《ᠵᠢᠷᠤᠮᠵᠢᠭᠤᠯᠬᠤ + ᠱᠢᠨ᠎ᠡ᠎ᠶ᠋ᠢ ᠡᠭᠦᠳᠬᠦ᠌》 ᠪᠡᠷ ᠬᠦᠢᠴᠡᠳᠭᠡᠬᠦ ᠠᠵᠢᠯ᠎ᠤᠨ 《ᠡᠴᠦᠰ᠎ᠦᠨ ᠨᠢᠭᠡ ᠺᠢᠯᠣᠮᠧᠲ᠋ᠷ》 ᠢ᠋ ᠨᠡᠪᠳᠡᠷᠡᠭᠦᠯᠤᠨ᠎ᠠ
2025-07-28 09:33:36
ᠵᠣᠬᠢᠶᠠᠭ᠍ᠴᠢ᠄
ᠸᠠᠩ ᠬᠤᠤ
ᠣᠩᠱᠢᠭ᠍ᠰᠠᠨ ᠣᠳᠠᠭ᠎ᠠ᠄
★★★☆☆

《ᠬᠡᠷᠡᠭ ᠪᠣᠯᠭᠠᠨ ᠳᠠᠩᠰᠠᠯᠠᠬᠤ᠎ᠠᠴᠠ ᠠᠪᠤᠭᠠᠳ ᠭᠦᠶ᠋ᠴᠡᠳᠭᠡᠬᠦ᠌ ᠵᠣᠭᠣᠰ᠎ᠢ ᠲᠠᠷᠬᠠᠭᠠᠬᠤ ᠬᠦᠷᠲᠡᠯ᠎ᠡ᠂ ᠠᠵᠢᠯ᠎ᠤᠨ ᠭᠣᠭ᠍ᠴᠣᠭ᠎ᠠ ᠨᠢᠭᠡᠪᠦᠷᠢ᠎ᠳᠦ ᠴᠥᠮ ᠵᠢᠷᠭᠢᠶ᠎ᠠ ᠵᠢᠨ ᠮᠡᠳᠡᠭ᠌ᠳᠡᠯ᠎ᠪᠠᠢᠬᠤ ᠪᠥᠭᠡᠳ ᠱᠢᠭᠦᠬᠦ᠌ ᠬᠣᠷᠢᠶ᠎ᠠ ᠪᠠᠰᠠ ᠲᠠᠷᠠᠭᠠᠴᠢ᠎ᠶ᠋ᠢᠨ ᠠᠯᠬᠤᠮ᠎ᠤᠨ ᠤᠴᠢᠷ ᠶᠠᠪᠤᠳᠠᠯ᠎ᠢᠶᠠᠨ ᠤᠷᠢᠳᠴᠢᠯᠠᠨ ᠮᠡᠳᠡᠭ᠌ᠳᠡᠨ᠎ᠠ᠂ ᠡᠨᠡ ᠨᠢ ᠪᠢᠳᠡᠨ᠎ᠳᠦ ᠬᠡᠷᠡᠭ᠎ᠦᠨ ᠭᠦᠶ᠋ᠴᠡᠳᠭᠡᠬᠦ᠌ ᠠᠬᠢᠴᠠ᠎ᠶ᠋ᠢ ᠨᠠᠩ ᠲᠣᠳᠣᠷᠬᠠᠶ ᠣᠢᠯᠠᠭᠠᠭᠤᠯᠬᠤ ᠪᠣᠯᠤᠨ᠎ᠠ》᠃ ᠣᠢᠷ᠎ᠠ᠎ᠳᠤ᠂ ᠬᠥᠬᠡᠬᠣᠲᠠ᠎ᠶ᠋ᠢᠨ ᠠᠷᠠᠳ᠎ᠤᠨ ᠳᠤᠮᠳᠠ ᠵᠡᠷᠭᠡ᠎ᠶ᠋ᠢᠨ ᠱᠢᠭᠦᠬᠦ᠌ ᠬᠣᠷᠢᠶ᠎ᠠ᠎ᠶ᠋ᠢᠨ ᠭᠦᠶ᠋ᠴᠡᠳᠭᠡᠵᠤ ᠳᠠᠭᠤᠰᠭᠠᠭ᠍ᠰᠠᠨ ᠨᠢᠭᠡᠨ ᠪᠥᠲᠥᠭᠡᠨ ᠪᠠᠢᠭᠤᠯᠤᠯᠲᠠ᠎ᠶ᠋ᠢᠨ ᠪᠠᠷᠢᠯᠭ᠎ᠠ᠎ᠶ᠋ᠢᠨ ᠭᠡᠷ᠎ᠡ᠎ᠶ᠋ᠢᠨ ᠵᠠᠭᠤᠷᠠᠯᠳᠤᠭᠠᠨ᠎ᠤ ᠬᠡᠷᠡᠭ᠎ᠲᠦ᠂ ᠭᠦᠶ᠋ᠴᠡᠳᠭᠡᠭᠦᠯᠬᠦ᠌ ᠪᠡᠷ ᠭᠤᠶᠤᠴᠢᠯᠠᠭ᠍ᠴᠢ ᠨᠢᠭᠡᠨ ᠺᠣᠮᠫᠠᠨᠢ᠎ᠶ᠋ᠢᠨ ᠨᠠᠢᠳᠠᠭ᠍ᠰᠠᠨ ᠣᠷᠣᠯᠠᠭ᠍ᠴᠢ 《ᠨᠢᠭᠡ ᠬᠡᠷᠡᠭ᠎ᠢ ᠨᠢᠭᠡ ᠵᠢᠷᠬᠢᠶ᠎ᠠ ᠵᠢᠨ ᠴᠤᠬᠯᠠᠷᠠᠯ》᠎ᠢ᠋ᠢᠡᠷ ᠬᠦᠢᠴᠡᠳᠬᠡᠬᠦ ᠪᠡᠷ ᠳᠠᠮᠵᠢᠨ ᠠᠬᠢᠴᠠ ᠵᠢ ᠴᠠᠭ ᠲᠤᠬᠠᠶ᠎ᠳᠤᠨᠢ ᠤᠯᠵᠤ ᠮᠡᠳᠡᠭᠰᠡᠨ ᠪᠥᠭᠡᠳ ᠲᠣᠰ ᠬᠣᠷᠢᠶ᠎ᠠ ᠵᠢᠨ ᠬᠡᠷᠡᠭ᠌ᠵᠢᠭᠦᠯᠵᠤ ᠪᠠᠢᠭ᠎ᠠ ᠲᠤᠬᠠᠶ᠎ᠵᠢᠨ ᠴᠠᠭ᠎ᠦᠨ ᠴᠢᠨᠠᠷᠳᠠᠢ ᠭᠦᠶ᠋ᠴᠡᠳᠭᠡᠬᠦ᠌ ᠳ᠋ᠤ ᠢᠯᠡ ᠪᠤᠯᠭᠠᠬᠤ ᠦᠶ᠋ᠯᠡᠴᠢᠯᠡᠭᠡᠨ᠎ᠤ ᠠᠷᠭ᠎ᠠ ᠬᠡᠮᠵᠢᠶ᠎ᠡ᠎ᠶ᠋ᠢ ᠮᠠᠭᠳᠠᠵᠤ ᠪᠠᠢᠯ᠎ᠠ᠃

ᠭᠦᠢᠴᠡᠳᠭᠡᠬᠦ᠌ ᠠᠵᠢᠯ ᠪᠣᠯ ᠲᠥᠪ ᠭᠣᠣᠯᠴᠢ ᠱᠢᠳᠤᠷᠭᠤ ᠶᠣᠰᠣ᠎ᠶ᠋ᠢ ᠪᠡᠶᠡᠯᠡᠭᠦᠯᠬᠦ᠌ 《ᠡᠴᠦᠰ᠎ᠦᠨ ᠨᠢᠭᠡ ᠺᠢᠯᠣᠮᠧᠲ᠋ᠷ》 ᠮᠥᠨ᠃ ᠬᠥᠬᠡᠬᠣᠲᠠ᠎ᠶ᠋ᠢᠨ ᠱᠢᠭᠦᠬᠦ᠌ ᠬᠣᠷᠢᠶ᠎ᠠ ᠵᠢᠨ ᠱᠢᠰᠲ᠋ᠧᠮ᠎ᠦᠨ ᠬᠢᠨ ᠠᠷᠠᠳ᠎ᠤᠨ ᠳᠡᠭᠡᠳᠦ ᠱᠢᠭᠦᠬᠦ᠌ ᠬᠣᠷᠢᠶ᠎ᠠ ᠵᠢᠨ 《ᠭᠦᠶ᠋ᠴᠡᠳᠭᠡᠬᠦ᠌᠎ᠶ᠋ᠢ ᠵᠢᠷᠤᠮᠵᠢᠭᠤᠯᠤᠨ ᠳᠡᠭᠡᠭ᠌ᠰᠢᠯᠡᠭᠦᠯᠬᠦ᠌ ᠭᠤᠷᠪᠠᠨ ᠵᠢᠯ᠎ᠦᠨ ᠠᠵᠢᠯᠯᠠᠭ᠎ᠠ》 ᠪᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶ᠋ᠢᠨ ᠱᠢᠭᠦᠬᠦ᠌ ᠬᠣᠷᠢᠶ᠎ᠠ ᠵᠢᠨ ᠭᠦᠶ᠋ᠴᠡᠳᠭᠡᠬᠦ᠌ ᠠᠵᠢᠯ᠎ᠤᠨ 《ᠢᠯᠡ ᠲᠣᠳᠣ ᠵᠢᠷᠤᠮᠵᠢᠯ᠎ᠲᠠᠶ ᠥᠨᠳᠥᠷ ᠪᠦᠲᠦᠮᠵᠢᠲᠡᠶ》 ᠪᠠᠢᠬᠤ᠎ᠶ᠋ᠢ ᠳᠡᠭᠡᠭ᠌ᠰᠢᠯᠡᠭᠦᠯᠬᠦ᠌ ᠣᠨ᠎ᠤ ᠠᠵᠢᠯᠯᠠᠭ᠎ᠠ᠎ᠶ᠋ᠢᠨ ᠱᠠᠭᠠᠷᠳᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠭᠦᠶ᠋ᠴᠡᠳᠭᠡᠬᠦ᠌ ᠠᠵᠢᠯ᠎ᠤᠨ ᠲᠣᠭ᠍ᠲᠠᠴᠠ᠎ᠶ᠋ᠢ ᠲᠠᠰᠤᠷᠠᠯᠲᠠ ᠥᠬᠡᠶ ᠱᠢᠨᠡᠴᠢᠯᠡᠵᠦ᠍᠂ ᠭᠦᠶ᠋ᠴᠡᠳᠭᠡᠬᠦ᠌ ᠡᠩᠨᠡᠭᠡᠨ᠎ᠦ ᠳᠣᠲᠣᠭᠠᠳᠤ ᠬᠥᠳᠡᠯᠭᠡᠬᠦ᠌ ᠬᠦᠴᠦᠨ᠎ᠢ ᠪᠦᠲᠦᠮᠵᠢᠲᠡᠶ ᠬᠥᠭ᠌ᠵᠢᠭᠡᠵᠦ᠍᠂ ᠪᠣᠳᠠᠲᠤ ᠠᠵᠢᠯᠯᠠᠭ᠎ᠠ᠎ᠪᠠᠷ᠎ᠢᠶᠠᠨ ᠠᠷᠠᠳ᠎ᠤᠨ ᠲᠥᠯᠥᠭᠡ ᠬᠠᠤᠯᠢ ᠪᠠᠷᠢᠬᠤ ᠵᠣᠷᠢᠯᠲᠠ᠎ᠶ᠋ᠢ ᠦᠶ᠋ᠯᠡᠳᠦᠯᠭᠡᠵᠢᠭᠦᠯᠵᠦ᠍᠂ ᠠᠷᠠᠳ ᠣᠯᠠᠨ᠎ᠤ ᠭᠦᠶ᠋ᠴᠡᠳᠭᠡᠬᠦ᠌ ᠠᠵᠢᠯ᠎ᠳᠠᠬᠢ ᠬᠠᠨᠤᠮᠵᠢ᠎ᠶ᠋ᠢᠨ ᠬᠡᠮᠵᠢᠶ᠎ᠡ᠎ᠶ᠋ᠢ ᠪᠥᠬᠥ᠌ ᠬᠦᠴᠦᠨ᠎ᠢᠶᠡᠷ ᠳᠡᠭᠡᠭ᠌ᠰᠢᠯᠡᠭᠦᠯᠪᠡ᠃

ᠬᠥᠬᠡᠬᠣᠲᠠ᠎ᠶ᠋ᠢᠨ ᠠᠷᠠᠳ᠎ᠤᠨ ᠳᠤᠮᠳᠠ ᠵᠡᠷᠭᠡ᠎ᠶ᠋ᠢᠨ ᠱᠢᠭᠦᠬᠦ᠌ ᠬᠣᠷᠢᠶ᠎ᠠ᠎ᠵᠢᠨ ᠬᠢᠨ ᠠᠷᠠᠳ᠎ᠤᠨ ᠳᠡᠭᠡᠳᠦ ᠱᠢᠭᠦᠬᠦ᠌ ᠬᠣᠷᠢᠶ᠎ᠠ ᠵᠢᠨ ᠭᠦᠶ᠋ᠴᠡᠳᠭᠡᠬᠦ᠌ ᠬᠡᠷᠡᠭ᠎ᠢ ᠱᠢᠶ᠋ᠳᠪᠦᠷᠢᠯᠡᠬᠦ᠌ ᠵᠢᠷᠤᠮᠵᠢᠯ᠎ᠢ ᠦᠷᠭᠦᠯᠵᠢᠯᠡᠨ ᠪᠠᠷᠢᠮᠵᠢᠶᠠᠯᠠᠵᠤ᠂ ᠭᠦᠶ᠋ᠴᠡᠳᠭᠡᠬᠦ᠌᠎ᠶ᠋ᠢ ᠵᠢᠯᠣᠭᠣᠳᠭᠤ ᠲᠥᠪ᠎ᠲᠦ ᠲᠦᠱᠢᠭ᠌ᠯᠡᠨ ᠪᠣᠳᠠᠲᠤ ᠴᠣᠭ᠍ᠴᠠᠵᠢᠭᠤᠯᠤᠨ ᠠᠵᠢᠯᠯᠠᠭᠤᠯᠵᠤ᠂ ᠰᠦᠯᠵᠢᠶᠡᠨ ᠳᠡᠭᠡᠷᠡᠬᠢ ᠣᠶᠤᠨᠴᠢ ᠤᠷᠢᠳᠴᠢᠯᠠᠨ ᠰᠡᠷᠡᠮᠵᠢᠯᠡᠭᠦᠯᠬᠦ᠌ ᠪᠠ ᠰᠦᠯᠵᠢᠶᠡᠨ ᠭᠠᠳᠠᠨᠠᠬᠢ ᠨᠠᠷᠢᠨ ᠲᠠᠩᠰᠠ᠎ᠶ᠋ᠢᠨ ᠬᠠᠮᠢᠶᠠᠷᠤᠯᠲᠠ᠎ᠶ᠋ᠢᠨ ᠳᠠᠪᠠᠭᠤᠯᠢᠭ᠎ᠢ ᠪᠠᠳᠠᠷᠠᠭᠤᠯᠵᠤ᠂ ᠵᠠᠩᠭᠢᠯᠠᠭ᠎ᠠ᠎ᠶ᠋ᠢᠨ ᠶᠠᠪᠤᠴᠠ᠎ᠶ᠋ᠢᠨ ᠭᠣᠭ᠍ᠴᠣᠭ᠎ᠠ᠎ᠶ᠋ᠢ ᠰᠠᠢᠲᠤᠷ ᠬᠠᠮᠢᠶᠠᠷᠴᠤ᠌᠂ ᠠᠯᠪᠠᠲᠠᠯᠭ᠎ᠠ ᠪᠡᠷ ᠭᠦᠶ᠋ᠴᠡᠳᠭᠡᠬᠦ᠌ ᠠᠷᠭ᠎ᠠ ᠬᠡᠮᠵᠢᠶ᠎ᠡ᠎ᠶ᠋ᠢ ᠰᠠᠢᠲᠤᠷ ᠬᠡᠷᠡᠭ᠌ᠯᠡᠵᠦ᠍᠂ 《ᠭᠦᠶ᠋ᠴᠡᠳᠭᠡᠬᠦ᠌ ᠬᠡᠷᠡᠭ ᠪᠣᠯᠭᠠᠨ ᠳᠠᠩᠰᠠᠯᠠᠬᠤ — ᠡᠳ᠋ ᠬᠥᠷᠥᠩᠭᠡ᠎ᠶ᠋ᠢ ᠪᠠᠢᠴᠠᠭᠠᠨ ᠡᠵᠡᠮᠳᠡᠬᠦ᠌ — ᠡᠳ᠋ ᠬᠥᠷᠥᠩᠭᠡ᠎ᠶ᠋ᠢ ᠱᠢᠶ᠋ᠳᠪᠦᠷᠢᠯᠡᠬᠦ᠌ — ᠬᠡᠷᠡᠭ᠎ᠦᠨ ᠵᠣᠭᠣᠰ᠎ᠢ ᠬᠠᠮᠢᠶᠠᠷᠬᠤ — ᠭᠦᠶ᠋ᠴᠡᠳᠭᠡᠵᠤ ᠬᠡᠷᠡᠭ᠎ᠢ ᠳᠠᠭᠤᠰᠭᠠᠬᠤ》 ᠪᠥᠬᠥ᠌ ᠶᠠᠪᠤᠴᠠ᠎ᠶ᠋ᠢᠨ ᠪᠠᠷᠢᠮᠵᠢᠶᠠᠵᠢᠭᠰᠠᠨ ᠱᠢᠰᠲ᠋ᠧᠮ᠎ᠢ ᠪᠠᠢᠭᠤᠯᠪᠠ᠃ ᠲᠣᠰ ᠬᠣᠲᠠ᠎ᠶ᠋ᠢᠨ ᠱᠢᠭᠦᠬᠦ᠌ ᠬᠣᠷᠢᠶ᠎ᠠ ᠵᠢᠨ ᠱᠢᠰᠲ᠋ᠧᠮ᠎ᠦᠨ ᠬᠢᠨ ᠬᠠᠤᠯᠢ ᠴᠠᠭᠠᠵᠠ᠂ ᠬᠠᠤᠯᠢ ᠪᠠᠷᠢᠬᠤ ᠲᠠᠢᠯᠪᠤᠷᠢᠯᠠᠯᠲᠠ ᠪᠠ ᠠᠷᠠᠳ᠎ᠤᠨ ᠳᠡᠭᠡᠳᠦ ᠱᠢᠭᠦᠬᠦ᠌ ᠬᠣᠷᠢᠶ᠎ᠠ ᠵᠢᠨ ᠬᠣᠯᠪᠣᠭ᠍ᠳᠠᠯ ᠪᠥᠬᠥᠶ ᠪᠢᠴᠢᠭ ᠮᠠᠲ᠋ᠧᠷᠢᠶᠠᠯ᠎ᠢ ᠡᠮᠬᠢᠯᠡᠬᠦ ᠪᠡᠷ ᠲᠠᠮᠵᠢᠨ᠂ ᠲᠤᠰᠠᠭᠠᠷ ᠱᠢᠭᠦᠬᠦ ᠲᠤᠰᠢᠶᠠᠯᠳᠠᠨ᠎ᠢᠶᠡᠷ ᠲᠣᠭ᠍ᠲᠠᠭᠠᠯᠭᠠᠬᠤ᠂  ᠬᠠᠮᠲᠤᠷᠠᠨ ᠵᠥᠪᠯᠡᠬᠦ᠌ ᠲᠢᠩᠬᠢᠮ᠎ᠦᠨ ᠬᠠᠮᠲᠤᠷᠠᠨ ᠵᠥᠪᠯᠡᠬᠦ᠌ ᠵᠦᠶ᠋ᠯᠡᠰ᠎ᠢ ᠲᠤᠳᠤᠷᠬᠠᠢ ᠲᠤᠭᠳᠠᠭᠠᠵᠤ᠂ ᠲᠣᠰ ᠲᠣᠰ᠎ᠤᠨ ᠡᠷᠬᠡ ᠮᠡᠳᠡᠯ᠎ᠦᠨ ᠨᠠᠷᠢᠨ ᠲᠠᠨᠭᠰᠠ᠎ᠶ᠋ᠢ ᠲᠣᠳᠣᠷᠬᠠᠢᠯᠠᠵᠤ᠂ ᠡᠷᠬᠡ ᠮᠡᠳᠡᠯ᠎ᠦᠨ ᠬᠡᠪᠴᠢᠶ᠎ᠡ᠎ᠡᠴᠡ ᠲᠠᠪᠠᠭᠰᠠᠨ᠂ ᠬᠦᠷᠢᠢ᠎ᠡ ᠬᠡᠪᠴᠢᠶ᠎ᠡ᠎ᠡᠴᠡ ᠲᠠᠪᠠᠭᠰᠠᠨ᠂ ᠲᠣᠭ᠎ᠠ ᠬᠡᠮᠵᠢᠶ᠎ᠡ᠎ᠡᠴᠡ ᠲᠠᠪᠠᠭᠰᠠᠨ᠂ ᠴᠠᠭ ᠎ᠦᠨ ᠬᠢᠵᠠᠭᠠᠷ ᠡᠴᠡ ᠲᠠᠪᠠᠭᠰᠠᠨ᠎ᠢ ᠪᠠᠢᠴᠠᠭᠠᠨ ᠪᠢᠳᠡᠬᠦᠮᠵᠢᠯᠡᠬᠦ᠂ ᠪᠠᠷᠢᠴᠠᠭᠠᠨ ᠳ᠋ᠤ ᠦᠯᠡᠳᠡᠬᠦ᠂ ᠴᠡᠪᠳᠡᠭᠯᠡᠬᠦ ᠵᠢ ᠴᠢᠩᠭ᠎ᠠ ᠰᠡᠷᠭᠡᠢᠯᠡᠨ᠎ᠡ; ᠲᠣᠬᠠᠢ᠎ᠵᠢᠨ ᠬᠡᠷᠡᠭ᠎ᠢ ᠰᠢᠬᠦᠨ ᠳᠠᠭᠤᠰᠭᠠᠬᠤ ᠬᠣᠷᠢᠶᠠᠠ ᠳᠠᠷᠤᠭ᠎ᠠ᠎ᠶ᠋ᠢᠨ ᠬᠢᠨᠠᠨ ᠬᠠᠷᠭᠤᠭᠤᠯᠬᠤ ᠲᠦᠷᠢᠮ᠎ᠢ ᠢᠳᠡᠪᠬᠢᠲᠡᠶ ᠬᠡᠷᠡᠭ᠌ᠵᠢᠭᠦᠯᠵᠦ᠍᠂ ᠴᠢᠬᠤᠯᠠ ᠪᠥᠬᠥᠶ ᠰᠦᠯᠵᠢᠶᠡᠨ ᠭᠠᠳᠠᠨᠠᠬᠢ ᠪᠠᠢᠴᠠᠭᠠᠯᠲᠠ ᠬᠢᠭᠰᠡᠨ ᠡᠰᠡᠬᠦ᠌᠂ ᠡᠳ᠋ ᠬᠥᠷᠥᠩᠭᠡ᠎ᠶ᠋ᠢ ᠪᠠᠢᠴᠠᠭᠠᠨ ᠡᠵᠡᠮᠳᠡᠬᠦ᠌᠂ ᠠᠯᠪᠠᠳᠠᠯᠭ᠎ᠠ᠎ᠶ᠋ᠢᠨ ᠠᠷᠭ᠎ᠠ ᠬᠡᠮᠵᠢᠶ᠎ᠡ᠎ᠶ᠋ᠢ ᠬᠡᠷᠡᠭ᠌ᠯᠡᠬᠦ᠌᠂ ᠲᠤᠬᠠᠶ᠎ᠶ᠋ᠢᠨ ᠬᠥᠮᠦᠨ᠎ᠲᠡᠶ ᠪᠣᠯᠵᠣᠨ ᠶᠠᠷᠢᠯᠴᠠᠬᠤ ᠵᠡᠷᠭᠡ ᠵᠦᠶ᠋ᠯᠡᠰ᠎ᠢ ᠭᠤᠤᠯᠳᠠᠯᠭ᠎ᠠ᠎ᠲᠠᠶ ᠪᠡᠷ ᠬᠢᠨᠠᠨ ᠪᠠᠢᠴᠠᠭᠠᠵᠤ᠂ ᠭᠦᠶ᠋ᠴᠡᠳᠭᠡᠬᠦ᠌ ᠠᠷᠭ᠎ᠠ ᠬᠡᠮᠵᠢᠶ᠎ᠡ᠎ᠪᠦᠬᠦᠨ᠎ᠢ ᠬᠡᠷᠡᠭᠵᠢᠬᠦᠯᠦᠭᠡᠳ ᠦᠨᠡᠭᠡᠷ ᠬᠦᠢᠴᠡᠳᠭᠡᠬᠦ ᠡᠳ᠋ ᠬᠥᠷᠥᠩᠭᠡ ᠥᠬᠡᠶ ᠪᠣᠯ ᠰᠠᠶᠢ ᠬᠡᠷᠡᠭ᠎ᠢ ᠲᠠᠭᠤᠰᠬᠠᠵᠤ ᠪᠤᠯᠤᠨ᠎ᠠ᠃ ᠵᠠᠷᠢᠮ ᠦᠨᠳᠦᠰᠦᠨ ᠱᠠᠲᠤᠨ᠎ᠤ ᠱᠢᠭᠦᠬᠦ᠌ ᠬᠣᠷᠢᠢ᠎ᠠ ᠨᠢ 《ᠭᠦᠢᠴᠡᠳᠭᠡᠬᠦ᠌᠎ᠶ᠋ᠢ ᠵᠢᠯᠣᠭᠣᠳᠭᠤ ᠲᠥᠪ + ᠭᠤᠷᠪᠠᠨ ᠲᠦᠷᠭᠡᠨ ᠭᠦᠢᠴᠡᠳᠭᠡᠬᠦ᠌ ᠪᠦᠯᠬᠦᠮ + ᠭᠤᠷᠪᠠᠨ ᠨᠠᠢᠳᠡᠮ ᠭᠦᠢᠴᠡᠳᠭᠡᠬᠦ᠌ ᠪᠦᠯᠬᠦᠮ》᠎ᠦ᠋ᠨ ᠵᠠᠭ᠍ᠪᠤᠷ᠎ᠢ ᠬᠡᠷᠡᠭ᠌ᠵᠢᠭᠦᠯᠬᠦ᠌᠎ᠪᠡᠷ ᠳᠠᠮᠵᠢᠨ᠂ ᠭᠦᠢᠴᠡᠳᠭᠡᠬᠦ᠌ ᠦᠢᠯᠡᠳᠦᠯ ᠴᠢᠳᠠᠪᠬᠢ᠎ᠶ᠋ᠢ ᠢᠯᠡᠳᠲᠡ ᠳᠡᠭᠡᠭ᠌ᠰᠢᠯᠡᠭᠦᠯᠪᠡ᠃

《ᠬᠦᠢᠴᠡᠳᠭᠡᠬᠦ᠎ᠶ᠋ᠢ ᠵᠢᠷᠤᠮᠵᠢᠭᠤᠯᠬᠤ ᠪᠠᠢᠭᠤᠯᠤᠯᠲᠠ᠎ᠶ᠋ᠢ ᠪᠣᠳᠠᠲᠠᠶ ᠠᠳᠭᠤᠬᠤ ᠪᠣᠯ ᠳᠠᠷᠤᠶ ᠱᠢᠨᠵᠢᠯᠡᠬᠦ᠌ ᠤᠬᠠᠭᠠᠨᠴᠢ ᠬᠠᠮᠢᠶᠠᠷᠤᠯᠲᠠ᠎ᠪᠠᠷ ᠳᠠᠮᠵᠢᠨ ᠠᠵᠢᠯ᠎ᠤᠨ ᠶᠠᠰᠤ ᠴᠢᠨᠠᠷ᠂ ᠦᠷ᠎ᠡ ᠠᠰᠢᠭ᠂ ᠦᠷ᠎ᠡ ᠪᠦᠲᠦᠮᠵᠢ 〈ᠭᠤᠷᠪᠠ᠎ᠶ᠋ᠢ ᠳᠡᠭᠡᠭ᠌ᠰᠢᠯᠡᠭᠦᠯᠬᠦ᠌〉 ᠶ᠋ᠢ ᠪᠡᠶᠡᠯᠡᠭᠦᠯᠵᠦ᠍᠂ ᠡᠭᠦᠨ᠎ᠢᠶᠡᠷ ᠵᠠᠷᠭᠤ ᠢᠯᠠᠬᠤ ᠡᠷᠬᠡ ᠠᠱᠢᠭ᠎ᠤᠨ ᠰᠠᠢᠨ ᠪᠥᠭᠡᠳ ᠲᠦᠷᠭᠡᠨ ᠪᠡᠶᠡᠯᠡᠭ᠌ᠳᠡᠬᠦ᠌᠎ᠶ᠋ᠢ ᠠᠬᠢᠭᠤᠯᠬᠤ ᠶᠠᠪᠤᠳᠠᠯ ᠪᠣᠯᠤᠨ᠎ᠠ》 ᠭᠡᠵᠦ᠍ ᠬᠥᠬᠡᠬᠣᠲᠠ᠎ᠶ᠋ᠢᠨ ᠠᠷᠠᠳ᠎ᠤᠨ ᠳᠤᠮᠳᠠ ᠵᠡᠷᠭᠡ᠎ᠶ᠋ᠢᠨ ᠱᠢᠭᠦᠬᠦ᠌ ᠬᠣᠷᠢᠶ᠎ᠠ ᠵᠢᠨ ᠭᠦᠶ᠋ᠴᠡᠳᠭᠡᠬᠦ᠌ ᠲᠣᠪᠴᠢᠶ᠎ᠠ᠎ᠶ᠋ᠢᠨ ᠬᠠᠷᠢᠭᠤᠴᠠᠯᠭᠠᠲᠠᠨ ᠬᠡᠯᠡᠵᠤ ᠪᠠᠢᠯ᠎ᠠ᠃

ᠬᠥᠬᠡᠬᠣᠲᠠ᠎ᠶ᠋ᠢᠨ ᠠᠷᠠᠳ᠎ᠤᠨ ᠳᠤᠮᠳᠠ ᠵᠡᠷᠭᠡ᠎ᠶ᠋ᠢᠨ ᠱᠢᠭᠦᠬᠦ᠌ ᠬᠣᠷᠢᠶ᠎ᠠ ᠪᠠᠰᠠ 《ᠲᠤᠬᠠᠢᠯᠠᠭ᠍ᠰᠠᠨ ᠠᠵᠢᠯ᠎ᠤᠨ ᠵᠥᠪᠳᠡᠯᠴᠡᠭᠡᠨ᠎ᠦ ᠬᠤᠷᠠᠯ᠎ᠤᠨ ᠠᠵᠢᠯ᠎ᠤᠨ ᠲᠣᠭ᠍ᠲᠠᠴᠠ᠎ᠶ᠋ᠢ ᠬᠦᠢᠴᠡᠳᠭᠡᠬᠦ ᠨᠠᠷᠢᠨ ᠲᠦᠷᠢᠮ (ᠲᠤᠷᠱᠢᠨ ᠬᠡᠷᠡᠭ᠌ᠵᠢᠭᠦᠯᠬᠦ᠌)》 ᠢ᠋ ᠳᠠᠷᠤᠮᠠᠯᠯᠠᠨ ᠲᠠᠷᠬᠠᠭᠠᠵᠤ᠂ ᠬᠦᠴᠢᠷ ᠲᠦᠪᠡᠭ᠌ᠲᠡᠶ ᠨᠠᠷᠢᠨ ᠪᠤᠳᠤᠯᠢᠶᠠᠨᠲᠠᠶ ᠬᠡᠷᠡᠭ᠎ᠢ ᠱᠢᠶ᠋ᠳᠪᠦᠷᠢᠯᠡᠭ᠌ᠰᠡᠨ ᠦᠷ᠎ᠡ ᠪᠦᠲᠦᠮᠵᠢ᠎ᠪᠡᠷ 《ᠭᠤᠷᠪᠠᠨ ᠦᠷ᠎ᠡ ᠪᠦᠲᠦᠮᠵᠢ》᠎ᠶ᠋ᠢᠨ ᠨᠢᠭᠡᠳᠦᠯ᠎ᠢ ᠠᠬᠢᠭᠤᠯᠪᠠ᠃ ᠲᠦᠮᠡᠳ ᠵᠡᠭᠦᠨ ᠬᠣᠱᠢᠭᠤᠨ᠎ᠤ ᠠᠷᠠᠳ᠎ᠤᠨ ᠱᠢᠭᠦᠬᠦ᠌ ᠬᠣᠷᠢᠶᠠᠨ᠎ᠤ ᠠᠮᠢ ᠳᠠᠢ ᠪᠤᠳᠠᠰ᠎ᠢ ᠬᠠᠮᠠᠭᠠᠯᠠᠨ ᠬᠠᠳᠠᠭᠠᠯᠠᠭ᠍ᠰᠠᠨ ᠦᠨᠳᠦᠰᠦᠨ ᠱᠠᠲᠤᠨ᠎ᠤ ᠰᠠᠢᠨ ᠲᠤᠷᠱᠢᠯᠭ᠎ᠠ ᠰᠠᠢᠨ ᠠᠷᠭ᠎ᠠ ᠬᠢᠳᠡᠯ᠎ᠢ ᠳ᠋ᠦᠩᠨᠡᠬᠦ᠌᠎ᠪᠡᠷ ᠳᠠᠮᠵᠢᠨ᠂ ᠴᠡᠭ᠎ᠢᠶᠡᠷ ᠨᠡᠢᠳᠡᠮ᠎ᠢ ᠳᠠᠢᠴᠢᠯᠠᠨ 《ᠡᠳ᠋ ᠬᠥᠷᠥᠩᠭᠡ᠎ᠶ᠋ᠢ ᠬᠠᠮᠠᠭᠠᠯᠠᠨ ᠬᠠᠳᠠᠭᠠᠯᠠᠬᠤ ᠳᠤᠮᠳᠠ ᠠᠮᠢ ᠳᠠᠢ ᠪᠤᠳᠠᠰ᠎ᠢ ᠬᠠᠮᠠᠭᠠᠯᠠᠨ ᠬᠠᠳᠠᠭᠠᠯᠠᠬᠤ᠎ᠳᠤ ᠬᠣᠯᠪᠣᠭ᠍ᠳᠠᠭ᠍ᠰᠠᠨ ᠵᠢᠯᠣᠭᠣᠳᠭᠤ ᠰᠠᠨᠠᠯ》 ᠢ᠋ ᠲᠣᠭ᠍ᠲᠠᠭᠠᠨ ᠲᠠᠷᠬᠠᠭᠠᠵᠤ᠂ ᠠᠮᠢ ᠳᠠᠢ ᠪᠤᠳᠠᠰ᠎ᠢ ᠬᠠᠮᠠᠭᠠᠯᠠᠨ ᠬᠠᠳᠠᠭᠠᠯᠠᠬᠤ ᠵᠢᠴᠢ ᠱᠢᠶ᠋ᠳᠪᠦᠷᠢᠯᠡᠬᠦ᠌ ᠵᠡᠷᠭᠡ ᠪᠣᠳᠠᠲᠤ ᠠᠵᠢᠯᠯᠠᠭ᠎ᠠ᠎ᠶ᠋ᠢ ᠵᠢᠷᠤᠮᠵᠢᠭᠤᠯᠪᠠ᠃ ᠳᠡᠭᠡᠳᠤ ᠲᠤᠤᠷᠠᠳᠤ ᠱᠠᠳᠤ᠎ᠪᠡᠷ᠎ᠢᠶᠡᠨ ᠬᠤᠯᠪᠤᠭᠠᠯᠠᠨ ᠬᠥᠳᠡᠯᠦᠯᠴᠡᠬᠦ᠌᠎ᠶ᠋ᠢᠨ ᠬᠠᠮᠲᠤ᠂ ᠭᠦᠨᠵᠡᠭᠡᠢ ᠱᠢᠭᠦᠬᠦ᠌ ᠪᠠ ᠭᠦᠢᠴᠡᠳᠭᠡᠬᠦ᠌᠎ᠶ᠋ᠢ ᠵᠣᠯᠭᠠᠯᠳᠤᠭᠤᠯᠬᠤ᠂ ᠳᠣᠲᠣᠭᠠᠳᠤ ᠭᠠᠳᠠᠭᠠᠳᠤ᠎ᠶ᠋ᠢᠨ ᠬᠠᠮᠵᠢᠯᠴᠠᠭ᠎ᠠ ᠵᠢ ᠬᠦᠨᠵᠡᠭᠡᠢᠷᠡᠬᠦᠯᠵᠤ᠂ ᠭᠦᠢᠴᠡᠳᠭᠡᠬᠦ᠌ ᠲᠣᠪᠴᠢᠢ᠎ᠠ ᠬᠢᠭᠡᠳ ᠬᠡᠷᠡᠭ ᠪᠣᠯᠭᠠᠨ ᠳᠠᠩᠰᠠᠯᠠᠬᠤ᠂ ᠱᠢᠭᠦᠨ ᠲᠠᠰᠤᠯᠬᠤ ᠵᠡᠷᠭᠡ ᠰᠠᠯᠠᠭ᠎ᠠ ᠮᠥᠴᠢᠷ ᠭᠦᠢᠴᠡᠳᠭᠡᠬᠦ᠌᠎ᠡᠴᠡ ᠡᠮᠦᠨᠡᠬᠢ ᠲᠦᠭ᠌ᠰᠢᠭᠦᠷᠢ᠎ᠶ᠋ᠢ ᠰᠠᠨᠠᠭᠤᠯᠬᠤ ᠪᠠ ᠡᠳ᠋ ᠬᠦᠷᠦᠨᠭ᠌ᠭᠡ᠎ᠶ᠋ᠢ ᠬᠠᠮᠠᠭᠠᠯᠠᠨ ᠬᠠᠳᠠᠭᠠᠯᠠᠬᠤ᠎ᠶ᠋ᠢ ᠮᠡᠳᠡᠭ᠌ᠳᠡᠬᠦ᠌ ᠲᠦᠷᠢᠮ᠎ᠢ ᠬᠠᠮᠲᠤ᠎ᠪᠠᠷ ᠪᠠᠢᠭᠤᠯᠵᠤ᠂ ᠪᠠᠢᠴᠠᠭᠠᠬᠤ ᠪᠠᠢᠭᠤᠯᠭ᠎ᠠ᠎ᠲᠠᠶ ᠬᠠᠮᠵᠢᠯᠴᠠᠨ ᠢᠷᠭᠡᠨ᠎ᠦ ᠬᠡᠷᠡᠭ᠎ᠦᠨ ᠡᠴᠦᠰ᠎ᠦᠨ ᠵᠢᠷᠤᠮ᠎ᠳᠤ ᠬᠣᠯᠪᠣᠭ᠍ᠳᠠᠭ᠍ᠰᠠᠨ ᠬᠢᠨᠠᠯᠲᠠ ᠲᠠᠯᠪᠢᠬᠤ ᠠᠵᠢᠯᠯᠠᠭ᠎ᠠ᠎ᠥᠷᠨᠢᠭᠦᠯᠵᠦ᠍᠂ ᠳᠣᠲᠣᠭᠠᠳᠤ᠎ᠶ᠋ᠢ ᠬᠠᠮᠠᠭᠠᠯᠠᠬᠤ ᠲᠣᠪᠴᠢᠢ᠎ᠠ ᠵᠡᠷᠭᠡ ᠨᠢᠭᠡᠴᠢ᠎ᠲᠡᠶ ᠬᠠᠮᠲᠤᠷᠠᠨ ᠮᠡᠳᠡᠭᠡ ᠵᠠᠩᠭᠢ᠎ᠶ᠋ᠢ ᠬᠠᠮᠲᠤ᠎ᠪᠠᠷ ᠡᠳ᠋ᠯᠡᠬᠦ᠌ ᠬᠥᠭᠥᠷᠭᠡ᠎ᠶ᠋ᠢ ᠪᠠᠢᠭᠤᠯᠵᠤ᠂ ᠠᠵᠢᠯ᠎ᠤᠨ ᠬᠠᠮᠳᠤᠷᠠᠯ ᠬᠦᠴᠦᠨ᠎ᠢ  ᠪᠦᠷᠢᠯᠳᠦᠭᠦᠯᠪᠡ᠃

ᠡᠨᠡ ᠵᠢᠯ᠎ᠦᠨ ᠳᠡᠭᠡᠷ᠎ᠡ ᠬᠠᠭᠠᠰ ᠵᠢᠯ᠎ᠳᠦ᠂ ᠬᠥᠬᠡᠬᠣᠲᠠ᠎ᠶ᠋ᠢᠨ ᠱᠢᠭᠦᠬᠦ᠌ ᠬᠣᠷᠢᠶ᠎ᠠ ᠵᠢᠨ ᠱᠢᠰᠲ᠋ᠧᠮ᠎ᠦᠨ ᠬᠢᠨ  ᠬᠡᠷᠡᠭ ᠭᠥᠯᠢᠶᠡᠨ ᠠᠪᠬᠤ ᠵᠢ ᠲᠦᠷᠭᠡᠨ ᠬᠦᠢᠴᠡᠳᠭᠡᠭᠰᠡᠨ ᠤᠷᠢᠲᠠᠯ ᠳᠤᠤᠷ᠎ᠠ᠂ ᠭᠦᠶ᠋ᠴᠡᠳᠭᠡᠵᠤ ᠳᠠᠭᠤᠰᠭᠠᠭ᠍ᠰᠠᠨ ᠬᠡᠷᠡᠭ᠎ᠦᠨ ᠲᠣᠭ᠎ᠠ ᠨᠢ ᠠᠳᠠᠯᠢ ᠬᠤᠭᠤᠴᠠᠭᠠᠨ᠎ᠤ᠎ᠬᠢ᠎ᠡᠴᠡ 27.6% ᠪᠠᠷ ᠨᠡᠮᠡᠭ᠌ᠳᠡᠵᠦ᠍᠂ ᠭᠦᠶ᠋ᠴᠡᠳᠭᠡᠨ ᠳᠠᠭᠤᠰᠭᠠᠭ᠍ᠰᠠᠨ ᠬᠡᠷᠡᠭ᠎ᠦᠨ ᠳᠤᠮᠳᠠᠴᠢ ᠬᠡᠷᠡᠭ᠌ᠯᠡᠬᠦ᠌ ᠴᠠᠭ ᠨᠢ ᠠᠳᠠᠯᠢ ᠬᠤᠭᠤᠴᠠᠭᠠᠨ᠎ᠤ᠎ᠬᠢ᠎ᠡᠴᠡ 19 ᠡᠳᠦᠷ ᠪᠠᠭᠠᠰᠪᠠ᠃

ᠡᠭᠦᠨ᠎ᠦ ᠬᠠᠮᠲᠤ᠂ ᠬᠥᠬᠡᠬᠣᠲᠠ᠎ᠶ᠋ᠢᠨ ᠱᠢᠭᠦᠬᠦ᠌ ᠬᠣᠷᠢᠶ᠎ᠠ ᠵᠢᠨ ᠱᠢᠰᠲ᠋ᠧᠮ᠎ᠤᠨ ᠬᠢᠨ ᠪᠣᠯᠪᠠᠰᠤᠨ᠎ᠢᠶᠡᠷ ᠭᠦᠶ᠋ᠴᠡᠳᠭᠡᠬᠦ᠌ ᠣᠢᠯᠠᠭᠠᠭ᠍ᠳᠠᠬᠤᠨ᠎ᠢ ᠦᠶ᠋ᠯᠡᠳᠦᠯᠭᠡᠵᠢᠭᠦᠯᠵᠦ᠍᠂ ᠦᠷᠭᠦᠯᠵᠢᠯᠡᠨ 《ᠤᠶᠠᠨ ᠴᠢᠨᠠᠷᠲᠠᠶ ᠭᠦᠶ᠋ᠴᠡᠳᠭᠡᠬᠦ᠌》 ᠠᠷᠭ᠎ᠠ ᠬᠡᠮᠵᠢᠶ᠎ᠡ᠎ᠶ᠋ᠢᠨ ᠱᠢᠨ᠎ᠡ᠎ᠵᠢ ᠡᠭᠦᠳᠪᠡ᠃ ᠬᠣᠲᠣᠩ ᠠᠷᠠᠳ᠎ᠤᠨ ᠲᠣᠭᠣᠷᠢᠭ᠎ᠤᠨ ᠠᠷᠠᠳ᠎ᠤᠨ ᠱᠢᠭᠦᠬᠦ᠌ ᠬᠣᠷᠢᠢ᠎ᠠ᠎ᠵᠢᠨ ᠬᠢᠨ ᠠᠷᠠᠳ᠎ᠤᠨ ᠡᠵᠡᠩᠨᠡᠯᠳᠡ ᠵᠢᠨ ᠠᠵᠤ ᠠᠬᠤᠢᠯᠠᠯ᠎ᠤᠨ ᠨᠢᠭᠡᠨ ᠱᠢᠷᠢᠰ ᠭᠦᠢᠴᠡᠳᠭᠡᠬᠦ᠌ ᠬᠡᠷᠡᠭ᠎ᠢ ᠱᠢᠢᠳᠪᠦᠷᠢᠯᠡᠬᠦ᠌᠎ᠶᠠᠪᠤᠴᠠ ᠳ᠋ᠠᠭᠠᠨ᠂ ᠡᠯ᠎ᠡ ᠲᠠᠯ᠎ᠠ᠎ᠶ᠋ᠢᠨ ᠲᠤᠬᠠᠢ᠎ᠶ᠋ᠢᠨ ᠬᠥᠮᠦᠨ᠎ᠦ ᠵᠦᠢ ᠶᠣᠰᠣᠨ᠎ᠤ ᠭᠤᠮᠤᠳᠠᠯ ᠱᠠᠭᠠᠷᠳᠠᠯᠭ᠎ᠠ᠎ᠶ᠋ᠢ ᠶᠡᠷᠦᠩᠬᠡᠢᠯᠡᠨ ᠪᠣᠳᠣᠯᠬᠢᠯᠠᠵᠤ᠂ 《ᠠᠪᠴᠠᠭᠠᠨ᠎ᠤ ᠡᠷᠭᠡ᠎ᠶ᠋ᠢ ᠰᠲ᠋ᠣᠺ᠎ᠦᠨ ᠡᠷᠭᠡ ᠪᠣᠯᠭᠠᠨ ᠬᠤᠪᠢᠷᠠᠭᠤᠯᠬᠤ + ᠬᠤᠭᠤᠴᠠᠭ᠎ᠠ ᠬᠤᠪᠢᠶᠠᠨ ᠭᠦᠢᠴᠡᠳᠭᠡᠬᠦ᠌》 ᠭᠦᠢᠴᠡᠳᠭᠡᠬᠦ᠌ ᠲᠥᠰᠦᠯ᠎ᠢ ᠳᠤᠷᠠᠳᠤᠨ ᠭᠠᠷᠭᠠᠵᠤ᠂ ᠭᠦᠢᠴᠡᠳᠭᠡᠬᠦ᠌᠎ᠪᠡᠷ ᠭᠤᠶᠤᠴᠢᠯᠠᠭ᠍ᠴᠢ᠎ᠶ᠋ᠢᠨ ᠬᠠᠤᠯᠢ ᠶᠣᠰᠣᠨ᠎ᠤ ᠡᠷᠬᠡ ᠠᠱᠢᠭ᠎ᠢ ᠪᠠᠲᠤᠯᠠᠭ᠍ᠰᠠᠨ ᠮᠥᠷᠲᠡᠭᠡᠨ ᠪᠠᠰᠠ ᠭᠦᠢᠴᠡᠳᠭᠡᠬᠦ᠌ ᠠᠵᠤ ᠠᠬᠤᠢᠯᠠᠯ᠎ᠢ ᠬᠠᠪᠰᠤᠷᠤᠨ ᠬᠡᠪ᠎ᠦᠨ ᠦᠢᠯᠡᠳᠪᠦᠷᠢᠯᠡᠯ ᠡᠵᠡᠩᠨᠡᠯᠲᠡ᠎ᠶ᠋ᠢ ᠨᠢ ᠪᠠᠲᠤᠯᠠᠪᠠ᠂ ᠲᠤᠰ ᠬᠡᠷᠡᠭ ᠨᠢ ᠥᠪᠥᠷ ᠮᠣᠩᠭᠣᠯ᠎ᠤᠨ ᠱᠢᠭᠦᠬᠦ᠌ ᠬᠣᠷᠢᠢ᠎ᠠ᠎ᠶ᠋ᠢᠨ 《ᠵᠢᠷᠤᠮᠵᠢᠭᠤᠯᠤᠨ ᠭᠦᠢᠴᠡᠳᠭᠡᠭᠰᠡᠨ ᠠᠷᠪᠠᠨ ᠶᠡᠬᠡ ᠬᠡᠷᠡᠭ᠎ᠦᠨ ᠵᠢᠱ᠌ᠢᠶ᠎ᠡ》 ᠳ᠋ᠤ ᠰᠣᠩᠭᠣᠭ᠍ᠳᠠᠵᠠᠢ᠃ ᠱᠢᠨ᠎ᠡ ᠬᠤᠳᠠ ᠲᠣᠭᠣᠷᠢᠭ᠎ᠤᠨ ᠠᠷᠠᠳ᠎ᠤᠨ ᠱᠢᠭᠦᠬᠦ᠌ ᠬᠣᠷᠢᠢ᠎ᠠ᠎ᠵᠢᠨ ᠬᠢᠨ ᠭᠦᠢᠴᠡᠳᠭᠡᠬᠦ᠌᠎ᠡᠴᠡ ᠡᠮᠦᠨᠡᠬᠢ ᠱᠠᠯᠠᠪᠳᠠᠭᠤᠯᠬᠤ ᠠᠵᠢᠯ᠎ᠢ ᠵᠢᠷᠤᠮᠵᠢᠭᠤᠯᠤᠨ ᠥᠷᠨᠢᠭᠦᠯᠬᠦ᠌᠎ᠪᠡᠷ ᠳᠠᠮᠵᠢᠨ᠂ ᠬᠠᠷᠠᠯᠲᠠ᠎ᠶ᠋ᠢᠨ ᠵᠣᠭᠣᠰ᠎ᠤᠨ ᠲᠣᠭ᠎ᠠ ᠨᠢ ᠨᠡᠯᠢᠶᠡᠳ ᠪᠠᠭ᠎ᠠ᠂ ᠰᠠᠨᠠᠭᠠᠴᠢᠯᠠᠭ᠎ᠠ ᠡᠴᠡ ᠪᠠᠨ ᠭᠦᠢᠴᠡᠳᠭᠡᠬᠦ᠌ ᠪᠣᠯᠤᠯᠴᠠᠭ᠎ᠠ᠎ᠲᠠᠶ ᠬᠡᠷᠡᠭ᠎ᠢ ᠰᠤᠳᠤᠯᠤᠨ ᠮᠠᠭᠠᠳᠯᠠᠵᠤ᠂ ᠬᠡᠷᠡᠭ ᠪᠣᠯᠭᠠᠨ ᠳᠠᠩᠰᠠᠯᠠᠬᠤ ᠵᠢ ᠭᠦᠢᠴᠡᠳᠭᠡᠬᠦ᠌᠎ᠠᠴᠠ ᠡᠮᠦᠨ᠎ᠡ ᠪᠢᠴᠢᠭ᠎ᠢᠶᠡᠷ ᠰᠠᠨᠠᠭᠤᠯᠬᠤ᠂ ᠬᠠᠤᠯᠢ ᠴᠠᠭᠠᠵᠠ᠎ᠶ᠋ᠢ ᠲᠠᠢᠯᠪᠤᠷᠢᠯᠠᠨ ᠲᠤᠳᠤᠷᠬᠠᠢᠯᠠᠬᠤ᠂ ᠵᠣᠬᠢᠴᠠᠭᠤᠯᠤᠨ ᠡᠶᠡᠳᠡᠭᠦᠯᠬᠦ᠌ ᠵᠡᠷᠭᠡ ᠤᠯᠠᠨ ᠵᠦᠢᠯ᠎ᠦᠨ ᠬᠡᠯᠪᠡᠷᠢ᠎ᠪᠡᠷ 200 ᠭᠠᠷᠤᠢ ᠬᠡᠷᠡᠭ᠎ᠦᠨ ᠡᠭᠦᠷᠭᠡᠲᠦ ᠬᠥᠮᠦᠨ᠎ᠦ ᠴᠠᠭ ᠲᠤᠬᠠᠢ᠎ᠳᠤᠨᠢ ᠰᠠᠨᠠᠭᠠᠴᠢᠯᠠᠭ᠎ᠠ᠎ᠠᠴᠠ᠎ᠪᠠᠨ ᠭᠦᠢᠴᠡᠳᠭᠡᠬᠦ᠌᠎ᠶ᠋ᠢ ᠱᠠᠯᠠᠪᠳᠠᠭᠤᠯᠪᠠ᠃

《〈ᠬᠡᠷᠪᠡ ᠪᠢ ᠭᠦᠢᠴᠡᠳᠭᠡᠪᠡᠯ〉 ᠭᠡᠬᠦ᠌ ᠣᠢᠯᠠᠭᠠᠭ᠍ᠳᠠᠬᠤᠨ᠎ᠢᠶᠠᠷ ᠭᠦᠢᠴᠡᠳᠭᠡᠬᠦ᠌ ᠬᠡᠷᠡᠭ ᠨᠢᠭᠡᠪᠦᠷᠢ᠎ᠶ᠋ᠢ ᠰᠠᠢᠲᠤᠷ ᠱᠢᠢᠳᠪᠦᠷᠢᠯᠡᠬᠦ᠌ ᠬᠡᠷᠡᠭ᠌ᠲᠡᠢ》᠃  ᠬᠥᠬᠡᠬᠣᠲᠠ᠎ᠶ᠋ᠢᠨ ᠠᠷᠠᠳ᠎ᠤᠨ ᠳᠤᠮᠳᠠ ᠵᠡᠷᠭᠡ᠎ᠶ᠋ᠢᠨ ᠱᠢᠭᠦᠬᠦ᠌ ᠬᠣᠷᠢᠶ᠎ᠠ ᠵᠢᠨ ᠨᠠᠮ᠎ᠤᠨ ᠤᠳᠤᠷᠢᠳᠭᠤ ᠳᠤᠭᠤᠢᠯᠠᠩ᠎ᠤᠨ ᠳᠡᠳ᠋ ᠱᠦᠵᠢ᠂ ᠳᠡᠳ᠋ ᠳᠠᠷᠤᠭ᠎ᠠ ᠵᠧᠸ᠋ ᠬᠣᠩ ᠪᠥᠸᠧ᠂ ᠲᠠᠷᠠᠭᠠᠴᠢ᠎ᠪᠡᠷ  ᠬᠦᠬᠡᠬᠤᠳᠠ᠎ᠵᠢᠨ  ᠱᠢᠭᠦᠬᠦ᠌ ᠬᠣᠷᠢᠶ᠎ᠠ ᠵᠢᠨ ᠱᠢᠰᠲ᠋ᠧᠮ᠎ᠦᠨ ᠭᠦᠶ᠋ᠴᠡᠳᠭᠡᠬᠦ᠌ ᠠᠵᠢᠯ ᠨᠢ ᠦᠷᠭᠦᠯᠵᠢᠯᠡᠨ ᠭᠤᠤᠯᠳᠠᠯᠭ᠎ᠠ᠎ᠲᠠᠶ ᠡᠭᠦᠷᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠠᠵᠢᠯ᠎ᠤᠨ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠵᠤ᠂ ᠭᠦᠶ᠋ᠴᠡᠳᠭᠡᠬᠦ᠌᠎ᠬᠠᠮᠢᠶᠠᠷᠤᠯᠳᠠ᠂ ᠭᠦᠶ᠋ᠴᠡᠳᠭᠡᠬᠦ᠌ ᠠᠵᠢᠯᠯᠠᠭ᠎ᠠ᠂ ᠭᠦᠶ᠋ᠴᠡᠳᠭᠡᠬᠦ᠌ ᠵᠢᠷᠤᠮ ᠶᠤᠰᠤᠭᠠᠷ ᠣᠯᠠᠨ ᠲᠦᠮᠡᠨ᠎ᠦ ᠬᠦᠰᠡᠯ ᠱᠠᠭᠠᠷᠳᠠᠯᠭ᠎ᠠ᠎ᠳ᠋ᠤ ᠢᠳᠡᠪᠬᠢᠲᠡᠶ ᠬᠠᠷᠢᠭᠤᠯᠲᠠ ᠥᠭ᠌ᠴᠦ᠂ ᠬᠥᠭ᠌ᠵᠢᠯᠲᠡ᠎ᠶ᠋ᠢᠨ ᠶᠡᠬᠡ ᠲᠠᠯ᠎ᠠ᠎ᠳᠤ ᠰᠠᠢᠳᠤᠷ ᠦᠶ᠋ᠯᠡᠴᠢᠯᠡᠨ᠎ᠡ ᠭᠡᠵᠤ ᠭᠡᠯᠡᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号