ᠰᠣᠷᠪᠤᠯᠵᠢᠯᠠᠭ᠎ᠠ᠎ᠶᠢᠨ ᠨᠢᠭᠡᠳᠦᠭᠡᠷ ᠦᠷᠳᠡᠭᠡ᠎ᠳᠦ ᠭᠣᠣᠯ ᠰᠡᠳᠦᠪᠲᠦ ᠦᠵᠡᠭᠦᠯᠭᠡ᠎ᠶᠢ ᠲᠣᠭᠣᠷᠢᠨ ᠦᠵᠡᠪᠡ
2025-07-29 11:20:21
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

7 ᠰᠠᠷ᠎ᠠ᠎ᠶᠢᠨ 28᠎ᠤ ᠡᠳᠦᠷ᠎ᠦᠨ ᠦᠳᠡ᠎ᠶᠢᠨ ᠡᠮᠦᠨ᠎ᠡ᠂ 《ᠠᠮᠢᠵᠢᠷᠠᠯ ᠪᠢᠯᠬᠠᠭᠰᠠᠨ ᠳᠤᠮᠳᠠᠳᠤ ᠤᠯᠤᠰ᠎ᠤᠨ ᠪᠠᠢᠴᠠᠭᠠᠨ ᠰᠤᠳᠤᠯᠤᠯᠲᠠ᠎ᠶᠢᠨ ᠠᠶᠠᠯᠠᠯ》 ᠤ᠋ᠨ ᠥᠪᠥᠷ ᠮᠣᠩᠭᠣᠯ᠎ᠳᠡᠬᠢ ᠭᠣᠣᠯ ᠰᠡᠳᠦᠪᠲᠦ ᠰᠣᠷᠪᠤᠯᠵᠢᠯᠠᠭ᠎ᠠ᠎ᠶᠢᠨ ᠠᠵᠢᠯᠯᠠᠭ᠎ᠠ᠎ᠶᠢᠨ ᠨᠢᠭᠡᠳᠦᠭᠡᠷ ᠥᠷᠲᠡᠭᠡ᠎ᠳᠦ᠂ ᠰᠤᠷᠪᠤᠯᠵᠢᠯᠠᠭ᠍ᠴᠢ᠎ᠶᠢᠨ ᠪᠦᠯᠬᠦᠮ᠎ᠦᠨ ᠬᠢᠨ ᠥᠪᠥᠷ ᠮᠣᠩᠭᠣᠯ᠎ᠤᠨ ᠦᠵᠡᠰᠬᠦᠯᠡᠩ᠎ᠦᠨ ᠣᠷᠳᠣᠨ᠎ᠳᠤ ᠬᠦᠷᠴᠦ 《ᠬᠦᠰᠡᠯ ᠨᠠᠶ᠋ᠢᠳᠠᠯᠭ᠎ᠠ᠎ᠶᠢ ᠪᠠᠲᠤ ᠴᠡᠭᠡᠵᠢᠯᠡᠵᠦ ᠠᠴᠢ ᠡᠨᠡᠷᠢᠯ᠎ᠳᠦᠨᠢ ᠲᠠᠯᠠᠷᠬᠠᠨ ᠡᠷᠡᠮᠡᠬᠡᠢᠯᠡᠨ ᠤᠷᠤᠭᠰᠢᠯᠠᠶ᠎ᠠ》 ᠭᠡᠬᠦ ᠭᠣᠣᠯ ᠰᠡᠳᠦᠪᠲᠦ ᠦᠵᠡᠭᠦᠯᠭᠡ᠎ᠶᠢ ᠲᠣᠭᠣᠷᠢᠨ ᠦᠵᠡᠪᠡ᠃ 2300 ᠲᠡᠭᠰᠢ ᠳᠥᠷᠪᠡᠯᠵᠢᠨ ᠮᠸᠲᠷ ᠪᠦᠬᠦᠢ ᠦᠵᠡᠭᠦᠯᠭᠡ ᠨᠢ ᠶᠡᠷᠦᠩᠬᠡᠢ ᠱᠦᠵᠢ ᠰᠢ᠎ᠶᠢᠨ ᠫᠢᠩ᠎ᠦᠨ ᠵᠢᠯᠣᠭᠣᠳᠤᠯᠭ᠎ᠠ ᠳᠣᠣᠷᠠᠬᠢ ᠥᠪᠥᠷ ᠮᠣᠩᠭᠣᠯ᠎ᠤᠨ ᠬᠥᠭᠵᠢᠯᠲᠡ ᠵᠢᠨ ᠶᠠᠪᠤᠴᠠ᠎ᠶᠢ ᠬᠠᠷᠠᠭᠤᠯᠵᠤ᠂ ᠬᠥᠮᠥᠰ᠎ᠲᠦ ᠥᠪᠥᠷ ᠮᠣᠩᠭᠣᠯ᠎ᠤᠨ ᠠᠮᠢᠵᠢᠷᠠᠯ᠎ᠤᠨ ᠬᠦᠴᠦᠨ ᠪᠠ ᠬᠥᠭᠵᠢᠯᠲᠡ᠎ᠶᠢ ᠭᠡᠷᠡᠯ ᠵᠢᠷᠤᠭ᠎ᠵᠢᠡᠷ ᠣᠢᠯᠠᠭᠠᠭᠤᠯᠪᠠ᠃


QQ截图20250224163902.png



QQ截图20250224163936.png


ᠦᠵᠡᠭᠦᠯᠭᠡ᠎ᠶᠢᠨ ᠲᠢᠩᠬᠢᠮ᠎ᠳᠦ ᠠᠯᠬᠤᠨ ᠣᠷᠣᠪᠠᠯ᠂ 《ᠠᠷᠠᠳ ᠲᠦᠮᠡᠨ᠎ᠦ ᠤᠳᠤᠷᠢᠳᠤᠭ᠍ᠴᠢ ᠤᠮᠠᠷᠠᠲᠤ ᠬᠢᠯᠢ ᠳᠠᠢ ᠰᠡᠳᠬᠢᠯ ᠵᠢᠡᠨ ᠬᠤᠯᠪᠤᠨᠠᠮ》᠂ 《ᠥᠨᠳᠥᠷ᠎ᠲᠦ ᠵᠣᠭᠰᠣᠨ ᠠᠯᠤᠰ᠎ᠢ ᠪᠡᠷᠡᠯᠡᠵᠦ ᠵᠠᠯᠠᠭᠤᠷ ᠠᠳᠬᠤᠨ ᠠᠶᠠᠨ ᠵᠢᠡᠨ ᠵᠤᠷᠢᠨᠠᠮ》᠂ 《ᠲᠠᠪᠤᠨ ᠶᠡᠬᠡ ᠡᠭᠦᠷᠭᠡ᠎ᠶᠢ ᠵᠤᠷᠢᠭᠲᠠᠢ ᠡᠭᠦᠷᠭᠡᠯᠡᠵᠥ ᠡᠷᠡᠯᠬᠡᠭᠯᠡᠨ ᠤᠷᠤᠭᠰᠢᠯᠠᠨᠠᠮ》᠂ 《ᠭᠣᠣᠯ ᠰᠢᠵᠢᠮ᠎ᠳᠤ ᠠᠩᠬᠠᠷᠤᠯ᠎ᠢᠶᠠᠨ ᠲᠥᠪᠯᠡᠷᠡᠭᠦᠯᠵᠥ ᠵᠢᠱ᠌ᠢᠶ᠎ᠠ ᠦᠵᠡᠬᠦᠯᠦᠨ ᠤᠷᠤᠬᠰᠢᠯᠠᠨᠠᠮ》᠂ 《ᠠᠷᠠᠳ ᠲᠦᠮᠡᠨ᠎ᠢ ᠳᠡᠭᠡᠳᠦᠯᠡᠵᠥ ᠤᠭ ᠰᠠᠨᠠᠭ᠎ᠠ ᠪᠠᠨ ᠪᠠᠳᠤᠳᠬᠠᠨᠠᠮ》᠂ 《ᠵᠣᠷᠢᠭ᠍ᠲᠠᠢ᠎ᠪᠠᠷ ᠰᠢᠨ᠎ᠡ ᠵᠠᠮ ᠨᠡᠭᠡᠭᠡᠵᠦ ᠳᠤᠮᠳᠠ ᠲᠦᠪᠰᠢᠨ᠎ᠳᠤ ᠤᠷᠤᠨᠠᠮ》 ᠭᠡᠬᠦ ᠵᠢᠷᠭᠤᠭᠠᠨ ᠶᠡᠬᠡ ᠬᠠᠭᠤᠳᠠᠰᠤ ᠨᠢ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠣᠣᠯ ᠰᠢᠵᠢᠮ ᠪᠣᠯᠭᠠᠵᠤ᠂ ᠶᠡᠷᠦᠩᠬᠡᠢ ᠱᠦᠵᠢ ᠰᠢ᠎ᠶᠢᠨ ᠫᠢᠩ᠎ᠦᠨ ᠥᠪᠥᠷ ᠮᠣᠩᠭᠣᠯ ᠤ᠋ᠨ ᠳᠤᠬᠠᠢ ᠭᠦᠨ ᠵᠤᠵᠠᠭᠠᠨ ᠬᠠᠢᠷ᠎ᠠ ᠬᠠᠯᠠᠮᠵᠢᠯᠠᠯ ᠪᠠ ᠬᠦᠨᠳᠦ ᠬᠦᠰᠡᠯ ᠨᠠᠢᠳᠠᠯᠭ᠎ᠠ ᠵᠢ ᠪᠦᠬᠦ ᠲᠠᠯ᠎ᠠ᠎ᠪᠠᠷ ᠡᠷᠭᠢᠴᠡᠭᠦᠯᠵᠦ᠂ ᠤᠮᠠᠷᠠᠲᠤ᠎ᠬᠢᠯᠢ ᠵᠢᠨ ᠬᠥᠪᠡᠭᠦᠳ ᠥᠬᠢᠳ᠎ᠦᠨ ᠰᠢᠨ᠎ᠡ ᠠᠶᠠᠨ᠎ᠳᠤ ᠡᠷᠡᠮᠡᠬᠡᠢᠯᠡᠨ ᠲᠠᠪᠰᠢᠵᠥ᠂ ᠰᠢᠨ᠎ᠡ ᠴᠠᠭ ᠦᠶ᠎ᠡ᠎ᠳᠦ ᠭᠠᠪᠢᠶ᠎ᠠ ᠵᠢᠳᠬᠦᠯ ᠦᠵᠡᠭᠦᠯᠦᠭᠰᠡᠨ ᠠᠮᠢᠳᠤᠯᠢᠭ᠋ ᠦᠢᠯᠡᠳᠦᠯᠭᠡ᠎ᠶᠢ ᠭᠦᠢᠴᠡᠳ ᠬᠠᠷᠠᠭᠤᠯᠵᠠᠢ᠃


QQ截图20250224163902.png


ᠰᠤᠷᠪᠤᠯᠵᠢᠯᠠᠭ᠍ᠴᠢᠳ ᠦᠰᠦᠭ ᠪᠢᠴᠢᠭ᠂ ᠭᠡᠷᠡᠯ ᠵᠢᠷᠤᠭ᠂ ᠸᠢᠳᠢᠤ᠋ ᠪᠣᠯᠣᠨ ᠪᠣᠳᠠᠲᠤ ᠪᠣᠳᠠᠰ᠎ᠤᠨ ᠵᠠᠭᠪᠤᠷ ᠵᠢᠡᠷ ᠪᠠᠢᠭᠤᠯᠤᠭᠰᠠᠨ 《ᠴᠠᠭ ᠵᠠᠢ᠎ᠶᠢᠨ ᠬᠣᠩᠭᠢᠯ》 ᠵᠢᠡᠷ ᠰᠤᠨᠢᠷᠬᠠᠵᠥ ᠶᠠᠪᠤᠬᠤ᠎ᠳᠠᠭᠠᠨ ᠪᠠᠢᠨ ᠪᠠᠢᠨ ᠵᠣᠭᠰᠣᠨ ᠰᠡᠭᠦᠳᠡᠷᠯᠡᠵᠦ ᠪᠠᠢᠯ᠎ᠠ᠃ ᠳᠤᠮᠳᠠᠳᠤ ᠤᠯᠤᠰ᠎ᠤᠨ ᠣᠷᠴᠢᠨ ᠲᠣᠭᠣᠷᠢᠨ᠎ᠤ ᠰᠣᠨᠢᠨ᠎ᠤ ᠰᠤᠷᠪᠤᠯᠵᠢᠯᠠᠭ᠍ᠴᠢ ᠴᠧᠩ ᠯᠦᠩ᠄《ᠭᠣᠣᠯ ᠰᠡᠳᠦᠪᠲᠦ ᠦᠵᠡᠭᠦᠯᠭᠡ᠎ᠶᠢ ᠰᠣᠨᠢᠷᠬᠠᠭᠠᠳ ᠪᠢ ᠥᠪᠥᠷ ᠮᠣᠩᠭᠣᠯ᠎ᠤᠨ ᠲᠤᠬᠠᠢ ᠨᠡᠩ ᠭᠦᠨᠵᠡᠭᠡᠢ ᠲᠠᠨᠢᠯᠲᠠ᠎ᠲᠠᠢ ᠪᠣᠯᠵᠠᠢ᠂ ᠡᠨᠳᠡ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠪᠦᠯᠬᠦᠮᠳᠡᠨ ᠲᠡᠮᠡᠴᠡᠭᠰᠡᠨ ᠤᠯᠠ ᠮᠥᠷ᠎ᠢ ᠲᠡᠮᠳᠡᠭᠯᠡᠭᠰᠡᠨ᠎ᠢᠶᠡᠷ ᠪᠠᠷᠠᠬᠤ ᠦᠭᠡᠢ᠂ ᠰᠠᠯᠬᠢᠨ ᠬᠦᠴᠦᠨ ᠭᠡᠷᠡᠯᠴᠢ ᠴᠡᠨᠡᠭ ᠵᠢᠡᠷ ᠴᠠᠬᠢᠯᠭᠠᠨ ᠭᠠᠷᠭᠠᠬᠤ ᠵᠡᠷᠭᠡ ᠡᠯᠪᠡᠭ ᠪᠠᠶᠠᠯᠢᠭ᠋ ᠪᠦᠭᠡᠳ ᠥᠪᠡᠷᠮᠢᠴᠡ ᠡᠬᠢ ᠪᠠᠶᠠᠯᠢᠭ᠋᠎ᠢ ᠳᠡᠯᠭᠡᠨ ᠦᠵᠡᠭᠦᠯᠵᠡᠢ᠂ ᠪᠠᠰᠠ ᠥᠪᠥᠷ ᠮᠣᠩᠭᠣᠯ᠎ᠤᠨ ᠴᠢᠨᠠᠷ ᠰᠠᠢᠲᠠᠢ ᠬᠥᠭᠵᠢᠯᠲᠡ᠎ᠶᠢ ᠬᠠᠷᠠᠭᠤᠯᠤᠭᠰᠠᠨ ᠮᠠᠰᠢ ᠤᠯᠠᠨ ᠰᠢᠨ᠎ᠡ᠎ᠪᠡᠷ ᠮᠠᠨᠳᠤᠭᠰᠠᠨ ᠠᠵᠤ ᠦᠢᠯᠡᠰ ᠪᠤᠢ᠂ ᠪᠢ ᠲᠠᠷᠠᠭᠠᠴᠢ ᠵᠢᠨ ᠰᠤᠷᠪᠤᠯᠵᠢᠯᠠᠭ᠎ᠠ ᠪᠠᠨ ᠮᠠᠰᠢ ᠬᠦᠰᠡᠨ ᠬᠦᠯᠢᠶᠡᠵᠦ ᠪᠠᠢᠨ᠎ᠠ᠂ ᠥᠪᠥᠷ ᠮᠣᠩᠭᠣᠯ᠎ᠤᠨ ᠬᠥᠭᠵᠢᠯᠲᠡ᠎ᠶᠢ ᠨᠢᠭᠡᠳᠦᠭᠡᠷ ᠹᠷᠣᠨᠲ᠎ᠠᠴᠠ ᠣᠢᠷ᠎ᠠ ᠵᠠᠢ᠎ᠠᠴᠠ ᠣᠢᠯᠠᠭᠠᠵᠤ᠂ ᠥᠪᠥᠷ ᠮᠣᠩᠭᠣᠯ᠎ᠤᠨ ᠠᠮᠢ ᠠᠬᠤᠢ᠎ᠶᠢᠨ ᠪᠦᠲᠦᠭᠡᠨ ᠪᠠᠢᠭᠤᠯᠤᠯᠲᠠ᠂ ᠡᠯᠡᠰᠦᠷᠭᠡᠭᠵᠢᠯ᠎ᠢ ᠰᠡᠷᠭᠡᠢᠯᠡᠨ ᠡᠯᠡᠰᠦ᠎ᠶᠢ ᠵᠠᠰᠠᠬᠤ ᠵᠡᠷᠭᠡ ᠲᠠᠯ᠎ᠠ᠎ᠶᠢᠨ ᠲᠤᠷᠰᠢᠯᠭ᠎ᠠ ᠦᠷ᠎ᠡ ᠪᠦᠲᠦᠭᠡᠯ᠎ᠢ ᠭᠦᠨᠵᠡᠭᠡᠢ ᠣᠢᠯᠠᠭᠠᠵᠤ ᠮᠡᠳᠡᠭᠡᠯᠡᠬᠦ᠎ᠶᠢ ᠬᠦᠰᠡᠵᠦ ᠪᠠᠢᠨ᠎ᠠ》 ᠭᠡᠵᠦ ᠶᠠᠷᠢᠵᠦ ᠪᠠᠢᠯ᠎ᠠ᠃


QQ截图20250224163936.png

 

ᠢᠷᠡᠯᠲᠡ᠄ ᠲᠠᠯ᠎ᠠ ᠨᠤᠲᠤᠭ᠎ᠤᠨ ᠡᠭᠦᠯᠡ ᠰᠢᠯᠵᠢᠶ᠎ᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号