— ᠦᠪᠦᠷ ᠮᠤᠩᠭᠤᠯ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ《ᠪᠦᠰᠡᠯᠡᠯᠲᠡ ᠰᠢᠪᠲᠤᠯᠤᠭᠰᠠᠨ》 ᠲᠡᠮᠲᠡᠭᠯᠡᠯ ③
ᠮᠠᠨ᠎ᠤ ᠤᠷᠤᠨ᠎ᠤ ᠥᠷᠭᠡᠨ ᠠᠭᠤᠳᠠᠮ ᠡᠯᠡᠰᠦᠨ ᠴᠦᠯ ᠭᠤᠪᠢ ᠭᠠᠵᠠᠷ ᠴᠦᠯᠯᠡᠷᠬᠡᠭ ᠤᠷᠤᠨ ᠳ᠋ᠤ ᠡᠨᠧᠷᠭᠢ ᠨᠦᠬᠡᠴᠡᠯᠡᠬᠦ ᠴᠠᠬᠢᠯᠭᠠᠨ ᠦᠷᠳᠡᠭᠡ ᠵᠠᠯᠭᠠᠭ᠎ᠠ ᠪᠡᠷ ᠰᠦᠨᠳᠡᠷᠯᠡᠨ ᠪᠤᠰᠴᠤ᠂ ᠡᠨᠡ ᠵᠢᠯ᠎ᠤᠨ 5 ᠰᠠᠷ᠎ᠠ᠎ᠶᠢᠨ ᠰᠡᠭᠦᠯᠴᠢ ᠪᠣᠯᠲᠠᠯ᠎ᠠ ᠥᠪᠡᠷᠲᠡᠭᠡᠨ ᠵᠠᠰᠠᠬᠤ ᠣᠷᠣᠨ᠎ᠤ ᠰᠢᠨ᠎ᠡ ᠬᠡᠯᠪᠡᠷᠢ ᠵᠢᠨ ᠡᠨᠧᠷᠭᠢ ᠨᠦᠬᠡᠴᠡᠯᠡᠬᠦ ᠮᠠᠰᠢᠨ ᠴᠣᠭᠴᠠᠯᠠᠪᠤᠷᠢ᠎ᠶᠢᠨ ᠶᠡᠷᠦᠩᠬᠡᠢ ᠬᠡᠪᠴᠢᠶ᠎ᠡ 1086 ᠲᠦᠮᠡᠨ ᠺᠢᠯᠦᠸᠠᠲ᠎ᠲᠤ ᠬᠦᠷᠴᠦ᠂ ᠪᠥᠬᠥ ᠤᠯᠤᠰ᠎ᠤᠨ ᠡᠮᠦᠨ᠎ᠡ ᠡᠩᠨᠡᠭᠡᠨ᠎ᠳᠦ ᠣᠷᠣᠪᠠ᠃ ᠭᠡᠲᠡᠯ᠎ᠡ ᠯᠢᠲ᠋ᠢ ᠢᠶᠤᠨ ᠳ᠋ᠢᠶᠠᠨ ᡂᠢ᠎ᠶᠢᠨ ᠡᠨᠧᠷᠭᠢ ᠨᠦᠬᠡᠴᠡᠯᠡᠬᠦ ᠠᠵᠤ ᠦᠢᠯᠡᠰ᠎ᠤᠨ ᠲᠦᠷᠭᠡᠨ ᠬᠥᠭᠵᠢᠬᠦ᠎ᠶᠢ ᠳᠠᠭᠠᠯᠳᠤᠨ ᠳ᠋ᠢᠶᠠᠨ ᡂᠢ᠎ᠶᠢᠨ ᠢᠯᠴᠢ ᠵᠢᠨ ᠡᠵᠡᠮᠰᠢᠯ ᠠᠯᠳᠠᠭᠳᠠᠬᠤ ᠦᠵᠡᠭᠳᠡᠯ ᠤᠯᠠᠰᠢᠷᠠᠵᠦ᠂ ᠭᠠᠯ ᠰᠡᠷᠭᠡᠢᠯᠡᠵᠦ ᠭᠠᠯ ᠤᠨᠲᠠᠷᠠᠭᠠᠬᠤ ᠲᠠᠯ᠎ᠠ ᠪᠠᠷ ᠠᠮᠤᠷ ᠲᠦᠪᠰᠢᠨ᠎ᠦ ᠬᠡᠮ ᠰᠤᠭᠤᠭ ᠶᠡᠭᠡᠳᠡᠭᠰᠡᠨ ᠪᠠᠢᠨ᠎ᠠ᠃
2024 ᠣᠨ᠎ᠳᠤ ᠥᠪᠥᠷ ᠮᠣᠩᠭᠣᠯ᠎ᠤᠨ ᠱᠠᠩᠳᠤ ᠴᠠᠬᠢᠯᠭᠠᠨ ᠭᠠᠷᠭᠠᠬᠤ ᠬᠢᠵᠠᠭᠠᠷᠲᠤ ᠺᠣᠮᠫᠠᠨᠢ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶᠢᠨ ᠶᠠᠮᠤᠨ᠎ᠤ ᠲᠢᠶᠠᠨᠵᠢᠨ᠎ᠤ ᠭᠠᠯ ᠰᠡᠷᠭᠡᠢᠯᠡᠵᠦ ᠭᠠᠯ ᠤᠨᠲᠠᠷᠠᠭᠠᠬᠤ ᠰᠤᠳᠤᠯᠭᠠᠨ᠎ᠤ ᠭᠠᠵᠠᠷ᠂ ᠳᠤᠮᠳᠠᠳᠤ ᠤᠯᠤᠰ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠶᠡᠬᠡ ᠰᠤᠷᠭᠠᠭᠤᠯᠢ ᠵᠡᠷᠭᠡ 9 ᠨᠢᠭᠡᠴᠢ᠎ᠲᠠᠢ ᠬᠠᠮᠲᠤᠷᠠᠨ᠂ 《ᠰᠠᠭᠤᠷᠢ ᠰᠤᠳᠤᠯᠭᠠᠨ — ᠮᠡᠷᠭᠡᠵᠢᠯ᠎ᠦᠨ ᠪᠣᠭᠣᠮᠲᠠ ᠰᠢᠪᠲᠤᠯᠬᠤ — ᠵᠢᠱ᠌ᠢᠶ᠎ᠡ ᠦᠵᠡᠭᠦᠯᠦᠨ ᠬᠡᠷᠡᠭᠯᠡᠬᠦ — ᠪᠠᠷᠢᠮᠵᠢᠶᠠᠲᠤ ᠳᠠᠮᠵᠢᠭᠤᠯᠭ᠎ᠠ》 ᠵᠢᠨ ᠪᠥᠬᠥ ᠬᠡᠯᠬᠢᠶᠡᠨ᠎ᠦ ᠬᠠᠮᠲᠤᠷᠠᠯᠴᠠᠭᠠᠨ᠎ᠤ ᠵᠠᠭᠪᠤᠷ᠎ᠢ ᠪᠦᠷᠢᠯᠳᠦᠭᠦᠯᠵᠦ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ 《ᠪᠦᠰᠡᠯᠡᠯᠲᠡ ᠰᠢᠪᠲᠤᠯᠬᠤ》 ᠢᠨᠵᠧᠨᠧᠷᠢᠩ᠎ᠦᠨ 《ᠴᠠᠬᠢᠯᠭᠠᠨ ᠬᠢᠮᠢ᠎ᠶᠢᠨ ᠡᠨᠧᠷᠭᠢ ᠨᠦᠬᠡᠴᠡᠯᠡᠬᠦ ᠴᠠᠬᠢᠯᠭᠠᠨ ᠥᠷᠲᠡᠭᠡᠨ᠎ᠦ ᠭᠠᠯ ᠰᠡᠷᠭᠡᠢᠯᠡᠬᠦ ᠵᠠᠩᠭᠢᠯᠠᠭ᠎ᠠ᠎ᠶᠢᠨ ᠮᠡᠷᠭᠡᠵᠢᠯ》᠎ᠤ᠋ᠨ ᠲᠥᠷᠥᠯ ᠵᠦᠢᠯ᠎ᠢ ᠬᠠᠮᠲᠤ᠎ᠪᠠᠷ ᠬᠡᠷᠡᠭᠵᠢᠭᠦᠯᠵᠦ᠂ ᠡᠨᠧᠷᠭᠢ ᠨᠦᠬᠡᠴᠡᠯᠡᠬᠦ ᠴᠠᠬᠢᠯᠭᠠᠨ ᠥᠷᠲᠡᠭᠡ᠎ᠶᠢᠨ ᠠᠮᠤᠷ ᠲᠦᠪᠰᠢᠨ ᠠᠵᠢᠯᠯᠠᠭᠠᠨ᠎ᠤ ᠮᠡᠷᠭᠡᠵᠢᠯ᠎ᠦᠨ ᠰᠠᠭᠤᠷᠢ᠎ᠶᠢ ᠪᠡᠬᠢᠵᠢᠭᠦᠯᠪᠡ᠃
ᠲᠥᠷᠥᠯ ᠵᠦᠢᠯ ᠨᠢ ᠶᠡᠬᠡ ᠳᠡᠭᠡᠳᠦ ᠰᠤᠷᠭᠠᠭᠤᠯᠢ᠎ᠶᠢᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠳᠠᠪᠠᠭᠤᠯᠢᠭ᠋᠂ ᠠᠵᠤ ᠠᠬᠤᠢᠯᠠᠯ᠎ᠤᠨ ᠠᠵᠤ ᠦᠢᠯᠡᠰᠵᠢᠭᠦᠯᠦᠨ ᠤᠨᠳᠤᠤᠰᠢᠭᠤᠯᠬᠤ ᠴᠢᠳᠠᠪᠤᠷᠢ ᠵᠢᠴᠢ ᠭᠠᠯ ᠰᠡᠷᠭᠡᠢᠯᠡᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠰᠠᠯᠠᠭ᠎ᠠ ᠮᠥᠴᠢᠷ᠎ᠦᠨ ᠪᠣᠳᠠᠲᠤ ᠲᠤᠷᠰᠢᠯᠭ᠎ᠠ᠎ᠶᠢ ᠴᠡᠭᠴᠡᠯᠡᠨ ᠨᠡᠢᠳᠬᠡᠬᠦ᠎ᠪᠡᠷ ᠳᠠᠮᠵᠢᠨ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠂ ᠶᠡᠬᠡ ᠳᠡᠭᠡᠳᠦ ᠰᠤᠷᠭᠠᠭᠤᠯᠢ᠂ ᠠᠵᠢᠯ ᠲᠥᠷᠥᠯ᠎ᠦᠨ ᠳᠠᠭᠠᠭᠤᠯᠤᠭ᠍ᠴᠢ ᠠᠵᠤ ᠠᠬᠤᠢᠯᠠᠯ ᠵᠢᠴᠢ ᠭᠠᠯ ᠰᠡᠷᠭᠡᠢᠯᠡᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠰᠠᠯᠠᠭ᠎ᠠ ᠮᠥᠴᠢᠷ᠎ᠢᠶᠡᠷ ᠪᠦᠷᠢᠯᠳᠦᠭᠰᠡᠨ ᠰᠢᠨ᠎ᠡ᠎ᠶᠢ ᠡᠭᠦᠳᠬᠦ ᠰᠢᠰᠲᠧᠮ᠎ᠢ ᠪᠠᠢᠭᠤᠯᠵᠤ᠂ 《ᠣᠨᠣᠯ᠎ᠤᠨ ᠰᠢᠪᠲᠤᠯᠤᠯᠲᠠ — ᠮᠡᠷᠭᠡᠵᠢᠯ᠎ᠦᠨ ᠤᠨᠳᠤᠤᠰᠢᠭᠤᠯᠤᠯᠲᠠ — ᠠᠬᠤᠢ ᠲᠠᠯᠠᠪᠠᠶ᠎ᠶᠢᠨ ᠰᠢᠯᠭᠠᠨ ᠪᠠᠲᠤᠯᠠᠯᠲᠠ》 ᠵᠢᠨ ᠬᠡᠯᠬᠢᠶ᠎ᠡ ᠵᠢ ᠪᠦᠷᠢᠯᠳᠦᠭᠦᠯᠪᠡ᠃
ᠲᠦᠷᠦᠯ ᠵᠦᠢᠯ᠎ᠤᠨ ᠬᠠᠷᠢᠭᠤᠴᠠᠯᠭᠠᠲᠠᠨ᠎ᠤ ᠲᠠᠨᠢᠯᠴᠠᠭᠤᠯᠤᠭᠰᠠᠨ ᠵᠢᠡᠷ᠂ ᠥᠪᠡᠷᠲᠡᠭᠡᠨ ᠵᠠᠰᠠᠬᠤ ᠣᠷᠣᠨ᠎ᠤ ᠶᠡᠬᠡ ᠬᠡᠮᠵᠢᠶᠡᠨ᠎ᠦ ᠡᠨᠧᠷᠭᠢ ᠨᠦᠬᠡᠴᠡᠯᠡᠬᠦ ᠴᠠᠬᠢᠯᠭᠠᠨ ᠥᠷᠲᠡᠭᠡ ᠵᠢ ᠡᠯᠡᠰᠦᠨ ᠴᠦᠯ ᠭᠤᠪᠢ ᠭᠠᠵᠠᠷ ᠴᠦᠯᠯᠡᠷᠬᠡᠭ ᠤᠷᠤᠨ ᠵᠡᠷᠭᠡ ᠪᠣᠶ᠋ᠢᠳᠠ ᠪᠥᠭᠯᠡᠭᠦᠦ ᠭᠠᠵᠠᠷ ᠣᠷᠣᠨ᠎ᠳᠤ ᠪᠠᠢᠭᠤᠯᠵᠤ᠂ ᠡᠲᠡᠭᠡᠷ ᠭᠠᠵᠠᠷ ᠣᠷᠣᠨ᠎ᠳᠤ ᠦᠷᠬᠦᠯᠵᠢ ᠰᠠᠯᠬᠢ ᠰᠢᠭᠤᠷᠭ᠎ᠠ ᠳᠡᠭᠳᠡᠵᠦ᠂ ᠪᠠᠰᠠ ᠥᠨᠳᠥᠷ ᠳᠤᠯᠠᠭᠠᠨ ᠬᠠᠬᠢᠷ ᠬᠦᠢᠲᠡᠨ ᠵᠡᠷᠭᠡ ᠤᠨᠴᠠᠭᠠᠢ ᠠᠭᠤᠷ ᠠᠮᠢᠰᠬᠤᠯ᠎ᠤᠨ ᠨᠦᠯᠦᠭᠡ ᠵᠢ ᠬᠦᠷᠲᠡᠬᠦ ᠵᠢᠨ ᠬᠠᠮᠲᠤ ᠤᠰᠤ ᠬᠦᠨᠳᠦ ᠨᠣᠴᠢᠲᠠᠢ ᠳᠤᠲᠠᠭᠳᠠᠵᠤ ᠪᠠᠢᠬᠤ ᠪᠣᠯᠬᠣᠷ ᠡᠨᠧᠷᠭᠢ ᠨᠦᠬᠡᠴᠡᠯᠡᠬᠦ ᠴᠠᠬᠢᠯᠭᠠᠨ ᠥᠷᠲᠡᠭᠡ᠎ᠶᠢᠨ ᠭᠠᠯ᠎ᠤᠨ ᠠᠶᠤᠯ᠎ᠢ ᠰᠡᠷᠭᠡᠢᠯᠡᠨ ᠡᠵᠡᠮᠳᠡᠬᠦ ᠪᠠ ᠪᠠᠴᠢᠮ ᠪᠠᠢᠳᠠᠯ᠎ᠢ ᠠᠷᠭᠠᠴᠠᠭᠠᠨ ᠰᠢᠢᠳᠪᠦᠷᠢᠯᠡᠬᠦ ᠠᠵᠢᠯ ᠬᠦᠨᠳᠦ ᠬᠡᠴᠡᠭᠦᠦ ᠥᠷᠢᠰᠦᠯᠳᠦᠭᠡᠨ᠎ᠳᠦ ᠲᠤᠯᠭᠠᠷᠠᠵᠤ᠂ ᠡᠨᠧᠷᠭᠢ ᠬᠠᠳᠠᠭᠠᠯᠠᠬᠤ ᠰᠢᠰᠲᠧᠮ᠎ᠦᠨ ᠪᠠᠷᠢᠮᠵᠢᠶᠠᠵᠢᠭᠰᠠᠨ ᠭᠠᠯ ᠤᠨᠲᠠᠷᠠᠭᠠᠬᠤ ᠵᠠᠭᠪᠤᠷ ᠳᠤᠲᠠᠭᠳᠠᠵᠤ ᠪᠠᠢᠬᠤ᠂ ᠭᠠᠯ ᠰᠡᠷᠭᠡᠢᠯᠡᠵᠦ ᠭᠠᠯ ᠤᠨᠲᠠᠷᠠᠭᠠᠬᠤ ᠪᠠ ᠳᠡᠯᠪᠡᠷᠡᠯᠲᠡ᠎ᠶᠢ ᠰᠡᠷᠭᠡᠢᠯᠡᠬᠦ ᠰᠢᠨᠵᠢᠯᠡᠬᠦ ᠤᠬᠠᠭᠠᠨᠴᠢ ᠪᠠᠢᠷᠢᠯᠠᠭᠤᠯᠤᠯᠲᠠ ᠠᠷᠭ᠎ᠠ ᠬᠡᠮᠵᠢᠶ᠎ᠡ ᠳᠤᠲᠠᠭᠳᠠᠵᠤ ᠪᠠᠢᠬᠤ᠂ ᠪᠠᠴᠢᠮ ᠪᠠᠢᠳᠠᠯ᠎ᠢ ᠠᠷᠭᠠᠴᠠᠭᠠᠬᠤ ᠰᠢᠨ᠎ᠡ ᠮᠡᠷᠭᠡᠵᠢᠯ ᠪᠠ ᠲᠣᠨᠣᠭᠯᠠᠯ ᠬᠦᠷᠦᠯᠴᠡᠬᠦ ᠦᠭᠡᠢ ᠪᠠᠢᠬᠤ ᠵᠡᠷᠭᠡ ᠨᠢ ᠪᠦᠷ ᠵᠠᠪᠠᠯ ᠰᠢᠢᠳᠪᠦᠷᠢᠯᠡᠬᠦ ᠲᠤᠯᠭᠠᠮ ᠠᠰᠠᠭᠤᠳᠠᠯ ᠪᠤᠯᠤᠭᠰᠠᠨ ᠪᠠᠢᠨ᠎ᠠ᠃
ᠡᠳᠡᠭᠡᠷ ᠠᠰᠠᠭᠤᠳᠠᠯ᠎ᠳᠤ ᠴᠢᠭᠯᠡᠭᠦᠯᠦᠨ ᠲᠦᠷᠦᠯ ᠵᠦᠢᠯ᠎ᠦᠨ ᠪᠦᠯᠬᠦᠮ ᠴᠥᠬᠥᠷᠡᠰᠢ ᠦᠭᠡᠢ ᠴᠢᠷᠮᠠᠢᠵᠤ ᠬᠡᠰᠡᠭ ᠱᠠᠲᠤᠴᠢ ᠴᠢᠨᠠᠷᠲᠠᠢ ᠦᠷ᠎ᠡ ᠪᠦᠲᠦᠭᠡᠯ ᠣᠯᠪᠠ᠃ ᠡᠨᠧᠷᠭᠢ ᠨᠦᠬᠡᠴᠡᠯᠡᠬᠦ ᠵᠠᠭᠪᠤᠷ᠎ᠤᠨ ᠢᠯᠴᠢ ᠵᠢᠨ ᠡᠵᠡᠮᠰᠢᠯ ᠠᠯᠳᠠᠭᠳᠠᠭᠰᠠᠨ ᠲᠤᠷᠰᠢᠯᠲᠠ᠎ᠶᠢᠨ ᠤᠯᠠᠨ ᠲᠣᠭ᠎ᠠ ᠪᠠᠷᠢᠮᠲᠠ᠎ᠳᠤ ᠰᠠᠭᠤᠷᠢᠯᠠᠨ᠂ ᠡᠨᠧᠷᠭᠢ ᠨᠦᠬᠡᠴᠡᠯᠡᠬᠦ ᠵᠠᠭᠪᠤᠷ᠎ᠤᠨ ᠬᠡᠢ ᠡᠭᠦᠰᠬᠡᠬᠦ᠂ ᠢᠯᠴᠢ ᠡᠭᠦᠰᠬᠡᠬᠦ ᠵᠢᠴᠢ ᠢᠯᠴᠢ ᠵᠢᠨ ᠡᠵᠡᠮᠰᠢᠯ ᠠᠯᠳᠠᠭᠳᠠᠬᠤ ᠵᠠᠭᠪᠤᠷ᠎ᠢ ᠪᠠᠢᠭᠤᠯᠵᠤ᠂ ᠡᠨᠧᠷᠭᠢ ᠨᠦᠬᠡᠴᠡᠯᠡᠬᠦ ᠴᠠᠬᠢᠯᠭᠠᠨ ᠥᠷᠲᠡᠭᠡ᠎ᠶᠢᠨ ᠭᠠᠯ᠎ᠤᠨ ᠠᠶᠤᠯ᠎ᠢ ᠬᠠᠯᠬᠠᠯᠠᠨ ᠬᠣᠷᠢᠭ᠍ᠯᠠᠬᠤ ᠴᠠᠬᠢᠭᠤᠷᠲᠤ ᠴᠠᠷᠴᠠᠮᠠᠯ ᠴᠠᠪᠠᠤ᠎ᠶᠢᠨ ᠬᠥᠭᠡᠰᠦᠷᠭᠡᠭ ᠮᠠᠲᠧᠷᠢᠶᠠᠯ᠎ᠤᠨ ᠨᠠᠢᠷᠠᠯᠭ᠎ᠠ ᠵᠢ ᠲᠣᠳᠣᠷᠬᠠᠢᠯᠠᠨ᠂ ᠲᠤᠰ ᠮᠠᠲᠧᠷᠢᠶᠠᠯ᠎ᠤᠨ ᠲᠤᠬᠠᠢ ᠬᠠᠮᠢᠶ᠎ᠠ ᠪᠦᠬᠦᠢ ᠲᠤᠷᠰᠢᠯᠲᠠ᠎ᠶᠢᠨ ᠰᠤᠳᠤᠯᠭᠠᠨ ᠦᠷᠨᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠪᠠᠷᠢᠯᠭ᠎ᠠ᠎ᠶᠢᠨ ᠪᠦᠲᠦᠭᠡᠨ ᠪᠠᠢᠭᠤᠯᠤᠯᠲᠠ᠎ᠶᠢᠨ ᠣᠷᠣᠨ ᠨᠤᠲᠤᠭ᠎ᠤᠨ ᠪᠠᠷᠢᠮᠵᠢᠶ᠎ᠠ 《ᠴᠠᠬᠢᠯᠭᠠᠨ ᠬᠢᠮᠢ᠎ᠶᠢᠨ ᠡᠨᠧᠷᠭᠢ ᠨᠦᠬᠡᠴᠡᠯᠡᠬᠦ ᠴᠠᠬᠢᠯᠭᠠᠨ ᠥᠷᠲᠡᠭᠡ ᠵᠢᠨ ᠭᠠᠯ ᠰᠡᠷᠭᠡᠢᠯᠡᠵᠦ ᠭᠠᠯ ᠤᠨᠲᠠᠷᠠᠭᠠᠬᠤ ᠠᠮᠤᠷ ᠲᠦᠪᠰᠢᠨ᠎ᠦ ᠮᠡᠷᠭᠡᠵᠢᠯ᠎ᠦᠨ ᠳᠦᠷᠢᠮ》 ᠤ᠋ᠨ ᠭᠣᠣᠯ ᠵᠦᠢᠯ ᠵᠤᠷᠪᠤᠰ᠎ᠢ ᠨᠠᠢᠷᠠᠭᠤᠯᠤᠨ ᠪᠢᠴᠢᠬᠦ᠎ᠳᠤ ᠬᠠᠮᠢᠶ᠎ᠠ ᠪᠦᠬᠦᠢ ᠦᠨᠳᠦᠰᠦ ᠪᠠᠷᠢᠮᠳᠠ ᠬᠠᠩᠭᠠᠭᠰᠠᠨ ᠪᠠᠢᠨ᠎ᠠ᠃
ᠤᠢᠯᠠᠭᠠᠭᠰᠠᠨ ᠵᠢᠡᠷ᠂ ᠲᠥᠷᠥᠯ ᠵᠦᠢᠯ᠎ᠦᠨ ᠦᠷ᠎ᠡ ᠪᠦᠲᠦᠭᠡᠯ᠎ᠢ ᠨᠠᠢᠳᠠᠪᠤᠷᠢᠵᠢᠭᠤᠯᠤᠨ ᠬᠡᠷᠡᠭᠯᠡᠬᠦ᠎ᠶᠢ ᠳᠠᠭᠠᠯᠳᠤᠨ᠂ ᠴᠠᠬᠢᠯᠭᠠᠨ ᠬᠢᠮᠢ᠎ᠶᠢᠨ ᠡᠨᠧᠷᠭᠢ ᠨᠦᠬᠡᠴᠡᠯᠡᠬᠦ ᠴᠠᠬᠢᠯᠭᠠᠨ ᠥᠷᠲᠡᠭᠡ᠎ᠶᠢᠨ ᠭᠠᠯ ᠰᠡᠷᠭᠡᠢᠯᠡᠵᠦ ᠭᠠᠯ ᠤᠨᠲᠠᠷᠠᠭᠠᠬᠤ ᠠᠮᠤᠷ ᠲᠦᠪᠰᠢᠨ᠎ᠦ ᠮᠡᠷᠭᠡᠵᠢᠯ᠎ᠦᠨ ᠲᠦᠪᠰᠢᠨ᠎ᠢ ᠶᠡᠬᠡᠪᠡᠷ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠮᠢᠩᠭᠠᠨ ᠲᠦᠮᠡᠨ ᠺᠢᠯᠦᠸᠠᠲ᠎ᠤᠨ ᠡᠨᠧᠷᠭᠢ ᠨᠦᠬᠡᠴᠡᠯᠡᠬᠦ ᠴᠠᠬᠢᠯᠭᠠᠨ ᠥᠷᠲᠡᠭᠡ᠎ᠳᠦ ᠪᠠᠲᠤ ᠪᠡᠬᠢ 《ᠭᠠᠯ ᠰᠡᠷᠭᠡᠢᠯᠡᠬᠦ ᠬᠠᠯᠬᠠᠪᠴᠢ》 ᠵᠢ ᠪᠠᠢᠭᠤᠯᠬᠤ ᠪᠣᠯᠣᠨ᠎ᠠ᠃ ᠲᠥᠷᠥᠯ ᠵᠦᠢᠯ᠎ᠦᠨ ᠦᠷ᠎ᠡ ᠪᠦᠲᠦᠭᠡᠯ ᠨᠢ ᠪᠠᠰᠠ ᠮᠡᠷᠭᠡᠵᠢᠯ᠎ᠢ ᠰᠢᠯᠵᠢᠭᠦᠯᠦᠨ ᠥᠭᠬᠦ ᠵᠡᠷᠭᠡ ᠬᠡᠯᠪᠡᠷᠢ ᠪᠡᠷ ᠳᠠᠮᠵᠢᠨ ᠨᠠᠩ ᠣᠯᠠᠨ ᠠᠵᠤ ᠠᠬᠤᠢᠯᠠᠯ᠎ᠤᠨ ᠪᠡᠯᠡ ᠣᠷᠣᠭᠤᠯᠤᠯᠲᠠ᠎ᠶᠢ ᠲᠠᠲᠠᠵᠤ᠂ ᠥᠪᠡᠷᠲᠡᠭᠡᠨ ᠵᠠᠰᠠᠬᠤ ᠣᠷᠣᠨ᠎ᠤ ᠨᠦᠬᠡᠴᠡ ᠡᠨᠧᠷᠭᠢ ᠵᠢᠨ ᠠᠮᠤᠷ ᠲᠦᠪᠰᠢᠨ᠎ᠦ ᠬᠠᠮᠠᠭᠠᠯᠠᠯᠲᠠ᠎ᠶᠢᠨ ᠬᠦᠷᠢᠶᠡᠨ ᠳ᠋ᠡᠬᠢ ᠣᠯᠠᠨ ᠤᠯᠤᠰ᠎ᠤᠨ ᠥᠷᠢᠰᠦᠯᠳᠦᠬᠦ ᠬᠦᠴᠦᠨ᠎ᠢ ᠪᠦᠷᠢᠯᠳᠦᠭᠦᠯᠬᠦ᠎ᠳᠦ ᠬᠦᠴᠦᠨ ᠨᠡᠮᠡᠷᠢᠯᠡᠵᠦ᠂ ᠴᠠᠬᠢᠯᠭᠠᠨ ᠬᠢᠮᠢ᠎ᠶᠢᠨ ᠡᠨᠧᠷᠭᠢ ᠨᠦᠬᠡᠴᠡᠯᠡᠬᠦ ᠠᠵᠤ ᠦᠢᠯᠡᠰ᠎ᠦᠨ ᠡᠷᠡᠭᠦᠯ᠎ᠢᠶᠡᠷ ᠦᠷᠭᠦᠯᠵᠢᠯᠡᠨ ᠬᠥᠭᠵᠢᠬᠦ ᠳ᠋ᠤ ᠠᠮᠤᠷ ᠲᠦᠪᠰᠢᠨ᠎ᠤ ᠪᠠᠲᠤᠯᠠᠭ᠎ᠠ ᠬᠠᠩᠭᠠᠨ᠎ᠠ᠃