ᠪᠠᠷᠠᠭᠤᠨ ᠯᠢᠶᠣᠤᠾᠧ ᠭᠣᠣᠯ ᠤ᠋ᠨ ᠲᠠᠯ᠎ᠠ ᠭᠠᠵᠠᠷ ᠲᠦ᠍ ᠪᠠᠢᠷᠢᠯᠠᠵᠤ ᠪᠠᠢᠭ᠎ᠠ ᠲᠦᠩᠯᠢᠶᠤᠤ ᠬᠤᠳᠠ ᠵᠢᠨ ᠺᠠᠢᠯᠦ᠍ ᠱᠢᠶᠠᠨ ᠤ᠋ ᠨᠡᠷ᠎ᠠ ᠨᠢ 《ᠭᠤᠷᠪᠠᠨ ᠯᠦ᠍ ᠶ᠋ᠢᠨ ᠭᠠᠵᠠᠷ ᠢ᠋ ᠬᠠᠭᠠᠯᠪᠤᠷᠢᠯᠠᠭᠰᠠᠨ》 ᠡᠴᠡ ᠢᠷᠡᠯᠳᠡ ᠲᠠᠢ ᠶᠤᠮ᠃
ᠪᠠᠷᠠᠭᠤᠨ ᠯᠢᠶᠣᠤᠾᠧ ᠭᠣᠣᠯ ᠤ᠋ᠨ ᠬᠥᠪᠡᠭᠡᠨ ᠳ᠋ᠡᠬᠢ ᠦᠶ᠎ᠠ ᠦᠶ᠎ᠠ ᠵᠢᠨ ᠬᠥᠮᠦᠰ ᠤᠷᠢᠳᠤᠬᠢ ᠵᠢ ᠵᠠᠯᠭᠠᠮᠵᠢᠯᠠᠨ ᠬᠣᠢᠱᠢᠬᠢ ᠳ᠋ᠤ ᠵᠠᠮ ᠨᠡᠬᠡᠬᠡᠵᠤ᠂ ᠦᠨᠳᠦᠰᠦ ᠱᠢᠰᠲ᠋ᠧᠮ ᠨᠢ ᠬᠠᠷᠢᠯᠴᠠᠨ ᠨᠡᠪᠲᠡᠷᠡᠯᠴᠡᠭ᠌ᠰᠡᠨ ᠪᠣᠯᠪᠠᠰᠤᠨ ᠤ᠋ ᠦᠷ᠎ᠡ ᠪᠦᠲᠦᠭᠡᠯ ᠢ᠋ ᠴᠣᠭ᠍ᠴᠠᠯᠠᠵᠠᠢ᠃ ᠤᠮᠠᠷᠠᠲᠤ ᠶ᠋ᠢᠨ ᠦᠨᠳᠦᠰᠦᠲᠡᠨ ᠤ᠋ ᠪᠡᠯᠴᠢᠬᠡᠷ ᠨᠤᠲᠤᠭ ᠡᠴᠡ ᠪᠠᠨ ᠠᠷᠠᠳ ᠢ᠋ ᠨᠡᠬᠦᠯᠬᠡᠵᠦ ᠠᠲᠠᠷ ᠬᠠᠭᠠᠯᠪᠤᠷᠢᠯᠠᠭ᠍ᠰᠠᠨ ᠬᠣᠲᠠ ᠬᠦᠷᠲᠡᠯ᠎ᠡ᠂ ᠳᠠᠬᠢᠭᠠᠳ 《ᠳᠠᠮ ᠢᠯᠳᠦ᠍ ᠶ᠋ᠢᠨ ᠤᠷᠤᠭ᠍ᠰᠢᠯᠠᠯᠲᠠ ᠶ᠋ᠢᠨ ᠳᠠᠭᠤᠤ》 ᠶ᠋ᠢᠨ ᠵᠣᠬᠢᠶᠠᠭ᠍ᠴᠢ ᠮᠠᠶ ᠱᠢᠨ ᠤ᠋ ᠪᠠᠢᠯᠳᠤᠵᠤ ᠥᠩᠭᠡᠷᠡᠭ᠌ᠰᠡᠨ ᠬᠤᠪᠢᠰᠬᠠᠯ ᠤ᠋ᠨ ᠪᠡᠯᠭᠡ ᠲᠡᠮᠳᠡᠭᠳᠦ ᠭᠠᠵᠠᠷ ᠬᠦᠷᠲᠡᠯ᠎ᠡ᠂ ᠺᠠᠢᠯᠦ᠍ ᠠᠯᠢ ᠡᠷᠲᠡ ᠡᠴᠡ ᠠᠭᠤᠰᠤᠯᠴᠠᠯ ᠨᠡᠭᠡᠭᠡᠯᠲᠡ ᠵᠢ ᠬᠤᠪᠢᠰᠭᠠᠯ ᠤ᠋ᠨ ᠵᠣᠷᠢᠭ ᠰᠠᠨᠠᠭ᠎ᠠ ᠳ᠋ᠤ ᠬᠦᠨᠵᠡᠬᠡᠢ ᠱᠢᠩᠭᠡᠭᠡᠪᠡ᠃
ᠥᠨᠥᠳᠦᠷ ᠺᠠᠢᠯᠦ᠍ ᠴᠣ ᠱᠢᠨ᠎ᠡ ᠦᠯᠢᠭᠡᠷ ᠢ᠋ ᠪᠢᠴᠢᠭ᠌ᠯᠡᠨ ᠤᠮᠠᠷᠠᠲᠤ ᠬᠢᠯᠢ ᠶ᠋ᠢᠨ ᠰᠣᠶᠣᠯ ᠤ᠋ᠨ ᠲᠦᠷᠦᠯ ᠲᠡᠮᠳᠡᠭ ᠢ᠋ ᠡᠭᠦᠳᠴᠦ᠍᠂ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠵᠤ ᠶᠠᠪᠤᠨ᠎ᠠ᠃
ᠪᠠᠷᠠᠭᠤᠨ ᠯᠢᠶᠣᠤ ᠾᠧ ᠭᠣᠣᠯ ᠤ᠋ᠨ ᠬᠥᠪᠡᠭᠡᠨ ᠳ᠋ᠤ ᠰᠣᠶᠣᠯ ᠤ᠋ᠨ ᠤᠯᠠᠮᠵᠢᠯᠠᠯ ᠦᠷᠭᠦᠯᠵᠢᠯᠡᠨ᠎ᠡ
《ᠱᠢᠶᠤᠤ ᠫᠤᠤ ᠽᠢ》 ᠪᠣᠯ ᠺᠠᠢᠯᠦ᠍ ᠱᠢᠶᠠᠨ ᠤ᠋ ᠡᠩ ᠤ᠋ᠨ ᠨᠢᠭᠡᠨ ᠭᠠᠵᠠᠷ ᠤ᠋ᠨ ᠨᠡᠷ᠎ᠡ ᠪᠤᠯᠪᠠᠴᠦ ᠱᠢᠶᠤᠤ ᠫᠤᠤ ᠽᠢ ᠬᠡᠮᠡᠬᠦ ᠡᠷᠲᠡᠨ ᠤ᠋ ᠪᠠᠭᠤᠷᠢ ᠨᠢ ᠬᠠᠷᠢᠨ ᠥᠪᠡᠷᠲᠡᠭᠡᠨ ᠵᠠᠰᠠᠬᠤ ᠣᠷᠣᠨ ᠤ᠋ ᠲᠠᠰ ᠤ᠋ᠨ ᠲᠡᠦᠬᠡ ᠶ᠋ᠢᠨ ᠳᠤᠷᠠᠰᠭᠠᠯᠲᠤ ᠵᠦᠶ᠋ᠯᠡᠰ ᠤ᠋ᠨ ᠬᠠᠮᠠᠭᠠᠯᠠᠯᠲᠠ ᠶ᠋ᠢᠨ ᠨᠢᠭᠡᠴᠢ ᠪᠤᠯᠬᠤ ᠶᠤᠮ᠃
2008 ᠣᠨ ᠤ᠋ 4 ᠰᠠᠷ᠎ᠠ ᠳ᠋ᠤ᠂ ᠺᠠᠢᠯᠦ᠍ ᠱᠢᠶᠠᠨ ᠭᠤᠷᠪᠠᠳᠤᠭᠠᠷ ᠤᠳᠠᠭ᠎ᠠ ᠵᠢᠨ ᠪᠦᠬᠦ᠌ ᠤᠯᠤᠰ ᠤ᠋ᠨ ᠲᠡᠦᠬᠡ ᠶ᠋ᠢᠨ ᠳᠤᠷᠠᠰᠭᠠᠯᠲᠤ ᠵᠦᠢᠯ ᠤ᠋ᠨ ᠨᠡᠢᠳᠡᠮ ᠪᠠᠢᠴᠠᠭᠠᠯᠲᠠ ᠳᠤᠮᠳᠠ ᠡᠨᠡ ᠬᠦ᠌ ᠱᠢᠨ᠎ᠡ ᠴᠢᠯᠠᠭᠤᠨ ᠵᠡᠪᠰᠡᠭ ᠤ᠋ᠨ ᠦᠶ᠎ᠡ ᠡᠴᠡ ᠯᠢᠶᠣᠤ ᠤᠯᠤᠰ ᠠᠯᠲᠠᠨ ᠤᠯᠤᠰ ᠬᠦᠷᠲᠡᠯᠡᠬᠢ ᠣᠯᠠᠨ ᠲᠦᠷᠦ ᠰᠤᠨᠳᠠᠯᠠᠬᠰᠠᠨ ᠴᠢᠬᠤᠯᠠ ᠪᠠᠭᠤᠷᠢ ᠵᠢ ᠢᠯᠡᠷᠡᠭᠦᠯᠵᠡᠶ᠃
ᠲᠤᠬᠠᠢ ᠶ᠋ᠢᠨ ᠵᠢᠯ ᠤ᠋ᠨ ᠪᠠᠢᠴᠠᠭᠠᠯᠲᠠ ᠶ᠋ᠢᠨ ᠠᠵᠢᠯ ᠳ᠋ᠤ ᠣᠷᠣᠯᠴᠠᠵᠤ ᠥᠩᠭᠡᠷᠡᠭ᠌ᠰᠡᠨ ᠺᠠᠢᠯᠦ᠍ ᠱᠢᠶᠠᠨ ᠤ᠋ ᠮᠦᠽᠧᠢ ᠶ᠋ᠢᠨ ᠳᠠᠷᠤᠭ᠎ᠠ ᠮᠠ ᠬᠠᠢ᠄ 《ᠱᠢᠶᠤᠤ ᠫᠤᠤ ᠽᠢ ᠵᠢᠨ ᠪᠠᠭᠤᠷᠢ ᠨᠢ ᠶᠠᠭ ᠯᠡ ᠬᠣᠵᠢᠮ ᠤ᠋ᠨ ᠬᠥᠮᠦᠰ ᠲᠦ᠍ ᠢᠯᠡᠭᠡᠭᠰᠡᠨ ᠨᠢᠭᠤᠴᠠ ᠵᠠᠬᠢᠳᠠᠯ ᠱᠢᠭ᠋ ᠵᠢᠨᠷ ᠨᠢᠭᠡ ᠲᠣᠭᠣᠰᠭ᠎ᠠ ᠨᠢᠭᠡ ᠸᠠᠭᠠᠷ᠂ ᠨᠢᠭᠡ ᠡᠪᠡᠰᠦ ᠨᠢᠭᠡ ᠮᠣᠳᠣ ᠨᠢ ᠬᠦᠷᠳᠡᠯ᠎ᠠ ᠪᠠᠷᠠᠭᠤᠨ ᠯᠢᠶᠣᠤᠾᠧ ᠭᠣᠣᠯ ᠤ᠋ᠨ ᠤᠯᠠᠨ ᠡᠱᠢᠲᠦ ᠰᠣᠶᠣᠯ ᠢ᠋ ᠲᠣᠭᠠᠴᠢᠵᠤ ᠪᠠᠢᠨ᠎ᠠ》 ᠬᠡᠵᠤ ᠰᠤᠷᠪᠤᠯᠵᠢᠯᠠᠭᠴᠢ ᠳ᠋ᠤ ᠬᠡᠯᠡᠨ᠎ᠠ᠃
ᠲᠡᠦᠬᠡ ᠶ᠋ᠢᠨ ᠤᠷᠳᠤ ᠠᠶᠠᠨ ᠳ᠋ᠤ ᠮᠠᠯ ᠠᠵᠤ ᠠᠬᠤᠢ ᠲᠠᠷᠢᠶᠠᠯᠠᠩ ᠰᠣᠯᠪᠢᠴᠠᠭ᠍ᠰᠠᠨ ᠭᠠᠵᠠᠷ ᠣᠷᠣᠨ ᠳ᠋ᠤ ᠪᠠᠢᠷᠢᠯᠠᠵᠤ ᠪᠠᠢᠭ᠎ᠠ ᠪᠠᠷᠠᠭᠤᠨ ᠯᠢᠶᠣᠤᠾᠧ ᠭᠣᠣᠯ ᠤ᠋ᠨ ᠬᠦᠪᠡᠬᠡᠨ ᠳ᠋ᠤ ᠤᠯᠠᠨ ᠦᠨᠳᠦᠰᠦᠲᠡᠨ ᠤ᠋ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠍ᠰᠠᠨ ᠰᠡᠳᠭᠢᠯ ᠬᠥᠳᠡᠯᠭᠡᠮ᠎ᠡ ᠲᠤᠤᠯᠢᠰ ᠠᠯᠢ ᠤᠯᠠᠨ ᠢᠯᠡᠷᠡᠵᠦ᠍᠂ ᠤᠮᠠᠷᠠᠲᠤ ᠶ᠋ᠢᠨ ᠭᠡᠷᠡᠯ ᠰᠠᠴᠤᠷᠠᠩᠭᠤᠢ ᠰᠣᠶᠣᠯ ᠢ᠋ ᠪᠣᠢᠵᠢᠭᠤᠯᠵᠠᠢ᠃
ᠲᠠᠪᠤᠨ ᠮᠢᠩᠭᠠᠨ ᠮᠥᠷ ᠤᠷᠲᠤ ᠱᠢᠯᠦᠭ ᠢ᠋ᠶ᠋ᠡᠷ ᠳᠣᠯᠣᠭᠠᠨ ᠮᠢᠩᠭᠠᠨ ᠵᠢᠯ ᠤ᠋ᠨ ᠲᠡᠦᠬᠡ ᠵᠢ ᠲᠤᠰᠬᠠᠭᠰᠠᠨ 《ᠪᠠᠷᠠᠭᠤᠨ ᠯᠢᠶᠣᠤᠾᠧ ᠭᠣᠣᠯ ᠤ᠋ᠨ ᠳᠠᠭᠤᠯᠠᠯ》 ᠤ᠋ᠨ ᠵᠣᠬᠢᠶᠠᠭ᠍ᠴᠢ ᠶ᠋ᠢᠨ ᠨᠢᠭᠡ᠂ ᠺᠠᠢᠯᠦ᠍ ᠱᠢᠶᠠᠨ ᠤ᠋ ᠵᠣᠬᠢᠶᠠᠯᠴᠢᠳ ᠤ᠋ᠨ ᠡᠪᠯᠡᠯ ᠤ᠋ᠨ ᠲᠡᠷᠢᠭᠦᠯᠡᠭ᠌ᠴᠢ᠂ ᠱᠢᠯᠦᠭ᠌ᠴᠢ ᠶᠠᠨ ᠨᠠᠨ ᠹᠸᠢ᠄ 《ᠪᠠᠷᠠᠭᠤᠨ ᠯᠢᠶᠣᠤᠾᠧ ᠭᠣᠣᠯ ᠤ᠋ᠨ ᠰᠣᠶᠣᠯ ᠤ᠋ᠨ ᠣᠯᠠᠨ ᠡᠱᠢᠲᠦ ᠠᠭᠤᠰᠤᠯᠴᠠᠯ ᠨᠢ ᠲᠡᠭᠦᠨ ᠤ᠋ ᠬᠣᠶᠠᠷ ᠰᠠᠯᠪᠤᠷᠢ ᠤᠷᠤᠰᠭᠠᠯ ᠤ᠋ᠨ ᠨᠡᠷ᠎ᠡ ᠳ᠋ᠤ ᠴᠦ᠍ ᠰᠢᠩᠬᠡᠵᠤ ᠪᠤᠢ᠃ ᠨᠢᠭᠡ ᠨᠢ 〈ᠱᠢᠷᠠᠮᠥ᠋ᠷᠡᠨ〉᠂ ᠡᠨᠡ ᠪᠣᠯ ᠮᠣᠩᠭᠣᠯ ᠦᠬᠡ᠃ ᠨᠦᠬᠦᠬᠡ ᠨᠢ 〈ᠯᠤᠤᠬ᠎ᠠ〉᠂ ᠡᠨᠡ ᠨᠢ ᠬᠢᠳᠠᠨ ᠬᠡᠯᠡ ᠡᠴᠡ ᠢᠷᠡᠯᠲᠡ ᠲᠡᠶ᠂ ᠲᠡᠮᠦᠷ ᠭᠡᠰᠡᠨ ᠤᠳᠭ᠎ᠠ ᠲᠠᠶ ᠶᠤᠮ》 ᠬᠡᠵᠤ ᠬᠡᠯᠡᠭᠰᠡᠨ ᠪᠠᠢᠨ᠎ᠠ᠃
《ᠺᠠᠢᠯᠦ᠍ ᠱᠢᠶᠠᠨ ᠤ᠋ ᠤᠢᠯᠠᠯᠭ᠎ᠠ》 ᠢ᠋ ᠦᠨᠳᠦᠰᠦᠯᠡᠪᠡᠯ᠂ ᠴᠦᠨ ᠴᠢᠦ ᠪᠠᠢᠯᠳᠤᠭᠠᠨᠲᠤ ᠤᠯᠤᠰ ᠤ᠋ᠨ ᠦᠶ᠎ᠡ ᠳ᠋ᠤ ᠺᠠᠢᠯᠦ ᠨᠢ ᠳ᠋ᠦᠩᠬᠤ ᠶ᠋ᠢᠨ ᠨᠤᠲᠤᠭᠯᠠᠵᠦ ᠪᠠᠢᠭᠰᠠᠨ ᠭᠠᠵᠠᠷ ᠪᠤᠯᠤᠨ᠎ᠠ᠂ ᠬᠠᠨ ᠤᠯᠤᠰ ᠤ᠋ᠨ ᠦᠶ᠎ᠡ ᠳ᠋ᠤ ᠡᠷᠲᠡ ᠦᠶ᠎ᠡ ᠳ᠋ᠡᠬᠡᠨ ᠱᠢᠶᠠᠨᠪᠸᠢ ᠵᠢᠨ ᠨᠤᠲᠤᠭ ᠪᠠᠢᠵᠤ᠂ ᠰᠦᠶ ᠤᠯᠤᠰ ᠤ᠋ᠨ ᠦᠶ᠎ᠡ ᠳ᠋ᠤ ᠹᠠᠨ ᠶᠠᠩ ᠤ᠋ᠨ ᠵᠢᠶᠧ ᠳᠦ ᠱ᠌ᠢ ᠲᠦᠱᠢᠮᠡᠯ ᠤ᠋ᠨ ᠬᠠᠷᠢᠶᠠᠨ ᠳ᠋ᠤ ᠣᠷᠣᠵᠤ᠂ ᠰᠡᠭᠦᠯᠡᠷ ᠨᠢ ᠴᠢᠩ ᠤᠯᠤᠰ ᠤ᠋ᠨ ᠦᠶ᠎ᠡ ᠪᠣᠯᠲᠠᠯ᠎ᠠ ᠿᠸ ᠾᠧ ᠶ᠋ᠢᠨ ᠠᠮᠪᠠᠨ ᠰᠠᠢᠳ ᠤ᠋ᠨ ᠬᠠᠮᠢᠶᠠᠷᠴᠤ᠌ ᠪᠠᠢᠭ᠍ᠰᠠᠨ ᠵᠣᠣ ᠤᠳᠠ ᠶ᠋ᠢᠨ ᠴᠢᠭᠤᠯᠭᠠᠨ ᠤ᠋ ᠠᠷᠤ ᠬᠣᠷᠴᠢᠨ ᠬᠣᠱᠢᠭᠤ᠂ ᠵᠡᠭᠦᠨ ᠵᠠᠷᠤᠳ ᠬᠣᠱᠢᠭᠤ᠂ ᠪᠠᠷᠠᠭᠤᠨ ᠵᠠᠷᠤᠳ ᠬᠣᠱᠢᠭᠤ ᠵᠡᠷᠭᠡ 3 ᠬᠣᠱᠢᠭᠤᠨ ᠤ᠋ ᠸᠠᠩ ᠭᠦᠩ ᠨᠡᠷ ᠤ᠋ᠨ ᠡᠵᠡᠮᠱᠢᠯ ᠳ᠋ᠤ ᠪᠠᠢᠵᠠᠢ᠃
ᠭᠤᠷᠪᠠᠨ ᠯᠦ᠍ ᠶ᠋ᠢᠨ ᠨᠤᠲᠤᠭ ᠤ᠋ᠨ ᠤᠯᠠᠷᠢᠯ ᠬᠤᠪᠢᠷᠠᠯ
ᠺᠠᠢᠯᠦ᠍ ᠱᠢᠶᠠᠨ ᠤ᠋ ᠬᠣᠲᠠ ᠶ᠋ᠢᠨ ᠬᠠᠭᠤᠴᠢᠨ ᠬᠡᠷᠡᠮ ᠤ᠋ᠨ ᠰᠠᠭᠤᠷᠢ ᠳᠡᠭᠡᠷ᠎ᠡ ᠵᠠᠰᠠᠭ᠍ᠰᠠᠨ ᠵᠠᠰᠠᠮᠠᠯ ᠵᠠᠮ ᠢ᠋ 《ᠬᠣᠲᠠ ᠶ᠋ᠢᠨ ᠲᠣᠭᠣᠷᠢᠯ ᠵᠠᠮ》 ᠭᠡᠳᠡᠭ᠃ ᠬᠡᠳᠦᠢᠪᠡᠷ ᠰᠠᠯᠬᠢ ᠪᠣᠷᠣᠭᠠᠨ ᠤ᠋ ᠢᠳᠡᠭᠳᠡᠯ ᠢ᠋ᠶ᠋ᠡᠷ ᠬᠣᠲᠠ ᠶ᠋ᠢᠨ ᠬᠠᠭᠠᠯᠭ᠎ᠠ ᠪᠠ ᠬᠣᠲᠠ ᠶ᠋ᠢᠨ ᠬᠡᠷᠡᠮ ᠠᠯᠢ ᠡᠷᠲᠡ ᠪᠠᠯᠠᠷᠠᠭᠰᠠᠨ ᠪᠣᠯᠪᠠᠴᠤ᠌ ᠲᠤᠬᠠᠶ ᠶ᠋ᠢᠨ ᠭᠠᠵᠠᠷ ᠤ᠋ᠨ ᠬᠥᠮᠦᠰ ᠮᠥᠨ ᠯᠡ 《ᠬᠣᠲᠠ ᠶ᠋ᠢᠨ ᠲᠣᠭᠣᠷᠢᠯ ᠵᠠᠮ》 ᠳᠣᠲᠣᠷᠠᠬᠢ ᠵᠢ 《ᠬᠣᠲᠠ ᠳᠤᠳᠤᠷᠠᠬᠢ》 ᠭᠡᠵᠦ᠍᠂ ᠵᠠᠮ ᠤ᠋ᠨ ᠭᠠᠳᠠᠨᠠᠬᠢ ᠵᠢ 《ᠬᠣᠲᠠ ᠶ᠋ᠢᠨ ᠭᠠᠳᠠᠨᠠᠬᠢ》 ᠭᠡᠳᠡᠭ᠃
ᠡᠨᠡ ᠬᠦ᠌ 《ᠬᠣᠲᠠ》 ᠨᠢ 100 ᠭᠠᠷᠤᠶ ᠵᠢᠯ ᠤ᠋ᠨ ᠡᠮᠦᠨᠡᠬᠢ ᠺᠠᠢᠯᠦ᠍ ᠱᠢᠶᠠᠨ ᠤ᠋ ᠶᠠᠮᠤᠨ ᠢ᠋ ᠵᠢᠭᠠᠵᠤ᠂ ᠺᠠᠢᠯᠦ᠍ ᠱᠢᠶᠠᠨ ᠤ᠋ ᠲᠡᠥᠬᠡ ᠵᠢ 1908 ᠣᠨ ᠡᠴᠡ ᠡᠬᠢᠯᠡᠨ ᠲᠤᠭᠠᠴᠢᠵᠦ ᠪᠤᠯᠳᠠᠭ᠃
ᠴᠡᠷᠢᠭ ᠰᠠᠭᠤᠯᠭᠠᠨ ᠠᠲᠠᠷ ᠬᠠᠭᠠᠯᠪᠤᠷᠢᠯᠠᠬᠤ ᠬᠡᠷᠡᠭ᠌ᠴᠡᠭᠡ ᠡᠴᠡ ᠪᠣᠯᠵᠤ᠂ ᠴᠢᠩ ᠤᠯᠤᠰ ᠤ᠋ᠨ ᠪᠠᠳᠠᠷᠠᠭᠤᠯᠲᠤ ᠲᠥᠷᠥ ᠶ᠋ᠢᠨ ᠭᠤᠴᠢᠨ ᠳᠥᠷᠪᠡᠳᠦᠭᠡᠷ ᠣᠨ (1908 ᠣᠨ) ᠳ᠋ᠦ ᠴᠢᠩ ᠤᠯᠤᠰ ᠤ᠋ᠨ ᠵᠠᠰᠠᠭ ᠤ᠋ᠨ ᠭᠠᠵᠠᠷ ᠠᠷᠤ ᠬᠣᠷᠴᠢᠨ ᠬᠣᠱᠢᠭᠤ ᠂ ᠵᠡᠭᠦᠨ ᠵᠠᠷᠤᠳ ᠬᠣᠱᠢᠭᠤ᠂ ᠪᠠᠷᠠᠭᠤᠨ ᠵᠠᠷᠤᠳ ᠬᠣᠱᠢᠭᠤ ᠵᠡᠷᠭᠡ 3 ᠬᠣᠱᠢᠭᠤᠨ ᠤ᠋ ᠸᠠᠩ ᠭᠦᠩᠨᠡᠷ ᠤ᠋ᠨ ᠡᠵᠡᠮᠱᠢᠯ ᠭᠠᠵᠠᠷ ᠲᠦ᠍ ᠺᠠᠢᠯᠦ᠍ ᠱᠢᠶᠠᠨ ᠢ᠋ ᠪᠠᠢᠭᠤᠯᠵᠤ᠂ ᠤᠯᠠᠭᠠᠨᠬᠠᠳᠠ ᠶ᠋ᠢᠨ ᠱᠢᠭᠤᠳ ᠬᠠᠷᠢᠶ᠎ᠠ ᠵᠧᠦ᠍ ᠳ᠋ᠤ ᠬᠠᠷᠢᠶᠠᠯᠠᠭᠤᠯᠪᠠ᠃
ᠱᠢᠶᠠᠨ ᠪᠠᠢᠭᠤᠯᠵᠤ ᠵᠠᠰᠠᠬᠯᠠᠬᠤ ᠵᠢ ᠳᠠᠭᠠᠯᠳᠤᠨ ᠱᠠᠨᠳᠦ᠋ᠩ᠂ ᠾᠸᠪᠸᠢ ᠵᠡᠷᠭᠡ ᠭᠠᠵᠠᠷ ᠤ᠋ᠨ ᠶᠡᠬᠡ ᠤᠯᠠᠨ ᠨᠡᠬᠦᠳᠡᠯ ᠠᠷᠠᠳ ᠺᠠᠢᠯᠦ᠍ ᠱᠢᠶᠠᠨ ᠳ᠋ᠤ ᠢᠪᠡᠷᠡᠨ ᠣᠷᠣᠵᠤ᠂ ᠠᠢᠯ ᠲᠣᠰᠭᠣᠨ ᠨᠡᠮᠡᠭ᠌ᠳᠡᠵᠦ᠍᠂ ᠬᠥᠮᠦᠨ ᠠᠮᠠ ᠨᠢ ᠤᠯᠠᠰᠢᠷᠠᠪᠠ᠃ ᠨᠡᠭᠦᠵᠦ᠍ ᠢᠷᠡᠭ᠌ᠰᠡᠨ ᠠᠷᠠᠳ ᠤ᠋ᠨ ᠣᠯᠠᠩᠬᠢ ᠨᠢ ᠲᠦᠷᠢᠶᠡᠰᠦᠨ ᠲᠠᠷᠢᠶ᠎ᠠ ᠲᠠᠷᠢᠵᠤ ᠭᠡᠷ ᠡᠷᠦᠬᠡ ᠪᠡᠨ ᠲᠡᠵᠢᠭᠡᠳᠡᠭ ᠪᠠᠢᠪᠠ᠃ ᠺᠠᠢᠯᠦ᠍ ᠱᠢᠶᠠᠨ ᠠᠭᠠᠵᠢᠮ ᠢ᠋ᠶ᠋ᠠᠷ ᠨᠡᠭᠦᠳᠡᠯ ᠠᠷᠠᠳ ᠤ᠋ᠨ ᠬᠣᠲᠠ᠂ ᠠᠲᠠᠷ ᠬᠠᠭᠠᠯᠪᠤᠷᠢᠯᠠᠯᠳᠠ ᠶ᠋ᠢᠨ ᠬᠣᠲᠠ ᠪᠣᠯᠵᠠᠢ᠃
ᠲᠤᠬᠠᠢ ᠶ᠋ᠢᠨ ᠦᠶ᠎ᠡ ᠳ᠋ᠤ ᠳᠤᠮᠳᠠᠳᠤ ᠣᠷᠣᠨ ᠤ᠋ ᠰᠣᠶᠣᠯ ᠨᠢ ᠬᠣᠷᠴᠢᠨ ᠤ᠋ ᠦᠩ ᠱᠢᠮᠡᠯᠢᠭ ᠲᠠᠯ᠎ᠠ ᠨᠤᠲᠤᠭ ᠯᠤᠭ᠎ᠠ ᠵᠣᠯᠭᠠᠵᠤ᠂ ᠠᠯᠭᠤᠷ ᠠᠭᠠᠵᠢᠮ ᠢ᠋ᠶ᠋ᠠᠷ ᠲᠠᠷᠢᠶᠠᠯᠠᠬᠤ ᠰᠣᠶᠣᠯ ᠪᠣᠯᠤᠨ ᠨᠡᠭᠦᠳᠡᠯ ᠮᠠᠯᠵᠢᠯ ᠤ᠋ᠨ ᠰᠣᠶᠣᠯ ᠠᠭᠤᠰᠤᠯᠴᠠᠭ᠍ᠰᠠᠨ ᠤᠮᠠᠷᠠᠲᠤ ᠶ᠋ᠢᠨ ᠬᠡᠷᠡᠯ ᠰᠠᠴᠤᠷᠠᠩᠭᠤᠢ ᠬᠠᠭᠤᠳᠠᠰᠤ ᠵᠢ ᠪᠢᠴᠢᠭᠯᠡᠪᠡ᠃
100 ᠭᠠᠷᠤᠶ ᠵᠢᠯ ᠤ᠋ᠨ ᠲᠤᠷᠰᠢ᠂ ᠺᠠᠢᠯᠦ᠍ ᠶ᠋ᠢᠨ ᠠᠷᠠᠳ ᠲᠦᠮᠡᠨ ᠱᠢᠷᠭᠠᠭᠤ ᠬᠠᠲᠠᠭᠤᠵᠢᠯᠲᠠᠶ ᠪᠠᠷ ᠲᠠᠷᠢᠶᠠᠯᠠᠵᠤ᠂ ᠠᠷᠴᠢᠭᠤᠷ ᠪᠠ ᠠᠨᠵᠢᠰᠤ ᠪᠠᠷ ᠬᠦᠰᠡᠯ ᠡᠷᠡᠮᠡᠯᠵᠡᠯ ᠵᠢᠡᠨ ᠪᠡᠶᠡᠯᠡᠬᠦᠯᠵᠦ᠂ ᠪᠣᠭᠣᠮᠲᠠ ᠶ᠋ᠢᠨ ᠭᠠᠳᠠᠨᠠᠬᠢ ᠮᠠᠯᠵᠢᠬᠤ ᠭᠠᠵᠠᠷ ᠲᠦ᠍ ᠭᠦᠨ ᠵᠤᠵᠠᠭᠠᠨ ᠲᠠᠷᠢᠶᠠᠯᠠᠬᠤ ᠰᠣᠶᠣᠯ ᠢ᠋ ᠪᠣᠢᠵᠢᠭᠤᠯᠤᠨ᠂ ᠺᠠᠢᠯᠦ᠍ ᠶ᠋ᠢᠨ ᠲᠠᠷᠢᠶᠠᠯᠠᠩ ᠤ᠋ᠨ ᠪᠠᠲᠤ ᠪᠡᠬᠢ ᠰᠠᠭᠤᠷᠢ ᠵᠢ ᠲᠠᠯᠪᠢᠵᠤ᠂ ᠺᠠᠢᠯᠦ᠍ ᠰᠢᠶᠠᠨ ᠢ᠋ ᠪᠠᠷᠠᠭᠤᠨ ᠯᠢᠶᠣᠤᠾᠧ ᠭᠣᠣᠯ ᠤ᠋ᠨ ᠲᠠᠯ᠎ᠠ ᠭᠠᠵᠠᠷ ᠳᠡᠬᠢ ᠲᠠᠷᠢᠶᠠᠯᠠᠩ ᠤ᠋ᠨ ᠲᠣᠮᠣ ᠱᠢᠶᠠᠨ ᠪᠣᠯᠭᠠᠵᠠᠶ᠃
ᠠᠯᠲᠠᠨ ᠨᠠᠮᠤᠷ ᠰᠠᠭᠠᠳᠠᠬᠤ ᠳ᠋ᠦ ᠠᠯᠳᠠᠨ ᠰᠢᠷᠭᠠᠯ ᠡᠷᠳᠡᠨᠢ ᠱᠢᠰᠢ ᠶ᠋ᠢᠨ ᠲᠠᠷᠢᠶ᠎ᠠ ᠪᠣᠯᠤᠨ ᠤᠯᠠᠭᠠᠨ ᠯᠠᠵᠤᠤ ᠶ᠋ᠢᠨ ᠲᠠᠷᠢᠶ᠎ᠠ ᠺᠠᠢᠯᠦ᠍ ᠶ᠋ᠢᠨ ᠡᠬᠡ ᠭᠠᠵᠠᠷ ᠲᠦ᠍ ᠦᠩᠭᠡ ᠢᠯᠭᠠᠷᠠᠵᠦ᠂ ᠴᠡᠴᠡᠭ᠌ᠯᠡᠨ ᠬᠥᠭ᠌ᠵᠢᠭ᠌ᠰᠡᠨ ᠡᠯᠪᠡᠭ ᠬᠤᠷᠢᠶᠠᠯᠲᠠ ᠶ᠋ᠢᠨ ᠪᠠᠢᠳᠠᠯ ᠢ᠋ ᠬᠠᠷᠠᠭᠤᠯᠤᠨ᠎ᠠ᠃ ᠤᠳᠤ ᠶ᠋ᠢᠨ ᠺᠠᠢᠯᠦ᠍ ᠱᠢᠶᠠᠨ ᠪᠣᠯ 《ᠤᠯᠤᠰ ᠤ᠋ᠨ ᠥᠨᠳᠥᠷ ᠦᠷ᠎ᠡ ᠠᠰᠢᠬᠳᠤ ᠤᠨᠴᠠᠯᠢᠬ᠍ᠳᠤ ᠲᠠᠷᠢᠶᠠᠯᠠᠩ ᠤ᠋ᠨ ᠵᠢᠱ᠌ᠢᠢᠡ ᠦᠵᠡᠭᠦᠯᠬᠦ᠌ ᠱᠢᠶᠠᠨ》᠂ 《ᠤᠯᠤᠰ ᠤ᠋ᠨ ᠡᠷᠳᠡᠨᠢ ᠱᠢᠰᠢ ᠶ᠋ᠢᠨ ᠪᠣᠬᠢᠷᠲᠤᠯ ᠦᠭᠡᠢ ᠥᠨᠳᠥᠷ ᠤᠨᠠᠯᠲᠠᠳᠦ ᠦᠨᠳᠦᠷ ᠦᠷ᠎ᠡ ᠠᠰᠢᠬᠳᠤ ᠵᠢᠱ᠌ᠢᠢᠡ ᠦᠵᠡᠭᠦᠯᠬᠦ᠌ ᠱᠢᠶᠠᠨ》᠂ 《ᠪᠦᠬᠦ᠌ ᠤᠯᠤᠰ ᠤ᠋ᠨ ᠲᠠᠷᠢᠶᠠᠨ ᠭᠠᠵᠠᠷ ᠤ᠋ᠨ ᠤᠰᠤᠨ ᠠᠱᠢᠭ᠍ᠯᠠᠯᠲᠠ ᠶ᠋ᠢᠨ ᠪᠦᠳᠦᠭᠡᠨ ᠪᠠᠢᠭᠤᠯᠤᠯᠲᠠ ᠶ᠋ᠢᠨ ᠲᠡᠷᠢᠭᠦᠨ ᠤ᠋ ᠱᠢᠶᠠᠨ》᠂ 《ᠪᠦᠬᠦ᠌ ᠤᠯᠤᠰ ᠤ᠋ᠨ ᠠᠮᠤ ᠪᠤᠳᠠᠭᠠᠨ ᠤ᠋ ᠦᠢᠯᠡᠳᠪᠦᠷᠢᠯᠡᠯ ᠤ᠋ᠨ ᠲᠡᠷᠢᠭᠦᠨ ᠤ᠋ ᠱᠢᠶᠠᠨ》᠂ 《ᠤᠯᠤᠰ ᠤ᠋ᠨ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠶᠠᠰᠤ ᠴᠢᠨᠠᠷ ᠤ᠋ᠨ ᠠᠮᠤᠷ ᠲᠦᠪᠱᠢᠨ ᠤ᠋ ᠱᠢᠶᠠᠨ》 ᠵᠢᠴᠢ ᠳᠤᠮᠳᠠᠳᠤ ᠤᠯᠤᠰ ᠤ᠋ᠨ ᠤᠮᠠᠷᠠᠲᠤ ᠶ᠋ᠢᠨ ᠱᠢᠶᠠᠨ ᠤ᠋ ᠬᠡᠪᠴᠢᠶᠡᠨ ᠤ᠋ ᠤᠯᠠᠭᠠᠨ ᠯᠠᠵᠤᠤ ᠶ᠋ᠢᠨ ᠬᠠᠮᠤᠭ ᠤ᠋ᠨ ᠶᠡᠬᠡ ᠦᠢᠯᠡᠳᠪᠦᠷᠢᠯᠡᠯ ᠤ᠋ᠨ ᠲᠥᠪᠯᠡᠷᠡᠭᠦᠯᠦᠨ ᠲᠠᠷᠬᠠᠭᠠᠬᠤ ᠭᠠᠵᠠᠷ ᠪᠠᠢᠵᠤ᠂ 《ᠳᠤᠮᠳᠠᠳᠤ ᠤᠯᠤᠰ ᠤ᠋ᠨ ᠤᠯᠠᠭᠠᠨ ᠯᠠᠵᠤᠤ ᠶ᠋ᠢᠨ ᠬᠤᠳᠠ》 ᠭᠡᠬᠦ᠌ ᠰᠠᠢᠬᠠᠨ ᠠᠯᠳᠠᠷᠲᠠᠶ ᠶᠤᠮ᠃
ᠬᠤᠪᠢᠰᠭᠠᠯ ᠤ᠋ᠨ ᠤᠭ ᠰᠠᠨᠠᠭ᠎ᠠ ᠢᠷᠡᠭᠡᠳᠦᠢ ᠵᠢ ᠭᠡᠢᠭᠦᠯᠦᠨ᠎ᠡ
1937 ᠣᠨ ᠳ᠋ᠤ 《ᠳᠠᠮ ᠢᠯᠳᠦ᠍ ᠶ᠋ᠢᠨ ᠤᠷᠤᠭ᠍ᠰᠢᠯᠠᠯᠲᠠ ᠶ᠋ᠢᠨ ᠳᠠᠭᠤᠤ》 ᠪᠦᠬᠦ᠌ ᠤᠯᠤᠰ ᠲᠦ᠍ ᠤᠯᠠᠮᠵᠢᠯᠠᠬᠳᠠᠨ ᠳᠠᠭᠤᠯᠠᠬᠳᠠᠵᠤ᠂ ᠠᠷᠠᠳ ᠲᠦᠮᠡᠨ ᠢ᠋ ᠵᠣᠷᠢᠭ᠍ᠵᠢᠭᠤᠯᠤᠨ ᠶᠠᠫᠣᠨ ᠢ᠋ ᠡᠰᠡᠷᠭᠦᠴᠡᠵᠤ ᠮᠥᠬᠥᠯᠡᠴᠡ ᠠᠪᠤᠷᠠᠬᠤ ᠪᠠᠢᠯᠳᠤᠭᠠᠨ ᠤ᠋ ᠪᠦᠷᠢᠶ᠎ᠡ ᠪᠣᠯᠤᠭ᠍ᠰᠠᠨ ᠪᠠᠢᠳᠠᠭ᠃ ᠺᠠᠢᠯᠦ᠍ ᠱᠢᠶᠠᠨ ᠪᠣᠯ 《ᠳᠠᠮ ᠢᠯᠳᠦ᠍ ᠶ᠋ᠢᠨ ᠤᠷᠤᠭ᠍ᠰᠢᠯᠠᠯᠲᠠ ᠶ᠋ᠢᠨ ᠳᠠᠭᠤᠤ》 ᠶ᠋ᠢᠨ ᠵᠣᠬᠢᠶᠠᠭ᠍ᠴᠢ᠂ ᠬᠤᠪᠢᠰᠭᠠᠯ ᠤ᠋ᠨ ᠦᠷᠡᠭ᠌ᠳᠡᠭ᠌ᠰᠡᠨ ᠪᠠᠭᠠᠲᠤᠷ᠂ ᠠᠷᠠᠳ ᠤ᠋ᠨ ᠬᠥᠭ᠌ᠵᠢᠮᠴᠢᠨ ᠮᠠᠢ ᠱᠢᠨ ᠤ᠋ ᠡᠴᠦᠰ ᠤ᠋ᠨ ᠪᠠᠢᠯᠳᠤᠭᠠᠨ ᠬᠢᠵᠦ ᠪᠡᠶ᠎ᠡ ᠦᠷᠡᠭ᠌ᠳᠡᠭ᠌ᠰᠡᠨ ᠭᠠᠵᠠᠷ ᠪᠣᠯᠤᠨ᠎ᠠ᠃
1946 ᠣᠨ ᠤ᠋ 3 ᠰᠠᠷ᠎ᠠ ᠶ᠋ᠢᠨ ᠡᠬᠢ ᠪᠡᠷ᠂ ᠨᠠᠮ ᠤ᠋ᠨ ᠵᠣᠬᠢᠶᠠᠨ ᠪᠠᠢᠭᠤᠯᠤᠯᠲᠠ ᠡᠴᠡ ᠮᠠᠢ ᠰᠢᠨ ᠢ᠋ ᠺᠠᠢᠯᠦ᠍ ᠱᠢᠶᠠᠨ ᠳ᠋ᠤ ᠲᠤᠮᠢᠯᠠᠨ ᠠᠵᠢᠯᠯᠠᠭᠤᠯᠵᠤ᠂ ᠤᠷᠢᠳ ᠬᠣᠵᠢᠳ ᠱᠢᠶᠠᠨ ᠤ᠋ ᠨᠠᠮ ᠤ᠋ᠨ ᠬᠤᠷᠢᠶ᠎ᠠ ᠵᠢᠨ ᠨᠠᠷᠢᠨ ᠪᠢᠴᠢᠭᠡᠴᠢ᠂ ᠱᠢᠶᠠᠨ ᠤ᠋ ᠨᠠᠮ ᠤ᠋ᠨ ᠬᠤᠷᠢᠶ᠎ᠠ ᠵᠢᠨ ᠪᠠᠢᠭᠤᠯᠭ᠎ᠠ ᠶ᠋ᠢᠨ ᠨᠠᠮ ᠤ᠋ᠨ ᠡᠭᠦᠷ ᠤ᠋ᠨ ᠱᠦᠵᠢ᠂ ᠴᠧᠩ ᠭᠤᠸᠠᠨ ᠲᠣᠭᠣᠷᠢᠭ ᠤ᠋ᠨ ᠨᠠᠮ ᠤ᠋ᠨ ᠬᠤᠷᠢᠶ᠎ᠠ ᠵᠢᠨ ᠱᠦᠵᠢ ᠵᠢᠴᠢ ᠱᠢᠶᠠᠨ ᠤ᠋ ᠨᠠᠮ ᠤ᠋ᠨ ᠬᠤᠷᠢᠶ᠎ᠠ ᠵᠢᠨ ᠵᠣᠬᠢᠶᠠᠨ ᠪᠠᠢᠭᠤᠯᠬᠤ ᠬᠡᠯᠲᠡᠰ ᠤ᠋ᠨ ᠳᠠᠷᠤᠭ᠎ᠠ ᠪᠠ ᠤᠬᠠᠭᠤᠯᠬᠤ ᠬᠡᠯᠲᠡᠰ ᠤ᠋ᠨ ᠳᠠᠷᠤᠭ᠎ᠠ ᠵᠡᠷᠭᠡ ᠲᠤᠱᠢᠶᠠᠯ ᠢ᠋ ᠡᠭᠦᠷᠭᠡᠯᠡᠬᠦᠯᠪᠡ᠃
1947 ᠣᠨ ᠤ᠋ 6 ᠰᠠᠷ᠎ᠠ ᠶ᠋ᠢᠨ 6 ᠤ᠋ ᠡᠳᠦᠷ᠂ ᠮᠠᠢ ᠱᠢᠨ ᠱᠢᠶᠠᠨ ᠤ᠋ ᠨᠠᠮ ᠤ᠋ᠨ ᠬᠣᠷᠢᠶ᠎ᠠ ᠳ᠋ᠤ ᠬᠤᠷᠠᠯ ᠬᠢᠵᠦ᠍ ᠪᠠᠷᠠᠭᠠᠳ ᠪᠤᠴᠠᠬᠤ ᠵᠠᠮ ᠳ᠋ᠠᠭᠠᠨ ᠳᠠᠢᠰᠤᠨ ᠤ᠋ ᠲᠠᠭᠠᠷᠢᠯᠳᠠ ᠳ᠋ᠤ ᠤᠴᠠᠷᠠᠵᠤ᠂ 33 ᠨᠠᠰᠤᠳᠠᠢ ᠳ᠋ᠠᠭᠠᠨ ᠪᠠᠭᠠᠲᠤᠷᠯᠢᠭ ᠢ᠋ᠶ᠋ᠠᠷ ᠪᠡᠶ᠎ᠡ ᠦᠷᠡᠭ᠌ᠳᠡᠵᠠᠢ᠃
ᠺᠠᠢᠯᠦ᠍ ᠱᠢᠶᠠᠨ ᠤ᠋ ᠤᠳᠭ᠎ᠠ ᠤᠷᠠᠯᠢᠭ ᠤ᠋ᠨ ᠬᠢᠨ ᠤ᠋ ᠬᠣᠯᠪᠣᠭ᠎ᠠ ᠶ᠋ᠢᠨ ᠠᠬᠠᠮᠠᠳ ᠲᠡᠷᠢᠭᠦᠯᠡᠭ᠌ᠴᠢ ᠹᠠᠩ ᠭᠠᠩ ᠵᠠᠯᠠᠭᠤ ᠡᠴᠡ ᠪᠠᠨ ᠦᠷᠡᠭ᠌ᠳᠡᠭ᠌ᠰᠡᠨ ᠪᠠᠭᠠᠲᠤᠷ ᠮᠠᠢ ᠱᠢᠨ ᠤ᠋ ᠨᠢᠭᠡ ᠨᠠᠰᠤᠨ ᠤ᠋ ᠦᠢᠯᠡ ᠠᠵᠢᠯᠯᠠᠭ᠎ᠠ ᠵᠢ ᠰᠤᠷᠪᠤᠯᠵᠢᠯᠠᠵᠤ ᠴᠤᠭ᠍ᠯᠠᠭᠤᠯᠵᠤ ᠰᠤᠳᠤᠯᠪᠠ᠃ ᠹᠠᠩ ᠭᠠᠩ ᠤ᠋ᠨ ᠴᠡᠭᠡᠵᠢᠯᠡᠵᠦ᠍ ᠪᠠᠢᠬᠤ ᠪᠠᠷ᠂ ᠮᠠᠢ ᠱᠢᠨ ᠪᠡᠶ᠎ᠡ ᠦᠷᠡᠭ᠌ᠳᠡᠭ᠌ᠰᠡᠨ 35 ᠵᠢᠯ ᠤ᠋ᠨ ᠳᠠᠷᠠᠭ᠎ᠠ᠂ ᠦᠷᠡᠭ᠌ᠳᠡᠭ᠌ᠰᠡᠨ ᠪᠠᠭᠠᠲᠤᠷ ᠮᠠᠢ ᠱᠢᠨ ᠤ᠋ ᠠᠵᠢᠯᠯᠠᠵᠤ ᠥᠩᠭᠡᠷᠡᠭ᠌ᠰᠡᠨ ᠲᠣᠰᠭᠣᠨ ᠳ᠋ᠤ ᠬᠦᠷᠴᠦ᠍ ᠰᠤᠷᠪᠤᠯᠵᠢᠯᠠᠬᠤ ᠳ᠋ᠤ ᠲᠤᠬᠠᠢ ᠶ᠋ᠢᠨ ᠭᠠᠵᠠᠷ ᠤ᠋ᠨ ᠤᠯᠠᠨ ᠲᠦᠮᠡᠨ ᠮᠥᠨ ᠯᠡ ᠲᠤᠬᠠᠢ ᠶ᠋ᠢᠨ ᠵᠢᠯ ᠳ᠋ᠤ ᠵᠣᠬᠢᠶᠠᠨ ᠪᠦᠲᠦᠭᠡᠭ᠌ᠰᠡᠨ ᠳᠠᠭᠤᠤ ᠵᠢ ᠳᠠᠭᠤᠯᠠᠵᠤ ᠪᠠᠢᠬᠤ ᠵᠢ ᠰᠣᠨᠣᠰᠴᠤ ᠪᠠᠢᠵᠠᠢ᠃ 《ᠮᠠᠢ ᠱᠢᠨ ᠲᠤᠬᠠᠢ ᠶ᠋ᠢᠨ ᠦᠶ᠎ᠡ ᠶ᠋ᠢᠨ ᠪᠤᠢ᠌ᠳᠠ ᠪᠥᠭ᠌ᠯᠡᠭᠦᠦ ᠺᠠᠢᠯᠦ᠍ ᠱᠢᠶᠠᠨ ᠳ᠋ᠤ ᠬᠤᠪᠢᠰᠭᠠᠯ ᠤ᠋ᠨ ᠤᠴᠢ ᠠᠪᠴᠢᠷᠠᠵᠤ᠂ ᠤᠯᠠᠨ ᠲᠦᠮᠡᠨ ᠳ᠋ᠤ ᠬᠤᠪᠢᠰᠭᠠᠯ ᠤ᠋ᠨ ᠦᠵᠡᠯ ᠰᠠᠨᠠᠭ᠎ᠠ᠂ ᠢᠯᠠᠯᠲᠠ ᠶ᠋ᠢᠨ ᠬᠦᠰᠡᠯ ᠡᠷᠡᠮᠡᠯᠵᠡᠯ ᠢ᠋ ᠮᠡᠳᠡᠷᠡᠭᠦᠯᠦᠭᠰᠡᠨ ᠶᠤᠮ》 ᠭᠡᠵᠦ᠍ ᠹᠠᠩ ᠭᠠᠩ ᠬᠡᠯᠡᠨ᠎ᠠ ᠃
ᠮᠠᠢ ᠱᠢᠨ ᠪᠡᠶ᠎ᠡ ᠦᠷᠡᠭ᠌ᠳᠡᠭ᠌ᠰᠡᠨ ᠤ᠋ ᠳᠠᠷᠠᠭ᠎ᠠ᠂ ᠺᠠᠢᠯᠦ᠍ ᠱᠢᠶᠠᠨ ᠲᠡᠭᠦᠨ ᠤ᠋ ᠠᠮᠢᠳᠤ ᠰᠡᠷᠡᠭᠦᠨ ᠪᠠᠢᠬᠤ ᠳ᠋ᠠᠭᠠᠨ ᠠᠵᠢᠯᠯᠠᠵᠤ ᠪᠠᠢᠭ᠍ᠰᠠᠨ ᠲᠠᠪᠤᠨ ᠲᠣᠭᠣᠷᠢᠭ ᠢ᠋ 《ᠮᠠᠢ ᠱᠢᠨ ᠲᠣᠭᠣᠷᠢᠭ》 (ᠤᠳᠤ ᠶ᠋ᠢᠨ ᠮᠠᠢ ᠱᠢᠨ ᠪᠠᠯᠭᠠᠰᠤ) ᠬᠡᠮᠡᠨ ᠨᠡᠷᠡᠢᠳᠴᠦ᠍᠂ ᠸᠠᠨ ᠹᠠ ᠶᠦᠩ ᠲᠣᠰᠭᠣᠨ ᠢ᠋ 《ᠮᠠᠢ ᠱᠢᠨ ᠲᠣᠰᠭᠣᠨ》 ᠬᠡᠮᠡᠨ ᠬᠠᠯᠠᠵᠤ᠂ ᠺᠠᠢᠯᠦ᠍ ᠱᠢᠶᠠᠨ ᠤ᠋ ᠭᠣᠣᠯ ᠵᠠᠮ ᠢ᠋ ᠴᠤ᠌ 《ᠮᠠᠢ ᠱᠢᠨ ᠵᠠᠮ》 ᠬᠡᠮᠡᠨ ᠨᠡᠷᠡᠢᠳᠴᠡᠢ᠃
ᠤᠢ᠍ᠢᠷᠠ ᠶ᠋ᠢᠨ ᠵᠢᠯ ᠡᠴᠡ ᠨᠠᠭᠠᠰᠢ᠂ ᠺᠠᠢᠯᠦ᠍ ᠱᠢᠶᠠᠨ ᠮᠠᠢ ᠱᠢᠨ ᠤ᠋ ᠳᠤᠷᠠᠰᠭᠠᠯ ᠤ᠋ᠨ ᠣᠷᠳᠣᠨ᠂ ᠮᠠᠢ ᠱᠢᠨ ᠤ᠋ ᠪᠡᠶ᠎ᠡ ᠦᠷᠡᠭ᠌ᠳᠡᠭ᠌ᠰᠡᠨ ᠭᠠᠵᠠᠷ ᠤ᠋ᠨ ᠬᠥᠱᠢᠢᠡ ᠶ᠋ᠢᠨ ᠬᠦᠷᠢᠶᠡᠯᠡᠩ᠂ ᠮᠠᠢ ᠱᠢᠨ ᠤ᠋ ᠦᠷᠡᠭ᠌ᠳᠡᠭ᠌ᠰᠡᠨ ᠪᠠᠭᠠᠲᠤᠷᠴᠤᠳ ᠤ᠋ᠨ ᠪᠤᠩᠬᠤᠨ ᠤ᠋ ᠬᠦᠷᠢᠶᠡᠯᠡᠩ ᠵᠡᠷᠭᠡ ᠵᠢ ᠨᠢᠭᠡ ᠴᠤᠬ᠍ᠴᠠᠵᠢᠭᠤᠯᠤᠬ᠍ᠰᠠᠨ ᠮᠠᠢ ᠱᠢᠨ ᠤ᠋ ᠱᠢᠷᠢᠰ ᠳᠤᠷᠠᠰᠭᠠᠯ ᠤ᠋ᠨ ᠭᠠᠵᠠᠷ ᠢ᠋ ᠪᠠᠢᠭᠤᠯᠵᠤ᠂ ᠱᠢᠶᠠᠨ ᠪᠠᠯᠭᠠᠰᠤ ᠲᠣᠰᠭᠣᠨ ᠭᠤᠷᠪᠠᠨ ᠱᠠᠲᠤᠨ ᠤ᠋ 《ᠬᠤᠪᠢᠰᠭᠠᠯ ᠤ᠋ᠨ ᠵᠢᠭ᠍ᠰᠠᠭᠠᠯ ᠤ᠋ᠨ ᠭᠠᠵᠠᠷ》 ᠢ᠋ ᠴᠣᠭ᠍ᠴᠠᠯᠠᠨ᠂ ᠬᠤᠪᠢᠰᠭᠠᠯ ᠤ᠋ᠨ ᠰᠣᠶᠣᠯ ᠢ᠋ ᠭᠦᠨᠵᠡᠭᠡᠢ ᠠᠭᠤᠳᠠᠯᠬᠤ ᠪᠠ ᠪᠦᠲᠦᠭᠡᠯᠴᠢ ᠪᠡᠷ ᠢᠯᠡᠳᠭᠡᠬᠦ᠌ ᠵᠢ ᠴᠢᠩᠭᠠᠳᠭᠠᠵᠤ᠂ ᠬᠤᠪᠢᠰᠭᠠᠯ ᠤ᠋ᠨ ᠦᠯᠢᠭᠡᠷ ᠢ᠋ 《ᠠᠮᠢᠯᠠᠭᠤᠯᠵᠤ》᠂ ᠬᠤᠪᠢᠰᠭᠠᠯ ᠤ᠋ᠨ ᠬᠥᠮᠦᠵᠢᠯ ᠢ᠋ 《ᠬᠥᠭ᠌ᠵᠢᠭᠡᠵᠦ᠍》᠂ ᠬᠤᠪᠢᠰᠭᠠᠯ ᠤ᠋ᠨ ᠰᠣᠶᠣᠯ ᠢ᠋ 《ᠮᠠᠨᠳᠤᠭᠤᠯᠵᠦ᠍》᠂ ᠤᠮᠠᠷᠠᠲᠤ ᠬᠢᠯᠢ ᠶ᠋ᠢᠨ ᠰᠣᠶᠣᠯ ᠢ᠋ ᠲᠠᠭᠤᠷᠢᠰᠤᠭᠤᠯᠬᠤ ᠳ᠋ᠤ ᠬᠦᠴᠦᠷᠬᠡᠭ ᠶᠡᠬᠡ ᠤᠶᠤᠨ ᠰᠠᠨᠠᠭᠠᠨ ᠤ᠋ ᠬᠦᠴᠦᠨ ᠨᠡᠮᠡᠷᠢᠯᠡᠪᠡ᠃
ᠬᠤᠪᠢᠰᠬᠠᠯ ᠤ᠋ᠨ ᠤᠳᠤᠮᠰᠢᠯ ᠺᠠᠢᠯᠦ᠍ ᠵᠢᠨ ᠬᠣᠲᠠ ᠵᠢᠨ ᠰᠤᠳᠠᠰᠤᠨ ᠳ᠋ᠤ ᠰᠢᠩᠭᠡᠯ᠎ᠡ᠃ ᠺᠠᠢᠯᠦ᠍ ᠱᠢᠶᠠᠨ ᠤ᠋ ᠰᠣᠶᠣᠯ ᠪᠠ ᠵᠢᠭᠤᠯᠴᠢᠯᠠᠯ ᠤ᠋ᠨ ᠲᠤᠪᠴᠢᠶ᠎ᠠ ᠵᠢᠨ ᠳᠠᠷᠤᠭ᠎ᠠ ᠭᠤᠸᠠᠨ ᠵᠢᠶᠦ᠋ᠨ ᠤ᠋ ᠬᠡᠯᠡᠬᠦ ᠪᠡᠷ᠂ ᠺᠠᠢᠯᠦ᠍ ᠱᠢᠶᠠᠨ ᠤ᠋ ᠰᠣᠶᠣᠯ ᠤ᠋ᠨ ᠰᠠᠭᠤᠷᠢ ᠵᠤᠵᠠᠭᠠᠨ ᠪᠠᠢᠵᠤ᠂ ᠱᠢᠶᠤᠤ ᠫᠤᠤ ᠽᠢ ᠵᠢᠨ ᠪᠠᠭᠤᠷᠢ᠂ ᠯᠢᠶᠣᠤ ᠤᠯᠤᠰ ᠤ᠋ᠨ ᠦᠶ᠎ᠡ ᠶ᠋ᠢᠨ ᠡᠷᠲᠡᠨ ᠤ᠋ ᠣᠩᠭᠣᠨ ᠵᠡᠷᠭᠡ ᠪᠡᠷ ᠲᠥᠯᠥᠭᠡᠯᠡᠭᠦᠯᠦᠭ᠌ᠰᠡᠨ ᠲᠡᠦᠬᠡ ᠶ᠋ᠢᠨ ᠦᠯᠡᠳᠡᠭ᠌ᠳᠡᠯ ᠤᠯᠠᠨ ᠪᠤᠢ; ᠮᠠᠶ ᠱᠢᠨ᠂ ᠱᠢᠩ ᠵᠢᠶᠠᠨ ᠬᠤᠸᠠ ᠵᠡᠷᠭᠡ ᠬᠤᠪᠢᠰᠭᠠᠯ ᠤ᠋ᠨ ᠦᠷᠡᠭ᠌ᠳᠡᠭ᠌ᠰᠡᠨ ᠪᠠᠭᠠᠲᠤᠷᠴᠤᠳ ᠢ᠋ᠶ᠋ᠠᠷ ᠲᠥᠯᠥᠭᠡᠯᠡᠭᠦᠯᠦᠭ᠌ᠰᠡᠨ ᠬᠤᠪᠢᠰᠭᠠᠯ ᠤ᠋ᠨ ᠵᠣᠷᠢᠭ ᠰᠠᠨᠠᠭ᠎ᠠ ᠲᠠᠶ᠂ ᠬᠡᠩᠭᠡᠷᠭᠡᠨ ᠪᠦᠵᠢᠭ᠂ ᠴᠠᠭᠠᠰᠤᠨ ᠬᠠᠢᠴᠢᠯᠠᠮᠠᠯ᠂ ᠰᠡᠭᠦᠳᠡᠷ ᠰᠢ ᠪᠡᠷ ᠲᠥᠯᠥᠭᠡᠯᠡᠭᠦᠯᠦᠭ᠌ᠰᠡᠨ ᠣᠯᠠᠨ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠲᠥᠯᠥᠭᠡᠯᠡᠬᠦ᠌ ᠴᠢᠨᠠᠷᠲᠠᠶ ᠲᠥᠷᠥᠯ ᠵᠦᠢᠯ ᠲᠠᠢ ᠶᠤᠮ᠃
ᠡᠬᠢ ᠪᠠᠶᠠᠯᠢᠭ ᠤ᠋ᠨ ᠳᠠᠪᠠᠭᠤᠯᠢᠭ ᠲᠠᠭᠠᠨ ᠲᠦᠱᠢᠭ᠌ᠯᠡᠵᠦ᠍᠂ ᠺᠠᠢᠯᠦ᠍ ᠱᠢᠶᠠᠨ ᠥᠪᠡᠷᠲᠡᠭᠡᠨ ᠵᠠᠰᠠᠬᠤ ᠣᠷᠣᠨ ᠤ᠋ ᠤᠮᠠᠷᠠᠲᠤ ᠬᠢᠯᠢ ᠶ᠋ᠢᠨ ᠰᠣᠶᠣᠯ ᠤ᠋ᠨ ᠪᠠᠢᠭᠤᠯᠤᠯᠲᠠ ᠵᠢ ᠳᠡᠭᠡᠭ᠌ᠰᠢᠯᠡᠭᠦᠯᠬᠦ᠌ ᠠᠵᠢᠯᠯᠠᠭ᠎ᠠ ᠵᠢᠨ ᠲᠤᠬᠢᠷᠠᠭᠤᠯᠤᠯᠳᠠ ᠪᠠᠢᠷᠢᠯᠠᠭᠤᠯᠤᠯᠲᠠ ᠵᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠬᠤᠪᠢᠰᠭᠠᠯ ᠤ᠋ᠨ ᠰᠣᠶᠣᠯ᠂ ᠪᠠᠷᠠᠭᠤᠨ ᠯᠢᠶᠣᠤᠾᠧ ᠭᠣᠣᠯ ᠤ᠋ᠨ ᠰᠣᠶᠣᠯ᠂ ᠲᠠᠷᠢᠶᠠᠯᠠᠬᠤ ᠰᠣᠶᠣᠯ ᠵᠡᠷᠭᠡ ᠤᠨᠴᠠᠯᠢᠬ᠍ᠳᠤ ᠡᠬᠢ ᠪᠠᠶᠠᠯᠢᠭ ᠢ᠋ ᠭᠦᠢᠴᠡᠳ ᠠᠭᠤᠳᠠᠯᠤᠨ᠂ ᠣᠷᠣᠨ ᠨᠤᠲᠤᠭ ᠤ᠋ᠨ ᠬᠥᠭ᠌ᠵᠢᠯᠲᠡ ᠵᠢ ᠠᠬᠢᠭᠤᠯᠵᠤ᠂ ᠤᠮᠠᠷᠠᠲᠤ ᠬᠢᠯᠢ ᠶ᠋ᠢᠨ ᠰᠣᠶᠣᠯ ᠤ᠋ᠨ ᠪᠠᠢᠭᠤᠯᠤᠯᠲᠠ ᠳ᠋ᠤ ᠬᠡᠷᠡᠯ ᠭᠢᠯᠪᠠᠭ᠎ᠠ ᠨᠡᠮᠡᠷᠢᠯᠡᠨ᠎ᠡ᠃