《ᠭᠠᠭ᠍ᠴᠠᠭᠠᠷ ᠠᠵᠢᠯᠯᠠᠵᠤ ᠭᠠᠭ᠍ᠴᠠᠭᠠᠷ ᠲᠡᠮᠡᠴᠡᠬᠦ᠌》 ᠡᠴᠡ 《ᠣᠯᠠᠨ ᠱᠠᠳᠤ ᠬᠣᠯᠪᠣᠭᠠᠯᠠᠨ ᠬᠥᠳᠡᠯᠦᠯᠴᠡᠬᠦ᠌》 ᠲᠡᠢᠰᠢ ᠠᠬᠢᠵᠤ ᠬᠥᠬᠡᠬᠣᠲᠠ 《ᠵᠠᠰᠠᠭ ᠠᠵᠤ ᠠᠬᠤᠢᠯᠠᠯ ᠰᠤᠷᠭᠠᠭᠤᠯᠢ ᠰᠤᠳᠤᠯᠭᠠᠨ ᠬᠡᠷᠡᠭ᠌ᠯᠡᠭᠡᠨ》 ᠣᠯᠠᠨ ᠱᠠᠲᠤ ᠬᠠᠮᠵᠢᠯᠴᠠᠨ ᠱᠢᠨ᠎ᠡ᠎ᠶ᠋ᠢ ᠡᠭᠦᠳᠬᠦ᠌ ᠠᠮᠢ ᠠᠬᠤᠶ ᠶ᠋ᠢ ᠪᠠᠢᠭᠤᠯᠤᠨ᠎ᠠ
2025-07-21 09:51:14
ᠵᠣᠬᠢᠶᠠᠭ᠍ᠴᠢ᠄
ᠯᠢᠦ ᠶᠠᠩ
ᠣᠩᠱᠢᠭ᠍ᠰᠠᠨ ᠣᠳᠠᠭ᠎ᠠ᠄
★★★☆☆

ᠲᠦᠷᠦᠭᠦᠬᠡᠨ ᠲᠡᠭᠦᠰᠦᠭ᠌ᠰᠡᠨ ᠪᠦᠬᠦ᠌ ᠤᠯᠤᠰ᠎ᠤᠨ ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ᠎ᠦᠨ ᠠᠵᠢᠯᠯᠠᠭᠠᠨ᠎ᠤ ᠭᠠᠷᠠᠭ᠎ᠤᠨ ᠬᠤᠭᠤᠴᠠᠭᠠᠨ᠎ᠳᠤ  ᠬᠥᠬᠡᠬᠣᠲᠠ ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ᠎ᠦᠨ ᠱᠢᠨ᠎ᠡ ᠡᠬᠦᠳᠦᠯᠳᠡ ᠵᠢᠨ ᠰᠢᠨ᠎ᠡ ᠦᠢᠯᠡᠳᠦᠯᠭᠡ ᠵᠢ ᠰᠦᠪᠡᠭᠴᠢᠯᠡᠵᠡᠢ᠄ ᠳᠤᠮᠳᠠᠳᠤ ᠤᠯᠤᠰ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠱᠢᠨᠵᠢᠯᠡᠬᠦ᠌ ᠤᠬᠠᠭᠠᠨᠲᠠᠨ ᠯᠦ᠍ ᠬᠠᠨ ᠴᠢᠩ ᠫᠷᠤᠹᠸᠰᠰᠤᠷ ᠬᠥᠬᠡᠬᠣᠲᠠ᠎ᠶ᠋ᠢᠨ ᠨᠢᠭᠡᠳᠦᠭᠡᠷ ᠳᠤᠮᠳᠠᠳᠤ ᠰᠤᠷᠭᠠᠭᠤᠯᠢ᠎ᠳᠤ ᠬᠦᠷᠴᠦ᠍᠂ 《ᠮᠠᠨ᠎ᠤ ᠠᠮᠢᠳᠤᠷᠠᠯ ᠲᠤᠮᠳᠠᠬᠢ ᠮᠠᠱᠢᠨ ᠬᠥᠮᠦᠨ》 ᠭᠡᠬᠦ᠌ ᠰᠡᠳᠦᠪ ᠵᠢᠡᠷ ᠲᠠᠢᠯᠤᠮᠵᠢ ᠬᠢᠵᠦ᠍᠂ ᠰᠤᠷᠤᠭ᠍ᠴᠢᠳ᠎ᠤᠨ  ᠱᠢᠨᠵᠢᠯᠡᠬᠦ᠌ ᠤᠬᠠᠭᠠᠨ᠎ᠢ ᠬᠠᠢᠨ ᠰᠦᠪᠡᠭ᠌ᠴᠢᠯᠡᠬᠦ᠌ ᠬᠠᠯᠠᠭᠤᠨ ᠰᠡᠳᠭᠢᠯᠭᠡ᠎ᠶ᠋ᠢ ᠬᠥᠭ᠌ᠵᠢᠭᠡᠪᠡ᠃ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ ᠪᠣᠯᠤᠨ ᠰᠤᠷᠭᠠᠭᠤᠯᠢ᠎ᠶ᠋ᠢᠨ ᠬᠦᠷᠢᠶᠡᠨ᠎ᠦ ᠬᠢᠴᠢᠶᠡᠯ᠎ᠦᠨ ᠲᠠᠩᠬᠢᠮ᠎ᠤᠨ ᠬᠣᠯᠪᠣᠭᠠᠯᠠᠨ ᠬᠥᠳᠡᠯᠦᠯᠴᠡᠭ᠌ᠰᠡᠨ ᠡᠨᠡ ᠬᠦ᠌ ᠶᠠᠪᠤᠳᠠᠯ ᠨᠢ ᠬᠥᠬᠡᠬᠣᠲᠠ᠎ᠶ᠋ᠢᠨ《ᠵᠠᠰᠠᠭ ᠠᠵᠤ ᠠᠬᠤᠢᠯᠠᠯ ᠰᠤᠷᠭᠠᠭᠤᠯᠢ ᠰᠤᠳᠤᠯᠭᠠᠨ ᠬᠡᠷᠡᠭ᠌ᠯᠡᠭᠡᠨ》 ᠤᠯᠠᠨ ᠱᠠᠳᠤ᠎ᠪᠠᠷ ᠬᠠᠮᠵᠢᠯᠴᠠᠨ ᠱᠢᠨ᠎ᠡ᠎ᠶ᠋ᠢ ᠡᠭᠦᠳᠬᠦ᠌ ᠠᠮᠢ ᠠᠬᠤᠢ ᠎ᠶ᠋ᠢ  ᠴᠣᠭ᠍ᠴᠠᠯᠠᠵᠤ ᠪᠠᠢᠭ᠎ᠠ  ᠬᠤᠷᠢᠶᠠᠩᠭᠤᠢ ᠵᠢᠷᠤᠭᠯᠠᠯ ᠪᠣᠯᠤᠨ᠎ᠠ᠃

《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠡᠷ ᠥᠪᠥᠷ ᠮᠣᠩᠭᠣᠯ᠎ᠢᠶᠠᠨ ᠮᠠᠨᠳᠤᠭᠤᠯᠬᠤ》 ᠪᠠᠢᠯᠳᠤᠬᠤ ᠪᠣᠳᠣᠯᠭ᠎ᠠ᠎ᠶ᠋ᠢᠨ ᠳᠠᠭᠠᠭᠤᠯᠭ᠎ᠠ ᠳᠤᠤᠷ᠎ᠠ᠂ ᠬᠥᠬᠡᠬᠣᠲᠠ ᠣᠷᠣᠨ ᠪᠦᠰᠡ᠂ ᠬᠦᠷᠢᠶ᠎ᠡ ᠴᠠᠷᠠᠭ᠎ᠠ ᠰᠤᠨᠳᠠᠯᠠᠵᠦ ᠬᠠᠮᠵᠢᠯᠴᠠᠨ ᠱᠢᠨ᠎ᠡ᠎ᠶ᠋ᠢ ᠡᠭᠦᠳᠬᠦ᠌ ᠲᠤᠤᠷ᠎ᠢ ᠢᠳᠡᠪᠬᠢᠲᠡᠶ ᠪᠠᠢᠭᠤᠯᠵᠤ᠂ ᠪᠡᠭᠡᠵᠢᠩ ᠲᠢᠶᠠᠨᠵᠢᠨ ᠾᠧᠪᠧᠶ᠂ ᠬᠥᠬᠡᠮᠥ᠋ᠷᠡᠨ᠎ᠦ ᠭᠤᠷᠪᠠᠯᠵᠢᠨ ᠬᠣᠢᠭ ᠵᠡᠷᠭᠡ ᠭᠠᠵᠠᠷ᠎ᠤᠨ ᠴᠢᠨᠠᠷ ᠰᠠᠢᠲᠠᠶ ᠡᠬᠢ ᠪᠠᠶᠠᠯᠢᠭ᠎ᠢ ᠰᠠᠨᠠᠭᠠᠴᠢᠯᠠᠭ᠎ᠠ᠎ᠠᠴᠠ᠎ᠪᠠᠨ ᠬᠣᠯᠪᠣᠵᠤ᠂ ᠶᠡᠬᠡ ᠳᠡᠭᠡᠳᠦ ᠰᠤᠷᠭᠠᠭᠤᠯᠢ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ ᠬᠢᠭᠡᠳ ᠳᠠᠭᠠᠭᠤᠯᠤᠭ᠍ᠴᠢ ᠠᠵᠤ ᠠᠬᠤᠢᠯᠠᠯ᠎ᠲᠠᠶ ᠬᠣᠯᠪᠣᠭᠠᠯᠠᠨ᠂ ᠰᠦ ᠵᠢᠨ ᠦᠶ᠋ᠯᠡᠰ᠂ ᠡᠪᠡᠰᠦᠨ᠎ᠦ ᠦᠶ᠋ᠯᠡᠰ᠂ ᠠᠮᠢᠳᠤ ᠪᠣᠳᠠᠰ᠎ᠤᠨ ᠡᠭᠦᠯᠳᠡᠷ ᠪᠣᠢᠵᠢᠭᠤᠯᠬᠤ ᠵᠡᠷᠭᠡ ᠬᠦᠷᠢᠶᠡᠨ᠎ᠳᠦ ᠱᠢᠨ᠎ᠡ ᠣᠷᠣᠨ ᠵᠠᠶ᠎ᠶ᠋ᠢ ᠨᠡᠭᠡᠭᠡᠵᠤ ᠪᠠᠢᠨ᠎ᠠ᠃

ᠰᠦ ᠵᠢᠨ ᠦᠢᠯᠡᠰ᠎ᠦᠨ ᠲᠠᠯ᠎ᠠ᠎ᠪᠠᠷ᠂ ᠤᠯᠤᠰ᠎ᠤᠨ ᠰᠦ ᠵᠢᠨ ᠦᠢᠯᠡᠰ᠎ᠦᠨ ᠮᠡᠷᠭᠡᠵᠢᠯ᠎ᠦᠨ ᠱᠢᠨ᠎ᠡ ᠎ᠶ᠋ᠢ ᠡᠭᠦᠳᠬᠦ᠌ ᠲᠥᠪ ᠠᠯᠢ ᠤᠯᠠᠨ ᠱᠢᠪᠲᠤᠯᠤᠯᠲᠠ᠎ᠶ᠋ᠢᠨ ᠴᠢᠨᠠᠷᠲᠠᠢ ᠦᠷ᠎ᠡ ᠪᠦᠲᠦᠭᠡᠯ ᠭᠠᠷᠭᠠᠵᠤ᠂ ᠴᠢᠳᠠᠮᠵᠢᠳᠤ ᠴᠠᠭᠠᠨ ᠢᠳᠡᠭᠡᠨ ᠎ᠢ ᠡᠭᠦᠳᠦᠨ ᠦᠢᠯᠡᠳᠬᠦ᠌ ᠮᠡᠷᠭᠡᠵᠢᠯ᠎ᠳᠦ ᠱᠢᠪᠲᠤᠯᠤᠯᠲᠠ ᠭᠠᠷᠭᠠᠭ᠍ᠰᠠᠨ᠎ᠢᠶᠠᠷ ᠪᠠᠷᠠᠬᠤ ᠦᠬᠡᠢ᠂ ᠪᠦᠬᠦ᠌ ᠠᠵᠤ ᠦᠢᠯᠡᠰ᠎ᠦᠨ ᠬᠡᠯᠬᠢᠢ᠎ᠡ᠎ᠳᠦ ᠮᠡᠷᠭᠡᠵᠢᠯ᠎ᠦᠨ ᠰᠢᠨ᠎ᠡ ᠵᠢ ᠡᠬᠦᠳᠬᠦ ᠦᠷᠨᠢᠯᠳᠠ ᠭᠠᠷᠭᠠᠭᠰᠠᠨ ᠪᠠᠢᠨ᠎ᠠ᠃ ᠣᠳᠣᠬᠠᠨ᠎ᠳᠤ ᠰᠦ ᠶ᠋ᠢᠨ ᠦᠶ᠋ᠯᠡᠰ᠎ᠦᠨ ᠤᠯᠤᠰ᠎ᠤᠨ ᠡᠭᠦᠳᠦᠯᠲᠡ᠎ᠶ᠋ᠢᠨ ᠲᠥᠪ᠎ᠨᠢ 5 ᠶᠡᠬᠡ ᠪᠠᠢᠯᠳᠤᠬᠤ ᠪᠣᠳᠣᠯᠭ᠎ᠠ᠎ᠶ᠋ᠢᠨ ᠬᠠᠷᠠᠯᠲᠠ᠎ᠶ᠋ᠢᠨ ᠲᠣᠭᠣᠷᠢᠨ᠎ᠳᠤ᠂ 16 ᠵᠦᠶ᠋ᠯ᠎ᠦᠨ ᠭᠤᠤᠯᠳᠠᠯᠭ᠎ᠠ᠎ᠲᠠᠶ ᠰᠤᠳᠤᠯᠭᠠᠨ᠎ᠤ ᠬᠦᠷᠢᠶ᠎ᠡ᠂ 48 ᠵᠦᠶ᠋ᠯ᠎ᠦᠨ ᠭᠤᠤᠯᠳᠠᠯᠭ᠎ᠠ᠎ᠲᠠᠶ ᠰᠤᠳᠤᠯᠭᠠᠨ᠎ᠤ ᠴᠢᠭ᠌ᠯᠡᠯ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ 600 ᠰᠤᠳᠤᠯᠤᠨ ᠨᠡᠭᠡᠭᠡᠬᠦ᠌ ᠲᠥᠷᠥᠯ ᠵᠦᠶ᠋ᠯ᠎ᠲᠡᠶ ᠮᠤᠨᠳᠠᠭ ᠶᠡᠬᠡ ᠲᠥᠷᠥᠯ ᠵᠦᠶ᠋ᠯ᠎ᠦᠨ ᠬᠥᠮᠥᠷᠭᠡ᠎ᠶ᠋ᠢ ᠪᠠᠢᠭᠤᠯᠵᠤ᠂ 237 ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠲᠥᠷᠥᠯ ᠵᠦᠶ᠋ᠯ᠎ᠢ ᠥᠷᠨᠢᠭᠦᠯᠵᠦ᠍᠂ 190 ᠥᠭᠦᠯᠡᠯ ᠨᠡᠢᠲᠡᠯᠡᠵᠦ᠍᠂ 18 ᠵᠦᠶ᠋ᠯ᠎ᠦᠨ ᠪᠠᠷᠢᠮᠵᠢᠶ᠎ᠠ᠎ᠶ᠋ᠢ ᠨᠡᠢᠲᠡᠯᠡᠵᠦ᠍᠂ 3 ᠲᠤᠰᠭᠠᠶ ᠵᠣᠬᠢᠶᠠᠯ ᠪᠦᠲᠦᠭᠡᠯ᠎ᠢ ᠬᠡᠪᠯᠡᠭᠦᠯᠵᠦ᠍᠂ ᠠᠵᠢᠯ ᠲᠥᠷᠥᠯ᠎ᠦᠨ ᠱᠢᠨ᠎ᠡ᠎ᠶ᠋ᠢ ᠡᠭᠦᠳᠬᠦ᠌ ᠲᠤᠯᠭᠠᠭᠤᠷᠢ ᠪᠣᠯᠪᠠ᠃

ᠤᠯᠤᠰ᠎ᠤᠨ ᠡᠪᠡᠰᠦᠨ᠎ᠦ ᠦᠢᠯᠡᠰ᠎ᠦᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ (ᠪᠡᠯᠡᠳᠭᠡᠯ) ᠤᠷᠤᠨ ᠨᠤᠲᠤᠭ᠎ᠲᠠᠭᠠᠨ ᠲᠤᠬᠢᠷᠠᠭᠰᠠᠨ ᠡᠭᠦᠯᠳᠡᠷ᠎ᠢ ᠪᠣᠢᠵᠢᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠠᠮᠢ ᠠᠬᠤᠢ᠎ᠶ᠋ᠢᠨ ᠵᠠᠰᠠᠯᠲᠠ ᠪᠣᠯᠤᠨ ᠠᠵᠤ ᠦᠢᠯᠡᠰ᠎ᠦᠨ ᠬᠠᠮᠵᠢᠯᠴᠠᠨ ᠬᠥᠭ᠌ᠵᠢᠬᠦ᠌ ᠲᠠᠯ᠎ᠠ᠎ᠪᠠᠷ ᠡᠯᠪᠡᠭ ᠦᠷ᠎ᠡ ᠪᠦᠲᠦᠭᠡᠯ ᠤᠯᠪᠠ᠃ ᠤᠯᠤᠰ᠎ᠤᠨ ᠳᠣᠲᠣᠭᠠᠳᠤ᠎ᠶ᠋ᠢᠨ ᠴᠠᠷᠭᠠᠰᠤ ᠵᠢ ᠦᠨᠳᠦᠷ ᠪᠦᠳᠦᠮᠵᠢᠳᠡᠢ ᠵᠠᠳᠠᠯᠤᠨ ᠬᠡᠮᠵᠢᠬᠦ ᠠᠩᠬᠠᠳᠠᠭ᠍ᠴᠢ ᠮᠠᠱᠢᠨ ᠬᠥᠮᠦᠨ᠎ᠢ ᠰᠤᠳᠤᠯᠤᠨ ᠨᠡᠭᠡᠭᠡᠵᠦ᠍᠂ ᠬᠠᠮᠲᠤ᠎ᠪᠠᠷ ᠡᠳ᠋ᠯᠡᠬᠦ᠌ ᠲᠠᠪᠴᠠᠩ ᠪᠠᠢᠭᠤᠯᠵᠤ᠂ ᠬᠢᠨᠠᠨ ᠲᠣᠭ᠍ᠲᠠᠭᠠᠵᠤ ᠦᠨᠡᠯᠡᠬᠦ᠌ ᠦᠶᠡᠯᠡᠯ᠎ᠦᠨ ᠬᠤᠭᠤᠴᠠᠭ᠎ᠠ᠎ᠶ᠋ᠢ 30 % ᠭᠠᠷᠤᠢ᠎ᠪᠠᠷ ᠪᠣᠭᠣᠨᠢᠰᠭᠠᠪᠠ; ᠴᠠᠷᠭᠠᠰᠤ᠎ᠶ᠋ᠢᠨ ᠦᠷ᠎ᠡ ᠪᠣᠢᠵᠢᠭᠤᠯᠬᠤ᠎ᠶ᠋ᠢ ᠲᠦᠷᠭᠡᠳᠭᠡᠬᠦ᠌ ᠱᠢᠰᠲ᠋ᠧᠮ ᠪᠠᠢᠭᠤᠯᠵᠤ᠂ ᠦᠷ᠎ᠡ ᠪᠣᠢᠵᠢᠭᠤᠯᠬᠤ ᠦᠶᠡᠯᠡᠯ᠎ᠦᠨ ᠬᠤᠭᠤᠴᠠᠭ᠎ᠠ᠎ᠶ᠋ᠢ 4 - 5 ᠵᠢᠯ ᠪᠣᠭᠣᠨᠢᠰᠭᠠᠪᠠ᠃ 《ᠤᠮᠠᠷᠠᠲᠤ ᠵᠢᠨ ᠭᠤᠷᠪᠠᠨ ᠤᠷᠤᠨ》 ᠎ᠤ᠋ ᠢᠨᠵᠧᠨᠧᠷᠢᠩ᠎ᠳᠦ ᠬᠦᠴᠦᠨ ᠨᠡᠮᠡᠷᠢᠯᠡᠬᠦ᠌᠎ᠶ᠋ᠢᠨ ᠲᠥᠯᠥᠭᠡ ᠲᠤᠰ ᠲᠥᠪ᠎ᠤᠨ ᠬᠢᠨ 28 ᠲᠥᠷᠥᠯ ᠵᠦᠶ᠋ᠯ᠎ᠢ ᠪᠣᠢᠵᠢᠭᠤᠯᠤᠭ᠍ᠰᠠᠨ ᠪᠥᠭᠡᠳ ᠤᠤᠯ᠎ᠡᠬᠦᠯᠳᠡᠷ᠎ᠤᠨ ᠲᠠᠷᠢᠶᠠᠨ ᠭᠠᠵᠠᠷ ᠎ᠢ ᠪᠠᠢᠭᠤᠯᠵᠤ᠂ ᠪᠠᠰᠠ ᠲᠠᠯ᠎ᠠ ᠭᠠᠵᠠᠷ᠎ᠤᠨ ᠠᠮᠢ ᠠᠬᠤᠶ᠎ᠶ᠋ᠢᠨ ᠬᠥᠳᠡᠯᠦᠩᠭᠦᠶ ᠬᠢᠨᠠᠨ ᠬᠡᠮᠵᠢᠯᠲᠡ ᠵᠢᠨ ᠤᠷᠳᠤ ᠬᠤᠭᠤᠴᠠᠭ᠎ᠠ ᠦᠷᠬᠦᠯᠵᠢᠯᠡᠨ ᠠᠶᠠᠯᠠᠬᠤ᠂ ᠳᠡᠭᠡᠳᠦ ᠨᠠᠷᠢᠯᠢᠭ ᠬᠡᠮᠵᠢᠶ᠎ᠡ ᠪᠥᠬᠥᠶ AI + ᠬᠥᠪᠡᠭᠡ ᠵᠠᠬ᠎ᠠ᠎ᠵᠢᠨ ᠪᠤᠳᠤᠯᠳᠠ ᠵᠢᠨ ᠲᠣᠭᠣᠷᠢᠨ ᠠᠶᠠᠯᠠᠬᠤ ᠵᠢᠯᠣᠭᠣᠴᠢ ᠥᠬᠡᠶ ᠨᠢᠰᠭᠡᠯ᠎ᠢ ᠪᠡᠶ᠎ᠡ᠎ᠪᠡᠨ ᠳᠠᠭᠠᠭᠠᠵᠤ ᠰᠤᠳᠤᠯᠤᠨ ᠦᠶ᠋ᠯᠡᠳᠦᠭ᠌ᠰᠡᠨ ᠪᠠᠢᠨ᠎ᠠ᠃ ᠡᠭᠦᠨ᠎ᠡᠴᠡ ᠭᠠᠳᠠᠨ᠎ᠠ᠂ ᠠᠩᠬᠠᠳᠤᠭᠠᠷ ᠬᠤᠭᠤᠴᠠᠭᠠᠨ᠎ᠤ ᠲᠥᠪ᠎ᠦᠨ ᠡᠷᠬᠢᠯᠡᠭ᠌ᠴᠢ᠎ᠶ᠋ᠢᠨ ᠲᠤᠱᠢᠶᠠᠯ᠎ᠢ ᠹᠸᠩ ᠴᠢ ᠠᠺᠠᠳᠧᠮᠢᠴᠢ ᠪᠡᠷ ᠡᠭᠦᠷᠭᠡᠯᠡᠬᠦᠯᠵᠦ᠂ ᠠᠰᠠᠭᠤᠨ ᠯᠠᠪᠯᠠᠭ᠎ᠠ ᠵᠢᠨ ᠵᠥᠪᠯᠡᠯ᠂ ᠮᠡᠷᠭᠡᠵᠢᠯ᠎ᠦᠨ ᠵᠥᠪᠯᠡᠯ᠎ᠦᠨ ᠡᠷᠬᠢᠯᠡᠭ᠌ᠴᠢ ᠭᠡᠱᠢᠭᠦᠨ᠎ᠦ ᠲᠤᠱᠢᠶᠠᠯ᠎ᠢ ᠵᠥᠩ ᠺᠠᠩ᠂ ᠨᠠᠨ ᡁᠢ ᠪᠢᠶᠤᠤ ᠠᠺᠠᠳᠧᠮᠢᠴᠢ ᠪᠡᠷ ᠡᠭᠦᠷᠭᠡᠯᠡᠬᠦᠯᠬᠦ ᠪᠡᠷ ᠵᠢᠱ᠌ᠢᠵᠦ᠂ ᠬᠦᠴᠦᠷᠬᠡᠭ ᠶᠡᠬᠡ ᠴᠢᠳᠠᠪᠤᠷᠢᠲᠠᠨ᠎ᠤ ᠡᠩᠨᠡᠭᠡ ᠪᠡᠷ ᠬᠥᠭ᠌ᠵᠢᠯᠲᠡ᠎ᠳᠦ ᠲᠠᠰᠤᠷᠠᠯᠲᠠ ᠥᠬᠡᠶ ᠣᠶᠤᠨ᠎ᠤ ᠬᠥᠳᠡᠯᠭᠡᠭ᠌ᠴᠢ ᠡᠨᠧᠷᠭᠢ ᠨᠡᠮᠡᠷᠢᠯᠡᠪᠡ᠃ ᠣᠷᠣᠨ ᠪᠦᠰᠡ  ᠬᠠᠮᠵᠢᠯᠴᠠᠨ ᠱᠢᠨ᠎ᠡ᠎ᠶ᠋ᠢ ᠡᠭᠦᠳᠬᠦ᠌ ᠲᠠᠯ᠎ᠠ᠎ᠪᠠᠷ᠂ ᠬᠥᠬᠡᠬᠣᠲᠠ ᠪᠣᠯᠤᠨ ᠪᠡᠭᠡᠵᠢᠩ ᠬᠤᠳᠠ᠎ᠶ᠋ᠢᠨ ᠬᠠᠢ᠌ᠳᠢᠶᠠᠨ ᠲᠣᠭᠣᠷᠢᠭ᠎ᠤᠨ ᠬᠠᠮᠲᠤᠷᠠᠨ ᠪᠠᠢᠭᠤᠯᠤᠭ᠍ᠰᠠᠨ 《ᠬᠣᠶᠠᠷ ᠴᠠᠭ᠎ᠤᠨ ᠱᠢᠨ᠎ᠡ᠎ᠶ᠋ᠢ ᠡᠭᠦᠳᠬᠦ᠌ ᠲᠤᠭᠤᠷᠢᠭ》 ᠨᠢ ᠦᠯᠢᠭᠡᠷ ᠳᠠᠭᠤᠷᠢᠶᠠᠯ ᠪᠣᠯᠵᠠᠢ᠃ ᠳᠥᠭᠥᠮ ᠳᠥᠲᠡ ᠲᠦᠷᠭᠡᠨ᠎ᠦ ᠲᠡᠮᠦᠷ ᠵᠠᠮ᠎ᠤᠨ ᠵᠠᠮ ᠬᠠᠷᠢᠯᠴᠠᠭ᠎ᠠ᠎ᠪᠠᠷ ᠪᠡᠭᠡᠵᠢᠩ᠎ᠦᠨ ᠱ᠌ᠢ ᠹᠸᠩ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶ᠋ᠢᠨ ᠳᠡᠭᠡᠳᠦ ᠵᠡᠷᠭᠡ᠎ᠶ᠋ᠢᠨ ᠢᠨᠵᠧᠨᠧᠷ ᠯᠢᠨ ᠯᠤᠸᠠᠨ᠂ ᠯᠢ ᠵᠶ᠋ᠢ ᠮᠢᠨ ᠬᠣᠶᠠᠷᠬᠠᠨ ᠴᠠᠭ᠎ᠤᠨ ᠳᠣᠲᠣᠷ᠎ᠠ ᠪᠡᠭᠡᠵᠢᠩ᠎ᠡᠴᠡ ᠬᠥᠬᠡᠬᠣᠲᠠ᠎ᠳᠤ ᠢᠷᠡᠵᠦ᠂ ᠥᠪᠥᠷ ᠮᠣᠩᠭᠣᠯ᠎ᠤᠨ ᠲᠦᠩ ᠳ᠋ᠡ ᠴᠠᠬᠢᠯᠭᠠᠨ ᠬᠦᠴᠦᠨ᠎ᠦ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ ᠵᠡᠷᠭᠡ ᠠᠵᠤ ᠠᠬᠤᠢᠯᠠᠯ᠎ᠳᠤ ᠭᠦᠨᠵᠡᠭᠡᠢᠷᠡᠵᠦ᠍᠂ ᠲᠣᠭᠠᠴᠢᠯᠠᠭ᠍ᠰᠠᠨ ᠥᠭᠡᠷᠡᠴᠢᠯᠡᠯᠲᠡ᠎ᠶ᠋ᠢᠨ ᠲᠥᠰᠦᠯ ᠎ᠢ ᠲᠣᠭ᠍ᠲᠠᠭᠠᠪᠠ᠃ 《ᠬᠣᠶᠠᠷ ᠴᠠᠭ᠎ᠤᠨ ᠱᠢᠨ᠎ᠡ᠎ᠶ᠋ᠢ ᠡᠭᠦᠳᠬᠦ᠌ ᠲᠤᠭᠤᠷᠢᠭ》᠎ᠢ᠋ ᠡᠬᠢᠯᠡᠬᠦᠯᠦᠭ᠌ᠰᠡᠨ᠎ᠡᠴᠡ ᠨᠠᠭᠠᠰᠢ  ᠳᠡᠭᠡᠳᠦ ᠲᠡᠰ᠎ᠤᠨ ᠱᠢᠨ᠎ᠡ᠎ᠶ᠋ᠢ ᠡᠭᠦᠳᠬᠦ᠌ ᠦᠷ᠎ᠡ ᠪᠦᠲᠦᠭᠡᠯ ᠲᠠᠰᠤᠷᠠᠯᠳᠠ ᠦᠭᠡᠢ ᠴᠣᠯᠭᠣᠷᠠᠨ ᠭᠠᠷᠪᠠ᠃ ᠪᠡᠭᠡᠵᠢᠩ ᠲᠢᠶᠠᠨᠵᠢᠨ ᠾᠸᠪᠸᠢ ᠵᠢᠨ ᠤᠯᠤᠰ᠎ᠤᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ᠎ᠦᠨ ᠬᠥᠬᠡᠬᠣᠲᠠ᠎ᠶ᠋ᠢᠨ ᠱᠢᠨ᠎ᠡ᠎ᠶ᠋ᠢ ᠡᠭᠦᠳᠬᠦ᠌ ᠲᠥᠪ ᠠᠮᠵᠢᠯᠲᠠ᠎ᠲᠠᠶ᠎ᠫᠠᠢᠰᠠ ᠰᠡᠬᠦᠵᠦ᠍᠂ ᠬᠣᠱᠢᠭᠤᠷᠠᠯ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ 22 ᠲᠦᠷᠦᠯ ᠵᠦᠢᠯ᠎ᠢ ᠣᠨᠣᠪᠴᠢᠲᠠᠢ ᠵᠣᠯᠭᠠᠭᠤᠯᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠶᠠᠮᠤᠨ᠎ᠤ ᠭᠣᠣᠯᠳᠠᠯᠭ᠎ᠠ᠎ᠲᠠᠶ ᠰᠤᠳᠤᠯᠤᠨ ᠨᠡᠭᠡᠭᠡᠬᠦ᠌ ᠲᠥᠯᠥᠪᠯᠡᠭᠡ᠎ᠶ᠋ᠢᠨ 11ᠲᠤᠩᠰᠤᠯᠤᠯᠳᠠ ᠵᠢᠨ ᠴᠢᠨᠠᠷᠲᠠᠢ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠤᠰᠭᠠᠢ ᠲᠦᠷᠦᠯ᠎ᠢ ᠬᠠᠮᠤᠷᠴᠤ᠌᠂ ᠤᠮᠠᠷᠠᠲᠤ ᠣᠷᠣᠨ᠎ᠤ ᠠᠩᠬᠠᠳᠠᠭ᠍ᠴᠢ ᠲᠤᠨᠭᠰᠤᠯᠤᠯᠳᠠ᠎ᠶ᠋ᠢᠨ ᠴᠢᠨᠠᠷᠲᠠᠢ ᠮᠡᠷᠭᠡᠵᠢᠯ᠎ᠦᠨ ᠲᠤᠰᠭᠠᠢ ᠰᠠᠭᠤᠷᠢ ᠮᠥᠩᠭᠥ᠎ᠶ᠋ᠢ ᠬᠥᠬᠡᠬᠣᠲᠠ᠎ᠳᠤ ᠳᠠᠩᠰᠠᠯᠠᠭᠤᠯᠤᠭ᠍ᠰᠠᠨ ᠪᠥᠭᠡᠳ ᠠᠰᠢᠭᠯᠠᠯᠲᠠ᠎ᠳᠦ ᠤᠷᠤᠭᠤᠯᠪᠠ ᠭᠡᠵᠦ᠍ ᠲᠦᠪ᠎ᠤᠨ ᠡᠷᠬᠢᠯᠡᠭᠴᠢ ᠸᠠᠩ ᠰᠢᠤᠸᠠᠢ ᠰᠦᠩ ᠲᠠᠨᠢᠯᠴᠠᠭᠤᠯᠪᠠ᠃

ᠡᠭᠦᠨ᠎ᠢᠶᠡᠷ ᠦᠯᠦ ᠪᠠᠷᠠᠮ ᠬᠥᠬᠡᠬᠣᠲᠠ ᠪᠥᠬᠥ᠌ ᠣᠷᠣᠨ ᠪᠦᠰᠡ᠎ᠶ᠋ᠢᠨ ᠱᠢᠨ᠎ᠡ᠎ᠶ᠋ᠢ ᠡᠭᠦᠳᠬᠦ᠌ ᠪᠠᠢᠷᠢᠱᠢᠯ᠎ᠳᠤ ᠢᠳᠡᠪᠬᠢᠲᠡᠶ ᠪᠠᠢᠷᠢᠯᠠᠭᠤᠯᠤᠯᠲᠠ ᠬᠢᠪᠠ᠃ 《ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠶ᠋ᠢ ᠴᠣᠭ᠍ᠴᠠᠯᠠᠬᠤ》 ᠪᠠᠢᠯᠳᠤᠬᠤ ᠪᠣᠳᠣᠯᠭ᠎ᠠ᠎ᠶ᠋ᠢᠨ ᠲᠣᠭᠣᠷᠢᠨ᠎ᠳᠤ 《ᠵᠢᠷᠭᠤᠭᠠᠨ ᠣᠷᠣᠨ ᠪᠦᠰᠡ᠎ᠶ᠋ᠢᠨ ᠲᠥᠪ》᠎ᠢ᠋ ᠪᠥᠬᠥ᠌ ᠬᠦᠴᠦᠨ᠎ᠢᠶᠡᠷ᠎ᠢᠶᠡᠨ ᠴᠣᠭ᠍ᠴᠠᠯᠠᠨ ᠪᠠᠢᠭᠤᠯᠵᠤ᠂ 《ᠨᠢᠭᠡ ᠣᠷᠣᠨ ᠨᠢᠭᠡ ᠬᠦᠷᠢᠶᠡᠯᠡᠩ ᠣᠯᠠᠨ ᠲᠠᠪᠴᠠᠩ》᠎ᠤ᠋ᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠤᠨ᠂ ᠬᠥᠬᠡᠬᠣᠲᠠ ᠪᠤᠭᠤᠲᠤ ᠣᠷᠳᠣᠰ᠎ᠤᠨ ᠤᠯᠤᠰ᠎ᠤᠨ ᠪᠡᠶ᠎ᠡ᠎ᠪᠡᠨ ᠳᠠᠭᠠᠭᠠᠵᠤ ᠡᠭᠦᠳᠦᠨ ᠪᠠᠢᠭᠤᠯᠬᠤ ᠣᠷᠣᠨ᠎ᠢ ᠪᠦᠳᠦᠭᠡᠨ ᠪᠠᠢᠭᠤᠯᠬᠤ ᠠᠵᠢᠯ ᠪᠣᠳᠠᠲᠤ ᠠᠬᠢᠴᠠ᠎ᠲᠠᠶ ᠪᠣᠯᠪᠠ᠃ ᠰᠤᠷᠭᠠᠭᠤᠯᠢ ᠪᠠ ᠣᠷᠣᠨ ᠨᠤᠲᠤᠭ᠎ᠤᠨ ᠬᠠᠮᠲᠤᠷᠠᠯᠴᠠᠭ᠎ᠠ᠎ᠵᠢ ᠴᠢᠩᠭᠠᠳᠭᠠᠵᠤ᠂ ᠴᠢᠳᠠᠮᠵᠢ᠎ᠶ᠋ᠢᠨ ᠪᠠᠢᠷᠢᠰᠢᠭᠤᠯᠤᠯᠳᠠ ᠵᠢ ᠲᠠᠰᠤᠷᠠᠯᠲᠠ ᠦᠭᠡᠢ ᠱᠢᠯᠢᠳᠡᠭ᠌ᠵᠢᠬᠦᠯᠪᠡ; ᠤᠯᠤᠰ᠎ᠤᠨ ᠰᠦ᠎ᠶᠢᠨ ᠦᠶ᠋ᠯᠡᠰ᠎ᠤᠨ ᠡᠬᠦᠳᠦᠯᠳᠡ ᠵᠢᠨ ᠲᠥᠪ᠎ᠨᠢ 123 ᠠᠵᠤ ᠠᠬᠤᠢᠯᠠᠯ᠎ᠲᠠᠶ ᠨᠢᠭ᠍ᠲᠠ ᠬᠠᠮᠲᠤᠷᠠᠯᠴᠠᠵᠤ᠂ 10 ᠵᠦᠶ᠋ᠯ᠎ᠦᠨ ᠣᠯᠠᠨ ᠤᠯᠤᠰ᠎ᠤᠨ ᠲᠡᠷᠢᠭᠦᠨ᠎ᠦ ᠱᠢᠨ᠎ᠡ᠎ᠶ᠋ᠢ ᠡᠭᠦᠳᠦᠭ᠌ᠰᠡᠨ ᠦᠷ᠎ᠡ ᠪᠦᠲᠦᠭᠡᠯ᠎ᠦᠨ ᠠᠵᠤ ᠦᠢᠯᠡᠰᠵᠢᠬᠦᠯᠦᠯᠲᠡ᠎ᠶ᠋ᠢ ᠪᠡᠶᠡᠯᠡᠭᠦᠯᠪᠡ; ᠠᠮᠢᠲᠠᠨ᠎ᠤ ᠸᠠᠺᠼᠢᠨ᠎ᠤ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ ᠤᠯᠤᠰ᠎ᠤᠨ ᠠᠮᠢᠳᠤ ᠭᠠᠬᠠᠶ᠎ᠶ᠋ᠢᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ᠎ᠦᠨ ᠥᠪᠥᠷ ᠮᠣᠩᠭᠣᠯ᠎ᠤᠨ ᠬᠤᠪᠢᠶᠠᠷᠢ ᠲᠥᠪ ᠪᠣᠯᠪᠠ; ᠠᠰᠢᠭᠲᠤ ᠮᠢᠺᠷᠤᠪ᠂ ᠠᠵᠤ ᠦᠶ᠋ᠯᠡᠳᠪᠦᠷᠢ᠎ᠶ᠋ᠢᠨ ᠵᠥᠭᠡᠯᠡᠨ ᠲᠣᠨᠣᠭ ᠵᠡᠷᠭᠡ ᠨᠢᠭᠡ ᠪᠦᠯᠦᠭ ᠵᠠᠬ᠎ᠠ ᠳᠡᠯᠭᠡᠭᠦᠷᠴᠢᠯᠡᠭ᠌ᠰᠡᠨ ᠰᠤᠳᠤᠯᠤᠨ ᠨᠡᠭᠡᠭᠡᠬᠦ᠌ ᠪᠠᠢᠭᠤᠯᠤᠮᠵᠢ ᠴᠤ᠌ ᠬᠣᠢᠨ᠎ᠠ ᠬᠣᠢᠨ᠎ᠠ᠎ᠠᠴᠠ᠎ᠪᠠᠨ ᠪᠣᠳᠠᠲᠤ ᠴᠣᠭ᠍ᠴᠠ᠎ᠶ᠋ᠢᠨ ᠠᠵᠢᠯᠯᠠᠭᠠᠨ᠎ᠢ ᠪᠡᠶᠡᠯᠡᠭᠦᠯᠪᠡ᠃

ᠱᠢᠨ᠎ᠡ᠎ᠶ᠋ᠢ ᠡᠭᠦᠳᠬᠦ᠌ ᠲᠠᠪᠴᠠᠩ᠎ᠤᠨ ᠴᠢᠳᠠᠪᠤᠷᠢ ᠲᠠᠰ᠎ᠢ ᠳᠡᠭᠡᠭ᠌ᠰᠢᠯᠡᠭᠦᠯᠬᠦ᠌ ᠲᠠᠯ᠎ᠠ᠎ᠪᠠᠷ᠂ 2025 ᠣᠨ᠎ᠤ ᠲᠦᠷᠦᠭᠦᠦ ᠪᠦᠯᠦᠭ᠎ᠦᠨ ᠬᠥᠬᠡᠬᠣᠲᠠ᠎ᠶ᠋ᠢᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ ᠬᠢᠭᠡᠳ ᠭᠤᠤᠯᠳᠠᠯᠭ᠎ᠠ᠎ᠲᠠᠶ ᠲᠤᠷᠱᠢᠯᠲᠠ᠎ᠶ᠋ᠢᠨ ᠲᠠᠰᠤᠭ᠎ᠤᠨ ᠪᠥᠲᠥᠭᠡᠨ ᠪᠠᠢᠭᠤᠯᠤᠯᠲᠠ᠎ᠶ᠋ᠢᠨ ᠨᠡᠷᠡᠰ᠎ᠢ ᠵᠠᠷᠯᠠᠨ ᠨᠡᠢᠲᠡᠯᠡᠵᠦ᠍᠂ 8 ᠱᠢᠨ᠎ᠡ᠎ᠶ᠋ᠢ ᠡᠭᠦᠳᠬᠦ᠌ ᠲᠠᠪᠴᠠᠩ᠎ᠨᠢ  ᠲᠥᠷᠥᠯ ᠵᠦᠶ᠋ᠯ ᠲᠣᠭ᠍ᠲᠠᠭᠠᠬᠤ ᠵᠦᠪᠰᠢᠶᠡᠷᠡᠯ᠎ᠢ ᠤᠯᠵᠠᠢ᠃ ᠣᠳᠣᠬᠠᠨ᠎ᠳᠤ ᠂ ᠪᠥᠬᠥ᠌ ᠬᠣᠲᠠ᠎ᠳᠤ ᠨᠢᠭᠡᠨᠲᠡ 17 ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ ᠪᠠ ᠭᠤᠤᠯᠳᠠᠯᠭ᠎ᠠ᠎ᠲᠠᠶ ᠲᠤᠷᠱᠢᠯᠲᠠ᠎ᠶ᠋ᠢᠨ ᠲᠠᠰᠤᠭ᠎ᠲᠠᠶ ᠪᠣᠯᠵᠣ᠂ 《ᠬᠣᠲᠠ — ᠥᠪᠡᠷᠲᠡᠭᠡᠨ ᠵᠠᠰᠠᠬᠤ ᠣᠷᠣᠨ — ᠤᠯᠤᠰ》 ᠱᠢᠨ᠎ᠡ᠎ᠶ᠋ᠢ ᠡᠭᠦᠳᠬᠦ᠌ ᠲᠠᠪᠴᠠᠩ ᠎ᠢ ᠱᠠᠲᠤᠯᠢᠭ᠎ᠢᠶᠠᠷ ᠪᠣᠢᠵᠢᠭᠤᠯᠬᠤ ᠲᠣᠭ᠍ᠲᠠᠴᠠ᠎ᠶ᠋ᠢ ᠪᠠᠢᠭᠤᠯᠵᠤ᠂ ᠠᠵᠤ ᠦᠶ᠋ᠯᠡᠰ᠎ᠦᠨ ᠱᠢᠨ᠎ᠡ᠎ᠶ᠋ᠢ ᠡᠭᠦᠳᠬᠦ᠌ ᠬᠥᠭ᠌ᠵᠢᠯᠲᠡ᠎ᠳᠦ ᠪᠠᠲᠤ ᠪᠠᠬᠢ ᠰᠠᠭᠤᠷᠢ᠎ᠶ᠋ᠢ ᠲᠠᠯᠪᠢᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号