《ᠠᠮᠢᠵᠢᠷᠠᠯ ᠪᠢᠯᠬᠠᠬᠰᠡᠨ ᠳᠤᠮᠳᠠᠳᠤ ᠤᠯᠤᠰ᠎ᠤᠨ ᠪᠠᠢᠴᠠᠭᠠᠨ ᠰᠤᠳᠤᠯᠤᠯᠲᠠ᠎ᠶᠢᠨ ᠠᠶᠠᠯᠠᠯ 》᠎ᠤ᠋ᠨ ᠥᠪᠥᠷ ᠮᠣᠩᠭᠣᠯ᠎ᠳᠠᠬᠢ ᠭᠣᠣᠯ ᠰᠡᠳᠦᠪᠲᠦ ᠰᠣᠷᠪᠤᠯᠵᠢᠯᠠᠭ᠎ᠠ᠎ᠶᠢᠨ ᠠᠵᠢᠯᠯᠠᠭ᠎ᠠ ᠡᠬᠢᠯᠡᠪᠡ
2025-07-29 10:03:50
ᠵᠣᠬᠢᠶᠠᠭ᠍ᠴᠢ᠄
ᠺᠠᠩ ᠯᠢ ᠨᠠ
ᠣᠩᠱᠢᠭ᠍ᠰᠠᠨ ᠣᠳᠠᠭ᠎ᠠ᠄
★★★☆☆

7 ᠰᠠᠷ᠎ᠠ᠎ᠶᠢᠨ 28 ᠤ᠋ ᠡᠳᠦᠷ᠂ ᠲᠥᠪ᠎ᠦᠨ ᠤᠬᠠᠭᠤᠯᠬᠤ ᠬᠡᠯᠲᠡᠰ᠎ᠡᠴᠡ ᠵᠣᠬᠢᠶᠠᠨ ᠪᠠᠢᠭᠤᠯᠵᠤ ᠥᠷᠨᠢᠭᠦᠯᠦᠭᠰᠡᠨ 2025 ᠣᠨ᠎ᠤ 《ᠠᠮᠢᠵᠢᠷᠠᠯ ᠪᠢᠯᠬᠠᠬᠰᠡᠨ ᠳᠤᠮᠳᠠᠳᠤ ᠤᠯᠤᠰ᠎ᠤᠨ ᠪᠠᠢᠴᠠᠭᠠᠨ ᠰᠤᠳᠤᠯᠤᠯᠲᠠ᠎ᠶᠢᠨ ᠠᠶᠠᠯᠠᠯ 》 ᠤ᠋ᠨ ᠥᠪᠥᠷ ᠮᠣᠩᠭᠣᠯ᠎ᠳᠠᠬᠢ ᠭᠣᠣᠯ ᠰᠡᠳᠦᠪᠲᠦ ᠰᠣᠷᠪᠤᠯᠵᠢᠯᠠᠭ᠎ᠠ᠎ᠶᠢᠨ ᠠᠵᠢᠯᠯᠠᠭ᠎ᠠ ᠬᠥᠬᠡᠬᠣᠲᠠ᠎ᠳᠤ ᠡᠬᠢᠯᠡᠪᠡ᠃

ᠲᠣᠰ ᠡᠳᠦᠷ᠎ᠦᠨ ᠦᠳᠡ᠎ᠶᠢᠨ ᠡᠮᠦᠨ᠎ᠡ ᠶᠠᠪᠤᠭᠳᠠᠭᠰᠠᠨ ᠭᠣᠣᠯ ᠰᠡᠳᠦᠪᠲᠦ ᠰᠣᠷᠪᠤᠯᠵᠢᠯᠠᠭ᠎ᠠ᠎ᠶᠢᠨ ᠠᠵᠢᠯᠯᠠᠭ᠎ᠠ᠎ᠶᠢᠨ ᠪᠠᠢᠳᠠᠯ᠎ᠢ ᠲᠠᠨᠢᠯᠴᠠᠭᠤᠯᠬᠤ ᠬᠤᠷᠠᠯ ᠳᠡᠭᠡᠷ᠎ᠡ᠂ ᠤᠯᠤᠰ᠎ᠤᠨ ᠣᠶ ᠰᠢᠭᠤᠢ ᠨᠤᠲᠤᠭ ᠪᠡᠯᠴᠢᠭᠡᠷ᠎ᠦᠨ ᠲᠣᠪᠴᠢᠶ᠎ᠠ᠎ᠶᠢᠨ ᠬᠤᠯᠪᠤᠬᠳᠠᠯ ᠪᠦᠬᠦᠢ ᠬᠠᠷᠢᠭᠤᠴᠠᠯᠭᠠᠲᠠᠨ ᠨᠥᠬᠥᠳ 《 ᠤᠮᠠᠷᠠᠳᠤ ᠵᠢᠨ ᠭᠤᠷᠪᠡᠨ ᠤᠷᠤᠨ 》 ᠤ᠋ ᠢᠨᠵᠧᠨᠧᠷᠢᠩ᠎ᠦᠨ ᠭᠤᠷᠪᠠᠨ ᠶᠡᠬᠡ ᠪᠡᠯᠭᠡ ᠲᠡᠮᠳᠡᠭ᠎ᠦᠨ ᠴᠢᠨᠠᠷᠲᠠᠢ ᠳᠠᠢᠯᠠᠯᠳᠤᠭᠠᠨ᠎ᠤ ᠠᠬᠢᠴᠠ᠎ᠶᠢᠨ ᠪᠠᠢᠳᠠᠯ᠎ᠤᠨ ᠲᠣᠭᠣᠷᠢᠨ᠎ᠳᠤ ᠲᠠᠨᠢᠯᠴᠠᠭᠤᠯᠭ᠎ᠠ ᠬᠢᠪᠡ᠃ ᠥᠪᠥᠷ ᠮᠣᠩᠭᠣᠯ ᠎ᠤᠨ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠂ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠡᠨᠧᠷᠭᠢ᠎ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠎ᠤ ᠣᠶ ᠰᠢᠭᠤᠢ ᠪᠠ ᠨᠤᠲᠤᠭ ᠪᠡᠯᠴᠢᠭᠡᠷ᠎ᠦᠨ ᠲᠣᠪᠴᠢᠶ᠎ᠠ᠎ᠶᠢᠨ ᠬᠤᠯᠪᠤᠬᠳᠠᠯ ᠪᠦᠬᠦᠢ ᠬᠠᠷᠢᠭᠤᠴᠠᠯᠭᠠᠲᠠᠨ ᠨᠥᠬᠥᠳ ᠲᠣᠰ ᠲᠣᠰ ᠥᠪᠥᠷ ᠮᠣᠩᠭᠣᠯ᠎ᠤᠨ ᠠᠮᠢ ᠠᠬᠤᠢ᠎ᠶᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ᠎ᠪᠡᠷ ᠤᠳᠤᠷᠢᠳᠤᠮᠵᠢ ᠪᠣᠯᠭᠠᠬᠤ᠎ᠶᠢ ᠪᠠᠷᠢᠮᠲᠠᠯᠠᠵᠤ᠂ ᠠᠵᠤ ᠦᠢᠯᠡᠰ᠎ᠦᠨ ᠪᠦᠲᠦᠴᠡ᠎ᠶᠢ ᠲᠣᠬᠢᠷᠠᠭᠤᠯᠤᠨ ᠰᠢᠯᠢᠳᠡᠭᠵᠢᠭᠦᠯᠵᠦ᠂ ᠥᠪᠥᠷ ᠮᠣᠩᠭᠣᠯ᠎ᠤᠨ ᠣᠨᠴᠠᠯᠢᠭ᠍ᠲᠤ ᠳᠠᠪᠠᠭᠤᠯᠢᠭ᠋᠎ᠢ ᠢᠯᠡᠷᠡᠭᠦᠯᠦᠭᠰᠡᠨ ᠣᠳᠣᠬᠢᠴᠢᠯᠠᠭᠰᠠᠨ ᠠᠵᠤ ᠦᠢᠯᠡᠰ᠎ᠦᠨ ᠰᠢᠰᠲᠧᠮ᠎ᠢ ᠪᠠᠢᠭᠤᠯᠤᠬᠰᠠᠨ;《ᠡᠯᠡᠰᠤᠨ ᠴᠦᠯ ᠭᠤᠪᠢ ᠴᠦᠯᠯᠡᠷᠭᠡᠭ ᠤᠷᠤᠨ》 ᠤ᠋ ᠲᠣᠮᠣ᠌ ᠰᠠᠭᠤᠷᠢᠨ ᠤ᠋ ᠭᠠᠳᠠᠭ᠍ᠰᠢ ᠬᠦᠷᠭᠡᠬᠦ ᠵᠠᠮ᠎ᠤᠨ ᠪᠦᠲᠦᠭᠡᠨ ᠪᠠᠢᠭᠤᠯᠤᠯᠲᠠ᠎ᠶᠢ ᠲᠦᠷᠭᠡᠳᠬᠡᠨ ᠠᠬᠢᠭᠤᠯᠵᠤ᠂ ᠤᠯᠤᠰ᠎ᠤ᠋ᠨ ᠴᠢᠬᠤᠯᠠ ᠡᠨᠧᠷᠭᠢ ᠪᠠ ᠪᠠᠢᠯᠳᠤᠬᠤ ᠪᠣᠳᠣᠯᠭ᠎ᠠ᠎ᠶᠢᠨ ᠡᠬᠢ ᠪᠠᠶᠠᠯᠢᠭ᠋᠎ᠤᠨ ᠰᠠᠭᠤᠷᠢᠨ ᠢ᠋ ᠪᠦᠲᠦᠭᠡᠨ ᠪᠠᠢᠭᠤᠯᠤᠬᠰᠠᠨ;《ᠤᠮᠠᠷᠠᠳᠤ ᠵᠢᠨ ᠭᠤᠷᠪᠡᠨ ᠤᠷᠤᠨ》 ᠤ᠋ ᠢᠨᠵᠧᠨᠧᠷᠢᠩ᠎ᠦᠨ ᠪᠣᠭᠣᠮᠲᠠ ᠰᠢᠪᠲᠤᠯᠬᠤ ᠳᠠᠢᠯᠠᠯᠳᠤᠭᠠᠨ᠎ᠤ ᠭᠤᠷᠪᠠᠨ ᠶᠡᠬᠡ ᠪᠡᠯᠭᠡ ᠲᠡᠮᠳᠡᠭ᠎ᠦᠨ ᠴᠢᠨᠠᠷᠲᠠᠢ ᠳᠠᠢᠯᠠᠯᠳᠤᠭᠠᠨ᠎ᠢ ᠪᠥᠬᠥ ᠬᠦᠴᠦᠨ᠎ᠢᠶᠡᠷ᠎ᠢᠶᠡᠨ ᠰᠠᠢᠲᠤᠷ ᠬᠢᠵᠦ᠂ ᠡᠬᠡ ᠤᠯᠤᠰ᠎ᠤᠨ ᠤᠮᠠᠷᠠᠲᠤ᠎ᠶᠢᠨ ᠲᠦᠮᠡᠨ ᠭᠠᠵᠠᠷ᠎ᠤᠨ ᠨᠣᠮᠢᠨ ᠨᠣᠭᠣᠭᠠᠨ ᠣᠷᠳᠣ᠌ ᠴᠠᠭᠠᠨ ᠬᠡᠷᠡᠮ᠎ᠢ ᠲᠦᠷᠭᠡᠳᠬᠡᠨ ᠪᠠᠢᠭᠤᠯᠤᠬᠰᠡᠨ ᠵᠡᠷᠭᠡ ᠲᠠᠯ᠎ᠠ᠎ᠪᠠᠷ ᠬᠢ ᠦᠷ᠎ᠡ ᠪᠦᠲᠦᠮᠵᠢ᠎ᠶᠢᠨ ᠬᠢᠯᠠᠰ ᠴᠡᠭ ᠪᠠ ᠲᠤᠷᠰᠢᠯᠭ᠎ᠠ ᠬᠢᠳᠡᠯ᠎ᠢ ᠲᠠᠨᠢᠯᠴᠠᠭᠤᠯᠪᠠ᠃

7 ᠰᠠᠷ᠎ᠠ᠎ᠶᠢᠨ 28 ᠎ᠡᠴᠡ 8 ᠰᠠᠷ᠎ᠠ᠎ᠶᠢᠨ 3 ᠎ᠤ᠋ ᠡᠳᠦᠷ ᠪᠣᠯᠲᠠᠯ᠎ᠠ᠂ ᠠᠷᠠᠳ᠎ᠤᠨ ᠡᠳᠦᠷ᠎ᠦᠨ ᠰᠣᠨᠢᠨ᠂ ᠰᠢᠨᠬᠤᠸᠠ ᠬᠣᠷᠢᠶ᠎ᠠ᠂ ᠲᠥᠪ᠎ᠦᠨ ᠷᠠᠳᠢᠣ᠋ ᠲᠧᠯᠸᠢᠰ᠎ᠦᠨ ᠶᠡᠷᠦᠩᠬᠡᠢ ᠬᠣᠷᠢᠶ᠎ᠠ ᠵᠡᠷᠭᠡ ᠲᠥᠪ᠎ᠦᠨ ᠪᠠ ᠣᠷᠣᠨ ᠨᠤᠲᠤᠭ᠎ᠤᠨ ᠵᠠᠭᠤᠴᠢᠯᠠᠭᠤᠷ᠎ᠤᠨ ᠵᠠᠭᠤ ᠭᠠᠷᠤᠢ ᠰᠤᠷᠪᠤᠯᠵᠢᠯᠠᠭ᠍ᠴᠢ ᠬᠣᠶᠠᠷ ᠵᠠᠮ ᠬᠤᠪᠢᠶᠠᠠ᠂ ᠲᠤᠰ ᠲᠤᠰ ᠬᠥᠬᠡᠬᠣᠲᠠ᠂ ᠪᠤᠭᠤᠲᠤ ᠬᠣᠲᠠ᠂ ᠣᠷᠳᠣᠰ ᠬᠣᠲᠠ᠂ ᠰᠢᠯᠢ᠎ᠶᠢᠨ ᠭᠣᠣᠯ ᠠᠢᠮᠠᠭ᠂ ᠬᠢᠩᠭᠠᠨ ᠠᠢᠮᠠᠭ ᠵᠡᠷᠭᠡ 9 ᠠᠢᠮᠠᠭ ᠬᠣᠲᠠ ᠳ᠋ᠤ ᠨᠢᠭᠡ ᠭᠠᠷᠠᠭ᠎ᠤᠨ ᠬᠤᠭᠤᠴᠠᠭ᠎ᠠ᠎ᠪᠦᠬᠦᠢ ᠰᠣᠷᠪᠤᠯᠵᠢᠯᠠᠭ᠎ᠠ ᠪᠠᠢᠴᠠᠭᠠᠨ ᠰᠤᠳᠤᠯᠤᠯᠲᠠ ᠥᠷᠨᠢᠭᠦᠯᠵᠤ᠂ ᠥᠪᠥᠷ ᠮᠣᠩᠭᠣᠯ᠎ᠤᠨ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠤ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠢᠯᠡᠳᠲᠡ ᠠᠮᠵᠢᠯᠲᠠ᠎ᠪᠥᠲᠥᠮᠵᠢ ᠎ᠶᠢ  ᠪᠦᠬᠦ ᠲᠠᠯ᠎ᠠ ᠪᠡᠷ ᠲᠥᠪᠯᠡᠷᠡᠭᠦᠯᠦᠨ ᠮᠡᠳᠡᠭᠡᠯᠡᠵᠤ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠺᠠᠳ᠋ᠷ ᠣᠯᠠᠨ ᠲᠦᠮᠡᠨ᠎ᠦ ᠶᠡᠷᠦᠩᠬᠡᠢ ᠱᠦᠵᠢ ᠰᠢ ᠵᠢᠨ ᠫᠢᠩ᠎ᠦᠨ ᠵᠢᠭᠠᠭᠰᠠᠨ ᠴᠢᠭᠯᠡᠯ᠎ᠢᠶᠡᠷ᠂ ᠮᠣᠩᠭᠣᠯ ᠮᠣᠷᠢᠨ᠎ᠤ ᠵᠣᠷᠢᠭ᠋ ᠰᠠᠨᠠᠭ᠎ᠠ᠎ᠶᠢ ᠶᠡᠬᠡ ᠪᠡᠷ ᠪᠠᠳᠠᠷᠠᠭᠤᠯᠤᠨ᠂ ᠬᠦᠰᠡᠯ ᠨᠠᠶ᠋ᠢᠳᠠᠯᠭ᠎ᠠ᠎ᠶᠢ ᠪᠠᠲᠤ ᠴᠡᠭᠡᠵᠢᠯᠡᠨ ᠰᠢᠨ᠎ᠡ ᠵᠠᠮ ᠨᠡᠭᠡᠭᠡᠵᠤ᠂ ᠠᠴᠢ ᠡᠨᠡᠷᠢᠯ᠎ᠳᠤ ᠲᠠᠯᠠᠷᠬᠠᠵᠤ ᠡᠷᠡᠮᠡᠭᠡᠢᠯᠡᠨ ᠤᠷᠤᠬᠰᠢᠯᠠᠨ ᠲᠤᠮᠳᠠ ᠲᠦᠪᠰᠢᠨ ᠳ᠋ᠤ ᠤᠷᠤᠵᠤ᠂ ᠳᠤᠮᠳᠠᠳᠤ ᠤᠯᠤᠰ᠎ᠤᠨ ᠮᠠᠶᠢᠭ ᠤ᠋ᠨ ᠤᠳᠤᠬᠢᠴᠢᠯᠠᠯᠳᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠴᠢᠷᠮᠠᠢᠨ ᠪᠢᠴᠢᠭᠯᠡᠭᠰᠡᠨ ᠠᠮᠢᠳᠤᠯᠢᠭ᠋ ᠦᠢᠯᠡᠳᠦᠯᠭᠡ ᠵᠢ ᠲᠡᠯᠭᠡᠨ ᠦᠵᠡᠬᠦᠯᠬᠦ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号