᠡᠨᠲᠡ ᠪᠥᠵᠢᠭ᠎ᠦᠨ ᠤᠷᠠᠯᠢᠭ᠋᠎ᠤᠨ ᠣᠷᠳᠣᠨ᠎ᠤ ᠨᠢᠭᠡᠨ ᠬᠡᠷᠡᠯᠳᠦ ᠰᠤᠪᠤᠳ ᠪᠣᠯᠵᠤ ᠭᠢᠯᠠᠯᠵᠠᠨ᠎ᠠ᠃ ᠱᠤᠸᠠᠩ ᠪᠠᠶᠠᠷ᠎ᠤᠨ ᠦᠵᠡᠬᠦ᠎ᠪᠡᠷ᠂ ᠠᠨᠳᠠᠢ ᠪᠥᠵᠢᠭ ᠨᠢ ᠤᠮᠠᠷᠠᠲᠤ ᠬᠢᠯᠢ᠎ᠶᠢᠨ ᠰᠣᠶᠣᠯ᠎ᠤᠨ ᠲᠦᠷᠦᠯ ᠲᠡᠮᠳᠡᠭᠳᠦ ᠵᠢ ᠪᠣᠶ ᠪᠣᠯᠭᠠᠬᠤ᠂ ᠠᠷᠠᠳ᠎ᠤᠨ ᠳᠠᠭᠤᠤ ᠪᠥᠵᠢᠭ᠎ᠦᠨ ᠤᠷᠠᠯᠢᠭ᠋᠎ᠢ ᠪᠠᠳᠠᠷᠠᠭᠤᠯᠬᠤ᠎ᠳᠤ ᠴᠢᠬᠤᠯᠠ ᠦᠢᠯᠡᠳᠦᠯ᠎ᠲᠠᠢ᠂ ᠠᠨᠳᠠᠢ ᠪᠥᠵᠢᠭ᠎ᠢ ᠰᠠᠢᠲᠤᠷ ᠬᠠᠮᠠᠭᠠᠯᠠᠨ ᠤᠯᠠᠮᠵᠢᠯᠠᠬᠤ᠎ᠳᠤ ᠴᠢᠬᠤᠯᠠ ᠴᠠᠭ ᠦᠶ᠎ᠡ᠎ᠶᠢᠨ ᠦᠨ᠎ᠡ ᠥᠷᠲᠡᠭ᠎ᠲᠠᠢ᠃

ᠬᠦᠷᠢᠶ᠎ᠡ ᠬᠣᠰᠢᠭᠤᠨ᠎ᠤ ᠮᠦᠽᠧᠢ᠂ ᠬᠦᠷᠢᠶ᠎ᠡ ᠰᠠᠭᠠᠭ᠂ ᠮᠣᠩᠭᠣᠯ ᠡᠮ᠂ ᠪᠢᠯᠠᠭᠤ ᠴᠤᠬᠢᠬᠤ ᠵᠡᠷᠭᠡ ᠭᠠᠵᠠᠷ᠎ᠢᠶᠠᠷ ᠵᠢᠭᠤᠯᠴᠢᠯᠠᠨ ᠲᠣᠭᠣᠷᠢᠪᠠᠯ᠂ ᠰᠣᠶᠣᠯ᠎ᠤᠨ ᠤᠯᠠᠮᠵᠢᠯᠠᠯ᠎ᠢ ᠲᠣᠳᠣᠷᠬᠠᠢ ᠣᠯᠵᠤ ᠮᠡᠳᠡᠨ᠎ᠡ᠃ ᠠᠨᠳᠠᠢ ᠪᠥᠵᠢᠭ᠎ᠦᠨ ᠬᠠᠪᠰᠤᠷᠤᠨ ᠬᠥᠭᠵᠢᠮᠳᠡᠬᠦ ᠬᠥᠭᠵᠢᠮᠳᠡᠭᠦᠷ ᠮᠣᠷᠢᠨ ᠬᠤᠭᠤᠷ᠂ ᠳᠥᠷᠪᠡᠨ ᠤᠲᠠᠰᠤᠲᠤ ᠬᠤᠭᠤᠷ᠂ ᠴᠦ᠍ᠭᠤᠷ ᠨᠢ ᠥᠪᠡᠷᠮᠢᠴᠡ ᠬᠦᠭ ᠠᠢᠵᠠᠮ᠎ᠢᠶᠡᠷ᠎ᠢᠶᠡᠨ ᠬᠠᠷᠢᠯᠴᠠᠨ ᠰᠣᠯᠪᠢᠴᠠᠵᠤ᠂ ᠡᠶ᠎ᠡ ᠵᠣᠬᠢᠴᠠᠯ᠎ᠲᠠᠢ᠎ᠪᠠᠷ ᠬᠠᠮᠲᠤ ᠣᠷᠣᠰᠢᠬᠰᠠᠨ᠂ ᠬᠠᠷᠢᠯᠴᠠᠨ ᠰᠣᠯᠢᠯᠴᠠᠵᠤ ᠬᠠᠷᠢᠯᠴᠠᠨ ᠲᠤᠯᠢ ᠪᠤᠯᠭᠠᠭᠰᠠᠨ ᠢᠷᠠᠭᠤ ᠬᠥᠭᠵᠢᠮ᠎ᠢ ᠬᠥᠭᠵᠢᠮᠳᠡᠪᠡ᠃

ᠥᠨᠢ ᠤᠳᠠᠭᠠᠨ ᠲᠡᠦᠬᠡ᠂ ᠡᠴᠢᠨ᠎ᠠ ᠬᠤᠪᠢᠷᠠᠯᠲᠠ ᠲᠡᠢ ᠭᠠᠵᠠᠷ ᠵᠦᠢ᠂ ᠦᠨᠡᠨᠴᠢ ᠴᠠᠭᠠᠪᠤᠷ ᠡᠯ᠎ᠡ ᠦᠨᠳᠦᠰᠦᠲᠡᠨ᠎ᠦ ᠬᠥᠪᠡᠭᠦᠳ ᠥᠬᠢᠳ ᠬᠦᠷᠢᠶ᠎ᠡ ᠬᠣᠰᠢᠭᠤᠨ᠎ᠤ ᠤᠯᠠᠨ ᠡᠰᠢᠲᠦ ᠠᠭᠤᠰᠤᠯᠴᠠᠭᠰᠠᠨ ᠤᠮᠠᠷᠠᠲᠤ ᠬᠢᠯᠢ᠎ᠶᠢᠨ ᠰᠣᠶᠣᠯ᠎ᠢ ᠪᠣᠢᠵᠢᠭᠤᠯᠵᠠᠢ᠃ ᠲᠡᠦᠬᠡ᠎ᠶᠢᠨ ᠳᠤᠷᠠᠰᠬᠠᠯᠲᠤ ᠵᠦᠢᠯᠡᠰ᠎ᠦᠨ ᠦᠯᠢᠬᠡᠷ ᠮᠥᠨ ᠦᠷᠭᠦᠯᠵᠢᠯᠡᠵᠦ᠂ ᠠᠮᠢᠳᠤᠷᠠᠯ᠎ᠤᠨ ᠦᠯᠢᠬᠡᠷ ᠰᠢᠨ᠎ᠡ ᠬᠠᠭᠤᠳᠠᠰᠤᠨ᠎ᠠ ᠪᠢᠴᠢᠭᠯᠡᠭᠳᠡᠨᠡᠮ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号