— ᠮᠠᠨ᠎ᠤ ᠣᠷᠣᠨ《ᠬᠣᠶᠠᠷ ᠲᠥᠯᠥᠭᠡᠯᠡᠭ᠌ᠴᠢ ᠨᠢᠭᠡ ᠭᠡᠱᠢᠭᠦᠨ》 ᠤ᠋ ᠡᠭᠦᠷᠭᠡ ᠲᠤᠱᠢᠶᠠᠯ᠎ᠢᠶᠠᠨ ᠭᠦᠶ᠋ᠴᠡᠳᠭᠡᠬᠦ᠌᠎ᠶ᠋ᠢ ᠪᠠᠢᠩᠭᠤᠵᠢᠭᠤᠯᠵᠤ ᠭᠦᠨᠵᠡᠭᠡᠢᠷᠡᠭᠦᠯᠦᠨ ᠪᠣᠳᠠᠲᠠᠢᠵᠢᠭᠤᠯᠵᠤ ᠪᠤᠢ
ᠠᠯᠠᠱᠠ᠎ᠶ᠋ᠢᠨ ᠳᠡᠭᠡᠳᠦ ᠱᠢᠨ᠎ᠡ ᠮᠡᠷᠭᠡᠵᠢᠯ᠎ᠦᠨ ᠲᠣᠭᠣᠷᠢᠭ ᠵᠠᠬᠢᠳᠠᠯ ᠰᠤᠷᠪᠤᠯᠵᠢᠯᠠᠯ᠎ᠤᠨ ᠣᠷᠣᠯᠠᠨ ᠭᠦᠶ᠋ᠴᠡᠳᠭᠡᠬᠦ᠌ ᠴᠡᠭ ᠭᠠᠷᠭᠠᠵᠤ᠂ ᠠᠷᠠᠳ᠎ᠤᠨ ᠲᠥᠯᠥᠭᠡᠯᠡᠭ᠌ᠴᠢ᠂ ᠨᠠᠮ᠎ᠤᠨ ᠲᠥᠯᠥᠭᠡᠯᠡᠭ᠌ᠴᠢ᠂ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠎ᠢ ᠵᠠᠬᠢᠳᠠᠯ ᠰᠤᠷᠪᠤᠯᠵᠢᠯᠠᠯ᠎ᠤᠨ ᠣᠷᠣᠯᠠᠨ ᠭᠦᠶ᠋ᠴᠡᠳᠭᠡᠭ᠌ᠴᠢ᠎ᠶ᠋ᠢᠨ ᠡᠩᠨᠡᠭᠡᠨ᠎ᠳᠦ ᠣᠷᠣᠯᠴᠠᠭᠤᠯᠵᠤ᠂ ᠣᠯᠠᠨ ᠲᠦᠮᠡᠨ᠎ᠦ ᠭᠣᠮᠣᠳᠠᠯ ᠱᠠᠭᠠᠷᠳᠠᠯᠭ᠎ᠠ᠎ᠪᠠᠨ ᠢᠯᠡᠳᠭᠡᠬᠦ᠌ ᠠᠷᠭ᠎ᠠ ᠵᠠᠮ ᠢ ᠱᠢᠯᠤᠭᠤᠳᠭᠠᠪᠠ;
ᠬᠥᠯᠥᠨ ᠪᠣᠢᠷ ᠬᠣᠲᠠ 1984 ᠨᠡᠷᠡᠰ ᠨᠠᠮ᠎ᠤᠨ ᠲᠥᠯᠥᠭᠡᠯᠡᠭ᠌ᠴᠢ᠎ᠶ᠋ᠢ ᠰᠠᠭᠤᠭ᠎ᠠ ᠨᠡᠢᠭᠡᠮ ᠲᠣᠭᠣᠷᠢᠭ (ᠵᠠᠰᠠᠭ ᠵᠠᠬᠢᠷᠭᠠᠨ᠎ᠤ ᠲᠣᠰᠭᠣᠨ) ᠲᠸ᠋ ᠲᠤᠤᠷᠵᠢᠯ᠎ᠤᠨ ᠭᠡᠱᠢᠭᠦᠨ᠂ ᠠᠰᠠᠷ᠎ᠤᠨ ᠳᠠᠷᠤᠭ᠎ᠠ᠂ ᠤᠷᠤᠴᠠ ᠵᠢᠨ ᠳᠠᠷᠤᠭ᠎ᠠ᠎ᠶ᠋ᠢᠨ ᠲᠤᠱᠢᠶᠠᠯ᠎ᠢ ᠡᠭᠦᠷᠭᠡᠯᠡᠭᠦᠯᠵᠦ᠍᠂ ᠣᠯᠠᠨ ᠲᠦᠮᠡᠨ ᠵᠥᠪᠳᠡᠯᠴᠡᠵᠦ ᠥᠪᠡᠷᠲᠡᠭᠡᠨ ᠵᠠᠰᠠᠬᠤ᠎ᠶ᠋ᠢ ᠬᠥᠲᠥᠯᠥᠨ ᠵᠢᠯᠣᠭᠣᠳᠪᠠ;
ᠬᠢᠩᠭᠠᠨ ᠠᠢᠮᠠᠭ 120 ᠲᠥᠯᠥᠭᠡᠯᠡᠭ᠌ᠴᠢ ᠭᠡᠱᠢᠭᠦᠨ᠎ᠢ 12345 ᠬᠠᠯᠠᠮᠱᠢᠯ ᠤᠲᠠᠰᠤᠨ᠎ᠤ ᠲᠠᠪᠴᠠᠩᠳ᠋ᠤ ᠲᠤᠮᠢᠯᠠᠨ ᠰᠠᠭᠤᠯᠭᠠᠵᠦ ᠂ 2024 ᠣᠨ᠎ᠤ 6 ᠰᠠᠷ᠎ᠠ᠎ᠠᠴᠠ ᠨᠠᠭᠠᠰᠢ ᠂ ᠬᠦᠴᠢᠷ ᠲᠦᠪᠡᠭ᠌ᠲᠡᠶ ᠠᠵᠢᠯ᠎ᠤᠨ ᠬᠠᠭᠤᠳᠠᠰᠤ᠎ᠶ᠋ᠢ ᠨᠡᠢᠲᠡ 1822 ᠬᠤᠪᠢ ᠳᠠᠭᠠᠭᠠᠴᠢᠯᠠᠨ ᠠᠪᠴᠤ᠌᠂ 846 ᠬᠤᠪᠢ᠎ᠶ᠋ᠢ ᠨᠢ ᠱᠢᠶ᠋ᠳᠪᠦᠷᠢᠯᠡᠵᠦ᠍ ᠳᠠᠭᠤᠰᠭᠠᠪᠠ ᠁
ᠤᠢ᠍ᠢᠷ᠎ᠡ᠎ᠶ᠋ᠢᠨ ᠡᠳᠦᠷ᠂ ᠰᠤᠷᠪᠤᠯᠵᠢᠯᠠᠭ᠍ᠴᠢ ᠪᠦᠬᠦ᠌ ᠣᠷᠣᠨ᠎ᠤ ᠤᠯᠠᠨ ᠭᠠᠵᠠᠷ᠎ᠢᠶᠠᠷ ᠰᠤᠷᠪᠤᠯᠵᠢᠯᠠᠵᠤ ᠶᠠᠪᠤᠬᠤ᠎ᠳᠠᠭᠠᠨ ᠲᠥᠯᠥᠭᠡᠯᠡᠭ᠌ᠴᠢ ᠭᠡᠱᠢᠭᠦᠳ᠎ᠦᠨ ᠤᠯᠠᠨ ᠲᠦᠮᠡᠨ᠎ᠳᠦ ᠦᠢᠯᠡᠴᠢᠯᠡᠭ᠌ᠰᠡᠨ ᠲᠡᠮᠳᠡᠭ᠌ᠯᠡᠯ᠎ᠢ ᠦᠵᠡᠪᠠ᠂ ᠠᠷᠠᠳ᠎ᠤᠨ ᠰᠠᠨᠠᠭ᠎ᠠ ᠶ᠋ᠢ ᠰᠣᠨᠣᠰᠴᠤ᠌᠂ ᠠᠷᠠᠳ᠎ᠤᠨ ᠤᠶᠤᠨ ᠤᠬᠠᠭᠠᠨ᠎ᠢ ᠨᠢᠭ᠍ᠲᠠᠷᠠᠭᠤᠯᠵᠤ᠂ ᠠᠷᠠᠳ᠎ᠤᠨ ᠵᠣᠪᠠᠨᠢᠯ᠎ᠢ ᠱᠢᠢᠳᠪᠦᠷᠢᠯᠡᠭ᠌ᠰᠡᠨ ᠠᠮᠢᠳᠤᠯᠢᠭ ᠦᠯᠢᠭᠡᠷ ᠮᠠᠰᠢ ᠤᠯᠠᠨ ᠪᠠᠢᠨ᠎ᠠ᠃
ᠡᠭᠦᠨ᠎ᠦ ᠠᠷᠤ᠎ᠳᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠲᠥᠯᠥᠭᠡᠯᠡᠭ᠌ᠴᠢ ᠭᠡᠱᠢᠭᠦᠳ᠎ᠦᠨ ᠬᠤᠷᠠᠯ ᠲᠡᠭᠦᠰᠦᠭ᠌ᠰᠡᠨ ᠬᠤᠭᠤᠴᠠᠭᠠᠨ᠎ᠳᠠᠬᠢ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠳᠦ ᠬᠦᠴᠢᠷ᠂ ᠤᠯᠠᠨ ᠲᠦᠮᠡᠨ᠎ᠲᠡᠶ ᠬᠠᠷᠢᠯᠴᠠᠬᠤ ᠠᠷᠭ᠎ᠠ ᠵᠠᠮ ᠰᠠᠢᠨ ᠨᠡᠪᠳᠡᠷᠡᠭᠦ ᠦᠭᠡᠢ ᠵᠡᠷᠭᠡ ᠠᠰᠠᠭᠤᠳᠠᠯ᠎ᠢ ᠱᠢᠢᠳᠪᠦᠷᠢᠯᠡᠬᠦ᠌ ᠡᠷᠡᠰ ᠵᠣᠷᠢᠭ ᠪᠠ ᠪᠦᠳᠦᠮᠵᠢᠳᠡᠢ ᠠᠵᠢᠯᠯᠠᠭ᠎ᠠ ᠪᠤᠢ᠃
ᠡᠮᠦᠨ᠎ᠠ ᠹᠷᠣᠨᠲ ᠵᠢᠭ᠍ᠰᠠᠭᠠᠯ᠎ᠤᠨ ᠭᠠᠵᠠᠷ ᠲᠸ᠋ ᠨᠠᠮ ᠪᠠ ᠣᠯᠠᠨ ᠲᠦᠮᠡᠨ᠎ᠦ 《ᠰᠡᠳᠭᠢᠯ᠎ᠢ ᠬᠣᠯᠪᠣᠬᠤ ᠬᠥᠭᠥᠷᠭᠡ》 ᠪᠠᠢᠭᠤᠯᠪᠠ
2023 ᠣᠨ᠎ᠤ 9 ᠰᠠᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ 《ᠬᠣᠶᠠᠷ ᠲᠥᠯᠥᠭᠡᠯᠡᠭ᠌ᠴᠢ ᠨᠢᠭᠡ ᠭᠡᠱᠢᠭᠦᠨ》᠎ᠤ᠋ ᠠᠵᠢᠯ᠎ᠤᠨ ᠤᠳᠤᠷᠢᠳᠭᠤ ᠳᠤᠭᠤᠢᠯᠠᠩ ᠪᠠᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠯᠪᠠᠨ ᠲᠢᠩᠬᠢᠮ᠎ᠳᠦ ᠲᠥᠯᠥᠭᠡᠯᠡᠭ᠌ᠴᠢ ᠭᠡᠱᠢᠭᠦᠨ᠎ᠦ ᠭᠠᠵᠠᠷ ᠢ ᠨᠡᠮᠡᠨ ᠪᠠᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠳᠠᠪᠬᠤᠷᠭ᠎ᠠ᠎ᠠᠴᠠ ᠲᠥᠯᠥᠭᠡᠯᠡᠭ᠌ᠴᠢ ᠭᠡᠱᠢᠭᠦᠨ᠎ᠦ ᠠᠵᠢᠯ᠎ᠢ ᠪᠦᠬᠦ᠌ ᠲᠠᠯ᠎ᠠ᠎ᠪᠠᠷ ᠨᠢᠭᠡᠳᠦᠯᠲᠡᠢ ᠠᠳᠬᠤᠪᠠ᠃ ᠬᠣᠶᠠᠷ ᠵᠢᠯᠰᠢᠬᠠᠮᠤᠨ ᠬᠠᠢᠨ ᠰᠥᠪᠡᠭ᠌ᠴᠢᠯᠡᠯᠲᠡ ᠪᠠ ᠦᠶ᠋ᠯᠡᠳᠦᠯᠭᠡ᠎ᠪᠡᠷ ᠲᠠᠮᠵᠢᠨ᠂ ᠮᠠᠨ᠎ᠤ ᠣᠷᠣᠨ 《ᠳᠤᠮᠳᠠᠳᠤ ᠤᠯᠤᠰ᠎ᠤᠨ ᠥᠭᠡᠷᠡᠴᠢᠯᠡᠯᠲᠡ 2024 ᠣᠨ᠎ᠤ ᠣᠨᠴᠠᠭᠠᠶ ᠬᠡᠷᠡᠭ᠎ᠦᠨ ᠵᠢᠱ᠌ᠢᠶ᠎ᠡ》 ᠪᠠ 《ᠪᠥᠬᠥ᠌ ᠤᠯᠤᠰ᠎ᠤᠨ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠨᠡᠢᠲᠡᠯᠢᠭ ᠬᠡᠷᠡᠭ᠎ᠦᠨ ᠵᠢᠱ᠌ᠢᠶ᠎ᠡ》 ᠬᠣᠶᠠᠷ ᠵᠦᠶ᠋ᠯ᠎ᠦᠨ ᠤᠯᠤᠰ᠎ᠤᠨ ᠲᠠᠰ᠎ᠤᠨ ᠢᠷᠠᠭᠤ ᠠᠯᠳᠠᠷ᠎ᠢ ᠵᠠᠯᠭᠠᠭ᠎ᠠ᠎ᠪᠠᠷ ᠬᠦᠷᠳᠡᠪᠠ᠃
ᠵᠤᠨ᠎ᠤ ᠳᠤᠮᠳᠠᠴᠢ ᠪᠡᠷ᠂ ᠤᠯᠠᠭᠠᠨᠴᠠᠪ ᠬᠤᠳᠠ᠎ᠶ᠋ᠢᠨ ᠱᠢᠩ ᠾᠧ ᠱᠢᠶᠠᠨ᠎ᠤ ᠨᠠᠮ᠎ᠤᠨ ᠲᠥᠯᠥᠭᠡᠯᠡᠭ᠌ᠴᠢ᠂ ᠡᠯ ᠲᠡᠢ ᠽᠢ ᠲᠣᠰᠭᠣᠨ᠎ᠤ ᠨᠠᠮ᠎ᠤᠨ ᠡᠭᠦᠷ᠎ᠦᠨ ᠱᠦᠵᠢ ᠯᠢᠶᠠᠩ ᠶᠠᠨ ᠲᠣᠰᠭᠣᠨ᠎ᠤ ᠠᠷᠠᠳ᠎ᠤᠨ ᠲᠥᠯᠥᠭᠡᠯᠡᠭ᠌ᠴᠢ ᠶ᠋ᠢ 《ᠬᠣᠶᠠᠷ ᠲᠥᠯᠥᠭᠡᠯᠡᠭ᠌ᠴᠢ ᠨᠢᠭᠡ ᠭᠡᠱᠢᠭᠦᠨ》 ᠤ᠋ ᠬᠣᠯᠪᠣᠭ᠎ᠠ ᠠᠪᠬᠤ ᠦᠷᠳᠡᠭᠡ᠎ᠳᠦ ᠴᠤᠭ᠍ᠯᠠᠭᠤᠯᠵᠤ᠂ ᠪᠧᠶ ᠶᠢᠩᠽᠢ ᠲᠣᠰᠭᠣᠨᠡᠴᠨ ᠡᠯ ᠲᠡᠶ ᠽᠢ ᠲᠣᠰᠭᠣᠨ ᠬᠦᠷᠬᠦ ᠲᠤᠰᠬᠤᠨ ᠤ᠋ ᠭᠤᠤᠯ ᠵᠠᠮ ᠢ᠋ ᠬᠠᠳᠠᠭᠤᠷᠠᠭᠤᠯᠬᠤ ᠡᠰᠡᠬᠦ ᠪᠡᠷ ᠵᠥᠪᠯᠡᠬᠦ᠌ ᠰᠡᠳᠦᠪ ᠪᠣᠯᠭᠠᠵᠤ ᠶᠠᠷᠢᠯᠴᠠᠭ᠎ᠠ ᠦᠷᠨᠢᠬᠦᠯᠪᠠ᠃
2023 ᠣᠨ᠎ᠳᠤ ᠱᠢᠩ ᠾᠧ ᠱᠢᠶᠠᠨ ᠡᠩ ᠲᠡᠷᠢᠭᠦᠨ᠎ᠳᠦ 《ᠨᠠᠮ᠎ᠤᠨ ᠲᠥᠯᠥᠭᠡᠯᠡᠭ᠌ᠴᠢ᠎ᠶ᠋ᠢᠨ ᠠᠵᠢᠯ᠎ᠤᠨ ᠥᠷᠲᠡᠭᠡ》᠂《ᠠᠷᠠᠳ᠎ᠤᠨ ᠲᠥᠯᠥᠭᠡᠯᠡᠭ᠌ᠴᠢ᠎ᠶ᠋ᠢᠨ ᠬᠡᠷ》 ᠂ 《ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠎ᠦ ᠬᠡᠷ》 ᠢ᠋ ᠡᠮᠬᠢᠯᠡᠨ ᠨᠡᠢᠯᠡᠬᠦᠯᠵᠦ 《ᠬᠣᠶᠠᠷ ᠲᠥᠯᠥᠭᠡᠯᠡᠭ᠌ᠴᠢ ᠨᠢᠭᠡ ᠭᠡᠱᠢᠭᠦᠨ᠎ᠦ ᠬᠡᠷ》 ᠢ᠋ ᠪᠠᠢᠭᠤᠯᠪᠠ᠃ ᠡᠯ ᠲᠠᠢ ᠽᠢ ᠲᠣᠰᠭᠣᠨ ᠪᠠᠰᠠ 《ᠬᠣᠶᠠᠷ ᠲᠥᠯᠥᠭᠡᠯᠡᠭ᠌ᠴᠢ ᠨᠢᠭᠡ ᠭᠡᠱᠢᠭᠦᠨ》 ᠤ᠋ ᠬᠣᠯᠪᠣᠭ᠎ᠠ ᠠᠪᠬᠤ ᠦᠷᠳᠡᠭᠡ ᠪᠠᠢᠭᠤᠯᠵᠤ᠂ ᠲᠥᠯᠥᠭᠡᠯᠡᠭ᠌ᠴᠢ ᠭᠡᠱᠢᠭᠦᠨ᠎ᠦ ᠰᠡᠬᠦᠳᠡᠷ᠂ ᠬᠣᠯᠪᠣᠭ᠎ᠠ ᠠᠪᠬᠤ ᠠᠷᠭ᠎ᠠ ᠬᠡᠯᠪᠡᠷᠢ ᠪᠠ ᠲᠥᠯᠥᠭᠡᠯᠡᠭ᠌ᠴᠢ ᠭᠡᠱᠢᠭᠦᠨᠤ᠋ ᠬᠦᠯᠢᠶᠠᠨ ᠠᠪᠴᠤ᠌ ᠰᠤᠷᠪᠤᠯᠵᠢᠯᠠᠬᠤ ᠡᠳᠦᠷ ᠢ᠋ ᠠᠯᠪᠠᠨ ᠵᠠᠷᠯᠠᠯ᠎ᠤᠨ ᠰᠠᠮᠪᠠᠷ᠎ᠠ ᠳ᠋ᠸ᠋ ᠨᠡᠢᠳᠡᠯᠡᠪᠡ᠃
ᠣᠳᠣᠬᠠᠨ᠎ᠳᠤ ᠪᠥᠬᠥ᠌ ᠣᠷᠣᠨ᠎ᠳᠤ ᠨᠢᠭᠡᠨᠲᠡ ᠨᠠᠮ᠎ᠤᠨ ᠲᠥᠯᠥᠭᠡᠯᠡᠭ᠌ᠴᠢ᠂ ᠠᠷᠠᠳ᠎ᠤᠨ ᠲᠥᠯᠥᠭᠡᠯᠡᠭ᠌ᠴᠢ᠂ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠎ᠦ ᠦᠨᠳᠦᠰᠦᠨ ᠱᠠᠲᠤᠨ᠎ᠤ ᠵᠢᠭ᠍ᠰᠠᠭᠠᠯ᠎ᠤᠨ ᠭᠠᠵᠠᠷ ᠢ 9318 ᠡᠮᠬᠢᠯᠡᠨ ᠨᠡᠢᠯᠡᠭᠦᠯᠵᠦ᠍᠂ 《ᠬᠣᠶᠠᠷ ᠲᠥᠯᠥᠭᠡᠯᠡᠬᠴᠢ ᠨᠢᠭᠡ ᠭᠡᠱᠢᠭᠦᠨ》 ᠤ᠋ ᠡᠭᠦᠷᠭᠡ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠶᠡᠷᠦᠩᠬᠡᠢᠯᠡᠭ᠌ᠰᠡᠨ ᠵᠢᠭ᠍ᠰᠠᠭᠠᠯ᠎ᠤᠨ ᠭᠠᠵᠠᠷ ᠢ 4783 ᠪᠠᠢᠭᠤᠯᠵᠤ᠂ 20 ᠬᠣᠱᠢᠭᠤ ᠱᠢᠶᠠᠨ᠎ᠳᠤ ᠰᠦᠯᠵᠢᠶᠡᠨ ᠳᠡᠭᠡᠷᠡᠬᠢ ᠶᠡᠷᠦᠩᠬᠡᠢᠯᠡᠭ᠌ᠰᠡᠨ ᠦᠶ᠋ᠯᠡᠴᠢᠯᠡᠭᠡᠨ᠎ᠦ ᠲᠠᠪᠴᠠᠩ ᠪᠠᠢᠭᠤᠯᠪᠠ᠃
《ᠪᠢ ᠰᠦᠯᠵᠢᠶᠡᠨ ᠳᠡᠭᠡᠷᠡᠬᠢ 〈ᠠᠷᠠᠳ᠎ᠤᠨ ᠲᠥᠯᠥᠭᠡᠯᠡᠭ᠌ᠴᠢ᠎ᠶ᠋ᠢᠨ ᠭᠡᠷ〉 ᠲᠠᠪᠴᠠᠩ᠎ᠳᠤ ᠲᠣᠰᠭᠣᠨ᠎ᠤ ᠵᠠᠮ᠎ᠤᠨ ᠳ᠋ᠧᠩ ᠭᠡᠷᠡᠯᠲᠦᠬᠦ᠌ ᠦᠭᠡᠢ ᠠᠰᠠᠭᠤᠳᠠᠯ᠎ᠢ ᠲᠤᠰᠭᠠᠪᠠ᠂ ᠠᠷᠠᠳ᠎ᠤᠨ ᠲᠥᠯᠥᠭᠡᠯᠡᠭ᠌ᠴᠢ ᠬᠠᠪᠰᠤᠷᠤᠨ ᠵᠣᠬᠢᠴᠠᠭᠤᠯᠵᠤ᠂ ᠤᠳᠠᠯ ᠦᠭᠡᠢ ᠬᠥᠮᠦᠨ ᠢᠷᠡᠵᠦ᠍ ᠰᠡᠯᠪᠢᠨ ᠵᠠᠰᠠᠪᠠ》 ᠭᠡᠵᠦ ᠪᠠᠶᠠᠨᠨᠠᠭᠤᠷ ᠬᠤᠳᠠ᠎ᠶ᠋ᠢᠨ ᠦᠶᠤᠸᠠᠨ ᠱᠢᠶᠠᠨ᠎ᠤ ᠯᠦᠩ ᠱᠢᠩ ᠴᠠᠩ ᠪᠠᠯᠭᠠᠰᠤ᠎ᠶ᠋ᠢᠨ ᠲᠦᠩ ᠯᠢᠶᠠᠨ ᠲᠣᠰᠭᠣᠨ᠎ᠤ ᠠᠷᠠᠳ ᠶᠠᠩ ᠭᠠᠢ ᡁᠢ ᠬᠡᠯᠡᠪᠡ᠃
ᠥᠨᠳᠥᠷ ᠪᠦᠲᠦᠮᠵᠢᠲᠡᠢ ᠱᠢᠢᠳᠪᠦᠷᠢᠯᠡᠭ᠌ᠰᠡᠨ᠎ᠦ ᠠᠷᠤ᠎ᠳᠤ᠂ ᠦᠶᠤᠸᠠᠨ ᠱᠢᠶᠠᠨ᠎ᠤ ᠰᠦᠯᠵᠢᠶᠡᠨ ᠳᠡᠭᠡᠷᠡᠬᠢ 《ᠠᠷᠠᠳ᠎ᠤᠨ ᠲᠥᠯᠥᠭᠡᠯᠡᠭ᠌ᠴᠢ᠎ᠶ᠋ᠢᠨ ᠭᠡᠷ》 ᠲᠠᠪᠴᠠᠩ᠎ᠤᠨ 《ᠤᠯᠠᠨ ᠲᠦᠮᠡᠨ᠎ᠦ ᠬᠤᠷᠤᠭᠤᠨ ᠦᠵᠦᠬᠦᠷ》 ᠡᠴᠡ 《ᠲᠥᠯᠥᠭᠡᠯᠡᠭ᠌ᠴᠢ᠎ᠶ᠋ᠢᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌》 ᠬᠦᠷᠲᠡᠯᠡᠬᠢ ᠪᠢᠲᠡᠭᠦᠤ ᠭᠤᠭᠴᠤᠭ᠎ᠠ᠎ᠳᠤ ᠬᠠᠷᠢᠭᠤ ᠲᠤᠰᠬᠠᠬᠤ ᠲᠣᠭ᠍ᠲᠠᠴᠠ ᠪᠤᠢ᠃
《ᠰᠦᠯᠵᠢᠶᠡᠨ ᠳᠡᠭᠡᠷᠡᠬᠢ 〈ᠠᠷᠠᠳ᠎ᠤᠨ ᠲᠥᠯᠥᠭᠡᠯᠡᠭ᠌ᠴᠢ᠎ᠶ᠋ᠢᠨ ᠬᠡᠷ〉 ᠲᠠᠪᠴᠠᠩ᠎ᠨᠢ ᠲᠥᠯᠥᠭᠡᠯᠡᠭ᠌ᠴᠢᠳ᠎ᠦᠨ ᠬᠤᠪᠢ ᠬᠥᠮᠦᠨ᠎ᠦ ᠲᠤᠰᠭᠠᠶ ᠮᠡᠷᠭᠡᠵᠢᠯ᠂ ᠠᠩᠬᠠᠷᠴᠤ ᠪᠠᠢᠭ᠎ᠠ ᠬᠦᠷᠢᠶ᠎ᠡ ᠴᠠᠷᠠᠭ᠎ᠠ ᠵᠡᠷᠭᠡ ᠮᠡᠳᠡᠭᠡ ᠵᠠᠩᠭᠢ᠎ᠶ᠋ᠢ ᠡᠮᠬᠢᠯᠡᠨ ᠨᠡᠢᠯᠡᠭᠦᠯᠵᠦ᠍᠂ ᠲᠥᠯᠥᠭᠡᠯᠡᠭ᠌ᠴᠢᠳ ᠶᠠᠭᠤ ᠬᠢᠵᠦ᠍ ᠪᠠᠢᠬᠤ᠂ ᠶᠠᠮᠠᠷ ᠰᠠᠨᠠᠯ ᠳᠤᠷᠠᠳᠪᠠᠯ ᠬᠠᠮᠤᠭ᠎ᠤᠨ ᠲᠦᠷᠭᠡᠨ ᠬᠠᠷᠢᠭᠤ ᠲᠤᠰᠭᠠᠯ ᠣᠯᠵᠤ ᠳᠡᠢᠯᠬᠦ᠌᠎ᠶ᠋ᠢ ᠣᠯᠠᠨ ᠲᠦᠮᠡᠨ ᠲᠣᠳᠣᠷᠬᠠᠶ ᠮᠡᠳᠡᠵᠦ᠍ ᠲᠡᠢᠯᠦᠨ᠎ᠠ》 ᠭᠡᠵᠦ᠍ ᠦᠶᠤᠸᠠᠨ ᠱᠢᠶᠠᠨ᠎ᠤ ᠨᠡᠢᠭᠡᠮ᠎ᠦᠨ ᠠᠵᠢᠯ᠎ᠤᠨ ᠦᠶ᠋ᠯᠡᠴᠢᠯᠡᠭᠡᠨ᠎ᠦ ᠲᠥᠪ᠎ᠦᠨ 《ᠬᠣᠶᠠᠷ ᠲᠥᠯᠥᠭᠡᠯᠡᠭ᠌ᠴᠢ ᠨᠢᠭᠡ ᠭᠡᠱᠢᠭᠦᠨ》 ᠤ᠋ ᠬᠡᠷ᠎ᠦᠨ ᠬᠣᠯᠪᠣᠭ᠎ᠠ ᠠᠪᠬᠤ ᠠᠯᠪᠠᠨ ᠬᠡᠷ᠎ᠦᠨ ᠡᠷᠬᠢᠯᠡᠭ᠌ᠴᠢ ᠳ᠋ᠦᠩ ᠶᠠᠨ ᠫᠢᠩ ᠬᠡᠯᠡᠪᠡ᠃
ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠳᠡᠪᠰᠢᠬᠦᠯᠵᠦ ᠠᠷᠠᠳ᠎ᠤᠨ ᠰᠠᠨᠠᠭ᠎ᠠ᠎ᠶᠢ 《 ᠲᠥᠪᠯᠡᠷᠡᠭᠦᠯᠦᠨ ᠲᠠᠷᠬᠠᠭᠠᠬᠤ ᠭᠠᠵᠠᠷ》᠎ᠢ᠋ ᠴᠤᠭᠴᠠᠯᠠᠪᠠ
ᠮᠠᠨ᠎ᠤ ᠣᠷᠣᠨ᠎ᠳᠤ ᠨᠡᠢᠭᠡᠮ᠎ᠦᠨ ᠪᠠᠢᠳᠠᠯ ᠠᠷᠠᠳ᠎ᠤᠨ ᠰᠠᠨᠠᠭ᠎ᠠ ᠵᠢ ᠳᠤᠰᠬᠠᠬᠤ ᠨᠡᠭᠡᠭᠡᠯᠲᠡ ᠲᠡᠢ 《ᠬᠡᠷᠡᠭ ᠵᠥᠪᠯᠡᠬᠦ ᠲᠠᠩᠬᠢᠮ》 ᠪᠠᠢᠬᠤ ᠮᠥᠷᠲᠡᠭᠡᠨ ᠪᠠᠰᠠ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠳᠡᠪᠰᠢᠬᠦᠯᠬᠦ᠎ᠳᠤ ᠰᠠᠭᠠᠳ ᠦᠭᠡᠢ ᠨᠠᠪᠳᠠᠷᠠᠬᠦ 《ᠲᠦᠷᠭᠡᠨ᠎ᠦ ᠵᠠᠮ》 ᠪᠠᠢᠳᠠᠭ᠃
7 ᠰᠠᠷ᠎ᠠ᠎ᠶᠢᠨ 8᠎ᠤ᠋ ᠡᠳᠦᠷ᠂ ᠦᠬᠠᠢ ᠬᠣᠲᠠ᠎ᠶᠢᠨ ᠬᠠᠢᠨᠠᠨ ᠲᠣᠭᠣᠷᠢᠭ᠋᠎ᠤᠨ ᠤᠯᠤᠰ ᠲᠥᠷᠥ᠎ᠶᠢᠨ ᠵᠥᠪᠯᠡᠯᠭᠡᠨ᠎ᠦ ᠭᠡᠰᠢᠭᠦᠨ ᠭᠣᠸ᠋ ᠰᠢᠸ᠋ ᠯᠢᠩ ᠰᠣᠷᠪᠤᠯᠵᠢᠯᠠᠭ᠎ᠠ ᠬᠦᠯᠢᠶᠡᠬᠦ᠎ᠳᠡᠭᠡᠨ᠄ 《ᠰᠠᠨᠠᠯ ᠰᠠᠨᠠᠭᠤᠯᠭ᠎ᠠ ᠶ᠋ᠢ ᠡᠢᠮᠦ ᠲᠦᠷᠬᠡᠨ ᠨᠠᠢᠳᠠᠪᠤᠷᠢᠵᠢᠭᠤᠯᠤᠨ᠎ᠠ ᠬᠡᠵᠦ ᠦᠨᠡᠬᠡᠷ ᠪᠣᠳᠣᠵᠤ ᠣᠯᠣᠭᠰᠠᠨ ᠦᠭᠡᠢ》 ᠭᠡᠵᠦ ᠶᠠᠷᠢᠵᠤ ᠪᠠᠢᠯ᠎ᠠ᠃ 《ᠡᠨᠡ ᠵᠢᠯ᠎ᠦᠨ 1 ᠰᠠᠷ᠎ᠠ ᠵᠢᠨ 1᠎ᠦ ᠡᠳᠦᠷ᠎ᠡᠴᠡ ᠡᠬᠢᠯᠡᠨ ᠪᠥᠬᠥ ᠬᠣᠲᠠ᠎ᠶᠢᠨ ᠨᠡᠭᠦᠷᠡᠰᠦ ᠤᠬᠢᠶᠠᠵᠤ ᠰᠢᠯᠢᠬᠦ ᠠᠵᠢᠯ ᠲᠥᠷᠥᠯ᠎ᠦᠨ ᠬᠢᠨ ᠡᠩ᠎ᠦᠨ ᠠᠵᠢᠯ ᠲᠥᠷᠥᠯ᠎ᠦᠨ ᠪᠠᠷᠢᠮᠵᠢᠶ᠎ᠠ᠎ᠪᠠᠷ ᠴᠠᠬᠢᠯᠭᠠᠨ ᠬᠦᠴᠦᠨ᠎ᠦ ᠠᠷᠠᠯᠵᠢᠶ᠎ᠠ᠎ᠳᠤ ᠣᠷᠣᠯᠴᠠᠵᠤ᠂ ᠦᠢᠯᠡᠳᠪᠦᠷᠢᠯᠡᠯ᠎ᠳᠦ ᠬᠡᠷᠡᠭᠯᠡᠬᠦ ᠴᠠᠬᠢᠯᠭᠠᠨ᠎ᠤ ᠳᠤᠮᠳᠠᠴᠢ ᠦᠨ᠎ᠡ ᠺᠢᠯᠣᠸᠠᠲ ᠴᠠᠭ ᠲᠸ᠋ 0.87 ᠲᠥᠭᠥᠷᠢᠭ ᠪᠠᠢᠭᠰᠠᠨ᠎ᠡᠴᠡ ᠨᠢᠭᠡ ᠯᠡ ᠲᠡᠭᠡᠷ᠎ᠡ 0.43 ᠲᠥᠭᠥᠷᠢᠭ ᠪᠤᠯᠵᠤ ᠪᠠᠭᠤᠷᠠᠪᠠ᠃ ᠪᠤᠳᠤᠵᠤ ᠦᠵᠡᠪᠡᠯ᠂ ᠠᠵᠤ ᠠᠬᠤᠢᠯᠠᠯ᠎ᠤᠨ ᠨᠢᠭᠡ ᠲᠣᠨ ᠨᠡᠭᠦᠷᠡᠰᠦ ᠦᠢᠯᠡᠳᠪᠦᠷᠢᠯᠡᠬᠦ ᠳ᠋ᠤ ᠬᠡᠷᠡᠭᠯᠡᠬᠦ ᠴᠠᠬᠢᠯᠭᠠᠨ᠎ᠤ ᠵᠠᠷᠤᠳᠠᠯ᠎ᠤᠨ ᠥᠪᠡᠷ᠎ᠦᠨ ᠥᠷᠲᠡᠭ ᠢ᠋ 3 ᠲᠥᠭᠥᠷᠢᠭ ᠣᠷᠴᠢᠮ ᠠᠷᠪᠢᠯᠠᠨ᠎ᠠ᠃ ᠡᠨᠡ ᠨᠢ ᠨᠡᠢᠭᠡᠮ᠎ᠦᠨ ᠪᠠᠢᠳᠠᠯ ᠠᠷᠠᠳ᠎ᠤᠨ ᠰᠠᠨᠠᠭ᠎ᠠ᠎ᠶᠢ ᠢᠳᠡᠪᠬᠢᠲᠡᠢ ᠲᠤᠰᠬᠠᠳᠠᠭ ᠮᠠᠨ᠎ᠤ ᠭᠡᠰᠢᠭᠦᠳ᠎ᠲᠦ ᠠᠪᠴᠤ ᠬᠡᠯᠡᠪᠡᠯ ᠲᠤᠢᠯ᠎ᠤᠨ ᠶᠡᠬᠡ ᠵᠣᠷᠢᠭ᠍ᠵᠢᠭᠤᠯᠤᠯ ᠪᠤᠯᠵᠠᠢ》 ᠬᠡᠵᠦ ᠲᠡᠷᠡ ᠶᠡᠭᠡᠳᠡ ᠰᠡᠳᠬᠢᠯ ᠲᠤᠭᠳᠤᠯᠤᠨ᠎ᠠ᠃
ᠥᠩᠭᠡᠷᠡᠭᠰᠡᠨ᠎ᠳᠦ ᠴᠠᠬᠢᠯᠭᠠᠨ᠎ᠤ ᠦᠨ᠎ᠡ ᠦᠨᠳᠦᠷ ᠪᠠᠢᠭᠰᠠᠨ ᠨᠢ ᠦᠬᠠᠢ ᠬᠣᠲᠠ᠎ᠶᠢᠨ ᠨᠡᠭᠦᠷᠡᠰᠦ ᠤᠬᠢᠶᠠᠵᠤ ᠰᠢᠯᠢᠬᠦ ᠠᠵᠤ ᠠᠬᠤᠢᠯᠠᠯ᠎ᠤᠨ ᠡᠵᠡᠩᠨᠡᠯᠲᠡ᠎ᠶᠢᠨ ᠳᠠᠷᠤᠯᠲᠠ᠎ᠶᠢ ᠬᠦᠨᠳᠦᠷᠡᠭᠦᠯᠵᠦ ᠪᠠᠢᠪᠠ᠃ ᠭᠣᠸ᠋ ᠰᠢᠸ᠋ ᠯᠢᠩ᠎ᠦᠨ ᠬᠦᠰᠡᠯ ᠱᠠᠭᠠᠷᠳᠠᠯᠭ᠎ᠠ ᠵᠢ ᠬᠠᠢᠨᠠᠨ ᠲᠣᠭᠣᠷᠢᠭ᠋᠎ᠤᠨ ᠤᠯᠤᠰ ᠲᠥᠷᠥ᠎ᠶᠢᠨ ᠵᠥᠪᠯᠡᠯᠭᠡᠨ ᠨᠡᠢᠭᠡᠮ᠎ᠦᠨ ᠪᠠᠢᠳᠠᠯ ᠠᠷᠠᠳ᠎ᠤᠨ ᠰᠠᠨᠠᠭ᠎ᠠ᠎ᠶᠢᠨ ᠮᠡᠳᠡᠭᠡ ᠵᠠᠩᠭᠢ᠎ᠶᠢᠨ ᠬᠡᠯᠪᠡᠷᠢ᠎ᠪᠡᠷ ᠦᠬᠠᠢ ᠬᠣᠲᠠ᠎ᠶᠢᠨ ᠤᠯᠤᠰ ᠲᠥᠷᠥ᠎ᠶᠢᠨ ᠵᠥᠪᠯᠡᠯᠭᠡᠨ ᠵᠢᠡᠷᠲᠠᠮᠵᠢᠭᠤᠯᠵᠤ ᠬᠠᠢᠨᠠᠨ ᠲᠣᠭᠣᠷᠢᠭ᠋᠎ᠤᠨ ᠨᠠᠮ᠎ᠤᠨ ᠬᠣᠷᠢᠶ᠎ᠠ᠂ ᠲᠣᠭᠣᠷᠢᠭ᠋᠎ᠤᠨ ᠵᠠᠰᠠᠭ᠎ᠤᠨ ᠣᠷᠳᠣᠨ᠎ᠳᠤ ᠬᠦᠷᠭᠡᠭᠰᠡᠨ ᠪᠠᠢᠨ᠎ᠠ᠃
ᠲᠤᠬᠠᠢ᠎ᠶᠢᠨ ᠦᠶ᠎ᠡ᠎ᠳᠦ ᠦᠬᠠᠢ ᠬᠣᠲᠠ᠎ᠶᠢᠨ ᠬᠠᠢᠨᠠᠨ ᠲᠣᠭᠣᠷᠢᠭ᠋᠎ᠤᠨ ᠨᠠᠮ᠎ᠤᠨ ᠬᠣᠷᠢᠶ᠎ᠠ᠎ᠶᠢᠨ ᠱᠦᠵᠢ ᠪᠠ ᠲᠣᠭᠣᠷᠢᠭ᠋᠎ᠤᠨ ᠳᠠᠷᠤᠭ᠎ᠠ ᠡᠨᠡ ᠬᠦ᠌ ᠨᠡᠢᠭᠡᠮ᠎ᠦᠨ ᠪᠠᠢᠳᠠᠯ ᠠᠷᠠᠳ᠎ᠤᠨ ᠰᠠᠨᠠᠭ᠎ᠠ᠎ᠶᠢᠨ ᠮᠡᠳᠡᠭᠡ ᠵᠠᠩᠭᠢ᠎ᠶᠢ ᠣᠯᠵᠤ ᠦᠵᠡᠭᠰᠡᠨ᠎ᠦ ᠳᠠᠷᠠᠭ᠎ᠠ᠂ ᠦᠳᠲᠡᠷ ᠲᠦᠷᠭᠡᠨᠠᠵᠤ ᠠᠬᠤᠢᠯᠠᠯ᠎ᠳᠤ ᠭᠦᠨᠵᠡᠭᠡᠢᠷᠡᠨ ᠪᠠᠢᠴᠠᠭᠠᠨ ᠰᠤᠳᠤᠯᠤᠯᠲᠠ ᠥᠷᠨᠢᠭᠦᠯᠦᠭᠰᠡᠨ ᠪᠥᠭᠡᠳ ᠨᠠᠮ᠎ᠤᠨ ᠲᠥᠯᠥᠭᠡᠯᠡᠭᠴᠢ᠎ᠶᠢᠨ ᠬᠤᠪᠢ᠎ᠪᠠᠷ ᠥᠪᠡᠷᠲᠡᠭᠡᠨ ᠵᠠᠰᠠᠬᠤ ᠣᠷᠣᠨ᠎ᠳᠤ 《ᠨᠡᠭᠦᠷᠡᠰᠦ ᠤᠬᠢᠶᠠᠵᠤ ᠰᠢᠯᠢᠬᠦ ᠠᠵᠤ ᠠᠬᠤᠢᠯᠠᠯ᠎ᠤᠨ ᠴᠠᠬᠢᠯᠭᠠᠨ᠎ᠤ ᠦᠨᠡᠳᠦ ᠲᠣᠬᠢᠷᠠᠭᠤᠯᠤᠯᠲᠠ ᠬᠢᠬᠦ ᠲᠤᠬᠠᠢ ᠰᠠᠨᠠᠭᠤᠯᠭ᠎ᠠ》 ᠳᠤᠷᠠᠳᠤᠭᠰᠠᠨ ᠪᠠᠢᠨ᠎ᠠ᠃ ᠡᠨᠡᠬᠦ ᠴᠢᠬᠤᠯᠠ ᠰᠠᠨᠠᠭᠤᠯᠭ᠎ᠠ᠎ᠶᠢ ᠲᠤᠰ ᠵᠢᠯ᠎ᠦᠨ 10 ᠰᠠᠷ᠎ᠠ᠎ᠳᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠠᠴᠠ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠦ ᠲᠣᠳᠣᠷᠬᠠᠢ ᠴᠣᠬᠣᠯᠠᠪᠤᠷᠢ ᠦᠭᠴᠡᠢ᠃
ᠬᠣᠶᠠᠷ ᠰᠠᠷ᠎ᠠ ᠭᠠᠷᠤᠢ᠎ᠶᠢᠨ ᠳᠠᠷᠠᠭ᠎ᠠ᠂ 2024 ᠣᠨ᠎ᠤ 12 ᠰᠠᠷ᠎ᠠ᠎ᠶᠢᠨ 20᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠡᠨᠧᠷᠭᠢ᠎ᠶᠢᠨ ᠲᠣᠪᠴᠢᠶ᠎ᠠ ᠡᠴᠡ 《2025 ᠣᠨ᠎ᠤ ᠥᠪᠥᠷ ᠮᠣᠩᠭᠣᠯ᠎ᠤᠨ ᠴᠠᠬᠢᠯᠭᠠᠨ ᠬᠦᠴᠦᠨ᠎ᠦ ᠣᠯᠠᠨ ᠲᠠᠯᠠᠲᠤ ᠠᠷᠠᠯᠵᠢᠶᠠᠨ᠎ᠤ ᠵᠠᠬ᠎ᠠ ᠳᠡᠯᠭᠡᠭᠦᠷ᠎ᠦᠨ ᠳᠤᠮᠳᠠ ᠣᠷᠳᠣ᠌ ᠬᠤᠭᠤᠴᠠᠭᠠᠨ᠎ᠤ ᠠᠷᠠᠯᠵᠢᠶᠠᠨ᠎ᠤ ᠬᠣᠯᠪᠣᠭᠳᠠᠯ ᠪᠦᠬᠦᠢ ᠶᠠᠪᠤᠳᠠᠯ᠎ᠢ ᠰᠠᠢᠲᠤᠷ ᠬᠢᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠨᠧᠷᠭᠢ᠎ᠶᠢᠨ ᠲᠣᠪᠴᠢᠶ᠎ᠠ᠎ᠶᠢᠨ ᠮᠡᠳᠡᠭᠳᠡᠯ》 ᠢ᠋ ᠵᠢᠩᠬᠢᠨᠢ᠎ᠪᠡᠷ ᠨᠡᠢᠲᠡᠯᠡᠵᠦ᠂ ᠪᠢᠴᠢᠭ ᠮᠠᠲᠧᠷᠢᠶᠠᠯ᠎ᠳᠤ᠄ 《ᠨᠡᠭᠦᠷᠡᠰᠦ ᠤᠬᠢᠶᠠᠵᠤ ᠰᠢᠯᠢᠬᠦ ᠠᠵᠢᠯ ᠲᠥᠷᠥᠯ᠎ᠦᠨ ᠴᠠᠬᠢᠯᠭᠠᠨ ᠬᠡᠷᠡᠭᠯᠡᠭᠴᠢᠳ ᠡᠩ᠎ᠦᠨ ᠠᠵᠢᠯ ᠲᠥᠷᠥᠯ᠎ᠦᠨ ᠶᠣᠰᠣᠭᠠᠷ ᠴᠠᠬᠢᠯᠭᠠᠨ ᠬᠦᠴᠦᠨ᠎ᠦ ᠵᠠᠬ᠎ᠠ ᠳᠡᠯᠭᠡᠭᠦᠷ᠎ᠦᠨ ᠠᠷᠠᠯᠵᠢᠶ᠎ᠠ᠎ᠳᠤ ᠣᠷᠣᠯᠴᠠᠨ᠎ᠠ》 ᠭᠡᠵᠦ ᠲᠣᠳᠣᠷᠬᠠᠢ ᠲᠣᠭᠲᠠᠭᠠᠵᠠᠢ᠃ ᠰᠢᠨ᠎ᠡ ᠲᠦᠷᠦ ᠵᠢᠨ ᠪᠤᠳᠤᠯᠭ᠎ᠠ ᠵᠢ 2025 ᠣᠨ᠎ᠤ 1 ᠰᠠᠷ᠎ᠠ᠎ᠶᠢᠨ 1᠎ᠤ᠋ ᠡᠳᠦᠷ᠎ᠡᠴᠡ ᠡᠬᠢᠯᠡᠨ ᠬᠡᠷᠡᠭᠵᠢᠬᠦᠯᠪᠡ᠃ 《ᠡᠨᠡᠬᠦ ᠲᠥᠷᠥ ᠶ᠋ᠢᠨ ᠪᠣᠳᠣᠯᠭ᠎ᠠ ᠨᠢ ᠪᠦᠬᠦ ᠬᠣᠲᠠ ᠶ᠋ᠢᠨ 63 ᠠᠵᠤ ᠠᠬᠤᠢᠯᠠᠯ᠎ᠳᠤ ᠠᠰᠢᠭ᠋ ᠬᠦᠷᠲᠡᠭᠡᠵᠡᠢ》 ᠭᠡᠵᠦ ᠬᠠᠢᠨᠠᠨ ᠲᠣᠭᠣᠷᠢᠭ᠋᠎ᠤᠨ ᠨᠠᠮ᠎ᠤᠨ ᠬᠣᠷᠢᠶᠠᠨ᠎ᠤ ᠳᠡᠳ᠋ ᠱᠦᠵᠢ᠂ ᠲᠣᠭᠣᠷᠢᠭ᠋᠎ᠤᠨ ᠳᠠᠷᠤᠭ᠎ᠠ ᠪᠠᠢ ᠴᠦᠨ ᠯᠧᠢ ᠲᠠᠨᠢᠯᠴᠠᠭᠤᠯᠪᠠ᠃
ᠦᠨᠳᠦᠰᠦᠨ ᠱᠠᠲᠤᠨ ᠤ᠋ ᠰᠠᠨᠠᠯ ᠵᠥᠪᠯᠡᠯᠭᠡ ᠨᠢ ᠶᠠᠭᠠᠬᠢᠭᠠᠳ ᠡᠢᠮᠦ ᠲᠦᠷᠬᠡᠨ ᠵᠢᠡᠷ ᠠᠵᠤ ᠠᠬᠤᠢᠯᠠᠯ᠎ᠳᠤ ᠠᠰᠢᠭ᠋ ᠬᠦᠷᠲᠡᠭᠡᠬᠦ ᠲᠥᠷᠥ ᠶ᠋ᠢᠨ ᠪᠣᠳᠣᠯᠭ᠎ᠠ ᠪᠣᠯᠵᠤ ᠬᠤᠪᠢᠷᠠᠭᠰᠠᠨ ᠪᠤᠢ? ᠡᠬᠦᠨ ᠳ᠋ᠤ ᠬᠡᠳᠦᠨ ᠵᠠᠩᠭᠢᠯᠠᠭ᠎ᠠ ᠶ᠋ᠢᠨ ᠴᠡᠭ ᠲᠣᠳᠣᠷᠬᠠᠢ ᠬᠠᠷᠠᠭᠳᠠᠵᠤ ᠪᠠᠢᠨ᠎ᠠ᠄ ᠭᠡᠰᠢᠭᠦᠳ ᠠᠰᠠᠭᠤᠳᠠᠯ ᠢ᠋ ᠬᠤᠷᠴᠠ ᠰᠡᠷᠭᠡᠭ ᠢ᠋ᠶ᠋ᠡᠷ ᠢᠯᠡᠷᠡᠭᠦᠯᠵᠦ᠂ ᠤᠯᠤᠰ ᠲᠥᠷᠥ ᠶ᠋ᠢᠨ ᠵᠥᠪᠯᠡᠯᠭᠡᠨ᠎ᠦ ᠠᠷᠭ᠎ᠠ ᠵᠠᠮ ᠵᠢᠡᠷ ᠴᠠᠭ ᠲᠤᠬᠠᠢ ᠳ᠋ᠤᠨᠢ ᠳᠠᠮᠵᠢᠭᠤᠯᠵᠤ᠂ ᠨᠠᠮ᠎ᠤᠨ ᠲᠥᠯᠥᠭᠡᠯᠡᠭᠴᠢ ᠪᠥᠬᠥ ᠬᠦᠴᠦᠨ ᠢ᠋ᠶ᠋ᠡᠷ ᠢ᠋ᠶ᠋ᠡᠨ ᠠᠬᠢᠭᠤᠯᠵᠤ᠂ ᠨᠠᠮ᠎ᠤᠨ ᠬᠣᠷᠢᠶ᠎ᠠ ᠵᠠᠰᠠᠭ᠎ᠤᠨ ᠣᠷᠳᠣᠨ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠦ᠂ ᠰᠠᠯᠠᠭ᠎ᠠ ᠮᠥᠴᠢᠷ᠎ᠦᠨ ᠠᠵᠢᠯᠯᠠᠭ᠎ᠠ ᠲᠦᠷᠭᠡᠨ ᠪᠥᠭᠡᠳ ᠬᠦᠴᠦᠲᠡᠢ ᠶᠠᠪᠤᠭᠳᠠᠭᠰᠠᠨ ᠪᠠᠢᠨ᠎ᠠ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠠᠯᠪᠠᠨ ᠲᠢᠩᠬᠢᠮ᠎ᠦᠨ ᠲᠥᠯᠥᠭᠡᠯᠡᠭᠴᠢ ᠭᠡᠰᠢᠭᠦᠨ᠎ᠦ ᠭᠠᠵᠠᠷ᠎ᠤᠨ ᠳᠠᠷᠤᠭ᠎ᠠ ᠠᠨ ᠫᠢᠩ᠎ᠤᠨ ᠲᠠᠨᠢᠯᠴᠠᠭᠤᠯᠤᠭᠰᠠᠨ ᠵᠢᠡᠷ᠂ 《ᠬᠣᠶᠠᠷ ᠲᠥᠯᠥᠭᠡᠯᠡᠭᠴᠢ ᠨᠢᠭᠡ ᠭᠡᠰᠢᠭᠦᠨ》 ᠤ᠋ ᠡᠭᠦᠷᠭᠡ ᠲᠤᠰᠢᠶᠠᠯ᠎ᠢᠶᠠᠨ ᠪᠠᠢᠩᠭᠤ ᠭᠦᠢᠴᠡᠳᠬᠡᠬᠦ᠎ᠶᠢ ᠨᠠᠩ ᠰᠠᠢᠲᠤᠷ ᠬᠥᠲᠥᠯᠥᠨ ᠵᠢᠯᠤᠭᠣᠳᠬᠤ ᠪᠠ ᠠᠬᠢᠭᠤᠯᠬᠤ᠎ᠶᠢᠨ ᠲᠥᠯᠥᠭᠡ᠂ ᠮᠠᠨ᠎ᠤ ᠣᠷᠣᠨ《ᠲᠥᠯᠥᠭᠡᠯᠡᠭᠴᠢ ᠭᠡᠰᠢᠭᠦᠨ᠎ᠦ ᠰᠠᠨᠠᠯ ᠵᠥᠪᠯᠡᠯᠭᠡ ᠵᠢᠨ ᠰᠢᠭᠤᠳ ᠨᠡᠪᠳᠡᠷᠡᠬᠦ ᠲᠡᠷᠭᠡ》 ᠵᠢᠨ ᠲᠣᠭᠲᠠᠴᠠ ᠵᠢ ᠪᠠᠢᠭᠤᠯᠵᠤ᠂ ᠡᠯ᠎ᠡ ᠱᠠᠲᠤᠨ᠎ᠤ ᠲᠥᠯᠥᠭᠡᠯᠡᠭᠴᠢ ᠭᠡᠰᠢᠭᠦᠳ ᠰᠢᠭᠤᠳ ᠮᠤᠵᠢ᠎ᠶᠢᠨ ᠱᠠᠲᠤᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠳᠤ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠳᠡᠪᠰᠢᠬᠦᠯᠵᠦ ᠂ ᠠᠰᠠᠭᠤᠳᠠᠯ᠎ᠢ ᠲᠤᠰᠬᠠᠬᠤ ᠪᠤᠯᠪᠠ᠃
ᠣᠳᠣᠬᠠᠨ ᠪᠣᠯᠲᠠᠯ᠎ᠠ᠂ ᠲᠥᠯᠥᠭᠡᠯᠡᠭᠴᠢ ᠭᠡᠰᠢᠭᠦᠨ᠎ᠦ ᠰᠠᠨᠠᠯ ᠵᠦᠪᠯᠡᠯᠭᠡ ᠳᠤᠷᠠᠳᠬᠤ ᠰᠢᠭᠤᠳ ᠨᠡᠪᠳᠡᠷᠡᠬᠦ ᠲᠡᠷᠭᠡ ᠨᠡᠢᠳᠡ 76 ᠬᠤᠭᠤᠴᠠᠭᠠᠨ᠎ᠤ ᠮᠡᠳᠡᠭᠡ ᠵᠠᠩᠬᠢ ᠬᠦᠷᠭᠡᠨ᠂ ᠨᠢᠭᠡ ᠪᠦᠯᠦᠭ ᠴᠢᠨᠠᠷ ᠴᠢᠨᠰᠠᠭ᠎ᠠ ᠳᠠᠢ᠂ ᠬᠡᠷᠡᠭᠵᠢᠬᠦᠯᠵᠦ ᠪᠤᠯᠬᠤᠢᠴᠠ ᠴᠢᠨᠠᠷᠳᠠᠢ᠂ ᠠᠰᠢᠭ᠋ ᠬᠦᠷᠲᠡᠭᠡᠬᠦ ᠬᠡᠪᠴᠢᠶ᠎ᠡ᠎ᠪᠡᠷ ᠥᠷᠭᠡᠨ ᠰᠠᠨᠠᠯ ᠰᠠᠨᠠᠭᠤᠯᠭ᠎ᠠ᠎ᠶᠢ ᠠᠰᠠᠭᠤᠳᠠᠯ᠎ᠢ ᠰᠢᠢᠳᠪᠦᠷᠢᠯᠡᠬᠦ᠂ ᠬᠥᠭᠵᠢᠯᠲᠡ᠎ᠶᠢ ᠠᠬᠢᠭᠤᠯᠬᠤ 《ᠠᠯᠳᠠᠨ ᠲᠦᠯᠬᠢᠭᠦᠷ》 ᠪᠣᠯᠭᠠᠨ ᠬᠤᠪᠢᠷᠠᠭᠤᠯᠤᠭᠰᠠᠨ ᠪᠠᠢᠨ᠎ᠠ᠃
ᠰᠡᠳᠭᠢᠯ ᠨᠢᠭᠡᠳᠦᠨ ᠴᠢᠷᠮᠠᠢᠨ ᠠᠵᠢᠯᠯᠠᠵᠦ ᠵᠠᠰᠠᠯᠳᠠ ᠵᠢᠨ 《 ᠢᠵᠢᠯᠢ ᠲᠥᠪ᠎ᠲᠦ ᠲᠣᠭᠣᠷᠢᠭ᠋ 》 ᠢ᠋ ᠬᠠᠮᠳᠤ ᠪᠡᠷ ᠵᠢᠷᠤᠬᠯᠠᠪᠠ
6 ᠰᠠᠷ᠎ᠠ᠎ᠶᠢᠨ13᠎ᠤ᠋ ᠡᠳᠦᠷ᠂ ᠣᠷᠳᠣᠰ ᠬᠣᠲᠠ᠎ᠶᠢᠨ《ᠬᠣᠶᠠᠷ ᠲᠥᠯᠥᠭᠡᠯᠡᠭᠴᠢ ᠨᠢᠭᠡ ᠭᠡᠰᠢᠭᠦᠨ》12345 ᠬᠠᠯᠠᠮᠰᠢᠯ ᠤᠲᠠᠰᠤ ᠵᠢᠨ ᠳᠠᠪᠴᠠᠩ᠎ᠳᠤ ᠣᠷᠣᠨ ᠰᠠᠭᠤᠵᠤ 《ᠰᠠᠷ᠎ᠠ ᠪᠦᠷᠢ ᠨᠢᠭᠡ ᠰᠡᠳᠦᠪ》 ᠤ᠋ᠨ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ ᠠᠵᠢᠯᠯᠠᠭ᠎ᠠ ᠥᠷᠨᠢᠭᠦᠯᠪᠡ᠃ 《ᠲᠠᠷᠢᠶᠠᠯᠠᠩ᠎ᠤᠨ ᠳᠠᠭᠠᠳᠬᠠᠯ᠎ᠤᠨ ᠪᠠᠲᠤᠯᠠᠭ᠎ᠠ᠎ᠶᠢᠨ ᠲᠦᠪᠰᠢᠨ ᠢ ᠳᠡᠭᠡᠭᠰᠢᠯᠡᠭᠦᠯᠬᠦ》᠎ᠳ᠋ᠸ᠋ ᠠᠩᠬᠠᠷᠤᠯ᠎ᠢᠶᠠᠨ ᠲᠥᠪᠯᠡᠷᠡᠭᠦᠯᠵᠦ᠂ ᠬᠣᠯᠪᠣᠭᠳᠠᠯ ᠪᠦᠬᠦᠢ ᠠᠵᠢᠯ ᠲᠦᠷᠦᠯ᠎ᠦᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠂ ᠳᠠᠭᠠᠳᠬᠠᠯ᠎ᠤᠨ ᠪᠠᠢᠭᠤᠯᠤᠮᠵᠢ᠂ ᠲᠥᠯᠥᠭᠡᠯᠡᠭᠴᠢ ᠭᠡᠰᠢᠭᠦᠨ ᠦᠢᠯᠡᠴᠢᠯᠡᠭᠡ ᠬᠠᠮᠢᠶᠠᠷᠤᠯᠲᠠ᠎ᠶᠢᠨ ᠰᠠᠯᠠᠭ᠎ᠠ ᠮᠥᠴᠢᠷᠪᠠ ᠦᠨᠳᠦᠰᠦᠨ ᠱᠠᠲᠤᠨ᠎ᠤ 6 ᠲᠥᠯᠥᠭᠡᠯᠡᠭᠴᠢ ᠭᠡᠰᠢᠭᠦᠨ ᠲᠠᠢ ᠬᠠᠷᠢᠯᠴᠠᠨ ᠤᠯᠠᠨ ᠲᠦᠮᠡᠨ᠎ᠦ ᠬᠦᠰᠡᠯ ᠱᠠᠭᠠᠷᠳᠠᠯᠭ᠎ᠠ᠎ᠶᠢ ᠠᠰᠠᠭᠤᠨ ᠯᠠᠪᠯᠠᠪᠠ᠃
ᠡᠨᠡ ᠵᠢᠯ᠎ᠡᠴᠡ ᠨᠠᠭᠠᠰᠢ᠂ ᠣᠷᠳᠣᠰ ᠬᠣᠲᠠ ᠰᠠᠷ᠎ᠠ ᠪᠦᠷᠢ ᠣᠯᠠᠨ ᠲᠦᠮᠡᠨ᠎ᠦ ᠲᠤᠰᠬᠠᠯ ᠲᠥᠪᠯᠡᠷᠡᠭᠰᠡᠨ ᠥᠨᠳᠥᠷ ᠳᠠᠪᠲᠠᠮᠵᠢᠲᠤ ᠬᠠᠯᠠᠮᠰᠢᠯ ᠴᠡᠭ᠎ᠦᠨ ᠬᠦᠰᠡᠯ ᠱᠠᠭᠠᠷᠳᠠᠯᠭ᠎ᠠ᠎ᠶᠢ ᠰᠣᠩᠭᠣᠨ ᠲᠤᠰᠬᠠᠢ ᠰᠡᠳᠦᠪᠲᠦ ᠵᠠᠰᠠᠯᠲᠠ᠎ᠶᠢᠨ ᠬᠢᠨᠠᠯᠲᠠ ᠲᠠᠯᠪᠢᠬᠤ ᠠᠵᠢᠯᠯᠠᠭ᠎ᠠ ᠦᠷᠨᠢᠬᠦᠯᠵᠦ᠂ 《ᠨᠠᠷᠢᠯᠢᠭ᠋ ᠣᠨᠣᠴᠠᠲᠠᠢ᠎ᠪᠠᠷ ᠰᠡᠳᠦᠪ ᠰᠣᠩᠭᠣᠬᠤ᠂ ᠵᠥᠪᠯᠡᠬᠦ ᠰᠡᠳᠦᠪ᠎ᠢᠶᠡᠨ ᠲᠥᠪᠯᠡᠷᠡᠭᠦᠯᠬᠦ᠂ ᠬᠠᠮᠲᠤ᠎ᠪᠠᠷ ᠠᠰᠠᠭᠤᠳᠠᠯ᠎ᠢ ᠰᠢᠢᠳᠪᠦᠷᠢᠯᠡᠬᠦ᠂ ᠣᠯᠠᠨ ᠲᠦᠮᠡᠨ ᠦᠨᠡᠯᠡᠬᠦ》 ᠪᠢᠲᠡᠭᠦᠦ ᠭᠤᠭᠴᠤᠭ᠎ᠠ᠎ᠳᠤ ᠠᠵᠢᠯ᠎ᠤᠨ ᠵᠠᠭᠪᠤᠷ᠎ᠢᠶᠠᠷ ᠲᠠᠮᠵᠢᠨ᠂ 《ᠨᠢᠭᠡ ᠠᠰᠠᠭᠤᠳᠠᠯ》 ᠢ᠋ ᠰᠢᠢᠳᠪᠦᠷᠢᠯᠡᠬᠦ᠎ᠪᠡᠷ ᠲᠠᠮᠵᠢᠨ 《ᠨᠢᠭᠡ ᠲᠥᠷᠥᠯ᠎ᠦᠨ ᠠᠰᠠᠭᠤᠳᠠᠯ》 ᠢ᠋ ᠲᠠᠭᠠᠭᠤᠯᠤᠨ ᠰᠢᠢᠳᠪᠦᠷᠢᠯᠡᠪᠡ᠃
2024 ᠣᠨ᠎ᠤ 4 ᠰᠠᠷ᠎ᠠ ᠡᠴᠨ ᠨᠠᠭᠠᠰᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠯᠪᠠᠨ ᠲᠢᠩᠬᠢᠮ ᠤᠷᠢᠳ᠎ᠢᠶᠠᠷ ᠲᠤᠷᠰᠢᠯᠲᠠ ᠬᠢᠵᠦ᠂ ᠳᠠᠷᠠᠭ᠎ᠠ ᠨᠢ ᠳᠡᠯᠭᠡᠷᠡᠭᠦᠯᠬᠦ ᠠᠷᠭ᠎ᠠ ᠬᠡᠯᠪᠡᠷᠢ᠎ᠪᠡᠷ 《ᠬᠣᠶᠠᠷ ᠲᠥᠯᠥᠭᠡᠯᠡᠭᠴᠢ ᠨᠢᠭᠡ ᠭᠡᠰᠢᠭᠦᠨ》᠎ᠤ᠋ 12345 ᠬᠠᠯᠠᠮᠰᠢᠯ ᠤᠲᠠᠰᠤ᠎ᠪᠡᠷ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ ᠠᠵᠢᠯ᠎ᠢ ᠰᠦᠪᠡᠭᠴᠢᠯᠡᠨ ᠥᠷᠨᠢᠭᠦᠯᠪᠡ᠃
ᠡᠯ᠎ᠡ ᠠᠢᠮᠠᠭ ᠬᠣᠲᠠ ᠵᠠᠷᠯᠢᠭ᠋᠎ᠢ ᠰᠣᠨᠣᠰᠤᠮᠠᠭᠴᠠ᠎ᠪᠠᠨ ᠬᠥᠳᠡᠯᠦᠯᠴᠡᠪᠡ᠄ ᠨᠢᠭᠡ ᠲᠠᠯ᠎ᠠ᠎ᠪᠠᠷ ᠲᠥᠯᠥᠭᠡᠯᠡᠭᠴᠢ ᠭᠡᠰᠢᠭᠦᠨ ᠢ ᠤᠷᠢᠵᠤ ᠬᠤᠭᠤᠴᠠᠭ᠎ᠠ ᠪᠦᠯᠦᠭ ᠬᠤᠪᠢᠶᠠᠨ 12345 ᠬᠠᠯᠠᠮᠰᠢᠯ ᠤᠲᠠᠰᠤ ᠵᠢᠨ ᠳᠠᠪᠴᠠᠩ᠎ᠳᠤ ᠳᠤᠮᠢᠯᠠᠨ ᠰᠠᠭᠤᠯᠭᠠᠵᠤ᠂ ᠬᠠᠯᠠᠮᠰᠢᠯ ᠤᠲᠠᠰᠤ᠎ᠶᠢᠨ ᠭᠦᠢᠴᠡᠳᠬᠡᠬᠦ ᠴᠤᠪᠤᠷᠠᠯ᠎ᠢ ᠣᠢᠯᠠᠭᠠᠵᠤ᠂ ᠣᠯᠠᠨ ᠲᠦᠮᠡᠨ᠎ᠦ ᠤᠲᠠᠰᠤ ᠪᠠ ᠠᠷᠠᠳ᠎ᠤᠨ ᠬᠦᠰᠡᠯ ᠰᠠᠨᠠᠭ᠎ᠠ᠎ᠶᠢ ᠰᠠᠨᠠᠭᠠᠴᠢᠯᠠᠭ᠎ᠠ᠎ᠡᠴᠨ ᠪᠠᠨ ᠭᠥᠯᠢᠶᠡᠨ ᠠᠪᠴᠤ ᠰᠣᠨᠣᠰᠪᠠ; ᠨᠥᠭᠥᠭᠡ ᠲᠠᠯ᠎ᠠ᠎ᠪᠠᠷ ᠣᠯᠠᠨ ᠲᠦᠮᠡᠨ᠎ᠦ ᠲᠤᠰᠬᠠᠯ ᠲᠥᠪᠯᠡᠷᠡᠩᠭᠦᠢ᠂ ᠣᠯᠠᠨ ᠨᠡᠶ᠋ᠢᠲᠡ᠎ᠶᠢᠨ ᠠᠰᠢᠭ᠋ ᠲᠤᠰᠠ᠎ᠳᠤ ᠬᠣᠯᠪᠣᠭᠳᠠᠭᠰᠠᠨ᠂ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠬᠦ᠎ᠶᠢ ᠠᠬᠢᠭᠤᠯᠵᠤ ᠪᠣᠯᠬᠤ ᠨᠢᠭᠡ ᠪᠦᠯᠦᠭ ᠬᠦᠴᠢᠷ ᠲᠦᠪᠡᠭᠲᠡᠢ ᠠᠵᠢᠯ᠎ᠢ ᠰᠢᠯᠢᠨ ᠰᠣᠩᠭᠣᠵᠤ ᠲᠥᠯᠥᠭᠡᠯᠡᠭᠴᠢ ᠭᠡᠰᠢᠭᠦᠨ ᠲᠦᠷᠦᠭᠦᠯᠡᠨ ᠭᠦᠢᠴᠡᠳᠬᠡᠵᠦ ᠱᠠᠯᠠᠪᠳᠠᠭᠤᠯᠤᠨ ᠰᠢᠢᠳᠪᠦᠷᠢᠯᠡᠭᠦᠯᠵᠦ ᠂ ᠠᠰᠠᠭᠤᠳᠠᠯ᠎ᠢ ᠰᠢᠢᠳᠪᠦᠷᠢᠯᠡᠬᠦ᠎ᠶᠢ ᠠᠬᠢᠭᠤᠯᠤᠨ᠂ 12345 ᠬᠠᠯᠠᠮᠰᠢᠯ ᠤᠲᠠᠰᠤ᠎ᠶᠢᠨ ᠰᠢᠢᠳᠪᠦᠷᠢᠯᠡᠬᠦ ᠶᠠᠰᠤ ᠴᠢᠨᠠᠷ ᠦᠷ᠎ᠡ ᠪᠦᠲᠦᠮᠵᠢ ᠪᠠ ᠣᠯᠠᠨ ᠲᠦᠮᠡᠨ᠎ᠦ ᠬᠠᠨᠤᠮᠵᠢ᠎ᠶᠢᠨ ᠬᠡᠮᠵᠢᠶ᠎ᠡ᠎ᠶᠢ ᠳᠡᠭᠡᠭᠰᠢᠯᠡᠭᠦᠯᠪᠡ᠃
ᠣᠯᠠᠨ ᠲᠦᠮᠡᠨ᠎ᠦ ᠲᠤᠰᠬᠠᠭᠰᠠᠨ ᠠᠰᠠᠭᠤᠳᠠᠯ ᠣᠯᠠᠨ ᠶᠠᠩᠵᠤ᠎ᠶᠢᠨ ᠪᠠᠢᠵᠤ᠂ ᠲᠥᠯᠥᠭᠡᠯᠡᠭᠴᠢ ᠭᠡᠰᠢᠭᠦᠳ ᠨᠡᠢᠭᠡᠮ᠎ᠦᠨ ᠬᠠᠮᠢᠶᠠᠷᠤᠯᠲᠠ᠂ ᠦᠨᠳᠦᠰᠦᠨ ᠱᠠᠲᠤᠨ᠎ᠤ ᠵᠠᠰᠠᠯᠲᠠ᠂ ᠬᠤᠳᠠᠯᠳᠤᠭ᠎ᠠ ᠡᠷᠬᠢᠯᠡᠬᠦ ᠣᠷᠴᠢᠨ ᠲᠣᠭᠣᠷᠢᠨ᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠵᠡᠷᠭᠡ ᠬᠦᠷᠢᠶᠡᠨ᠎ᠳᠡᠬᠢ ᠨᠡᠢᠲᠡᠯᠢᠭ ᠴᠢᠨᠠᠷᠲᠠᠢ ᠠᠰᠠᠭᠤᠳᠠᠯ᠎ᠤᠨ ᠲᠣᠭᠣᠷᠢᠨ᠎ᠳᠤ ᠬᠠᠯᠠᠮᠰᠢᠯ ᠤᠲᠠᠰᠤ ᠠᠪᠴᠤ᠂ ᠣᠯᠠᠨ ᠲᠦᠮᠡᠨ ᠪᠠ ᠠᠵᠤ ᠠᠬᠤᠢᠯᠠᠯ᠎ᠤᠨ ᠡᠮᠦᠨ᠎ᠡ᠎ᠡᠴᠡ ᠦᠭᠡ ᠬᠡᠯᠡᠵᠦ᠂ ᠨᠡᠢᠭᠡᠮ᠎ᠦᠨ ᠵᠠᠰᠠᠯᠲᠠ᠎ᠶᠢᠨ ᠲᠦᠪᠰᠢᠨ᠎ᠢ ᠳᠡᠭᠡᠭᠰᠢᠯᠡᠭᠦᠯᠪᠡ᠃
2024 ᠣᠨ᠎ᠤ 4 ᠰᠠᠷᠠᠡᠴᠨ ᠣᠲᠣᠬᠠᠨ ᠪᠣᠯᠲᠠᠯ᠎ᠠ᠂ ᠪᠥᠬᠥ ᠣᠷᠣᠨ᠎ᠤ 12 ᠲᠦᠮᠡ ᠭᠠᠷᠤᠢ ᠲᠥᠯᠥᠭᠡᠯᠡᠭᠴᠢ ᠭᠡᠰᠢᠭᠦᠨ᠎ᠢ 12345 ᠬᠠᠯᠠᠮᠰᠢᠯ ᠤᠲᠠᠰᠤ᠎ᠶᠢᠨ ᠬᠢᠨᠠᠯᠲᠠ ᠲᠠᠯᠪᠢᠬᠤ ᠮᠡᠳᠡᠭᠡ ᠵᠠᠩᠭᠢ᠎ᠶᠢᠨ ᠬᠥᠮᠥᠷᠭᠡ᠎ᠳᠦ ᠣᠷᠣᠭᠤᠯᠵᠤ᠂ ᠡᠯ᠎ᠡ ᠱᠠᠲᠤᠨ᠎ᠤ ᠲᠥᠯᠥᠭᠡᠯᠡᠭᠴᠢ ᠭᠡᠰᠢᠭᠦᠨ ᠲᠦᠷᠦᠭᠦᠯᠡᠨ ᠬᠦᠴᠢᠷ ᠲᠦᠪᠡᠭᠲᠡᠢ 4749 ᠬᠤᠪᠢ ᠠᠵᠢᠯ᠎ᠤᠨ ᠬᠠᠭᠤᠳᠠᠰᠤ᠎ᠶᠢ ᠱᠠᠯᠠᠪᠳᠠᠭᠤᠯᠤᠨ ᠭᠦᠢᠴᠡᠳᠬᠡᠵᠦ᠂ 3395 ᠬᠤᠪᠢ᠎ᠶᠢ ᠰᠢᠢᠳᠪᠦᠷᠢᠯᠡᠪᠡ᠃
ᠡᠯ᠎ᠡ ᠠᠢᠮᠠᠭ ᠬᠣᠲᠠ 《〈ᠬᠣᠶᠠᠷ ᠲᠥᠯᠥᠭᠡᠯᠡᠭᠴᠢ ᠨᠢᠭᠡ ᠭᠡᠰᠢᠭᠦᠨ〉᠎ᠤ᠋ 12345 ᠬᠠᠯᠠᠮᠰᠢᠯ ᠤᠲᠠᠰᠤ᠎ᠪᠡᠷ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ ᠵᠠᠮ᠎ᠢ ᠨᠡᠪᠲᠡᠷᠡᠭᠦᠯᠬᠦ ᠠᠵᠢᠯ᠎ᠤᠨ ᠲᠥᠰᠥᠯ》᠎ᠢ᠋ ᠲᠣᠭᠲᠠᠭᠠᠵᠤ᠂ ᠲᠥᠯᠥᠭᠡᠯᠡᠭᠴᠢ ᠭᠡᠰᠢᠭᠦᠨ᠎ᠤ ᠬᠠᠯᠠᠮᠰᠢᠯ ᠤᠲᠠᠰᠤ᠎ᠶᠢ ᠤᠲᠠᠰᠤᠳᠠᠬᠤ᠂ ᠬᠠᠯᠠᠮᠰᠢᠯ ᠤᠲᠠᠰᠤ᠎ᠶᠢ ᠭᠥᠯᠢᠶᠡᠨ ᠰᠣᠨᠣᠰᠬᠤ ᠵᠡᠷᠭᠡ ᠲᠤᠰᠢᠶᠠᠯ ᠵᠢᠡᠨ ᠭᠦᠢᠴᠡᠳᠬᠡᠬᠦ ᠬᠠᠮᠢᠶ᠎ᠠ ᠪᠦᠬᠦᠢ ᠲᠣᠭᠲᠠᠴᠠ᠎ᠶᠢ ᠰᠦᠪᠡᠭᠴᠢᠯᠡᠨ ᠪᠦᠷᠢᠯᠳᠦᠭᠦᠯᠪᠡ᠃ ᠡᠯ᠎ᠡ ᠭᠠᠵᠠᠷ ᠤᠷᠤᠨ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷᠲᠥᠯᠥᠭᠡᠯᠡᠭᠴᠢ ᠭᠡᠰᠢᠭᠦᠨ᠎ᠦ ᠲᠦᠷᠦ᠎ᠶᠢᠨ ᠪᠣᠳᠣᠯᠭ᠎ᠠ ᠬᠠᠤᠯᠢ ᠳᠦᠷᠢᠮ᠎ᠦᠨ ᠤᠬᠠᠭᠤᠯᠤᠭ᠍ᠴᠢ᠂ ᠨᠡᠢᠭᠡᠮ᠎ᠦᠨ ᠪᠠᠢᠳᠠᠯ ᠠᠷᠠᠳ᠎ᠤᠨ ᠰᠠᠨᠠᠭ᠎ᠠ᠎ᠶᠢ ᠬᠤᠷᠢᠶᠠᠭ᠍ᠴᠢ᠂ ᠬᠦᠴᠢᠷᠳᠡᠯ᠎ᠢ ᠰᠢᠢᠳᠪᠦᠷᠢᠯᠡᠬᠦ ᠦᠢᠯᠡᠴᠢᠯᠡᠭᠴᠢ᠂ ᠠᠷᠠᠳ᠎ᠤᠨ ᠠᠮᠢᠳᠤᠷᠠᠯ᠎ᠤᠨ ᠬᠢᠨᠠᠯᠲᠠ ᠲᠠᠯᠪᠢᠭ᠍ᠴᠢ᠂ ᠵᠥᠷᠢᠴᠡᠯ ᠵᠠᠭᠤᠷᠠᠯᠳᠤᠭᠠᠨ᠎ᠢ ᠡᠶᠡᠳᠡᠭᠦᠯᠦᠭᠴᠢ ᠪᠣᠯᠬᠤ᠎ᠶᠢ ᠢᠳᠡᠪᠬᠢᠲᠡᠢ ᠠᠬᠢᠭᠤᠯᠪᠠ᠃
ᠡᠳᠦᠭᠡ 《ᠬᠣᠶᠠᠷ ᠲᠥᠯᠥᠭᠡᠯᠡᠭᠴᠢ ᠨᠢᠭᠡ ᠭᠡᠰᠢᠭᠦᠨ》 ᠤ᠋ ᠲᠤᠰᠢᠶᠠᠯ ᠬᠠᠷᠢᠭᠤᠴᠠᠯᠭ᠎ᠠ᠎ᠪᠠᠨ ᠬᠦᠢᠴᠡᠳᠬᠡᠬᠦ ᠵᠢ ᠪᠠᠢᠩᠭᠤᠵᠢᠭᠤᠯᠬᠤ ᠠᠵᠢᠯ ᠡᠳᠦᠷ ᠢᠷᠡᠬᠦᠶ᠎ᠡ ᠨᠠᠮ ᠪᠠ ᠤᠯᠠᠨ ᠲᠦᠮᠡᠨ᠎ᠦ ᠴᠢᠰᠤ ᠮᠢᠬᠠᠨ᠎ᠤ ᠬᠠᠷᠢᠴᠠᠭ᠎ᠠ᠎ᠶᠢ ᠨᠢᠭ᠍ᠲᠠᠷᠠᠭᠤᠯᠬᠤ᠂ ᠦᠨᠳᠦᠰᠦᠨ ᠱᠠᠲᠤᠨ᠎ᠤ ᠵᠠᠰᠠᠯᠲᠠ᠎ᠶᠢᠨ ᠬᠦᠴᠢᠷ ᠠᠰᠠᠭᠤᠳᠠᠯ᠎ᠢ ᠰᠢᠢᠳᠪᠦᠷᠢᠯᠡᠬᠦ ᠵᠠᠩᠭᠢᠯᠠᠭ᠎ᠠ᠎ᠶᠢᠨ ᠠᠴᠢᠶᠠᠯᠠᠪᠤᠷᠢ ᠪᠣᠯᠵᠤ ᠪᠠᠢᠨ᠎ᠠ᠃