ᠭᠡᠷ ᠪᠦᠯᠢ ᠰᠤᠷᠭᠠᠭᠤᠯᠢ ᠬᠣᠯᠪᠤᠭᠠᠯᠠᠨ ᠬᠥᠳᠡᠯᠦᠯᠴᠡᠵᠦ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠠᠢᠲᠤᠷ ᠰᠤᠷᠤᠯᠴᠠᠨ᠎ᠠ
2025-07-28 09:41:46
ᠵᠣᠬᠢᠶᠠᠭ᠍ᠴᠢ᠄
ᠵᠦ᠍ ᠶᠤᠸᠠᠨ ᠯᠢ
ᠣᠩᠱᠢᠭ᠍ᠰᠠᠨ ᠣᠳᠠᠭ᠎ᠠ᠄
★★★☆☆

ᠰᠢᠯᠢᠩᠬᠣᠲᠠ᠎ᠶᠢᠨ ᠶᠢᠰᠦᠳᠦᠭᠡᠷ ᠪᠠᠭ᠎ᠠ ᠰᠤᠷᠭᠠᠭᠤᠯᠢ ᠤᠢᠷ᠎ᠠ᠎ᠳᠤ 《ᠡᠬᠡ ᠰᠤᠷᠭᠠᠭᠤᠯᠢ᠎ᠳᠠᠭᠠᠨ ᠲᠠᠯᠠᠷᠬᠠᠨ ᠪᠠᠭ᠍ᠰᠢ ᠵᠢᠨ ᠠᠴᠢ ᠡᠨᠡᠷᠢᠯ᠎ᠢ ᠦᠯᠦ ᠮᠠᠷᠲᠠᠵᠤ ᠭᠤᠸ᠎ᠠ ᠰᠠᠢᠬᠠᠨ᠎ᠤ ᠬᠥᠮᠦᠵᠢᠯ᠎ᠢᠶᠡᠷ ᠰᠡᠳᠬᠢᠯ ᠵᠢᠡᠨ ᠤᠮᠳᠠᠯᠠᠵᠤ ᠢᠷᠡᠭᠡᠳᠦᠢ ᠵᠢᠨ ᠬᠦᠰᠡᠯ ᠵᠡᠭᠦᠳᠦ᠎ᠪᠡᠨ ᠲᠡᠷᠭᠡᠯᠰᠢᠭᠦᠯᠬᠦ》 ᠲᠡᠭᠦᠰᠬᠦ ᠶᠣᠰᠣᠯᠠᠯ ᠵᠢᠴᠢ ᠨᠡᠢᠭᠡᠮ᠎ᠦᠨ ᠪᠦᠯᠬᠦᠮ᠎ᠦᠨ ᠦᠵᠡᠭᠦᠯᠭᠡ᠎ᠶᠢᠨ ᠲᠣᠭᠯᠠᠯᠲᠠ᠎ᠶᠢᠨ ᠠᠵᠢᠯᠯᠠᠭ᠎ᠠ ᠦᠷᠨᠢᠭᠦᠯᠪᠡ᠃ ᠵᠢᠷᠭᠤᠳᠤᠭᠠᠷ ᠣᠨ᠎ᠤ ᠲᠡᠭᠦᠰᠬᠦ ᠰᠤᠷᠤᠭ᠍ᠴᠢᠳ 《ᠪᠠᠶᠠᠷᠲᠠᠢ! ᠡᠬᠡ ᠰᠤᠷᠭᠠᠭᠤᠯᠢ᠎ᠮᠢᠨᠢ》 ᠭᠡᠬᠦ ᠳᠠᠭᠤᠯᠠᠯ᠎ᠢᠶᠠᠨ ᠡᠷᠭᠦᠨ ᠳᠡᠪᠰᠢᠭᠦᠯᠵᠦ᠂ ᠪᠠᠷᠢᠮᠵᠢᠶᠠᠳᠤ ᠤᠷᠤᠰᠤᠮ᠎ᠠ ᠰᠠᠢᠬᠠᠨ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠪᠡᠷ ᠡᠬᠡ ᠰᠤᠷᠭᠠᠭᠤᠯᠢ ᠵᠢᠴᠢ ᠪᠠᠭ᠍ᠰᠢ᠎ᠠᠴᠠ᠎ᠪᠠᠨ ᠰᠠᠯᠵᠤ ᠶᠠᠳᠠᠵᠤ ᠪᠠᠢᠬᠤ ᠰᠡᠳᠭᠢᠯᠭᠡ ᠪᠠᠨ ᠢᠯᠡᠳᠬᠡᠨ᠎ᠡ᠃ 《ᠨᠠᠢ᠍ᠮᠠᠨ ᠪᠦᠰᠡᠭᠦᠢ ᠮᠥᠷᠡᠨ᠎ᠳᠦ ᠬᠠᠷᠠᠢᠭᠰᠠᠨ ᠨᠢ》 ᠭᠡᠬᠦ ᠬᠢᠴᠢᠶᠡᠯ᠎ᠤᠨ ᠪᠢᠴᠢᠭ᠎ᠤᠨ ᠵᠦᠴᠦᠭᠡ᠎ᠳᠦ᠂ ᠬᠡᠳᠦᠨ ᠲᠣᠭᠯᠠᠭ᠍ᠴᠢ ᠭᠣᠢᠳᠠ ᠰᠠᠢᠬᠠᠨ ᠲᠣᠭᠯᠠᠯᠲᠠ᠎ᠳᠤᠮᠳᠠ ᠪᠠᠨ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠦᠨ ᠪᠣᠳᠠᠲᠠᠢ ᠬᠡᠷᠡᠭᠯᠡᠭᠡᠨ᠎ᠦ ᠴᠢᠳᠠᠪᠤᠷᠢ᠎ᠶᠢ ᠨᠡᠯᠢᠶᠡᠳ ᠭᠦᠨ ᠢᠯᠡᠷᠡᠭᠦᠯᠵᠡᠢ᠃

ᠣᠢᠷ᠎ᠠ᠎ᠶᠢᠨ ᠵᠢᠯ ᠳ᠋ᠤ᠂ ᠰᠢᠯᠢᠩᠬᠣᠲᠠ᠎ᠶᠢᠨ ᠶᠢᠰᠦᠳᠦᠭᠡᠷ ᠪᠠᠭ᠎ᠠ ᠰᠤᠷᠭᠠᠭᠤᠯᠢ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠢ ᠳᠡᠯᠭᠡᠷᠡᠭᠦᠯᠬᠦ ᠡᠷᠴᠢᠮ᠎ᠢᠶᠡᠨ ᠲᠠᠰᠤᠷᠠᠯᠲᠠ ᠦᠭᠡᠢ ᠴᠢᠩᠭᠠᠷᠠᠭᠤᠯᠵᠤ᠂ ᠰᠤᠷᠭᠠᠭᠤᠯᠢ᠎ᠳᠤ ᠤᠷᠠᠨ ᠪᠢᠴᠢᠯᠭᠡ᠎ᠶᠢᠨ ᠬᠢᠴᠢᠶᠡᠯ ᠲᠣᠬᠢᠷᠠᠭᠤᠯᠵᠤ᠂ ᠰᠣᠷᠣᠭ᠍ᠴᠢ ᠵᠢᠴᠢ ᠪᠠᠭ᠍ᠰᠢ᠎ᠳᠤ ᠤᠷᠠᠨ ᠪᠢᠴᠢᠯᠭᠡ᠎ᠶᠢᠨ ᠬᠠᠪᠰᠤᠷᠤᠨ ᠵᠢᠯᠣᠭᠣᠳᠤᠯᠭ᠎ᠠ ᠥᠷᠨᠢᠭᠦᠯᠪᠡ᠃ ᠲᠣᠰ ᠰᠤᠷᠭᠠᠭᠤᠯᠢ ᠲᠣᠭᠲᠠᠮᠠᠯ ᠬᠤᠭᠤᠴᠠᠭ᠎ᠠ᠎ᠲᠠᠢ ᠪᠠᠷ ᠰᠤᠷᠭᠠᠭᠤᠯᠢ ᠵᠢᠨ ᠬᠦᠷᠢᠶᠡᠨ᠎ᠦ ᠬᠢᠲᠠᠳ ᠥᠰᠥᠭ ᠰᠣᠨᠣᠰᠴᠤ ᠪᠢᠴᠢᠬᠦ ᠤᠷᠤᠯᠳᠤᠭᠠᠨ᠂ ᠠᠩᠭᠢ ᠳᠤᠭᠤᠢᠯᠠᠩ᠎ᠤᠨ ᠬᠤᠷᠠᠯ ᠵᠢᠡᠷ ᠤᠬᠠᠭᠤᠯᠤᠨ ᠳᠡᠯᠭᠡᠷᠡᠭᠦᠯᠬᠦ᠂ ᠳᠡᠭᠡᠷ᠎ᠡ ᠣᠨ᠎ᠤ ᠰᠤᠷᠤᠭ᠍ᠴᠢᠳ᠎ᠤᠨ 《ᠲᠣᠩᠰᠢᠭᠤᠯ ᠰᠢᠪᠠᠭᠤ ᠵᠢᠨ ᠠᠵᠢᠯᠯᠠᠭ᠎ᠠ》ᠠᠯᠳᠠᠭ᠎ᠠ ᠪᠤᠷᠤᠭᠤ᠎ᠶᠢ ᠵᠠᠯᠠᠷᠠᠭᠤᠯᠬᠤ᠂ ᠭᠠᠷ᠎ᠪᠢᠴᠢᠮᠡᠯ ᠰᠣᠨᠢᠨ᠎ᠤ ᠦᠵᠡᠭᠦᠯᠭᠡ᠂ ᠤᠷᠠᠨ ᠪᠢᠴᠢᠯᠭᠡ᠎ᠶᠢᠨ ᠪᠦᠲᠦᠭᠡᠯ᠎ᠦᠨ ᠦᠵᠡᠭᠦᠯᠭᠡ᠂ ᠰᠣᠩᠭᠣᠳᠠᠭ ᠪᠦᠲᠦᠭᠡᠯ᠎ᠦᠨ ᠤᠩᠰᠢᠯᠭ᠎ᠠ ᠵᠡᠷᠭᠡ ᠠᠯᠢ ᠣᠯᠠᠨ ᠠᠵᠢᠯᠯᠠᠭ᠎ᠠ᠎ᠡᠷᠭᠢᠯᠡᠬᠦ᠎ᠪᠡᠷ ᠳᠠᠮᠵᠢᠨ᠂ ᠰᠤᠷᠤᠭ᠍ᠴᠢᠳ᠎ᠤᠨ ᠬᠢᠲᠠᠳ ᠥᠰᠥᠭ᠎ᠦᠨ ᠳᠦᠷᠰᠦ ᠵᠢ ᠵᠦᠪ ᠡᠵᠡᠮᠰᠢᠬᠦ ᠪᠠ ᠵᠢᠷᠤᠮᠵᠢᠭᠤᠨ ᠪᠢᠴᠢᠬᠦ ᠤᠷ᠎ᠠ ᠴᠢᠳᠠᠪᠤᠷᠢ᠎ᠶᠢ ᠬᠥᠮᠥᠵᠢᠭᠦᠯᠪᠡ᠃ ᠵᠢᠭᠠᠨ ᠰᠤᠷᠭᠠᠯᠲᠠ᠎ᠶᠢᠨ ᠠᠰᠠᠷ᠎ᠲᠤ ᠪᠠᠭ᠍ᠰᠢ ᠨᠠᠷ᠎ᠤᠨ ᠡᠷᠲᠡᠨ᠎ᠦ ᠰᠢᠯᠦᠭ ᠳᠠᠭᠤᠯᠠᠯ᠎ᠤᠨ ᠤᠷᠠᠨ ᠪᠢᠴᠢᠯᠭᠡ᠎ᠶᠢᠨ ᠪᠦᠲᠦᠭᠡᠯ᠎ᠢ ᠳᠡᠯᠭᠡᠨ ᠦᠵᠡᠭᠦᠯᠵᠦ᠂ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠬᠡᠷᠡᠭᠯᠡᠬᠦ ᠠᠭᠤᠷ ᠠᠮᠢᠰᠬᠤᠯ᠎ᠢ ᠪᠤᠢ ᠪᠣᠯᠭᠠᠬᠤ᠎ᠶᠢᠨ ᠬᠠᠮᠲᠤ᠂ ᠪᠠᠭ᠍ᠰᠢ ᠨᠠᠷ᠎ᠤᠨ ᠡᠳᠦᠷ ᠲᠤᠳᠤᠮ᠎ᠤᠨ ᠵᠢᠭᠠᠨ ᠰᠤᠷᠭᠠᠯᠲᠠ ᠳᠤᠮᠳᠠ ᠪᠠᠨ ᠵᠢᠷᠤᠮᠵᠢᠭᠤᠨ ᠪᠢᠴᠢᠬᠦ ᠤᠬᠠᠮᠰᠠᠷ᠎ᠢ ᠲᠡᠭᠡᠭᠰᠢᠯᠡᠬᠦᠯᠪᠠ᠃

ᠡᠭᠦᠨ᠎ᠦ ᠬᠠᠮᠲᠤ᠂ ᠭᠡᠷ ᠪᠦᠯᠢ ᠪᠠ ᠰᠤᠷᠭᠠᠭᠤᠯᠢ ᠬᠣᠯᠪᠤᠭᠠᠯᠠᠨ ᠬᠥᠳᠡᠯᠦᠯᠴᠡᠵᠦ᠂ ᠭᠡᠷ᠎ᠦᠨ ᠠᠬᠠᠮᠠᠳ᠎ᠢ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ᠎ᠪᠡᠷ ᠳᠣᠣᠷ᠎ᠠ ᠣᠨ᠎ᠤ ᠰᠤᠷᠤᠭ᠍ᠴᠢᠳ᠎ᠲᠤ ᠤᠨᠲᠠᠬᠤ᠎ᠠᠴᠠ ᠡᠮᠦᠨᠡᠬᠢ ᠥᠯᠢᠭᠡᠷ ᠶᠠᠷᠢᠵᠤ ᠥᠭᠬᠦ᠎ᠶᠢ ᠱᠠᠭᠠᠷᠳᠠᠵᠤ᠂ ᠭᠡᠷ ᠪᠦᠯᠢ᠎ᠶᠢᠨ ᠪᠦᠷᠢᠯᠳᠦᠭᠦᠨ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠪᠡᠷ ᠶᠠᠷᠢᠵᠤ᠂ ᠦᠰᠦᠭ᠎ᠢ ᠵᠢᠷᠤᠮᠵᠢᠭᠤᠨ ᠪᠢᠴᠢᠵᠦ᠂ ᠰᠤᠷᠭᠠᠭᠤᠯᠢ᠎ᠶᠢᠨ ᠬᠦᠷᠢᠶ᠎ᠡ ᠪᠠ ᠭᠡᠷ ᠪᠦᠯᠢ᠎ᠶᠢᠨ ᠬᠣᠭᠣᠷᠣᠨᠳᠤ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠢ ᠰᠤᠷᠴᠤ ᠬᠡᠷᠡᠭᠯᠡᠬᠦ ᠬᠥᠭᠥᠷᠭᠡ᠎ᠶᠢ ᠪᠠᠢᠭᠤᠯᠵᠤ᠂ ᠰᠠᠢᠨ ᠰᠠᠢᠬᠠᠨ ᠰᠤᠷᠤᠯᠴᠠᠵᠤ ᠬᠡᠷᠡᠭᠯᠡᠬᠦ ᠣᠷᠴᠢᠨ ᠨᠥᠬᠥᠴᠡᠯ᠎ᠢ ᠪᠣᠶ ᠪᠣᠯᠭᠠᠪᠠ᠃

《ᠪᠢᠳᠡ ᠬᠡᠦᠬᠡᠳ᠎ᠤᠨ ᠬᠠᠷᠠᠬᠠᠨ ᠪᠠᠭ᠎ᠠ᠎ᠠᠴᠠ᠎ᠪᠠᠨ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠤᠷᠴᠤ ᠬᠡᠷᠡᠭᠯᠡᠬᠦ ᠴᠢᠳᠠᠪᠤᠷᠢ᠎ᠶᠢ ᠬᠥᠮᠥᠵᠢᠭᠦᠯᠬᠦ᠎ᠶᠢ ᠮᠠᠰᠢ ᠴᠢᠬᠤᠯᠠᠴᠢᠯᠠᠵᠤ᠂ ᠬᠡᠦᠬᠡᠳ᠎ᠢ ᠬᠠᠷᠠᠬᠠᠨ ᠪᠠᠭ᠎ᠠ᠎ᠠᠴᠠ᠎ᠪᠠᠨ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠪᠡᠷ ᠰᠠᠢᠲᠤᠷ ᠶᠠᠷᠢᠵᠤ᠂ ᠬᠢᠲᠠᠳ ᠦᠰᠦᠭ᠎ᠢ ᠰᠠᠢᠲᠤᠷ ᠪᠢᠴᠢᠬᠦ ᠳᠠᠳᠬᠠᠯ᠎ᠲᠠᠢ ᠪᠣᠯᠭᠠᠪᠠ᠃ ᠤᠳᠤ᠂ ᠬᠡᠦᠬᠡᠳ ᠤᠳᠠᠯ ᠦᠭᠡᠢ ᠳᠤᠮᠳᠠᠳᠤ ᠰᠤᠷᠭᠠᠭᠤᠯᠢ᠎ᠳᠤ ᠣᠷᠣᠬᠤ ᠪᠣᠯᠣᠯ᠎ᠠ᠂ ᠡᠨᠡ 6 ᠵᠢᠯ᠎ᠦᠨ ᠲᠤᠷᠰᠢ ᠬᠤᠷᠠᠮᠳᠤᠭᠤᠯᠤᠭᠰᠠᠨ ᠰᠣᠶᠣᠯ᠎ᠤᠨ ᠬᠡᠪ ᠪᠣᠯᠪᠠᠰᠤᠷᠠᠯ ᠪᠣᠯᠣᠨ ᠰᠠᠢᠨ ᠰᠠᠢᠬᠠᠨ ᠵᠠᠩ ᠳᠠᠳᠬᠠᠯ ᠨᠢ ᠬᠡᠦᠬᠡᠳ᠎ᠦᠨ ᠨᠢᠭᠡ ᠨᠠᠰᠤᠨ᠎ᠤ ᠡᠳ᠋ ᠬᠦᠷᠦᠩᠭᠡ ᠪᠣᠯᠵᠤ᠂ ᠲᠡᠳᠡᠨ᠎ᠦ ᠬᠥᠮᠥᠨ᠎ᠦ ᠠᠮᠢᠳᠤᠷᠠᠯ᠎ᠤᠨ ᠭᠡᠷᠡᠯ ᠰᠠᠴᠤᠷᠠᠩᠭᠤᠢ ᠵᠠᠮ᠎ᠢᠶᠠᠷ ᠵᠠᠮᠨᠠᠬᠤ᠎ᠳᠤ ᠬᠦᠴᠦᠨ ᠨᠡᠮᠡᠷᠢᠯᠡᠬᠦ᠎ᠶᠢ ᠪᠢ ᠢᠲᠡᠭᠡᠵᠦ ᠪᠠᠢᠨ᠎ᠠ》 ᠭᠡᠵᠦ ᠭᠡᠷ᠎ᠦᠨ ᠠᠬᠠᠮᠠᠳ ᠬᠠᠨ ᠳ᠋ᠦᠩ ᠴᠧᠩ ᠬᠡᠯᠡᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号