ᠦᠳᠡᠰᠢ᠎ᠶ᠋ᠢᠨ ᠪᠦᠷᠦᠶ ᠪᠠᠭᠤᠵᠤ᠂ ᠥᠩᠭᠡᠲᠦ ᠳ᠋ᠧᠩ ᠲᠣᠸᠠᠯᠠᠨ᠂ ᠤᠯᠠᠭᠠᠨᠬᠠᠳᠠ ᠵᠢᠨ ᠵᠡᠭᠡᠯᠢ ᠭᠤᠳᠤᠮᠵᠢᠨ᠎ᠳᠤ ᠬᠦᠷ ᠬᠦᠭᠵᠢᠶᠡᠨ ᠵᠢᠠᠷ ᠪᠢᠯᠬᠠᠨ᠎ᠠ᠃ ᠠᠮᠲᠠᠲᠤ ᠢᠳᠡᠭᠡᠨ᠎ᠤ ᠰᠥᠨᠢ᠎ᠶ᠋ᠢᠨ ᠵᠠᠬ᠎ᠠ᠂ ᠵᠡᠭᠡᠯᠢ ᠭᠤᠳᠤᠮᠵᠢ ᠵᠢᠨ ᠰᠥᠨᠢ᠎ᠶ᠋ᠢᠨ ᠵᠢᠭᠤᠯᠴᠢᠯᠠᠯ᠂ ᠤᠷᠠᠨ ᠰᠠᠢᠬᠠᠨ᠎ᠤ ᠲᠤᠭᠯᠠᠯᠲᠠ ᠵᠡᠷᠭᠡ ᠠᠮᠢᠵᠢᠷᠠᠯ᠎ᠤᠨ ᠬᠦᠴᠦᠨ᠎ᠢᠶᠠᠷ ᠪᠢᠯᠬᠠᠭᠰᠠᠨ ᠠᠵᠢᠯᠯᠠᠭ᠎ᠠ ᠶᠠᠪᠤᠭᠳᠠᠵᠤ᠂ ᠰᠦᠨᠢ ᠵᠢᠨ ᠤᠯᠠᠭᠠᠨᠬᠠᠳᠠ ᠰᠦᠯᠵᠢᠶᠡᠨ ᠬᠠᠯᠠᠮᠰᠢᠯ ᠤ᠋ᠨ ᠭᠠᠵᠠᠷ ᠪᠠ ᠬᠡᠷᠡᠭᠯᠡᠭᠡ ᠵᠢᠨ ᠬᠠᠯᠠᠭᠤᠨ ᠬᠦᠷᠦᠰᠦ ᠪᠤᠯᠵᠠᠢ᠃
ᠰᠣᠶᠣᠯ ᠵᠢᠭᠤᠯᠴᠢᠯᠠᠯ ᠪᠡᠶ᠎ᠡ᠎ᠶ᠋ᠢᠨ ᠲᠠᠮᠢᠷ ᠲᠠᠷᠢᠶᠠᠯᠠᠩ ᠮᠠᠯ ᠠᠵᠤ ᠠᠬᠤᠢ ᠬᠤᠳᠠᠯᠳᠤᠭ᠎ᠠ ᠵᠢᠨ ᠠᠭᠤᠰᠤᠯᠴᠠᠨ ᠬᠥᠭ᠌ᠵᠢᠬᠦ᠌᠎ᠶ᠋ᠢ ᠤᠯᠠᠮ ᠠᠬᠢᠭᠤᠯᠵᠤ᠂ ᠬᠡᠷᠡᠭ᠌ᠯᠡᠭᠡ ᠪᠠ ᠡᠵᠡᠩᠨᠡᠯᠲᠡ᠎ᠶ᠋ᠢᠨ ᠬᠡᠯᠪᠡᠷᠢ᠎ᠶ᠋ᠢ ᠪᠠᠶᠠᠯᠢᠭ᠍ᠵᠢᠭᠤᠯᠬᠤ᠎ᠶ᠋ᠢᠨ ᠲᠥᠯᠥᠭᠡ 5 ᠰᠠᠷ᠎ᠠ᠎ᠠᠴᠠ 10 ᠰᠠᠷ᠎ᠠ᠎ᠶ᠋ᠢᠨ ᠰᠡᠭᠦᠯᠴᠢ ᠪᠣᠯᠲᠠᠯ᠎ᠠ᠂ ᠤᠯᠠᠭᠠᠨᠬᠠᠳᠠ ᠬᠤᠲᠠ 《ᠢᠷᠠᠭᠤ ᠡᠭᠡᠰᠢᠭ ᠤᠶᠠᠨᠭᠭᠠᠷᠠᠭᠰᠠᠨ ᠲᠠᠯ᠎ᠠ ᠨᠤᠲᠤᠭ ᠤ᠋ᠨ ᠬᠤᠲᠠ·ᠤᠯᠠᠭᠠᠨᠬᠠᠳᠠ ᠵᠢᠨ ᠰᠦᠨᠢ ᠵᠢᠨ ᠴᠡᠩᠬᠡᠭᠦᠨ》 ᠭᠡᠬᠦ ᠠᠵᠢᠯᠯᠠᠭ᠎ᠠ ᠪᠠᠷ ᠭᠤᠤᠯ ᠰᠡᠳᠦᠪ ᠪᠣᠯᠭᠠᠵᠤ᠂ 《ᠬᠤᠲᠠ᠎ᠶ᠋ᠢ ᠭᠡᠷᠡᠯᠲᠦᠭᠦᠯᠵᠦ᠍᠂ ᠤᠷᠮ᠎ᠠ᠎ᠶ᠋ᠢ ᠬᠥᠭ᠌ᠵᠢᠭᠡᠨ᠂ ᠬᠡᠷᠡᠭ᠌ᠯᠡᠭᠡ᠎ᠶ᠋ᠢ ᠬᠥᠭ᠌ᠵᠢᠭᠡᠬᠦ》 ᠬᠠᠷᠠᠯᠲᠠ᠎ᠶ᠋ᠢᠨ ᠲᠣᠭᠤᠷᠢᠨ᠎ᠳᠤ᠂ ᠠᠷᠠᠯᠵᠢᠶ᠎ᠠ ᠮᠠᠢᠮᠠᠢ᠂ ᠢᠳᠡᠭᠡᠨ ᠤᠮᠳᠠᠭᠠᠨ᠂ ᠰᠣᠶᠣᠯ ᠵᠢᠭᠤᠯᠴᠢᠯᠠᠯ᠂ ᠪᠡᠶ᠎ᠡ᠎ᠶ᠋ᠢᠨ ᠲᠠᠮᠢᠷ ᠪᠡᠶ᠎ᠡ ᠴᠢᠭᠢᠷᠠᠭ᠍ᠵᠢᠭᠤᠯᠬᠤ᠂ ᠣᠨᠴᠠ ᠭᠠᠷᠤᠯᠲᠠ ᠵᠡᠷᠭᠡ ᠰᠥᠨᠢ᠎ᠶ᠋ᠢᠨ ᠠᠵᠢᠯᠯᠠᠭ᠎ᠠ ᠵᠢ ᠶᠡᠬᠡ ᠪᠡᠷ ᠥᠷᠨᠢᠭᠦᠯᠵᠦ᠍᠂ ᠰᠥᠨᠢ᠎ᠶ᠋ᠢᠨ ᠬᠡᠷᠡᠭ᠌ᠯᠡᠭᠡ ᠵᠢ ᠬᠥᠭ᠌ᠵᠢᠭᠡᠨ᠂ ᠨᠢᠭᠡ ᠪᠦᠯᠦᠭ ᠨᠥᠯᠥᠭᠡᠯᠡᠬᠦ᠌ ᠬᠦᠴᠦᠨ ᠪᠥᠬᠦᠶ 《ᠰᠥᠨᠢ᠎ᠶ᠋ᠢᠨ ᠠᠵᠤ ᠠᠬᠤᠶ》 ᠲᠥᠪᠯᠡᠷᠡᠨ ᠬᠦᠭᠵᠢᠭᠰᠡᠨ ᠣᠷᠣᠨ ᠪᠠ ᠣᠯᠠᠨ ᠡᠵᠡᠩᠨᠡᠯᠲᠡ᠎ᠶ᠋ᠢᠨ ᠬᠡᠯᠪᠡᠷᠢ ᠠᠭᠤᠰᠤᠯᠴᠠᠨ ᠬᠥᠭ᠌ᠵᠢᠭ᠌ᠰᠡᠨ 《ᠰᠥᠨᠢ᠎ᠶ᠋ᠢᠨ ᠠᠵᠤ ᠠᠬᠤᠶ》 ᠵᠢ ᠬᠦᠴᠦᠯᠡᠨ ᠬᠦᠭᠵᠢᠭᠦᠯᠵᠦ᠂ 《ᠭᠠᠷᠠᠭ᠎ᠤᠨ ᠰᠡᠭᠦᠯᠴᠢ ᠤᠯᠠᠭᠠᠨᠬᠠᠳᠠ ᠪᠡᠷ ᠨᠢᠭᠡ ᠥᠷᠲᠡᠭᠡᠴᠢᠯᠡᠭᠰᠡᠨ ᠮᠠᠶᠢᠭ ᠵᠢᠡᠷ ᠵᠢᠭᠤᠯᠴᠢᠯᠠᠬᠤᠢ》 ᠭᠡᠬᠦ ᠵᠢᠭᠤᠯᠴᠢᠯᠠᠯ᠎ᠤᠨ ᠨᠡᠷ᠎ᠡ᠎ᠶ᠋ᠢᠨ ᠬᠠᠭᠤᠳᠠᠰᠤ ᠵᠢ ᠡᠭᠦᠳᠴᠤ᠂ ᠤᠯᠠᠭᠠᠨᠬᠠᠳᠠ᠎ᠶ᠋ᠢ ᠥᠪᠥᠷ ᠮᠣᠩᠭᠤᠯ᠎ᠤᠨ ᠵᠡᠭᠦᠨ ᠬᠡᠰᠡᠭ᠎ᠤᠨ ᠣᠷᠣᠨ᠎ᠤ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ ᠲᠠᠷᠢᠶᠠᠯᠠᠩ ᠮᠠᠯ ᠠᠵᠤ ᠠᠬᠤᠢ ᠬᠤᠳᠠᠯᠳᠤᠭ᠎ᠠ᠎ᠶ᠋ᠢ ᠨᠢᠭᠡ ᠴᠣᠭ᠍ᠴᠠᠵᠢᠭᠤᠯᠤᠭ᠍ᠰᠠᠨ ᠰᠥᠨᠢ᠎ᠶ᠋ᠢᠨ ᠬᠡᠷᠡᠭ᠌ᠯᠡᠭᠡ ᠵᠢᠨ ᠬᠠᠷᠠᠯᠲᠠᠲᠤ ᠤᠷᠤᠨ ᠪᠣᠯᠭᠠᠬᠤ᠎ᠪᠠᠷ ᠴᠢᠷᠮᠠᠢᠵᠤ ᠪᠠᠢᠨ᠎ᠠ᠃
ᠬᠤᠩᠱᠠᠨ ᠲᠣᠭᠤᠷᠢᠭ᠎ᠤᠨ ᠸᠠᠨ ᠳ᠋ᠠ ᠲᠠᠯᠠᠪᠠᠶ᠎ᠳᠤ ᠳ᠋ᠧᠩ᠎ᠤᠨ ᠭᠡᠷᠡᠯ ᠳᠤᠸᠠᠯᠠᠵᠤ᠂ ᠬᠥᠮᠦᠨ ᠬᠠᠷ᠎ᠠ ᠴᠤᠭᠯᠠᠷᠠᠵᠤ᠂ ᠵᠡᠭᠡᠯᠢ᠎ᠶ᠋ᠢᠨ ᠬᠠᠵᠠᠭᠤ᠎ᠳᠠᠬᠢ ᠳᠡᠯᠭᠡᠭᠡ ᠮᠠᠢᠮᠠᠢ ᠬᠥᠭ᠌ᠵᠢᠶᠡᠨ ᠵᠢᠡᠷ ᠪᠢᠯᠬᠠᠨ᠂ ᠥᠪᠡᠷᠮᠢᠴᠡ ᠣᠨᠴᠠᠯᠢᠭ᠎ᠲᠠᠢ ᠠᠮᠲᠠᠲᠤ ᠢᠳᠡᠭᠡᠨ ᠪᠠ ᠰᠣᠶᠣᠯ᠎ᠤᠨ ᠪᠦᠲᠦᠭᠡᠯᠴᠢ ᠭᠠᠷ ᠦᠢᠯᠡᠳᠭᠦᠨ ᠤ᠋ ᠬᠤᠳᠠᠯᠳᠤᠭ᠎ᠠ ᠬᠤᠲᠠ᠎ᠶ᠋ᠢᠨ ᠠᠷᠠᠳ ᠪᠠ ᠵᠢᠭᠤᠯᠴᠢᠯᠠᠭᠰᠠᠳ᠎ᠤᠨ ᠠᠩᠬᠠᠷᠤᠯ᠎ᠢ ᠳᠠᠳᠠᠨ᠎ᠠ᠃
《ᠤᠳᠤ ᠰᠥᠨᠢ᠎ᠶ᠋ᠢᠨ ᠵᠠᠬ᠎ᠠ᠎ᠪᠠᠷ ᠲᠣᠭᠤᠷᠢᠬᠤᠳ᠋ᠤ ᠪᠠᠷᠠᠭ᠎ᠠ ᠬᠤᠳᠠᠯᠳᠤᠨ ᠠᠪᠬᠤ᠂ ᠠᠮᠲᠠᠲᠤ ᠢᠳᠡᠭᠡᠨ ᠢᠳᠡᠬᠦ ᠡᠴᠡ ᠭᠠᠳᠠᠨ᠎ᠠ ᠪᠠᠰᠠ ᠡᠯ᠎ᠡ ᠵᠦᠢᠯ᠎ᠤᠨ ᠲᠣᠭ᠍ᠯᠠᠯᠲᠠ ᠪᠠ ᠵᠤᠭ᠎ᠠ ᠴᠡᠩᠭᠡᠯ᠎ᠤᠨ ᠠᠵᠢᠯᠯᠠᠭ᠎ᠠ ᠵᠢ ᠰᠤᠨᠢᠷᠬᠠᠵᠤ ᠳᠡᠢᠯᠬᠦ ᠪᠤᠯᠵᠠᠢ》 ᠭᠡᠵᠦ᠍ ᠬᠤᠲᠠ ᠵᠢᠨ ᠠᠷᠠᠳ ᠠᠪᠤᠷᠭᠤ ᠬᠡᠯᠡᠨ᠎ᠡ᠃
ᠲᠣᠰ ᠤᠳᠠᠭᠠᠨ᠎ᠤ 《ᠰᠥᠨᠢ᠎ᠶ᠋ᠢᠨ ᠠᠵᠤ ᠠᠬᠤᠶ》ᠵᠢᠨ ᠠᠵᠢᠯᠯᠠᠭ᠎ᠠ 《ᠠᠷᠠᠯᠵᠢᠶ᠎ᠠ ᠬᠤᠳᠠᠯᠳᠤᠭ᠎ᠠ᠎ᠶ᠋ᠢ ᠬᠥᠭ᠌ᠵᠢᠶᠡᠨᠲᠡᠶ ᠪᠣᠯᠭᠠᠵᠤ᠂ ᠰᠣᠶᠣᠯ ᠵᠢᠭᠤᠯᠴᠢᠯᠠᠯ᠎ᠳᠤ ᠬᠦᠴᠦᠨ ᠨᠡᠮᠡᠵᠤ᠂ ᠪᠡᠶ᠎ᠡ᠎ᠶ᠋ᠢᠨ ᠲᠠᠮᠢᠷ ᠤ᠋ᠨ ᠴᠤᠭᠯᠠᠭᠠᠨ ᠳ᠋ᠦ ᠥᠩᠭᠡ ᠪᠤᠳᠤᠭ ᠨᠡᠮᠡᠷᠢᠯᠡᠨ᠂ ᠲᠠᠷᠢᠶᠠᠯᠠᠩ ᠮᠠᠯ ᠠᠵᠤ ᠠᠬᠤᠢ ᠬᠤᠳᠠᠯᠳᠤᠭ᠎ᠠ᠎ᠶ᠋ᠢ ᠠᠭᠤᠰᠤᠯᠴᠠᠭᠤᠯᠬᠤ》᠎ᠪᠠᠷ ᠭᠤᠤᠯ ᠪᠣᠯᠭᠠᠵᠤ᠂ ᠤᠯᠠᠭᠠᠨᠬᠠᠳᠠ᠎ᠶ᠋ᠢᠨ ᠬᠤᠳᠠᠯᠳᠤᠭᠠᠨ ᠤ᠋ ᠰᠣᠶᠣᠯ᠂ ᠵᠢᠭᠤᠯᠴᠢᠯᠠᠯ᠎ᠤᠨ ᠡᠬᠢ ᠪᠠᠶᠠᠯᠢᠭ᠂ ᠪᠡᠶ᠎ᠡ᠎ᠶ᠋ᠢᠨ ᠲᠠᠮᠢᠷ᠎ᠤᠨ ᠤᠷᠤᠯᠳᠤᠭᠠᠨ ᠪᠠ ᠠᠵᠤ ᠦᠢᠯᠡᠰ᠎ᠤᠨ ᠳᠠᠪᠠᠭᠤᠯᠢᠭ᠎ᠢ ᠨᠡᠢᠳᠭᠡᠬᠦ᠌᠎ᠪᠠᠷ ᠳᠠᠮᠵᠢᠭᠤᠯᠤᠨ᠂ 《ᠰᠥᠨᠢᠵᠢᠨ ᠬᠤᠳᠠᠯᠳᠤᠭ᠎ᠠ᠂ ᠰᠥᠨᠢ ᠵᠢᠨ ᠢᠳᠡᠭᠡᠨ᠂ ᠰᠥᠨᠢᠵᠢᠨ ᠵᠢᠭᠤᠯᠴᠢᠯᠠᠯ᠂ ᠰᠥᠨᠢ ᠵᠢᠨ ᠦᠵᠡᠬᠦᠯᠭᠡ᠂ ᠰᠦᠨᠢ ᠪᠡᠶ᠎ᠡ ᠴᠢᠬᠢᠷᠠᠭᠵᠢᠭᠤᠯᠬᠤ》 ᠪᠥᠬᠦ᠌ ᠡᠵᠡᠩᠨᠡᠯᠲᠡ᠎ᠶ᠋ᠢᠨ ᠬᠡᠯᠪᠡᠷᠢ ᠵᠢᠨ ᠰᠥᠨᠢ᠎ᠶ᠋ᠢᠨ ᠬᠡᠷᠡᠭ᠌ᠯᠡᠭᠡ ᠵᠢᠨ ᠪᠠᠢᠷᠢᠱᠢᠯ᠎ᠢ ᠪᠤᠢ ᠪᠤᠯᠭᠠᠨ᠂ ᠬᠡᠷᠡᠭ᠌ᠯᠡᠭᠡ ᠵᠢᠨ ᠶᠠᠰᠤ ᠴᠢᠨᠠᠷ᠎ᠢ ᠳᠡᠭᠡᠭ᠌ᠰᠢᠯᠡᠭᠦᠯᠦᠨ᠂ ᠬᠡᠪᠴᠢᠶ᠎ᠡ᠎ᠶ᠋ᠢ ᠥᠷᠭᠡᠳᠭᠡᠬᠦ᠌᠎ᠶ᠋ᠢ ᠠᠬᠢᠭᠤᠯᠵᠤ ᠪᠠᠢᠨ᠎ᠠ᠃
《ᠰᠥᠨᠢ᠎ᠶ᠋ᠢᠨ ᠠᠵᠤ ᠠᠬᠤᠶ》 ᠵᠢᠨ ᠠᠵᠢᠯᠯᠠᠭ᠎ᠠ ᠵᠢ ᠥᠷᠨᠢᠭᠦᠯᠬᠦ᠌ ᠶᠠᠪᠤᠴᠠ᠎ᠳᠤ᠂ ᠤᠯᠠᠭᠠᠨᠬᠠᠳᠠ ᠬᠤᠲᠠ ᠨᠢᠭᠡᠳᠦᠯᠲᠡᠶ ᠲᠥᠯᠥᠪᠵᠢᠭᠦᠯᠦᠨ᠂ ᠱᠢᠨᠵᠢᠯᠡᠬᠦ᠌ ᠤᠬᠠᠭᠠᠨᠴᠢ᠎ᠪᠠᠷ ᠪᠠᠢᠷᠢᠯᠠᠭᠤᠯᠵᠤ᠂ ᠡᠯ᠎ᠡ ᠬᠤᠱᠢᠭᠤ ᠱᠢᠶᠠᠨ ᠲᠣᠭᠤᠷᠢᠭ ᠪᠣᠳᠠᠲᠤ ᠪᠠᠢᠳᠠᠯ᠎ᠢᠶᠠᠨ ᠦᠨᠳᠦᠰᠦᠯᠡᠨ᠂ ᠲᠣᠮᠣ ᠬᠡᠯᠪᠡᠷᠢ᠎ᠶ᠋ᠢᠨ ᠬᠤᠳᠠᠯᠳᠤᠭᠠᠨ᠎ᠤ ᠶᠡᠷᠦᠩᠬᠡᠢᠯᠡᠭ᠌ᠰᠡᠨ ᠴᠣᠭ᠍ᠴᠠ᠂ ᠶᠠᠪᠠᠭᠠᠨ ᠵᠡᠭᠡᠯᠢ᠂ ᠵᠢᠭᠤᠯᠴᠢᠯᠠᠯ᠎ᠤᠨ ᠦᠵᠡᠮᠵᠢ᠎ᠶ᠋ᠢᠨ ᠣᠷᠣᠨ ᠵᠡᠷᠭᠡ ᠭᠤᠤᠯᠳᠠᠯᠭ᠎ᠠ᠎ᠲᠠᠢ ᠣᠷᠣᠨ ᠪᠦᠰᠡ᠎ᠳᠤ ᠲᠦᠱᠢᠭ᠌ᠯᠡᠨ᠂ ᠲᠤᠬᠠᠶ᠎ᠶ᠋ᠢᠨ ᠭᠠᠵᠠᠷ ᠣᠷᠣᠨ᠎ᠤ ᠪᠠᠢᠳᠠᠯ᠎ᠳᠠᠭᠠᠨ ᠳᠣᠭᠢᠷᠠᠭᠤᠯᠤᠨ᠂ ᠨᠢᠭᠡ ᠪᠦᠯᠦᠭ ᠥᠪᠡᠷᠮᠢᠴᠡ ᠣᠨᠴᠠᠯᠢᠭ ᠪᠠ ᠬᠢᠯᠠᠰ ᠴᠡᠭᠪᠤᠯᠤᠭᠰᠠᠨ ᠰᠣᠶᠣᠯ ᠵᠢᠭᠤᠯᠴᠢᠯᠠᠯ ᠪᠡᠶ᠎ᠡ ᠵᠢᠨ ᠳᠠᠮᠢᠷ ᠲᠠᠷᠢᠶᠠᠯᠠᠩ ᠮᠠᠯ ᠠᠵᠤ ᠠᠬᠤᠢ ᠬᠤᠳᠠᠯᠳᠤᠭ᠎ᠠ ᠵᠢ ᠠᠭᠤᠰᠤᠯᠴᠠᠭᠤᠯᠤᠭᠰᠠᠨ 《ᠰᠥᠨᠢ᠎ᠶ᠋ᠢᠨ ᠠᠵᠤ ᠠᠬᠤᠶ》 ᠵᠢᠨ ᠲᠥᠪᠯᠡᠷᠡᠭ᠌ᠰᠡᠨ ᠣᠷᠣᠨ᠎ᠢ ᠪᠠᠢᠭᠤᠯᠪᠠ᠃ ᠨᠢᠭᠡᠳᠦᠯᠲᠡᠶ ᠠᠵᠢᠯᠯᠠᠭ᠎ᠠ ᠵᠢᠨ ᠭᠤᠤᠯ ᠰᠡᠳᠦᠪ᠂ ᠢᠯᠡᠳᠭᠡᠬᠦ ᠲᠡᠮᠳᠡᠭ ᠵᠡᠷᠭᠡ ᠪᠡᠷ ᠳᠠᠮᠵᠢᠭᠤᠯᠤᠨ᠂ 《ᠰᠥᠨᠢ᠎ᠶ᠋ᠢᠨ ᠠᠵᠤ ᠠᠬᠤᠶ》 ᠵᠢᠨ ᠱᠢᠷᠢᠰ ᠭᠤᠤᠯ ᠰᠡᠳᠦᠪᠲᠦ ᠠᠵᠢᠯᠯᠠᠭ᠎ᠠ ᠵᠢ ᠡᠮᠬᠢ ᠲᠢᠭᠯᠢᠮ᠎ᠲᠠᠢ ᠥᠷᠨᠢᠭᠦᠯᠵᠦ᠍᠂ ᠤᠯᠠᠭᠠᠨᠬᠠᠳᠠ ᠬᠤᠲᠠ᠎ᠶ᠋ᠢᠨ ᠰᠥᠨᠢ᠎ᠶ᠋ᠢᠨ ᠬᠤᠲᠠ᠎ᠶ᠋ᠢᠨ IP ᠶ᠋ᠢ ᠡᠭᠦᠳᠪᠡ᠃
《ᠰᠥᠨᠢ᠎ᠶ᠋ᠢᠨ ᠠᠵᠤ ᠠᠬᠤᠢ》᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢ ᠦᠷᠭᠦᠯᠵᠢᠯᠡᠨ ᠠᠬᠢᠭᠤᠯᠬᠤ᠎ᠶ᠋ᠢᠨ ᠲᠥᠯᠥᠭᠡ ᠤᠯᠠᠭᠠᠨᠬᠠᠳᠠ ᠬᠤᠲᠠ ᠬᠤᠳᠠᠯᠳᠤᠭ᠎ᠠ᠂ ᠰᠣᠶᠣᠯ ᠵᠢᠭᠤᠯᠴᠢᠯᠠᠯ᠂ ᠢᠳᠡᠭᠡᠨ ᠤᠮᠳᠠᠭᠠᠨ᠂ ᠪᠡᠶ᠎ᠡ᠎ᠶ᠋ᠢᠨ ᠲᠠᠮᠢᠷ ᠪᠠ ᠲᠠᠷᠢᠶᠠᠯᠠᠩ ᠮᠠᠯ ᠠᠵᠤ ᠠᠬᠤᠢ ᠬᠤᠳᠠᠯᠳᠤᠭᠠᠨ᠎ᠤ ᠬᠤᠯᠪᠣᠭᠠᠯᠠᠨ ᠬᠥᠳᠡᠯᠦᠯᠴᠡᠬᠦ᠌᠎ᠶ᠋ᠢ ᠳᠡᠰ ᠳᠡᠪᠱᠢᠭᠦᠯᠵᠦ᠍᠂《ᠰᠥᠨᠢ᠎ᠶ᠋ᠢᠨ ᠤᠯᠠᠭᠠᠨᠬᠠᠳᠠ》 ᠵᠢᠨ ᠠᠮᠢᠵᠢᠷᠠᠯ᠎ᠤᠨ ᠬᠦᠴᠦᠨ ᠢ᠋ ᠦᠷᠭᠦᠯᠵᠢᠯᠡᠨ ᠬᠦᠭᠵᠢᠭᠡᠵᠡᠢ᠃ ᠬᠤᠳᠠᠯᠳᠤᠭᠠᠨ᠎ᠤ ᠬᠦᠷᠢᠶ᠎ᠡ ᠴᠠᠷᠠᠭᠠᠨ᠎ᠳᠤ᠂ ᠤᠯᠠᠮᠵᠢᠯᠠᠯᠲᠤ ᠬᠤᠳᠠᠯᠳᠤᠭᠠᠨ᠎ᠤ ᠲᠤᠭᠤᠷᠢᠭ ᠤ᠋ᠨ ᠬᠡᠷᠡᠭ᠌ᠯᠡᠭᠡᠨ ᠤ᠋ ᠪᠠᠢᠳᠠᠯ ᠵᠢᠡᠨ ᠥᠷᠭᠡᠳᠭᠡᠬᠦ᠌᠎ᠶ᠋ᠢ ᠠᠬᠢᠭᠤᠯᠵᠤ᠂ ᠤᠨᠴᠠᠯᠢᠭ᠍ᠳᠤ ᠬᠤᠳᠠᠯᠳᠤᠭᠠᠨ᠎ᠤ ᠵᠡᠭᠡᠯᠢ ᠲᠣᠭᠤᠷᠢᠭ ᠪᠠ ᠰᠥᠨᠢ᠎ᠶ᠋ᠢᠨ ᠵᠠᠬ᠎ᠠ ᠭᠠᠷᠭᠠᠨ᠂ ᠰᠥᠨᠢ᠎ᠶ᠋ᠢᠨ ᠪᠣᠷᠣᠯᠠᠭᠤᠯᠭ᠎ᠠ᠎ᠶ᠋ᠢ ᠠᠬᠢᠭᠤᠯᠬᠤ᠂ ᠬᠡᠷᠡᠭ᠌ᠯᠡᠭᠡ᠎ᠶ᠋ᠢᠨ ᠲᠡᠮᠳᠡᠭ᠌ ᠵᠢᠴᠢ 《ᠬᠤᠳᠠᠯᠳᠤᠭᠠᠨ᠎ᠤ ᠲᠣᠭᠤᠷᠢᠭ +》 ᠤ᠋ᠨ ᠠᠵᠢᠯᠯᠠᠭ᠎ᠠ ᠥᠷᠨᠢᠭᠦᠯᠵᠦ᠍᠂ 24 ᠴᠠᠭ ᠵᠢᠡᠷ ᠬᠡᠷᠡᠭ᠌ᠯᠡᠭᠡ ᠬᠢᠵᠦ ᠳᠡᠢᠯᠬᠦ ᠪᠤᠯᠭᠠᠵᠠᠢ᠃ ᠢᠳᠡᠭᠡᠨ ᠤᠮᠳᠠᠭᠠᠨ᠎ᠤ ᠲᠠᠯ᠎ᠠ᠎ᠪᠠᠷ᠂ 《ᠳᠤᠮᠳᠠᠳᠤ᠎ᠶ᠋ᠢᠨ ᠠᠮᠲᠠᠲᠤ ᠢᠳᠡᠭᠡᠨ》᠂ 《ᠥᠪᠥᠷ ᠮᠣᠩᠭᠤᠯ᠎ᠤᠨ ᠦᠨᠦᠷ ᠠᠮᠲᠠ》 ᠵᠡᠷᠭᠡ ᠠᠵᠢᠯᠯᠠᠭ᠎ᠠ ᠳ᠋ᠤ ᠣᠷᠣᠯᠴᠠᠵᠤ᠂ ᠲᠣᠭᠤᠭᠠᠨ ᠬᠡᠷ᠎ᠤᠨ ᠮᠡᠷᠭᠡᠵᠢᠯ᠎ᠤᠨ ᠤᠷᠤᠯᠳᠤᠭᠠᠨ ᠡᠷᠭᠢᠯᠡᠵᠦ᠍᠂ ᠣᠷᠣᠨ ᠨᠤᠲᠤᠭ᠎ᠤᠨ ᠨᠣᠭᠤᠭ᠎ᠠ ᠵᠠᠭᠤᠰᠢ᠎ᠶ᠋ᠢ ᠱᠢᠯᠭᠠᠷᠠᠭᠤᠯᠵᠤ᠂ ᠣᠷᠣᠨ ᠨᠤᠲᠤᠭ᠎ᠤᠨ ᠣᠨᠴᠠᠯᠢᠭ᠎ᠲᠠᠢ ᠢᠳᠡᠭᠡᠨ ᠤᠮᠳᠠᠭᠠᠨ᠎ᠤ ᠲᠦᠷᠦᠯ ᠲᠡᠮᠳᠡᠭ᠌᠎ᠢ ᠪᠣᠶ ᠪᠣᠯᠭᠠᠬᠤ᠎ᠶ᠋ᠢᠨ ᠬᠠᠮᠲᠤ᠌᠂ ᠠᠮᠲᠠᠲᠤ ᠢᠳᠡᠭᠡᠨ᠎ᠤ ᠵᠢᠭᠤᠯᠴᠢᠯᠠᠯ᠎ᠤᠨ ᠵᠠᠮ ᠱᠤᠭᠤᠮ ᠭᠠᠷᠭᠠᠵᠤ᠂ ᠢᠳᠡᠭᠡᠨ ᠤᠮᠳᠠᠭᠠᠨ᠎ᠤ ᠲᠠᠲᠠᠬᠤ ᠬᠦᠴᠦᠨ᠎ᠢ ᠳᠡᠭᠡᠭ᠌ᠰᠢᠯᠡᠭᠦᠯᠵᠦ ᠪᠠᠢᠨ᠎ᠠ᠃ ᠰᠣᠶᠣᠯ ᠵᠢᠭᠤᠯᠴᠢᠯᠠᠯ᠎ᠢ ᠠᠭᠤᠰᠤᠯᠴᠠᠭᠤᠯᠬᠤ ᠲᠠᠯ᠎ᠠ᠎ᠪᠠᠷ᠂ ᠬᠤᠩᠱᠠᠨ ᠰᠣᠶᠣᠯ᠂ ᠯᠢᠶᠣᠤ᠎ᠶ᠋ᠢᠨ ᠰᠣᠶᠣᠯ ᠵᠡᠷᠭᠡ ᠡᠬᠢ ᠪᠠᠶᠠᠯᠢᠭ᠎ᠲᠠᠢ ᠤᠶᠠᠯᠳᠤᠭᠤᠯᠤᠨ᠂ ᠦᠵᠡᠮᠵᠢ᠎ᠶ᠋ᠢᠨ ᠣᠷᠣᠨ᠎ᠤ ᠡᠵᠡᠨᠭᠨᠡᠯᠳᠡ ᠬᠢᠬᠦ᠌ ᠴᠠᠭ ᠢ᠋ ᠤᠷᠲᠤᠳᠭᠠᠨ᠂ ᠲᠠᠯ᠎ᠠ ᠨᠤᠲᠤᠭ᠎ᠤᠨ ᠳᠠᠭᠤᠤ ᠬᠥᠭ᠌ᠵᠢᠮ᠎ᠤᠨ ᠨᠠᠢᠷ ᠵᠡᠷᠭᠡ ᠰᠥᠨᠢ᠎ᠶ᠋ᠢᠨ ᠠᠵᠤ ᠠᠬᠤᠢ ᠵᠢᠨ ᠲᠥᠷᠥᠯ ᠵᠦᠢᠯ᠎ᠢ ᠲᠤᠬᠢᠷᠠᠭᠤᠯᠵᠤ᠂ 24 ᠴᠠᠭ ᠵᠢᠡᠷ ᠬᠡᠷᠡᠭ᠌ᠯᠡᠭᠡ ᠬᠢᠵᠦ ᠳᠡᠢᠯᠬᠦ ᠪᠣᠯᠭᠠᠪᠠ᠃ ᠪᠡᠶ᠎ᠡ᠎ᠶ᠋ᠢᠨ ᠲᠠᠮᠢᠷ᠎ᠤᠨ ᠬᠦᠷᠢᠶ᠎ᠡ ᠴᠠᠷᠠᠭᠠᠨ᠎ᠳᠤ᠂ ᠰᠥᠨᠢ᠎ᠶ᠋ᠢᠨ ᠭᠦᠶᠦᠯᠲᠡ᠂ ᠰᠠᠭ᠍ᠰᠤᠨ ᠪᠥᠮᠪᠦᠭᠡ᠎ᠶ᠋ᠢᠨ ᠤᠷᠤᠯᠳᠤᠭᠠᠨ ᠵᠡᠷᠭᠡ ᠠᠵᠢᠯᠯᠠᠭ᠎ᠠ ᠥᠷᠨᠢᠭᠦᠯᠬᠦ᠌ ᠵᠢᠴᠢ ᠪᠡᠶ᠎ᠡ ᠴᠢᠭᠢᠷᠠᠭ᠍ᠵᠢᠭᠤᠯᠬᠤ ᠰᠥᠨᠢ᠎ᠶ᠋ᠢᠨ ᠬᠢᠴᠢᠶᠡᠯ ᠨᠡᠭᠡᠭᠡᠬᠦ᠌᠎ᠪᠠᠷ ᠳᠠᠮᠵᠢᠭᠤᠯᠤᠨ᠂ ᠰᠥᠨᠢ᠎ᠶ᠋ᠢᠨ ᠪᠡᠶ᠎ᠡ᠎ᠶ᠋ᠢᠨ ᠲᠠᠮᠢᠷ᠎ᠤᠨ ᠬᠡᠷᠡᠭ᠌ᠯᠡᠭᠡᠨ᠎ᠤ ᠬᠠᠩᠭᠠᠯᠭ᠎ᠠ᠎ᠶ᠋ᠢ ᠪᠠᠶᠠᠯᠢᠭ᠍ᠵᠢᠭᠤᠯᠵᠤ ᠪᠠᠢᠨ᠎ᠠ᠃ ᠲᠠᠷᠢᠶᠠᠯᠠᠩ ᠮᠠᠯ ᠠᠵᠤ ᠠᠬᠤᠢ ᠬᠤᠳᠠᠯᠳᠤᠭ᠎ᠠ ᠵᠢ ᠬᠤᠯᠪᠣᠭᠠᠯᠠᠨ ᠬᠥᠳᠡᠯᠦᠯᠴᠡᠭᠦᠯᠬᠦ ᠲᠠᠯ᠎ᠠ᠎ᠪᠠᠷ᠂ ᠴᠢᠨᠠᠷ ᠰᠠᠢᠲᠠᠶ ᠮᠠᠯ᠎ᠤᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠢ᠋ ᠬᠠᠮ ᠳᠡᠯᠭᠡᠭᠦᠷ᠂ ᠦᠵᠡᠮᠵᠢ᠎ᠶ᠋ᠢᠨ ᠣᠷᠣᠨ᠎ᠳᠤ ᠤᠷᠤᠭᠤᠯᠵᠤ᠂ ᠰᠥᠨᠢ᠎ᠶ᠋ᠢᠨ ᠱᠢᠭᠤᠳ ᠨᠡᠪᠲᠡᠷᠡᠭᠦᠯᠭᠡ᠎ᠪᠠᠷ ᠪᠠᠷᠠᠭ᠎ᠠ ᠬᠤᠳᠠᠯᠳᠤᠬᠤ ᠵᠢ ᠳᠠᠢᠴᠢᠯᠠᠵᠤ᠂ ᠠᠷᠠᠳ᠎ᠲᠤ ᠲᠥᠬᠦᠮ ᠦᠵᠡᠭᠦᠯᠬᠦ᠌ ᠪᠠᠷᠠᠭ᠎ᠠ ᠲᠠᠸᠠᠷ ᠤ᠋ᠨ ᠳᠡᠯᠭᠡᠨ ᠪᠤᠷᠤᠯᠠᠭᠤᠯᠭ᠎ᠠ ᠡᠷᠭᠢᠯᠡᠵᠦ᠍᠂ ᠬᠡᠷᠡᠭ᠌ᠯᠡᠭᠡ ᠵᠢᠨ ᠠᠮᠢᠵᠢᠷᠠᠯ᠎ᠤᠨ ᠬᠦᠴᠦᠨ᠎ᠢ ᠬᠥᠭ᠌ᠵᠢᠭᠡᠵᠦ ᠪᠠᠢᠨ᠎ᠠ᠃ ᠡᠭᠦᠨ᠎ᠠᠴᠠ ᠭᠠᠳᠠᠨ᠎ᠠ᠂ ᠵᠡᠭᠡᠯᠢ᠎ᠶ᠋ᠢᠨ ᠰᠦᠨᠢ ᠵᠢᠨ ᠦᠵᠡᠮᠵᠢ᠂ ᠭᠡᠷᠡᠯᠲᠦᠭᠦᠯᠭᠡ᠎ᠶ᠋ᠢᠨ ᠲᠥᠬᠦᠭᠡᠷᠦᠮᠵᠢ ᠵᠢᠴᠢ ᠰᠦᠯᠵᠢᠶᠡᠨ᠎ᠤ ᠬᠠᠯᠠᠮᠰᠢᠯ ᠭᠠᠵᠠᠷ᠎ᠤᠨ ᠪᠦᠲᠦᠭᠡᠨ ᠪᠠᠢᠭᠤᠯᠤᠯᠲᠠ᠎ᠶ᠋ᠢ ᠲᠡᠭᠦᠯᠳᠡᠷᠵᠢᠭᠦᠯᠬᠦ᠌᠎ᠪᠠᠷ ᠳᠠᠮᠵᠢᠨ᠂ ᠰᠥᠨᠢ᠎ᠶ᠋ᠢᠨ ᠬᠡᠷᠡᠭ᠌ᠯᠡᠭᠡ᠎ᠶ᠋ᠢᠨ ᠪᠡᠶᠡᠴᠢᠯᠡᠨ ᠣᠢᠯᠠᠭᠠᠯᠲᠠ ᠵᠢᠨ ᠬᠠᠨᠤᠮᠵᠢ ᠵᠢᠨ ᠬᠡᠮᠵᠢᠶ᠎ᠠ ᠵᠢ ᠳᠡᠭᠡᠭᠰᠢᠯᠡᠭᠦᠯᠦᠨ᠂ 《ᠰᠥᠨᠢ᠎ᠶ᠋ᠢᠨ ᠤᠯᠠᠭᠠᠨᠬᠠᠳᠠ》 ᠵᠢᠨ ᠬᠡᠷᠡᠭ᠌ᠯᠡᠭᠡ᠎ᠶ᠋ᠢᠨ ᠳᠠᠯᠳᠠ ᠬᠦᠴᠦᠨ᠎ᠢ ᠭᠦᠢᠴᠡᠳ ᠠᠭᠤᠳᠠᠯᠵᠤ ᠪᠠᠢᠨ᠎ᠠ᠃
ᠠᠮᠲᠠᠲᠤ ᠢᠳᠡᠭᠡᠨ ᠡᠴᠡ ᠰᠣᠶᠣᠯ᠎ᠤᠨ ᠪᠦᠲᠦᠭᠡᠯᠴᠢ ᠦᠢᠯᠡᠳᠭᠦᠨ ᠬᠦᠷᠲᠡᠯ᠎ᠡ᠂ ᠦᠨᠭᠭᠡ ᠢᠯᠭᠠᠷᠠᠭᠰᠠᠨ ᠵᠡᠭᠡᠯᠢ ᠲᠣᠭᠤᠷᠢᠭᠡᠴᠠ ᠵᠢᠭᠤᠯᠴᠢᠯᠠᠭᠰᠠᠳ ᠰᠦᠯᠵᠢᠯᠳᠦᠭ᠌ᠰᠡᠨ ᠠᠭᠤᠳᠠᠮ ᠲᠠᠯᠠᠪᠠᠶ ᠬᠦᠷᠲᠡᠯ᠎ᠡ᠂ ᠰᠥᠨᠢᠤᠷᠤᠢ ᠤᠯᠠᠭᠠᠨᠬᠠᠳᠠ ᠶᠠᠭ ᠣᠯᠠᠨ ᠡᠱᠢᠲᠦ ᠡᠵᠡᠩᠨᠡᠯᠲᠡ᠎ᠶ᠋ᠢᠨ ᠬᠡᠯᠪᠡᠷᠢ ᠪᠡᠷ ᠰᠣᠶᠣᠯ ᠵᠢᠭᠤᠯᠴᠢᠯᠠᠯ ᠢ᠋ ᠠᠭᠤᠰᠤᠯᠴᠠᠭᠤᠯᠵᠤ᠂ ᠠᠮᠢᠵᠢᠷᠠᠯ᠎ᠤᠨ ᠬᠦᠴᠦᠨ ᠪᠢᠯᠬᠠᠭ᠍ᠰᠠᠨ ᠰᠥᠨᠢ᠎ᠶ᠋ᠢᠨ ᠠᠵᠤ ᠠᠬᠤᠶ᠎ᠶ᠋ᠢ ᠬᠦᠭᠵᠢᠭᠦᠯᠵᠦ ᠪᠠᠢᠨ᠎ᠠ᠃