7 ᠰᠠᠷ᠎ᠠ᠎ᠶᠢᠨ 23᠎ᠤ᠋ ᠡᠳᠦᠷ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠴᠥᠭᠡᠨ ᠲᠣᠭᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ ᠪᠠᠭᠠᠷᠢᠨ ᠪᠠᠷᠠᠭᠤᠨ ᠬᠤᠰᠢᠭᠤᠨ᠎ᠳᠠᠬᠢ ᠬᠤᠪᠢᠶᠠᠷᠢ ᠲᠠᠯᠠᠪᠠᠢ ᠤᠷᠤᠯᠳᠤᠭᠠᠨ ᠠᠮᠵᠢᠯᠲᠠ᠎ᠲᠠᠢ ᠥᠨᠳᠥᠷᠯᠡᠪᠡ᠃
ᠪᠠᠭᠠᠷᠢᠨ ᠪᠠᠷᠠᠭᠤᠨ ᠬᠤᠰᠢᠭᠤᠨ᠎ᠳᠠᠬᠢ ᠬᠤᠪᠢᠶᠠᠷᠢ ᠲᠠᠯᠠᠪᠠᠢ ᠤᠷᠤᠯᠳᠤᠭᠠᠨ ᠨᠢ 7 ᠰᠠᠷ᠎ᠠ᠎ᠶᠢᠨ 20 ᠤ᠋ ᠡᠳᠦᠷ ᠡᠬᠢᠯᠡᠵᠦ᠍᠂ ᠮᠤᠷᠢᠨ ᠤᠷᠤᠯᠳᠤᠭᠠᠨ᠂ ᠲᠡᠮᠡᠭᠡᠨ ᠤᠷᠤᠯᠳᠤᠭᠠᠨ᠂ ᠲᠡᠮᠡᠭᠡᠨ ᠪᠦᠮᠪᠦᠬᠡᠨ ᠤᠷᠤᠯᠳᠤᠭᠠᠨ᠂ ᠡᠷ᠎ᠡ᠎ᠶᠢᠨ ᠭᠤᠷᠪᠠᠨ ᠨᠠᠭᠠᠳᠤᠮ ᠵᠡᠷᠭᠡ 4 ᠲᠦᠷᠦᠯ᠎ᠤᠨ ᠤᠷᠤᠯᠳᠤᠭᠠᠨ᠎ᠤ ᠲᠦᠷᠦᠯ ᠪᠠ ᠴᠠᠭᠠᠰᠤᠨ ᠰᠢᠪᠠᠭᠤ ᠨᠢᠰᠭᠡᠬᠦ᠂ ᠲᠠᠬᠠᠷ ᠪᠦᠮᠪᠦᠭᠡ᠎ᠶᠢᠨ ᠤᠷᠤᠯᠳᠤᠭᠠᠨ᠎ᠤ ᠬᠤᠶᠠᠷ ᠦᠵᠡᠭᠦᠯᠭᠡ᠎ᠶᠢᠨ ᠲᠦᠷᠦᠯ ᠵᠤᠢᠯᠢ᠋ ᠲᠤᠬᠢᠷᠠᠭᠤᠯᠤᠭᠰᠠᠨ ᠪᠠᠢᠨ᠎ᠠ᠃ ᠪᠥᠬᠦ᠌ ᠣᠷᠣᠨ᠎ᠤ 11 ᠠᠢᠮᠠᠭ ᠬᠤᠲᠠ᠎ᠶᠢᠨ ᠲᠠᠮᠢᠷᠴᠢᠨ᠂ ᠳᠠᠰᠭᠠᠯᠵᠢᠭᠤᠯᠤᠬᠴᠢ ᠂ ᠬᠢᠨᠠᠭᠴᠢ ᠨᠡᠢᠲᠡ 440 ᠬᠥᠮᠥᠨ᠂ 170 ᠰᠢᠬᠠᠮ ᠮᠤᠷᠢ᠂ 100 ᠰᠢᠬᠠᠮ ᠲᠡᠮᠡᠭᠡ ᠤᠷᠤᠯᠳᠤᠭᠠᠨ᠎ᠳᠤ ᠤᠷᠤᠯᠴᠠᠵᠦ᠍᠂ ᠤᠷᠤᠯᠳᠤᠭᠠᠨᠢ᠋ ᠣᠷᠭᠢᠯ᠎ᠳᠤ ᠬᠦᠷᠭᠡᠵᠡᠢ᠃ 4 ᠡᠳᠤᠷ᠎ᠤᠨ ᠤᠷᠤᠯᠳᠤᠭᠠᠨ ᠨᠢ ᠨᠢᠭᠡ ᠤᠳᠠᠭᠠᠨ᠎ᠤ ᠪᠡᠶ᠎ᠡ᠎ᠶᠢᠨ ᠲᠠᠮᠢᠷ᠎ᠤᠨ ᠤᠷᠤᠯᠳᠤᠭᠠᠨ᠎ᠤ ᠦᠵᠡᠭᠦᠯᠭᠡ ᠪᠣᠯᠤᠭᠰᠠᠨᠵᠢᠡᠷ ᠪᠠᠷᠠᠬᠤ ᠦᠭᠡᠢ ᠨᠠᠩ ᠴᠤ᠌ ᠦᠨᠳᠦᠰᠦᠲᠡᠨ᠎ᠤ ᠪᠦᠯᠬᠦᠮᠳᠡᠯᠢ᠋ ᠠᠬᠢᠭᠤᠯᠬᠤ᠂ ᠦᠨᠳᠦᠰᠦᠲᠡᠨ᠎ᠤ ᠰᠣᠶᠣᠯ᠎ᠢ᠋ ᠤᠯᠠᠮᠵᠢᠯᠠᠬᠤ ᠴᠢᠬᠤᠯᠠ ᠲᠠᠪᠴᠠᠩ ᠪᠣᠯᠵᠤ᠂ ᠤᠯᠠᠮᠵᠢᠯᠠᠯᠲᠤ ᠪᠡᠶ᠎ᠡ᠎ᠶᠢᠨ ᠲᠠᠮᠢᠷ᠎ᠤᠨ ᠲᠥᠷᠥᠯ ᠵᠦᠢᠯ᠎ᠢ᠋ ᠰᠢᠨ᠎ᠠ ᠴᠠᠭ ᠦᠶ᠎ᠡ᠎ᠳᠤ ᠰᠢᠨ᠎ᠠ ᠠᠮᠢᠵᠢᠷᠠᠯ᠎ᠤᠨ ᠬᠦᠴᠦᠨ᠎ᠲᠠᠢ ᠪᠣᠯᠭᠠᠵᠠᠢ᠃
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠴᠥᠭᠡᠨ ᠲᠣᠭᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ ᠭᠤᠣᠯ ᠲᠠᠯᠠᠪᠠᠢ ᠤᠷᠤᠯᠳᠤᠭᠠᠨ᠎ᠨᠢ 7 ᠰᠠᠷ᠎ᠠ᠎ᠶᠢᠨ 26 ᠡᠴᠡ 31᠎ᠤ᠋ ᠡᠳᠦᠷ ᠪᠤᠯᠳᠠᠯ᠎ᠠ ᠤᠯᠠᠭᠠᠨᠬᠠᠳᠠ ᠬᠤᠳᠠ᠎ᠳᠤ ᠶᠠᠪᠤᠭᠳᠠᠨ᠎ᠠ᠂ ᠤᠷᠤᠯᠳᠤᠭᠠᠨ᠎ᠳᠤ 14 ᠲᠦᠷᠤᠯ ᠵᠤᠢᠯ᠎ᠤᠨ ᠤᠷᠤᠯᠳᠤᠭᠠᠨ ᠪᠠ 10 ᠦᠵᠡᠭᠦᠯᠭᠡ᠎ᠶᠢᠨ ᠲᠦᠷᠦᠯ ᠵᠤᠢᠯ ᠲᠤᠬᠢᠷᠠᠭᠤᠯᠬᠤ᠎ᠶᠢᠨ ᠬᠠᠮᠳᠦ ᠤᠷᠤᠯᠳᠤᠭᠠᠨ᠎ᠤ ᠬᠤᠭᠤᠴᠠᠭᠠᠨ᠎ᠳᠤ ᠪᠠᠰᠠ ᠡᠷᠳᠡᠨ᠎ᠤ ᠨᠤᠮ ᠪᠢᠴᠢᠭ᠎ᠤᠨ ᠲᠡᠯᠭᠡᠨ ᠦᠵᠡᠭᠦᠯᠭᠡ᠂ ᠤᠯᠠᠭᠠᠨᠮᠦᠴᠢᠷ᠎ᠤᠨ ᠲᠤᠬᠯᠠᠯᠳᠠ ᠵᠡᠷᠭᠡ ᠠᠵᠢᠯᠯᠠᠭ᠎ᠠ ᠦᠷᠨᠢᠬᠦᠯᠬᠦ ᠪᠤᠯᠤᠨ᠎ᠠ᠃